ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠶᠠᠨ ᠶᠢᠨ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/3/16
微信图片_20230316093526.jpg
        ᠰᠤᠷᠪᠤᠯᠵᠢᠯᠠᠭᠴᠢ᠄ ᠶᠠᠨ ᠶᠢᠨ ᠭᠡᠰᠢᠭᠦᠨ᠂ ᠲᠠ ᠰᠠᠶᠢᠨ ᠤᠤ︕ ᠤᠯᠠᠮᠵᠢᠯᠠᠯᠲᠤ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠨᠢ ᠥᠨᠢ ᠤᠳᠠᠭᠠᠨ ᠤᠯᠠᠮᠵᠢᠯᠠᠯ ᠲᠠᠢ ᠶᠤᠮ᠂ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠢ ᠬᠡᠷᠬᠢᠨ ᠡᠳᠦᠷ ᠢᠷᠡᠬᠦᠶ᠎ᠡ ᠴᠡᠴᠡᠭᠯᠡᠨ ᠬᠥᠭᠵᠢᠵᠦ ᠪᠠᠶᠢᠭ᠎ᠠ ᠬᠢᠶ᠎ᠠ ᠪᠠᠭᠰᠢ ᠶᠢᠨ ᠰᠣᠶᠣᠯ ᠲᠠᠢ ᠠᠭᠤᠰᠬᠠᠨ ᠨᠢᠭᠡᠳᠬᠡᠵᠦ᠂ ᠬᠢᠶ᠎ᠠ ᠪᠠᠭᠰᠢ ᠶᠢᠨ ᠰᠣᠶᠣᠯ ᠳᠤ ᠥᠩᠭᠡ ᠪᠤᠳᠤᠭ ᠨᠡᠮᠡᠷᠢᠯᠡᠬᠦ ᠪᠣᠶ︖        ᠶᠠᠨ ᠶᠢᠨ ᠭᠡᠰᠢᠭᠦᠨ᠄ ᠮᠢᠨᠤ ᠦᠵᠡᠬᠦ ᠪᠠᠷ ᠤᠷᠠᠨ ᠪᠢᠴᠢᠯᠭᠡ ᠤᠷᠠᠨ ᠵᠢᠷᠤᠭ ᠪᠣᠯ ᠪᠡᠶ᠎ᠡ ᠪᠠᠨ ᠳᠠᠭᠠᠭᠠᠭᠰᠠᠨ ᠤᠷᠠᠯᠢᠭ ᠪᠣᠯᠬᠤ ᠪᠠᠷ ᠪᠠᠷᠠᠬᠤ ᠦᠭᠡᠢ᠂ ᠪᠠᠰᠠ ᠮᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ︽ᠯᠣᠸ ᠵᠢᠷᠤᠭᠠᠳ ᠨᠢᠳᠦ ᠪᠠᠷ ᠨᠢ ᠠᠮᠢᠯᠠᠭᠤᠯᠬᠤ︾ ᠪᠢᠷ ᠪᠠᠶᠢᠵᠤ᠂ ᠬᠠᠮᠢᠶ᠎ᠠ ᠪᠦᠬᠦᠢ ᠠᠵᠤ ᠦᠢᠯᠡᠰ ᠤᠨ ᠴᠢᠳᠠᠪᠤᠷᠢ ᠶᠢ ᠳᠡᠭᠡᠭᠰᠢᠯᠡᠭᠦᠯᠵᠦ ᠪᠣᠯᠣᠨ᠎ᠠ᠃ ᠮᠢᠨᠤ ᠰᠠᠨᠠᠭᠤᠯᠬᠤ ᠨᠢ᠄ ᠨᠢᠭᠡ ᠳᠤ᠂ ︽ᠬᠥᠬᠡᠮᠳᠦᠭ ᠨᠣᠭᠤᠭᠠᠨ ᠠᠭᠤᠯᠠ ᠤᠰᠤ︾ ᠭᠡᠬᠦ ᠤᠷᠠᠨ ᠪᠢᠴᠢᠯᠭᠡ ᠤᠷᠠᠨ ᠵᠢᠷᠤᠭ ᠤᠨ ᠦᠨᠳᠦᠰᠦᠨ ᠱᠠᠲᠤᠨ ᠤ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ ᠭᠠᠷᠭᠠᠵᠤ ᠪᠣᠯᠣᠨ᠎ᠠ᠃ ᠬᠤᠶᠠᠷ ᠲᠤ᠂ ᠤᠷᠠᠨ ᠪᠢᠴᠢᠯᠭᠡᠲᠡᠨ ᠠᠴᠠ ᠠᠵᠤ ᠠᠬᠤᠶᠢᠯᠠᠯ᠂ ᠦᠵᠡᠮᠵᠢ ᠶᠢᠨ ᠣᠷᠣᠨ᠂ ᠬᠤᠳᠠᠯᠳᠤᠭᠠᠨ ᠤ ᠡᠷᠦᠬᠡ ᠳᠤ ︽ᠪᠢᠴᠢᠭᠡᠰᠦ ᠢᠯᠡᠷᠬᠡᠶᠢᠯᠡᠯ ᠢ ᠬᠦᠷᠭᠡᠬᠦ ᠠᠵᠢᠯᠯᠠᠭ᠎ᠠ︾ ᠥᠷᠨᠢᠭᠦᠯᠵᠦ᠂ ︽ᠤᠷᠠᠯᠢᠭ ᠠᠵᠤ ᠠᠬᠤᠶᠢᠯᠠᠯ︾ ᠢ ᠤᠶᠠᠯᠳᠤᠭᠤᠯᠬᠤ ᠶᠢ ᠪᠦᠷᠢᠯᠳᠦᠭᠦᠯᠦᠨ᠎ᠡ᠃ ᠭᠤᠷᠪᠠ ᠳᠤ᠂ ᠤᠷᠠᠨ ᠪᠢᠴᠢᠯᠭᠡ ᠤᠷᠠᠨ ᠵᠢᠷᠤᠭ ᠤᠨ ᠬᠡᠯᠪᠡᠷᠢ ᠪᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠥᠷᠭᠡᠨ ᠭᠦᠨᠵᠡᠭᠡᠢ ᠬᠠᠷᠢᠯᠴᠠᠵᠤ᠂ ︽ᠪᠢᠴᠢᠭ ᠤᠨ  ᠰᠣᠷᠪᠣᠯᠵᠢᠳᠠᠨ ᠤ ᠤᠯᠤᠰ ᠲᠦᠷᠦ ᠶᠢᠨ ᠵᠥᠪᠯᠡᠯᠭᠡᠨ︾ ᠤ ᠠᠵᠢᠯᠯᠠᠭ᠎ᠠ ᠳᠤ ᠣᠷᠣᠯᠴᠠᠭᠤᠯᠤᠨ᠎ᠠ᠃ ᠤᠷᠠᠨ ᠪᠢᠴᠢᠯᠭᠡ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ ᠶᠢ ᠵᠣᠬᠢᠶᠠᠨ ᠪᠠᠶᠢᠭᠤᠯᠵᠤ᠂ ᠤᠷᠠᠨ ᠪᠢᠴᠢᠯᠭᠡ ᠶᠢᠨ ᠵᠢᠭᠠᠨ ᠰᠤᠷᠭᠠᠯᠲᠠ ᠶᠢᠨ ᠰᠢᠷᠢᠰ ᠠᠵᠢᠯᠯᠠᠭ᠎ᠠ᠂ ᠭᠤᠣᠯ ᠰᠡᠳᠦᠪᠲᠦ ᠰᠣᠶᠣᠯ ᠤᠨ ᠰᠣᠯᠢᠯᠴᠠᠭ᠎ᠠ᠂ ᠦᠵᠡᠰᠭᠦᠯᠡᠩ᠂ ᠶᠡᠭᠡ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠦᠨ᠂ ᠨᠡᠶᠢᠭᠡᠮ ᠤᠨ ᠡᠯ᠎ᠡ ᠡᠲᠡᠭᠡᠳ ᠲᠠᠢ ᠬᠥᠭᠦᠷᠭᠡ ᠪᠠ ᠬᠤᠯᠪᠣᠭᠠᠰᠤ ᠶᠢ ᠪᠦᠷᠢᠯᠳᠦᠭᠦᠯᠦᠨ᠂ ᠪᠢᠴᠢᠭ ᠤᠨ  ᠰᠣᠷᠪᠣᠯᠵᠢᠳᠠᠨ ᠤ ᠤᠯᠤᠰ ᠲᠦᠷᠦ ᠶᠢᠨ ᠵᠥᠪᠯᠡᠯᠭᠡᠨ ᠳᠤ ᠥᠩᠭᠡ ᠪᠤᠳᠤᠭ  ᠨᠠᠮᠡᠭᠳᠡᠭᠦᠯᠬᠦ ᠪᠠᠷ ᠪᠠᠷᠠᠬᠤ ᠦᠭᠡᠢ ᠪᠠᠰᠠ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠷᠠᠯᠢᠭ ᠢ ᠪᠠᠳᠠᠷᠠᠭᠤᠯᠤᠨ ᠳᠡᠯᠭᠡᠷᠡᠭᠦᠯᠵᠦ᠂ ᠣᠷᠣᠨ ᠨᠤᠲᠤᠭ ᠤᠨ ᠰᠣᠶᠣᠯ ᠤᠨ ᠬᠥᠭᠵᠢᠯ ᠴᠡᠴᠡᠭᠯᠡᠯ ᠢ ᠲᠦᠯᠬᠢᠨ ᠠᠬᠢᠭᠤᠯᠤᠭᠰᠠᠨ ᠪᠠᠶᠢᠨ᠎ᠠ᠃ 
ᠢᠷᠡᠯᠲᠡ᠄ ᠳᠣᠰ ᠰᠦᠯᠵᠢᠶ᠎ᠡ