2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/21

                  — 2023 ᠤᠨ ᠤ 2 ᠰᠠᠷ᠎ᠠ ᠶᠢᠨ 15 ᠤ ᠡᠳᠤᠷ  ᠤᠷᠳᠤᠰ ᠬᠤᠳᠠ ᠶᠢᠨ ᠬᠢᠶ᠎ᠠ ᠪᠠᠭᠰᠢ ᠲᠤᠭᠤᠷᠢᠭ ᠤᠨ                            

ᠬᠤᠶᠠᠳᠤᠭᠠᠷ  ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ

 

                                ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠠᠷᠤᠭ᠎ᠠ      ᠸᠠᠩ ᠰᠢᠤᠸᠠᠢ ᠹᠸᠡᠭ

 

 

ᠲᠥᠯᠥᠭᠡᠯᠡᠭᠴᠢᠳ ᠠ᠋᠄

       ᠤᠳᠤ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠤᠯᠪᠠᠤ᠂

ᠲᠡᠷᠡᠴᠢᠯᠡᠨ  ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃

ᠨᠢᠭᠡ᠂ 2022 ᠣᠨ ᠤ ᠠᠵᠢᠯ ᠤᠨ ᠡᠷᠭᠢᠴᠡᠭᠦᠯᠦᠯ

       ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ

ᠵᠢᠯ ᠮᠥᠨ᠂  ᠮᠦᠨ ᠴᠤ ᠬᠢᠶ᠎ᠠ ᠪᠠᠭᠰᠢ ᠶᠢᠨ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠡᠨᠡ ᠨᠢᠭᠡ ᠵᠢᠯ ᠳᠤ᠂ ᠪᠢᠳᠡ

ᠣᠮᠤᠭ ᠪᠠᠭ᠋ᠠᠳᠤᠯ ᠲᠠᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠤ᠂ ᠰᠢ ᠶᠢᠨ ᠫᠢᠩ ᠨᠥᠬᠦᠷ ᠢᠶᠠᠷ

ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠦᠪᠡᠷᠳᠡᠭᠡᠨ ᠵᠠᠰᠠᠬᠤ ᠤᠷᠤᠨ ᠪᠠ ᠮᠠᠨ ᠤ ᠬᠤᠳᠠ

 ᠶᠢᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠨᠡᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠷᠢᠭᠦᠨ ᠤ ᠬᠢ ᠪᠠᠷ ᠪᠠᠷᠢᠮᠵᠢᠶᠠᠯᠠᠨ᠂ ᠳᠠᠪᠠᠵᠤ

ᠭᠠᠷᠬᠤ ᠪᠠᠷ ᠴᠢᠷᠮᠠᠶᠢᠭᠠᠳ᠂ ᠣᠳᠣᠬᠢᠴᠢᠯᠠᠭᠰᠠᠨ ᠲᠦᠪ ᠬᠤᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠬᠰᠠᠨ

ᠪᠠᠶᠢᠨ᠎ᠠ᠃ ᠡᠨᠡ ᠨᠢᠭᠡ ᠵᠢᠯ ᠳᠤ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠠᠵᠢᠯ ᠢ ᠲᠣᠭᠲᠠᠭᠤᠨ ᠢᠶᠠᠷ ᠦᠡᠭᠭᠡᠷᠡᠬᠦᠯᠬᠦ ᠶᠢ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠡᠮ ᠤᠨ ᠳᠡᠯᠭᠡᠭᠦᠷ᠂  ᠰᠦᠯᠵᠢᠶ᠎ᠡ ᠪᠠᠷ ᠠᠰᠠᠭᠤᠨ

ᠣᠨᠣᠰᠢᠯᠠᠬᠤ ᠵᠡᠷᠭᠡ ᠰᠡᠳᠬᠢᠯ ᠢ ᠳᠤᠯᠠᠭᠠᠴᠠᠭᠤᠯᠬᠤ ᠠᠷᠭ᠎ᠠ ᠪᠠᠷᠢᠯ ᠢ ᠠᠪᠴᠤ᠂ ᠭᠠᠶᠢᠯᠢ ᠰᠦᠢᠳᠬᠡᠯ ᠢ ᠬᠥᠩᠭᠡᠷᠡᠬᠦᠯᠵᠤ ᠬᠡᠯᠲᠦᠷᠢᠭᠦᠯᠬᠦ᠂ ᠲᠦᠷᠢᠶᠡᠰᠦᠨ ᠮᠥᠩᠭᠦ ᠶᠢ

ᠬᠤᠶᠢᠰᠢᠯᠠᠭᠤᠯᠤᠨ ᠲᠤᠰᠢᠶᠠᠬᠤ ᠵᠡᠷᠭᠡ ᠬᠦᠴᠢᠷᠳᠡᠯ ᠢ ᠨᠠᠮᠳᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠲᠤᠯᠠᠭᠠᠨ ᠰᠠᠶᠢᠬᠠᠨ ᠬᠢᠶ᠎ᠠ ᠪᠠᠭᠰᠢ︾ ᠶᠢᠨ

ᠳᠦᠷᠢ ᠲᠥᠷᠬᠦ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃ ᠡᠨᠡ ᠨᠢᠭᠡ ᠵᠢᠯ ᠳᠤ᠂ ᠪᠢᠳᠡ ︽ᠲᠠᠪᠤᠨ ᠶᠡᠭᠡ ᠡᠭᠦᠷᠭᠡ︾ ᠶᠢ ᠪᠥᠬᠦ ᠬᠦᠴᠦᠨ ᠢᠶᠠᠷ ᠢᠶᠠᠨ

ᠨᠠᠶᠢᠳᠠᠪᠤᠷᠢᠵᠢᠭᠤᠯᠵᠤ᠂ ︽ᠭᠤᠷᠪᠠᠨ ᠳᠥᠷᠪᠡ︾ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠭᠤᠷᠪᠠᠨ ᠲᠥᠪ︾ ᠢ ᠪᠦᠲᠦᠭᠡᠨ ᠪᠠᠶᠢᠭᠤᠯᠵᠤ᠂

ᠬᠤᠲᠠ ᠶᠢᠨ ᠠᠵᠤ ᠠᠬᠤᠢ ᠶᠢᠨ ︽ᠲᠠᠰ ᠳᠡᠪᠰᠢᠬᠦ︾ ᠪᠠ ᠲᠤᠭᠠᠵᠢᠭᠤᠯᠤᠬᠰᠠᠨ ᠠᠵᠤ ᠠᠬᠤᠢ ᠶᠢᠨ ᠠᠭᠤᠰᠤᠯᠴᠠᠯ ᠤᠨ ᠬᠤᠰᠢᠭᠤᠴᠢ ᠣᠷᠣᠨ ᠢ ᠪᠦᠲᠦᠭᠡᠨ

ᠪᠠᠶᠢᠭᠤᠯᠬᠤ ᠲᠠᠯ᠎ᠠ ᠪᠠᠷ ᠭᠤᠣᠯ ᠲᠡᠶᠢᠨ ᠤ ᠲᠠᠯᠠᠪᠤᠷ ᠨᠡᠭᠡᠭᠡᠵᠦ᠂ ᠰᠢᠨ᠎ᠡ ᠤᠷᠤᠯᠳᠤᠭᠠᠨ ᠤ ᠵᠠᠮ ᠢ ᠰᠣᠩᠭᠤᠨ ᠲᠣᠭᠲᠠᠭᠠᠵᠤ᠂ ᠠᠵᠤ ᠠᠬᠤᠢ ᠨᠡᠶᠢᠭᠡᠮ ᠤᠨ

ᠬᠥᠭᠵᠢᠯᠲᠡ ᠳᠤ ᠲᠡᠦᠬᠡᠲᠦ ᠴᠢᠨᠠᠷᠲᠠᠢ ᠰᠢᠨ᠎ᠡ ᠠᠮᠵᠢᠯᠲᠠ ᠪᠦᠲᠦᠮᠵᠢ ᠣᠯᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠤᠩᠭᠡᠢ ᠥᠷᠲᠡᠭ ᠢ 131

ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 12 ᠳ᠋ᠦᠩᠰᠢᠭᠤᠷ ᠲᠥᠭᠦᠷᠢᠭ ᠢ ᠳᠠᠪᠠᠵᠤ᠂ ᠶᠡᠷᠦᠩᠬᠡᠢ

ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ ᠢ ᠡᠬᠦᠳᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 46.6 ᠳ᠋ᠦᠩᠰᠢᠭᠤᠷ ᠲᠥᠭᠦᠷᠢᠭ ᠪᠡᠶᠡᠯᠡᠭᠦᠯᠵᠦ᠂

57% ᠪᠠᠷ ᠨᠡᠮᠡᠭᠳᠡᠨ᠂ ᠥᠩᠭᠡᠷᠡᠭᠰᠡᠨ ᠵᠢᠯ ᠤᠳ ᠤᠨ ᠬᠠᠮᠤᠭ ᠤᠨ ᠥᠨᠳᠥᠷ ᠬᠡᠮᠵᠢᠶᠡᠨ ᠳᠤ ᠬᠦᠷᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ

ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠥᠪᠡᠷᠲᠡᠭᠡᠨ ᠵᠠᠰᠠᠬᠤ ᠤᠷᠤᠨ ᠤ ᠬᠤᠶᠠᠳᠤᠭᠠᠷ ᠲᠤ ᠤᠷᠤᠪᠠ︔  ᠬᠤᠲᠠ ᠪᠠᠯᠭᠠᠰᠤᠨ ᠤ

ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 58271 ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ

ᠣᠷᠣᠨ ᠤ ᠳᠣᠯᠣᠳᠤᠭᠠᠷ ᠲᠤ ᠣᠷᠣᠵᠤ᠂ ︽ᠤᠯᠤᠰ ᠲᠥᠷᠥ ᠶᠢᠨ ᠵᠢᠱᠢᠶᠡᠴᠢ ᠶᠢᠨ ᠲᠥᠪ᠂ ᠰᠢᠨ᠎ᠡ ᠠᠵᠤ ᠠᠬᠤᠢ ᠶᠢᠨ ᠲᠥᠪ᠂ ᠬᠤᠲᠠ ᠶᠢᠨ ᠠᠷᠠᠳ ᠤᠨ ᠪᠤᠶᠠᠨ

ᠵᠢᠷᠭᠠᠯ ᠤᠨ ᠲᠥᠪ︾ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠲᠠᠶᠢᠰᠢ ᠪᠠᠰᠠ ᠨᠢᠭᠡ ᠶᠡᠭᠡ ᠠᠯᠬᠤᠮ ᠤᠷᠤᠭᠰᠢᠯᠠᠭᠰᠠᠨ ᠪᠠᠶᠢᠨ᠎ᠠ᠃

       ᠨᠢᠭᠡ ᠵᠢᠯ ᠤᠨ ᠲᠤᠷᠰᠢ᠂ ᠪᠢᠳᠡ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ

ᠨᠠᠶᠢᠳᠠᠪᠤᠷᠢᠵᠢᠭᠤᠯᠵᠤ᠂ ᠵᠢᠱᠢᠶᠡᠴᠢ ᠳᠦᠷᠢ ᠲᠥᠷᠬᠦ ᠶᠢ ᠨᠡᠩ ᠪᠠᠲᠤ ᠪᠠᠬᠢ ᠪᠤᠢ ᠪᠣᠯᠭᠠᠪᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠦᠬᠦᠨ ᠳᠤ ᠤᠭ ᠰᠠᠨᠠᠭ᠎ᠠ ᠪᠠᠨ

ᠢᠯᠡᠳᠬᠡᠵᠦ᠂ ᠬᠥᠳᠡᠯᠦᠯ ᠪᠠᠷᠢᠯ ᠪᠦᠬᠦᠨ ᠳᠤ ᠡᠭᠦᠷᠭᠡ ᠬᠠᠷᠢᠭᠤᠴᠠᠯᠭ᠎ᠠ ᠪᠠᠨ ᠡᠬᠦᠷᠭᠡᠯᠡᠪᠡ᠃ ᠳᠠᠯᠳᠠ ᠥᠷᠢ ᠥᠭᠴᠡᠭᠡ ᠶᠢᠨ ︽ᠤᠯᠠᠭᠠᠨ ᠥᠩᠭᠡ ᠶᠢ ᠴᠠᠶᠢᠷᠠᠭᠤᠯᠬᠤ

︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ 18.56 ᠳ᠋ᠦᠩᠰᠢᠭᠤᠷ ᠲᠥᠭᠦᠷᠢᠭ ᠴᠠᠶᠢᠷᠠᠭᠤᠯᠵᠤ᠂ ᠥᠷᠢ

ᠥᠭᠴᠡᠭᠡ ᠶᠢᠨ ᠲᠦᠭᠰᠢᠭᠦᠷᠢ ᠶᠢᠨ ︽ᠤᠯᠠᠭᠠᠨ ᠥᠩᠭᠡ ᠶᠢ ᠴᠠᠶᠢᠷᠠᠭᠤᠯᠵᠤ ᠲᠦᠭᠰᠢᠬᠦᠷᠢ ᠶᠢᠨ ᠭᠡᠮᠵᠢᠶ᠎ᠡ ᠶᠢ ᠪᠠᠭᠤᠷᠠᠭᠤᠯᠬᠤ︾ ᠶᠢ ᠪᠡᠶᠡᠯᠡᠭᠦᠯᠪᠡ᠃ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠤ ᠡᠷᠬᠢᠮ ᠳᠡᠭᠡᠳᠦ

ᠢᠷᠠᠭᠤ ᠠᠯᠳᠠᠷ ᠢ ᠬᠠᠶᠢᠷᠠᠯᠠᠨ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠪᠦᠬᠦ ᠤᠯᠤᠰ ᠤᠨ

ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠤᠯᠤᠰ ᠲᠦᠷᠦ ᠶᠢᠨ ᠭᠡᠪ ᠲᠠᠭᠤᠷᠢᠶᠠᠯ

 ᠤᠨ ᠲᠥᠪ ᠲᠤ ᠲᠠᠬᠢᠨ ᠠᠮᠢᠳᠤᠯᠢᠭ ᠲᠠᠶᠢᠯᠪᠤᠷᠢ ᠬᠢᠪᠡ᠃ ᠡᠭᠦᠨ ᠤ ᠬᠠᠮᠲᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠬᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠳᠠᠪᠤ ᠶᠢ ᠳᠤᠶᠢᠯᠪᠤᠷᠢᠳᠠᠢ

ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠬᠦ᠂ ᠣᠷᠳᠣᠰ ᠤᠨ ᠪᠦᠬᠦ ᠤᠯᠤᠰ ᠤᠨ ᠪᠣᠯᠪᠠᠰᠤᠨ ᠤ ᠨᠡᠶᠢᠲᠡᠯᠢᠭ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ

ᠨᠡᠮᠡᠷᠢᠯᠡᠬᠦ ᠵᠡᠷᠭᠡ ᠲᠠᠯ᠎ᠠ ᠪᠠᠷ᠂ ᠢᠮᠠᠭᠲᠠ  ᠡᠮᠤᠨ᠎ᠡ ᠨᠢ ᠶᠠᠪᠤᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠥᠪ᠂ ᠥᠪᠡᠷᠲᠡᠭᠡᠨ

ᠵᠠᠰᠠᠬᠤ ᠣᠷᠣᠨ ᠪᠣᠯᠣᠨ ᠮᠠᠨ ᠤ ᠬᠤᠳᠠ ᠶᠢᠨ ᠡᠯ᠎ᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠶ᠎ᠠ ᠪᠠᠭᠰᠢ ᠳᠤ

ᠨᠠᠶᠢᠳᠠᠪᠤᠷᠢᠵᠢᠭᠤᠯᠤᠨ ᠦᠷ᠎ᠡ ᠵᠢᠮᠢᠰ ᠰᠠᠭᠤᠯᠭᠠᠬᠤ ᠶᠢ ᠠᠬᠢᠭᠤᠯᠪᠡ᠃

        ᠨᠢᠭᠡ ᠵᠢᠯ ᠤᠨ ᠲᠤᠷᠰᠢ᠂ ᠪᠢᠳᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠵᠤ᠂ ᠬᠥᠭᠵᠢᠯᠲᠡ ᠶᠢᠨ

ᠴᠢᠳᠠᠪᠤᠷᠢ ᠶᠢᠨ ᠲᠠᠰ ᠢ ᠶᠡᠭᠡ ᠪᠠᠷ ᠳᠡᠭᠡᠭᠰᠢᠯᠡᠭᠦᠯᠪᠡ᠃ ᠠᠷᠪᠠᠨ ᠶᠡᠭᠡ ᠠᠵᠤ ᠦᠢᠯᠡᠰ ᠤᠨ ᠴᠢᠭᠯᠡᠯ ᠲᠠᠢ ᠨᠢᠭᠲᠠ ᠤᠶᠠᠯᠳᠤᠭᠤᠯᠤᠨ ᠬᠤᠳᠠᠯᠳᠤᠭᠠᠴᠢᠨ ᠤᠷᠢᠬᠤ᠂

ᠪᠡᠯᠡ ᠣᠷᠣᠭᠤᠯᠤᠯᠲᠠ ᠶᠢ ᠠᠬᠢᠭᠤᠯᠬᠤ ᠶᠢ ᠠᠳᠬᠤᠵᠤ᠂ 270 ᠲᠥᠷᠥᠯ ᠵᠦᠢᠯ ᠢ ᠵᠣᠯᠭᠠᠭᠤᠯᠵᠤ᠂ 100 ᠲᠥᠷᠥᠯ ᠵᠦᠢᠯ ᠳᠤ ᠭᠡᠷ᠎ᠡ ᠲᠣᠭᠲᠠᠵᠤ᠂ 207

ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠵᠥᠪᠳᠡᠯᠴᠡᠭᠡᠷ ᠢᠶᠠᠷ ᠲᠡᠳᠡᠨ ᠠᠪᠴᠢᠷᠠᠪᠠ᠃ ᠳᠤᠮᠳᠠᠳᠤ ᠤᠯᠤᠰ ᠤᠨ ᠨᠡᠭᠦᠷᠡᠰᠦᠨ ᠤ ᠠᠵᠤ

ᠦᠢᠯᠡᠳᠪᠦᠷᠢ ᠶᠢᠨ ᠥᠪᠥᠷ ᠮᠣᠩᠭᠤᠯ ᠱᠠᠨᠰᠢ ᠶᠢᠨ ᠡᠨᠧᠷᠭᠢ ᠶᠢᠨ ᠪᠣᠷᠤᠯᠠᠭᠤᠯᠭ᠎ᠠ ᠶᠢᠨ ᠺᠣᠮᠫᠠᠨᠢ᠂  ᠦᠪᠤᠷ ᠮᠣᠩᠭᠤᠯ ᠤᠨ ᠪᠠᠷᠠᠭᠤᠨ ᠭᠡᠰᠡᠭ ᠤᠨ ᠨᠡᠭᠦᠷᠡᠰᠦ

ᠲᠡᠭᠡᠭᠡᠪᠦᠷᠢᠯᠡᠨ ᠪᠣᠷᠣᠯᠠᠭᠤᠯᠬᠤ ᠺᠣᠮᠫᠠᠨᠢ ᠵᠡᠷᠭᠡ 18 ᠠᠵᠤ ᠠᠬᠤᠶᠢᠯᠠᠯ ᠤᠨ ᠶᠡᠷᠦᠩᠬᠡᠢ ᠵᠠᠬᠢᠷᠭ᠎ᠠ ᠳᠤ ᠠᠮᠵᠢᠯᠲᠠ ᠲᠠᠢ ᠪᠠᠷ ᠤᠷᠤᠭᠤᠯᠤᠨ ᠠᠪᠴᠢᠷᠠᠵᠤ᠂ ᠳ᠋ᠢᠩ ᠱᠧᠩ

᠂ ᠮᠧᠶ ᠶᠤᠸᠠᠢ ᠵᠡᠷᠭᠡ ᠣᠳᠣᠨ ᠲᠠᠰ ᠤᠨ ᠪᠠᠭᠤᠳᠠᠯ ᠵᠠᠯᠭᠠᠭ᠎ᠠ ᠪᠠᠷ ᠪᠠᠶᠢᠭᠤᠯᠤᠭᠳᠠᠵᠤ᠂ ᠣᠶᠤᠨᠴᠢ ᠰᠦᠯᠵᠢᠶᠡᠨ ᠤ ᠬᠤᠯᠪᠣᠭ᠎ᠠ ᠶᠢᠨ ᠰᠢᠨ᠎ᠡ ᠶᠢ ᠡᠭᠦᠳᠬᠦ ᠲᠥᠪ᠂

ᠳ᠋ᠦᠩ ᠹᠠᠩ ᠭᠦᠸᠧ ᠰᠢᠨ ᠪᠣᠬᠢᠷᠳᠤᠯ ᠦᠭᠡᠢ ᠨᠡᠭᠦᠷᠡᠰᠦᠨ ᠤ ᠠᠮᠤᠷ ᠲᠦᠪᠰᠢᠨ ᠤ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠤ

ᠠᠬᠤᠶᠢᠯᠠᠯ ᠤᠷᠢᠳ ᠬᠤᠵᠢᠳ ᠫᠠᠶᠢᠰᠠ ᠡᠯᠭᠦᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠲᠥᠪ ᠵᠢᠩᠬᠢᠨᠢ ᠪᠠᠷ ᠡᠵᠡᠩᠨᠡᠯᠲᠡ ᠳᠤ ᠣᠷᠣᠵᠤ᠂

ᠬᠤᠲᠠ ᠶᠢᠨ ᠠᠵᠤ ᠠᠬᠤᠢ ᠶᠢᠨ ︽ᠲᠠᠰ ᠲᠡᠪᠰᠢᠯᠳᠡ︾ ᠳᠤ ᠰᠢᠨ᠎ᠡ ᠬᠦᠴᠤᠨ ᠨᠡᠮᠡᠪᠡ᠃ ︽  ᠳ᠋ᠦᠸᠧ ᠳ᠋ᠥᠸᠧ ᠫᠢᠡᠭ᠂ ᠺᠣᠳ᠋ ᠳᠡᠭᠡᠷᠡᠬᠢ ᠠᠮᠢᠳᠤᠷᠠᠯ︾ ᠨᠢ ᠪᠦᠬᠦ

ᠤᠯᠤᠰ ᠤᠨ ᠦᠨᠡᠨᠴᠢ ᠢᠲᠡᠭᠡᠮᠵᠢᠲᠡᠢ ᠪᠠᠷ ᠬᠤᠳᠠᠯᠳᠤᠭ᠎ᠠ ᠶᠢ ᠬᠥᠭᠵᠢᠭᠦᠯᠦᠭᠰᠡᠨ ᠬᠡᠷᠡᠭ ᠤᠨ ᠵᠢᠱᠢᠶ᠎ᠡ ᠪᠠᠷ ᠰᠣᠩᠭᠤᠭᠳᠠᠵᠤ᠂ ᠲᠠᠪᠴᠠᠩ ᠳᠤ ᠳᠠᠩᠰᠠᠯᠠᠭᠤᠯᠤᠭᠰᠠᠨ

ᠬᠥᠮᠥᠨ ᠤ ᠲᠤᠭ᠎ᠠ 100 ᠲᠦᠮᠡ ᠶᠢ ᠳᠠᠪᠠᠵᠤ᠂ ᠴᠢᠩᠳᠣᠣ ᠶᠢᠨ ᠯᠠᠶᠢᠰᠢ᠂ ᠬᠥᠬᠡᠬᠤᠲᠠ ᠶᠢᠨ ᠬᠤᠷᠢᠨᠭᠡᠷ ᠲᠤ ᠠᠮᠵᠢᠯᠲᠠ ᠲᠠᠢ ᠪᠠᠷ ᠰᠠᠭᠤᠷᠢᠰᠢᠵᠤ᠂ ᠬᠢᠶ᠎ᠠ ᠪᠠᠭᠰᠢ

ᠲᠤᠭᠠᠵᠢᠭᠤᠯᠤᠬᠰᠠᠨ ᠮᠡᠷᠭᠡᠵᠢᠯ ᠢ ᠭᠠᠳᠠᠭᠰᠢ ᠭᠠᠷᠭᠠᠬᠤ ᠰᠢᠨ᠎ᠡ ᠴᠠᠭ ᠦᠶ᠎ᠡ ᠶᠢ ᠡᠭᠦᠳᠴᠡᠢ᠃ ︽  ᠳ᠋ᠦᠸᠧ ᠳ᠋ᠦᠸᠧ ᠹᠠ︾ ᠬᠥᠮᠥᠷᠭᠡᠯᠡᠨ ᠬᠠᠳᠠᠭᠠᠯᠠᠬᠤ ᠪᠠᠷᠠᠭᠠᠨ ᠤ

ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠢ ᠵᠢᠩᠬᠢᠨᠢ ᠪᠠᠷ ᠠᠵᠢᠯᠯᠠᠭᠤᠯᠵᠤ᠂ ᠪᠡᠭᠡᠵᠢᠩ ᠲᠢᠶᠠᠨᠵᠢᠨ ᠾᠧᠪᠧᠢ ᠱᠠᠨᠳᠦ᠋ᠩ ᠤᠨ ᠣᠷᠳᠣᠰ ᠯᠤᠭ᠎ᠠ ᠶᠢᠨ ᠪᠠᠷᠠᠭᠠᠨ ᠤ

ᠭᠦᠢᠯᠭᠡᠭᠡᠨ ᠤ ᠤᠷᠴᠢᠯ ᠢ ᠨᠡᠪᠳᠡᠷᠡᠬᠦᠯᠪᠡ︔ ︽  ᠳ᠋ᠦᠸᠧ ᠳ᠋ᠦᠸᠧ ᠫᠢᠨ︾  ᠬᠦᠳᠡᠭᠡ ᠠᠵᠤ ᠠᠬᠤᠢ ᠶᠢ ᠳᠡᠮᠵᠢᠵᠦ ᠠᠷᠠᠳ ᠲᠤ ᠠᠰᠢᠭ ᠬᠦᠷᠲᠡᠭᠡᠬᠦ ᠡᠯᠧᠺᠲᠷᠣᠨ

ᠬᠤᠳᠠᠯᠳᠤᠭᠠᠨ ᠤ ᠲᠠᠪᠴᠠᠩ ᠢ ᠠᠮᠵᠢᠯᠲᠠ ᠲᠠᠢ ᠪᠠᠷ ᠰᠦᠯᠵᠢᠶᠡᠨ ᠳᠤ ᠣᠷᠣᠭᠤᠯᠵᠤ᠂ 8000 ᠭᠠᠷᠤᠢ ᠬᠠᠭᠤᠳᠠᠰᠤ ᠮᠠᠯ ᠲᠠᠷᠢᠶᠠᠯᠠᠩ ᠤᠨ ᠲᠤᠰᠠᠯᠠᠬᠤ

ᠪᠦᠲᠦᠭᠡᠭᠳᠡᠬᠦᠨ ᠢ ᠪᠣᠷᠣᠯᠠᠭᠤᠯᠬᠤ ᠳᠤ ᠲᠤᠰᠠᠯᠠᠪᠠ︔  ︽ᠳ᠋ᠦᠸᠧ ᠳ᠋ᠦᠸᠧ ᠶᠦᠨ︾ ᠨᠡᠭᠦᠷᠡᠰᠦᠨ ᠤ ᠣᠶᠤᠨᠴᠢ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ

ᠲᠤᠷᠰᠢᠯᠲᠠ ᠶᠢᠨ ᠴᠡᠭ ᠢᠶᠠᠷ ᠠᠵᠢᠯᠯᠠᠭᠤᠯᠪᠠ︔ ︽ᠳ᠋ᠦᠸᠧ ᠳ᠋ᠦᠸᠧ ᠲᠦᠷᠦᠯ ᠤᠬᠰᠠᠭ᠎ᠠ︾ ᠡᠳᠤᠷ ᠢᠷᠡᠬᠦᠶ᠎ᠡ ᠬᠦᠴᠤᠷᠭᠡᠭᠵᠢᠨ ᠪᠤᠵᠠᠭᠠᠶᠢᠷᠠᠵᠤ᠂ ᠬᠤᠳᠠ ᠶᠢᠨ

ᠲᠠᠪᠠᠯᠳᠠᠳᠤ ᠬᠦᠭᠵᠢᠯᠳᠡ  ᠳᠤ ᠲᠠᠰᠤᠷᠠᠯᠳᠠ ᠦᠭᠡᠢ ᠬᠦᠴᠤ ᠨᠡᠮᠡᠪᠡ᠃ ︽  ᠬᠠᠳᠠᠭ ᠳᠤᠬᠤᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ

ᠲᠡᠮᠳᠡᠭ ᠢ ᠨᠡᠶᠢᠲᠡᠯᠡᠵᠦ᠂ ︽ᠳᠤᠮᠳᠠᠳᠤ ᠤᠯᠤᠰ ᠤᠨ ᠤᠯᠠᠨ ᠨᠡᠶᠢᠲᠡ ᠶᠢᠨ ᠣᠷᠣᠨ ᠪᠦᠰᠡ ᠶᠢᠨ ᠲᠦᠷᠦᠯ ᠲᠡᠮᠳᠡᠭ ᠤᠨ ᠵᠢᠱᠢᠶ᠎ᠡ ᠦᠵᠡᠭᠦᠯᠬᠦ ᠰᠠᠭᠤᠷᠢᠨ︾ ᠢᠶᠠᠷ

ᠦᠨᠡᠯᠡᠭᠳᠡᠵᠦ᠂  ᠭᠠᠶᠢᠬᠠᠮᠰᠢᠬᠳᠤ ᠰᠠᠶᠢᠬᠠᠨ ᠬᠢᠶ᠎ᠠ  ᠪᠠᠭᠰᠢ ᠰᠢᠨ᠎ᠡ ᠳᠦᠷᠰᠦ ᠪᠠᠶᠢᠳᠠᠯ ᠢᠶᠠᠷ ᠤᠳᠤᠬᠢᠴᠢᠯᠠᠬᠰᠠᠨ  ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ 

ᠲᠡᠶᠢᠰᠢ ᠤᠷᠤᠭᠰᠢᠯᠠᠵᠤ ᠪᠤᠢ᠃

        ᠨᠢᠭᠡ ᠵᠢᠯ ᠤᠨ ᠲᠤᠷᠰᠢ᠂ ᠪᠢᠳᠡ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂

ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠪᠠ᠃ ︽  ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ

ᠠᠬᠢᠭᠤᠯᠵᠤ᠂ ︽ᠬᠤᠣᠰ 100 ᠶᠢ ᠬᠠᠭᠠᠰ ᠢᠶᠠᠷ ᠬᠠᠰᠤᠬᠤ︾ ᠪᠠ ︽ᠬᠤᠣᠰ 100 ᠶᠢ ᠰᠢᠯᠢᠳᠡᠭᠵᠢᠭᠦᠯᠬᠦ︾ ᠶᠢ ᠰᠢᠨ᠎ᠡ ᠪᠠᠷ ᠡᠭᠦᠳᠦᠨ ᠥᠷᠨᠢᠭᠦᠯᠵᠦ᠂ 822

ᠵᠦᠢᠯ ᠤᠨ ᠵᠠᠰᠠᠭ ᠤᠨ ᠶᠠᠪᠤᠳᠠᠯ ᠤᠨ ᠵᠦᠢᠯᠡᠰ ᠢ ︽ᠪᠠᠷᠢᠨ ᠭᠦᠢᠴᠡᠳᠬᠡᠬᠦ︾ ᠶᠢ ᠪᠡᠶᠡᠯᠡᠭᠦᠯᠵᠦ᠂ ᠭᠦᠢᠴᠡᠳᠬᠡᠬᠦ ᠭᠤᠭᠴᠤᠭ᠎ᠠ ᠶᠢ 62% ᠢᠶᠠᠷ ᠪᠠᠭᠠᠰᠬᠠᠨ᠂ ᠠᠵᠤ

ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠵᠠᠰᠠᠭ ᠪᠠ ᠠᠵᠤ ᠠᠬᠤᠶᠢᠯᠠᠯ ᠢ ᠵᠣᠯᠭᠠᠭᠤᠯᠬᠤ

︽ᠥᠷᠯᠥᠭᠡ ᠶᠢᠨ ᠬᠤᠭᠤᠯᠠᠯᠭ᠎ᠠ︾᠂ ︽ᠦᠳᠡ ᠶᠢᠨ ᠬᠤᠶᠢᠨᠠᠬᠢ ᠴᠠᠶᠢᠯᠠᠯᠭ᠎ᠠ︾ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠲᠠᠢ

ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠪᠡ᠃  ︽ᠳᠥᠷᠪᠡ ᠶᠢ  ᠬᠦᠢᠴᠡᠳᠭᠡᠬᠦ︾  ᠠᠵᠢᠯ ᠢᠯᠡᠳᠲᠡ ᠦᠷ᠎ᠡ ᠪᠦᠲᠦᠮᠵᠢ ᠣᠯᠵᠤ᠂ ᠥᠪᠡᠷᠲᠡᠭᠡᠨ

ᠵᠠᠰᠠᠬᠤ ᠣᠷᠣᠨ ᠤ ︽ᠰᠠᠶ᠋ᠢ ᠲᠥᠷᠥᠭᠰᠡᠨ ᠬᠡᠦᠬᠡᠳ  ᠤᠨ ᠨᠢᠭᠡ ᠤᠴᠢᠷ︾ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠤᠷᠢᠳᠠᠪᠠᠷ

ᠪᠡᠶᠡᠯᠡᠬᠦᠯᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠵᠦ᠂

ᠲᠤᠭᠤᠷᠢᠭ ᠤᠨ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ 10 ᠪᠣᠯᠣᠨ ᠨᠡᠮᠡᠭᠳᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ

ᠠᠰᠢᠭ ᠬᠤᠨᠵᠢᠪᠤᠷᠢ ᠶᠢ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ ᠦᠨᠳᠤᠰᠤᠨ ᠳᠡᠭᠡᠨ ᠪᠠᠶᠠᠯᠠᠬᠦᠯᠪᠡ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ︽ᠭᠡᠷ

ᠪᠠᠶᠢᠰᠢᠩ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠥᠭᠡᠷᠡᠴᠢᠯᠡᠯᠲᠡ ᠶᠢᠨ ᠲᠤᠷᠰᠢᠯᠲᠠ ᠠᠮᠵᠢᠯᠲᠠ ᠣᠯᠵᠤ᠂ ᠣᠯᠠᠨ ᠲᠦᠮᠡᠨ ᠤ ᠭᠡᠷ ᠪᠠᠶᠢᠰᠢᠩ ᠬᠤᠳᠠᠯᠳᠤᠨ

ᠠᠪᠴᠤ ᠦᠨᠡᠮᠯᠡᠯ ᠠᠪᠬᠤ ᠳᠤ ︽ᠴᠠᠭ ᠤᠨ ᠵᠥᠷᠢᠶ᠎ᠡ ᠦᠭᠡᠢ︾ ᠪᠠᠶᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠪᠡ᠃ ᠴᠢᠳᠠᠪᠤᠷᠢᠲᠠᠨ᠂ ᠰᠢᠨᠵᠢᠯᠡᠬᠦ ᠤᠬᠠᠭᠠᠨ

ᠮᠡᠷᠭᠡᠵᠢᠯ ᠤᠨ ᠰᠢᠨ᠎ᠡ ᠡᠬᠦᠳᠤᠯᠳᠡ᠂ ᠮᠥᠩᠭᠦᠨ ᠭᠦᠢᠯᠭᠡᠭᠡ ᠵᠡᠷᠭᠡ ᠶᠢᠨ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠤᠷᠢᠳ ᠬᠤᠵᠢᠳ ᠨᠡᠶᠢᠲᠡᠯᠡᠵᠦ᠂ ᠴᠢᠨᠠᠷ

ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠲᠦᠷᠦ ᠶᠢᠨ ᠪᠣᠳᠣᠯᠭ᠎ᠠ ᠶᠢᠨ ᠲᠤᠬᠳᠠᠯᠴᠠᠭ᠎ᠠ ᠡᠳᠦᠷ ᠢᠷᠡᠬᠦᠶ᠎ᠡ ᠲᠡᠭᠦᠯᠳᠡᠷᠵᠢᠪᠡ᠃ ᠳᠣᠯᠣᠳᠤᠭᠠᠷ ᠬᠤᠭᠤᠴᠠᠭᠠᠨ ᠤ

ᠴᠢᠩᠬᠤᠸᠠ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠨᠠᠶᠢᠵᠠ ᠶᠢᠨ ᠬᠤᠷᠠᠯ ᠤᠨ ᠭᠤᠷᠪᠠᠨ ᠡᠭᠦᠳᠦᠯᠲᠡ ᠶᠢᠨ ᠤᠷᠤᠯᠳᠤᠭᠠᠨ ᠤ AI ᠲᠣᠮᠣ ᠳ᠋ᠠᠶᠢᠲ᠋ᠠ ᠶᠢᠨ ᠪᠥᠬᠦ

ᠪᠥᠮᠪᠥᠷᠴᠡᠭ ᠤᠨ ᠰᠢᠢᠳᠪᠦᠷᠢᠲᠦ ᠤᠷᠤᠯᠳᠤᠭᠠᠨ᠂ ᠳᠤᠮᠳᠠᠳᠤ ᠤᠯᠤᠰ ᠤᠨ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠥᠪᠥᠷ ᠮᠣᠩᠭᠤᠯ ᠤᠨ

ᠣᠷᠳᠣᠰ ᠲᠠᠬᠢ ᠠᠭᠤᠯᠵᠠᠯᠲᠠ ᠶᠢᠨ ᠴᠤᠭᠯᠠᠭᠠᠨ ᠵᠡᠷᠭᠡ ᠬᠤᠷᠠᠯ ᠦᠵᠡᠰᠬᠦᠯᠡᠩ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ︽ᠳᠤᠮᠳᠠᠳᠤ ᠤᠯᠤᠰ ᠤᠨ

ᠰᠦᠯᠵᠢᠶᠡᠨ ᠤᠳᠤᠨ ᠤ ᠳᠠᠯᠳᠠ ᠬᠦᠴᠦᠨ ᠪᠦᠬᠦᠢ ᠰᠢᠨ᠎ᠡ ᠣᠳᠣᠨ ᠬᠤᠲᠠ︾ ᠪᠠᠷ ᠦᠨᠡᠯᠡᠭᠳᠡᠵᠦ᠂ ᠬᠤᠲᠠ ᠶᠢᠨ ᠨᠡᠷ᠎ᠡ ᠲᠦᠷᠦ᠂  ᠢᠷᠠᠭᠤ ᠠᠯᠳᠠᠷ᠂ ᠨᠥᠯᠥᠭᠡᠯᠡᠬᠦ

ᠬᠦᠴᠦᠨ ᠢᠯᠡᠳᠲᠡ ᠳᠡᠭᠡᠭᠰᠢᠯᠡᠪᠡ᠃

        ᠨᠢᠭᠡ ᠵᠢᠯ ᠤᠨ ᠲᠤᠷᠰᠢ᠂ ᠪᠢᠳᠡ ᠴᠡᠴᠡᠷᠯᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠴᠢᠩᠭᠠᠳᠬᠠᠵᠤ᠂

ᠬᠤᠲᠠ ᠶᠢᠨ ᠴᠢᠨᠠᠷ ᠲᠡᠰ  ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ︽ᠭᠤᠷᠪᠠᠨ ᠣᠷᠣᠨ ᠵᠠᠢ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠪᠠ ᠤᠯᠤᠰ ᠤᠨ

ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠲᠠ ᠶᠢᠨ ᠠᠯᠤᠰ

ᠬᠡᠲᠦ ᠶᠢᠨ ᠬᠥᠭᠵᠢᠯᠲᠡ ᠳᠤ ᠭᠠᠵᠠᠷ ᠰᠢᠷᠣᠢ ᠶᠢᠨ ᠬᠦᠴᠦᠨ ᠵᠦᠢᠯ ᠤᠨ ᠭᠦᠢᠴᠡᠳ ᠪᠠᠲᠤᠯᠠᠭ᠎ᠠ ᠶᠢ ᠬᠠᠨᠭ᠍ᠭᠠᠪᠠ᠃ ᠦᠨᠳᠦᠰᠦᠨ ᠬᠠᠤᠯᠢ ᠶᠢᠨ ᠴᠡᠴᠡᠷᠯᠢᠭ᠂ ᠪᠡᠶ᠎ᠡ ᠶᠢᠨ

ᠲᠠᠮᠢᠷ ᠤᠨ ᠴᠡᠴᠡᠷᠯᠢᠭ ᠵᠡᠷᠭᠡ 6 ᠭᠤᠣᠯ ᠰᠡᠳᠦᠪᠲᠦ ᠴᠡᠴᠡᠷᠯᠢᠭ ᠢ ᠡᠬᠢᠯᠡᠨ ᠪᠦᠲᠦᠭᠡᠨ ᠪᠠᠶᠢᠭᠤᠯᠵᠤ᠂ 25.8 ᠲᠦᠮᠡᠨ ᠲᠡᠭᠰᠢ ᠳᠥᠷᠪᠡᠯᠵᠢᠨ ᠮᠧᠲᠷ ᠨᠡᠭᠡᠭᠡᠯᠲᠡᠲᠤ

ᠵᠦᠯᠭᠡ᠂ 710 ᠮᠦ ᠴᠡᠴᠡᠭ ᠤᠨ ᠬᠦᠷᠢᠶᠠᠯᠡᠭ᠂ 30  ᠺᠢᠯᠤᠮᠧᠲᠷ ᠶᠠᠪᠠᠭᠠᠨ ᠶᠠᠪᠤᠬᠤ ᠵᠠᠮ ᠢ ᠪᠦᠲᠦᠭᠡᠨ ᠪᠠᠶᠢᠭᠤᠯᠵᠤ᠂ ᠴᠡᠴᠡᠷᠯᠢᠭ᠂ ᠴᠡᠴᠡᠭ ᠤᠨ ᠬᠦᠷᠢᠶᠠᠯᠠᠩ᠂

ᠤᠶᠢᠵᠢᠭᠤᠯᠤᠬᠰᠠᠨ ᠵᠠᠮ ᠠᠭᠠᠵᠢᠮ ᠢᠶᠠᠷ ᠬᠤᠳᠠ ᠶᠢᠨ ᠠᠷᠠᠳ ᠤᠨ ᠵᠤᠭ᠎ᠠ ᠴᠡᠩᠭᠡᠯ ᠤᠨ ᠴᠢᠬᠤᠯᠠ ᠠᠴᠢᠶᠠᠯᠠᠪᠤᠷᠢ ᠪᠣᠯᠪᠠ᠃ 7  ᠰᠠᠭᠤᠭᠠᠯᠢ ᠠᠷᠠᠳ ᠤᠨ

ᠲᠣᠭᠤᠷᠢᠭ ᠤᠨ ᠣᠯᠠᠨ ᠨᠡᠶᠢᠲᠡ ᠶᠢᠨ ᠰᠠᠭᠤᠷᠢ ᠲᠦᠬᠦᠭᠡᠷᠤᠮᠵᠢ ᠶᠢ ᠲᠡᠰᠵᠢᠬᠦᠯᠤᠨ ᠦᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠨᠢᠭᠡᠨᠲᠡ ᠠᠰᠢᠬᠯᠠᠯᠳᠠ ᠳᠤ

ᠤᠷᠤᠬᠰᠠᠨ ᠪᠠᠷᠢᠯᠭ᠎ᠠ ᠳᠤ 52 ᠴᠠᠬᠢᠯᠭᠠᠨ ᠱᠠᠲᠤ ᠨᠡᠮᠡᠵᠦ  ᠤᠬᠰᠠᠷᠠᠨ᠂ ᠲᠡᠩᠭᠡᠯᠢᠭ ᠠᠭᠤᠳᠠᠮ ᠲᠠᠯᠠᠪᠠᠶ ᠶᠢᠨ ᠤᠲᠠᠰᠤ ᠦᠭᠡᠢ ᠰᠦᠯᠵᠢᠶ᠎ᠡ ᠶᠢ ᠭᠦᠨᠵᠡᠭᠡᠢ

ᠪᠦᠷᠬᠦᠭᠦᠯᠬᠦ ᠶᠢ ᠪᠡᠶᠡᠯᠡᠭᠦᠯᠵᠦ᠂ ᠬᠤᠲᠠ ᠶᠢᠨ ᠣᠷᠣᠰᠢᠨ ᠰᠠᠭᠤᠬᠤ ᠳᠤ ᠲᠠᠭᠠᠯᠠᠮᠵᠢᠳᠠᠢ ᠪᠠᠶᠢᠬᠤ ᠴᠢᠨᠠᠷ ᠲᠡᠰ ᠢ ᠶᠡᠭᠡ ᠪᠠᠷ ᠳᠡᠭᠡᠭᠰᠢᠯᠡᠭᠦᠯᠪᠡ᠃ ︽  ᠳ᠋ᠦᠸᠧ ᠳ᠋ᠦᠸᠧ

ᠫᠢᠡᠭ᠂ ᠺᠣᠳ᠋ ᠢᠶᠠᠷ ᠵᠠᠰᠠᠬᠤ︾ ᠬᠡᠷᠡᠭᠯᠡᠭᠡᠨ ᠤ ᠪᠠᠶᠢᠳᠠᠯ ᠡᠳᠦᠷ ᠢᠷᠡᠬᠦᠶ᠎ᠡ ᠪᠠᠶᠠᠯᠢᠭᠵᠢᠵᠤ᠂ ᠨᠡᠭᠦᠳᠡᠯ ᠮᠠᠶᠢᠮᠠᠶᠢᠴᠢᠨ᠂ ᠴᠠᠬᠢᠯᠭᠠᠨ ᠬᠥᠳᠡᠯᠭᠡᠭᠦᠷᠲᠦ ᠳᠤᠭᠤᠢ

ᠲᠡᠷᠭᠡ ᠶᠢᠨ ᠬᠠᠮᠢᠶᠠᠷᠤᠯᠲᠠ ᠵᠡᠷᠭᠡ ᠬᠦᠴᠢᠷ ᠠᠰᠠᠭᠤᠳᠠᠯ ᠠᠮᠠᠷᠬᠠᠨ ᠰᠢᠢᠳᠪᠦᠷᠢᠯᠡᠭᠳᠡᠵᠦ᠂ ᠬᠤᠳᠠ ᠶᠢᠨ ᠨᠠᠷᠢᠯᠢᠭ ᠵᠠᠰᠠᠯᠲᠠ ᠶᠢ ᠤᠶᠤᠨᠵᠢᠭᠤᠯᠬᠤ ᠲᠠᠶᠢᠰᠢ

ᠤᠷᠤᠭᠰᠢᠯᠠᠭᠤᠯᠪᠠ᠃

         ᠨᠢᠭᠡ ᠵᠢᠯ ᠤᠨ ᠲᠤᠷᠰᠢ᠂ ᠪᠢᠳᠡ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠠᠮᠢ

ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠲᠣᠪᠣᠶᠢᠮ᠎ᠠ ᠪᠣᠯᠪᠠ᠃ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ

ᠭᠠᠳᠠᠬᠰᠢᠯᠠᠭᠤᠯᠤᠯᠳᠠ ᠶᠢ ᠪᠠᠭᠠᠰᠬᠠᠬᠤ ᠳᠤ ᠬᠠᠮᠵᠢᠯᠴᠠᠨ ᠬᠦᠴᠦᠯᠡᠵᠦ᠂ ᠪᠦᠬᠦ ᠵᠢᠯ ᠤᠨ ᠠᠭᠠᠷ ᠮᠠᠨᠳᠠᠯ ᠤᠨ ᠰᠢᠯᠢᠳᠡᠭ ᠨᠤᠷᠮ᠎ᠠ 90.1% ᠳᠤ ᠬᠦᠷᠴᠦ᠂ ᠠᠳᠠᠯᠢ

ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 4.2 ᠬᠤᠪᠢ ᠳᠡᠭᠡᠭᠰᠢᠯᠡᠪᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠥᠬᠦ

ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠭᠠᠨᠮᠥ᠋ᠷᠡᠨ ᠤ ᠤᠰᠤᠨ ᠤ ᠴᠢᠨᠠᠷ ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠶᠢ ᠪᠠᠶᠢᠭᠤᠯᠵᠤ᠂ ᠬᠢᠵᠠᠭᠠᠷ ᠳᠣᠲᠣᠷᠠᠬᠢ ᠭᠤᠣᠯ

ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠤᠰᠤᠨ ᠤ ᠴᠢᠨᠠᠷ ᠢ ᠭᠠᠵᠠᠷ ᠳᠡᠭᠡᠷᠡᠬᠢ ᠤᠰᠤᠨ ᠤ Ⅲ ᠲᠥᠷᠥᠯ ᠤᠨ ᠪᠠᠷᠢᠮᠵᠢᠶ᠎ᠠ ᠳᠤ ᠲᠣᠭᠲᠠᠭᠤᠨ ᠢᠶᠠᠷ

ᠬᠦᠷᠭᠡᠪᠡ᠃ ᠪᠥᠬᠦ ᠵᠢᠯ ᠤᠨ ᠬᠤᠷ᠎ᠠ ᠲᠤᠨᠳᠠᠰᠤᠨ ᠤ ᠬᠡᠮᠵᠢᠶ᠎ᠡ 463 ᠮᠢᠯᠢᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠨ᠂

ᠬᠡᠰᠡᠭ ᠭᠠᠵᠠᠷ ᠤᠨ ᠳᠤᠯᠠᠭᠠᠨ ᠴᠢᠭᠢᠭᠯᠢᠭ ᠠᠭᠤᠷ ᠠᠮᠢᠰᠬᠤᠯ ᠡᠳᠦᠷ ᠢᠷᠡᠬᠦᠶ᠎ᠡ ᠪᠠᠬᠢᠵᠢᠪᠡ᠃ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ

ᠦᠷ᠎ᠡ ᠪᠦᠲᠦᠮᠵᠢ ᠢᠯᠡᠳᠲᠡ ᠪᠣᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠭᠰᠡᠨ ᠨᠣᠷᠮ᠎ᠠ 100% ᠳᠤ ᠬᠥᠷᠪᠡ

᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠬᠤ ᠠᠵᠢᠯ ᠤᠨ ᠪᠠᠶᠢᠴᠠᠭᠠᠯᠳᠠ ᠶᠢ

ᠤᠬᠳᠤᠬᠤ ᠠᠵᠢᠯ ᠢ ᠲᠡᠭᠦᠰ ᠠᠮᠵᠢᠯᠳᠠ ᠲᠠᠢ ᠪᠡᠶᠡᠯᠡᠬᠦᠯᠪᠡ᠃ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠬᠤᠳᠠ ᠪᠠᠷ ᠦᠨᠡᠯᠡᠭᠳᠡᠵᠦ᠂ ᠨᠤᠮᠢᠨ ᠲᠠᠩᠰᠤᠭ

ᠦᠡᠭᠭᠡ ᠨᠢ ᠨᠢᠭᠡᠨᠲᠡ ᠬᠢᠶ᠎ᠠ ᠪᠠᠭᠰᠢ  ᠶᠢᠨ ᠴᠢᠨᠠᠷ ᠰᠠᠶᠢᠲᠠᠢ ᠬᠥᠭᠵᠢᠯᠲᠡ ᠶᠢᠨ ᠢᠯᠠ ᠲᠣᠳᠣ ᠥᠩᠭᠡ ᠪᠣᠯᠤᠭᠰᠠᠨ ᠪᠠᠶᠢᠨ᠎ᠠ᠃

          ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠤᠨ

ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ 1.2 ᠳ᠋ᠦᠩᠰᠢᠭᠤᠷ ᠲᠥᠭᠦᠷᠢᠭ ᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ

ᠨᠥᠬᠦᠪᠦᠷᠢ᠂ ᠵᠡᠮᠳᠡᠭᠴᠦᠳ ᠤᠨ ᠦᠢᠯᠡᠰ᠂ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠵᠡᠷᠭᠡ ᠳᠤ ᠬᠡᠷᠡᠭᠯᠡᠵᠦ᠂ ᠨᠡᠶᠢᠭᠡᠮ ᠤᠨ ᠦᠨᠳᠦᠰᠦᠨ ᠵᠦᠢᠯ ᠢ ᠪᠠᠲᠤᠯᠠᠬᠤ

ᠪᠠᠲᠤᠯᠠᠭ᠎ᠠ ᠶᠢᠨ ᠴᠢᠳᠠᠪᠤᠷᠢ ᠶᠢ ᠢᠯᠡᠳᠲᠡ ᠴᠢᠩᠭᠠᠳᠬᠠᠪᠠ᠃ ︽ᠳᠤᠮᠳᠠᠳᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠨᠠᠷᠠᠲᠤ ᠬᠤᠲᠠ ᠶᠢᠨ ᠪᠦᠲᠦᠭᠡᠨ

ᠪᠠᠶᠢᠭᠤᠯᠤᠯᠲᠠ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ  ᠬᠦᠩᠭᠡᠷᠡᠬᠦᠯᠬᠦ︾ ᠠᠵᠢᠯ ᠢ

ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠳᠤ

ᠣᠷᠣᠭᠤᠯᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠵᠢᠱᠢᠶ᠎ᠡ ᠦᠵᠡᠭᠦᠯᠬᠦ ᠣᠷᠣᠨ ᠢ ᠰᠢᠯᠭᠠᠨ

ᠠᠪᠬᠤ ᠨᠥᠬᠦᠴᠡᠯ ᠢ ᠪᠦᠷᠢᠳᠤᠬᠦᠯᠪᠡ᠃ ᠵᠦᠵᠢᠶᠠᠩ ᠨᠡᠶᠢᠭᠡᠮ ᠲᠣᠭᠤᠷᠢᠭ᠂  ᠡᠩᠭᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ

ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 15 ᠮᠢᠨᠦ᠋ᠲ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠣᠭᠤᠷᠢᠭ ᠢ ᠦᠨᠳᠦᠰᠦᠨ ᠳᠡᠭᠡᠨ ᠪᠠᠶᠢᠭᠤᠯᠵᠤ

ᠳᠠᠭᠤᠰᠬᠠᠪᠠ᠃ 4 ᠨᠡᠶᠢᠭᠡᠮ ᠲᠣᠭᠤᠷᠢᠭ ︽ᠬᠤᠶᠠᠳᠤᠭᠠᠷ ᠪᠦᠯᠦᠭ ᠤᠨ ᠤᠯᠤᠰ ᠤᠨ ᠲᠠᠰ ᠤᠨ ᠬᠤᠲᠠ ᠶᠢᠨ ᠨᠢᠭᠡ ᠮᠥᠴᠡ  ᠶᠢᠨ ᠠᠷᠠᠳ ᠲᠤ ᠲᠥᠬᠦᠮ

ᠦᠵᠡᠭᠦᠯᠬᠦ ᠠᠮᠢᠳᠤᠷᠠᠯ ᠤᠨ  ᠴᠠᠭᠠᠷᠢᠭ ᠤᠨ ᠲᠤᠷᠰᠢᠯᠲᠠ︾ ᠳᠤ ᠰᠣᠩᠭᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠳᠠ ᠶᠢᠨ

ᠤᠯᠠᠭᠠᠨᠮᠥ᠋ᠴᠢᠷ ᠤᠨ ᠡᠩᠨᠡᠭᠡ ᠶᠢ ᠵᠢᠩᠬᠢᠨᠢ ᠪᠠᠷ ᠵᠣᠬᠢᠶᠠᠨ ᠪᠠᠶᠢᠭᠤᠯᠵᠤ᠂ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ ᠶᠢ 190 ᠭᠠᠷᠤᠢ ᠲᠠᠯᠠᠪᠤᠷ ᠤᠳᠠᠭ᠎ᠠ

ᠥᠷᠨᠢᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠡᠳᠦᠷ ᠢᠷᠡᠬᠦᠶ᠎ᠡ  ᠪᠠᠶᠠᠯᠢᠬᠵᠢᠪᠠ᠃ 23 ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ

ᠲᠥᠷᠥᠯ ᠵᠦᠢᠯ ᠢ ᠡᠮᠬᠢ ᠵᠢᠷᠤᠮ ᠲᠠᠢ ᠪᠦᠲᠦᠭᠡᠨ ᠪᠠᠶᠢᠭᠤᠯᠵᠤ᠂ ᠪᠧᠢ ᠴᠧᠨ ᡁᠢ ᠰᠢᠩ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠤᠰᠢᠶᠠᠨ ᠥᠭᠴᠦ

ᠭᠡᠷᠡᠭᠯᠡᠬᠦᠯᠵᠤ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠪᠠᠶᠢᠭᠤᠯᠤᠨ ᠠᠰᠢᠭᠯᠠᠯᠲᠠ ᠳᠤ  ᠤᠷᠤᠭᠤᠯᠵᠤ᠂ ᠣᠯᠠᠨ ᠪᠡᠶᠡᠴᠢ ᠴᠣᠭᠴᠠ ᠬᠠᠨᠭ᠍ᠭᠠᠬᠤ᠂ ᠣᠯᠠᠨ ᠠᠷᠭ᠎ᠠ

ᠵᠠᠮ ᠢᠶᠠᠷ ᠪᠠᠳᠤᠯᠠᠬᠤ ᠣᠷᠣᠨ ᠰᠠᠭᠤᠴᠠ ᠶᠢᠨ ᠲᠤᠬᠳᠠᠯᠴᠠᠭ᠎ᠠ ᠶᠢ ᠦᠨᠳᠦᠰᠦᠨ ᠳᠡᠭᠡᠨ ᠪᠦᠷᠢᠯᠳᠦᠭᠦᠯᠪᠡ᠃ ᠬᠤᠶᠠᠳᠤᠭᠠᠷ ᠬᠤᠭᠤᠴᠠᠭᠠᠨ ᠤ ᠠᠩᠬᠠᠳᠤᠭᠠᠷ

ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 8 ᠵᠦᠢᠯ ᠤᠨ ᠪᠢᠯᠧᠲ ᠦᠭᠴᠤ  ᠪᠠᠳᠤᠯᠠᠬᠰᠠᠨ ᠠᠷᠠᠳ ᠤᠨ ᠠᠮᠢᠳᠤᠷᠠᠯ ᠤᠨ ᠪᠣᠳᠠᠲᠤ

ᠶᠠᠪᠤᠳᠠᠯ ᠤᠨ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠳᠠ ᠶᠢᠨ ᠠᠷᠠᠳ ᠤᠨ ᠪᠤᠶᠠᠨ ᠭᠡᠰᠢᠭ ᠤᠨ

ᠲᠥᠪ ᠤᠨ ᠪᠦᠲᠦᠭᠡᠨ ᠪᠠᠶᠢᠭᠤᠯᠤᠯᠲᠠ ᠶᠢ ᠨᠢᠮᠪᠠᠢ ᠪᠠᠶᠠᠯᠠᠬᠦᠯᠪᠡ᠃

         ᠨᠢᠭᠡ ᠵᠢᠯ ᠤᠨ ᠲᠤᠷᠰᠢ᠂ ᠪᠢᠳᠡ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠨᠢᠭᠡᠳᠦᠯᠲᠡᠢ

ᠲᠥᠯᠥᠪᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠩᠭᠤᠢ ᠲᠣᠭᠲᠠᠭᠤᠨ ᠪᠠᠶᠢᠯᠭᠠᠪᠠ᠃ ᠠᠮᠤᠭᠤᠯᠠᠩ ᠬᠢᠶ᠎ᠠ ᠪᠠᠭᠰᠢ ᠶᠢᠨ ᠪᠦᠲᠦᠭᠡᠨ ᠪᠠᠶᠢᠭᠤᠯᠤᠯᠲᠠ

ᠳᠠᠬᠢᠨᠲᠠ ᠰᠢᠨ᠎ᠡ ᠳᠡᠭᠲᠡᠷ ᠲᠤ ᠭᠠᠷᠴᠤ᠂ ᠠᠮᠢᠨ ᠬᠡᠷᠡᠭ ᠦᠷᠭᠦᠯᠵᠢᠯᠡᠨ ᠦᠯᠦ ᠭᠠᠷᠴᠤ᠂ ᠠᠮᠤᠭᠤᠯᠠᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ

ᠵᠢᠱᠢᠶ᠎ᠡ ᠦᠵᠡᠭᠦᠯᠬᠦ ᠬᠤᠰᠢᠭᠤ ᠰᠢᠶᠠᠨ ᠢᠶᠠᠷ ᠦᠨᠡᠯᠡᠭᠳᠡᠪᠡ᠃ ᠦᠨᠳᠦᠰᠦᠨ ᠱᠠᠲᠤᠨ ᠤ ᠣᠶᠤᠨᠴᠢ ᠵᠠᠰᠠᠯᠲᠠ ᠶᠢᠨ ᠰᠢᠨ᠎ᠡ ᠳᠠᠪᠠᠯᠲᠠ ᠶᠢ ᠪᠡᠶᠡᠯᠡᠭᠦᠯᠵᠦ᠂ ︽ᠺᠣᠳ᠋

ᠳᠡᠭᠡᠷ᠎ᠡ ᠵᠥᠪᠳᠡᠯᠴᠡᠬᠦ︾᠂ ᠨᠡᠶᠢᠭᠡᠮ ᠲᠣᠭᠤᠷᠢᠭ ᠤᠨ ᠠᠰᠠᠭᠤᠳᠠᠯ ᠢ ᠰᠦᠯᠵᠢᠶᠡᠨ ᠳᠡᠭᠡᠷ᠎ᠡ ᠦᠨᠡᠯᠡᠬᠦ᠂ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠰᠦᠯᠵᠢᠶᠡᠨ

ᠳᠡᠭᠡᠷ᠎ᠡ ᠪᠢᠯᠧᠲ ᠥᠭᠴᠦ ᠪᠠᠳᠤᠯᠠᠬᠤ᠂ ᠺᠠᠳ᠋ᠷ ᠲᠤ ︽ᠨᠢᠭᠡ ᠬᠥᠮᠥᠨ ᠳᠤ ᠨᠢᠭᠡ ᠺᠣᠳ᠋ ᠣᠯᠭᠤᠬᠤ︾ ᠦᠢᠯᠡᠴᠢᠯᠡᠭᠡᠨ ᠤ ᠦᠨᠡᠯᠡᠯᠲᠡ ᠶᠢᠨ ᠲᠣᠭᠲᠠᠴᠠ ᠶᠢ ᠬᠡᠪ ᠤᠨ

ᠪᠠᠶᠢᠳᠠᠯ ᠢᠶᠠᠷ ᠤᠷᠳᠤ ᠬᠤᠭᠤᠴᠠᠭ᠎ᠠ ᠪᠦᠲᠦᠮᠵᠢᠲᠡᠢ ᠶᠠᠪᠤᠭᠳᠠᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠪᠠᠶᠢᠳᠠᠯ ᠢ

ᠬᠠᠮᠠᠭᠠᠯᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠵᠠᠬᠢᠳᠠᠯ ᠰᠤᠷᠪᠤᠯᠵᠢᠯᠠᠯ ᠤᠨ ︽ᠡᠶ᠎ᠡ ᠵᠤᠬᠢᠴᠠᠯᠳᠤ ᠰᠠᠭᠤᠷᠢ ᠮᠥᠩᠭᠦ︾ ᠶᠢ ᠰᠢᠨ᠎ᠡ ᠪᠠᠷ ᠡᠭᠦᠳᠦᠨ

ᠪᠠᠶᠢᠭᠤᠯᠵᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠪᠦᠲᠦᠮᠵᠢᠲᠡᠶ ᠪᠠᠷ ᠠᠬᠢᠭᠤᠯᠪᠠ᠃ ᠠᠶᠤᠯᠭᠦᠢ ᠦᠢᠯᠡᠳᠪᠦᠷᠢᠯᠡᠯ ᠤᠨ

ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ

ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂

ᠴᠡᠷᠢᠭ ᠠᠴᠠ ᠬᠠᠯᠠᠬᠳᠠᠬᠰᠠᠳ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ

ᠡᠪᠬᠡᠮᠡᠯ ᠤᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠰᠢᠨ᠎ᠡ ᠠᠮᠵᠢᠯᠲᠠ ᠣᠯᠵᠤ᠂ ᠠᠵᠢᠯᠴᠢᠨ ᠤ ᠡᠪᠯᠡᠯ᠂ ᠡᠪ ᠬᠠᠮᠲᠤ

ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠦᠳ ᠪᠠ ᠬᠤᠶᠢᠴᠢ ᠦᠶ᠎ᠡ ᠶᠢᠨ ᠬᠢᠨ ᠢ

ᠬᠠᠯᠠᠮᠵᠢᠯᠠᠬᠤ ᠵᠡᠷᠭᠡ ᠠᠵᠢᠯ ᠰᠢᠨ᠎ᠡ ᠲᠠᠪᠰᠢᠯᠳᠠ ᠲᠠᠢ ᠪᠣᠯᠪᠠ᠃

ᠨᠢᠭᠡ ᠵᠢᠯ ᠤᠨ ᠲᠤᠷᠰᠢ᠂ ᠪᠢᠳᠡ ᠡᠷᠡᠰ ᠭᠤᠶᠢᠪᠢᠰᠢ ᠦᠭᠡᠢ ᠪᠠᠷ ᠨᠠᠮ ᠤᠨ ᠤᠳᠤᠷᠢᠳᠤᠯᠭ᠎ᠠ ᠶᠢ ᠢᠮᠠᠭᠲᠠ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠲᠤᠰ

ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠯ᠎ᠡ ᠱᠠᠲᠤᠨ ᠤ

ᠲᠣᠭᠤᠷᠢᠨ ᠬᠢᠨᠠᠨ ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠳᠠ ᠳᠤ ᠬᠠᠤᠯᠢᠵᠢᠯ

ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠡᠩ ᠲᠡᠷᠢᠭᠦᠨ ᠳᠤ ᠪᠠᠶᠢᠭᠤᠯᠵᠤ᠂ ︽ᠥᠪᠡᠷᠲᠡᠭᠡᠨ ᠵᠠᠰᠠᠬᠤ ᠣᠷᠣᠨ ᠤ

ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ︾ ᠤᠨ ᠠᠯᠳᠠᠨ ᠦᠰᠦᠭᠲᠦ ᠫᠠᠶᠢᠰᠠ ᠶᠢ ᠤᠯᠪᠠ᠃ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ

ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢ ᠶᠢᠨ 108 ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ 75 ᠰᠠᠨᠠᠯ ᠲᠤᠷᠠᠳᠤᠯᠭ᠎ᠠ ᠶᠢ  ᠲᠤᠬᠳᠠᠬᠰᠠᠨ ᠬᠤᠭᠤᠴᠠᠭᠠᠨ ᠳᠤᠨᠢ ᠬᠦᠢᠴᠡᠳᠭᠡᠵᠤ

ᠲᠠᠭᠤᠰᠬᠠᠪᠠ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠠᠯᠪᠠᠨ ᠤ ᠭᠤᠷᠪᠠᠨ ᠵᠦᠢᠯ ᠤᠨ ᠵᠠᠷᠤᠳᠠᠯ ᠢ 16.3%

 ᠪᠠᠷ ᠪᠠᠭᠤᠷᠠᠭᠤᠯᠪᠠ᠃ ᠨᠠᠮ ᠤᠨ ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠲᠦᠷᠪᠡᠨ ᠰᠤᠷᠲᠠᠯ︾ ᠢ ᠰᠢᠨᠲᠠᠷᠠᠰᠢ ᠦᠭᠡᠢ

ᠵᠠᠯᠠᠷᠠᠭᠤᠯᠤᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠪᠡ᠃

        ᠡᠬᠦᠨ ᠤ ᠬᠠᠮᠳᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠦᠨᠳᠤᠰᠤᠳᠠᠨ ᠱᠠᠰᠢᠨ ᠰᠤᠷᠳᠠᠬᠤᠨ᠂ ᠴᠡᠷᠢᠭ ᠠᠴᠠ ᠬᠠᠯᠠᠬᠳᠠᠬᠰᠠᠳ᠂

ᠲᠤᠭ᠎ᠠ ᠪᠦᠷᠢᠳᠭᠡᠯ ᠤᠨ ᠪᠠᠶᠢᠴᠠᠭᠠᠯᠳᠠ᠂ ᠭᠠᠵᠠᠷ ᠬᠦᠳᠡᠯᠤᠯᠳᠠ ᠠᠭᠤᠷ ᠠᠮᠢᠰᠬᠤᠯ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠭᠡᠮᠡᠯ ᠤᠶᠢᠯᠠᠯᠭ᠎ᠠ᠂

ᠭᠠᠳᠠᠭᠠᠳᠤ ᠶᠠᠪᠤᠳᠠᠯ ᠬᠠᠷᠢᠶᠠᠳᠤ ᠨᠠᠷ ᠤᠨ ᠶᠠᠪᠤᠳᠠᠯ ᠵᠡᠷᠭᠡ ᠠᠵᠢᠯ ᠰᠢᠨ᠎ᠡ ᠠᠮᠵᠢᠯᠳᠠ ᠤᠯᠵᠤ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂

ᠡᠮᠡᠭᠳᠡᠶᠢᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠤᠳ ᠤᠨ ᠬᠤᠯᠪᠤᠭ᠎ᠠ ᠪᠤᠯᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ

ᠵᠡᠷᠭᠡ ᠠᠵᠢᠯ ᠰᠢᠨ᠎ᠡ ᠲᠠᠪᠰᠢᠯᠳᠠ ᠶᠢ ᠪᠠᠶᠠᠯᠠᠬᠦᠯᠪᠡ᠃

ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠢ ᠮᠡᠳᠡᠬᠦ ᠦᠭᠡᠢ᠃ ᠥᠩᠭᠡᠷᠡᠭᠰᠡᠨ ᠨᠢᠭᠡ ᠵᠢᠯ ᠳᠤ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ 

ᠪᠦᠬᠦ ᠲᠤᠭᠤᠷᠢᠭ ᠤᠨ ᠬᠢᠨ ᠢ ᠪᠦᠯᠬᠦᠮᠳᠠᠬᠦᠯᠤᠨ ᠲᠠᠶᠢᠴᠢᠯᠠᠵᠤ   ᠰᠡᠳᠬᠢᠯ  ᠨᠢᠭᠡᠳᠴᠤ᠂  ᠪᠦᠬᠦᠨ ᠤ ᠵᠤᠷᠢᠭ ᠨᠢᠭᠡᠳᠤᠨ᠂  ᠪᠦᠬᠦ ᠵᠢᠯ ᠤᠨ ᠡᠯ᠎ᠠ ᠳᠦᠷᠤᠯ ᠤᠨ

ᠬᠠᠷᠠᠯᠳᠠ ᠡᠬᠦᠷᠭᠡ ᠪᠠᠨ ᠳᠡᠬᠦᠰ ᠠᠮᠵᠢᠯᠳᠠᠳᠠᠢ ᠪᠡᠶᠡᠯᠡᠬᠦᠯᠵᠤ᠂  ᠲᠠᠪᠬᠤᠷ ᠲᠠᠪᠬᠤᠷ ᠳᠠᠷᠤᠯᠲᠠ ᠳᠤ ᠨᠡᠩ ᠠᠭᠤᠵᠢᠮ ᠲᠠᠶᠢᠪᠤᠭᠤ ᠬᠠᠨᠳᠤᠬᠰᠠᠨ ᠬᠢᠶ᠎ᠠ ᠪᠠᠭᠰᠢ᠂

ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ ᠨᠡᠩ ᠡᠷᠡᠯᠭᠡᠭᠯᠡᠨ ᠲᠡᠮᠡᠴᠡᠭᠰᠡᠨ ᠬᠢᠶ᠎ᠠ ᠪᠠᠭᠰᠢ᠂ ᠬᠥᠭᠡᠭᠡᠵᠦ ᠬᠦᠢᠴᠡᠨ ᠳᠠᠪᠠᠵᠤ ᠭᠠᠷᠬᠤ ᠳᠤ ᠨᠡᠩ ᠬᠦᠰᠡᠯ

ᠡᠷᠡᠮᠠᠯᠵᠠᠯ ᠢ ᠵᠤᠷᠢᠬᠰᠠᠨ ᠬᠢᠶ᠎ᠠ ᠪᠠᠭᠰᠢ ᠶᠢ ᠠᠮᠢᠳᠤᠯᠢᠭ ᠢᠶᠠᠷ ᠳᠡᠯᠭᠡᠨ ᠦᠵᠡᠭᠦᠯᠪᠡ᠃  ᠪᠢᠳᠡᠨ ᠤ ᠮᠡᠳᠡᠬᠦ ᠪᠠᠷ᠂ ᠪᠦᠬᠦ  ᠲᠤᠭᠤᠷᠢᠭ ᠤᠨ ᠡᠯ᠎ᠡ ᠵᠦᠢᠯ ᠤᠨ

ᠠᠵᠢᠯ ᠤᠨ ᠣᠯᠣᠭᠰᠠᠨ ᠠᠮᠵᠢᠯᠲᠠ ᠪᠠ ᠳᠠᠪᠰᠢᠯᠲᠠ ᠨᠢᠭᠡᠪᠦᠷᠢ ᠨᠢ ᠴᠥᠮ ᠶᠡᠷᠦᠩᠬᠡᠢ ᠱᠦᠵᠢ ᠰᠢ ᠶᠢᠨ ᠫᠢᠩ ᠤᠨ ᠵᠠᠮᠴᠢᠯᠠᠨ ᠵᠢᠯᠣᠭᠤᠳᠤᠭᠰᠠᠨ ᠪᠠ ᠰᠢ ᠶᠢᠨ ᠫᠢᠩ

 ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ

ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ

ᠲᠤᠭᠤᠷᠢᠭ ᠤᠨ ᠨᠠᠮ ᠤᠨ ᠬᠤᠷᠢᠶ᠎ᠠ ᠪᠥᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠮᠥᠨ᠂  ᠲᠤᠭᠤᠷᠢᠭ

 ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠵᠤ᠂ ᠬᠦᠴᠦᠲᠡᠢ

ᠳᠡᠮᠵᠢᠭᠰᠡᠨ ᠤ ᠦᠷ᠎ᠡ ᠳ᠋ᠦᠩ ᠮᠥᠨ᠂ ᠪᠥᠬᠦ ᠲᠤᠭᠤᠷᠢᠭ ᠤᠨ ᠡᠯ᠎ᠡ‌ᠦᠨᠳᠦᠰᠦᠲᠡᠨ  ᠤ ᠠᠷᠠᠳ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠡᠳᠬᠢᠯ

ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠮᠥᠨ᠃ ᠡ᠊ᠨᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ

ᠲᠦᠯᠦᠭᠡᠯᠡᠨ᠂ ᠪᠦᠬᠦ ᠲᠤᠭᠤᠷᠢᠭ ᠤᠨ ᠡᠯ᠎ᠡ ᠦᠨᠳᠦᠰᠦᠲᠡᠨ  ᠤ ᠺᠠᠳ᠋ᠷ ᠤᠯᠠᠨ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ

ᠬᠤᠯᠪᠣᠭ᠎ᠠ᠂ ᠠᠷᠠᠳ ᠤᠨ ᠪᠦᠯᠬᠦᠮ ᠪᠣᠯᠣᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠠᠮᠠᠷᠠᠵᠤ ᠪᠠᠭᠤᠬᠰᠠᠨ ᠠᠬᠠᠮᠠᠳ ᠨᠥᠬᠦᠳ᠂ ᠵᠠᠰᠠᠭ ᠤᠨ

ᠣᠷᠳᠣᠨ ᠤ ᠠᠵᠢᠯ ᠳᠤ ᠬᠢᠨᠠᠯᠲᠠ ᠲᠠᠯᠪᠢᠵᠤ ᠳᠡᠮᠵᠢᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠤᠯᠤᠰ ᠲᠦᠷᠦ ᠶᠢᠨ

ᠵᠥᠪᠯᠡᠯᠭᠡᠨ ᠤ ᠭᠡᠰᠢᠭᠦᠳ᠂ ᠬᠢᠶ᠎ᠠ ᠪᠠᠭᠰᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ

ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠲᠡᠪᠰᠢᠬᠦᠯᠦᠶ᠎ᠠ︕

        ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠬᠢᠶ᠎ᠠ ᠪᠠᠭᠰᠢ ᠶᠢᠨ ︽ᠭᠤᠷᠪᠠᠨ ᠳᠦᠷᠪᠡ︾ ᠶᠢᠨ ᠬᠠᠷᠠᠯᠳᠠ ᠡᠬᠦᠷᠭᠡ ᠶᠢ ᠨᠠᠶᠢᠳᠠᠪᠤᠷᠢᠵᠢᠭᠤᠯᠤᠨ᠂ ︽

ᠭᠤᠷᠪᠠᠨ  ᠳᠦᠪ︾  ᠢ ᠪᠦᠲᠦᠭᠡᠨ ᠪᠠᠶᠢᠭᠤᠯᠬᠤ ᠶᠠᠪᠤᠴᠠ ᠳᠤ ᠮᠥᠨ ᠯᠡ ᠮᠠᠰᠢ ᠤᠯᠠᠨ ᠠᠵᠢᠯ ᠢ ᠬᠢᠬᠦ ᠴᠢᠬᠤᠯᠠᠳᠠᠢ ᠪᠠᠶᠢᠨ᠎ᠠ᠃ ᠨᠢᠭᠡ ᠳᠤ ᠤᠯᠤᠰ ᠲᠦᠷᠦ ᠶᠢᠨ

ᠭᠡᠪ ᠲᠠᠭᠤᠷᠢᠶᠠᠯ ᠤᠨ ᠲᠥᠪ ᠤᠨ ᠪᠠᠶᠢᠭᠤᠯᠤᠯᠲᠠ ᠨᠢ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠪᠠᠰᠠ ᠵᠥᠷᠢᠶ᠎ᠡ ᠲᠠᠢ ᠪᠠᠶᠢᠵᠤ᠂ ᠵᠠᠰᠠᠭ ᠤᠨ

ᠣᠷᠳᠣᠨ ᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠬᠤ ᠪᠠ ᠣᠳᠣᠬᠢᠴᠢᠯᠠᠬᠤ ᠪᠦᠲᠦᠭᠡᠨ

ᠪᠠᠶᠢᠭᠤᠯᠤᠯᠲᠠ ᠶᠢ ᠠᠬᠢᠭᠤᠯᠬᠤ ᠴᠢᠳᠠᠪᠤᠷᠢ ᠪᠠᠰᠠ ᠪᠠᠭᠤᠷᠠᠢ ᠪᠠᠶᠢᠨ᠎ᠠ᠂ ᠵᠠᠷᠢᠮ ᠰᠠᠯᠠᠭ᠎ᠠ ᠮᠥᠴᠢᠷ ᠪᠠ ᠺᠠᠳ᠋ᠷᠴᠤᠳ ᠤᠨ ᠨᠢᠭᠡᠳᠦᠯᠲᠡᠢ ᠲᠥᠯᠥᠪᠯᠡᠨ ᠬᠠᠮᠵᠢᠯᠴᠠᠬᠤ᠂

ᠰᠠᠨᠠᠭᠠᠴᠢᠯᠠᠭ᠎ᠠ ᠠᠴᠠ ᠪᠠᠨ ᠠᠵᠢᠯᠯᠠᠬᠤ᠂ ᠭᠦᠨᠵᠡᠭᠡᠢ ᠰᠦᠪᠡᠭᠴᠢᠯᠡᠨ ᠨᠠᠷᠢᠯᠢᠭ ᠨᠠᠶᠢᠳᠠᠪᠤᠷᠢᠵᠢᠭᠤᠯᠬᠤ ᠴᠢᠳᠠᠪᠤᠷᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔

ᠬᠤᠶᠠᠷ ᠲᠤ ᠰᠢᠨ᠎ᠡ ᠠᠵᠤ ᠠᠬᠤᠢ ᠶᠢᠨ ᠲᠥᠪ ᠤᠨ  ᠪᠠᠶᠢᠭᠤᠯᠤᠯᠲᠠ ᠶᠢᠨ ᠰᠠᠭᠤᠷᠢ ᠨᠢᠮᠭᠡᠨ᠂ ᠡᠭᠦᠷᠭᠡ ᠬᠦᠨᠳᠦ ᠪᠠᠶᠢᠵᠤ᠂ ᠪᠦᠷᠢᠨ ᠲᠡᠭᠦᠯᠳᠡᠷ ᠤᠳᠤ ᠦᠶ᠎ᠠ ᠶᠢᠨ

ᠠᠵᠤ ᠦᠢᠯᠡᠰ ᠤᠨ ᠲᠤᠬᠳᠠᠯᠴᠠᠭ᠎ᠠ ᠬᠠᠷᠠᠬᠠᠨ ᠪᠦᠷᠢᠯᠳᠦᠭᠡᠳᠦᠢ ᠪᠠᠶᠢᠨ᠎ᠠ᠂ ᠬᠦᠴᠦᠷᠬᠡᠭ ᠶᠡᠭᠡ ᠳᠠᠶᠢᠴᠢᠯᠠᠬᠤ ᠬᠦᠴᠦᠨ ᠪᠦᠬᠦᠢ ᠴᠢᠬᠤᠯᠠ ᠶᠡᠭᠡ ᠵᠦᠢᠯᠡᠰ ᠤᠨ

ᠨᠥᠭᠡᠴᠡ ᠬᠦᠷᠦᠯᠴᠡᠬᠦ ᠦᠭᠡᠢ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠳᠬᠠᠬᠤ ᠴᠢᠬᠤᠯᠠᠲᠠᠢ

ᠪᠠᠶᠢᠨ᠎ᠠ︔ ᠭᠤᠷᠪᠠ ᠳᠤ ᠬᠤᠳᠠ ᠶᠢᠨ ᠠᠷᠠᠳ ᠤᠨ ᠪᠤᠶᠠᠨ ᠵᠢᠷᠭᠠᠯ ᠤᠨ ᠲᠥᠪ ᠤᠨ  ᠪᠠᠶᠢᠭᠤᠯᠤᠯᠲᠠ ᠪᠠᠰᠠ ᠪᠦᠬᠦ ᠲᠠᠯ᠎ᠠ ᠶᠢᠨ ᠪᠤᠰᠤ᠂ ᠭᠦᠢᠴᠡᠳ ᠪᠤᠰᠤ ᠪᠠᠶᠢᠵᠤ᠂

ᠠᠵᠢᠯ ᠣᠯᠭᠤᠯᠲᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ

ᠵᠥᠷᠢᠶ᠎ᠡ ᠲᠠᠢ ᠪᠠᠶᠢᠨ᠎ᠠ᠂ ᠤᠯᠠᠨ ᠲᠦᠮᠡᠨ ᠤ ᠡᠭᠦᠳᠡᠨ ᠳᠠᠬᠢ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ

ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠬᠦᠨ ᠳᠤ ᠪᠢᠳᠡ ᠨᠡᠩ ᠬᠦᠴᠦᠲᠡᠢ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠦᠨᠡᠨ ᠬᠦ

ᠰᠢᠢᠳᠪᠤᠷᠢᠯᠡᠬᠦ ᠴᠢᠬᠤᠯᠠᠳᠠᠢ ᠪᠠᠶᠢᠨ᠎ᠠ᠃

  ᠬᠤᠶᠠᠷ᠂ 2023 ᠣᠨ ᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ

        ᠲᠦᠮᠡᠨ ᠶᠠᠪᠤᠳᠠᠯ ᠤᠨ ᠲᠦᠷᠦᠬᠦᠤ ᠠᠯᠬᠤᠮ ᠨᠢ ᠴᠢᠬᠤᠯᠠ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ

ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ

ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠰᠠᠶᠢᠲᠤᠷ

ᠬᠢᠬᠦ ᠳᠤ ᠡᠭᠦᠷᠭᠡ ᠪᠡᠷᠬᠡ ᠬᠠᠲᠠᠭᠤᠵᠢᠯᠲᠠᠢ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ

ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ

ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ

 ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ

ᠬᠦᠴᠦᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ

ᠲᠥᠯᠥᠪᠯᠡᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ

ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠬᠥᠪᠴᠢᠯᠡᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠰᠠᠨ ᠰᠠᠭᠤᠷᠢᠨ ᠳᠡᠭᠡᠷ᠎ᠡ

ᠲᠣᠭᠲᠠᠭᠤᠨ ᠤ ᠳᠤᠮᠳᠠ ᠲᠦᠷᠭᠡᠨ ᠳᠠᠪᠰᠢᠵᠤ᠂ ᠲᠣᠭᠲᠠᠭᠤᠨ ᠤ ᠳᠤᠮᠳᠠ ᠰᠢᠯᠢᠳᠡᠭ ᠢᠶᠠᠷ ᠳᠠᠪᠰᠢᠵᠤ᠂ ︽ᠪᠦᠬᠦ ᠲᠠᠯ᠎ᠠ ᠪᠠᠷ ᠬᠥᠭᠵᠢᠭᠦᠯᠵᠦ᠂ ᠭᠠᠭᠴᠠ ᠵᠦᠢᠯ ᠢᠶᠠᠷ

ᠮᠠᠩᠯᠠᠶᠢᠯᠠᠬᠤ︾ ᠪᠠᠷ ᠠᠵᠢᠯ ᠤᠨ ᠴᠢᠭᠯᠡᠯ ᠢᠶᠠᠨ ᠪᠣᠯᠭᠠᠵᠤ᠂ ᠲᠠᠪᠤᠨ ᠶᠡᠭᠡ ᠤᠯᠤᠰ ᠲᠦᠷᠦ ᠶᠢᠨ ᠡᠭᠦᠷᠭᠡ ᠶᠢ ᠪᠠᠲᠤ ᠴᠡᠭᠡᠵᠢᠯᠡᠵᠦ᠂ ︽ᠭᠤᠷᠪᠠᠨ ᠳᠥᠷᠪᠡ︾ ᠶᠢᠨ

ᠲᠡᠮᠡᠴᠡᠬᠦ ᠬᠠᠷᠠᠯᠲᠠ ᠳᠤ ᠦᠢᠯᠡᠴᠢᠯᠡᠵᠦ᠂ ︽ᠭᠤᠷᠪᠠᠨ ᠳᠦᠪ︾  ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠪᠦᠬᠦ  ᠤᠷᠤᠨ ᠤ

ᠭᠤᠣᠯᠳᠠᠯᠭᠠᠳᠤ ᠬᠤᠳᠠ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠪᠣᠯᠬᠤ ᠪᠠᠷ  ᠴᠢᠷᠮᠠᠶᠢᠨ᠎ᠠ᠃

        ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠤᠩᠭᠡᠢ

ᠦᠷᠲᠡᠭ ᠢ 7.5% ᠠᠴᠠ ᠳᠡᠭᠡᠭᠰᠢ ᠨᠡᠮᠡᠭᠳᠡᠭᠦᠯᠦᠨ᠎ᠡ︔ ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 13% ᠠᠴᠠ ᠳᠡᠭᠡᠭᠰᠢ

ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 115% ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ

ᠵᠢᠵᠢᠭᠯᠡᠨ ᠬᠤᠳᠠᠯᠳᠤᠬᠰᠠᠨ ᠶᠡᠷᠤᠩᠭᠡᠢ ᠲᠤᠭ᠎ᠠ ᠶᠢ 6.5%  ᠠᠴᠠ ᠲᠡᠭᠡᠭᠰᠢ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ

8% ᠠᠴᠠ ᠳᠡᠭᠡᠭᠰᠢ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠪᠥᠬᠦ

ᠬᠤᠲᠠ ᠳᠤ ᠬᠠᠮᠤᠭ ᠤᠨ ᠲᠡᠷᠢᠬᠦᠨ ᠳᠤ 6 ᠲᠦᠮᠡᠨ ᠲᠥᠭᠦᠷᠢᠭ ᠠᠴᠠ ᠲᠠᠪᠠᠭᠤᠯᠤᠨ᠎ᠠ᠃ ᠡᠭᠦᠨ ᠤ ᠬᠠᠮᠲᠤ᠂ ᠪᠢᠳᠡ ᠬᠢᠶ᠎ᠠ ᠪᠠᠭᠰᠢ ᠶᠢᠨ ᠴᠢᠨᠠᠷ ᠰᠠᠶᠢᠲᠠᠢ

ᠬᠥᠭᠵᠢᠯᠲᠡ ᠳᠤ ᠪᠠᠶᠢᠳᠠᠯ ᠢ ᠦᠵᠡᠨ 60 ᠵᠦᠢᠯ ᠤᠨ ᠪᠣᠳᠠᠲᠠᠢ ᠦᠨᠡᠯᠡᠯᠲᠡ ᠶᠢᠨ ᠭᠦᠢᠴᠡᠳᠬᠡᠯ ᠲᠤᠭ᠎ᠠ ᠶᠢ ᠲᠤᠬᠳᠠᠭᠠᠵᠤ᠂ 40 ︽ᠭᠠᠭᠴᠠ ᠵᠦᠢᠯ ᠢᠶᠠᠷ

ᠮᠠᠩᠯᠠᠶᠢᠯᠠᠬᠤ︾ ᠲᠡᠮᠡᠴᠡᠬᠦ ᠬᠠᠷᠠᠯᠲᠠ ᠶᠢ ᠲᠤᠬᠳᠠᠭᠠᠪᠠ᠃ ᠡᠲᠡᠭᠡᠷ ᠬᠠᠷᠠᠯᠲᠠ ᠨᠢ ᠮᠠᠨ ᠤ ᠲᠤᠭᠤᠷᠢᠭ ᠤᠨ ᠠᠵᠤ ᠠᠬᠤᠢ ᠶᠢᠨ ᠪᠠᠶᠢᠳᠠᠯ ᠪᠣᠯᠣᠨ ᠰᠠᠭᠤᠷᠢ

ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠭᠰᠠᠨ ᠢᠶᠠᠷ ᠪᠠᠷᠠᠬᠤ ᠦᠭᠡᠢ᠂  ᠬᠡᠷᠡᠭᠴᠡᠭᠡ ᠪᠣᠯᠣᠨ ᠪᠣᠯᠣᠮᠵᠢ᠂ ᠬᠤᠷᠳᠤᠴᠠ ᠪᠣᠯᠣᠨ ᠶᠠᠰᠤ ᠴᠢᠨᠠᠷ ᠵᠡᠷᠭᠡ ᠣᠯᠠᠨ ᠬᠦᠴᠦᠨ

ᠵᠦᠢᠯ ᠢ ᠭᠦᠢᠴᠡᠳ ᠪᠤᠳᠤᠯᠬᠢᠯᠠᠬᠰᠠᠨ ᠶᠤᠮ᠂ ᠳᠡᠭᠡᠭᠰᠢ ᠪᠠᠨ ᠬᠤᠷᠸ᠎ᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠲᠠᠢ ᠵᠣᠯᠭᠠᠭᠤᠯᠵᠤ᠂ ᠳᠣᠷᠣᠭᠰᠢ ᠪᠠᠨ ᠬᠤᠮᠠᠬᠢ

ᠬᠥᠭᠵᠢᠯᠲᠡ ᠶᠢᠨ ᠪᠣᠳᠠᠲᠠᠢ ᠲᠠᠢ ᠣᠶᠢᠷᠠᠲᠤᠭᠤᠯᠵᠤ᠂ ᠪᠥᠬᠦ ᠲᠤᠭᠤᠷᠢᠭ ᠢᠶᠠᠷ ᠢᠶᠠᠨ ᠬᠠᠮᠲᠤᠪᠠᠷ ᠴᠢᠷᠮᠠᠶᠢᠵᠤ᠂ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠬᠠᠮᠲᠤ ᠨᠠᠩ

ᠰᠠᠶᠢᠨ ᠦᠷ᠎ᠡ ᠳ᠋ᠦᠩ ᠢ ᠣᠯᠬᠤ ᠪᠠᠷ ᠴᠢᠷᠮᠠᠶᠢᠨ᠎ᠠ᠃

        ᠡᠭᠦᠨ ᠤ ᠬᠠᠮᠲᠤ᠂ ᠪᠢᠳᠡ ᠠᠩᠬᠠᠷᠤᠯ ᠢᠶᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠭᠤᠷᠪᠠᠨ ᠳᠥᠷᠪᠡ︾ ᠶᠢᠨ ᠬᠠᠷᠠᠯᠲᠠ ᠶᠢ

ᠪᠡᠶᠡᠯᠡᠭᠦᠯᠬᠦ ᠶᠢ ᠪᠠᠲᠤᠯᠠᠬᠤ ᠳᠡᠭᠡᠷ᠎ᠡ ᠨᠠᠩ ᠢᠯᠡᠭᠦᠦ ᠲᠥᠪᠯᠡᠷᠡᠭᠦᠯᠵᠦ᠂ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂

ᠪᠥᠬᠦ ᠬᠤᠲᠠ ᠶᠢᠨ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠤᠷᠤᠨᠵᠢᠭᠤᠯᠬᠤ ᠳᠤ ᠪᠠᠲᠤ ᠪᠠᠬᠢ ᠰᠢᠨᠵᠢᠯᠡᠬᠦ ᠤᠬᠠᠭᠠᠨ ᠤ ᠰᠤᠳᠤᠯᠭᠠᠨ᠂

ᠴᠢᠳᠠᠪᠤᠷᠢᠲᠠᠨ᠂ ᠠᠮᠢᠳᠤᠷᠠᠯ ᠤᠨ ᠪᠠᠲᠤᠯᠠᠭ᠎ᠠ ᠬᠠᠩᠭᠠᠨ᠎ᠠ︔ ᠪᠢᠳᠡ ᠠᠩᠬᠠᠷᠤᠯ ᠢᠶᠠᠨ ︽ᠪᠥᠬᠦ ᠲᠠᠯ᠎ᠠ ᠪᠠᠷ ᠬᠥᠭᠵᠢᠭᠦᠯᠵᠦ᠂ ᠭᠠᠭᠴᠠ ᠵᠦᠢᠯ ᠳᠤ ᠮᠠᠩᠯᠠᠶᠢᠯᠠᠬᠤ︾

ᠬᠥᠭᠵᠢᠯᠲᠡ ᠶᠢᠨ ᠴᠢᠭᠯᠡᠯ ᠳᠡᠭᠡᠷ᠎ᠡ ᠨᠠᠩ ᠢᠯᠡᠭᠦᠦ ᠲᠥᠪᠯᠡᠷᠡᠭᠦᠯᠵᠦ᠂ ᠬᠢᠶ᠎ᠠ ᠪᠠᠭᠰᠢ ᠶᠢᠨ ᠪᠣᠳᠠᠲᠠᠢ ᠳᠤ ᠨᠡᠶᠢᠴᠡᠬᠦ ᠬᠥᠭᠵᠢᠯᠲᠡ ᠶᠢᠨ ᠤᠷᠤᠯᠳᠤᠭᠠᠨ ᠤ ᠵᠠᠮ ᠳᠡᠭᠡᠷ᠎ᠡ

ᠬᠤᠷᠳᠤᠴᠠ ᠪᠠᠨ ᠨᠡᠮᠡᠭᠳᠡᠭᠦᠯᠵᠦ᠂ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ︔ ᠪᠢᠳᠡ ᠠᠩᠬᠠᠷᠤᠯ ᠢᠶᠠᠨ ᠠᠷᠠᠳ ᠤᠯᠠᠨ ᠤ ᠰᠠᠶᠢᠨ ᠰᠠᠶᠢᠬᠠᠨ

ᠠᠮᠢᠳᠤᠷᠠᠯ ᠤᠨ ᠬᠦᠰᠡᠯ ᠡᠷᠡᠮᠡᠯᠵᠡᠯ ᠢ ᠪᠠᠲᠤᠯᠠᠬᠤ ᠪᠠ ᠬᠠᠩᠭᠠᠬᠤ ᠳᠡᠭᠡᠷ᠎ᠡ ᠨᠡᠩ ᠢᠯᠡᠭᠦᠦ ᠲᠥᠪᠯᠡᠷᠡᠭᠦᠯᠵᠦ᠂ ᠬᠤᠳᠠ ᠶᠢᠨ ᠠᠷᠠᠳ ᠤᠯᠠᠨ ᠢ ᠨᠡᠩ ᠤᠯᠠᠨ ᠰᠠᠶᠢᠨ

ᠰᠤᠷᠭᠠᠭᠤᠯᠢ ᠳᠤ ᠰᠤᠷᠤᠯᠴᠠᠭᠤᠯᠬᠤ᠂ ᠨᠡᠩ ᠤᠯᠠᠨ ᠰᠠᠶᠢᠨ ᠡᠮᠨᠡᠯᠭᠡ ᠶᠢᠨ ᠬᠤᠷᠢᠶ᠎ᠠ ᠳᠤ ᠡᠮᠨᠡᠭᠦᠯᠬᠦ᠂ ᠨᠡᠩ ᠤᠯᠠᠨ ᠰᠠᠶᠢᠨ ᠬᠤᠭᠤᠯᠠᠨ ᠭᠡᠷ ᠲᠤ ᠬᠤᠭᠤᠯᠠᠯᠠᠭᠤᠯᠬᠤ᠂

ᠨᠡᠩ ᠤᠯᠠᠨ ᠰᠠᠶᠢᠨ ᠲᠠᠯᠠᠪᠤᠷ ᠲᠤ ᠵᠤᠭ᠎ᠠ ᠴᠡᠩᠭᠡᠯ ᠡᠳ᠋ᠯᠡᠭᠦᠯᠬᠦ ᠪᠣᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ

ᠨᠢᠭᠡᠪᠦᠷᠢ ᠳᠤ ᠨᠡᠩ ᠤᠯᠠᠨ ᠬᠦᠷᠳᠡᠭᠡᠯᠭᠡᠨ᠎ᠡ᠃

ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠥᠯᠥᠭᠡ᠂ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ

ᠰᠠᠶᠢᠲᠤᠷ ᠠᠳᠬᠤᠨ᠎ᠠ᠄

︵ᠨᠢᠭᠡ︶ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠬᠥᠳᠡᠯᠭᠡᠭᠦ ᠬᠦᠴᠦᠨ ᠢ

ᠬᠦᠴᠦᠯᠡᠨ ᠴᠢᠩᠭᠠᠳᠬᠠᠨ᠎ᠠ᠃ ᠪᠥᠬᠦ ᠬᠦᠴᠦᠨ ᠢᠶᠠᠷ ᠢᠶᠠᠨ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ᠂ ᠬᠡᠷᠡᠭᠯᠡᠭᠡ ᠶᠢ ᠠᠬᠢᠭᠤᠯᠤᠨ᠂ ᠬᠤᠳᠠᠯᠳᠤᠭᠠᠴᠢᠨ

ᠤᠷᠢᠬᠤ ᠶᠢ ᠠᠳᠬᠤᠵᠤ᠂ ᠣᠷᠴᠢᠨ ᠠᠬᠤᠢ ᠶᠢ ᠰᠢᠯᠢᠳᠡᠭᠵᠢᠬᠦᠯᠤᠨ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠲᠠᠰᠤᠷᠠᠯᠲᠠ ᠦᠭᠡᠢ ᠪᠣᠶ ᠪᠣᠯᠭᠠᠵᠤ᠂

ᠲᠣᠭᠲᠠᠭᠤᠨ ᠤ ᠲᠤᠮᠳᠠ   ᠤᠷᠤᠬᠰᠢᠯᠠᠬᠤ᠂ ᠲᠣᠭᠲᠠᠭᠤᠨ ᠤ ᠲᠤᠮᠳᠠ ᠰᠢᠯᠢᠳᠡᠭᠵᠢᠬᠦᠯᠬᠦ᠂ ᠲᠣᠭᠲᠠᠭᠤᠨ ᠤ  ᠳᠤᠮᠳᠠ ᠲᠦᠷᠭᠡᠨ ᠤᠷᠤᠬᠰᠢᠯᠠᠬᠤ ᠰᠠᠶᠢᠨ ᠰᠠᠶᠢᠬᠠᠨ

ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠨ᠎ᠡ᠃

        ᠲᠦᠷᠦᠯ ᠵᠦᠢᠯ ᠢ ᠨᠡᠩ ᠣᠨᠣᠪᠴᠢᠲᠠᠢ ᠪᠠᠷ ᠠᠳᠬᠤᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ᠎ᠠ᠃ ᠪᠡᠯᠡ ᠮᠥᠩᠭᠦ ᠪᠠ ᠲᠦᠷᠦᠯ ᠵᠦᠢᠯ ᠢ

ᠤᠯᠬᠤ ᠶᠢ  ᠡᠷᠴᠢᠮᠵᠢᠬᠦᠯᠤᠨ᠎ᠠ᠃ ᠮᠠᠨ ᠤ ᠲᠤᠭᠤᠷᠢᠭ ᠤᠨ ᠠᠷᠪᠠᠨ ᠶᠡᠭᠡ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ ᠨᠢᠭᠡ ᠪᠦᠯᠦᠭ

ᠲᠤᠭᠠᠵᠢᠭᠤᠯᠤᠬᠰᠠᠨ ᠠᠵᠤ ᠠᠬᠤᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠠᠬᠤᠢ᠂ ᠣᠶᠤᠨᠴᠢ ᠦᠢᠯᠡᠳᠭᠡᠯ ᠵᠡᠷᠭᠡ ᠬᠦᠷᠢᠶᠡᠨ ᠤ ᠴᠢᠬᠤᠯᠠ ᠶᠡᠭᠡ

ᠲᠥᠷᠥᠯ ᠵᠦᠢᠯ ᠢ ᠲᠥᠯᠥᠪᠯᠡᠨ ᠨᠥᠭᠡᠴᠡᠯᠡᠵᠦ ᠂ ᠨᠡᠩ ᠪᠦᠳᠤᠮᠵᠢ ᠲᠠᠢ᠂ ᠨᠡᠩ ᠰᠢᠨ᠎ᠡ᠂ ᠨᠡᠩ ᠪᠤᠬᠢᠷᠳᠤᠯ ᠦᠭᠡᠢ ᠲᠦᠷᠦᠯ ᠵᠦᠢᠯ ᠢᠶᠠᠷ ᠠᠵᠤ ᠦᠢᠯᠡᠰ ᠤᠨ ᠲᠡᠰ

ᠳᠡᠪᠰᠢᠬᠦ ᠶᠢ ᠠᠬᠢᠭᠤᠯᠬᠤ ᠮᠦᠷᠳᠡᠭᠡᠨ ︽ᠠᠷᠠᠳ ᠤᠨ ᠠᠮᠢᠳᠤᠷᠠᠯ ᠤᠨ ᠬᠡᠷᠡᠭᠴᠡᠭᠡ︾ ᠶᠢᠨ ᠲᠣᠭᠤᠷᠢᠨ ᠳᠤ ᠨᠢᠭᠡ ᠪᠦᠯᠦᠭ ᠲᠤᠭᠴᠢ ᠠᠷᠠᠯᠵᠢᠶ᠎ᠠ ᠬᠤᠳᠠᠯᠳᠤᠭ᠎ᠠ᠂

ᠨᠠᠷᠠᠲᠤ ᠲᠡᠮᠳᠡᠭᠲᠦ ᠢᠳᠡᠭᠡᠨ ᠤᠮᠳᠠᠭᠠᠨ᠂ ᠴᠠᠭ ᠤᠨ ᠥᠩᠭᠡᠲᠦ ᠰᠣᠶᠣᠯ ᠵᠤᠭ᠎ᠠ᠂ ᠬᠡᠯᠬᠢᠶ᠎ᠡ ᠪᠠᠭᠤᠳᠠᠯ ᠵᠡᠷᠭᠡ ︽ᠨᠠᠷᠢᠯᠢᠭ︾ ᠲᠥᠷᠥᠯ ᠵᠦᠢᠯ ᠢ ᠰᠦᠪᠡᠭᠴᠢᠯᠡᠨ

ᠣᠷᠣᠭᠤᠯᠵᠤ ᠠᠪᠴᠢᠷᠠᠨ᠂ ᠨᠠᠩ ᠣᠯᠠᠨ ᠠᠮᠳᠠᠳᠤ ᠢᠳᠡᠭᠡᠨ᠂ ᠰᠣᠨᠢᠷᠬᠠᠯᠲᠠᠢ ᠲᠤᠬᠯᠠᠭᠠᠮ᠂  ᠭᠤᠶᠤ ᠦᠵᠡᠬᠦᠯᠭᠡ ᠶᠢ ᠣᠯᠠᠨ ᠲᠦᠮᠡᠨ ᠳᠤ ᠬᠠᠩᠭᠠᠨ᠎ᠠ︔

ᠤᠯᠤᠰ ᠤᠨ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠯᠬᠢᠨ ᠤ ᠬᠠᠨᠳᠤᠰᠢ ᠶᠢ ᠴᠢᠩᠭ᠎ᠠ

ᠠᠩᠬᠠᠷᠴᠤ᠂ ᠵᠠᠩᠭᠢᠯᠠᠭ᠎ᠠ ᠶᠢᠨ ᠳᠤᠲᠠᠭᠤᠳᠠᠯ ᠪᠠ ᠠᠵᠤ ᠦᠢᠯᠡᠰ ᠤᠨ ᠲᠠᠰ ᠳᠡᠪᠰᠢᠬᠦ ᠲᠠᠯ᠎ᠠ ᠪᠠᠷ ᠬᠠᠨᠳᠤᠯᠭᠠᠲᠤ ᠴᠢᠨᠠᠷᠲᠠᠢ ᠪᠠᠷ ᠭᠠᠵᠠᠷ ᠰᠢᠷᠣᠢ ᠶᠢ ᠲᠠᠯᠪᠢᠵᠤ᠂

ᠪᠡᠯᠡ ᠮᠥᠩᠭᠦ ᠣᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠬᠦᠴᠦᠨ ᠵᠦᠢᠯ ᠤᠨ ᠪᠠᠲᠤᠯᠠᠭ᠎ᠠ ᠬᠠᠩᠭᠠᠨ᠎ᠠ᠃ ᠭᠠᠷᠳᠠᠮ ᠢ ᠭᠦᠢᠴᠡᠳᠬᠡᠬᠦ ᠶᠢ

ᠲᠦᠷᠭᠡᠳᠬᠡᠨ᠎ᠡ᠃ ᠬᠤᠲᠠ ᠶᠢᠨ ᠲᠣᠰ ᠱᠠᠲᠤᠨ ᠤ ᠳᠣᠷᠣᠭᠰᠢ ᠪᠠᠭᠤᠯᠭᠠᠭᠰᠠᠨ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠢᠳᠡᠪᠬᠢᠲᠡᠢ ᠪᠠᠷ ᠵᠠᠯᠭᠠᠨ ᠠᠪᠴᠤ᠂

ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠵᠦᠢᠯᠡᠰ ᠢ ᠭᠥᠯᠢᠶᠡᠨ ᠠᠪᠴᠤ ᠰᠠᠶᠢᠲᠤᠷ ᠬᠠᠮᠢᠶᠠᠷᠴᠤ᠂ ᠰᠤᠯᠠ ᠪᠠᠶᠢᠬᠤ ᠭᠠᠵᠠᠷ ᠰᠢᠷᠣᠢ᠂ ︽ᠬᠠᠭᠠᠰ ᠳᠤᠲᠠᠭᠤ︾ 

ᠤᠷᠬᠢᠬᠰᠠᠨ ᠪᠠᠷᠢᠯᠭ᠎ᠠ ᠶᠢ ᠠᠮᠢᠳᠤᠯᠢᠭᠵᠢᠭᠤᠯᠤᠨ ᠠᠰᠢᠭᠯᠠᠬᠤ ᠪᠠ ᠵᠥᠪᠰᠢᠶᠡᠷᠡᠭᠦᠯᠬᠦ ᠪᠠᠷ ᠪᠠᠶᠢᠭ᠎ᠠ ᠵᠢᠴᠢ ᠨᠥᠬᠦᠨ ᠵᠥᠪᠰᠢᠶᠡᠷᠡᠭᠦᠯᠬᠦ ᠲᠥᠷᠥᠯ ᠵᠦᠢᠯ ᠢ ︽ᠡᠷᠭᠢᠵᠦ

ᠦᠵᠡᠬᠦ︾ ᠶᠢ ᠴᠢᠩᠭᠠᠳᠬᠠᠨ᠎ᠠ᠃ ︽ᠭᠠᠷᠠᠭ ᠤᠨ ᠲᠤᠬᠢᠷᠠᠭᠤᠯᠤᠯᠳᠠ᠂  ᠠᠷᠪᠠᠳ ᠤᠨ ᠳ᠋ᠦᠡᠭᠨᠡᠯᠳᠡ᠂ ᠰᠠᠷ᠎ᠠ ᠶᠢᠨ ᠮᠡᠳᠡᠬᠦᠯᠦᠯᠳᠡ︾ ᠶᠢᠨ ᠲᠣᠭᠲᠠᠴᠠ ᠶᠢ

ᠦᠷᠭᠦᠯᠵᠢᠯᠡᠨ ᠬᠡᠷᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠳᠤ ᠪᠥᠬᠦ ᠶᠠᠪᠤᠴᠠ ᠳᠤ ᠦᠢᠯᠡᠴᠢᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠴᠠᠭᠤᠯᠬᠤ᠂

ᠬᠠᠮᠲᠤᠷᠠᠨ ᠬᠥᠳᠡᠯᠦᠯᠴᠡᠵᠦ ᠬᠢᠨᠠᠨ ᠵᠥᠪᠰᠢᠶᠡᠷᠡᠬᠦ᠂ ᠲᠤᠰᠬᠠᠢ ᠬᠥᠮᠥᠨ ᠢᠶᠠᠷ ᠬᠠᠷᠠᠭᠤᠯᠤᠨ ᠭᠦᠢᠴᠡᠳᠬᠡᠬᠦ ᠶᠢ ᠬᠡᠷᠡᠭᠵᠢᠭᠦᠯᠵᠦ᠂ ᠡᠮᠦᠨᠡᠬᠢ ᠬᠤᠭᠤᠴᠠᠭᠠᠨ ᠤ

ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠂ 104 ᠵᠦᠢᠯ ᠤᠨ ᠴᠢᠬᠤᠯᠠ ᠶᠡᠭᠡ ᠲᠥᠷᠥᠯ ᠵᠦᠢᠯ ᠢ ᠬᠠᠪᠤᠷ ᠤᠨ ᠡᠬᠢ ᠪᠠᠷ ᠳᠠᠷᠤᠢ ᠠᠵᠢᠯ ᠡᠬᠢᠯᠡᠭᠦᠯᠬᠦ ᠪᠠᠷ

ᠴᠢᠷᠮᠠᠶᠢᠵᠤ᠂ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 100 ᠳ᠋ᠦᠩᠰᠢᠭᠤᠷ ᠲᠥᠭᠦᠷᠢᠭ ᠠᠴᠠ ᠳᠠᠪᠠᠭ᠋ᠤ ᠶᠢ ᠠᠬᠢᠭᠤᠯᠤᠨ᠎ᠠ᠃

        ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠠᠩ ᠨᠠᠷᠢᠯᠢᠭ ᠣᠨᠣᠴᠠᠲᠠᠢ ᠪᠠᠷ ᠰᠢᠯᠢᠳᠡᠭᠵᠢᠭᠦᠯᠵᠦ᠂ ᠬᠡᠷᠡᠭᠯᠡᠭᠡ ᠶᠢ ᠠᠬᠢᠭᠤᠯᠤᠨ᠎ᠠ᠃ ᠬᠡᠷᠡᠭᠯᠡᠭᠡᠨ ᠤ ᠲᠠᠯᠠᠪᠤᠷ ᠤᠨ

ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠤᠨ᠎ᠠ᠃ ᠬᠤᠸᠠ ᠶᠠᠨ ᠬᠤᠳᠠᠯᠳᠤᠭᠠᠨ ᠤ ᠲᠥᠪ᠂ ᠸᠠᠨ ᠵᠧᠩ ᠴᠠᠭ ᠦᠶ᠎ᠡ ᠬᠤᠳᠠᠯᠳᠤᠭᠠᠨ ᠤ

ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠩᠬᠠᠨ ᠤ ᠲᠡᠯᠭᠡᠬᠦᠷ᠂  ᠲᠤᠬᠴᠢ ᠳᠡᠯᠭᠡᠭᠦᠷ᠂ ᠤᠬᠠᠭᠳᠠᠬᠤᠨ ᠤ ᠳᠡᠯᠭᠡᠭᠦᠷ᠂ ᠪᠡᠶᠡᠳᠡᠨ ᠣᠶᠢᠯᠠᠭᠠᠬᠤ

ᠳᠡᠯᠭᠡᠭᠦᠷ ᠢ 30 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ︽ᠰᠦᠯᠵᠢᠶᠡᠨ ᠤᠳᠤᠨ ᠬᠤᠲᠠ︾ ᠶᠢᠨ ᠴᠠᠭ ᠤᠨ ᠥᠩᠭᠡᠲᠦ ᠬᠡᠷᠡᠭᠯᠡᠭᠡᠨ ᠤ ᠰᠢᠨ᠎ᠡ ᠤᠷᠤᠨ

ᠨᠤᠳᠤᠭ ᠤᠨ ᠪᠠᠷᠢᠮᠵᠢᠶ᠎ᠠ ᠶᠢ ᠪᠣᠶ ᠪᠣᠯᠭᠠᠨ᠎ᠠ᠃ ᠤᠯᠠᠭᠠᠨ  ᠪᠦᠯᠦᠭᠯᠡᠯ ᠤᠨ ᠬᠢᠶ᠎ᠠ ᠪᠠᠭᠰᠢ ᠳᠠᠬᠢ ᠲᠣᠮᠣ ᠪᠠᠭᠤᠳᠠᠯ᠂ ᠮᠠᠨ ᠱᠢ ᠰᠣᠳᠣᠨ ᠪᠠᠭᠤᠳᠠᠯ ᠵᠡᠷᠭᠡ ᠣᠳᠣᠨ

ᠲᠠᠰ ᠤᠨ ᠪᠠᠭᠤᠳᠠᠯ ᠤᠨ ᠪᠠᠷᠢᠯᠭ᠎ᠠ ᠶᠢ ᠡᠬᠢᠯᠡᠬᠦᠯᠵᠤ᠂ ᠾᠧᠩ ᠲᠠᠢ᠂ ᠹᠧᠩ ᠮᠧᠶ ᠶᠦᠨ ᠳ᠋ᠢᠩ ᠵᠡᠷᠭᠡ ᠭᠤᠣᠯ ᠰᠡᠳᠦᠪᠲᠦ ᠪᠠᠭᠤᠳᠠᠯ ᠢ ᠪᠠᠶᠢᠭᠤᠯᠤᠨ ᠭᠡᠷᠡᠭᠯᠡᠯᠳᠡ ᠳᠤ

ᠤᠷᠤᠭᠤᠯᠵᠤ᠂ ᠳ᠋ᠢᠩ ᠱᠧᠩ᠂ ᠷᠦᠩ ᠳ᠋ᠧ᠂ ᠮᠧᠶ ᠶᠤᠸᠠᠢ ᠵᠡᠷᠭᠡ ᠣᠳᠣᠨ ᠲᠠᠰ ᠤᠨ ᠪᠠᠭᠤᠳᠠᠯ ᠤᠨ ᠡᠵᠡᠭᠨᠡᠯᠳᠡ ᠶᠢ ᠡᠬᠢᠯᠡᠬᠦᠯᠵᠤ᠂ ᠨᠢᠰᠬᠡᠯ ᠭᠤᠣᠯ ᠰᠡᠳᠦᠪᠲᠦ

ᠬᠤᠭᠤᠯᠠᠨ ᠲᠢᠩᠬᠢᠮ ᠢ ᠤᠷᠠᠨ  ᠢᠶᠠᠷ ᠡᠭᠦᠳᠦᠨ ᠪᠠᠶᠢᠭᠤᠯᠵᠤ᠂ ᠨᠠᠩ ᠣᠯᠠᠨ ᠬᠦᠨᠴᠡ ᠬᠡᠷᠡᠭᠯᠡᠭᠡᠨ ᠤ ᠰᠢᠨ᠎ᠡ ᠪᠠᠶᠢᠳᠠᠯ ᠢ ᠪᠣᠶ ᠪᠣᠯᠭᠠᠨ᠎ᠠ᠃ ᠬᠡᠷᠡᠭᠯᠡᠭᠡᠨ ᠤ

ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠤᠨ᠎ᠠ᠃ ︽ᠶᠤᠸᠠᠢ ᠬᠤᠶ ᠬᠢᠶ᠎ᠠ ᠪᠠᠭᠰᠢ ᠬᠤᠲᠠ︾ ᠭᠤᠣᠯ ᠰᠡᠳᠦᠪᠲᠦ ᠪᠣᠷᠤᠯᠠᠭᠤᠯᠭ᠎ᠠ ᠶᠢ

ᠠᠬᠢᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠣᠳᠠᠰ ᠤᠨ ᠬᠤᠷᠠᠮᠳᠤᠯ ᠬᠤᠪᠢ ᠶᠢ ᠦᠷᠭᠦᠯᠵᠢᠯᠡᠨ ᠲᠠᠷᠬᠠᠭᠠᠵᠤ᠂ ᠠᠷᠠᠯᠵᠢᠶ᠎ᠠ ᠬᠤᠳᠠᠯᠳᠤᠭ᠎ᠠ᠂

ᠰᠣᠶᠣᠯ ᠵᠤᠭᠠᠴᠠᠯ ᠵᠡᠷᠭᠡ ᠬᠦᠷᠢᠶᠡᠨ ᠤ ᠬᠡᠷᠡᠭᠯᠡᠭᠡ ᠶᠢ ᠠᠬᠢᠭᠤᠯᠤᠨ᠎ᠠ︔ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠪ ᠤᠨ ᠬᠤᠶᠠᠳᠤᠭᠠᠷ ᠬᠤᠭᠤᠴᠠᠭᠠᠨ ᠤ

ᠪᠠᠷᠢᠯᠭ᠎ᠠ ᠶᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠠᠷᠠᠲᠤ ᠲᠥᠷᠥᠯ ᠲᠡᠮᠳᠡᠭᠲᠦ ᠶᠢ 20 ᠠᠴᠠ ᠳᠡᠭᠡᠭᠰᠢ ᠣᠷᠣᠭᠤᠯᠤᠨ

ᠠᠪᠴᠢᠷᠠᠵᠤ᠂ ᠮᠠᠰᠢᠨ ᠲᠡᠷᠭᠡ᠂ ᠮᠠᠰᠢᠨ ᠲᠡᠷᠭᠡᠨ ᠤ ᠰᠡᠯᠪᠢᠭ ᠲᠤᠨᠤᠭ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠳᠠᠶᠢᠴᠢᠯᠠᠨ᠂ ᠮᠠᠨ ᠤ ᠲᠤᠭᠤᠷᠢᠭ ᠤᠨ ᠨᠡᠶᠢᠭᠡᠮ ᠤᠨ

ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠ  ᠪᠥᠬᠦ ᠬᠤᠲᠠ ᠶᠢᠨ ᠲᠡᠷᠢᠬᠦᠨ ᠳᠤ ᠪᠠᠶᠢᠬᠤ ᠶᠢ ᠪᠠᠳᠤᠯᠠᠵᠤ᠂

ᠶᠡᠷᠦᠩᠬᠡᠢ ᠬᠡᠮᠵᠢᠶ᠎ᠡ ᠶᠢ ᠠᠯᠢ ᠲᠦᠷᠭᠡᠨ ᠢᠶᠠᠷ 100 ᠳ᠋ᠦᠩᠰᠢᠭᠤᠷ ᠲᠥᠭᠦᠷᠢᠭ ᠠᠴᠠ ᠲᠦᠷᠭᠡᠨ  ᠲᠠᠪᠠᠭᠤᠯᠤᠨ᠂ ᠨᠡᠩ ᠵᠦᠢ ᠵᠣᠬᠢᠰᠲᠠᠢ ᠨᠡᠶᠢᠭᠡᠮ ᠤᠨ ᠬᠡᠷᠡᠭᠯᠡᠭᠡᠨ ᠤ

ᠵᠦᠢᠯ ᠤᠨ ᠵᠢᠵᠢᠭᠯᠡᠨ ᠬᠤᠳᠠᠯᠳᠤᠬᠤ ᠪᠦᠲᠦᠴᠡ ᠶᠢ ᠪᠦᠷᠢᠯᠳᠦᠭᠦᠯᠦᠨ᠎ᠡ᠂᠃

        ᠠᠷᠠᠯᠵᠢᠶᠠᠴᠢᠨ ᠤᠷᠢᠬᠤ ᠠᠵᠢᠯ ᠢ ᠨᠡᠩ ᠣᠨᠣᠪᠴᠢᠲᠠᠶ ᠠᠳᠬᠤᠵᠤ᠂ ᠨᠦᠭᠡᠴᠡ ᠬᠦᠴᠤᠨ ᠢ ᠨᠡᠮᠡᠭᠳᠡᠬᠦᠯᠤᠨ᠎ᠡ᠃ ᠬᠤᠯᠠ ᠶᠢᠨ ᠬᠢ ᠶᠢ ᠡᠷᠢᠯᠬᠢᠯᠡᠪᠡᠴᠤ

ᠣᠶᠢᠷ᠎ᠠ ᠪᠠᠶᠢᠭ᠎ᠠ ᠪᠠᠨ ᠦᠯᠦ ᠬᠠᠶᠠᠬᠤ ᠶᠢ ᠪᠠᠷᠢᠮᠲᠠᠯᠠᠨ᠎ᠠ᠃ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠶᠡᠭᠡ ᠪᠤᠯᠤᠩ ᠤᠨ ᠤᠷᠤᠨ᠂

ᠴᠧᠩᠳᠦ᠋ ᠴᠦᠩᠴᠢᠩ᠂  ᠭᠤᠸᠠᠨ ᠵᠦᠡᠭ ᠵᠡᠷᠭᠡ ᠶᠢᠨ ᠠᠵᠤ ᠠᠬᠤᠢ ᠬᠥᠭᠵᠢᠭᠰᠡᠨ ᠭᠠᠵᠠᠷ ᠣᠷᠣᠨ ᠢ ᠰᠠᠶᠢᠲᠤᠷ ᠠᠩᠬᠠᠷᠴᠤ᠂ ᠲᠤᠰᠬᠠᠢ ᠠᠵᠢᠯᠯᠠᠬᠤ ᠠᠩᠭᠢ

ᠲᠣᠮᠢᠯᠠᠨ ᠰᠠᠭᠤᠯᠭᠠᠵᠤ᠂ ᠭᠠᠳᠠᠭᠠᠳᠤ ᠳᠤ ᠲᠠᠨᠢᠯᠴᠠᠭᠤᠯᠬᠤ ᠠᠵᠢᠯ ᠢ ᠥᠷᠨᠢᠭᠦᠯᠵᠦ᠂ ᠭᠠᠳᠠᠨ᠎ᠠ ᠠᠴᠠ ᠢᠷᠡᠭᠰᠡᠨ ᠵᠣᠴᠢᠨ ᠬᠤᠳᠠᠯᠳᠤᠭᠠᠴᠢᠨ ᠲᠠᠢ ᠬᠠᠷᠢᠯᠴᠠᠵᠤ᠂

ᠭᠠᠳᠠᠨ᠎ᠠ ᠠᠴᠠ ᠢᠷᠡᠭᠰᠡᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ︵ᠲᠤᠭᠤᠷᠢᠭ ᠤᠨ ᠭᠠᠳᠠᠨᠠᠬᠢ︶ ᠶᠢᠨ ᠪᠡᠯᠡ ᠮᠥᠩᠭᠦ ᠶᠢᠨ

ᠤᠷᠤᠨᠵᠢᠯᠳᠠ ᠳᠠᠬᠢᠨ ᠢᠶᠠᠷ ᠨᠡᠮᠡᠭᠳᠡᠬᠦ ᠶᠢ ᠠᠬᠢᠭᠤᠯᠤᠨ᠎ᠠ︔  ᠡᠬᠦᠨ ᠤ ᠬᠠᠮᠳᠤ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠳᠠᠯᠳᠠ

ᠬᠦᠴᠦᠨ ᠢ ᠭᠦᠢᠴᠡᠳ ᠠᠭᠤᠳᠠᠯᠵᠤ᠂ ᠬᠢᠶ᠎ᠠ ᠪᠠᠭᠰᠢ ᠳᠤ ᠬᠦᠨ ᠦᠨᠳᠤᠰᠤᠯᠡᠭᠰᠡᠨ ᠠᠵᠤ ᠠᠬᠤᠶᠢᠯᠠᠯ ᠢ ᠤᠯᠠᠮ ︽ᠪᠠᠳᠠᠷᠠᠭᠤᠨ︾  ᠬᠦᠭᠵᠢᠬᠦᠯᠵᠤ᠂ ᠦᠯᠡᠳᠡᠵᠦ

ᠪᠠᠶᠢᠭ᠎ᠠ ᠠᠵᠤ ᠠᠬᠤᠶᠢᠯᠠᠯ ᠤᠨ ᠪᠡᠯᠡ ᠮᠥᠩᠭᠦ ᠪᠠᠨ ᠨᠡᠮᠡᠭᠳᠡᠭᠦᠯᠦᠨ ᠭᠠᠷᠤᠯᠲᠠ ᠪᠠᠨ ᠥᠷᠭᠡᠳᠬᠡᠬᠦ ᠶᠢ ᠠᠬᠢᠭᠤᠯᠵᠤ᠂ ᠣᠷᠳᠣᠰ ᠤᠨ ᠡᠯᠪᠡᠭ ᠳᠡᠯᠪᠡᠭ ᠠᠷᠠᠳ ᠤᠨ

ᠬᠥᠷᠥᠩᠭᠡ ᠶᠢ ᠪᠦᠬᠦ ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦ ᠬᠦᠴᠦᠨ ᠪᠤᠯᠭᠠᠨ᠎ᠠ᠃ ᠶᠡᠭᠡ ᠶᠢ ᠠᠳᠬᠤᠬᠤ

ᠮᠦᠷᠳᠡᠭᠡᠨ ᠪᠠᠭ᠎ᠠ ᠶᠢ ᠦᠯᠦ ᠲᠠᠯᠪᠢᠬᠤ ᠶᠢ ᠪᠠᠷᠢᠮᠲᠠᠯᠠᠨ᠎ᠠ᠃ ᠪᠥᠬᠦ ᠬᠤᠲᠠ ᠶᠢᠨ ︽ᠳᠡᠯᠡᠬᠡᠢ ᠶᠢᠨ ᠲᠠᠰ ᠤᠨ ᠳᠥᠷᠪᠡᠨ ᠠᠵᠤ ᠦᠢᠯᠡᠰ︾ ᠢ ᠪᠠᠶᠢᠭᠤᠯᠬᠤ ᠳᠤ

ᠦᠢᠯᠡᠴᠢᠯᠡᠬᠦ ᠳᠤ ᠰᠠᠭᠤᠷᠢᠯᠠᠨ᠂ ᠨᠢᠭᠡ ᠪᠦᠯᠦᠭ ᠳᠠᠭᠠᠭᠤᠯᠤᠭᠴᠢ ᠬᠡᠯᠪᠡᠷᠢ ᠶᠢᠨ᠂ ᠶᠡᠷᠦᠩᠬᠡᠢ  ᠵᠠᠬᠢᠷᠭ᠎ᠠ ᠶᠢᠨ ᠬᠡᠯᠪᠡᠷᠢ ᠶᠢᠨ᠂ ᠰᠠᠭᠤᠷᠢᠨ ᠭᠠᠵᠠᠷ ᠤᠨ ᠬᠡᠯᠪᠡᠷᠢ ᠶᠢᠨ᠂

ᠰᠤᠳᠤᠯᠤᠨ ᠨᠡᠭᠡᠭᠡᠬᠦ ᠬᠡᠯᠪᠡᠷᠢ ᠶᠢᠨ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ᠂ ᠬᠤᠲᠠ ᠶᠢᠨ

ᠬᠥᠭᠵᠢᠯᠲᠡ ᠶᠢᠨ ᠴᠢᠳᠠᠪᠤᠷᠢ ᠶᠢᠨ ᠲᠠᠰ ᠢ ᠦᠳᠲᠡᠷ ᠲᠦᠷᠭᠡᠨ ᠲᠡᠭᠡᠭᠰᠢᠯᠡᠬᠦᠯᠤᠨ᠎ᠡ︔ ᠪᠠᠰᠠ ᠮᠠᠨ ᠤ ᠲᠤᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ︽ 

ᠠᠬᠤᠢ ᠪᠠᠶᠢᠳᠠᠯ︾᠂ ᠭᠤᠣᠯᠳᠠᠯᠭ᠎ᠠ ᠲᠠᠢ ᠠᠵᠤ ᠦᠢᠯᠡᠰ ᠤᠨ ︽  ᠬᠡᠯᠬᠢᠶ᠎ᠡ ᠶᠢᠨ ᠨᠦᠬᠦᠪᠤᠷᠢ︾  ᠶᠢ ᠦᠨᠳᠦᠰᠦᠯᠡᠨ᠂ ᠨᠢᠭᠡ ᠪᠦᠯᠦᠭ ︽ᠪᠠᠭ᠎ᠠ ᠮᠥᠷᠲᠡᠭᠡᠨ

ᠰᠢᠯᠢᠳᠡᠭ︾ ︽ᠪᠠᠭ᠎ᠠ ᠮᠥᠷᠲᠡᠭᠡᠨ ᠭᠤᠶᠣ︾ ︽ᠪᠠᠭ᠎ᠠ ᠮᠥᠷᠲᠡᠭᠡᠨ ᠬᠦᠴᠦᠷᠬᠡᠭ︾ ︽ᠳᠤᠰᠬᠠᠢ ᠨᠠᠷᠢᠯᠢᠭ ᠣᠨᠴᠠ ᠰᠢᠨ᠎ᠡ︾ ᠲᠥᠷᠥᠯ ᠵᠦᠢᠯ ᠢ ᠣᠷᠣᠭᠤᠯᠤᠨ

ᠠᠪᠴᠢᠷᠠᠨ᠎ᠠ᠃ ᠪᠥᠬᠦ ᠵᠢᠯ ᠳᠤ 150 ᠵᠦᠢᠯ ᠠᠴᠠ ᠳᠡᠭᠡᠭᠰᠢ ᠲᠥᠷᠥᠯ ᠵᠦᠢᠯ ᠲᠠᠢ ᠭᠡᠷ᠎ᠡ ᠲᠣᠭᠲᠠᠵᠤ᠂ 300 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ

ᠲᠠᠳᠠᠬᠤ ᠬᠡᠯᠡᠯᠴᠡᠭᠡᠷ ᠢ ᠪᠠᠲᠤᠯᠠᠵᠤ᠂ ︽ᠲᠣᠮᠣ ᠰᠤᠪᠤᠳ ᠵᠢᠵᠢᠭ ᠰᠤᠪᠤᠳ ᠴᠦᠮ ᠦᠯᠡᠳᠡᠭᠡᠬᠦ︾ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ

ᠪᠠᠶᠢᠷᠢᠰᠢᠯ ᠢ ᠪᠣᠶ ᠪᠣᠯᠭᠠᠨ᠎ᠠ᠃

         ᠣᠷᠴᠢᠨ ᠠᠬᠤᠢ ᠶᠢ ᠨᠡᠩ ᠨᠠᠷᠢᠯᠢᠭ ᠣᠨᠣᠴᠠᠲᠠᠢ ᠪᠠᠷ ᠰᠢᠯᠢᠳᠡᠭᠵᠢᠭᠦᠯᠵᠦ᠂ ᠪᠡᠶᠡᠴᠢ ᠴᠣᠭᠴᠠ ᠶᠢ ᠪᠠᠲᠤᠯᠠᠨ᠎ᠠ᠃ ᠲᠦᠷᠦ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠬᠤ ᠶᠢ  ᠴᠢᠩᠭᠠᠳᠬᠠᠨ᠎ᠠ᠃ ᠠᠷᠠᠯᠵᠢᠶᠠᠴᠢᠨ ᠤᠷᠢᠬᠤ ᠪᠠ ᠬᠤᠳᠠᠯᠳᠤᠭ᠎ᠠ ᠡᠵᠡᠩᠨᠡᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂

ᠠᠷᠠᠯᠵᠢᠶᠠᠴᠢᠨ ᠤᠷᠢᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠯᠭᠤᠮᠵᠢᠲᠠᠢ ᠠᠮᠠᠯᠠᠬᠤ ᠪᠠ ᠵᠠᠪᠠᠯ ᠪᠡᠶᠡᠯᠡᠭᠦᠯᠬᠦ ᠶᠢ ᠬᠡᠷᠡᠭᠵᠢᠭᠦᠯᠦᠨ᠂ ᠦᠨᠡᠨᠴᠢ

ᠢᠲᠡᠭᠡᠮᠵᠢᠲᠡᠢ ᠪᠠᠷ ᠠᠷᠠᠯᠵᠢᠶᠠᠴᠢᠨ ᠤᠷᠢᠬᠤ᠂ ᠦᠢᠯᠡᠴᠢᠯᠡᠭᠡ ᠪᠠᠷ ᠠᠷᠠᠯᠵᠢᠶᠠᠴᠢᠨ ᠢ ᠦᠯᠡᠳᠡᠭᠡᠬᠦ᠂ ᠲᠥᠷᠥ ᠶᠢᠨ ᠪᠣᠳᠣᠯᠭ᠎ᠠ ᠪᠠᠷ ᠠᠷᠠᠯᠵᠢᠶᠠᠴᠢᠨ ᠢ ᠬᠥᠭᠵᠢᠭᠦᠯᠬᠦ᠂

ᠣᠷᠴᠢᠨ ᠲᠣᠭᠤᠷᠢᠨ ᠢᠶᠠᠷ ᠠᠷᠠᠯᠵᠢᠶᠠᠴᠢᠨ ᠢ ᠪᠠᠶᠠᠵᠢᠭᠤᠯᠬᠤ ᠶᠢ ᠪᠡᠶᠡᠯᠡᠭᠦᠯᠦᠨ᠎ᠡ᠃ ᠬᠦᠴᠢᠷᠳᠡᠯ ᠢ ᠨᠢ ᠰᠢᠢᠳᠪᠦᠷᠢᠯᠡᠵᠦ ᠬᠠᠪᠰᠤᠷᠤᠨ ᠲᠡᠳᠬᠦᠬᠦ ᠡᠯ᠎ᠡ ᠵᠦᠢᠯ ᠤᠨ

ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ

ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠡᠯᠡ ᠴᠤᠬᠯᠠᠭᠤᠯᠬᠤ ᠳᠤ ᠬᠦᠴᠢᠷᠲᠡᠢ

ᠪᠡᠯᠡ ᠴᠤᠭᠯᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠠᠵᠤ ᠠᠬᠤᠶᠢᠯᠠᠯ ᠳᠤ ᠠᠰᠢᠭᠲᠠᠢ ᠦᠢᠯᠡᠴᠢᠯᠡᠭᠡ ᠶᠢ ᠴᠢᠩᠭᠠᠳᠬᠠᠨ᠎ᠠ᠃

︽ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠶᠠᠪᠤᠳᠠᠯ ᠪᠠᠶᠢᠪᠠᠯ ᠳᠠᠷᠤᠶᠢᠬᠠᠨ ᠭᠦᠢᠴᠡᠳᠬᠡᠬᠦ︾ ᠦᠢᠯᠡᠴᠢᠯᠡᠭᠡᠨ ᠤ ᠣᠨᠣᠯᠵᠢᠬᠤᠨ ᠢ ᠭᠤᠶᠢᠪᠢᠰᠢ ᠦᠭᠡᠢ

ᠪᠠᠷᠢᠮᠲᠠᠯᠠᠨ᠂ ᠠᠵᠤ ᠠᠬᠤᠶᠢᠯᠠᠯᠲᠠᠨ ᠤ ︽ᠥᠷᠯᠥᠭᠡ ᠶᠢᠨ ᠬᠤᠭᠤᠯᠠ︾  ︽ᠦᠳᠡ ᠶᠢᠨ ᠬᠤᠶᠢᠨᠠᠬᠢ ᠴᠠᠶᠢᠯᠠᠯᠭ᠎ᠠ︾ ᠶᠢᠨ ᠠᠵᠢᠯᠯᠠᠭ᠎ᠠ ᠶᠢ ᠪᠠᠶᠢᠩᠭᠤᠵᠢᠭᠤᠯᠤᠨ

ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠲᠠᠢ ᠠᠰᠠᠭᠤᠳᠠᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ ᠥᠭᠭᠦᠨ᠎ᠡ᠃ ᠠᠷᠠᠳ ᠠᠴᠠ

ᠡᠵᠡᠩᠨᠡᠭᠰᠡᠨ ᠠᠵᠤ ᠠᠬᠤᠢ ᠶᠢᠨ ᠬᠦᠭᠵᠢᠨ ᠪᠤᠵᠠᠭᠠᠶᠢᠷᠠᠬᠤ ᠶᠢ ᠵᠤᠷᠢᠬᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠬᠤᠯᠠ ᠶᠡᠭᠡ ᠲᠥᠷᠥᠯ

ᠵᠦᠢᠯ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠠᠵᠢᠯᠯᠠᠭ᠎ᠠ ᠳᠤ ᠣᠷᠤᠯᠴᠠᠬᠤ ᠶᠢ ᠳᠡᠮᠵᠢᠨ᠎ᠡ᠃ ᠰᠢᠯᠢᠳᠡᠭ ᠠᠵᠤ ᠠᠬᠤᠶᠢᠯᠠᠯ ᠪᠣᠯᠣᠨ ᠠᠵᠤ

ᠠᠬᠤᠶᠢᠯᠠᠯᠲᠠᠨ ᠢ ᠬᠥᠬᠢᠭᠦᠯᠦᠨ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠷᠠᠨ ᠳᠠᠷᠬᠠᠨ ᠤ ᠵᠣᠷᠢᠭ ᠰᠠᠨᠠᠭ᠎ᠠ ᠪᠠ ᠠᠵᠤ

ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠠᠵᠤ ᠠᠬᠤᠶᠢᠯᠠᠯ ᠤᠨ ᠬᠢᠶ᠎ᠠ ᠪᠠᠭᠰᠢ ᠳᠤ ᠪᠡᠯᠡ ᠣᠷᠣᠭᠤᠯᠬᠤ᠂ ᠬᠢᠶ᠎ᠠ ᠪᠠᠭᠰᠢ ᠳᠤ ᠨᠤᠳᠤᠬᠰᠢᠬᠤ ᠢᠲᠡᠭᠡᠯ

ᠵᠣᠷᠢᠭ ᠢ ᠪᠠᠲᠤᠳᠬᠠᠵᠤ᠂ ᠠᠵᠤ ᠠᠬᠤᠶᠢᠯᠠᠯ ᠤᠨ ᠪᠠᠶᠠᠵᠢᠬᠤ᠂ ᠬᠤᠳᠠ ᠶᠢᠨ ᠬᠦᠭᠵᠢᠬᠦ᠂ ᠠᠷᠠᠳ ᠤᠯᠠᠨ ᠠᠰᠢᠭ ᠬᠦᠷᠲᠡᠬᠦ ᠳᠤ ᠠᠮᠢᠳᠤᠯᠢᠭ ᠪᠠᠶᠢᠳᠠᠯ ᠢ ᠪᠤᠢ

ᠪᠣᠯᠭᠠᠨ᠎ᠠ᠃

         ︵ᠬᠤᠶᠠᠷ︶ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠨᠠᠩ ᠥᠷᠢᠰᠦᠯᠳᠦᠬᠦ ᠬᠦᠴᠦᠨ ᠲᠠᠢ ᠠᠵᠤ ᠦᠢᠯᠡᠰ ᠤᠨ ᠲᠤᠬᠳᠠᠯᠴᠠᠭ᠎ᠠ ᠶᠢ

ᠬᠦᠴᠦᠯᠡᠨ ᠪᠠᠶᠢᠭᠤᠯᠤᠨ᠎ᠠ᠃ ︽  ᠭᠤᠷᠪᠠᠳᠤᠭᠠᠷ ᠠᠵᠤ ᠦᠢᠯᠡᠰ ᠢᠶᠠᠷ ᠬᠤᠶᠠᠳᠤᠭᠠᠷ ᠠᠵᠤ ᠦᠢᠯᠡᠰ ᠢ ᠳᠠᠶᠢᠴᠢᠯᠠᠵᠤ ᠨᠢᠭᠡᠳᠦᠭᠡᠷ ᠠᠵᠤ ᠦᠢᠯᠡᠰ ᠢ ᠠᠬᠢᠭᠤᠯᠬᠤ︾

ᠪᠥᠬᠦ ᠬᠡᠯᠬᠢᠶᠡᠵᠢᠭᠰᠡᠨ ᠬᠥᠭᠵᠢᠯᠲᠡ ᠶᠢᠨ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ ᠣᠯᠠᠨ ᠡᠰᠢᠲᠦ ᠬᠥᠭᠵᠢᠯᠲᠡ᠂ ᠣᠯᠠᠨ ᠲᠦᠢᠯᠳᠤ ᠲᠤᠯᠭᠠᠭᠤᠷᠢᠯᠠᠯ ᠲᠠᠢ ᠣᠲᠣ

ᠦᠶ᠎ᠡ ᠶᠢᠨ ᠠᠵᠤ ᠦᠢᠯᠡᠰ ᠤᠨ ᠲᠤᠬᠳᠠᠯᠴᠠᠭ᠎ᠠ ᠶᠢ ᠢᠳᠡᠪᠬᠢᠲᠡᠢ ᠪᠠᠷ ᠪᠠᠶᠢᠭᠤᠯᠤᠨ᠂ ᠬᠤᠲᠠ ᠶᠢᠨ ᠠᠵᠤ ᠠᠬᠤᠢ ᠶᠢᠨ ︽ᠲᠠᠰ ᠳᠡᠪᠰᠢᠭᠰᠡᠨ ᠬᠡᠪ︾ ᠢ ᠬᠦᠴᠦᠯᠡᠨ

ᠪᠣᠶ ᠪᠣᠯᠭᠠᠨ᠎ᠠ᠃

           ᠲᠤᠭᠠᠵᠢᠯᠳᠠ ᠪᠠᠷ ᠬᠦᠴᠤᠨ ᠣᠯᠭᠤᠬᠤ ᠶᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠭᠠᠵᠢᠭᠤᠯᠤᠬᠰᠠᠨ ᠠᠵᠤ

ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠰᠠᠯᠬᠢᠨ ᠤ ᠠᠮᠠ ᠶᠢ ᠢᠳᠡᠪᠬᠢᠲᠡᠢ ᠪᠠᠷ ᠵᠠᠪᠳᠤᠨ ᠡᠵᠡᠯᠡᠵᠦ᠂ ᠲᠤᠭᠠᠵᠢᠭᠤᠯᠤᠬᠰᠠᠨ ᠠᠵᠤ ᠠᠬᠤᠢ ᠶᠢ

ᠠᠭᠤᠰᠤᠯᠴᠠᠭᠤᠯᠤᠨ ᠬᠥᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ᠲᠤᠭᠠᠵᠢᠭᠤᠯᠤᠬᠰᠠᠨ ᠠᠵᠤ ᠠᠬᠤᠢ ᠶᠢ ᠠᠭᠤᠰᠤᠯᠴᠠᠭᠤᠯᠤᠨ ᠬᠥᠭᠵᠢᠭᠦᠯᠬᠦ

ᠬᠤᠰᠢᠭᠤᠴᠢ ᠣᠷᠣᠨ ᠢ ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠤᠨ᠎ᠠ᠃ ᠪᠦᠬᠦ ᠬᠤᠲᠠ ᠶᠢᠨ ︽  ᠳᠡᠯᠡᠬᠡᠢ ᠶᠢᠨ ᠳᠡᠰ ᠤᠨ ᠳᠥᠷᠪᠡᠨ ᠠᠵᠤ ᠦᠢᠯᠡᠰ︾

 ᠢ ᠪᠠᠶᠢᠭᠤᠯᠬᠤ ᠳᠤ ᠦᠢᠯᠡᠴᠢᠯᠡᠬᠦ ᠲᠠᠯ᠎ᠠ ᠪᠠᠷ᠂ ᠤᠶᠤᠨᠴᠢ ᠦᠢᠯᠡᠳᠪᠦᠷᠢ᠂  ᠲᠤᠭᠠᠵᠢᠭᠤᠯᠤᠬᠰᠠᠨ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ

ᠲᠡᠮᠵᠢᠵᠤ᠂ ᠤᠯᠤᠰ ᠤᠨ ᠣᠶᠤᠨᠴᠢᠯᠠᠭᠰᠠᠨ ᠠᠭᠤᠷᠬᠠᠢ ᠳᠤ ᠬᠡᠷᠡᠭᠯᠡᠬᠦ ᠮᠠᠰᠢᠨ ᠲᠡᠷᠭᠡ ᠶᠢ ᠰᠢᠯᠭᠠᠨ ᠪᠠᠶᠢᠴᠠᠭᠠᠬᠤ ᠲᠥᠪ᠂ ᠤᠯᠤᠰ ᠤᠨ ᠲᠡᠰ ᠤᠨ  ᠬᠦᠮᠤᠨ ᠦᠭᠡᠢ

ᠤᠶᠤᠨᠴᠢ ᠠᠭᠤᠷᠬᠠᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠭᠤᠣᠯᠳᠠᠯᠭ᠎ᠠ ᠲᠠᠢ ᠵᠦᠢᠯᠡᠰ ᠢ ᠤᠷᠤᠨᠵᠢᠭᠤᠯᠤᠨ ᠪᠦᠲᠦᠭᠡᠨ ᠪᠠᠶᠢᠭᠤᠯᠬᠤ ᠶᠢ ᠭᠦᠨᠵᠡᠭᠡᠢ

ᠠᠬᠢᠭᠤᠯᠵᠤ᠂ ᠲᠤᠭᠠᠵᠢᠭᠤᠯᠤᠬᠰᠠᠨ ᠮᠡᠷᠭᠡᠵᠢᠯ ᠤᠨ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠲᠠᠬᠢ ᠭᠡᠷᠡᠭᠯᠡᠯᠳᠡ ᠶᠢ ᠥᠷᠭᠡᠳᠬᠡᠵᠦ᠂ ᠪᠦᠬᠦ ᠤᠯᠤᠰ ᠤᠨ

ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ  ᠲᠤᠭᠠᠵᠢᠭᠤᠯᠤᠯᠳᠠ ᠶᠢ ᠤᠷᠢᠳᠠᠪᠠᠷ ᠭᠡᠷᠡᠭᠯᠡᠭᠰᠡᠨ ᠭᠠᠵᠠᠷ ᠪᠣᠯᠭᠠᠨ᠎ᠠ᠃ ᠮᠠᠨ ᠤ ᠲᠤᠭᠤᠷᠢᠭ ᠤᠨ

ᠲᠤᠭᠠᠵᠢᠭᠤᠯᠤᠬᠰᠠᠨ ᠠᠵᠤ ᠠᠬᠤᠢ ᠶᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ᠂ ︽  ᠳ᠋ᠦᠸᠧ ᠳ᠋ᠦᠸᠧ ᠫᠢᠡᠭ · ᠺᠣᠳ᠋ ᠳᠡᠭᠡᠷᠡᠬᠢ ᠠᠮᠢᠳᠤᠷᠠᠯ︾ 

ᠲᠤᠭᠠᠵᠢᠭᠤᠯᠤᠬᠰᠠᠨ ᠲᠠᠪᠴᠠᠩ ᠤᠨ ᠮᠡᠷᠭᠡᠵᠢᠯ ᠢ ᠰᠤᠳᠤᠯᠤᠨ ᠨᠡᠭᠡᠭᠡᠬᠦ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠤᠶᠤᠨᠴᠢ ᠵᠠᠰᠠᠯᠳᠠ ᠶᠢ ᠠᠬᠢᠭᠤᠯᠬᠤ᠂

ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠬᠦ᠂ ᠠᠷᠠᠯᠵᠢᠶ᠎ᠠ ᠬᠤᠳᠠᠯᠳᠤᠭᠠᠨ ᠤ ᠬᠦᠢᠯᠭᠡᠭᠡ ᠶᠢ ᠠᠬᠢᠭᠤᠯᠬᠤ ᠵᠡᠷᠭᠡ ᠲᠠᠯ᠎ᠠ ᠪᠠᠷ ᠨᠡᠩ ᠤᠯᠠᠨ

ᠰᠢᠨ᠎ᠡ ᠶᠢ ᠡᠬᠦᠳᠬᠦ ᠬᠡᠷᠡᠭᠯᠡᠭᠡᠨ ᠤ ᠲᠠᠯᠠᠪᠤᠷ ᠢ ᠡᠭᠦᠳᠴᠦ᠂ ︽  ᠳ᠋ᠦᠸᠧ ᠳ᠋ᠦᠸᠧ ᠫᠢᠡᠭ︾  ᠥᠪᠡᠷᠲᠡᠭᠡᠨ ᠵᠠᠰᠠᠬᠤ ᠣᠷᠣᠨ ᠪᠣᠯᠣᠨ ᠪᠦᠬᠦ ᠤᠯᠤᠰ ᠤᠨ

ᠬᠡᠪᠴᠢᠶᠡᠨ ᠳᠤ ᠤᠷᠤᠨᠵᠢᠨ ᠪᠠᠶᠢᠷᠢᠰᠢᠬᠤ ᠶᠢ ᠲᠦᠷᠭᠡᠨ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠱᠠᠨᠳᠦ᠋ᠩ  ᠪᠤᠯᠤᠨ ᠣᠷᠳᠣᠰ ᠤᠨ  ᠪᠠᠷᠠᠭᠠᠨ ᠤ

ᠭᠦᠢᠯᠭᠡᠭᠡᠨ ᠤ ᠣᠷᠣᠨ ᠪᠦᠰᠡ ᠶᠢᠨ ᠣᠷᠴᠢᠯ ᠢ ᠨᠡᠪᠳᠡᠷᠡᠬᠦᠯᠬᠦ ᠳᠤ ᠲᠦᠰᠢᠭᠯᠡᠨ᠂ ᠲᠤᠭᠠᠵᠢᠭᠤᠯᠤᠬᠰᠠᠨ ᠪᠠᠷᠠᠭᠠᠨ ᠤ ᠭᠦᠢᠯᠭᠡᠭᠡᠨ ᠤ ᠲᠤᠬᠳᠠᠯᠴᠠᠭ᠎ᠠ ᠶᠢ ᠪᠠᠶᠢᠭᠤᠯᠵᠤ᠂

ᠪᠥᠬᠦ ᠤᠷᠤᠨ ᠪᠦᠰᠡ ᠶᠢᠨ ᠤᠶᠤᠨᠴᠢ ᠰᠦᠯᠵᠢᠶᠡᠨ ᠤ ᠬᠤᠯᠪᠤᠭᠠᠯᠠᠯ ᠤᠨ ᠵᠠᠮ ᠬᠠᠷᠢᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ︔  

ᠳ᠋ᠠᠶᠢᠲ᠋ᠠ ᠶᠢᠨ ᠬᠦᠮᠤᠷᠭᠡ ᠶᠢᠨ ᠭᠠᠮᠰᠢᠭ ᠠᠴᠠ ᠰᠡᠷᠭᠡᠶᠢᠯᠡᠬᠦ ᠲᠥᠪ ᠢ ᠪᠠᠶᠢᠭᠤᠯᠵᠤ᠂ ︽ᠵᠡᠬᠦᠨᠳᠡᠬᠢ ᠲᠤᠭ᠎ᠠ ᠶᠢ ᠪᠠᠷᠠᠭᠤᠨᠳᠠᠢ ᠲᠤᠭᠠᠴᠠᠬᠤ︾ ︽ᠵᠡᠬᠦᠨᠳᠡᠬᠢ ᠲᠤᠭ᠎ᠠ

 ᠶᠢ ᠪᠠᠷᠠᠭᠤᠨᠳᠠᠢ ᠬᠠᠳᠠᠭᠠᠯᠠᠬᠤ︾ ᠨᠡᠶᠢᠲᠡᠯᠢᠭ ᠵᠢᠱᠢᠶ᠎ᠡ ᠦᠵᠡᠭᠦᠯᠬᠦ ᠤᠷᠤᠨ ᠢ ᠪᠠᠶᠢᠭᠤᠯᠤᠨ᠎ᠠ︔ ᠤᠶᠤᠨ ᠤ ᠠᠶᠠᠯᠠᠯ᠂ ᠴᠢᠩ ᠱᠠᠨ ᠰᠢᠨᠵᠢᠯᠡᠬᠦ ᠤᠬᠠᠭᠠᠨ ᠮᠡᠷᠭᠡᠵᠢᠯ

ᠵᠡᠷᠭᠡ ᠲᠤᠭᠠᠵᠢᠭᠤᠯᠤᠬᠰᠠᠨ ᠠᠵᠤ ᠠᠬᠤᠢ ᠶᠢᠨ ᠬᠦᠷᠢᠶᠡᠨ ᠳᠠᠬᠢ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠤᠭᠠᠵᠢᠭᠤᠯᠤᠯᠳᠠ ᠶᠢᠨ

ᠤᠷᠤᠯᠳᠤᠭᠠᠨ ᠤ ᠵᠠᠮ ᠢ ᠢᠳᠡᠪᠬᠢᠲᠡᠢ ᠪᠠᠶᠢᠷᠢᠰᠢᠭᠤᠯᠬᠤ ᠪᠠ ᠵᠠᠪᠳᠤᠨ ᠡᠵᠡᠯᠡᠵᠦ᠂ ᠲᠤᠭᠠᠵᠢᠭᠤᠯᠤᠬᠰᠠᠨ ᠠᠵᠤ ᠠᠬᠤᠢ ᠶᠢᠨ ᠨᠡᠮᠡᠭᠳᠡᠯ ᠦᠷᠳᠡᠭ ᠤᠨ GDP ᠳᠤ

ᠡᠵᠡᠯᠡᠬᠦ ᠬᠤᠪᠢ ᠶᠢᠨ ᠵᠢᠩ ᠢ ᠶᠡᠬᠡᠪᠡᠷ ᠳᠡᠭᠡᠭᠰᠢᠯᠡᠭᠦᠯᠬᠦ ᠶᠢ ᠠᠬᠢᠭᠤᠯᠵᠤ᠂ ᠬᠤᠳᠠ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠲᠤᠭᠠᠵᠢᠬᠰᠠᠨ

ᠬᠦᠴᠦᠨ ᠢ ᠨᠡᠮᠡᠷᠢᠯᠡᠨ᠎ᠡ᠃

        ᠶᠡᠷᠦᠩᠬᠡᠢ ᠭᠡᠯᠳᠡᠰ ᠤᠨ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠴᠢᠩ ᠴᠦᠨ ᠱᠠᠨ  ᠶᠡᠷᠦᠩᠬᠡᠢ  ᠭᠡᠯᠳᠡᠰ ᠤᠨ ᠰᠠᠭᠤᠷᠢᠨ ᠭᠠᠵᠠᠷ ᠲᠤ ᠲᠦᠰᠢᠭᠯᠡᠨ

᠂ ᠶᠡᠷᠦᠩᠬᠡᠶᠢᠯᠡᠭᠰᠡᠨ ᠴᠢᠨᠠᠷᠲᠠᠢ ᠶᠡᠷᠦᠩᠬᠡᠢ  ᠭᠡᠯᠳᠡᠰ ᠤᠨ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠲᠤᠭᠠᠵᠢᠭᠤᠯᠤᠬᠰᠠᠨ ᠮᠥᠩᠭᠦᠨ ᠭᠦᠢᠯᠭᠡᠭᠡᠨ ᠤ ᠰᠢᠨ᠎ᠡ ᠶᠢ

ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠲᠦᠰᠢᠭᠯᠡᠨ᠂ ᠪᠠᠩᠬᠢ᠂ ᠦᠨᠡᠳᠤ ᠲᠡᠮᠳᠡᠭᠲᠦ᠂ ᠳᠠᠭᠠᠳᠬᠠᠯ᠂ ᠰᠠᠭᠤᠷᠢ ᠮᠥᠩᠭᠦ᠂ ᠬᠤᠭᠤᠴᠠᠭᠠᠲᠤ ᠪᠠᠷᠠᠭ᠎ᠠ

ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠬᠤᠪᠢᠶᠠᠷᠢ ᠺᠣᠮᠫᠠᠨᠢ ᠶᠢ ᠭᠤᠣᠯᠳᠠᠯᠭ᠎ᠠ ᠲᠠᠢ ᠲᠡᠳᠡᠨ ᠠᠪᠴᠢᠷᠠᠵᠤ ᠨᠤᠳᠤᠬᠰᠢᠭᠤᠯᠤᠨ᠂ ᠡᠯ᠎ᠡ ᠲᠥᠷᠥᠯ ᠤᠨ

ᠮᠥᠩᠭᠦᠨ ᠭᠦᠢᠯᠭᠡᠭᠡᠨ ᠤ ᠬᠦᠴᠦᠨ ᠵᠦᠢᠯ ᠤᠨ ᠡᠬᠢ ᠪᠠᠶᠠᠯᠢᠭ ᠤᠨ ᠥᠨᠳᠥᠷ ᠦᠷ᠎ᠡ ᠪᠦᠲᠦᠮᠵᠢᠲᠡᠶ ᠪᠠᠷ ᠲᠦᠪᠯᠡᠷᠡᠬᠦ ᠶᠢ ᠠᠬᠢᠭᠤᠯᠤᠨ᠂ ᠮᠦᠡᠭᠬᠦᠨ ᠬᠦᠢᠯᠭᠡᠭᠡᠨ ᠤ

ᠪᠠᠶᠢᠭᠤᠯᠤᠮᠵᠢ ᠶᠢᠨ ᠶᠡᠷᠦᠩᠬᠡᠢ ᠭᠡᠯᠳᠡᠰ ᠤᠨ ᠲᠥᠪᠯᠡᠷᠡᠭᠰᠡᠨ ᠣᠷᠣᠨ ᠢ ᠪᠠᠶᠢᠭᠤᠯᠵᠤ᠂ ᠬᠠᠷᠢᠶ᠎ᠠ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ

ᠵᠣᠭᠤᠰ ᠤᠨ ᠬᠠᠳᠠᠭᠠᠯᠠᠮᠵᠢ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ 700 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠠᠬᠢᠭᠤᠯᠤᠨ᠎ᠠ᠃ ᠡᠨᠧᠷᠭᠢ ᠶᠢᠨ

ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠵᠢᠭ ᠪᠠᠯᠭᠠᠰᠤ ᠳᠤ ᠲᠦᠰᠢᠭᠯᠡᠨ᠂ ᠪᠥᠬᠦ ᠤᠯᠤᠰ ᠤᠨ ᠡᠯ᠎ᠡ ᠲᠣᠮᠣ ᠡᠨᠧᠷᠭᠢ ᠶᠢᠨ ᠠᠵᠤ ᠠᠬᠤᠶᠢᠯᠠᠯ ᠢ

ᠲᠡᠳᠡᠨ ᠠᠪᠴᠢᠷᠠᠵᠤ ᠣᠷᠣᠨ ᠪᠦᠰᠡ ᠶᠢᠨ ᠶᠡᠷᠦᠩᠬᠡᠢ  ᠭᠡᠯᠳᠡᠰ᠂ ᠰᠤᠳᠤᠯᠤᠨ ᠨᠡᠭᠡᠭᠡᠬᠦ ᠲᠥᠪ᠂ ᠳ᠋ᠦᠩᠨᠡᠨ ᠪᠤᠳᠤᠬᠤ ᠲᠥᠪ ᠢ ᠪᠠᠶᠢᠭᠤᠯᠵᠤ᠂ ᠡᠨᠧᠷᠭᠢ ᠶᠢᠨ ᠠᠵᠤ

ᠠᠬᠤᠶᠢᠯᠠᠯ ᠤᠨ ᠶᠡᠷᠦᠩᠬᠡᠢ  ᠭᠡᠯᠳᠡᠰ  ᠲᠥᠪᠯᠡᠷᠡᠭᠰᠡᠨ ᠣᠷᠣᠨ ᠢ  ᠪᠠᠶᠢᠭᠤᠯᠤᠨ᠎ᠠ᠃ ᠤᠤᠯ ᠤᠨ ᠬᠤᠸᠠ ᠲᠠᠢ ᠮᠠᠰᠢᠨ ᠲᠡᠷᠭᠡᠨ ᠤ ᠦᠢᠯᠡᠳᠪᠦᠷᠢ ᠶᠢᠨ ᠲᠣᠭᠤᠷᠢᠭ ᠤᠨ

ᠲᠥᠯᠦᠪᠵᠢᠭᠦᠯᠭᠡ ᠶᠢᠨ ᠲᠣᠬᠢᠷᠠᠭᠤᠯᠤᠯᠲᠠ ᠪᠠ ᠬᠤᠲᠠ ᠶᠢᠨ ᠵᠢᠷᠤᠭ ᠲᠥᠯᠥᠪᠯᠡᠭᠡ ᠶᠢ ᠲᠦᠷᠭᠡᠳᠬᠡᠨ᠂ ᠲᠣᠰ ᠣᠷᠣᠨ ᠪᠦᠰᠡ ᠶᠢ ᠲᠣᠮᠣ ᠬᠡᠯᠪᠡᠷᠢ ᠶᠢᠨ ᠠᠵᠤ

ᠠᠬᠤᠶᠢᠯᠠᠯ ᠤᠨ ᠶᠡᠷᠦᠩᠬᠡᠢ  ᠭᠡᠯᠳᠡᠰ᠂ ᠬᠤᠳᠠᠯᠳᠤᠭᠠᠨ ᠤ ᠶᠠᠪᠤᠳᠠᠯ ᠤᠨ ᠠᠯᠪᠠᠯᠠᠬᠤ ᠭᠠᠵᠠᠷ᠂ ᠪᠦᠲᠦᠭᠡᠯᠴᠢ ᠰᠤᠳᠤᠯᠤᠨ ᠨᠡᠭᠡᠭᠡᠬᠦ ᠭᠠᠵᠠᠷ ᠢ ᠨᠢᠭᠡ

ᠴᠣᠭᠴᠠᠵᠢᠭᠤᠯᠤᠭᠰᠠᠨ ᠠᠵᠤ ᠠᠬᠤᠶᠢᠯᠠᠯ ᠤᠨ ᠶᠡᠷᠦᠩᠬᠡᠢ ᠭᠡᠯᠳᠡᠰ ᠤᠨ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠶᠡᠷᠦᠩᠬᠡᠢ ᠭᠡᠯᠳᠡᠰ ᠤᠨ ᠠᠵᠤ ᠠᠬᠤᠢ ᠯᠤᠭ᠎ᠠ

ᠲᠣᠬᠢᠷᠠᠯᠴᠠᠭᠰᠠᠨ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠴᠦᠯᠡᠨ ᠬᠥᠭᠵᠢᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ᠂ ᠰᠤᠷᠭᠠᠨ

ᠬᠥᠮᠦᠵᠢᠯ ᠪᠣᠯᠪᠠᠰᠤᠷᠠᠯ᠂ ᠬᠤᠷᠠᠯ ᠦᠵᠡᠰᠬᠦᠯᠡᠩ᠂ ᠣᠲᠣ ᠦᠶ᠎ᠡ ᠶᠢᠨ ᠪᠠᠷᠠᠭᠠᠨ ᠤ ᠬᠦᠢᠯᠭᠡᠭᠡ ᠵᠡᠷᠭᠡ ᠪᠦᠷᠢᠯᠳᠦᠭᠰᠡᠨ ᠢᠵᠢ ᠪᠦᠷᠢᠳᠦᠭᠰᠡᠨ ᠦᠢᠯᠡᠴᠢᠯᠡᠭᠡᠨ ᠤ ᠠᠵᠤ

ᠦᠢᠯᠡᠰ ᠤᠨ ᠲᠤᠬᠳᠠᠯᠴᠠᠭ᠎ᠠ ᠶᠢ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ᠂ ᠬᠠᠤᠯᠢ ᠴᠠᠭᠠᠵᠠ᠂ ᠨᠢᠭᠲᠠᠯᠠᠨ ᠪᠤᠳᠤᠯᠳᠠ᠂  ᠵᠢᠷᠤᠭ ᠲᠦᠯᠦᠪᠯᠡᠭᠡ᠂

ᠯᠠᠪᠯᠠᠯᠳᠠ ᠵᠡᠷᠭᠡ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠢ ᠳᠠᠶᠢᠴᠢᠯᠠᠨ ᠳᠡᠭᠡᠳᠦ ᠲᠠᠰ  ᠲᠠᠶᠢᠰᠢ ᠥᠷᠭᠡᠳᠬᠡᠨ᠎ᠡ᠃

         ᠰᠣᠶᠣᠯ ᠵᠤᠭᠠᠴᠠᠯ ᠤᠨ ᠠᠭᠤᠰᠤᠯᠴᠠᠯ ᠢ ᠭᠦᠨᠵᠡᠭᠡᠢ ᠠᠬᠢᠭᠤᠯᠤᠨ᠎ᠠ᠃ ᠰᠣᠶᠣᠯ ᠵᠤᠭᠠᠴᠠᠯ ᠤᠨ ᠡᠬᠢ ᠪᠠᠶᠠᠯᠢᠭ  ᠤᠨ ᠨᠢᠭᠡᠳᠭᠡᠯ ᠢ ᠴᠢᠩᠭᠠᠳᠬᠠᠵᠤ᠂

ᠰᠣᠶᠣᠯ ᠤᠨ ᠡᠯᠧᠮᠧᠨ᠋ᠲ ᠢᠶᠠᠷ ᠪᠠᠶᠠᠯᠢᠭ᠂ ᠰᠣᠶᠣᠯ ᠤᠨ ᠠᠭᠤᠯᠤᠭᠳᠠᠬᠤᠨ ᠢᠶᠠᠷ ᠳᠦᠭᠦᠷᠡᠩ ᠨᠠᠩ ᠣᠯᠠᠨ ᠵᠤᠭᠠᠴᠠᠯ ᠤᠨ ᠵᠠᠮ ᠱᠤᠭᠤᠮ᠂ ᠰᠦᠯᠵᠢᠶᠡᠨ ᠤᠳᠤᠨ

ᠭᠠᠵᠠᠷ ᠪᠠ ᠰᠣᠶᠣᠯ ᠤᠨ ᠡᠭᠦᠳᠦᠯᠲᠡ ᠶᠢᠨ ᠦᠢᠯᠡᠳᠬᠦᠨ ᠢ ᠭᠠᠷᠭᠠᠵᠤ᠂ ᠳᠡᠭᠡᠳᠦ ᠲᠠᠰ ᠤᠨ ᠰᠣᠶᠣᠯ ᠵᠤᠭᠠᠴᠠᠯ ᠤᠨ ᠦᠢᠯᠡᠳᠬᠦᠨ ᠤ ᠬᠠᠩᠭᠠᠯᠭ᠎ᠠ ᠶᠢ ᠥᠷᠭᠡᠳᠬᠡᠨ᠎ᠡ᠃

ᠪᠸᠢᠢᠯᠢᠨ ᠮᠦᠽᠧᠢ᠂ ᠵᠠᠯᠠᠭᠤᠴᠤᠳ ᠪᠠᠭᠠᠴᠤᠳ ᠤᠨ ᠰᠣᠶᠣᠯ ᠰᠤᠷᠭᠠᠨ ᠬᠥᠮᠦᠵᠢᠯ ᠤᠨ ᠰᠤᠳᠤᠯᠭᠠᠨ ᠤ ᠦᠢᠯᠡᠳᠦᠯᠭᠡ ᠶᠢᠨ ᠰᠠᠭᠤᠷᠢᠨ ᠳᠤ ᠲᠦᠰᠢᠭᠯᠡᠨ

ᠣᠨᠴᠠᠯᠢᠭᠲᠤ ᠰᠣᠶᠣᠯ ᠵᠤᠭᠠᠴᠠᠯ ᠤᠨ ᠲᠦᠷᠦᠯ ᠵᠦᠢᠯ ᠢ ᠨᠡᠪᠴᠢᠭᠦᠯᠵᠦ᠂ ᠨᠡᠩ ᠤᠯᠠᠨ ᠲᠤᠭᠠᠵᠢᠭᠤᠯᠤᠬᠰᠠᠨ ᠬᠡᠶᠢᠰᠪᠦᠷᠢ ᠦᠵᠡᠭᠳᠡᠯ᠂ ᠲᠣᠭᠯᠠᠯᠲᠠ ᠶᠢᠨ ᠤᠷᠠᠯᠢᠭ

ᠪᠠ ᠦᠳᠡᠰᠢ  ᠶᠢᠨ ᠵᠤᠭᠠᠴᠠᠯ ᠤᠨ ᠲᠦᠷᠦᠯ ᠵᠦᠢᠯ ᠢ ᠡᠭᠦᠳᠴᠦ᠂ ᠳᠡᠭᠡᠳᠦ ᠲᠡᠰ ᠤᠨ ᠦᠵᠡᠰᠬᠦᠯᠡᠩ ᠮᠦᠽᠧᠢ ᠪᠠᠷ ᠣᠨᠴᠠᠯᠢᠭ ᠢᠶᠠᠨ ᠪᠣᠯᠭᠠᠭᠰᠠᠨ ᠰᠣᠶᠣᠯ

ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠥᠨᠳᠦᠷᠯᠢᠭ ᠢ ᠪᠠᠶᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂

︽ᠵᠠᠭᠤᠨ ᠡᠳᠦᠷ ᠤᠨ ᠵᠤᠨ ᠤ  ᠵᠤᠰᠠᠯᠠᠩ︾᠂ ︽ᠤᠯᠤᠰ ᠤᠨ ᠲᠤᠤᠷᠠᠬᠢ ᠤᠷᠤᠰᠬᠠᠯᠳᠤ ᠰᠣᠶᠣᠯ ᠤᠨ ᠨᠠᠶᠢᠷ︾ ᠵᠡᠷᠭᠡ ᠲᠦᠷᠦᠯ ᠲᠡᠮᠳᠡᠭᠲᠦ ᠰᠣᠶᠣᠯ ᠤᠨ

ᠠᠵᠢᠯᠯᠠᠭ᠎ᠠ ᠶᠢ ᠰᠠᠶᠢᠲᠤᠷ ᠡᠷᠬᠢᠯᠡᠨ᠎ᠡ︔ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠵᠦ᠂ ᠤᠯᠠᠭᠠᠨᠮᠥ᠋ᠴᠢᠷ ᠢᠶᠠᠷ ᠭᠤᠣᠯ ᠴᠣᠭᠴᠠ

ᠪᠣᠯᠭᠠᠵᠤ᠂ ᠴᠠᠭ ᠦᠶ᠎ᠡ ᠶᠢᠨ ᠬᠥᠭᠵᠢᠯᠲᠡ ᠲᠠᠢ ᠨᠢᠭᠲᠠ ᠵᠣᠬᠢᠴᠠᠭᠰᠠᠨ᠂ ᠬᠤᠳᠠ ᠶᠢᠨ ᠬᠤᠪᠢᠷᠠᠯᠲᠠ ᠶᠢ ᠢᠯᠡᠷᠡᠭᠦᠯᠦᠭᠰᠡᠨ᠂ ᠰᠣᠶᠣᠯ ᠤᠨ ᠠᠭᠤᠯᠤᠭᠳᠠᠬᠤᠨ ᠢ

ᠢᠯᠡᠷᠡᠭᠦᠯᠦᠭᠰᠡᠨ ᠨᠡᠩ ᠤᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠨᠡᠩ ᠤᠯᠠᠨ ᠰᠢᠯᠢᠳᠡᠭ ᠪᠦᠲᠦᠭᠡᠯ ᠢ ᠬᠢᠶ᠎ᠠ ᠪᠠᠭᠰᠢ ᠳᠤ

ᠠᠩᠬ᠎ᠠ ᠲᠠᠷᠬᠠᠭᠠᠬᠤ᠂ ᠠᠩᠬ᠎ᠠ ᠲᠣᠭᠯᠠᠬᠤ᠂ ᠠᠩᠬ᠎ᠠ ᠭᠠᠷᠭᠠᠬᠤ᠂ ᠠᠩᠬ᠎ᠠ ᠦᠵᠡᠭᠦᠯᠬᠦ ᠪᠤᠯᠭᠠᠨ᠎ᠠ︔ ᠤᠷᠤᠯᠳᠤᠭᠠᠨ ᠤ ᠵᠠᠪᠢ ᠶᠢᠨ ᠮᠠᠰᠲ᠋ᠧᠷ ᠤᠨ ᠤᠷᠤᠯᠳᠤᠭᠠᠨ᠂

CTCC  ᠲᠡᠷᠭᠡᠨ ᠤᠷᠤᠯᠳᠤᠭᠠᠨ ᠵᠡᠷᠭᠡ ᠨᠡᠷᠡᠲᠦ ᠲᠡᠮᠳᠡᠭᠲᠦ ᠤᠷᠤᠯᠳᠤᠭᠠᠨ ᠤ ᠠᠵᠢᠯᠯᠠᠭ᠎ᠠ ᠶᠢ ᠥᠨᠳᠥᠷ ᠲᠦᠪᠰᠢᠨ ᠢᠶᠠᠷ ᠡᠷᠬᠢᠯᠡᠵᠦ᠂ ᠤᠷᠤᠯᠳᠤᠭᠠᠨ ᠤ ᠠᠵᠤ

ᠠᠬᠤᠢ ᠶᠢ ᠬᠦᠴᠦᠷᠬᠡᠭᠵᠢᠭᠦᠯᠦᠨ᠎ᠡ᠃ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠵᠢᠭᠤᠯᠴᠢᠯᠠᠭᠴᠢᠳ ᠤᠨ ᠬᠢᠶ᠎ᠠ ᠪᠠᠭᠰᠢ ᠳᠤ

ᠢᠷᠡᠵᠦ ᠲᠣᠭᠤᠷᠢᠨ ᠵᠤᠭᠠᠴᠠᠬᠤ᠂  ᠵᠤᠭᠠᠯᠠᠨ ᠠᠮᠠᠷᠠᠬᠤ ᠬᠡᠷᠡᠭᠯᠡᠭᠡ ᠶᠢ ᠲᠡᠳᠡᠨ ᠠᠪᠴᠢᠷᠠᠵᠤ᠂ ᠪᠥᠬᠦ ᠵᠢᠯ ᠳᠤ 500 ᠲᠦᠮᠡᠨ ᠬᠥᠮᠥᠨ ᠤᠳᠠᠭ᠎ᠠ ᠶᠢ ᠭᠥᠯᠢᠶᠡᠨ

ᠠᠪᠴᠤ ᠵᠣᠴᠢᠯᠠᠬᠤ ᠪᠠᠷ ᠴᠢᠷᠮᠠᠶᠢᠵᠤ᠂  ᠵᠤᠭᠠᠴᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 15 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃

ᠤᠯᠤᠰ ᠤᠨ ᠳᠠᠪᠤᠨ A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠪᠠ ᠪᠥᠬᠦ ᠤᠯᠤᠰ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠠᠭᠤᠰᠤᠯᠴᠠᠨ

ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠴᠢᠷᠮᠠᠶᠢᠨ ᠪᠣᠶ ᠪᠣᠯᠭᠠᠨ᠎ᠠ᠃

        ᠬᠤᠳᠠ ᠶᠢᠨ ᠬᠦᠳᠡᠭᠡ ᠠᠵᠤ ᠠᠬᠤᠢ ᠶᠢ ᠰᠢᠨ᠎ᠡ ᠶᠢ ᠡᠭᠦᠳᠦᠨ ᠬᠦᠭᠵᠢᠬᠦᠯᠤᠨ᠎ᠡ᠃ ︽  ᠳ᠋ᠦᠸᠧ ᠳ᠋ᠦᠸᠧ ᠬᠦ᠋︾ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ

ᠴᠣᠭᠴᠠ ᠶᠢ ᠲᠦᠷᠭᠡᠳᠬᠡᠨ ᠪᠠᠶᠢᠭᠤᠯᠵᠤ᠂ ᠲᠥᠪ ᠲᠣᠭᠤᠭᠠᠨ ᠭᠡᠷ᠂ ᠤᠷᠢᠳᠴᠢᠯᠠᠨ ᠦᠢᠯᠡᠳᠦᠭᠰᠡᠨ ᠨᠣᠭᠤᠭ᠎ᠠ ᠶᠢᠨ ᠪᠤᠷᠤᠯᠠᠭᠤᠯᠭ᠎ᠠ᠂ ᠦᠵᠡᠮᠵᠢᠳᠤ ᠲᠠᠷᠢᠶᠠᠯᠠᠩ᠂

ᠨᠠᠶᠢᠳᠠᠨ ᠲᠠᠷᠢᠭᠤᠯᠬᠤ ᠲᠠᠷᠢᠶ᠎ᠠ ᠵᠡᠷᠭᠡ ᠰᠢᠨ᠎ᠡ ᠪᠠᠷ ᠪᠣᠶ ᠪᠣᠯᠤᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ ᠬᠦᠭᠵᠢᠬᠦᠯᠤᠨ᠂ ᠭᠧᠨ ᠤ

ᠪᠦᠯᠦᠭᠯᠡᠯ ᠤᠨ ᠬᠢᠨ ᠬᠠᠪᠰᠤᠷᠤᠨ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠢ ᠲᠦᠷᠭᠡᠳᠬᠡᠨ ᠪᠠᠶᠢᠭᠤᠯᠤᠨ᠎ᠠ᠃ ︽  ᠳ᠋ᠦᠸᠧ ᠳ᠋ᠦᠸᠧ

ᠫᠢᠨ︾ ᠲᠠᠷᠢᠶᠠᠯᠠᠩ ᠢ ᠳᠡᠮᠵᠢᠨ ᠠᠷᠠᠳ ᠲᠤ ᠠᠰᠢᠭ ᠬᠦᠷᠲᠡᠭᠡᠬᠦ ᠡᠯᠧᠺᠲᠷᠣᠨ ᠬᠤᠳᠠᠯᠳᠤᠭᠠᠨ ᠤ ᠲᠠᠪᠴᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ

᠂ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠪᠠ ᠤᠷᠤᠰᠴᠠ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠪᠥᠬᠦ ᠬᠤᠲᠠ ᠶᠢᠨ ᠴᠢᠨᠠᠷ ᠰᠠᠶᠢᠲᠠᠢ ᠮᠠᠯ ᠲᠠᠷᠢᠶᠠᠯᠠᠩ ᠤᠨ

ᠲᠤᠰᠠᠯᠠᠬᠤ ᠪᠦᠲᠦᠭᠡᠭᠳᠡᠬᠦᠨ ᠢ ᠲᠠᠷᠢᠶᠠᠨ ᠭᠠᠵᠠᠷ ᠠᠴᠠ ᠰᠢᠭᠤᠳ ᠬᠡᠷᠡᠭᠯᠡᠭᠡᠨ ᠤ ᠦᠵᠦᠭᠦᠷ ᠲᠤ ᠬᠦᠷᠭᠡᠵᠦ᠂ ︽  ᠬᠠᠳᠠᠭ ᠳᠤᠬᠤᠢ︾  ᠶᠢᠨ ᠣᠷᠣᠨ ᠪᠦᠰᠡ ᠶᠢᠨ

ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠢᠷᠠᠭᠤ ᠠᠯᠳᠠᠷ ᠢ ᠬᠢᠯᠪᠠᠯᠵᠠᠭᠤᠯᠤᠨ᠎ᠠ᠃

         ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠩ ᠬᠦᠴᠦᠲᠡᠢ ᠬᠥᠭᠵᠢᠯᠲᠡ ᠶᠢᠨ ᠬᠥᠳᠡᠯᠭᠡᠭᠦᠷ ᠢ ᠬᠦᠴᠦᠯᠡᠨ ᠪᠣᠶ

ᠪᠣᠯᠭᠠᠨ᠎ᠠ᠃ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠠᠬᠢ ᠰᠢᠨ᠎ᠡ ᠶᠢ ᠡᠭᠦᠳᠬᠦ ᠶᠢᠨ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠨᠡᠩ

ᠭᠦᠨ ᠳᠠᠪᠬᠤᠷᠭ᠎ᠠ ᠶᠢᠨ ᠥᠭᠡᠷᠡᠴᠢᠯᠡᠯᠲᠡ᠂ ᠨᠡᠩ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠰᠢᠨ᠎ᠡ ᠶᠢ ᠡᠭᠦᠳᠬᠦ ᠬᠠᠨᠳᠤᠰᠢ

᠂ ᠥᠭᠡᠷᠡᠴᠢᠯᠡᠯᠲᠡ ᠶᠢᠨ ᠬᠠᠨᠳᠤᠰᠢ᠂ ᠨᠡᠭᠡᠭᠡᠯᠲᠡ ᠶᠢᠨ ᠬᠠᠨᠳᠤᠰᠢ ᠶᠢ ᠲᠠᠰᠤᠷᠠᠯᠳᠠ ᠦᠭᠡᠢ ᠥᠷᠢᠰᠦᠯᠳᠦᠭᠡᠨ ᠤ ᠳᠠᠪᠠᠭᠤᠯᠢᠭ᠂ ᠬᠥᠭᠵᠢᠯᠲᠡ ᠶᠢᠨ ᠢᠯᠠᠯᠲᠠ ᠶᠢᠨ

ᠬᠠᠨᠳᠤᠰᠢ ᠪᠣᠯᠭᠠᠨ ᠬᠤᠪᠢᠷᠠᠭᠤᠯᠤᠨ᠎ᠠ᠃

         ᠰᠢᠨ᠎ᠡ ᠶᠢ ᠡᠬᠦᠳᠤᠨ ᠬᠦᠭᠵᠢᠬᠦ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ

ᠭᠦᠨᠵᠡᠭᠡᠶᠢᠷᠡᠭᠦᠯᠵᠦ᠂ ᠪᠥᠬᠦ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠪᠣᠶᠢᠵᠢᠭᠤᠯᠬᠤ ᠳᠤ ᠰᠠᠨᠠᠭᠠᠴᠢᠯᠠᠭ᠎ᠠ

 ᠠᠴᠠ ᠪᠠᠨ ᠣᠷᠣᠯᠴᠠᠵᠤ᠂ ᠭᠦᠨᠵᠡᠭᠡᠢ ᠠᠭᠤᠰᠤᠯᠴᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠬᠵᠢᠭᠤᠯᠬᠤ ᠰᠤᠳᠤᠯᠭᠠᠨ ᠤ ᠬᠦᠷᠢᠶᠡᠯᠡᠩ᠂ ᠪᠡᠭᠡᠵᠢᠩ

ᠶᠡᠭᠡ ᠰᠤᠷᠭᠠᠭᠤᠯᠢ ᠶᠢᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠭᠤᠣᠯᠳᠠᠯᠭ᠎ᠠ ᠲᠠᠢ ᠠᠵᠤ ᠦᠢᠯᠡᠰ ᠤᠨ ᠮᠡᠷᠭᠡᠵᠢᠯ ᠤᠨ ᠪᠣᠭᠤᠮᠲᠠ ᠰᠢᠪᠳᠤᠯᠤᠯᠳᠠ ᠶᠢ

ᠪᠡᠶᠡᠯᠡᠬᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠳᠤᠭᠡᠯ ᠢ ᠬᠤᠪᠢᠷᠠᠭᠤᠯᠬᠤ ᠶᠢ ᠠᠬᠢᠭᠤᠯᠤᠨ᠎ᠠ᠃ ᠣᠷᠳᠣᠰ ᠤᠨ ᠡᠨᠧᠷᠭᠢ ᠶᠢᠨ

ᠰᠤᠳᠤᠯᠭᠠᠨ ᠤ ᠬᠦᠷᠢᠶᠡᠯᠡᠩ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠣᠶᠤᠨᠴᠢ  ᠰᠦᠯᠵᠢᠶᠡᠨ ᠬᠤᠯᠪᠤᠭᠠᠯᠠᠯ ᠤᠨ ᠰᠢᠨ᠎ᠡ ᠶᠢ ᠡᠭᠦᠳᠬᠦ

ᠲᠥᠪ ᠤᠨ ᠪᠦᠷᠢᠯᠳᠦᠭᠦᠨ ᠠᠵᠤ ᠠᠬᠤᠶᠢᠯᠠᠯ ᠤᠨ ᠣᠷᠣᠵᠤ ᠰᠠᠭᠤᠬᠤ ᠶᠢ ᠲᠦᠷᠭᠡᠳᠬᠡᠨ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠬᠦᠳᠤᠯᠳᠡ ᠶᠢ

ᠨᠡᠪᠴᠢᠭᠦᠯᠬᠦ ᠲᠠᠪᠴᠠᠩ ᠢ ᠪᠠᠶᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠲᠠᠳᠠᠨ ᠠᠪᠴᠢᠷᠠᠬᠤ ᠡᠷᠴᠢᠮ ᠪᠠ ᠰᠢᠨᠵᠢᠯᠡᠬᠦ ᠤᠬᠠᠭᠠᠨ

ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ

ᠠᠵᠤ ᠠᠬᠤᠶᠢᠯᠠᠯ ᠢ 2᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 8 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃

ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠵᠦ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ

ᠵᠠᠷᠤᠳᠠᠯ ᠤᠨ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠶᠢᠨ ︽ᠬᠤᠶᠠᠷ ᠢ ᠳᠡᠭᠡᠭᠰᠢᠯᠡᠭᠦᠯᠬᠦ︾ ︽ᠬᠤᠶᠠᠷ ᠢ ᠲᠦᠭᠡᠮᠡᠯᠵᠢᠬᠦᠯᠬᠦ︾ ᠶᠢ ᠦᠨᠡᠨ ᠬᠦ ᠪᠠᠲᠤᠯᠠᠵᠤ

᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ︽ᠬᠠᠮᠤᠭ ᠤᠨ ᠶᠡᠭᠡ ᠬᠤᠪᠢᠰᠬᠤ  ᠬᠦᠴᠤᠨ︾  ᠢ ᠴᠢᠨᠠᠷ ᠰᠠᠶᠢᠲᠠᠢ ᠬᠥᠭᠵᠢᠯᠲᠡ ᠶᠢᠨ ︽

ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ︾ ᠪᠣᠯᠭᠠᠨ ᠬᠤᠪᠢᠷᠠᠭᠤᠯᠵᠤ᠂ ᠬᠢᠶ᠎ᠠ ᠪᠠᠭᠰᠢ ᠰᠢᠨ᠎ᠡ ᠤᠷᠤᠯᠳᠤᠭᠠᠨ ᠤ ᠵᠠᠮ ᠢᠶᠠᠷ  ᠨᠡᠩ ᠬᠤᠷᠳᠤᠨ ᠬᠦᠶᠤᠬᠦ ᠶᠢ

ᠠᠬᠢᠭᠤᠯᠤᠨ᠎ᠠ᠃

          ᠥᠭᠡᠷᠡᠴᠢᠯᠡᠯᠲᠡ ᠶᠢ ᠬᠦᠴᠦᠯᠡᠨ ᠬᠦᠨᠵᠡᠭᠡᠶᠢᠷᠡᠬᠦᠯᠤᠨ᠎ᠡ᠃ ︽  ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽

ᠭᠡᠷᠡᠴᠢᠯᠡᠯ ᠠᠪᠬᠤ ᠦᠭᠡᠢ ᠬᠤᠲᠠ︾ ᠶᠢ ᠪᠦᠲᠦᠭᠡᠨ ᠪᠠᠶᠢᠭᠤᠯᠵᠤ᠂ ᠳᠤᠲᠠᠭᠤ ᠶᠢ ᠠᠭᠤᠴᠢᠯᠠᠨ ᠰᠢᠢᠳᠪᠦᠷᠢᠯᠡᠬᠦ᠂ ᠠᠮᠠᠯᠠᠯᠲᠠ ᠪᠠᠨ ᠮᠡᠳᠡᠭᠳᠡᠬᠦ᠂ ᠢᠷᠡᠬᠦ ᠦᠭᠡᠢ

ᠪᠤᠯᠪᠠᠴᠤ ᠡᠳ᠋ᠯᠡᠬᠦ᠂ ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠬᠦ ᠵᠡᠷᠭᠡ ᠦᠢᠯᠡᠴᠢᠯᠡᠭᠡᠨ ᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠂ ᠨᠠᠩ ᠣᠯᠠᠨ

ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠶᠢᠷ᠎ᠠ ᠬᠠᠪᠢ ᠳᠠᠭᠠᠨ ᠭᠦᠢᠴᠡᠳᠬᠡᠬᠦ︾ ︽ᠠᠯᠠᠭᠠᠨ ᠳᠡᠭᠡᠷ᠎ᠡ ᠪᠠᠨ

ᠭᠦᠢᠴᠡᠳᠬᠡᠬᠦ︾ ᠶᠢ ᠠᠬᠢᠭᠤᠯᠤᠨ᠎ᠠ᠃ ᠲᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠲᠦᠭᠡᠨ

ᠪᠠᠶᠢᠭᠤᠯᠤᠯᠲᠠ ᠶᠢᠨ ᠲᠦᠷᠦᠯ ᠵᠦᠢᠯ ᠤᠨ ︽ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ︾᠂ ᠲᠠᠸᠠᠷ ᠤᠨ ᠣᠷᠣᠨ ᠰᠠᠭᠤᠴᠠ ᠶᠢᠨ ︽ᠭᠡᠷ ᠲᠤᠰᠢᠶᠠᠪᠠᠯ ᠳᠠᠷᠤᠢ

ᠦᠨᠡᠮᠯᠡᠯ ᠲᠤᠰᠢᠶᠠᠬᠤ︾ ᠶᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂  ᠲᠤᠭᠤᠷᠢᠭ ᠤᠨ

ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠢ ᠨᠠᠩ ᠲᠣᠳᠣᠷᠬᠠᠢ ᠪᠣᠯᠭᠠᠵᠤ᠂ ᠡᠵᠡᠩᠨᠡᠯᠲᠡ ᠶᠢᠨ

ᠣᠷᠣᠯᠭ᠎ᠠ ᠶᠢᠨ ᠴᠢᠳᠠᠪᠤᠷᠢ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠶᠡᠭᠡ ᠪᠠᠷ ᠲᠡᠭᠡᠭᠰᠢᠯᠡᠬᠦᠯᠤᠨ᠎ᠡ︔

ᠨᠡᠶᠢᠯᠡᠮᠠᠯ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠦᠷᠦᠯ ᠬᠤᠪᠢᠶᠠᠨ ᠠᠬᠢᠭᠤᠯᠵᠤ᠂ ᠨᠡᠶᠢᠭᠡᠮ ᠤᠨ ᠬᠥᠷᠥᠩᠭᠡ ᠶᠢᠨ ᠣᠷᠤᠯᠴᠠᠬᠤ ᠠᠷᠭ᠎ᠠ ᠵᠠᠮ ᠢ

ᠥᠷᠭᠡᠳᠬᠡᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠬᠦᠯᠬᠦ ᠶᠢ ᠪᠠᠳᠤᠯᠠᠨ᠎ᠠ᠃ ᠳ᠋ᠠᠶᠢᠲ᠋ᠠ ᠶᠢᠨ ᠡᠬᠢ

ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠰᠦᠪᠡᠭᠴᠢᠯᠡᠵᠦ᠂ ︽  ᠳ᠋ᠦᠸᠧ ᠳ᠋ᠦᠸᠧ ᠫᠢᠡᠭ︾ ᠲᠠᠪᠴᠠᠩ ᠤᠨ ᠳ᠋ᠠᠶᠢᠲ᠋ᠠ ᠶᠢ ᠥᠨᠳᠥᠷ ᠪᠦᠲᠦᠮᠵᠢᠲᠡᠶ ᠪᠠᠷ

ᠡᠮᠬᠢᠯᠡᠨ ᠨᠡᠶᠢᠯᠡᠭᠦᠯᠵᠦ᠂  ᠳ᠋ᠠᠶᠢᠲ᠋ᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷ ᠢ ᠪᠣᠶᠢᠵᠢᠭᠤᠯᠤᠨ ᠬᠥᠭᠵᠢᠭᠦᠯᠦᠨ᠎ᠡ᠃ ᠲᠠᠪᠤᠳᠤᠭᠠᠷ ᠤᠳᠠᠭᠠᠨ ᠤ ᠪᠥᠬᠦ ᠤᠯᠤᠰ ᠤᠨ

ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ

ᠪᠣᠳᠣᠯᠭ᠎ᠠ ᠲᠣᠭᠲᠠᠭᠠᠬᠤ ᠳᠤ ᠨᠠᠶᠢᠳᠠᠪᠤᠷᠢᠲᠠᠢ ᠲᠤᠯᠭᠠᠭᠤᠷᠢᠯᠠᠯ ᠬᠠᠩᠭᠠᠨ᠎ᠠ᠃

          ᠭᠠᠳᠠᠭᠰᠢ ᠨᠡᠭᠡᠭᠡᠯᠲᠡ ᠬᠢᠬᠦ ᠶᠢ ᠥᠷᠭᠡᠳᠬᠡᠨ᠎ᠡ᠃ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠥᠬᠡᠬᠤᠲᠠ

ᠪᠤᠭᠤᠲᠤ ᠣᠷᠳᠣᠰ   ᠤᠯᠠᠭᠠᠨᠴᠠᠪ ᠢ ᠨᠢᠭᠡ ᠴᠣᠭᠴᠠᠵᠢᠭᠤᠯᠬᠤ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠤᠨ ᠪᠦᠲᠦᠭᠡᠨ

ᠪᠠᠶᠢᠭᠤᠯᠤᠯᠲᠠ ᠳᠤ ᠢᠳᠡᠪᠬᠢᠲᠡᠢ ᠪᠠᠷ ᠠᠭᠤᠰᠤᠯᠴᠠᠨ᠂ ᠣᠲᠣ ᠦᠶ᠎ᠡ ᠶᠢᠨ ᠭᠦᠢᠯᠭᠡᠭᠡᠨ ᠤ ᠲᠤᠬᠳᠠᠯᠴᠠᠭ᠎ᠠ ᠶᠢ ᠪᠦᠷᠢᠨᠰᠢᠭᠦᠯᠵᠦ᠂ ᠤᠯᠤᠰ ᠤᠨ 210 ᠵᠠᠮ ᠠᠴᠠ

ᠪᠥᠸᠧ ᠵᠥᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ  ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ᠂ ᠨᠡᠶᠢᠲᠡ ᠶᠢᠨ ᠮᠠᠰᠢᠨ ᠲᠡᠷᠭᠡᠨ ᠤ ᠡᠬᠢᠨ ᠤ ᠪᠠ

ᠡᠴᠦᠰ ᠤᠨ ᠥᠷᠲᠡᠭᠡ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠰᠢᠨ᠎ᠡ ᠡᠨᠧᠷᠭᠢ ᠶᠢᠨ ᠤᠶᠤᠨᠴᠢ ᠡᠬᠡ ᠬᠠᠭᠤᠷᠠᠢ ᠶᠢᠨ ᠭᠠᠷᠠᠮ ᠤᠨ ᠲᠥᠷᠥᠯ ᠵᠦᠢᠯ ᠢ

ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂  ᠳ᠋ᠦᠡᠭ ᠲᠠᠢ ᠲᠡᠮᠦᠷ ᠵᠠᠮ ᠤᠨ ᠬᠤᠯᠪᠣᠬᠤ ᠱᠤᠭᠤᠮ ᠢ ᠲᠥᠯᠥᠪᠵᠢᠭᠦᠯᠦᠨ ᠬᠡᠷᠡᠭᠵᠢᠭᠦᠯᠵᠦ᠂ ᠳᠣᠲᠣᠭᠠᠳᠤ ᠳᠠᠭᠠᠨ

ᠬᠤᠯᠪᠣᠭᠠᠯᠠᠵᠤ ᠭᠠᠳᠠᠭᠰᠢ ᠥᠷᠭᠡᠳᠬᠡᠬᠦ᠂ ᠰᠠᠴᠤᠷᠠᠭ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ ᠨᠡᠭᠦᠷᠡᠰᠦᠨ ᠤ ᠦᠵᠡᠰᠬᠦᠯᠡᠩ ᠤᠨ ᠴᠤᠭᠯᠠᠭᠠᠨ᠂ ᠮᠥᠩᠭᠦᠨ

ᠭᠦᠢᠯᠭᠡᠭᠡᠨ ᠠᠵᠤ ᠠᠬᠤᠢ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ᠂ ᠤᠶᠤᠨᠴᠢ ᠰᠦᠯᠵᠢᠶᠡᠨ ᠤ ᠬᠤᠯᠪᠤᠭᠠᠯᠠᠯ ᠤᠨ ᠮᠠᠰᠢᠨ ᠲᠡᠷᠭᠡᠨ ᠤ ᠲᠦᠷᠦᠭᠦᠴᠦᠳ ᠤᠨ

ᠶᠠᠷᠢᠶᠠᠨ ᠤ ᠲᠠᠪᠴᠠᠩ᠂ ᠴᠢᠩᠬᠤᠸᠠ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠨᠠᠶᠢᠵᠠ ᠶᠢᠨ ᠬᠤᠷᠠᠯ ᠤᠨ ᠭᠤᠷᠪᠠᠨ ᠡᠭᠦᠳᠦᠯᠲᠡ ᠶᠢᠨ ᠤᠷᠤᠯᠳᠤᠭᠠᠨ ᠵᠡᠷᠭᠡ

ᠬᠤᠷᠠᠯ ᠦᠵᠡᠰᠬᠦᠯᠡᠩ ᠤᠨ ᠲᠠᠪᠴᠠᠩ ᠢ ᠰᠠᠶᠢᠲᠤᠷ ᠠᠰᠢᠭᠯᠠᠵᠤ᠂ ᠰᠢᠯᠢᠳᠡᠭ ᠦᠢᠯᠡᠳᠬᠦᠨ᠂ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠵᠦ᠂ ᠳᠡᠭᠡᠳᠦ ᠲᠡᠰ ᠤᠨ

ᠴᠢᠳᠠᠪᠤᠷᠢᠲᠠᠨ᠂ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠵᠤ᠂ ᠬᠢᠶ᠎ᠠ ᠪᠠᠭᠰᠢ  ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ

ᠳᠡᠭᠡᠭᠰᠢᠯᠡᠭᠦᠯᠦᠨ᠎ᠡ᠃ ᠪᠡᠭᠡᠵᠢᠩ᠂ ᠴᠢᠩᠳᠣᠣ᠂ ᠴᠧᠩᠳᠦ᠋ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢᠰᠦᠭᠡ ᠭᠠᠵᠠᠷ ᠤᠨ ᠪᠦᠲᠦᠭᠡᠨ

ᠪᠠᠶᠢᠭᠤᠯᠤᠯᠲᠠ ᠶᠢ ᠲᠦᠷᠭᠡᠳᠬᠡᠵᠦ᠂ ᠬᠥᠭᠵᠢᠭᠰᠡᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠢᠨᠠᠷ

ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠣᠷᠣᠨ ᠵᠠᠢ ᠶᠢ ᠥᠷᠭᠡᠳᠬᠡᠨ᠎ᠡ᠃

          ᠴᠢᠳᠠᠪᠤᠷᠢᠲᠠᠨ ᠢ ᠬᠥᠲᠥᠯᠥᠨ ᠬᠥᠮᠥᠵᠢᠭᠦᠯᠬᠦ ᠠᠵᠢᠯ ᠢ ᠴᠢᠩᠭᠠᠳᠬᠠᠨ᠎ᠠ᠃ ︽ᡁᠢ ᠾᠦᠢ ᠬᠢᠶ᠎ᠠ ᠪᠠᠭᠰᠢ ᠬᠤᠲᠠ︾ ᠶᠢᠨ ᠪᠠᠶᠢᠯᠳᠤᠬᠤ ᠪᠣᠳᠣᠯᠭ᠎ᠠ ᠲᠠᠢ

ᠨᠢᠭᠲᠠ ᠤᠶᠠᠯᠳᠤᠭᠤᠯᠤᠨ᠂ ᠴᠢᠳᠠᠪᠤᠷᠢᠲᠠᠨ ᠤ ᠭᠠᠵᠠᠷ ᠤᠨ ᠵᠢᠷᠤᠭ ᠢ ᠣᠨᠣᠪᠴᠢᠲᠠᠶ ᠵᠢᠷᠤᠵᠤ᠂ ᠲᠣᠭᠤᠷᠢᠭ ᠲᠤ ᠰᠠᠭᠤᠭ᠎ᠠ ᠡᠯ᠎ᠡ ᠶᠡᠭᠡ ᠰᠢᠨᠵᠢᠯᠡᠬᠦ ᠤᠬᠠᠭᠠᠨ ᠤ

ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠵᠡᠷᠭᠡ ᠶᠢᠨ ᠰᠠᠶᠢᠨ ᠲᠠᠪᠴᠠᠩ ᠳᠤ ᠲᠦᠰᠢᠭᠯᠡᠨ᠂ ︽ᠲᠠᠯ᠎ᠠ ᠨᠤᠲᠤᠭ ᠤᠨ ᠴᠢᠳᠠᠪᠤᠷᠢᠲᠠᠨ︾ ᠤ

ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠴᠤᠭᠯᠠᠭᠠᠨ ᠵᠡᠷᠭᠡ ᠰᠠᠶᠢᠨ ᠠᠴᠢᠶᠠᠯᠠᠪᠤᠷᠢ ᠶᠢ ᠠᠰᠢᠭᠯᠠᠨ᠂

ᠲᠤᠭᠠᠵᠢᠭᠤᠯᠤᠬᠰᠠᠨ ᠠᠵᠤ ᠠᠬᠤᠢ᠂ ᠣᠶᠤᠨᠴᠢ ᠰᠦᠯᠵᠢᠶᠠᠨ ᠬᠤᠯᠪᠤᠭᠠᠯᠠᠯ᠂ ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠠᠵᠤ ᠦᠢᠯᠡᠰ ᠤᠨ ᠠᠵᠤ

ᠠᠬᠤᠢ ᠶᠢᠨ ᠲᠠᠯ᠎ᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠶᠡᠬᠡᠪᠡᠷ ᠣᠷᠣᠭᠤᠯᠤᠨ ᠠᠪᠴᠢᠷᠠᠵᠤ᠂

ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ ᠵᠡᠷᠭᠡ ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠤ ᠮᠠᠶ᠋ᠢᠭ ᠤᠨ᠂ ᠤᠷ᠎ᠠ

ᠴᠢᠳᠠᠪᠤᠷᠢ ᠶᠢᠨ ᠮᠠᠶ᠋ᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠨᠠᠩ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠤ ᠰᠢᠨᠵᠢᠯᠡᠬᠦ ᠤᠬᠠᠭᠠᠨ

ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠴᠢᠳᠠᠪᠤᠷᠢᠲᠠᠨ ᠤ ᠦᠢᠯᠡᠴᠢᠯᠡᠭᠡᠨ ᠤ

ᠲᠥᠷᠥ ᠶᠢᠨ ᠪᠣᠳᠣᠯᠭ᠎ᠠ ᠶᠢᠨ ᠲᠤᠬᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠯᠢᠳᠡᠭ ᠴᠢᠳᠠᠪᠤᠷᠢᠲᠠᠨ ᠤ ᠠᠮᠤᠭᠤᠯᠠᠩ ᠣᠷᠣᠨ ᠰᠠᠭᠤᠴᠠ ᠶᠢᠨ

ᠪᠠᠲᠤᠯᠠᠭ᠎ᠠ᠂ ᠡᠮᠴᠢᠯᠡᠭᠡᠨ ᠤ ᠦᠢᠯᠡᠴᠢᠯᠡᠭᠡ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ ᠱᠠᠩᠨᠠᠨ ᠬᠥᠬᠢᠭᠦᠯᠬᠦ ᠨᠥᠬᠦᠪᠦᠷᠢ ᠵᠡᠷᠭᠡ ᠲᠠᠯ᠎ᠠ ᠶᠢᠨ ᠣᠯᠠᠨ ᠡᠰᠢᠵᠢᠭᠰᠡᠨ

ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠠᠶᠠᠷ ᠪᠠᠭ᠋ᠠᠳᠤᠯ ᠲᠠᠢ ᠬᠤᠯᠠ ᠠᠴᠠ ᠢᠷᠡᠭᠰᠡᠨ ᠴᠢᠳᠠᠪᠤᠷᠢᠲᠠᠨ ᠤ ᠬᠥᠭᠵᠢᠯᠲᠡ ᠶᠢᠨ ᠠᠮᠢ ᠠᠬᠤᠢ ᠶᠢ ᠪᠣᠶ ᠪᠣᠯᠭᠠᠨ᠎ᠠ᠃

           ︵ᠳᠥᠷᠪᠡ︶ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠩ ᠶᠡᠭᠡ ᠨᠥᠯᠥᠭᠡᠯᠡᠬᠦ ᠬᠦᠴᠦᠨ ᠲᠠᠢ ᠰᠤᠷᠭᠠᠨ ᠬᠥᠮᠦᠵᠢᠯ ᠤᠨ

ᠨᠠᠷᠠᠲᠤ ᠬᠤᠲᠠ ᠶᠢ ᠬᠦᠴᠦᠯᠡᠨ ᠪᠦᠲᠦᠭᠡᠨ ᠪᠠᠶᠢᠭᠤᠯᠤᠨ᠎ᠠ᠃ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠵᠤ ᠴᠢᠨᠠᠷ ᠰᠠᠶᠢᠲᠠᠢ ᠬᠥᠭᠵᠢᠭᠦᠯᠬᠦ ᠪᠠᠶᠢᠯᠳᠤᠬᠤ

ᠪᠣᠳᠣᠯᠭ᠎ᠠ ᠶᠢ ᠭᠤᠶᠢᠪᠢᠰᠢ ᠦᠭᠡᠢ ᠪᠠᠷᠢᠮᠲᠠᠯᠠᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠰᠠᠭᠤᠷᠢ ᠰᠤᠷᠭᠠᠨ

ᠬᠥᠮᠦᠵᠢᠯ ᠤᠨ ᠨᠠᠷᠠᠲᠤ ᠬᠤᠲᠠ ᠶᠢ ᠴᠢᠷᠮᠠᠶᠢᠨ ᠪᠠᠶᠢᠭᠤᠯᠤᠨ᠎ᠠ᠃

          ᠰᠤᠷᠭᠠᠨ ᠬᠥᠮᠦᠵᠢᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ

ᠳᠤᠭᠤᠰᠢᠯᠠᠭᠤᠯᠵᠤ᠂ ᠶᠣᠰᠣ ᠮᠣᠷᠠᠯ  ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ︽ᠲᠠᠪᠤᠨ ᠰᠠᠶᠢᠲᠠᠢ ᠰᠤᠷᠭᠠᠨ ᠬᠥᠮᠦᠵᠢᠯ︾

 ᠤᠨ ᠰᠢᠨ᠎ᠡ ᠬᠡᠯᠪᠡᠷᠢ ᠪᠠᠶᠢᠳᠠᠯ ᠢ ᠪᠣᠶ ᠪᠣᠯᠭᠠᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ

ᠳᠠᠭᠤᠷᠢᠶᠠᠯ ᠦᠵᠡᠬᠦᠯᠬᠦ ᠤᠷᠤᠨ ᠤ ᠦᠨᠡᠯᠡᠨ ᠵᠢᠱᠢᠵᠦ ᠰᠢᠯᠭᠠᠨ‌ᠬᠤᠷᠢᠶᠠᠬᠤ ᠶᠢ ᠴᠢᠨᠠᠷ ᠰᠠᠶᠢᠲᠠᠢ ᠥᠩᠭᠡᠷᠡᠭᠦᠯᠬᠦ ᠶᠢ  ᠪᠠᠲᠤᠯᠠᠨ᠎ᠠ᠃ ᠬᠢᠶ᠎ᠠ ᠪᠠᠭᠰᠢ ᠶᠢᠨ ᠠᠷᠪᠠᠨ

ᠨᠢᠭᠡᠳᠦᠭᠡᠷ ᠪᠠᠭ᠎ᠠ ᠰᠤᠷᠭᠠᠭᠤᠯᠢ ᠶᠢ ᠲᠦᠷᠭᠡᠪᠴᠢᠯᠡᠨ ᠰᠢᠨ᠎ᠡ ᠪᠠᠷ ᠪᠠᠶᠢᠭᠤᠯᠵᠤ᠂ ᠬᠢᠶ᠎ᠠ ᠪᠠᠭᠰᠢ ᠶᠢᠨ ᠳᠣᠯᠣᠳᠤᠭᠠᠷ ᠪᠠᠭ᠎ᠠ ᠰᠤᠷᠭᠠᠭᠤᠯᠢ᠂ ᠬᠢᠶ᠎ᠠ ᠪᠠᠭᠰᠢ ᠶᠢᠨ

ᠠᠷᠪᠠᠳᠤᠭᠠᠷ ᠪᠠᠭ᠎ᠠ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠦᠷᠭᠦᠯᠵᠢᠯᠡᠨ ᠪᠠᠶᠢᠭᠤᠯᠵᠤ᠂ ᠬᠢᠶ᠎ᠠ ᠪᠠᠭᠰᠢ ᠶᠢᠨ ᠬᠤᠶᠠᠳᠤᠭᠠᠷ ᠳᠤᠮᠳᠠᠳᠤ

ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠤᠨ᠂ ᠠᠷᠪᠠᠨ  ᠳᠠᠪᠤᠳᠤᠭᠠᠷ ᠬᠡᠤᠬᠡᠳ ᠤᠨ ᠴᠡᠴᠡᠷᠯᠢᠭ᠂ ᠠᠷᠪᠠᠨ ᠵᠢᠷᠭᠤᠳᠤᠭᠠᠷ  ᠬᠡᠤᠬᠡᠳ ᠤᠨ ᠴᠡᠴᠡᠷᠯᠢᠭ ᠶᠢ 

ᠠᠰᠢᠬᠯᠠᠯᠳᠠ ᠳᠤ ᠤᠷᠤᠭᠤᠯᠵᠤ᠂ ︽ᠠᠶᠢᠯ ᠪᠣᠯᠭᠠᠨ ᠤ ᠡᠬᠦᠳᠡᠨ ᠳᠡᠭᠡᠷ᠎ᠠ ᠨᠢ ᠴᠥᠮ ᠰᠠᠶᠢᠨ ᠰᠤᠷᠭᠠᠭᠤᠯᠢ ᠲᠠᠢ ᠪᠣᠯᠭᠠᠬᠤ︾ ᠶᠢ ᠪᠡᠶᠡᠯᠡᠬᠦᠯᠤᠨ᠎ᠠ︔ ᠰᠤᠷᠭᠠᠭᠤᠯᠢ 

ᠬᠡᠤᠬᠡᠳ ᠤᠨ ᠴᠡᠴᠡᠷᠯᠢᠭ ᠤᠨ ᠵᠠᠬᠢᠷᠤᠯ ᠤᠨ  ᠨᠦᠭᠡᠴᠡ ᠬᠦᠴᠤᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂  ᠰᠤᠷᠭᠠᠭᠤᠯᠢ  ᠬᠡᠤᠬᠡᠳ ᠤᠨ ᠴᠡᠴᠡᠷᠯᠢᠭ

 ᠤᠨ ᠰᠢᠯᠢᠳᠡᠭ ᠵᠠᠬᠢᠷᠤᠯ ᠤᠨ ᠰᠤᠷᠭᠠᠭᠤᠯᠢ ᠠᠯᠤᠰᠯᠠᠨ ᠰᠢᠯᠵᠢᠬᠦ ᠶᠢ ᠠᠬᠢᠭᠤᠯᠵᠤ᠂ ᠰᠤᠷᠭᠠᠭᠤᠯᠢ ᠶᠢᠨ ᠵᠠᠬᠢᠷᠤᠯ ᠲᠠᠰᠤᠷᠠᠯᠲᠠ ᠦᠭᠡᠢ ᠴᠣᠯᠭᠤᠷᠠᠨ  ᠭᠠᠷᠤᠬᠰᠠᠨ᠂

ᠲᠡᠩᠴᠡᠭᠦᠷᠢᠲᠡᠢ ᠲᠣᠬᠢᠷᠠᠭᠤᠯᠬᠤ ᠰᠢᠨ᠎ᠡ ᠪᠠᠶᠢᠷᠢᠰᠢᠯ ᠢ ᠰᠠᠶᠢᠲᠤᠷ ᠪᠣᠶ ᠪᠣᠯᠭᠠᠵᠤ᠂ ︽ᠰᠤᠷᠭᠠᠭᠤᠯᠢ ᠪᠣᠯᠭᠠᠨ ᠳᠤ ᠴᠥᠮ ᠰᠠᠶᠢᠨ ᠰᠤᠷᠭᠠᠭᠤᠯᠢ ᠶᠢᠨ ᠵᠠᠬᠢᠷᠤᠯ ᠲᠠᠢ

ᠪᠣᠯᠭᠠᠬᠤ︾  ᠶᠢ ᠪᠡᠶᠡᠯᠡᠬᠦᠯᠤᠨ᠎ᠠ︔ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠬᠢᠶ᠎ᠠ ᠪᠠᠭᠰᠢ︾ ᠶᠢᠨ ᠰᠠᠶᠢᠨ

ᠴᠢᠳᠠᠪᠤᠷᠢᠳᠠᠢ ᠪᠠᠭᠰᠢ  ᠶᠢᠨ ᠰᠦᠭ ᠰᠦᠨᠡᠰᠦ ᠶᠢ ᠱᠤᠭᠤᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ

ᠡᠩᠨᠡᠭᠡ ᠶᠢ ᠬᠥᠮᠥᠵᠢᠭᠦᠯᠵᠦ᠂ ︽ᠰᠤᠷᠤᠭᠴᠢ ᠨᠢᠭᠡᠪᠦᠷᠢ ᠳᠤ ᠰᠠᠶᠢᠨ ᠪᠠᠭᠰᠢ ᠲᠠᠢ ᠪᠣᠯᠭᠠᠬᠤ︾ ᠶᠢ ᠪᠡᠶᠡᠯᠡᠬᠦᠯᠤᠨ᠎ᠠ︔ ᠠᠯᠢᠪᠠ ᠡᠮᠬᠢᠯᠡᠨ ᠨᠡᠶᠢᠯᠡᠭᠦᠯᠵᠦ ᠪᠣᠯᠬᠤ ᠡᠬᠢ

ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠯᠢᠪᠠ ᠳᠠᠶᠢᠴᠢᠯᠠᠵᠤ ᠪᠣᠯᠬᠤ ᠬᠦᠴᠦᠨ ᠢ ᠳᠠᠶᠢᠴᠢᠯᠠᠨ ᠰᠤᠷᠭᠠᠨ ᠬᠥᠮᠦᠵᠢᠯ ᠳᠤ ᠰᠠᠶᠢᠲᠤᠷ ᠦᠢᠯᠡᠴᠢᠯᠡᠭᠦᠯᠵᠦ᠂ ᠨᠡᠶᠢᠭᠡᠮ

ᠳᠠᠶᠠᠭᠠᠷ ᠲᠤ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ︽ᠪᠥᠬᠦ  ᠳᠤᠭᠤᠷᠢᠭ ᠤᠨ

ᠰᠤᠷᠭᠠᠨ ᠬᠥᠮᠦᠵᠢᠯ ᠳᠤ ᠰᠠᠶᠢᠨ ᠠᠮᠢ ᠠᠬᠤᠢ ᠲᠠᠢ ᠪᠣᠯᠭᠠᠬᠤ︾ ᠶᠢ ᠪᠡᠶᠡᠯᠡᠬᠦᠯᠤᠨ᠎ᠠ︔ ᠲᠠᠪᠤᠨ ᠬᠥᠮᠦᠵᠢᠯ ᠢ ᠵᠡᠷᠭᠡᠪᠡᠷ ᠠᠳᠬᠤᠬᠤ᠂ ᠠᠭᠤᠰᠤᠯᠴᠠᠭᠤᠯᠤᠨ ᠬᠥᠮᠥᠨ

ᠬᠥᠮᠥᠵᠢᠭᠦᠯᠬᠦ ᠰᠢᠰᠲ᠋ᠧᠮ ᠢ ᠪᠠᠶᠢᠭᠤᠯᠵᠤ᠂ ᠰᠤᠷᠤᠭᠴᠢᠳ ᠤᠨ ᠪᠦᠬᠦ ᠲᠠᠯ᠎ᠠ ᠪᠠᠷ ᠬᠥᠭᠵᠢᠭᠰᠡᠨ᠂ ᠤᠯᠠᠨ ᠡᠰᠢᠴᠢᠯᠡᠭᠰᠡᠨ ᠴᠢᠳᠠᠪᠤᠷᠢᠲᠠᠨ ᠪᠣᠯᠬᠤ ᠰᠢᠨ᠎ᠡ ᠪᠠᠶᠢᠷᠢᠰᠢᠯ ᠢ

ᠪᠠᠶᠢᠭᠤᠯᠵᠤ᠂ ︽ᠬᠡᠦᠬᠡᠳ ᠨᠢᠭᠡᠪᠦᠷᠢ ᠳᠤ ᠰᠠᠶᠢᠨ ᠰᠠᠶᠢᠬᠠᠨ ᠢᠷᠡᠭᠡᠳᠦᠢ ᠲᠠᠢ ᠪᠣᠯᠭᠠᠬᠤ︾ ᠶᠢ ᠪᠡᠶᠡᠯᠡᠬᠦᠯᠤᠨ᠎ᠠ᠃

         ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠦᠨ᠎ᠡ᠃ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ

ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠰᠤᠷᠭᠠᠭᠤᠯᠢ ᠡᠷᠭᠢᠯᠡᠬᠦ

ᠪᠠᠶᠢᠭᠤᠯᠤᠮᠵᠢ ᠪᠠ ᠰᠤᠷᠭᠠᠨ ᠬᠥᠮᠦᠵᠢᠯ ᠤᠨ ᠬᠠᠮᠢᠶᠠᠷᠤᠯᠳᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠤᠨ᠎ᠠ᠃ ᠪᠦᠯᠦᠭᠯᠡᠯᠵᠢᠭᠰᠡᠨ ᠰᠤᠷᠭᠠᠭᠤᠯᠢ ᠡᠷᠭᠢᠯᠡᠬᠦ ᠬᠡᠪᠴᠢᠶ᠎ᠡ

ᠪᠠ ᠬᠢᠷᠢ  ᠳᠦᠪᠰᠢᠨ ᠢ ᠳᠡᠭᠡᠭᠰᠢᠯᠡᠭᠦᠯᠵᠦ᠂ ᠪᠠᠭᠤᠷᠠᠢ ᠶᠢ ᠲᠡᠳᠬᠦᠬᠦ᠂ ᠰᠢᠨ᠎ᠡ ᠶᠢ ᠲᠡᠳᠬᠦᠬᠦ᠂ ᠪᠠᠭ᠎ᠠ  ᠶᠢ ᠲᠡᠳᠬᠦᠬᠦ ᠶᠢ ᠪᠠᠷᠢᠮᠲᠠᠯᠠᠨ᠂ ᠴᠢᠨᠠᠷ ᠰᠠᠶᠢᠲᠠᠢ ᠰᠤᠷᠭᠠᠨ

ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃ ᠣᠶᠤᠨᠴᠢ ᠰᠤᠷᠭᠠᠭᠤᠯᠢ ᠶᠢᠨ ᠬᠦᠷᠢᠶ᠎ᠡ ᠪᠠ ᠣᠶᠤᠨᠴᠢ

ᠬᠢᠴᠢᠶᠡᠯ ᠤᠨ ᠭᠡᠷ ᠤᠨ ᠪᠠᠶᠢᠭᠤᠯᠤᠯᠲᠠ ᠶᠢ ᠠᠬᠢᠭᠤᠯᠵᠤ᠂ ᠰᠢᠯᠢᠳᠡᠭ ᠬᠢᠴᠢᠶᠡᠯ ᠤᠨ ᠵᠢᠭᠠᠨ ᠰᠤᠷᠭᠠᠯᠲᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ

ᠰᠤᠳᠤᠯᠭᠠᠨ ᠤ ᠡᠬᠢ ᠪᠠᠶᠠᠯᠢᠭ ᠵᠡᠷᠭᠡ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠵᠤ᠂ ︽ᠪᠥᠬᠦ ᠤᠯᠤᠰ ᠤᠨ ᠨᠠᠷᠠᠲᠤ ᠪᠠᠭᠰᠢ ᠶᠢ ᠨᠢᠭᠡ ᠯᠡ

ᠳᠠᠷᠤᠪᠴᠢ ᠪᠠᠷ  ᠡᠬᠦᠳᠡᠨ ᠳᠤᠨᠢ ᠬᠦᠷᠭᠡᠵᠦ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ  ᠠᠰᠢᠬᠯᠠᠵᠤ ᠴᠢᠳᠠᠬᠤ︾ ᠪᠣᠯᠭᠠᠨ᠎ᠠ᠃ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ︽ᠬᠤᠶᠠᠷ ᠢ  ᠬᠦᠩᠭᠡᠷᠡᠬᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ ᠰᠤᠷᠭᠠᠨ ᠬᠥᠮᠦᠵᠢᠯ ᠤᠨ ᠤᠯᠠᠨ ᠡᠰᠢᠲᠦ ᠦᠨᠡᠯᠡᠯᠲᠡ ᠶᠢᠨ

ᠲᠣᠭᠲᠠᠴᠠ ᠶᠢ ᠲᠡᠭᠦᠯᠳᠡᠷᠵᠢᠭᠦᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ︽ᠭᠡᠷ ᠪᠦᠯᠢ᠂ ᠰᠤᠷᠭᠠᠭᠤᠯᠢ᠂

ᠨᠡᠶᠢᠭᠡᠮ ︾ ᠬᠠᠮᠲᠤᠷᠠᠯᠴᠠᠨ ᠬᠥᠮᠥᠨ ᠢ ᠬᠥᠮᠥᠵᠢᠭᠦᠯᠬᠦ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ

ᠲᠡᠷᠡ ᠬᠡᠪ ᠢᠶᠠᠷ ᠨᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠨᠠᠷᠠᠲᠤ

ᠪᠠᠭᠰᠢ ᠶᠢᠨ ︽ᠰᠤᠷᠭᠠᠭᠤᠯᠢ ᠶᠢᠨ ᠬᠠᠷᠢᠶ᠎ᠠ ᠦᠭᠡᠢ ᠬᠠᠮᠢᠶᠠᠷᠤᠯᠲᠠ︾ ᠶᠢ ᠦᠷᠭᠦᠯᠵᠢᠯᠡᠨ ᠠᠬᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ

ᠬᠦᠴᠦᠨ ᠢ ᠭᠦᠢᠴᠡᠳ ᠬᠥᠭᠵᠢᠭᠡᠨ᠎ᠡ᠃

         ᠰᠤᠷᠭᠠᠨ ᠬᠥᠮᠦᠵᠢᠯ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠤᠨ ᠣᠯᠠᠨ ᠡᠰᠢᠲᠦ ᠪᠠᠲᠤᠯᠠᠭ᠎ᠠ ᠶᠢᠨ

ᠳᠤᠬᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠶᠢᠨ ᠣᠷᠣᠭᠤᠯᠤᠯᠲᠠ ᠵᠡᠷᠭᠡ ᠲᠠᠯ᠎ᠠ ᠪᠠᠷ

ᠰᠤᠷᠭᠠᠨ ᠬᠥᠮᠦᠵᠢᠯ  ᠳᠡᠶᠢᠰᠢ ᠶᠡᠬᠡᠪᠡᠷ ᠬᠡᠯᠪᠡᠶᠢᠯᠭᠡᠨ᠎ᠡ᠃ ᠰᠤᠷᠭᠠᠭᠤᠯᠢ ᠳᠤ ᠰᠠᠭᠤᠬᠤ ᠤᠷᠤᠨ ᠳᠤᠭ᠎ᠠ ᠶᠢᠨ ᠬᠠᠩᠭᠠᠯᠭ᠎ᠠ ᠬᠢᠭᠡᠳ ᠬᠤᠳᠠᠯᠳᠤᠭᠠᠨ ᠤ ᠪᠠ ᠣᠷᠣᠨ

ᠰᠠᠭᠤᠴᠠ ᠳᠤ ᠬᠡᠷᠡᠭᠯᠡᠬᠦ ᠭᠠᠵᠠᠷ ᠢ ᠰᠢᠯᠵᠢᠭᠦᠯᠦᠨ ᠥᠭᠬᠦ  ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠢᠩᠭᠠᠳᠬᠠᠨ᠂ ᠨᠡᠶᠢᠭᠡᠮ ᠤᠨ ᠬᠦᠴᠦᠨ ᠤ ᠰᠤᠷᠭᠠᠨ

ᠬᠥᠮᠦᠵᠢᠯ ᠡᠷᠬᠢᠯᠡᠬᠦ ᠶᠢ ᠵᠢᠷᠤᠮᠵᠢᠭᠤᠯᠤᠨ᠎ᠠ᠃ ᠪᠠᠭᠰᠢ ᠶᠢᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠪᠠᠶᠢᠭᠤᠯᠤᠯᠲᠠ ᠶᠢ ᠲᠦᠷᠭᠡᠳᠬᠡᠵᠦ᠂ ︽ᠬᠢᠶ᠎ᠠ ᠪᠠᠭᠰᠢ︾ 

 ᠳᠤ ᠠᠮᠤᠷ ᠲᠠᠶᠢᠪᠤᠩ ᠠᠵᠤ ᠲᠦᠷᠦᠭᠦ  ᠶᠢ ᠪᠠᠳᠤᠯᠠᠨ᠎ᠠ᠃ ᠲᠣᠭᠤᠷᠢᠭ ᠲᠤ ᠰᠠᠭᠤᠭ᠎ᠠ ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠬᠥᠭᠵᠢᠯᠲᠡ ᠶᠢ ᠳᠡᠮᠵᠢᠨ᠎ᠡ᠃ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠤᠨ ᠦᠢᠯᠡᠰ ᠢ ᠳᠡᠮᠵᠢᠬᠦ ᠶᠢ ᠲᠠᠶᠢᠴᠢᠯᠠᠨ᠂ ︽ᠨᠠᠮ ᠰᠤᠷᠭᠠᠨ

ᠬᠥᠮᠦᠵᠢᠯ ᠢ ᠴᠢᠬᠤᠯᠠᠴᠢᠯᠠᠬᠤ  ᠶᠢ ᠲᠡᠷᠢᠭᠦᠨ ᠳᠤ ᠲᠠᠯᠪᠢᠨ᠂ ᠵᠠᠰᠠᠭ  ᠰᠤᠷᠭᠠᠨ ᠬᠥᠮᠦᠵᠢᠯ ᠢ ᠮᠠᠨᠳᠤᠭᠤᠯᠬᠤ ᠪᠠᠷ ᠦᠨᠳᠦᠰᠦ ᠪᠣᠯᠭᠠᠵᠤ᠂ ᠠᠷᠠᠳ ᠲᠦᠮᠡᠨ ᠰᠤᠷᠭᠠᠨ

ᠬᠥᠮᠦᠵᠢᠯ  ᠳᠤ ᠲᠤᠰᠠᠯᠠᠬᠤ ᠪᠠᠷ ᠢᠷᠠᠭᠤ ᠠᠯᠳᠠᠷ ᠢᠶᠠᠨ ᠪᠣᠯᠭᠠᠨ᠂ ᠪᠠᠭᠰᠢ ᠰᠤᠷᠭᠠᠨ ᠬᠥᠮᠦᠵᠢᠯ ᠢ ᠡᠷᠬᠢᠯᠡᠬᠦ ᠪᠠᠷ ᠪᠠᠶᠠᠷ ᠴᠡᠩᠭᠡᠯ ᠢᠶᠠᠨ ᠪᠣᠯᠭᠠᠬᠤ︾ ᠬᠦᠭᠵᠢᠶᠡᠨᠳᠤ

ᠪᠠᠶᠢᠳᠠᠯ ᠢ ᠴᠢᠷᠮᠠᠶᠢᠨ ᠪᠤᠢ ᠪᠣᠯᠭᠠᠵᠤ᠂ ᠬᠢᠶ᠎ᠠ ᠪᠠᠭᠰᠢ  ᠶᠢᠨ ᠲᠠᠪᠠᠯᠳᠠᠳᠤ ᠬᠥᠭᠵᠢᠯᠲᠡ ᠳᠤ ᠬᠦᠴᠦᠨ ᠴᠢᠳᠠᠯ  ᠢ ᠬᠤᠷᠠᠮᠳᠤᠭᠤᠯᠤᠨ᠎ᠠ᠃

         ︵ᠲᠠᠪᠤ︶  ᠴᠢᠨᠠᠷ ᠳᠡᠰ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠨᠠᠩ ᠢᠯᠡᠭᠦᠦ ᠲᠠᠲᠠᠬᠤ ᠬᠦᠴᠦᠨ ᠲᠠᠢ ᠴᠡᠴᠡᠷᠯᠢᠭ ᠤᠨ ᠬᠤᠲᠠ ᠶᠢ ᠬᠦᠴᠦᠯᠡᠨ

ᠪᠦᠲᠦᠭᠡᠨ ᠪᠠᠶᠢᠭᠤᠯᠤᠨ᠎ᠠ᠃ ᠪᠠᠷᠠᠭᠤᠨ ᠬᠤᠶᠢᠲᠤ ᠣᠷᠣᠨ ᠤ ᠥᠪᠡᠷᠮᠢᠴᠡ ᠣᠨᠴᠠᠯᠢᠭ ᠲᠠᠢ ᠣᠳᠣᠬᠢᠴᠢᠯᠠᠭᠰᠠᠨ ᠴᠡᠴᠡᠷᠯᠢᠭ ᠤᠨ ᠬᠤᠳᠠ ᠶᠢ ᠪᠦᠲᠦᠭᠡᠨ ᠪᠠᠶᠢᠭᠤᠯᠬᠤ

ᠴᠢᠬᠤᠯᠠ ᠶᠡᠭᠡ ᠡᠭᠦᠷᠭᠡ ᠶᠢ ᠡᠷᠡᠰ ᠡᠭᠦᠷᠭᠡᠯᠡᠵᠦ᠂ ᠬᠤᠳᠠ ᠶᠢᠨ ᠬᠥᠭᠵᠢᠯᠲᠡ ᠶᠢ ᠬᠡᠪᠴᠢᠶ᠎ᠡ ᠶᠢ ᠥᠷᠭᠡᠳᠬᠡᠬᠦ ᠠᠴᠠ ᠠᠭᠤᠯᠤᠭᠳᠠᠬᠤᠨ ᠢ ᠳᠡᠭᠡᠭᠰᠢᠯᠡᠭᠦᠯᠬᠦ  ᠳᠡᠶᠢᠰᠢ

ᠬᠤᠪᠢᠷᠠᠭᠤᠯᠬᠤ ᠶᠢ ᠠᠬᠢᠭᠤᠯᠵᠤ᠂  ᠭᠠᠶᠢᠬᠠᠮᠰᠢᠬᠳᠤ ᠰᠠᠶᠢᠬᠠᠨ ᠬᠢᠶ᠎ᠠ  ᠪᠠᠭᠰᠢ ᠶᠢ ᠬᠦᠮᠤᠨ ᠪᠤᠯᠭᠠᠨ  ᠤ  ᠬᠦᠰᠡᠨ ᠡᠷᠡᠮᠡᠯᠵᠡᠬᠦ ᠤᠷᠤᠨ ᠪᠤᠯᠭᠠᠨ᠎ᠠ᠃

         ᠴᠡᠴᠡᠷᠯᠢᠭ ᠤᠨ ᠬᠤᠲᠠ ᠶᠢᠨ ᠳᠦᠷᠢ ᠳᠦᠷᠬᠦ  ᠴᠢᠨᠠᠷ ᠳᠡᠰ ᠢ ᠳᠡᠭᠡᠭᠰᠢᠯᠡᠭᠦᠯᠦᠨ᠎ᠡ᠃ ᠴᠢᠶᠠᠨ ᠲᠢᠩ ᠱᠠᠨ ᠂ ᠴᠢᠩ ᠴᠦᠨ ᠱᠠᠨ ᠤᠢ ᠰᠢᠭᠤᠢ ᠶᠢᠨ

ᠴᠡᠴᠡᠷᠯᠢᠭ ᠵᠡᠷᠭᠡ ᠲᠣᠮᠣ ᠬᠡᠯᠪᠡᠷᠢ ᠶᠢᠨ ᠠᠮᠢ ᠠᠬᠤᠢ ᠶᠢᠨ ᠴᠡᠴᠡᠷᠯᠢᠭ ᠢ ᠡᠬᠢᠯᠡᠨ ᠪᠠᠶᠢᠭᠤᠯᠵᠤ᠂ ᠦᠨᠳᠦᠰᠦᠨ ᠬᠠᠤᠯᠢ ᠶᠢᠨ ᠴᠡᠴᠡᠷᠯᠢᠭ᠂ ᠢᠷᠭᠡᠨ ᠤ ᠬᠠᠤᠯᠢ ᠶᠢᠨ

ᠴᠡᠴᠡᠷᠯᠢᠭ᠂ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠣᠨᠴᠠᠯᠢᠭ ᠢᠶᠠᠷ ᠢᠯᠡ ᠲᠣᠳᠣ ᠭᠤᠣᠯ ᠰᠡᠳᠦᠪᠲᠦ ᠴᠡᠴᠡᠷᠯᠢᠭ ᠢ ᠲᠦᠷᠭᠡᠳᠬᠡᠨ ᠪᠠᠶᠢᠭᠤᠯᠵᠤ᠂

ᠪᠠᠶᠢᠭᠤᠯᠤᠭᠰᠠᠨ ᠲᠣᠭᠤᠷᠢᠭ ᠤᠨ ︽ᠠᠯᠲᠠᠨ ᠦᠨᠴᠦᠭ ᠮᠥᠩᠭᠦᠨ ᠬᠥᠪᠡᠭᠡ︾ ᠶᠢ ᠠᠰᠢᠭᠯᠠᠨ ᠨᠠᠩ ᠣᠯᠠᠨ ᠵᠢᠵᠢᠭ ᠴᠡᠴᠡᠷᠯᠢᠭ᠂ ᠬᠥᠷᠰᠢ ᠵᠡᠷᠭᠡᠯᠡᠳᠡᠭᠡ ᠴᠡᠴᠡᠷᠯᠢᠭ᠂

ᠵᠢᠵᠢᠭ ᠨᠣᠭᠤᠭᠠᠨ ᠭᠠᠵᠠᠷ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ 50 ᠺᠢᠯᠣᠮᠧᠲᠷ ᠤᠨ ᠬᠤᠲᠠ ᠶᠢᠨ ᠨᠣᠭᠤᠭᠠᠨ ᠵᠠᠮ ᠢ ᠪᠠᠶᠢᠭᠤᠯᠤᠨ ᠳᠠᠭᠤᠰᠬᠠᠵᠤ᠂

ᠪᠠᠶᠢᠷᠢᠰᠢᠭᠤᠯᠤᠯᠲᠠ ᠨᠢ ᠲᠡᠩᠴᠡᠭᠦᠷᠢᠲᠡᠢ᠂ ᠴᠢᠳᠠᠮᠵᠢ ᠨᠢ ᠪᠦᠷᠢᠨ ᠲᠡᠭᠦᠯᠳᠡᠷ᠂ ᠪᠦᠬᠦ ᠨᠠᠰᠤᠨ ᠤ ᠨᠥᠬᠦᠷᠰᠡᠭ ᠦᠵᠡᠰᠬᠦᠯᠡᠩᠲᠦ ᠰᠠᠶᠢᠬᠠᠨ ᠴᠡᠴᠡᠷᠯᠢᠭ ᠤᠨ

ᠳᠤᠬᠳᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠦᠨᠳᠤᠷ ᠴᠢᠨᠠᠷ ᠳᠡᠰ ᠤᠨ ᠴᠡᠴᠡᠷᠯᠢᠭ ᠤᠨ ᠤᠷᠠᠯᠢᠭ ᠤᠨ ᠦᠵᠡᠮᠵᠢ ᠶᠢᠨ  ᠪᠠᠷᠢᠯᠭ᠎ᠠ ᠶᠢ ᠦᠷᠭᠦᠯᠵᠢᠯᠡᠨ

ᠬᠡᠷᠡᠭᠵᠢᠭᠦᠯᠵᠦ᠂ ︽ᠨᠢᠭᠡ ᠵᠡᠭᠡᠯᠢ ᠨᠢᠭᠡ ᠦᠵᠡᠮᠵᠢ︾ ᠲᠠᠢ ᠪᠠᠶᠢᠬᠤ ᠶᠢ ᠨᠠᠷᠢᠨ ᠨᠢᠮᠪᠠᠢ ᠴᠤᠬᠴᠠᠯᠠᠨ᠂ ᠨᠡᠩ ᠤᠯᠠᠨ ᠬᠥᠮᠥᠰ ᠤᠨ ᠪᠠᠭ᠋ᠠᠷᠬᠠᠯ ᠢ ᠲᠠᠲᠠᠬᠰᠠᠨ᠂ ᠤᠯᠠᠮ 

ᠪᠠᠭ᠋ᠠᠷᠬᠠᠬᠤ ᠲᠤᠲᠤᠮ ᠤᠯᠠᠮ ᠦᠨᠦᠷ ᠠᠮᠲᠠ ᠲᠠᠢ ᠪᠣᠯᠬᠤ ᠬᠤᠲᠠ ᠶᠢᠨ ᠰᠠᠨᠠᠭ᠎ᠠ ᠠᠬᠤᠢ ᠶᠢ ᠪᠣᠶ ᠪᠣᠯᠭᠠᠵᠤ᠂ ᠴᠡᠴᠡᠷᠯᠢᠭ ᠤᠨ ᠬᠤᠲᠠ ᠶᠢᠨ ︽ᠳᠦᠷᠢ ᠳᠦᠷᠬᠦ︾

 ᠶᠢ ᠶᠡᠭᠡ ᠪᠠᠷ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠵᠡᠷᠭᠡ ᠠᠵᠢᠯ

ᠤᠶᠢᠯᠡᠰ ᠢ ᠬᠥᠲᠥᠯᠥᠨ ᠵᠢᠯᠤᠭᠤᠳᠴᠤ ᠪᠠᠶᠢᠭᠠᠳ ᠴᠡᠴᠡᠷᠯᠢᠭ ᠤᠨ ᠨᠣᠭᠤᠭᠠᠨ ᠵᠠᠮ ᠤᠨ ᠡᠷᠬᠢᠨ ᠲᠣᠭᠤᠷᠢᠨ ᠳᠤ ᠪᠠᠶᠢᠷᠢᠯᠠᠭᠤᠯᠵᠤ ᠂ ᠠᠮᠢ ᠠᠬᠤᠢ ᠶᠢᠨ ᠦᠵᠡᠮᠵᠢ

ᠪᠠᠶᠢᠳᠠᠯ᠂ ᠪᠡᠶᠡᠴᠢᠯᠡᠨ ᠣᠶᠢᠯᠠᠭᠠᠬᠤ ᠦᠵᠡᠮᠵᠢ ᠪᠠᠶᠢᠳᠠᠯ᠂ ᠬᠡᠷᠡᠭᠯᠡᠭᠡᠨ ᠤ ᠦᠵᠡᠮᠵᠢ ᠪᠠᠶᠢᠳᠠᠯ ᠢ ᠠᠭᠤᠰᠤᠯᠴᠠᠭᠤᠯᠤᠨ ᠪᠤᠢ ᠪᠤᠯᠭᠠᠵᠤ᠂ ᠴᠡᠴᠡᠷᠯᠢᠭ ᠲᠤ ᠨᠠᠩ ᠣᠯᠠᠨ

︽ᠦᠩᠭᠡ ᠭᠠᠯᠪᠢᠷ︾ ᠨᠡᠮᠡᠵᠦ᠂ ᠠᠷᠠᠳ ᠣᠯᠠᠨ ᠢ ᠨᠠᠩ ᠢᠯᠡᠭᠦᠦ ᠣᠶᠢᠷᠠᠲᠤᠭᠤᠯᠬᠤ ᠳᠤᠷᠠᠲᠠᠢ ᠪᠣᠯᠭᠠᠵᠤ᠂ ᠴᠡᠴᠡᠷᠯᠢᠭ ᠤᠨ ᠬᠤᠲᠠ ᠶᠢ ᠨᠠᠩ ᠴᠢᠨᠠᠷ ᠳᠡᠰ ᠲᠠᠢ

ᠪᠣᠯᠭᠠᠨ᠎ᠠ᠃

          ᠴᠡᠴᠡᠷᠯᠢᠭ ᠤᠨ ᠬᠤᠲᠠ ᠶᠢᠨ ᠳᠠᠭᠠᠭᠠᠴᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ

ᠪᠠ ᠬᠡᠷᠡᠭᠴᠡᠭᠡ ᠶᠢᠨ ᠬᠠᠮᠢᠶᠠᠷᠤᠯᠲᠠ  ᠶᠢ ᠴᠢᠩᠭᠠᠳᠬᠠᠨ᠂ ᠤᠯᠤᠰ ᠤᠨ ᠳᠣᠲᠣᠭᠠᠳᠤ ᠶᠢᠨ ᠨᠡᠷᠡᠲᠦ ᠵᠢᠷᠤᠭ ᠲᠥᠯᠥᠪᠯᠡᠭᠡᠨ ᠤ ᠬᠦᠷᠢᠶᠡᠯᠡᠩ ᠪᠠ ᠲᠤᠰᠬᠠᠢ

ᠮᠡᠷᠭᠡᠵᠢᠯᠲᠡᠨ ᠤ ᠪᠦᠯᠬᠦᠮ ᠢ ᠤᠷᠢᠵᠤ᠂ ᠣᠶᠤᠨᠴᠢ ᠡᠬᠡ ᠬᠠᠭᠤᠷᠠᠢ ᠶᠢᠨ ᠭᠠᠷᠠᠮ ᠤᠨ ᠲᠣᠭᠤᠷᠢᠭ ᠤᠨ ᠨᠠᠷᠢᠨ ᠲᠥᠯᠦᠪᠵᠢᠭᠦᠯᠭᠡ ᠪᠠ ᠪᠦᠬᠦ ᠣᠷᠣᠨ ᠪᠦᠰᠡ ᠶᠢᠨ

ᠣᠶᠤᠨᠴᠢ ᠰᠦᠯᠵᠢᠶᠡᠨ ᠤ ᠬᠤᠯᠪᠤᠭᠠᠯᠠᠯ ᠤᠨ ᠵᠠᠮ ᠬᠠᠷᠢᠯᠴᠠᠭᠠᠨ ᠤ ᠲᠤᠰᠬᠠᠢ ᠲᠥᠯᠦᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂

ᠬᠦᠬᠡᠰᠢᠨᠠᠭ᠎ᠠ   ᠨᠡᠭᠦᠷᠡᠰᠦᠲᠥ᠋ᠷᠥᠭᠴᠢ  ᠦᠭᠡᠢ  ᠪᠠᠷᠢᠯᠭ᠎ᠠ ᠶᠢᠨ ᠤᠷᠠᠯᠢᠭ ᠤᠨ ᠠᠷᠠᠯ᠂ ᠤᠤᠯ ᠤᠨ ᠬᠤᠸᠠ ᠲᠠᠢ ᠮᠠᠰᠢᠨ ᠲᠡᠷᠭᠡᠨ ᠤ ᠦᠢᠯᠡᠳᠪᠦᠷᠢ ᠶᠢᠨ ᠲᠣᠭᠤᠷᠢᠭ

ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠬᠤᠲᠠ ᠶᠢᠨ ᠵᠢᠷᠤᠭ ᠲᠥᠯᠥᠪᠯᠡᠭᠡ ᠶᠢ ᠲᠦᠷᠭᠡᠳᠬᠡᠨ ᠠᠬᠢᠭᠤᠯᠵᠤ᠂ ᠲᠠᠯ᠎ᠠ ᠨᠤᠲᠤᠭ ᠤᠨ ᠲᠣᠷᠭᠠᠨ ᠵᠠᠮ ᠤᠨ

ᠰᠣᠶᠣᠯ ᠤᠨ ᠦᠵᠡᠮᠵᠢ ᠶᠢᠨ ᠣᠷᠣᠨ᠂  ᠲᠡᠷᠭᠡ ᠤᠷᠤᠯᠳᠤᠬᠤ ᠪᠠᠭ᠎ᠠ ᠪᠠᠯᠭᠠᠰᠤᠨ ᠤ ᠬᠡᠰᠡᠭ ᠲᠣᠭᠤᠷᠢᠭ ᠤᠨ ᠲᠥᠷᠥᠯ ᠵᠦᠢᠯ ᠤᠨ ᠲᠥᠰᠥᠪᠯᠡᠯ ᠢ ᠴᠢᠩᠭᠠᠷᠠᠭᠤᠯᠤᠨ᠂

ᠨᠠᠩ ᠣᠯᠠᠨ ᠴᠢᠨᠠᠷ  ᠳᠡᠰ ᠲᠠᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ ᠰᠡᠯᠡᠭᠦᠴᠡᠯ ᠵᠤᠭ᠎ᠠ ᠴᠡᠩᠭᠡᠯ ᠤᠨ  ᠳᠦᠬᠦᠭᠡᠷᠤᠮᠵᠢ ᠶᠢ

ᠨᠠᠷᠢᠨ ᠨᠢᠮᠪᠠᠢ ᠪᠠᠶᠢᠷᠢᠰᠢᠭᠤᠯᠵᠤ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠬᠤᠳᠠ ᠶᠢᠨ ᠣᠷᠭᠠᠨᠢᠭ

ᠰᠢᠨᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠴᠢᠨᠠᠷ  ᠳᠡᠰ  ᠲᠠᠢ  ᠰᠠᠭᠤᠭᠠᠯᠢ ᠲᠣᠭᠤᠷᠢᠭ ᠢ  ᠰᠠᠶᠢᠵᠢᠷᠠᠭᠤᠯᠤᠨ ᠥᠭᠡᠷᠡᠴᠢᠯᠡᠬᠦ  ᠪᠠᠷᠢᠯᠭ᠎ᠠ ᠶᠢ

ᠪᠠᠶᠢᠩᠭᠤᠵᠢᠭᠤᠯᠤᠨ ᠬᠡᠷᠡᠭᠵᠢᠭᠦᠯᠵᠦ᠂ ᠰᠠᠭᠤᠷᠢ ᠳᠦᠬᠦᠭᠡᠷᠤᠮᠵᠢ ᠶᠢ ᠢᠵᠢ ᠪᠦᠷᠢᠳᠦᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡ᠂ ᠢᠯᠴᠢ ᠬᠠᠩᠭᠠᠬᠤ ᠰᠢᠲᠠᠮᠠᠬᠠᠢ ᠬᠡᠢ

ᠪᠠ ᠭᠠᠯ  ᠰᠡᠷᠭᠡᠶᠢᠯᠡᠵᠤ ᠤᠨᠲᠠᠷᠠᠭᠠᠬᠤ ᠲᠠᠯᠳᠠ ᠭᠡᠮ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠭᠡᠨᠲᠡ ᠪᠠᠶᠢᠭ᠎ᠠ ᠣᠷᠣᠨ ᠰᠠᠭᠤᠴᠠ ᠳᠤ 100

ᠴᠠᠬᠢᠯᠭᠠᠨ ᠱᠠᠲᠤ ᠨᠡᠮᠡᠨ ᠤᠭᠰᠠᠷᠠᠵᠤ᠂  ᠳᠡᠷᠭᠡᠨ ᠵᠤᠬᠰᠤᠭᠠᠯ  ᠢ ᠰᠢᠨ᠎ᠡ ᠪᠠᠷ 1500 ᠨᠡᠮᠡᠭᠳᠡᠭᠦᠯᠪᠡ᠃ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ

ᠲᠦᠷᠭᠡᠳᠬᠡᠵᠦ᠂ ᠪᠣᠷᠣᠭᠠᠨ ᠤ ᠤᠰᠤ ᠶᠢ ᠵᠠᠯᠠᠬᠤ ᠰᠢᠰᠲ᠋ᠧᠮ ᠢ ᠬᠤᠭᠤᠴᠠᠭ᠎ᠠ ᠪᠦᠯᠦᠭ ᠬᠤᠪᠢᠶᠠᠨ ᠥᠭᠡᠷᠡᠴᠢᠯᠡᠵᠦ᠂ ᠬᠤᠲᠠ ᠶᠢᠨ ᠦᠶᠡᠷ ᠢ ᠰᠡᠷᠭᠡᠶᠢᠯᠡᠨ

ᠤᠰᠤᠲᠤᠯ ᠢ ᠵᠠᠯᠠᠬᠤ ᠴᠢᠳᠠᠪᠤᠷᠢ ᠶᠢ ᠨᠡᠮᠡᠭᠳᠡᠭᠦᠯᠦᠨ᠂ ᠬᠤᠲᠠ ᠶᠢᠨ  ᠬᠠᠶᠢᠷ᠎ᠠ ᠬᠠᠯᠠᠮᠵᠢ ᠶᠢ ᠬᠥᠮᠥᠰ ᠲᠤ  ᠮᠡᠳᠡᠭᠳᠡᠮ᠎ᠠ ᠦᠭᠡᠢ ᠢᠯᠡᠷᠡᠭᠦᠯᠵᠦ᠂ ᠠᠭᠤᠯᠤᠭᠳᠠᠬᠤᠨ

ᠬᠢᠭᠡᠳ ᠥᠩᠭᠡ  ᠭᠠᠯᠪᠢᠷ  ᠬᠠᠷᠢᠯᠴᠠᠨ ᠳᠤᠪᠤᠶᠢᠯᠭᠠᠬᠰᠠᠨ ᠬᠤᠲᠠ ᠶᠢᠨ ᠰᠢᠨ᠎ᠡ ᠳᠦᠷᠰᠦ ᠪᠠᠶᠢᠳᠠᠯ ᠢ ᠪᠣᠶ ᠪᠣᠯᠭᠠᠨ᠎ᠠ᠃

          ᠴᠡᠴᠡᠷᠯᠢᠭ ᠤᠨ ᠬᠤᠳᠠ ᠶᠢᠨ ᠣᠶᠤᠨᠴᠢ ᠵᠠᠰᠠᠯᠲᠠ ᠶᠢ ᠴᠢᠩᠭᠠᠳᠬᠠᠨ᠎ᠠ᠃ ᠬᠤᠲᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ

ᠬᠠᠮᠢᠶᠠᠷᠤᠯᠲᠠ ᠶᠢ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠵᠣᠯᠭᠠᠭᠤᠯᠬᠤ᠂ ᠵᠦᠢ ᠵᠣᠬᠢᠰᠲᠠᠢ ᠠᠵᠢᠯ ᠤᠨ ᠬᠤᠪᠢᠶᠠᠷᠢᠯᠠᠯ ᠭᠠᠷᠭᠠᠬᠤ ᠪᠠ ᠵᠢᠷᠤᠮᠵᠢᠭᠰᠠᠨ ᠥᠨᠳᠥᠷ

ᠪᠦᠲᠦᠮᠵᠢᠲᠡᠶ ᠣᠯᠠᠨ ᠡᠰᠢᠲᠦ ᠬᠠᠮᠢᠶᠠᠷᠤᠯᠲᠠ ᠶᠢᠨ ᠳᠤᠬᠳᠠᠯᠴᠠᠭ᠎ᠠ ᠶᠢ ᠪᠠᠶᠢᠭᠤᠯᠤᠨ᠎ᠠ᠃ ᠪᠣᠯᠪᠠᠰᠤᠨ  ᠨᠡᠶᠢᠳᠡᠯᠢᠭ ᠳᠠᠭᠤᠷᠢᠶᠠᠯ ᠦᠵᠡᠬᠦᠯᠬᠦ ᠬᠤᠳᠠ᠂ ᠡᠷᠡᠭᠦᠯ

ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠤᠨ ᠠᠬᠢᠭᠤᠯᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ

ᠲᠠᠯᠠᠪᠠᠢ ᠶᠢᠨ ᠬᠤᠷᠠᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠡᠷᠬᠢᠯᠡᠨ᠎ᠠ᠃ ᠳᠤᠭᠠᠴᠠᠯᠠᠬᠰᠠᠨ ᠳᠤᠰᠬᠠᠯ ᠰᠠᠴᠤᠷᠠᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ

ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠰᠡᠷᠡᠯ ᠮᠡᠳᠡᠷᠡᠮᠵᠢ ᠶᠢᠨ ᠳᠦᠬᠦᠭᠡᠷᠤᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂

1000Mbps ᠭᠡᠷᠡᠯ ᠰᠢᠷᠭᠡᠭ ᠤᠨ ᠲᠣᠣᠷ ᠰᠦᠯᠵᠢᠶ᠎ᠡ ᠶᠢᠨ ᠪᠦᠷᠬᠦᠴᠡ ᠶᠢ ᠥᠷᠭᠡᠳᠬᠡᠬᠦ ᠶᠢ ᠠᠬᠢᠭᠤᠯᠤᠨ᠎ᠠ᠃ ︽ᠬᠤᠲᠠ ᠶᠢᠨ ᠶᠡᠭᠡ ᠲᠠᠷᠢᠬᠢ︾ ᠶᠢ

ᠪᠠᠶᠢᠭᠤᠯᠤᠨ ᠬᠡᠷᠡᠭᠯᠡᠵᠦ᠂ ᠣᠯᠠᠨ ᠨᠡᠶᠢᠲᠡ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠣᠯᠠᠨ ᠨᠡᠶᠢᠲᠡ ᠶᠢᠨ ᠠᠮᠤᠷ ᠲᠦᠪᠰᠢᠨ ᠢᠶᠠᠷ ᠭᠤᠣᠯᠳᠠᠯᠭ᠎ᠠ

ᠪᠣᠯᠭᠠᠭᠰᠠᠨ ᠣᠶᠤᠨᠴᠢ ᠭᠤᠣᠯ ᠰᠡᠳᠦᠪᠲᠦ ᠬᠡᠷᠡᠭᠯᠡᠭᠡ ᠶᠢ ᠥᠨᠳᠥᠷ ᠪᠦᠲᠦᠮᠵᠢᠲᠡᠶ ᠪᠠᠷ ᠪᠣᠶ ᠪᠣᠯᠭᠠᠵᠤ᠂ ᠴᠡᠴᠡᠷᠯᠢᠭ ᠤᠨ ᠬᠤᠲᠠ ᠶᠢᠨ ︽ᠲᠣᠭᠠᠴᠠᠯᠠᠬᠰᠠᠨ ᠤᠶᠤᠨᠴᠢ

ᠬᠠᠮᠢᠶᠠᠷᠤᠯᠲᠠ︾ ᠶᠢᠨ ᠰᠢᠨ᠎ᠡ ᠲᠣᠭᠲᠠᠴᠠ ᠶᠢ ᠪᠦᠷᠢᠯᠳᠦᠬᠦᠯᠵᠤ᠂ ᠬᠤᠲᠠ ᠶᠢᠨ ᠡᠷᠬᠢᠯᠳᠡ ᠶᠢ ᠨᠠᠩ  ᠤᠶᠤᠨᠴᠢ᠂ ᠨᠠᠩ ᠥᠨᠳᠥᠷ ᠪᠦᠲᠦᠮᠵᠢᠲᠡᠶ᠂ ᠨᠠᠩ ᠠᠮᠤᠷ

ᠲᠦᠪᠰᠢᠨ ᠪᠣᠯᠭᠠᠨ᠎ᠠ᠃

          ︵ᠵᠢᠷᠭᠤᠭ᠎ᠠ︶ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠨᠠᠩ ᠢᠯᠡᠭᠦᠦ ᠠᠮᠢᠵᠢᠷᠠᠯ ᠤᠨ ᠬᠦᠴᠦᠨ ᠲᠠᠢ ᠠᠮᠢ ᠠᠬᠤᠢ ᠶᠢᠨ ᠣᠷᠣᠨ ᠵᠠᠢ ᠶᠢ

ᠬᠦᠴᠦᠯᠡᠨ ᠪᠣᠶ ᠪᠣᠯᠭᠠᠨ᠎ᠠ᠃ ᠪᠣᠬᠢᠷᠳᠤᠯ ᠦᠭᠡᠢ ᠬᠥᠭᠵᠢᠯᠲᠡ ᠶᠢᠨ  ᠤᠶᠢᠯᠠᠭᠠᠬᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠠᠲᠤᠨ ᠭᠤᠣᠯ ᠤᠨ ᠰᠠᠪᠠ

ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂

ᠨᠡᠭᠦᠷᠡᠰᠦᠲᠥ᠋ᠷᠥᠭᠴᠢ ᠶᠢᠨ ᠳᠠᠪᠬᠤᠷ ᠢᠰᠤᠯ ᠤᠨ ᠭᠠᠳᠠᠬᠰᠢᠯᠠᠭᠤᠯᠤᠯᠳᠠ ᠶᠢ ᠣᠷᠭᠢᠯ ᠭᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ  ᠶᠢ ᠰᠠᠭᠠᠷᠮᠠᠭᠵᠢᠭᠤᠯᠬᠤ ᠶᠢ ᠨᠠᠩ

ᠶᠡᠭᠡ ᠡᠷᠴᠢᠮ ᠢᠶᠠᠷ ᠠᠬᠢᠭᠤᠯᠵᠤ᠂ ᠣᠷᠳᠣᠰ ᠤᠨ ᠠᠮᠢ ᠠᠬᠤᠢ ᠶᠢᠨ ᠵᠠᠰᠠᠯᠲᠠ ᠶᠢᠨ  ᠨᠡᠶᠢᠳᠡᠯᠢᠭ ᠳᠠᠭᠤᠷᠢᠶᠠᠯ ᠪᠣᠯᠬᠤ ᠬᠢᠶ᠎ᠠ ᠪᠠᠭᠰᠢ ᠶᠢᠨ ᠥᠯᠢᠭᠡᠷ ᠳᠠᠭᠤᠷᠢᠶᠠᠯ ᠢ

ᠴᠢᠷᠮᠠᠶᠢᠨ ᠪᠣᠶ ᠪᠣᠯᠭᠠᠨ᠎ᠠ᠃

          ᠬᠥᠬᠡ ᠳᠡᠭᠷᠢ ᠬᠦᠪᠤᠩ ᠴᠠᠭᠠᠨ ᠡᠭᠦᠯᠡ ᠶᠢ ᠡᠭᠦᠷᠢᠳᠡ ᠦᠯᠡᠳᠡᠭᠡᠨ᠎ᠡ᠃ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯᠯᠠᠭ᠎ᠠ ᠶᠢ ᠦᠷᠭᠦᠯᠵᠢᠯᠡᠨ

ᠬᠡᠷᠡᠭᠵᠢᠭᠦᠯᠵᠦ᠂ ᠡᠨᠧᠷᠭᠢ ᠶᠢᠨ ᠬᠢᠨᠠᠨ ᠪᠣᠳᠣᠯᠲᠠ᠂ ᠡᠨᠧᠷᠭᠢ ᠠᠷᠪᠢᠯᠠᠬᠤ ᠬᠠᠮᠢᠶᠠᠷᠤᠯᠲᠠ᠂ ᠨᠡᠭᠦᠷᠡᠰᠦᠲᠥ᠋ᠷᠥᠭᠴᠢ ᠶᠢᠨ ᠭᠡᠷᠡᠴᠢᠯᠡᠯ᠂ ᠨᠡᠭᠦᠷᠡᠰᠦᠲᠥ᠋ᠷᠥᠭᠴᠢ ᠶᠢᠨ

ᠰᠠᠭᠠᠷᠮᠠᠭᠵᠢᠯᠲᠠ ᠶᠢᠨ ᠠᠷᠭ᠎ᠠ ᠪᠣᠳᠣᠯᠭ᠎ᠠ ᠶᠢᠨ ᠦᠢᠯᠡᠴᠢᠯᠡᠭᠡ ᠵᠡᠷᠭᠡ ᠡᠵᠡᠩᠨᠡᠯᠲᠡ ᠶᠢᠨ ᠪᠠᠶᠢᠳᠠᠯ  ᠳᠦᠯᠦᠪ ᠢ ᠰᠦᠪᠡᠭᠴᠢᠯᠡᠨ ᠪᠣᠶᠢᠵᠢᠭᠤᠯᠵᠤ᠂  ᠬᠢᠶ᠎ᠠ ᠪᠠᠭᠰᠢ ᠶᠢᠨ 

ᠤᠨᠴᠠᠯᠢᠭ ᠲᠤ  ᠳᠤᠬᠢᠷᠠᠬᠰᠠᠨ ︽ᠨᠡᠭᠦᠷᠡᠰᠦᠲᠥ᠋ᠷᠥᠭᠴᠢ ᠦᠭᠡᠢ︾ ᠬᠥᠭᠵᠢᠯᠲᠡ ᠶᠢᠨ ᠵᠠᠭᠪᠤᠷ ᠢ ᠪᠣᠶ ᠪᠣᠯᠭᠠᠨ᠎ᠠ᠃ ᠠᠭᠠᠷ ᠮᠠᠨᠳᠠᠯ ᠤᠨ ᠪᠣᠬᠢᠷᠳᠤᠯ ᠢ ᠵᠠᠰᠠᠬᠤ

ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠥᠬᠦᠯᠢᠭᠲᠦ ᠪᠣᠳᠠᠰ ᠪᠣᠯᠣᠨ ᠣᠽᠣᠨ ᠤ ᠪᠣᠬᠢᠷᠳᠤᠯ ᠢ ᠵᠣᠬᠢᠴᠠᠯᠳᠤᠭᠤᠯᠤᠨ ᠡᠵᠡᠮᠳᠡᠬᠦ ᠶᠢ ᠪᠠᠷᠢᠮᠲᠠᠯᠠᠨ᠂

ᠬᠦᠨᠳᠦ ᠪᠣᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠤᠨ ᠡᠵᠡᠮᠳᠡᠬᠦ ᠪᠠ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ

ᠴᠢᠩᠭᠠᠳᠬᠠᠵᠤ᠂ ᠠᠭᠠᠷ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠪᠦᠬᠦ ᠵᠢᠯ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ

ᠨᠤᠷᠮ᠎ᠠ ᠶᠢ 90% ᠠᠴᠠ ᠳᠣᠣᠷ᠎ᠠ ᠦᠭᠡᠢ ᠪᠠᠶᠢᠯᠭᠠᠨ᠎ᠠ᠃

          ︽ᠤᠯᠠᠭᠠᠨ ᠨᠠᠭᠤᠷ︾ ᠤᠨ  ᠴᠡᠩᠭᠡᠭ ᠤᠰᠤ ᠶᠢ ᠬᠡᠵᠢᠶᠡᠳᠡ ᠲᠤᠩᠭᠠᠯᠠᠭ ᠪᠠᠶᠢᠯᠭᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ

ᠠᠬᠤᠢ ᠣᠷᠴᠢᠨ ᠲᠣᠭᠤᠷᠢᠨ ᠤ ᠬᠠᠮᠠᠭᠠᠯᠠᠯᠳᠠ ᠶᠢ ᠳᠠᠪᠠᠭᠤ ᠪᠠᠶᠢᠷᠢᠨ ᠳᠤ ᠲᠠᠯᠪᠢᠵᠤ᠂ ᠭᠤᠣᠯ ᠮᠥᠷᠡᠨ ᠨᠠᠭᠤᠷ  ᠪᠦᠷᠢᠳᠤ ᠶᠢᠨ ᠳᠠᠷᠤᠭ᠎ᠠ ᠶᠢᠨ ᠳᠦᠷᠢᠮ ᠢ ᠪᠥᠬᠦ

ᠲᠠᠯ᠎ᠠ ᠪᠠᠷ ᠬᠡᠷᠡᠭᠵᠢᠭᠦᠯᠦᠨ᠂ ︽ᠭᠤᠣᠯ ᠢ ᠴᠡᠪᠡᠷᠯᠡᠬᠦ᠂ ᠡᠷᠭᠢ ᠶᠢ ᠬᠠᠮᠠᠭᠠᠯᠠᠬᠤ᠂ ᠤᠰᠤ ᠶᠢ ᠴᠡᠪᠡᠷᠰᠢᠭᠦᠯᠬᠦ᠂ ᠤᠰᠤ ᠶᠢ ᠬᠠᠮᠠᠭᠠᠯᠠᠬᠤ︾ ᠳᠥᠷᠪᠡᠨ ᠵᠦᠢᠯ ᠤᠨ

ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ︽ᠳᠥᠷᠪᠡᠨ ᠳᠤᠷ᠎ᠠ ᠪᠠᠷ ᠪᠠᠶᠢᠬᠤ︾ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠤᠯᠠᠭᠠᠨᠮᠦ᠋ᠷᠡᠨ

ᠭᠤᠣᠯ ᠤᠨ ᠬᠥᠮᠥᠷᠭᠡ ᠠᠴᠠ ᠭᠠᠷᠬᠤ ᠣᠭᠲᠣᠯᠣᠭᠠᠰᠤ ᠶᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠦᠨᠡᠨᠬᠦ ᠪᠠᠲᠤᠯᠠᠨ᠎ᠠ᠃  ᠺᠦ᠋ ᠶᠧ ᠾᠧ ᠭᠤᠣᠯ ᠤᠨ

ᠰᠠᠪᠠ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠪᠠᠭ᠋ᠠᠢ ᠭᠤᠤᠯ ᠤᠨ ᠴᠡᠪᠡᠷ ᠠᠷᠢᠭᠤᠨ ᠭᠡᠯᠪᠡᠷᠢ ᠶᠢᠨ ᠵᠢᠵᠢᠭ ᠰᠠᠪᠠ ᠭᠠᠵᠠᠷ ᠤᠨ ᠵᠠᠰᠠᠯᠳᠠ ᠶᠢ ᠡᠬᠢᠯᠡᠨ

ᠭᠡᠷᠡᠭᠵᠢᠬᠦᠯᠵᠤ᠂ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠬᠦ ᠦᠢᠯᠡᠳᠪᠦᠷᠢ ᠶᠢ ᠨᠡᠭᠦᠯᠭᠡᠨ ᠪᠠᠶᠢᠭᠤᠯᠬᠤ᠂ ᠠᠪᠠᠭ᠋ᠠᠢ ᠭᠤᠣᠯ ᠤᠨ ᠤᠰᠤᠨ ᠰᠢᠰᠲ᠋ᠧᠮ ᠢ

ᠬᠤᠯᠪᠣᠯᠳᠤᠭᠤᠯᠤᠨ ᠨᠡᠪᠲᠡᠷᠡᠭᠦᠯᠬᠦ  ᠪᠠᠷᠢᠯᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠳᠠᠬᠢᠠ ᠠᠰᠢᠬᠯᠠᠬᠤ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ

᠂ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠰᠤᠨ ᠤ ᠠᠮᠢ

ᠠᠬᠤᠢ ᠶᠢᠨ ᠪᠣᠯᠪᠠᠰᠤᠨ ᠤ   ᠨᠡᠶᠢᠳᠡᠯᠢᠭ ᠵᠢᠱᠢᠶ᠎ᠡ ᠪᠣᠯᠬᠤ ᠬᠤᠲᠠ ᠶᠢ ᠪᠦᠲᠦᠭᠡᠨ ᠪᠠᠶᠢᠭᠤᠯᠤᠨ᠎ᠠ᠃

          ᠬᠥᠬᠡᠮᠳᠦᠭ ᠠᠭᠤᠯᠠ ᠨᠣᠭᠤᠭᠠᠨ ᠳᠠᠯ᠎ᠠ ᠶᠢ ᠡᠬᠦᠷᠢᠳᠡ ᠪᠠᠶᠢᠯᠭᠠᠨ᠎ᠠ᠃ ᠬᠥᠷᠥᠰᠥ ᠰᠢᠷᠣᠢ ᠶᠢᠨ ᠣᠷᠴᠢᠨ  ᠳᠤᠭᠤᠷᠢᠨ ᠢ ᠵᠠᠰᠠᠵᠤ ᠬᠠᠮᠠᠭᠠᠯᠠᠬᠤ ᠶᠢ

ᠴᠢᠩᠭᠠᠳᠬᠠᠨ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ

ᠬᠠᠶᠠᠭᠳᠠᠮᠠᠯ ᠪᠣᠳᠠᠰ ᠢ  ᠬᠦᠨᠤᠭᠡᠯ ᠦᠭᠡᠶᠢᠵᠢᠭᠦᠯᠦᠨ ᠰᠢᠢᠳᠪᠦᠷᠢᠯᠡᠬᠦ ᠶᠢ ᠴᠢᠩᠭᠠᠳᠬᠠᠨ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ 

ᠳᠦᠷᠤᠯ ᠵᠤᠶᠢᠯ ᠢ ᠡᠬᠢᠯᠡᠨ ᠪᠦᠲᠦᠭᠡᠨ ᠪᠠᠶᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ  ᠳᠦᠪᠰᠢᠨ ᠢ ᠳᠡᠭᠡᠭᠰᠢᠯᠡᠭᠦᠯᠦᠨ᠂

︽ᠬᠠᠶᠠᠭᠳᠠᠮᠠᠯ ᠪᠣᠳᠠᠰ ᠦᠭᠡᠢ ᠬᠤᠳᠠ︾ ᠶᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ

ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 2000 ᠮᠦ ᠭᠠᠵᠠᠷ ᠤᠨ ᠣᠶᠢᠵᠢᠭᠤᠯᠤᠯᠲᠠ ᠶᠢ ᠰᠢᠨ᠎ᠡ ᠪᠠᠷ ᠨᠡᠮᠡᠭᠳᠡᠭᠦᠯᠵᠦ᠂ ᠬᠤᠲᠠ ᠶᠢᠨ ᠲᠡᠭᠦᠷᠭᠡ ᠶᠢᠨ

ᠨᠣᠭᠤᠭᠠᠷᠠᠭᠤᠯᠤᠯᠲᠠ ᠪᠠ ᠠᠮᠢ ᠠᠬᠤᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠶᠢ ᠴᠤᠬᠴᠠᠵᠢᠭᠤᠯᠤᠨ ᠠᠬᠢᠭᠤᠯᠤᠨ᠎ᠠ᠃ ᠲᠥᠪ ᠤᠨ

ᠬᠤᠶᠠᠳᠤᠭᠠᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ  ᠬᠠᠯᠠᠨ

ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ

ᠲᠣᠭᠤᠷᠢᠭ ᠤᠨ ᠲᠠᠬᠢᠨ ᠬᠢᠨᠠᠯᠲᠠ ᠶᠢ ᠤᠷᠤᠭᠰᠢᠲᠠᠢ ᠦᠩᠭᠡᠷᠡᠭᠡᠨ᠎ᠠ᠃

             ︵ᠳᠣᠯᠤᠭ᠎ᠠ︶ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠨᠠᠩ ᠢᠯᠡᠭᠦᠦ ᠲᠥᠪᠯᠡᠩᠭᠦᠶ ᠬᠦᠴᠦᠨ ᠲᠠᠢ ᠵᠣᠯ ᠵᠢᠷᠭᠠᠯᠲᠤ ᠭᠡᠷ ᠣᠷᠣᠨ ᠢ

ᠬᠦᠴᠦᠯᠡᠨ ᠪᠠᠶᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠤᠨ᠂ ᠠᠷᠠᠳ

ᠲᠦᠮᠡᠨ ᠤ ᠬᠦᠰᠡᠯ ᠡᠷᠡᠮᠡᠯᠵᠡᠯ ᠢ ᠵᠠᠰᠠᠭ ᠤᠨ ᠶᠠᠪᠤᠳᠠᠯ ᠤᠨ ᠬᠠᠨᠳᠤᠰᠢ ᠪᠣᠯᠭᠠᠵᠤ᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠵᠠᠰᠠᠭ ᠤᠨ ᠶᠠᠪᠤᠳᠠᠯ ᠤᠨ

ᠠᠵᠢᠯᠯᠠᠭ᠎ᠠ ᠪᠣᠯᠭᠠᠵᠤ᠂ ᠠᠷᠠᠳ ᠤᠯᠠᠨ ᠤ ᠠᠮᠢᠳᠤᠷᠠᠯ ᠢ ᠵᠢᠯ ᠠᠴᠠ ᠵᠢᠯ ᠰᠢᠨ᠎ᠡ ᠰᠠᠶᠢᠵᠢᠷᠠᠯᠲᠠ ᠲᠠᠢ ᠪᠣᠯᠭᠠᠵᠤ᠂ ᠵᠢᠯ ᠠᠴᠠ ᠵᠢᠯ ᠰᠠᠶᠢᠵᠢᠷᠠᠭᠤᠯᠤᠨ᠎ᠠ᠃

         ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢᠨ ᠨᠡᠮᠡᠭᠳᠡᠯ ᠢ ᠴᠢᠷᠮᠠᠶᠢᠨ ᠠᠬᠢᠭᠤᠯᠤᠨ᠎ᠠ᠃ ᠠᠵᠢᠯ ᠣᠯᠭᠤᠯᠲᠠ ᠶᠢ ᠲᠤᠰᠠᠯᠠᠬᠤ᠂ ᠦᠢᠯᠡᠰ 

ᠪᠤᠰᠬᠠᠬᠤ ᠶᠢ ᠲᠡᠳᠬᠦᠨ ᠳᠡᠮᠵᠢᠬᠦ᠂ ᠤᠷ᠎ᠠ ᠴᠢᠳᠠᠪᠤᠷᠢ ᠶᠢᠨ ᠪᠣᠯᠪᠠᠰᠤᠷᠠᠯ ᠢ ᠨᠠᠷᠢᠯᠢᠭ ᠣᠨᠣᠴᠠᠲᠠᠢ ᠪᠠᠷ ᠰᠠᠶᠢᠲᠤᠷ ᠬᠢᠵᠦ᠂ ᠳᠡᠭᠡᠳᠦ ᠰᠤᠷᠭᠠᠭᠤᠯᠢ ᠲᠡᠭᠦᠰᠦᠭᠰᠡᠨ 

ᠤᠶᠤᠳᠠᠨ᠂ ᠴᠡᠷᠢᠭ ᠠᠴᠠ ᠬᠠᠯᠠᠭᠳᠠᠭᠰᠠᠳ᠂ ᠨᠡᠬᠦᠨ ᠭᠠᠷᠤᠬᠰᠠᠨ ᠲᠠᠷᠢᠶᠠᠴᠢᠨ ᠵᠡᠷᠭᠡ ᠭᠤᠣᠯᠳᠠᠯᠭ᠎ᠠ ᠲᠠᠢ ᠬᠦᠮᠤᠰ ᠤᠨ ᠴᠢᠨᠠᠷ ᠰᠠᠶᠢᠲᠠᠢ ᠠᠵᠢᠯ ᠣᠯᠬᠤ ᠶᠢ

ᠠᠬᠢᠭᠤᠯᠤᠨ᠂ ᠨᠢᠭᠡ ᠴᠦ ᠠᠵᠢᠯ  ᠲᠠᠢ ᠬᠦᠮᠤᠨ ᠦᠭᠡᠢ ᠭᠡᠷ ᠪᠦᠯᠢ ᠶᠢ ᠬᠥᠳᠡᠯᠦᠩᠭᠦᠢ ᠪᠠᠷ  ᠦᠭᠡᠶᠢᠰᠭᠡᠬᠦ ᠶᠢ ᠦᠨᠡᠨ ᠬᠦ ᠪᠠᠲᠤᠯᠠᠨ᠎ᠠ᠃ ᠰᠠᠭᠤᠭᠠᠯᠢ ᠠᠷᠠᠳ ᠤᠨ

ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠦᠮᠤᠰ ᠤᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂

ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ

ᠣᠷᠣᠯᠭ᠎ᠠ ᠶᠢ 6 ᠲᠦᠮᠡᠨ ᠲᠥᠭᠦᠷᠢᠭ ᠠᠴᠠ ᠳᠠᠪᠠᠭᠤᠯᠤᠨ᠂ ᠨᠡᠩ ᠦᠨᠳᠤᠷ ᠳᠦᠪᠰᠢᠨ ᠳᠤ ᠬᠦᠷᠭᠡᠬᠦ ᠪᠠᠷ ᠴᠢᠷᠮᠠᠶᠢᠵᠤ᠂ ︽ᠳᠤᠮᠳᠠᠴᠢ ᠲᠤᠭ᠎ᠠ︾ ᠶᠢ

ᠳᠡᠭᠡᠭᠰᠢᠯᠡᠭᠦᠯᠤᠨ᠂ ︽ᠲᠤᠶᠢᠯ ᠤᠨ ᠴᠥᠭᠡᠨ ᠳᠤᠭ᠎ᠠ︾  ᠶᠢ ᠪᠠᠲᠤᠯᠠᠬᠤ ᠪᠠᠷ ᠳᠠᠮᠵᠢᠭᠤᠯᠤᠨ᠂ ᠪᠠᠶᠠᠵᠢᠨ ᠴᠢᠨᠡᠭᠡᠯᠢᠭᠵᠢᠬᠦ ᠠᠮᠢᠵᠢᠷᠠᠯ ᠤᠨ ᠬᠦᠴᠦᠨ ᠢ

ᠥᠷᠢᠰᠦᠯᠳᠦᠭᠦᠯᠦᠨ ᠪᠠᠳᠠᠷᠠᠭᠤᠯᠵᠤ᠂ ᠬᠠᠮᠲᠤ ᠪᠠᠷ ᠪᠠᠶᠠᠵᠢᠭᠰᠠᠨ ᠦᠷ᠎ᠡ ᠪᠦᠲᠦᠭᠡᠯ ᠢ ᠲᠥᠷᠥᠭᠳᠡᠭᠦᠯᠤᠨ᠂ ᠠᠷᠠᠳ ᠣᠯᠠᠨ ᠤ ᠠᠮᠢᠳᠤᠷᠠᠯ ᠢ ᠤᠯᠠᠮ ᠠᠴᠠ ᠤᠯᠠᠮ

ᠰᠠᠶᠢᠨ ᠪᠣᠯᠭᠠᠨ᠎ᠠ᠃

ᠦᠨᠳᠦᠰᠦᠨ ᠵᠦᠢᠯ ᠢ ᠯᠠᠪᠳᠠᠭᠤᠨ ᠢᠶᠠᠷ ᠪᠠᠲᠤᠯᠠᠵᠤ ᠲᠦᠭᠡᠮᠡᠯ ᠠᠰᠢᠭ ᠬᠦᠷᠲᠡᠭᠡᠬᠦ ᠶᠢ ᠠᠬᠢᠭᠤᠯᠤᠨ᠎ᠠ᠃ ᠨᠡᠶᠢᠭᠡᠮ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠨ᠂

ᠠᠮᠢᠳᠤᠯᠢᠭ ᠢᠶᠠᠷ ᠠᠵᠢᠯ ᠣᠯᠣᠭᠰᠠᠳ ᠲᠤ ︽ᠠᠷᠠᠳ ᠲᠤ ᠠᠰᠢᠭ ᠬᠦᠷᠲᠡᠭᠡᠬᠦ ᠳᠠᠭᠠᠳᠬᠠᠯ︾ ᠢ ᠦᠷᠭᠦᠯᠵᠢᠯᠡᠨ ᠬᠤᠳᠠᠯᠳᠤᠨ ᠠᠪᠴᠤ ᠥᠭᠴᠦ᠂ ᠨᠡᠶᠢᠭᠡᠮ ᠤᠨ

ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠦᠴᠢᠷᠳᠡᠯ ᠲᠠᠢ᠂ ᠣᠨᠴᠠᠭᠠᠶ ᠬᠦᠮᠤᠰ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢᠶᠠᠨ

ᠴᠢᠩᠭᠠᠷᠠᠭᠤᠯᠵᠤ᠂ ᠣᠷᠣᠯᠭ᠎ᠠ ᠪᠠᠭᠠᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠨᠠᠰᠤᠵᠢᠯ ᠤᠨ ᠠᠰᠠᠷᠠᠮᠵᠢ  ᠬᠡᠦᠬᠡᠳ ᠰᠠᠭᠠᠲᠠᠭᠤᠯᠬᠤ  ᠶᠢ

ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠠᠰᠤᠵᠢᠯ ᠤᠨ ᠠᠰᠠᠷᠠᠮᠵᠢ 

ᠬᠡᠦᠬᠡᠳ ᠰᠠᠭᠠᠲᠠᠭᠤᠯᠬᠤ  ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠨᠡᠶᠢᠭᠡᠮ ᠤᠨ ᠬᠥᠷᠥᠩᠭᠡ ᠶᠢ ᠠᠰᠢᠬᠯᠠᠬᠤ ᠶᠢ ᠵᠤᠷᠢᠬᠵᠢᠭᠤᠯᠤᠨ ᠨᠠᠰᠤᠵᠢᠯ ᠤᠨ

ᠠᠰᠠᠷᠠᠮᠵᠢ  ᠲᠤᠰᠬᠠᠢ ᠪᠠᠶᠢᠭᠤᠯᠤᠮᠵᠢ ᠶᠢ ᠪᠦᠳᠤᠭᠡᠨ ᠪᠠᠶᠢᠭᠤᠯᠵᠤ ᠡᠵᠡᠩᠨᠡᠬᠦᠯᠤᠨ᠎ᠠ᠃ ︽ᠣᠷᠣᠨ ᠰᠠᠭᠤᠴᠠ ᠶᠢ ᠰᠠᠷᠢᠭᠠᠯᠠᠬᠤ ᠦᠭᠡᠢ︾ ᠪᠠᠶᠢᠬᠤ ᠶᠢ ᠪᠠᠷᠢᠮᠲᠠᠯᠠᠨ᠂

ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠣᠷᠣᠰᠢᠭᠤᠯᠭ᠎ᠠ ᠶᠢᠨ

ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ ᠶᠢᠨ ᠣᠩᠭᠤᠨ ᠤ ᠭᠠᠵᠠᠷ ᠰᠣᠩᠭᠤᠬᠤ ᠪᠠᠶᠢᠭᠤᠯᠤᠯᠲᠠ ᠶᠢ ᠲᠦᠷᠭᠡᠳᠬᠡᠵᠦ᠂ ᠠᠮᠢ ᠨᠠᠰᠤ ᠶᠢ ᠨᠡᠩ

ᠨᠡᠷ᠎ᠡ ᠬᠦᠨᠳᠦ ᠲᠠᠢ ᠪᠠᠷ ︽ᠳᠡᠬᠦᠰᠭᠡᠨ᠎ᠠ︾᠃ ᠪᠦᠬᠦ ᠠᠷᠠᠳ ᠤᠨ ᠪᠦᠬᠦ ᠨᠠᠰᠤᠨ ᠤ ᠨᠥᠬᠦᠷᠰᠡᠭ ᠬᠡᠯᠪᠡᠷᠢ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ

ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠶ᠎ᠠ  ᠪᠠᠭᠰᠢ ᠳᠤ ᠠᠮᠢᠳᠤᠷᠠᠵᠤ ᠪᠠᠶᠢᠭ᠎ᠠ ᠬᠥᠮᠥᠨ ᠨᠢᠭᠡᠪᠦᠷᠢ ᠳᠤ ᠬᠤᠳᠠ ᠶᠢᠨ ᠬᠠᠯᠠᠮᠵᠢᠯᠠᠯ ᠪᠠ ᠨᠡᠶᠢᠭᠡᠮ ᠤᠨ

ᠬᠠᠶᠢᠷ᠎ᠠ ᠬᠠᠯᠠᠮᠵᠢ ᠶᠢ ᠬᠦᠷᠲᠡᠭᠡᠨ᠎ᠡ᠃

          ᠦᠢᠯᠡᠴᠢᠯᠡᠭᠡ ᠶᠢ ᠰᠢᠯᠢᠳᠡᠭᠵᠢᠭᠦᠯᠵᠦ ᠡᠷᠡᠭᠦᠯ ᠮᠡᠨᠳᠤ ᠶᠢ ᠪᠠᠲᠤᠯᠠᠨ᠎ᠠ᠃  ᠡᠮ ᠡᠮᠨᠡᠯᠭᠡ ᠶᠢᠨ ᠦᠢᠯᠡᠴᠢᠯᠡᠭᠡᠨ ᠤ ᠳᠤᠬᠳᠠᠯᠴᠠᠭ᠎ᠠ ᠶᠢ ᠰᠢᠯᠢᠳᠡᠭᠵᠢᠭᠦᠯᠵᠦ᠂

ᠲᠣᠭᠤᠷᠢᠭ ᠲᠤ ᠰᠠᠭᠤᠭ᠎ᠠ ᠬᠤᠲᠠ ᠶᠢᠨ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ

ᠲᠥᠪ ᠲᠤ ᠲᠦᠰᠢᠭᠯᠡᠨ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠵᠤ᠂ ᠬᠤᠲᠠ ᠲᠣᠭᠤᠷᠢᠭ ᠬᠤᠶᠠᠷ ᠱᠠᠲᠤᠨ ᠤ ᠡᠬᠡ ᠨᠢᠯᠬᠠᠰ ᠤᠨ

ᠡᠷᠡᠭᠦᠯᠵᠢᠯ ᠤᠨ ᠬᠤᠷᠢᠶ᠎ᠠ ᠶᠢ ᠬᠠᠮᠲᠤᠪᠠᠷ ᠪᠠᠶᠢᠭᠤᠯᠬᠤ ᠶᠢ ᠠᠬᠢᠭᠤᠯᠵᠤ᠂ ᠠᠮᠠᠨ ᠬᠥᠨᠳᠡᠢ᠂ ᠡᠷᠡᠭᠦᠯᠵᠢᠯ ᠵᠡᠷᠭᠡ ᠲᠤᠰᠬᠠᠢ ᠡᠮᠨᠡᠯᠭᠡ ᠶᠢᠨ ᠬᠤᠷᠢᠶ᠎ᠠ ᠶᠢ ᠦᠷᠭᠦᠯᠵᠢᠯᠡᠨ

ᠣᠷᠣᠭᠤᠯᠤᠨ ᠠᠪᠴᠢᠷᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠠᠩ ᠥᠨᠳᠥᠷ 

ᠲᠦᠪᠰᠢᠨ  ᠪᠦᠬᠦᠢ ︽ᠡᠷᠡᠭᠦᠯ ᠡᠩᠬᠡ ᠬᠢᠶ᠎ᠠ ᠪᠠᠭᠰᠢ︾ ᠶᠢ ᠪᠠᠶᠢᠭᠤᠯᠤᠨ᠎ᠠ᠃  ᠭᠡᠷ ᠪᠦᠯᠢ ᠶᠢᠨ ᠡᠮᠴᠢ ᠶᠢᠨ ᠡᠩᠨᠡᠭᠡ ᠶᠢ ᠳᠠᠰᠤᠷᠠᠯᠳᠠ ᠦᠭᠡᠢ ᠪᠤᠵᠠᠭᠠᠶᠢᠷᠠᠭᠤᠯᠤᠨ᠂

︽ᠠᠷᠪᠠᠨ ᠲᠠᠪᠤᠨ ᠮᠢᠨᠦ᠋ᠲ ᠤᠨ ᠡᠮ ᠡᠮᠨᠡᠯᠭᠡ ᠶᠢᠨ  ᠦᠢᠯᠡᠴᠢᠯᠡᠭᠡᠨ ᠤ ᠴᠠᠭᠠᠷᠢᠭ︾  ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠴᠢᠨᠠᠷ ᠰᠠᠶᠢᠲᠠᠢ 

ᠡᠮ ᠡᠮᠨᠡᠯᠭᠡ ᠶᠢᠨ ᠡᠬᠢ ᠪᠠᠶᠠᠯᠢᠭ  ᠢ ᠥᠷᠭᠡᠳᠬᠡᠨ ᠲᠡᠩᠴᠡᠭᠦᠷᠢᠲᠡᠢ ᠪᠠᠶᠢᠷᠢᠰᠢᠭᠤᠯᠬᠤ ᠶᠢ ᠠᠬᠢᠭᠤᠯᠵᠤ᠂ ︽  ᠬᠢᠶ᠎ᠠ ᠪᠠᠭᠰᠢ ᠳᠤ ᠨᠠᠷᠠᠲᠤ ᠡᠮᠴᠢ ᠲᠠᠢ︾

ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠳᠤ ᠣᠶᠢᠷ᠎ᠠ ᠬᠠᠪᠢ ᠳᠠᠭᠠᠨ ᠴᠢᠨᠠᠷ ᠰᠠᠶᠢᠲᠠᠢ ᠡᠮ ᠡᠮᠨᠡᠯᠭᠡ ᠶᠢᠨ ᠦᠢᠯᠡᠴᠢᠯᠡᠭᠡ ᠬᠦᠷᠲᠡᠭᠡᠨ᠎ᠡ᠃

ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠪᠠᠶᠢᠭᠤᠯᠤᠨ ᠠᠰᠢᠬᠯᠠᠯᠳᠠ ᠳᠤ ᠤᠷᠤᠭᠤᠯᠤᠨ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ

ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ  ᠴᠢᠩᠭᠠᠳᠬᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ

ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ

ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠳᠠᠭᠠᠭᠠᠨ ᠡᠷᠭᠢᠯᠡᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠦᠷᠭᠦᠯᠵᠢᠯᠡᠨ

ᠳᠡᠭᠡᠭᠰᠢᠯᠡᠭᠦᠯᠦᠨ᠎ᠡ᠃

           ᠲᠥᠯᠥᠭᠡᠯᠡᠭᠴᠢᠳ ᠠ᠋︕ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ ᠤ ᠲᠡᠮᠡᠴᠡᠬᠦ

ᠬᠠᠷᠠᠯᠲᠠ ᠪᠤᠯᠤᠨ᠎ᠠ᠃  ᠳᠦᠷᠦᠬᠦᠭᠡᠨ ᠳᠤ᠂ ᠪᠢᠳᠡ ᠠᠷᠠᠳ ᠤᠨ ᠬᠡᠷᠡᠭᠴᠡᠭᠡ ᠶᠢ ᠭᠦᠨᠵᠡᠭᠡᠢ ᠠᠰᠠᠭᠤᠭᠰᠠᠨ ᠰᠠᠭᠤᠷᠢᠨ ᠳᠡᠭᠡᠷ᠎ᠡ᠂ 9 ᠵᠦᠢᠯ ᠤᠨ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠢ ᠰᠣᠩᠭᠤᠨ ᠲᠣᠭᠲᠠᠭᠠᠵᠤ᠂ ᠲᠣᠰ ᠤᠳᠠᠭᠠᠨ ᠤ ᠶᠡᠭᠡ ᠬᠤᠷᠠᠯ ᠳᠤ ᠪᠢᠯᠧᠲ ᠥᠭᠴᠦ  ᠪᠠᠳᠤᠯᠠᠭᠤᠯᠬᠤ ᠪᠠᠷ ᠳᠡᠪᠰᠢᠭᠦᠯᠪᠡ᠃

ᠡᠬᠦᠨ ᠠᠴᠠ ᠭᠠᠳᠠᠨ᠎ᠠ᠂ ᠪᠠᠰᠠ ᠨᠢᠭᠡ ᠪᠦᠯᠦᠭ ᠤᠯᠠᠨ ᠳᠦᠮᠡᠨ ᠤ ᠳᠤᠰ ᠪᠡᠶ᠎ᠡ ᠶᠢᠨ ᠠᠰᠢᠭ ᠳᠤᠰᠠ ᠪᠠ ᠰᠠᠶᠢᠨ ᠰᠠᠶᠢᠬᠠᠨ ᠠᠮᠢᠳᠤᠷᠠᠯ ᠲᠠᠢ ᠬᠤᠯᠪᠤᠬᠳᠠᠬᠰᠠᠨ

ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠵᠠᠯᠭᠠᠪᠠᠷ ᠡᠬᠢᠯᠡᠨ ᠭᠡᠷᠡᠭᠵᠢᠬᠦᠯᠬᠦ ᠪᠠᠷ ᠪᠤᠢ᠃ ᠪᠢᠳᠠ ᠴᠢᠷᠮᠠᠶᠢᠵᠤ ᠪᠠᠶᠢᠭᠠᠳ ᠰᠠᠶᠢᠨ ᠶᠠᠪᠤᠳᠠᠯ  ᠤᠳ ᠢ ᠪᠣᠳᠠᠲᠠᠢ 

ᠬᠢᠵᠦ᠂ ᠪᠣᠳᠠᠲᠠᠢ ᠶᠠᠪᠤᠳᠠᠯ ᠤᠳ ᠢ ᠰᠠᠶᠢᠲᠤᠷ ᠬᠢᠵᠦ᠂ ᠠᠷᠠᠳ ᠤᠯᠠᠨ ᠳᠤ ᠨᠡᠩ ᠤᠯᠠᠨ ᠬᠤᠪᠢᠷᠠᠯᠲᠠ ᠶᠢ ᠲᠠᠰᠤᠷᠠᠯᠳᠠ ᠦᠭᠡᠢ ᠬᠠᠷᠠᠭᠤᠯᠵᠤ᠂ ᠨᠡᠩ ᠤᠯᠠᠨ

ᠪᠣᠳᠠᠲᠤ ᠠᠰᠢᠭ ᠬᠦᠷᠲᠡᠭᠡᠨ᠂ ᠨᠡᠩ ᠤᠯᠠᠨ ᠬᠠᠯᠠᠭᠤᠨ ᠳᠤᠯᠠᠭᠠᠨ ᠲᠥᠷᠥᠭᠳᠡᠯ ᠣᠯᠭᠤᠨ᠎ᠠ︕

         ︵ᠨᠠᠢᠮᠠ︶ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ ᠶᠢ ᠪᠠᠷᠢᠮᠲᠠᠯᠠᠨ᠂ ᠨᠠᠩ ᠠᠮᠤᠷ ᠲᠦᠪᠰᠢᠨ ᠲᠥᠷᠥᠭᠳᠡᠯ ᠲᠠᠢ ᠨᠡᠶᠢᠭᠡᠮ ᠤᠨ ᠣᠷᠴᠢᠨ ᠠᠬᠤᠢ ᠶᠢ

ᠬᠦᠴᠦᠯᠡᠨ ᠪᠣᠶ ᠪᠣᠯᠭᠠᠨ᠎ᠠ᠃ ᠰᠠᠨᠠᠭᠠᠰᠢᠷᠠᠨ ᠵᠣᠪᠠᠨᠢᠬᠤ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢ

ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠨ ᠠᠳᠬᠤᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ

ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠤᠨ᠎ᠠ᠃

          ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠴᠠᠲᠠᠢ ᠪᠥᠭᠡᠳ ᠥᠨᠳᠥᠷ ᠪᠦᠲᠦᠮᠵᠢᠲᠡᠶ ᠪᠠᠷ ᠰᠠᠶᠢᠲᠤᠷ ᠠᠳᠬᠤᠨ᠎ᠠ᠃ ︽

ᠬᠥᠬᠡᠭᠴᠢᠨ ᠲᠥᠷᠥᠯ ᠬᠥᠬᠡᠭᠴᠢᠨ ᠬᠠᠮᠢᠶᠠᠷᠤᠯᠲᠠ︾ ᠶᠢᠨ ᠶᠡᠷᠦᠩᠬᠡᠢ ᠲᠥᠰᠥᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠠᠷᠴᠤ ᠮᠡᠳᠡᠬᠦ ᠰᠢᠨ᠎ᠡ ᠪᠠᠶᠢᠳᠠᠯ ᠰᠢᠨ᠎ᠡ

ᠠᠰᠠᠭᠤᠳᠠᠯ ᠢ ᠭᠦᠨᠵᠡᠭᠡᠢ ᠵᠠᠳᠠᠯᠤᠨ ᠰᠤᠳᠤᠯᠤᠨ ᠮᠠᠭᠠᠳᠯᠠᠵᠤ᠂ ᠦᠨᠳᠦᠰᠦᠨ ᠱᠠᠲᠤᠨ ᠤ  ᠡᠮ ᠡᠮᠨᠡᠯᠭᠡ ᠵᠢᠨ‌ᠦᠢᠯᠡᠴᠢᠯᠡᠭᠡ᠂ ᠡᠮ ᠤᠨ ᠵᠦᠢᠯ ᠤᠨ ᠬᠠᠩᠭᠠᠯᠭ᠎ᠠ᠂

ᠬᠦᠨᠳᠦ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢᠨ ᠬᠢᠷᠢ  ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠬᠥᠮᠥᠰ ᠤᠨ ᠡᠷᠡᠭᠦᠯ

ᠮᠡᠨᠳᠦ ᠶᠢᠨ ᠪᠠᠶᠢᠴᠠᠭᠠᠯᠲᠠ ᠪᠠ ᠲᠥᠷᠥᠯ ᠬᠤᠪᠢᠶᠠᠨ ᠲᠠᠰ ᠬᠤᠪᠢᠶᠠᠵᠤ ᠣᠨᠣᠰᠢᠯᠠᠨ ᠡᠮᠨᠡᠬᠦ ᠦᠢᠯᠡᠴᠢᠯᠡᠭᠡ ᠶᠢ ᠳᠠᠭᠠᠵᠤ ᠰᠠᠶᠢᠲᠤᠷ ᠬᠢᠵᠦ᠂ ᠠᠷᠠᠳ ᠣᠯᠠᠨ ᠤ ᠠᠮᠢ

ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠡᠷᠡᠰ ᠰᠠᠬᠢᠨ ᠬᠠᠮᠠᠭᠠᠯᠠᠨ᠎ᠠ᠃

        ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ᠃ ᠨᠡᠶᠢᠭᠡᠮ ᠤᠨ ᠬᠤᠪᠢ ᠨᠡᠮᠡᠷᠢ ᠶᠢᠨ ᠬᠡᠮᠵᠢᠶ᠎ᠡ ᠪᠠᠷ ᠬᠡᠮᠵᠢᠬᠦ ᠪᠠᠷᠢᠮᠵᠢᠶ᠎ᠠ

ᠪᠣᠯᠭᠠᠭᠰᠠᠨ ᠬᠤᠳᠠ ᠶᠢᠨ ᠠᠷᠠᠳ ᠤᠨ ᠵᠠᠩ ᠮᠣᠷᠠᠯ ᠤᠨ ᠬᠤᠪᠢ ᠬᠤᠷᠠᠮᠳᠤᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ

ᠰᠠᠭᠤᠴᠠ ᠵᠡᠷᠭᠡ ᠰᠢᠯᠢᠳᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠵᠠᠩ ᠮᠣᠷᠠᠯ ᠤᠨ ᠬᠤᠪᠢ ᠬᠤᠷᠠᠮᠳᠤᠭᠤᠯᠬᠤ ᠦᠨᠡᠯᠡᠯᠲᠡ ᠲᠠᠢ ᠬᠤᠯᠪᠣᠵᠤ᠂

ᠡᠷᠬᠡ ᠲᠡᠭᠰᠢ ᠥᠷᠢᠰᠦᠯᠳᠦᠭᠡᠨ ᠤ ᠰᠠᠭᠤᠷᠢᠨ ᠳᠡᠭᠡᠷᠡᠬᠢ ᠡᠷᠬᠡ ᠲᠡᠭᠰᠢ ᠪᠠᠷ ᠬᠤᠪᠢᠶᠠᠷᠢᠯᠠᠬᠤ ᠶᠢ ᠪᠡᠶᠡᠯᠡᠭᠦᠯᠦᠨ᠎ᠡ᠃ ᠤᠯᠤᠰ ᠤᠨ ᠣᠶᠤᠨᠴᠢ ᠨᠡᠶᠢᠭᠡᠮ ᠲᠣᠭᠤᠷᠢᠭ ᠤᠨ

ᠵᠠᠰᠠᠯᠲᠠ ᠶᠢᠨ ᠣᠨᠴᠠᠯᠢᠭᠲᠤ ᠲᠤᠷᠰᠢᠯᠲᠠ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠤᠨ᠂ ︽ᠤᠯᠠᠨ ᠲᠠᠯ᠎ᠠ ᠪᠠᠷ ᠬᠤᠯᠪᠤᠭᠠᠯᠠᠨ

ᠬᠥᠳᠡᠯᠦᠯᠴᠡᠵᠤ᠂ ᠤᠯᠠᠨ ᠡᠰᠢᠴᠢᠯᠡᠨ ᠬᠠᠮᠲᠤᠪᠠᠷ ᠵᠠᠰᠠᠬᠤ︾ ᠬᠤᠳᠠ ᠶᠢᠨ ᠵᠠᠰᠠᠯᠲᠠ ᠶᠢᠨ ᠪᠠᠶᠢᠷᠢᠰᠢᠯ ᠢ ᠪᠤᠢ ᠪᠣᠯᠭᠠᠵᠤ᠂ ᠰᠠᠭᠤᠭᠠᠯᠢ ᠠᠷᠠᠳ ᠪᠤᠯᠤᠨ ᠤᠯᠠᠨ

ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ ᠵᠠᠰᠠᠯᠲᠠ ᠳᠤ ᠭᠦᠨᠵᠡᠭᠡᠢ ᠣᠷᠣᠯᠴᠠᠭᠤᠯᠤᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠨ

ᠰᠠᠶᠢᠵᠢᠷᠠᠭᠤᠯᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ

ᠬᠠᠶᠢᠷᠠᠯᠠᠨ ᠬᠠᠮᠠᠭᠠᠯᠠᠨ᠎ᠠ᠃

          ᠠᠮᠤᠷ ᠲᠦᠪᠰᠢᠨ ᠤ ᠬᠤᠷᠢᠭ᠎ᠠ ᠱᠤᠭᠤᠮ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠰᠠᠬᠢᠨ᠎ᠠ᠃ ᠦᠵᠡᠯ ᠤᠬᠠᠮᠰᠠᠷ ᠤᠨ ᠬᠡᠯᠪᠡᠷᠢ᠂ ᠵᠠᠮ

ᠬᠠᠷᠢᠯᠴᠠᠭ᠎ᠠ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠠᠮᠢ ᠠᠬᠤᠢ ᠣᠷᠴᠢᠨ ᠲᠣᠭᠤᠷᠢᠨ᠂ ᠵᠠᠰᠠᠭ ᠤᠨ ᠣᠷᠳᠣᠨ ᠤ

ᠴᠢᠨᠠᠷᠲᠠᠢ ᠥᠷᠢ ᠥᠭᠴᠡᠭᠡ᠂ ᠭᠡᠷ ᠪᠠᠶᠢᠰᠢᠩ ᠭᠠᠵᠠᠷ ᠬᠥᠷᠥᠩᠭᠡ᠂ ᠮᠥᠩᠭᠦᠨ ᠭᠦᠢᠯᠭᠡᠭᠡ᠂ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠦᠵᠡᠯ

ᠤᠬᠠᠮᠰᠠᠷ ᠤᠨ ᠭᠡᠯᠪᠡᠷᠢ ᠵᠡᠷᠭᠡ ᠡᠯ᠎ᠡ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ ᠠᠷᠢᠯᠭᠠᠨ᠂ ᠴᠠᠭ ᠲᠤᠬᠠᠢ

 ᠳᠤᠨᠢ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠴᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠵᠦ᠂

ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠬᠠᠤᠯᠢ ᠠᠴᠠ

ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ  ᠠᠬᠤᠢ ᠶᠢ ᠦᠷᠭᠦᠯᠵᠢᠯᠡᠨ

ᠪᠤᠢ ᠪᠣᠯᠭᠠᠨ᠎ᠠ᠃ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠢ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ

ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠤ ᠬᠠᠯᠬᠠᠪᠴᠢ ᠶᠢ

ᠪᠠᠬᠢᠵᠢᠭᠦᠯᠦᠨ᠎ᠡ᠃

   ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ

          ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠤᠯᠴᠠᠬᠤ

ᠵᠠᠮ ᠢᠶᠠᠷ ᠰᠠᠶᠢᠲᠤᠷ ᠵᠠᠮᠨᠠᠬᠤ ᠳᠤ᠂ ᠡᠷᠬᠡᠪᠰᠢ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ

ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠠᠷᠠᠳ

ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃

          ᠤᠯᠤᠰ ᠲᠦᠷᠦ ᠶᠢᠨ ᠪᠠᠶᠢᠭᠤᠯᠤᠯᠲᠠ ᠪᠠᠷ ᠤᠷᠤᠭᠰᠢᠯᠠᠯᠲᠠ ᠶᠢᠨ ᠴᠢᠭᠯᠡᠯ ᠢ ᠬᠥᠲᠥᠯᠥᠨ ᠳᠠᠭᠠᠭᠤᠯᠤᠨ᠎ᠠ᠃ ᠨᠡᠶᠢᠭᠡᠮ ᠵᠢᠷᠤᠮ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ 

ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ

ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂

ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ

ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠳᠦᠷᠤᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ

ᠦᠨᠡᠨ ᠬᠦ ᠪᠠᠲᠤᠯᠠᠵᠤ᠂ ᠳᠡᠭᠡᠳᠦ ᠱᠠᠳᠤ ᠪᠠᠶᠢᠷᠢᠯᠠᠭᠤᠯᠤᠯᠲᠠ ᠲᠠᠢ᠂ ᠬᠢᠶ᠎ᠠ ᠪᠠᠭᠰᠢ ᠠᠵᠢᠯᠯᠠᠭ᠎ᠠ ᠲᠠᠢ᠂ ᠨᠠᠶᠢᠳᠠᠪᠤᠷᠢᠵᠢᠭᠤᠯᠤᠯᠲᠠ ᠳᠤ ᠦᠷ᠎ᠡ ᠪᠦᠲᠦᠮᠵᠢ ᠲᠠᠢ

ᠪᠠᠶᠢᠬᠤ ᠶᠢ ᠪᠡᠶᠡᠯᠡᠭᠦᠯᠵᠦ᠂ ︽ᠤᠯᠤᠰ ᠲᠥᠷᠥ ᠶᠢᠨ ᠵᠢᠱᠢᠶᠡᠴᠢ ᠶᠢᠨ ᠲᠥᠪ︾ ᠤᠨ ᠶᠠᠰᠤ ᠴᠢᠨᠠᠷ ᠨᠠᠩ  ᠰᠠᠶᠢᠨ᠂  ᠳᠡᠪᠢᠰᠭᠡᠷ ᠥᠩᠭᠡ ᠶᠢ ᠨᠠᠩ  ᠳᠤᠳᠤᠷᠠᠭᠤᠨ

ᠪᠤᠯᠭᠠᠨ᠎ᠠ᠃

ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠷ ᠬᠠᠤᠯᠢᠵᠢᠯ ᠤᠨ ᠢᠲᠡᠭᠡᠯ ᠪᠢᠰᠢᠷᠡᠯ ᠢ ᠪᠠᠲᠤᠳᠬᠠᠨ᠎ᠠ᠃ ᠰᠢ ᠶᠢᠨ ᠫᠢᠩ ᠤᠨ  ᠬᠠᠤᠯᠢᠵᠢᠯ ᠦᠵᠡᠯ ᠰᠠᠨᠠᠭ᠎ᠠ ᠶᠢ ᠡᠷᠡᠰ

ᠳᠤᠭᠤᠰᠢᠯᠠᠭᠤᠯᠤᠨ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠳᠦᠷᠢᠮ ᠲᠣᠭᠲᠠᠭᠠᠯ ᠢ ᠪᠠᠷᠢᠮᠵᠢᠶ᠎ᠠ ᠲᠠᠢ᠂ ᠡᠷᠬᠡ ᠶᠢᠨ ᠠᠵᠢᠯᠯᠠᠭᠠᠨ ᠢ

ᠬᠠᠤᠯᠢ ᠶᠢᠨ ᠪᠠᠷᠢᠮᠳᠠᠯᠠᠯ ᠲᠠᠢ᠂ ᠬᠠᠤᠯᠢ ᠶᠢ ᠴᠢᠩᠭ᠎ᠠ ᠬᠡᠷᠡᠭᠵᠢᠭᠦᠯᠬᠦ ᠳᠤ ᠡᠷᠴᠢᠮ ᠲᠠᠢ ᠪᠠᠶᠢᠯᠭᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ

ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ

ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠢᠯᠡ ᠲᠣᠳᠣ ᠵᠠᠰᠠᠭ ᠤᠨ

ᠣᠷᠳᠣᠨ ᠢ ᠨᠡᠩ ᠢᠯᠡ ᠲᠣᠳᠣ ᠪᠣᠯᠭᠠᠵᠤ᠂ ᠬᠠᠤᠯᠢᠵᠢᠯ ᠢ ᠳᠣᠲᠣᠭᠠᠳᠤ ᠰᠡᠳᠬᠢᠯ ᠤᠨ ᠭᠦᠨ ᠳᠤ ᠦᠨᠳᠦᠰᠦᠯᠡᠭᠰᠡᠨ ᠡᠪᠳᠡᠷᠡᠰᠢ ᠦᠭᠡᠢ ᠪᠠᠲᠤ ᠪᠠᠬᠢ ᠢᠲᠡᠭᠡᠯ

ᠪᠢᠰᠢᠷᠡᠯ ᠪᠣᠯᠭᠠᠵᠤ᠂ ᠪᠦᠬᠦ ᠤᠯᠤᠰ ᠤᠨ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃

         ᠰᠢᠯᠭᠠᠷᠠᠭᠰᠠᠨ ᠬᠡᠪ ᠰᠤᠷᠲᠠᠯ ᠢᠶᠠᠷ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠷᠠᠳ ᠢ ᠬᠦᠨᠳᠦᠳᠬᠡᠬᠦ ᠰᠡᠳᠬᠢᠯᠭᠡ ᠪᠠᠷ ᠵᠠᠰᠠᠭ ᠢ

ᠴᠣᠮᠬᠠᠳᠬᠠᠬᠤ ᠶᠣᠰᠣ ᠶᠢ ᠬᠡᠷᠡᠭᠵᠢᠭᠦᠯᠵᠦ᠂ ᠤᠯᠠᠨ ᠲᠦᠮᠡᠨ ᠪᠣᠯᠣᠨ ᠠᠵᠤ ᠠᠬᠤᠶᠢᠯᠠᠯ ᠤᠨ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ

ᠰᠢᠢᠳᠪᠦᠷᠢᠯᠡᠨ᠎ᠠ᠃ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠢ ᠮᠥᠷᠳᠡᠨ ᠬᠢᠨᠠᠨ ᠬᠡᠮᠵᠢᠬᠦ ᠶᠢ ᠴᠢᠩᠭᠠᠳᠬᠠᠵᠤ᠂ ᠢᠨᠵᠧᠨᠧᠷ ᠤᠨ

ᠰᠡᠳᠬᠢᠬᠦᠢ ᠪᠠᠷ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠠᠶᠢᠳᠠᠪᠤᠷᠢᠵᠢᠭᠤᠯᠤᠨ᠂ ᠵᠢᠷᠤᠭ ᠡᠯᠭᠦᠵᠦ  ᠳᠠᠶᠢᠯᠠᠯᠳᠤᠭᠠᠨ ᠬᠢᠬᠦ᠂ 

ᠰᠧᠺᠦ᠋ᠨ᠋ᠳ᠋ ᠴᠠᠭ ᠢᠶᠠᠷ ᠴᠠᠭ ᠲᠡᠮᠳᠡᠭᠯᠡᠬᠦ᠂ ᠮᠥᠷᠳᠡᠵᠦ  ᠱᠠᠯᠠᠪᠳᠠᠭᠤᠯᠤᠨ ᠭᠦᠢᠴᠡᠳᠬᠡᠬᠦ ᠶᠢ ᠠᠬᠢᠭᠤᠯᠤᠨ᠎ᠠ᠃  ᠦᠬᠦᠭᠡᠨᠴᠡ ᠵᠠᠰᠠᠭ ᠵᠠᠯᠬᠠᠭᠤ ᠵᠠᠰᠠᠭ ᠬᠤᠶᠢᠷᠭᠤ

ᠵᠠᠰᠠᠭ ᠤᠨ ᠠᠵᠢᠯᠯᠠᠭ᠎ᠠ ᠶᠢ ᠴᠡᠭᠴᠡᠯᠡᠨ ᠴᠡᠭᠴᠡᠯᠡᠵᠦ᠂ ᠥᠪᠡᠷᠲᠡᠭᠡᠨ ᠵᠠᠰᠠᠬᠤ ᠣᠷᠣᠨ ᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ

ᠵᠣᠷᠢᠭᠵᠢᠭᠤᠯᠬᠤ 12  ᠵᠤᠷᠪᠤᠰ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ 8  ᠵᠤᠷᠪᠤᠰ

ᠰᠠᠨᠠᠯ ᠢ ᠨᠠᠷᠢᠨ ᠬᠢᠨᠠᠮᠠᠭᠠᠢ  ᠳᠤᠭᠤᠰᠢᠯᠠᠭᠤᠯᠤᠨ᠂ ᠠᠵᠢᠯ ᠬᠢᠵᠦ ᠦᠢᠯᠡᠰ ᠪᠣᠰᠬᠠᠬᠤ ᠵᠥᠪ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠥᠷᠭᠡᠨ ᠤᠯᠠᠨ ᠺᠠᠳ᠋ᠷᠴᠤᠳ ᠢ

ᠬᠡᠬᠦᠳᠡᠭ ᠴᠡᠭᠡᠵᠢᠨ ᠳᠡᠭᠡᠨ ᠰᠥᠰᠥ ᠵᠣᠷᠢᠭ ᠲᠠᠢ᠂ ᠬᠥᠯ ᠳᠣᠣᠷ᠎ᠠ ᠪᠠᠨ ᠢᠲᠡᠭᠡᠯ ᠵᠣᠷᠢᠭ ᠲᠠᠢ ᠪᠣᠯᠭᠠᠨ᠎ᠠ᠃

        ᠡᠷᠡᠰ ᠰᠢᠭᠤᠷᠬᠠᠢ ᠣᠪᠣᠷ ᠢᠶᠠᠷ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ ᠰᠤᠷᠲᠠᠯ ᠴᠢᠬᠡᠴᠢ ᠵᠠᠰᠠᠭ ‍ᠤᠨ‌‍ᠪᠠᠶᠢᠭᠤᠯᠤᠯᠲᠠ ᠶᠢᠨ

ᠭᠤᠤᠯ ᠴᠣᠭᠴᠠ ᠵᠢᠨ‌ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ

ᠲᠣᠭᠲᠠᠴᠠ ᠶᠢ ᠲᠡᠭᠦᠯᠳᠡᠷᠵᠢᠭᠦᠯᠦᠨ᠂ ᠳᠦᠷᠢᠮ ᠤᠨ  ᠬᠢᠵᠠᠭᠠᠷᠯᠠᠯ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ

ᠵᠢᠴᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ  ︽ᠲᠦᠷᠪᠡᠨ ᠰᠤᠷᠲᠠᠯ︾  ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠬᠡᠯᠪᠡᠷᠢᠴᠢ

ᠦᠵᠡᠯ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂  ᠰᠤᠷᠲᠠᠯ ᠴᠢᠬᠡᠴᠢ ᠤᠪᠤᠷ ᠳᠦᠪ  ᠢᠶᠠᠷ ᠤᠯᠤᠰ ᠲᠦᠷᠦ ᠶᠢᠨ ᠠᠮᠢ ᠠᠬᠤᠢ ᠶᠢᠨ ᠬᠥᠬᠡᠮᠳᠦᠭ ᠨᠣᠭᠤᠭᠠᠨ

ᠠᠭᠤᠯᠠ ᠤᠰᠤ ᠶᠢ ᠤᠮᠳᠠᠯᠠᠨ᠎ᠠ᠃ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠵᠣᠭᠤᠰ ᠵᠠᠷᠤᠬᠤ ᠠᠮᠠ ᠶᠢ ᠴᠢᠩᠭ᠎ᠠ ᠰᠠᠬᠢᠵᠤ᠂

ᠠᠵᠤ ᠠᠬᠤᠶᠢᠯᠠᠯ ᠢ ᠲᠤᠰᠠᠯᠠᠵᠤ ᠠᠷᠠᠳ ᠲᠤ ᠠᠰᠢᠭ ᠬᠦᠷᠲᠡᠭᠡᠬᠦ ᠵᠠᠮ ᠢ ᠥᠷᠭᠡᠳᠬᠡᠵᠦ᠂ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠪᠠᠷ ᠠᠷᠠᠳ ᠤᠯᠠᠨ ᠤ ᠰᠠᠶᠢᠨ

ᠰᠠᠶᠢᠬᠠᠨ ᠠᠮᠢᠳᠤᠷᠠᠯ ᠢ ᠰᠣᠯᠢᠵᠤ ᠠᠪᠴᠢᠷᠠᠨ᠎ᠠ᠃

         ᠠᠷᠠᠳ ᠲᠦᠮᠡᠨ ᠤ ᠳᠦᠯᠦᠭᠡ ᠭᠡᠬᠦ ᠬᠠᠶᠢᠷ᠎ᠠ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠎ᠡ᠃ ᠠᠷᠠᠳ ᠲᠦᠮᠡᠨ ᠢ ᠢᠮᠠᠭᠲᠠ ᠰᠡᠳᠬᠢᠯ

ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠤᠯᠠᠨ ᠲᠦᠮᠡᠨ ᠶᠠᠭᠤ ᠬᠦᠰᠡᠵᠦ ᠪᠠᠶᠢᠪᠠᠯ ᠪᠢᠳᠡ ᠶᠠᠭᠤ ᠬᠢᠵᠦ᠂ ᠵᠠᠰᠠᠭ ᠤᠨ ᠣᠷᠳᠣᠨ ᠤ

ᠦᠢᠯᠡᠴᠢᠯᠡᠭᠡ ᠶᠢ ᠦᠨᠡᠨᠬᠦ ᠡᠭᠦᠳᠡᠨ ᠳᠤᠨᠢ ᠣᠷᠣᠭᠤᠯᠵᠤ᠂ ᠤᠯᠠᠨ ᠲᠦᠮᠡᠨ ᠤ ᠵᠣᠯ ᠵᠢᠷᠭᠠᠯ ᠤᠨ ᠡᠭᠦᠳᠡ ᠶᠢ ᠲᠣᠭᠰᠢᠨ᠎ᠠ᠃ ︽ᠳᠥᠷᠪᠡ ᠶᠢ ᠬᠦᠢᠴᠡᠳᠭᠡᠬᠦ︾ ᠪᠠ

ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ

ᠢᠨᠵᠧᠨᠧᠷᠢᠩ ᠢ ᠴᠢᠨᠠᠷ ᠰᠠᠶᠢᠲᠠᠢ ᠬᠡᠷᠡᠭᠵᠢᠭᠦᠯᠦᠨ᠂ ᠨᠢᠭᠡ ᠨᠢᠭᠡ ᠶᠠᠪᠤᠳᠠᠯ ᠢᠶᠠᠷ ᠰᠢᠢᠳᠪᠦᠷᠢᠯᠡᠵᠦ᠂ ᠨᠢᠭᠡ ᠨᠢᠭᠡ ᠶᠠᠪᠤᠳᠠᠯ ᠢᠶᠠᠷ ᠵᠠᠯᠭᠠᠨ ᠠᠵᠢᠯᠯᠠᠵᠤ᠂ ᠬᠤᠲᠠ ᠶᠢᠨ

ᠠᠷᠠᠳ ᠣᠯᠠᠨ ᠤ ᠢᠨᠢᠶᠡᠳᠦ ᠶᠢ ᠬᠤᠲᠠ ᠶᠢᠨ ᠬᠠᠮᠤᠭ ᠤᠨ ᠭᠤᠶᠣ ᠦᠵᠡᠮᠵᠢ ᠪᠣᠯᠭᠠᠨ᠎ᠠ᠃

        ᠲᠥᠯᠥᠭᠡᠯᠡᠭᠴᠢᠳ ᠠ᠋︕ ᠠᠶᠠᠨ ᠵᠠᠮ ᠤᠷᠲᠤ ᠤᠳᠠᠭᠠᠨ ᠪᠠᠶᠢᠵᠤ᠂ ᠵᠦᠪᠭᠡᠨ ᠲᠡᠮᠡᠴᠡᠬᠦ ᠭᠡᠷᠡᠭᠳᠡᠢ  ᠪᠠᠶᠢᠨ᠎ᠠ︕ ᠪᠢᠳᠡ ᠰᠢ ᠶᠢᠨ ᠫᠢᠩ ᠨᠥᠬᠦᠷ ᠢᠶᠠᠷ

ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ

ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠷᠭᠠᠭᠤ ᠬᠠᠲᠠᠭᠤᠵᠢᠯᠲᠠᠢ

ᠤᠷᠤᠭᠰᠢᠯᠠᠨ᠂ ᠡᠷᠡᠮᠡᠭᠡᠶᠢᠯᠡᠨ ᠳᠡᠮᠡᠴᠡᠵᠤ᠂ ᠪᠣᠳᠠᠲᠠᠢ ᠠᠵᠢᠯᠯᠠᠨ᠂ ᠪᠣᠳᠠᠳᠤ ᠠᠮᠵᠢᠯᠳᠠ ᠪᠤᠳᠠᠳᠤ ᠦᠷ᠎ᠡ ᠪᠦᠲᠦᠮᠵᠢ ᠪᠠᠷ ᠰᠢᠨ᠎ᠡ ᠡᠭᠦᠷᠭᠡ ᠶᠢ ᠡᠭᠦᠷᠭᠡᠯᠡᠵᠦ᠂ ᠰᠢᠨ᠎ᠡ

ᠬᠠᠭᠤᠳᠠᠰᠤ ᠶᠢ ᠪᠢᠴᠢᠭᠯᠡᠨ᠂ ᠰᠢᠨ᠎ᠡ ᠪᠠᠶᠢᠳᠠᠯ ᠢ ᠡᠭᠦᠳᠴᠦ᠂ ᠪᠦᠬᠦ  ᠤᠷᠤᠨ ᠤ ᠭᠤᠣᠯᠳᠠᠯᠭᠠᠳᠤ ᠬᠤᠳᠠ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ

ᠬᠤᠰᠢᠭᠤᠴᠢ ᠪᠣᠯᠬᠤ ᠪᠠᠷ ᠴᠢᠷᠮᠠᠶᠢᠵᠠᠭᠠᠶ᠎ᠠ᠃

 

 

 

 

ᠢᠷᠡᠯᠲᠡ᠄ ᠲᠣᠰ ᠰᠥᠯᠵᠢᠶ᠎ᠡ