2022 ᠣᠨ  ᠳᠤ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠨᠡᠮᠡᠭᠳᠡᠪᠡ
ᠨᠡᠶᠢᠲᠡᠯᠡᠭᠰᠡᠨ ᠴᠠᠭ᠄
2023/2/14
       2022 ᠣᠨ ᠳᠤ᠂ ᠬᠢᠶ᠎ᠠ ᠪᠠᠭᠰᠢ ᠲᠣᠭᠤᠷᠢᠭ ᠤᠨ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 58271 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠨᠡᠮᠡᠭᠳᠡᠵᠡᠢ᠃ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠠᠴᠠ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠷᠢᠴᠠᠯᠠᠰᠢᠭᠦᠢ ᠬᠡᠮᠵᠢᠶ᠎ᠡ ᠨᠢ ᠪᠥᠬᠦ ᠬᠤᠲᠠ ᠳᠤ ᠬᠤᠶᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠪᠠ᠃ᠣᠷᠣᠯᠭ᠎ᠠ ᠶᠢᠨ ᠪᠦᠲᠦᠴᠡ ᠠᠴᠠ ᠦᠵᠡᠪᠡᠯ᠂ ᠳᠥᠷᠪᠡᠨ ᠵᠦᠢᠯ ᠤᠨ ᠣᠷᠣᠯᠭ᠎ᠠ ᠴᠥᠮ ᠨᠡᠮᠡᠭᠳᠡᠯ ᠲᠠᠢ᠃2022 ᠣᠨ ᠳᠤ ᠬᠢᠶ᠎ᠠ ᠪᠠᠭᠰᠢ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 35923 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠨᠡᠮᠡᠭᠳᠡᠵᠡᠢ᠃ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠠᠴᠠ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢᠨ ᠬᠠᠷᠢᠴᠠᠯᠠᠰᠢᠭᠦᠢ ᠬᠡᠮᠵᠢᠶ᠎ᠡ ᠨᠢ ᠪᠥᠬᠦ ᠬᠤᠲᠠ ᠳᠤ ᠬᠤᠶᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠤᠷᠤᠵᠠᠢ᠃ ᠬᠡᠷᠡᠭᠯᠡᠭᠡᠨ ᠤ ᠪᠦᠲᠦᠴᠡ ᠠᠴᠠ ᠦᠵᠡᠪᠡᠯ᠂ ᠰᠤᠷᠭᠠᠨ ᠬᠥᠮᠦᠵᠢᠯ ᠰᠣᠶᠣᠯ ᠤᠨ ᠵᠠᠷᠤᠯᠭ᠎ᠠ᠂ ᠡᠮ ᠡᠮᠨᠡᠯᠭᠡ ᠡᠷᠡᠭᠦᠯᠵᠢᠯ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ ᠢᠯᠡᠳᠲᠡ ᠪᠠᠭᠤᠷᠠᠭᠰᠠᠨ ᠪᠠᠶᠢᠨ᠎ᠠ᠃ 
ᠢᠷᠡᠯᠲᠡ᠄ ᠲᠤᠰ ᠰᠦᠯᠵᠢᠶ᠎ᠡ