ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠭᠥᠸᠧ ᠴᠢᠩ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/3/15
1.jpg
        ᠰᠤᠷᠪᠤᠯᠵᠢᠯᠠᠭᠴᠢ᠄ ᠭᠥᠸᠧ ᠴᠢᠩ ᠭᠡᠰᠢᠭᠦᠨ᠂ ᠲᠠ ᠰᠠᠶᠢᠨ ᠤᠤ︕ ᠡᠨᠡ ᠵᠢᠯ ᠮᠠᠨ ᠤ ᠲᠤᠭᠤᠷᠢᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠶᠢ ᠳᠣᠷᠰᠢᠨ ᠴᠢᠷᠮᠠᠶᠢᠯᠭ᠎ᠠ ᠭᠠᠷᠭᠠᠭᠰᠠᠨ ᠪᠣᠶ︖ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠤᠤ︖        ᠭᠥᠸᠧ ᠴᠢᠩ ᠭᠡᠰᠢᠭᠦᠨ᠄ ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠷᠭᠢᠯᠡᠬᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ᠃ ᠬᠢᠶ᠎ᠠ ᠪᠠᠭᠰᠢ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠢᠳᠡ ᠲᠣᠰ ᠲᠣᠰ ᠳᠣᠣᠷᠠᠬᠢ ᠬᠡᠳᠦᠨ ᠲᠠᠯ᠎ᠠ ᠠᠴᠠ ᠭᠠᠷᠳᠠᠪᠠ᠄        ᠨᠢᠭᠡ ᠳᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ   ᠪᠠᠳᠠᠷᠠᠭᠤᠯᠤᠨ᠂ ᠵᠠᠰᠠᠭ ᠵᠠᠬᠢᠷᠭᠠᠨ ᠤ ᠳᠠᠬᠢᠨ ᠵᠦᠪᠯᠡᠭᠦᠯᠬᠦ ᠪᠠᠶᠢᠭᠤᠯᠤᠯ ᠤᠨ ᠥᠭᠡᠷᠡᠴᠢᠯᠡᠯᠲᠡ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠦᠮᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃        ᠬᠤᠶᠠᠷ ᠲᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ᠠᠵᠤ ᠠᠬᠤᠶᠢᠯᠠᠯ ᠳᠤ ᠭᠦᠨᠵᠡᠭᠡᠶᠢᠷᠡᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠬᠠᠮᠰᠠᠷ ᠠᠴᠠ ᠪᠠᠨ ᠬᠠᠤᠯᠢ ᠶᠢ ᠰᠠᠬᠢᠵᠤ ᠡᠵᠡᠩᠨᠡᠬᠦ ᠶᠢ ᠬᠥᠲᠥᠯᠥᠨ ᠵᠢᠯᠤᠭᠤᠳᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠳᠤᠯᠢᠭ ᠬᠦᠴᠦᠨ ᠢ ᠲᠠᠰᠤᠷᠠᠯᠳᠠ ᠦᠭᠡᠢ ᠭᠦᠭᠵᠢᠭᠡᠨ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃        ᠭᠤᠷᠪᠠ ᠳᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠪᠠ ᠳᠣᠬᠢᠯᠢᠭᠵᠢᠭᠤᠯᠤᠨ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠵᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠤᠯᠭᠠᠪᠠ᠃  
ᠢᠷᠡᠯᠲᠡ᠄ ᠳᠣᠰ ᠰᠦᠯᠵᠢᠶ᠎ᠡ