ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠢ ᠵᠧᠨ ᠬᠤᠸᠠ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/3/17
1.jpg
        ᠰᠤᠷᠪᠤᠯᠵᠢᠯᠠᠭᠴᠢ᠄ ᠯᠢ ᠵᠧᠨ ᠬᠤᠸᠠ ᠲᠥᠯᠥᠭᠡᠯᠡᠭᠴᠢ᠂ ᠲᠠ ᠰᠠᠶᠢᠨ  ᠤᠤ︕ ᠰᠤᠷᠭᠠᠨ ᠬᠥᠮᠦᠵᠢᠯ ᠤᠨ ᠬᠢᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠠ ᠲᠣᠰ ᠤᠳᠠᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠶᠠᠮᠠᠷ ᠲᠥᠷᠥᠭᠳᠡᠯ ᠲᠠᠢ ᠪᠠᠶᠢᠨ᠎ᠠ︖ ᠲᠠᠷᠠᠭᠠᠴᠢ ᠶᠢᠨ ᠠᠯᠬᠤᠮ ᠳᠤ ᠶᠠᠮᠠᠷ ᠠᠵᠢᠯ ᠤᠨ ᠲᠥᠯᠥᠪᠯᠡᠭᠡ ᠲᠠᠢ ᠪᠠᠶᠢᠬᠤ ᠪᠣᠶ︖        ᠯᠢ ᠵᠧᠨ ᠬᠤᠸᠠ ᠲᠥᠯᠥᠭᠡᠯᠡᠭᠴᠢ᠄ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠰᠤᠷᠭᠠᠨ ᠬᠥᠮᠦᠵᠢᠯ ᠤᠨ ᠳᠣᠬᠠᠢ ᠦᠭᠦᠯᠡᠯᠳᠡ ᠨᠢ ︽ᠰᠤᠷᠭᠠᠨ ᠬᠥᠮᠦᠵᠢᠯ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ︾ ᠭᠡᠬᠦ ᠲᠤᠬᠠᠢ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠵᠣᠭᠰᠣᠴᠠ ᠶᠢᠨ ᠲᠠᠨᠢᠯᠲᠠ ᠶᠢ ᠬᠠᠷᠠᠭᠤᠯᠵᠠᠢ︕ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠥᠷᠨᠢᠭᠦᠯᠵᠦ᠂ ᠰᠣᠷᠣᠯᠭ᠎ᠠ ᠶᠢᠨ ᠤᠷᠤ ᠶᠢᠨ ᠬᠠᠩᠭᠠᠯᠭ᠎ᠠ ᠶᠢ ᠡᠮᠬᠢ ᠵᠢᠷᠤᠮ ᠲᠠᠢ ᠨᠡᠮᠡᠭᠳᠡᠭᠦᠯᠬᠦ ᠨᠢ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠶᠡᠭᠡ ᠪᠠᠶᠢᠷᠢᠰᠢᠯ ᠢ ᠲᠥᠯᠥᠪᠵᠢᠭᠦᠯᠦᠨ ᠠᠬᠢᠭᠤᠯᠬᠤ ᠶᠢ ᠬᠠᠷᠠᠭᠤᠯᠵᠤ ᠪᠠᠶᠢᠨ᠎ᠠ︕ ᠮᠠᠨ ᠤ ᠲᠤᠭᠤᠷᠢᠭ ᠢ ᠰᠠᠭᠤᠷᠢ ᠰᠤᠷᠭᠠᠨ ᠬᠥᠮᠦᠵᠢᠯ ᠤᠨ ᠨᠡᠷᠡᠳᠦ ᠬᠤᠳᠠ ᠪᠤᠯᠭᠠᠨ ᠪᠠᠶᠢᠭᠤᠯᠬᠤ ᠶᠢᠨ ᠲᠥᠯᠥᠭᠡ᠂ ᠲᠡᠷᠢᠭᠦᠨ ᠤ ᠪᠠᠭᠰᠢ ᠶᠢᠨ ᠡᠩᠨᠡᠭᠡ ᠪᠣᠯᠣᠨ ᠴᠢᠳᠠᠪᠤᠷᠢᠲᠠᠨ ᠶᠢ ᠣᠷᠣᠭᠤᠯᠤᠨ ᠬᠦᠮᠦᠵᠢᠭᠦᠯᠵᠦ ᠂ ᠬᠠᠷᠠᠭ᠎ᠠ ᠪᠠᠨ ᠥᠷᠭᠡᠳᠬᠡᠵᠦ ᠤᠶᠤᠨ ᠰᠠᠨᠠᠭ᠎ᠠ ᠪᠠᠨ ᠬᠦᠪᠴᠢᠯᠡᠨ ᠵᠣᠷᠢᠯᠲᠠ ᠪᠠᠨ ᠪᠣᠯᠭᠠᠵᠠᠢ︕        ᠢᠯᠡᠳᠬᠡᠯ ᠤᠨ ᠪᠦᠬᠦ ᠵᠣᠬᠢᠶᠠᠯ ᠳᠤ ᠬᠢᠭᠰᠡᠨ ᠲᠥᠪ ᠴᠢᠩᠭ᠎ᠠ ᠠᠮᠠᠯᠠᠯᠲᠠ ᠪᠠ ᠢᠳᠡᠪᠬᠢᠲᠡᠢ ᠠᠵᠢᠯᠯᠠᠭ᠎ᠠ ᠨᠢ ᠨᠠᠮᠠᠶᠢ ᠶᠡᠭᠡ ᠪᠠᠷ ᠵᠣᠷᠢᠭᠵᠢᠭᠤᠯᠤᠭᠰᠠᠨ ᠪᠠᠶᠢᠨ᠎ᠠ︕        ᠰᠤᠷᠭᠠᠨ ᠬᠥᠮᠦᠵᠢᠯ ᠤᠨ ᠬᠢᠨ‌ᠡᠴᠡ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠷ ᠵᠣᠷᠢᠭ ᠰᠢᠭᠤᠳᠴᠤ᠂ ︽ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ︾ ᠰᠤᠷᠭᠠᠨ ᠬᠥᠮᠦᠵᠢᠯ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ ᠦᠢᠯᠡᠳᠦᠯᠭᠡᠵᠢᠭᠦᠯᠦᠨ᠎ᠡ᠃        ᠡᠨᠡᠬᠦ ᠤᠷᠢᠲᠠᠯ ᠤᠨ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠮᠢᠨᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠭᠡᠷᠡᠯᠲᠡᠢ ᠭᠡᠳᠡᠭ ᠢ ᠭᠦᠨᠵᠡᠭᠡᠢ ᠣᠶᠢᠯᠠᠭᠠᠵᠤ ᠪᠠᠶᠢᠨ᠎ᠠ︕ᠯᠠᠪᠳᠠᠶ᠎ᠠ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠲᠥᠯᠥᠭᠡᠯᠡᠭᠴᠢ ᠪᠣᠯᠵᠤ ᠠᠷᠠᠳ ᠲᠦᠮᠡᠨ ᠤ ᠲᠥᠯᠥᠭᠡ ᠵᠢᠳᠬᠦᠬᠦ︾ ᠲᠥᠪ ᠴᠢᠩᠭ᠎ᠠ ᠠᠮᠠᠯᠠᠯᠲᠠ ᠪᠠᠨ ᠦᠷᠭᠦᠯᠵᠢᠯᠡᠨ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠴᠡᠴᠡᠭᠯᠡᠯ ᠬᠥᠭᠵᠢᠯ ᠳᠤ ᠠᠷᠭ᠎ᠠ ᠤᠬᠠᠭᠠᠨ ᠡᠷᠭᠦᠵᠦ᠂ ᠬᠠᠮᠤᠭ ᠤᠨ ᠶᠡᠭᠡ ᠬᠦᠴᠦᠨ ᠴᠢᠳᠠᠯ ᠢᠶᠠᠨ ᠡᠷᠭᠦᠨ᠎ᠡ︕ 
ᠢᠷᠡᠯᠲᠡ᠄ ᠳᠣᠰ ᠰᠦᠯᠵᠢᠶ᠎ᠡ