ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠨᠠᠷᠢᠨ | ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠄ | ᠨᠢᠭᠡ᠂ ᠨᠣᠣᠷᠠᠭᠯᠠᠭᠰᠠᠨ ᠠᠬᠤᠢ ᠪᠠᠶᠢᠳᠠᠯ | ᠪᠥᠬᠦ ᠤᠯᠤᠰ ᠲᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠣᠯᠠᠨᠲᠠ ᠡᠭᠦᠰᠴᠦ᠂ ᠳᠠᠬᠢᠨ ᠳᠠᠪᠲᠠᠨ ᠴᠠᠭᠠᠵᠠᠯᠠᠭᠰᠠᠨ ᠴᠤ ᠬᠤᠷᠢᠭᠯᠠᠵᠤ ᠳᠡᠶᠢᠯᠬᠦ | ᠦᠭᠡᠢ᠂ ᠵᠠᠯᠠᠷᠠᠭᠤᠯᠤᠭᠰᠠᠨ ᠴᠤ ᠳᠠᠬᠢᠨ ᠡᠭᠦᠰᠴᠦ ᠪᠠᠶᠢᠭ᠎ᠠ ᠣᠳᠣᠬᠢ ᠪᠠᠶᠢᠳᠠᠯ ᠳᠤ ᠴᠢᠭᠯᠡᠭᠦᠯᠦᠨ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ 2021 ᠣᠨ ᠤ 5 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾ ︵ᠲᠥᠷᠥ ᠶᠢᠨ | ᠶᠠᠪᠤᠳᠠᠯ ᠤᠨ ᠬᠤᠷᠢᠶᠠᠨ ᠤ 737 ᠳ᠋ᠤᠭᠠᠷ ᠲᠣᠭᠠᠲᠤ ᠵᠠᠷᠯᠢᠭ᠂ ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠨ ᠬᠡᠷᠡᠭᠵᠢᠭᠦᠯᠵᠦ᠂ ᠬᠠᠤᠯᠢ ᠪᠤᠰᠤ ᠪᠠᠷ | ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠶᠢ ᠬᠠᠤᠯᠢᠵᠢᠭᠤᠯᠬᠤ᠂ | ᠵᠢᠷᠤᠮᠵᠢᠭᠤᠯᠬᠤ ᠵᠠᠮ ᠳᠤ ᠣᠷᠣᠭᠤᠯᠪᠠ᠃ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠠᠤᠯᠢ | ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠯᠡᠳᠡᠭᠡᠯ ᠪᠡᠯᠡ ᠮᠥᠩᠭᠦ ᠶᠢ ᠠᠷᠢᠯᠭᠠᠨ᠂ ᠪᠡᠯᠡ ᠮᠥᠩᠭᠦ ᠶᠢᠨ ᠨᠡᠮᠡᠭᠳᠡᠯ ᠢ | ᠬᠤᠷᠢᠭᠯᠠᠵᠤ᠂ ᠪᠡᠯᠡ ᠮᠥᠩᠭᠦ ᠶᠢᠨ ᠬᠤᠪᠢᠰᠤᠯᠲᠠ ᠶᠢ ᠰᠡᠷᠭᠡᠶᠢᠯᠡᠨ ᠡᠵᠡᠮᠳᠡᠵᠦ᠂ ᠢᠳᠡᠪᠬᠢᠲᠡᠢ ᠦᠷ᠎ᠡ ᠪᠦᠲᠦᠮᠵᠢ ᠣᠯᠵᠤ᠂ ᠲᠦᠭᠰᠢᠭᠦᠷᠢ ᠶᠢ ᠶᠡᠷᠦᠩᠬᠡᠢ ᠳᠤ ᠪᠠᠨ | ᠡᠵᠡᠮᠳᠡᠵᠦ ᠳᠡᠶᠢᠯᠬᠦ ᠪᠣᠯᠪᠠ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠴᠤᠭ ᠢᠶᠠᠷ ᠠᠳᠬᠤᠨ ᠬᠠᠮᠲᠤ ᠪᠠᠷ ᠬᠠᠮᠢᠶᠠᠷᠬᠤ᠂ ᠣᠯᠠᠨ ᠢᠶᠠᠷ ᠢᠶᠠᠨ | ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠦᠴᠦ ᠪᠠᠨ ᠬᠠᠮᠲᠤᠳᠬᠠᠨ ᠬᠠᠮᠵᠢᠯᠴᠠᠭᠰᠠᠨ ᠬᠠᠤᠯᠢ | ᠪᠤᠰᠤ ᠪᠠᠷ ᠪᠡᠯᠡ ᠴᠤᠭᠯᠠᠭᠤᠯᠬᠤ ᠶᠢ ᠶᠡᠷᠦᠩᠬᠡᠶᠢᠯᠡᠨ ᠵᠠᠰᠠᠬᠤ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠶᠢᠨ ᠲᠤᠰᠠᠳᠠ᠂ ︽ᠳᠦᠷᠢᠮ︾ ᠤᠨ ᠲᠣᠭᠲᠠᠭᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ︽ᠨᠠᠷᠢᠨ ᠳᠦᠷᠢᠮ︾ ᠢ ᠲᠣᠭᠲᠠᠭᠠᠪᠠ᠃ | ᠬᠤᠶᠠᠷ᠂ ᠨᠣᠣᠷᠠᠭᠯᠠᠭᠰᠠᠨ ᠶᠠᠪᠤᠴᠠ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠶᠡᠷᠦᠩᠬᠡᠢ ᠱᠦᠵᠢ | ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠ ︽ᠠᠮᠤᠭᠤᠯᠠᠩ ᠳᠤᠮᠳᠠᠳᠤ ᠤᠯᠤᠰ︾ ᠤᠨ ᠪᠦᠲᠦᠭᠡᠨ | ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ᠂ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠤᠬᠠᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠱᠠᠭᠠᠷᠳᠠᠯᠭ᠎ᠠ ᠶᠢ | ᠰᠢᠰᠲ᠋ᠧᠮ ᠲᠠᠢ ᠡᠮᠬᠢᠯᠡᠨ ᠳᠢᠭᠯᠡᠵᠦ᠂ ᠠᠬ᠎ᠠ ᠳᠡᠭᠦᠦ ᠮᠤᠵᠢ ᠣᠷᠣᠨ ᠤ ᠡᠷᠬᠢᠮ ᠨᠠᠨᠳᠢᠨ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ᠂ ᠭᠦᠨᠵᠡᠭᠡᠢ ᠪᠠᠶᠢᠴᠠᠭᠠᠨ | ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠪᠥᠬᠦ ᠣᠷᠣᠨ ᠤ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ 2022 ᠣᠨ ᠤ 9 ᠳ᠋ᠦ᠋ᠭᠡᠷ ᠰᠠᠷ᠎ᠠ ᠳᠤ ︽ᠨᠠᠷᠢᠨ ᠳᠦᠷᠢᠮ ︵ᠰᠠᠨᠠᠯ | ᠬᠤᠷᠢᠶᠠᠬᠤ ᠨᠣᠣᠷᠠᠭ︶︾ ᠢ ᠲᠤᠭᠤᠷᠪᠢᠨ ᠪᠢᠴᠢᠵᠦ ᠨᠡᠶᠢᠭᠡᠮ ᠤᠨ ᠣᠯᠠᠨ ᠲᠦᠮᠡᠨ᠂ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ︵ᠬᠢᠨᠠᠨ︶ ᠬᠠᠮᠢᠶᠠᠷᠬᠤ | ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ ᠠᠴᠠ ᠰᠠᠨᠠᠯ ᠰᠠᠨᠠᠭᠤᠯᠭ᠎ᠠ ᠬᠤᠷᠢᠶᠠᠭᠰᠠᠨ ᠤ ᠬᠠᠮᠲᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠳᠠᠷᠤᠮᠠᠯᠯᠠᠨ ᠲᠠᠷᠬᠠᠭᠠᠵᠤ | ᠬᠡᠷᠡᠭᠵᠢᠭᠦᠯᠪᠡ᠃ | ᠭᠤᠷᠪᠠ᠂ ᠭᠤᠣᠯ ᠠᠭᠤᠯᠭ᠎ᠠ | ︽ᠨᠠᠷᠢᠨ ᠳᠦᠷᠢᠮ︾ ᠢ ᠶᠡᠷᠦᠩᠬᠡᠢ ᠳᠦᠷᠢᠮ᠂ ᠰᠡᠷᠭᠡᠶᠢᠯᠡᠯᠲᠡ᠂ ᠪᠠᠶᠢᠴᠠᠭᠠᠯᠲᠠ ᠪᠠ ᠰᠢᠢᠳᠪᠦᠷᠢᠯᠡᠯᠲᠡ᠂ ᠳᠠᠭᠠᠯᠳᠤᠭᠤᠯᠤᠭᠰᠠᠨ ᠳᠦᠷᠢᠮ ᠭᠡᠬᠦ ᠳᠥᠷᠪᠡᠨ ᠪᠦᠯᠦᠭ | ᠬᠤᠪᠢᠶᠠᠵᠤ᠂ ᠨᠡᠶᠢᠲᠡ ᠳᠥᠴᠢᠨ ᠨᠢᠭᠡᠨ ᠵᠦᠢᠯ ᠪᠣᠢ᠃ | ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ᠂ ᠨᠡᠶᠢᠲᠡ ᠲᠤᠯᠤᠭᠠᠨ ᠵᠦᠢᠯ ᠪᠠᠶᠢᠵᠤ᠂ ᠭᠤᠣᠯᠳᠠᠭᠤ ︽ᠨᠠᠷᠢᠨ ᠳᠦᠷᠢᠮ︾ ᠢ ᠲᠣᠭᠲᠠᠭᠠᠭᠰᠠᠨ ᠵᠣᠷᠢᠯᠭ᠎ᠠ | ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠦᠨᠳᠦᠰᠦᠨ ᠵᠠᠷᠴᠢᠮ᠂ ᠪᠥᠬᠦ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ | ᠠᠵᠢᠯ ᠤᠨ ᠲᠣᠭᠲᠠᠴᠠ ᠵᠢᠴᠢ ᠲᠦᠷᠦᠭᠦᠯᠡᠨ ᠬᠢᠬᠦ ᠰᠠᠯᠠᠭ᠎ᠠ ᠮᠥᠴᠢᠷ᠂ ᠠᠵᠢᠯᠲᠠᠨ ᠤ ᠵᠠᠷᠤᠳᠠᠯ ᠤᠨ ᠲᠥᠰᠥᠪ ᠤᠨ ᠪᠠᠲᠤᠯᠠᠭ᠎ᠠ ᠪᠠ ᠰᠢᠯᠭᠠᠨ ᠬᠢᠨᠠᠬᠤ ᠲᠣᠭᠲᠠᠴᠠ | ᠵᠡᠷᠭᠡ ᠶᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ᠨᠢ ᠰᠡᠷᠭᠡᠶᠢᠯᠡᠯᠲᠡ᠂ ᠨᠡᠶᠢᠲᠡ ᠠᠷᠪᠠᠨ ᠭᠤᠷᠪᠠᠨ ᠵᠦᠢᠯ ᠪᠠᠶᠢᠵᠤ᠂ ᠭᠤᠣᠯᠳᠠᠭᠤ ᠪᠥᠬᠦ ᠣᠷᠣᠨ ᠤ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠵᠢᠴᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠲᠦᠷᠦᠭᠦᠯᠡᠨ ᠬᠢᠬᠦ ᠰᠠᠯᠠᠭ᠎ᠠ ᠮᠥᠴᠢᠷ᠂ ᠠᠵᠢᠯ ᠲᠥᠷᠥᠯ ᠤᠨ ᠭᠤᠣᠯᠴᠢᠯᠠᠨ | ︵ᠬᠢᠨᠠᠨ︶ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠰᠢᠨᠵᠢᠯᠡᠵᠦ ᠰᠡᠷᠡᠮᠵᠢᠯᠡᠭᠦᠯᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠡᠩᠰᠡᠯᠡᠨ ᠬᠠᠮᠢᠶᠠᠷᠬᠤ᠂ ᠢᠨᠲ᠋ᠧᠷ | ᠰᠦᠯᠵᠢᠶ᠎ᠡ ᠶᠢᠨ ᠮᠡᠳᠡᠭᠡ ᠵᠠᠩᠭᠢ ᠶᠢ ᠬᠢᠨᠠᠨ ᠰᠢᠨᠵᠢᠯᠡᠬᠦ᠂ ᠵᠠᠷ ᠮᠡᠳᠡᠭᠡ ᠶᠢ ᠬᠢᠨᠠᠨ ᠰᠢᠨᠵᠢᠯᠡᠬᠦ᠂ ᠰᠡᠵᠢᠭᠯᠡᠯᠲᠡᠢ ᠪᠡᠯᠡ ᠮᠥᠩᠭᠦ ᠶᠢ ᠬᠢᠨᠠᠨ ᠰᠢᠨᠵᠢᠯᠡᠬᠦ᠂ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ᠂ ᠤᠬᠠᠭᠤᠯᠤᠨ ᠬᠥᠮᠥᠵᠢᠭᠦᠯᠬᠦ᠂ ᠱᠠᠩᠨᠠᠯ ᠲᠠᠢ ᠢᠯᠡᠴᠢᠯᠡᠨ ᠮᠡᠳᠡᠭᠦᠯᠬᠦ᠂ ᠰᠡᠷᠡᠮᠵᠢᠯᠡᠭᠦᠯᠵᠦ ᠪᠣᠯᠵᠣᠨ ᠶᠠᠷᠢᠯᠴᠠᠬᠤ᠂ ᠲᠦᠭᠰᠢᠭᠦᠷᠢ ᠶᠢᠨ | ᠰᠠᠨᠠᠭᠤᠯᠤᠮᠵᠢ ᠥᠭᠬᠦ᠂ ᠮᠡᠳᠡᠭᠡ ᠵᠠᠩᠭᠢ ᠴᠤᠭᠯᠠᠭᠤᠯᠬᠤ ᠵᠡᠷᠭᠡ ᠲᠠᠯ᠎ᠠ ᠶᠢᠨ ᠪᠣᠳᠠᠲᠠᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ᠭᠤᠷᠪᠠᠳᠤᠭᠠᠷ ᠪᠦᠯᠦᠭ ᠨᠢ ᠪᠠᠶᠢᠴᠠᠭᠠᠯᠲᠠ ᠪᠠ ᠰᠢᠢᠳᠪᠦᠷᠢᠯᠡᠯᠲᠡ᠂ ᠨᠡᠶᠢᠳᠡ ᠠᠷᠪᠠ ᠶᠢᠰᠦᠨ ᠵᠦᠢᠯ ᠪᠠᠶᠢᠵᠤ᠂ ᠭᠤᠣᠯᠳᠠᠭᠤ ᠬᠠᠤᠯᠢ ᠪᠤᠰᠤ ᠪᠠᠷ ᠪᠡᠯᠡ | ᠴᠤᠭᠯᠠᠭᠤᠯᠤᠭᠰᠠᠨ ᠰᠡᠵᠢᠭᠯᠡᠯᠲᠡᠢ ᠦᠢᠯᠡ ᠠᠵᠢᠯᠯᠠᠭ᠎ᠠ ᠶᠢ ᠪᠠᠶᠢᠴᠠᠭᠠᠬᠤ ᠭᠤᠣᠯᠳᠠᠯᠭ᠎ᠠ᠂ ᠬᠡᠷᠡᠭ ᠤᠨ ᠬᠠᠷᠢᠶᠠᠯᠠᠯ᠂ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ᠂ | ᠵᠣᠬᠢᠶᠠᠨ ᠪᠠᠶᠢᠭᠤᠯᠵᠤ ᠪᠠᠶᠢᠴᠠᠭᠠᠬᠤ᠂ ᠲᠦᠷ ᠴᠠᠭ ᠬᠠᠮᠢᠶᠠᠷᠤᠨ ᠡᠵᠡᠮᠳᠡᠬᠦ᠂ ᠰᠤᠳᠤᠯᠤᠨ ᠮᠠᠭᠠᠳᠯᠠᠵᠤ ᠲᠣᠭᠲᠠᠭᠠᠬᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠬᠠᠮᠵᠢᠯᠴᠠᠨ | ᠠᠵᠢᠯᠯᠠᠵᠤ ᠬᠤᠯᠪᠤᠭᠠᠯᠠᠨ ᠬᠥᠳᠡᠯᠦᠯᠴᠡᠬᠦ᠂ ᠨᠠᠶᠢᠳᠠᠵᠤ ᠬᠢᠨᠠᠨ ᠲᠣᠭᠲᠠᠭᠠᠯᠭᠠᠬᠤ᠂ ᠡᠷᠡᠭᠦᠦ ᠰᠢᠢᠳᠬᠡᠯ ᠢ ᠭᠦᠢᠴᠡᠳᠬᠡᠨ ᠵᠣᠯᠭᠠᠭᠤᠯᠬᠤ᠂ ᠢᠯᠭᠠᠷᠠᠭᠤᠯᠤᠨ ᠪᠤᠴᠠᠭᠠᠬᠤ ᠳᠤ | ᠬᠢᠨᠠᠯᠲᠠ ᠲᠠᠯᠪᠢᠬᠤ᠂ ᠬᠠᠷᠢᠭᠤᠴᠠᠯᠭ᠎ᠠ ᠨᠡᠬᠡᠮᠵᠢᠯᠡᠬᠦ᠂ ᠬᠡᠷᠡᠭ ᠢ ᠳᠠᠭᠤᠰᠬᠠᠵᠤ ᠮᠡᠳᠡᠭᠦᠯᠬᠦ᠂ ᠲᠡᠮᠵᠢᠨ ᠬᠠᠮᠵᠢᠯᠴᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ | ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃ | ᠳᠥᠷᠪᠡᠳᠦᠭᠡᠷ ᠪᠦᠯᠦᠭ ᠨᠢ ᠳᠠᠭᠠᠯᠳᠤᠭᠤᠯᠤᠭᠰᠠᠨ ᠳᠦᠷᠢᠮ᠂ ᠨᠡᠶᠢᠲᠡ ᠬᠤᠶᠠᠷ ᠵᠦᠢᠯ ᠪᠠᠶᠢᠵᠤ᠂ ᠲᠠᠶᠢᠯᠪᠤᠷᠢᠯᠠᠬᠤ ᠡᠷᠬᠡ ᠪᠠ ᠬᠡᠷᠡᠭᠵᠢᠭᠦᠯᠬᠦ ᠡᠳᠦᠷ | ᠬᠤᠭᠤᠴᠠᠭ᠎ᠠ ᠶᠢ ᠲᠣᠳᠣᠷᠬᠠᠶᠢᠯᠠᠪᠠ᠃ |