ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠭᠦᠢ ᠷᠥᠩ ᠢ ᠰᠣᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/3/15
1.jpg
         ᠰᠤᠷᠪᠤᠯᠵᠢᠯᠠᠭᠴᠢ᠄ ᠸᠠᠩ ᠬᠦᠶ ᠷᠦᠩ ᠲᠥᠯᠥᠭᠡᠯᠡᠭᠴᠢ᠂ ᠲᠠ ᠰᠠᠶᠢᠨ  ᠤᠤ︖ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠠ ᠬᠢᠶ᠎ᠠ ᠪᠠᠭᠰᠢ ᠶᠢᠨ ᠢᠷᠡᠭᠡᠳᠦᠢ ᠶᠢᠨ ᠬᠥᠭᠵᠢᠯᠲᠡ ᠳᠤ ᠶᠠᠮᠠᠷ ᠰᠠᠨᠠᠭᠤᠯᠭ᠎ᠠ ᠪᠠᠶᠢᠬᠤ ᠪᠣᠶ︖        ᠸᠠᠩ ᠬᠦᠢ ᠷᠦᠩ ᠲᠥᠯᠥᠭᠡᠯᠡᠭᠴᠢ ᠄ ᠭᠤᠷᠪᠠᠨ ᠵᠢᠯ ᠤᠨ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠥᠩᠭᠡᠷᠡᠭᠡᠵᠦ᠂ ᠪᠢᠳᠡᠨ ᠳᠤ ᠳᠠᠪᠬᠤᠷ ᠳᠠᠪᠬᠤᠷ ᠬᠦᠴᠢᠷ ᠪᠡᠷᠬᠡᠰᠢᠶᠡᠯ ᠳᠣᠯᠭᠠᠷᠠᠨ᠂ ᠤᠯᠠᠨ ᠲᠠᠯ᠎ᠠ ᠶᠢᠨ ᠥᠷᠢᠰᠦᠯᠳᠦᠭᠡᠨ ᠪᠣᠯᠣᠨ ᠰᠢᠯᠭᠠᠯᠲᠠ ᠶᠢ ᠭᠦᠯᠢᠶᠡᠵᠦ᠂ ᠭᠡᠪᠡᠴᠦ ᠠᠵᠠ ᠲᠣᠬᠢᠶᠠᠯ ᠪᠣᠯᠣᠨ ᠬᠦᠴᠢᠷ ᠪᠡᠷᠬᠡᠰᠢᠶᠡᠯ ᠵᠡᠷᠭᠡᠪᠡᠷ ᠤᠷᠣᠰᠢᠨ᠂ ᠪᠢᠳᠠᠨ ᠤ ᠬᠠᠮᠲᠤ ᠶᠢᠨ ᠴᠢᠷᠮᠠᠶᠢᠯᠭ᠎ᠠ ᠪᠠᠷ᠂ ᠬᠠᠷᠰᠢ ᠰᠠᠭᠠᠳ ᠢ ᠢᠯᠠᠨ ᠳᠠᠪᠠᠵᠤ᠂ ᠴᠠᠭ ᠤᠨ ᠪᠡᠷᠬᠡ ᠶᠢ ᠬᠠᠮᠲᠤᠪᠠᠷ ᠲᠤᠭᠤᠯᠤᠨ᠂ ᠠᠯᠢ ᠤᠯᠠᠨ ᠬᠦᠴᠢᠷ ᠪᠡᠷᠬᠡᠰᠢᠶᠡᠯ ᠢ ᠲᠤᠭᠤᠯᠪᠠ᠃ ᠡᠨᠡ ᠣᠳᠠᠭᠠᠨ ᠤ ᠬᠤᠷᠠᠯ ᠤᠨ ᠬᠤᠷᠠᠯᠳᠤᠬᠤ ᠨᠢ ᠶᠠᠭ ᠴᠠᠭ ᠲᠠᠭᠠᠨ ᠳᠣᠬᠢᠷᠠᠨ᠂ ᠲᠡᠮᠡᠴᠡᠯ ᠤᠨ ᠪᠦᠷᠢᠶ᠎ᠡ ᠶᠢ ᠬᠠᠩᠭᠢᠨᠠᠭᠤᠯᠵᠤ᠂ ᠬᠥᠮᠥᠰ ᠢ ᠡᠷᠡᠯᠬᠡᠭᠯᠡᠨ ᠤᠷᠤᠭᠰᠢᠯᠠᠭᠤᠯᠪᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠪᠤᠳᠠᠳᠠᠢ ᠶᠢ ᠡᠷᠬᠢᠮᠯᠠᠨ᠂ ᠠᠮᠢᠳᠤᠷᠠᠯ ᠳᠤ ᠣᠶᠢᠷᠠᠳᠴᠤ᠂ ᠪᠣᠳᠠᠲᠤ ᠪᠠᠶᠢᠳᠠᠯ ᠳᠤ ᠤᠶᠢᠷᠠᠳᠣᠨ᠂ ᠬᠥᠮᠥᠰ ᠢ ᠵᠣᠷᠢᠭᠵᠢᠭᠤᠯᠤᠨ᠎ᠠ᠃ ᠬᠢᠶ᠎ᠠ ᠪᠠᠭᠰᠢ ᠲᠣᠭᠤᠷᠢᠭ  ᠲᠤ ᠰᠠᠭᠤᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠢᠳᠡᠨ ᠤ ᠢᠲᠡᠭᠡᠯ ᠵᠣᠷᠢᠭ ᠳᠠᠬᠢᠨ ᠢᠶᠠᠷ ᠨᠡᠮᠡᠭᠳᠡᠵᠦ᠂ ᠰᠢᠨ᠎ᠡ ᠠᠵᠢᠯᠯᠠᠭ᠎ᠠ᠂ ᠰᠢᠨ᠎ᠡ ᠳᠦᠷᠰᠦ ᠪᠠᠶᠢᠳᠠᠯ ᠢᠶᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠨᠢ ᠵᠠᠶᠢᠯᠠᠰᠢ ᠦᠭᠡᠢ ᠶᠤᠮ᠃ ᠪᠢᠳᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠰᠢᠨ᠎ᠡ ᠪᠠᠶᠢᠳᠠᠯ ᠢ ᠡᠭᠦᠳᠴᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠦᠪᠯᠠᠷᠡᠭᠦᠯᠦᠨ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠲᠦᠷᠦ ᠶᠢᠨ ᠬᠠᠷᠢᠭᠤᠴᠠᠯᠭ᠎ᠠ᠂ ᠠᠵᠤ ᠠᠬᠤᠢ ᠶᠢᠨ ᠬᠠᠷᠢᠭᠤᠴᠠᠯᠭ᠎ᠠ᠂ ᠨᠡᠶᠢᠭᠡᠮ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠡᠭᠦᠷᠭᠡ ᠶᠢ ᠪᠦᠬᠦ ᠲᠠᠯ᠎ᠠ ᠪᠠᠷ ᠪᠣᠳᠠᠲᠠᠢ ᠠᠳᠬᠤᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠤᠨ᠂ ᠬᠢᠶ᠎ᠠ ᠪᠠᠭᠰᠢ ᠲᠤᠭᠤᠷᠢᠭ  ᠤᠨ ᠤᠯᠤᠰ ᠲᠦᠷᠦ᠂ ᠠᠵᠤ ᠠᠬᠤᠢ᠂ ᠨᠡᠶᠢᠭᠡᠮ ᠤᠨ ᠴᠡᠴᠡᠭᠯᠡᠨ ᠮᠠᠨᠳᠣᠬᠤ ᠳᠤ ᠬᠦᠴᠦᠨ ᠴᠢᠳᠠᠯ ᠢᠶᠠᠨ ᠡᠷᠭᠦᠨ᠎ᠡ᠃   
ᠢᠷᠡᠯᠲᠡ᠄ ᠳᠣᠰ ᠰᠦᠯᠵᠢᠶ᠎ᠡ