ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠶᠠᠩ ᠳ᠋ᠦᠩ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/2/21
2.jpg
        ᠰᠤᠷᠪᠤᠯᠵᠢᠯᠠᠭᠴᠢ᠄ ᠶᠠᠩ ᠳ᠋ᠦᠩ ᠭᠡᠰᠢᠭᠦᠨ᠂ ᠲᠠ ᠰᠠᠶᠢᠨ ᠤᠤ︖ ᠰᠣᠶᠣᠯ ᠵᠠᠭᠤᠴᠢᠯᠠᠭᠤᠷ ᠤᠨ ᠠᠵᠢᠯᠲᠠᠨ ᠪᠣᠯᠤᠭᠰᠠᠨ ᠤ ᠬᠤᠪᠢ ᠳᠤ᠂ ᠲᠠ ᠬᠢᠶ᠎ᠠ ᠪᠠᠭᠰᠢ ᠶᠢᠨ ᠵᠢᠭᠤᠯᠴᠢᠯᠠᠯ ᠤᠨ ᠬᠥᠭᠵᠢᠯᠲᠡ ᠶᠢᠨ ᠳᠣᠬᠠᠢ ᠶᠠᠮᠠᠷ ᠰᠠᠶᠢᠨ ᠰᠠᠨᠠᠯ ᠰᠠᠨᠠᠭᠤᠯᠭ᠎ᠠ ᠪᠠᠶᠢᠨ᠎ᠠ︖        ᠶᠠᠩ ᠳ᠋ᠦᠩ ᠭᠡᠰᠢᠭᠦᠨ᠄ ᠢᠨᠲ᠋ᠧᠷ ᠰᠦᠯᠵᠢᠶ᠎ᠡ ᠳᠡᠭᠡᠳᠦ ᠬᠤᠷᠳᠤᠴᠠ ᠪᠠᠷ ᠬᠥᠭᠵᠢᠵᠦ ᠪᠠᠶᠢᠭ᠎ᠠ ᠥᠨᠥᠳᠥᠷ᠂ ᠰᠢᠨ᠎ᠡ ᠵᠠᠭᠤᠴᠢᠯᠠᠭᠤᠷ ᠨᠢ ᠪᠦᠬᠦ ᠲᠠᠯ᠎ᠠ ᠶᠢᠨ᠂ ᠪᠤᠰᠤᠭ᠎ᠠ ᠴᠣᠭᠴᠠ ᠶᠢᠨ᠂ ᠤᠯᠠᠨ ᠲᠡᠰ ᠳᠠᠪᠬᠤᠷᠭ᠎ᠠ ᠶᠢᠨ ᠳᠠᠮᠵᠢᠭᠤᠯᠬᠤ ᠳᠠᠪᠠᠭᠤᠯᠢᠭ ᠢᠶᠠᠷ ᠢᠶᠠᠨ ᠵᠢᠭᠤᠯᠴᠢᠯᠠᠯ ᠤᠨ ᠡᠵᠡᠩᠨᠡᠯᠲᠡ ᠪᠣᠷᠤᠯᠠᠭᠤᠯᠭ᠎ᠠ ᠶᠢᠨ ᠳᠠᠮᠵᠢᠭᠤᠯᠭ᠎ᠠ ᠶᠢᠨ ᠠᠷᠭ᠎ᠠ ᠵᠠᠮ ᠢ ᠲᠤᠶᠢᠯ ᠤᠨ ᠶᠡᠭᠡ ᠪᠠᠷ ᠪᠠᠶᠠᠯᠢᠭᠵᠢᠭᠤᠯᠤᠭᠰᠠᠨ ᠪᠥᠭᠡᠳ ᠠᠯᠬᠤᠮ ᠠᠯᠬᠤᠮ ᠢᠶᠠᠷ ᠵᠢᠭᠤᠯᠴᠢᠯᠠᠯ ᠤᠨ ᠳᠠᠮᠵᠢᠭᠤᠯᠭ᠎ᠠ ᠶᠢᠨ ᠭᠤᠣᠯ ᠬᠡᠯᠪᠡᠷᠢ ᠪᠣᠯᠤᠭᠰᠠᠨ ᠪᠠᠶᠢᠨ᠎ᠠ᠂ ᠡᠶᠢᠮᠦ ᠠᠴᠠ ᠪᠢ ᠰᠢᠨ᠎ᠡ ᠵᠠᠭᠤᠴᠢᠯᠠᠭᠤᠷ ᠤᠨ ᠴᠢᠳᠠᠪᠤᠷᠢ ᠣᠯᠭᠤᠬᠤ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠲᠤᠬᠠᠢ ᠬᠡᠳᠦᠨ ᠰᠠᠨᠠᠭᠤᠯᠭ᠎ᠠ ᠳᠣᠷᠠᠳᠣᠶ᠎ᠠ᠄ ᠨᠢᠭᠡ ᠳᠤ᠂ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢᠨ ᠵᠢᠭᠰᠠᠭᠠᠯ ᠢ ᠪᠠᠶᠢᠷᠢᠰᠢᠭᠤᠯᠤᠨ᠂ ᠣᠨᠴᠠᠯᠢᠭ ᠢ ᠳᠤᠪᠤᠶᠢᠯᠭᠠᠵᠤ᠂ ᠦᠢᠯᠡᠴᠢᠯᠡᠭᠡᠨ ᠤ ᠬᠡᠯᠬᠢᠶ᠎ᠡ ᠶᠢ ᠨᠡᠪᠳᠡᠷᠡᠭᠦᠯᠦᠨ᠂ ᠥᠪᠡᠷᠮᠢᠴᠡ ᠤᠨᠴᠠᠯᠢᠭ ᠲᠠᠢ ᠦᠢᠯᠡᠴᠢᠯᠡᠭᠡ ᠶᠢ ᠰᠠᠶᠢᠲᠤᠷ ᠬᠢᠨ᠎ᠡ︔ ᠬᠤᠶᠠᠷ ᠲᠤ᠂ ᠰᠢᠨ᠎ᠡ ᠵᠠᠭᠤᠴᠢᠯᠠᠭᠤᠷ ᠤᠨ ᠲᠠᠪᠴᠠᠩ ᠤᠨ ᠳᠠᠪᠠᠭᠤᠯᠢᠭ ᠢ ᠪᠠᠳᠠᠷᠠᠭᠤᠯᠤᠨ᠂ ᠬᠢᠶ᠎ᠠ ᠪᠠᠭᠰᠢ ᠰᠣᠶᠣᠯ ᠵᠢᠭᠤᠯᠴᠢᠯᠠᠯ ᠤᠨ ᠰᠢᠨ᠎ᠡ ᠦᠢᠯᠡᠳᠬᠦᠨ ᠢ ᠪᠣᠶ ᠪᠤᠯᠭᠠᠵᠤ᠂ ᠵᠢᠱᠢᠶᠡᠯᠡᠪᠡᠯ ︽ᠰᠣᠶᠣᠯ + ᠪᠦᠲᠦᠭᠡᠯᠴᠢ ᠰᠡᠳᠬᠢᠮᠵᠢ + ᠲᠠᠸᠠᠷ︾ ᠤᠨ ᠲᠥᠷᠥᠯ ᠤᠨ ᠰᠣᠶᠣᠯ ᠵᠢᠭᠤᠯᠴᠢᠯᠠᠯ ᠤᠨ ᠦᠢᠯᠡᠳᠬᠦᠨ ᠢ ᠪᠣᠶ ᠪᠤᠯᠭᠠᠨ᠂ ᠰᠢᠨ᠎ᠡ ᠵᠠᠭᠤᠴᠢᠯᠠᠭᠤᠷ ᠤᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠠᠰᠢᠭᠯᠠᠨ ᠰᠣᠶᠣᠯ ᠵᠢᠭᠤᠯᠴᠢᠯᠠᠯ ᠤᠨ ᠦᠢᠯᠡᠳᠬᠦᠨ ᠢ ᠣᠯᠠᠨ ᠲᠦᠷᠦᠯ ᠵᠦᠢᠯ  ᠢᠶᠠᠷ ᠪᠣᠷᠣᠯᠠᠭᠤᠯᠬᠤ ᠶᠢ  ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠦᠢᠯᠡᠳᠬᠦᠨ ᠢ ᠬᠠᠮᠲᠤ ᠪᠠᠷ ᠵᠣᠬᠢᠶᠠᠨ ᠪᠦᠲᠦᠭᠡᠬᠦ ᠶᠢ ᠪᠡᠶᠡᠯᠡᠭᠦᠯᠬᠦ ᠵᠡᠷᠭᠡ︔ ᠭᠤᠷᠪᠠ ᠳᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠨᠢ ᠰᠢᠨ᠎ᠡ ᠵᠠᠭᠤᠴᠢᠯᠠᠭᠤᠷ ᠤᠨ ᠬᠠᠷᠢᠯᠴᠠᠬᠤ ᠴᠢᠨᠠᠷ᠂ ᠥᠪᠡᠷᠮᠢᠴᠡ᠂ ᠴᠠᠭ ᠬᠤᠭᠤᠴᠠᠭ᠎ᠠ ᠪᠠ ᠣᠷᠣᠨ ᠵᠠᠢ ᠠᠴᠠ ᠳᠠᠪᠠᠭᠰᠠᠨ ᠭᠤᠷᠪᠠᠨ ᠶᠡᠭᠡ ᠣᠨᠴᠠᠯᠢᠭ ᠲᠠᠢ ᠨᠢᠭᠲᠠ ᠤᠶᠠᠯᠳᠤᠭᠤᠯᠵᠤ᠂ ᠪᠡᠶᠡᠴᠢᠯᠡᠨ ᠣᠶᠢᠯᠠᠭᠠᠬᠤ᠂ ᠤᠨᠢᠨ ᠳᠡᠭᠡᠷ᠎ᠡ ᠨᠢ ᠦᠢᠯᠡᠴᠢᠯᠡᠬᠦ᠂ ᠰᠦᠯᠵᠢᠶᠠᠨ ᠳᠡᠭᠡᠷᠡᠬᠢ ᠠᠵᠤ ᠠᠬᠤᠢ ᠪᠠᠷ ᠭᠤᠣᠯ ᠪᠣᠯᠭᠠᠭᠰᠠᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ᠎ᠠ᠃ ᠡᠭᠦᠨ ᠢᠶᠠᠷ᠂ ᠬᠢᠶ᠎ᠠ ᠪᠠᠭᠰᠢ ᠰᠣᠶᠣᠯ ᠵᠢᠭᠤᠯᠴᠢᠯᠠᠯ ᠤᠨ ᠨᠡᠷ᠎ᠡ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠰᠢᠨ᠎ᠡ ᠵᠠᠮ ᠢ ᠨᠡᠭᠡᠭᠡᠨ᠎ᠡ᠃  
ᠢᠷᠡᠯᠲᠡ᠄ ᠳᠣᠰ ᠰᠦᠯᠵᠢᠶ᠎ᠡ