ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ | ᠴᠢᠳᠠᠪᠤᠷᠢᠲᠠᠨ ᠪᠣᠯ ᠬᠠᠮᠤᠭ ᠤᠨ ᠶᠡᠭᠡ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠭᠴᠢ ᠬᠦᠴᠦᠨ ᠪᠣᠯᠬᠤ ᠶᠢ ᠡᠷᠡᠰ ᠪᠠᠷᠢᠮᠲᠠᠯᠠᠵᠤ᠂ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠢᠶᠠᠷ ᠤᠯᠤᠰ ᠣᠷᠣᠨ ᠢᠶᠠᠨ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠣᠷᠣᠨ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ | ᠭᠡᠷᠡᠭᠵᠢᠭᠦᠯᠦᠨ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ | ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠶ ᠭᠡᠵᠦ ᠵᠢᠭᠠᠨ ᠭᠠᠷᠭᠠᠪᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠬᠢᠶ᠎ᠠ ᠪᠠᠭᠰᠢ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠤᠰᠢᠭᠤᠴᠢ ᠬᠡᠷᠡᠭᠵᠢᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠣᠷᠳᠣᠰ | ᠬᠤᠲᠠ ᠶᠢᠨ ᠤᠯᠤᠰ ᠤᠨ ᠳᠡᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠶᠢ ᠪᠥᠬᠦ ᠬᠦᠴᠦᠨ ᠢᠶᠠᠷ ᠢᠶᠠᠨ ᠲᠤᠯᠭᠠᠭᠤᠷᠢᠯᠠᠬᠤ ᠶᠢᠨ ᠲᠥᠯᠥᠭᠡ᠂ ᠪᠣᠳᠠᠲᠤ | ᠬᠦᠴᠦᠨ ᠲᠠᠢ ᠣᠷᠳᠣᠰ᠂ ᠠᠮᠢᠵᠢᠷᠠᠯ ᠤᠨ ᠬᠦᠴᠦᠨ ᠲᠠᠢ ᠣᠷᠳᠣᠰ᠂ ᠪᠣᠬᠢᠷᠲᠤᠯ ᠥᠬᠡᠶ ᠣᠷᠳᠣᠰ᠂ ᠰᠠᠭᠤᠷᠢᠰᠢᠬᠤ ᠳᠤ ᠲᠣᠬᠢᠷᠠᠮᠵᠢᠲᠠᠶ ᠣᠷᠳᠣᠰ᠂ ᠵᠣᠯ ᠵᠢᠷᠭᠠᠯᠲᠤ | ᠣᠷᠳᠣᠰ ᠢ ᠪᠥᠲᠥᠭᠡᠨ ᠪᠠᠶᠢᠭᠤᠯᠬᠤ ᠳᠤ ᠬᠢᠶ᠎ᠠ ᠪᠠᠭᠰᠢ ᠲᠣᠭᠤᠷᠢᠭ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠦᠵᠡᠭᠦᠯᠬᠦ ᠨᠢ ᠲᠤᠯᠭᠠᠮ᠎ᠠ ᠱᠠᠭᠠᠷᠳᠠᠵᠤ ᠪᠠᠶᠢᠨ᠎ᠠ᠃ ︽ | ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ | ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ︽ᠣᠷᠳᠣᠰ ᠬᠤᠲᠠ ᠶᠢᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ︾ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ | ᠲᠣᠰ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠃ ᠲᠣᠰ ᠲᠥᠯᠥᠪᠵᠢᠭᠦᠯᠭᠡ ᠨᠢ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠬᠡᠷᠡᠭᠯᠡᠨ᠎ᠡ᠂ ᠬᠡᠷᠡᠭᠯᠡᠬᠦ ᠬᠤᠭᠤᠴᠠᠭ᠎ᠠ ᠨᠢ 2022 ᠣᠨ ᠠᠴᠠ 2025 ᠣᠨ | ᠪᠣᠯᠤᠨ᠎ᠠ᠃ | | ᠨᠢᠭᠡᠳᠦᠭᠡᠷ ᠪᠦᠯᠦᠭ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠵᠢᠷᠤᠭ ᠲᠥᠰᠦᠪ ᠢ | ᠲᠥᠯᠥᠪᠯᠡᠨ ᠪᠠᠶᠢᠷᠢᠯᠠᠭᠤᠯᠣᠨ᠎ᠠ᠃ | | | ᠨᠢᠭᠡ᠂ ᠬᠥᠭᠵᠢᠯᠲᠡ ᠶᠢᠨ ᠪᠠᠶᠢᠳᠠᠯ | ︵ᠨᠢᠭᠡ︶ ᠣᠳᠣᠬᠢ ᠶᠢᠨ ᠬᠦᠭᠵᠢᠯᠲᠡ ᠶᠢᠨ ᠪᠠᠶᠢᠳᠠᠯ | ᠰᠤᠳᠤᠯᠤᠨ ᠨᠡᠭᠡᠭᠡᠬᠦ ᠪᠡᠯᠡ ᠮᠥᠩᠭᠦ ᠶᠢᠨ ᠣᠷᠣᠭᠤᠯᠤᠯᠲᠠ ᠨᠢ ᠲᠣᠭᠲᠠᠭᠤᠨ ᠢᠶᠠᠷ ᠨᠡᠮᠡᠭᠳᠡᠵᠦ ᠪᠠᠶᠢᠨ᠎ᠠ᠃ 2020 ᠣᠨ ᠳᠤ᠂ ᠪᠦᠬᠦ ᠨᠡᠶᠢᠭᠡᠮ ᠤᠨ | ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠨᠢ 1.04 ᠳ᠋ᠦᠩᠰᠢᠭᠤᠷ ᠲᠥᠭᠦᠷᠢᠭ ᠲᠤ ᠬᠦᠷᠴᠦ᠂ | GDP ᠶᠢᠨ 1.6 % ᠶᠢ ᠡᠵᠡᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠨᠢ ᠦᠷᠭᠦᠯᠵᠢᠯᠡᠨ ᠨᠡᠮᠡᠭᠳᠡᠪᠡ᠃ ᠳᠡᠭᠡᠳᠦ ᠱᠠᠲᠤᠨ ᠤ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢ ᠨᠡᠶᠢᠲᠡ 2771.4 ᠲᠦᠮᠡᠨ ᠲᠥᠭᠦᠷᠢᠭ ᠣᠷᠣᠭᠤᠯᠣᠨ᠂ ᠲᠠᠪᠴᠠᠩ ᠤᠨ ᠠᠴᠢᠶᠠᠯᠠᠪᠤᠷᠢ ᠶᠢ | ᠲᠠᠰᠤᠷᠠᠯᠲᠠ ᠥᠬᠡᠶ ᠪᠠᠬᠢᠵᠢᠪᠡ᠃ ᠳᠦᠷᠪᠡᠨ ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ᠂ ᠨᠢᠭᠡ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠭᠤᠷᠪᠠᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠵᠢᠷᠭᠤᠭᠠᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠪᠠᠶᠢᠭᠤᠯᠪᠠ᠃ 5G+ ︽ᠤᠶᠤᠨᠲᠤ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠭᠢᠯᠡᠭᠦᠯᠦᠨ᠂ | 5G ᠶᠢᠨ ᠰᠠᠭᠤᠷᠢ ᠰᠦᠯᠵᠢᠶ᠎ᠡ ᠶᠢ ᠪᠦᠬᠦ ᠣᠷᠣᠨ ᠪᠦᠰᠡ ᠪᠠᠷ ᠪᠦᠷᠬᠦᠭᠦᠯᠬᠦ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠮᠡᠷᠭᠡᠵᠢᠯ ᠶᠢ | ᠳᠦᠷᠭᠡᠳᠭᠡᠨ ᠬᠡᠷᠡᠭᠵᠢᠭᠦᠯᠪᠡ᠃ | ︵ᠬᠤᠶᠠᠷ︶ ᠭᠤᠣᠯ ᠠᠰᠠᠭᠤᠳᠠᠯ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠡᠷᠬᠡᠪᠰᠢ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠡᠳᠦᠶ | ᠲᠡᠳᠦᠶ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠶ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄ ᠨᠢᠭᠡ ᠳᠤ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠴᠢᠬᠤᠯᠠᠲᠠᠶ ᠪᠠᠶᠢᠨ᠎ᠠ᠃᠃ | ᠬᠢᠶ᠎ᠠ ᠪᠠᠭᠰᠢ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠶ ᠬᠡᠮᠵᠢᠶ᠎ᠡ ᠨᠢ ᠡᠵᠡᠨ ᠬᠤᠷᠤᠭ᠎ᠠ ᠬᠤᠰᠢᠭᠤ᠂ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠯᠤᠭ᠎ᠠ ᠪᠠᠰᠠ ᠵᠥᠷᠢᠶ᠎ᠡ ᠲᠠᠢ ᠪᠠᠶᠢᠨ᠎ᠠ᠃ ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢᠨ | ᠬᠥᠭᠵᠢᠯᠲᠡ ᠳᠤ ᠮᠥᠨ ᠬᠦ ᠬᠦᠷᠦᠯᠴᠡᠬᠦ ᠦᠭᠡᠢ ᠲᠠᠯ᠎ᠠ ᠣᠷᠣᠰᠢᠵᠤ ᠪᠣᠢ᠂ ᠵᠢᠱᠢᠶᠡᠯᠡᠪᠡᠯ ᠣᠯᠠᠩᠬᠢ ᠠᠴᠢᠶᠠᠯᠠᠪᠤᠷᠢ ᠶᠢᠨ ᠬᠡᠪᠴᠢᠶ᠎ᠡ ᠨᠢ ᠨᠡᠯᠢᠶᠡᠳ ᠪᠠᠭ᠎ᠠ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠨᠢ ᠴᠢᠩᠭ᠎ᠠ ᠦᠭᠡᠢ᠂ ᠠᠵᠤ ᠦᠢᠯᠡᠰ ᠤᠨ ᠬᠤᠯᠪᠣᠭᠳᠠᠯ ᠤᠨ ᠬᠡᠮᠵᠢᠶ᠎ᠡ ᠨᠢ ᠨᠡᠯᠢᠶᠡᠳ ᠪᠠᠭᠤᠷᠠᠶ ᠪᠠᠶᠢᠵᠤ᠂ ᠨᠡᠯᠢᠶᠡᠳ | ᠴᠢᠩᠭ᠎ᠠ ᠲᠥᠪᠯᠡᠷᠡᠯ ᠤᠨ ᠬᠡᠮᠵᠢᠶ᠎ᠡ ᠪᠠ ᠲᠤᠰᠬᠠᠶ ᠮᠡᠷᠭᠡᠵᠢᠯ ᠤᠨ ᠴᠢᠨᠠᠷ ᠢ ᠪᠦᠷᠢᠯᠳᠦᠭᠦᠯᠬᠦ ᠳᠤ ᠪᠡᠷᠬᠡᠲᠡᠶ ᠪᠠᠶᠢᠨ᠎ᠠ᠃ ᠭᠤᠷᠪᠠ ᠳᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠦ ᠬᠠᠮᠲᠤᠷᠠᠯᠴᠠᠭᠠᠨ ᠤ ᠲᠡᠰ ᠳᠠᠪᠬᠤᠷᠭ᠎ᠠ ᠲᠡᠶᠢᠮᠦ ᠥᠨᠳᠥᠷ ᠪᠢᠰᠢ᠂ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ | ᠤᠯᠠᠮ ᠴᠢᠨᠠᠭᠰᠢᠳᠠ ᠴᠢᠩᠭᠠᠳᠬᠠᠬᠤ ᠴᠢᠬᠤᠯᠠᠲᠠᠢ ᠪᠠᠶᠢᠨ᠎ᠠ᠃ ᠲᠦᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ | ᠴᠢᠩᠭᠠᠳᠬᠠᠬᠤ ᠴᠢᠬᠤᠯᠠᠲᠠᠶ ᠪᠠᠶᠢᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠡᠬᠢ ᠪᠠᠶᠠᠯᠢᠭ ᠤᠨ | ᠬᠠᠷᠢᠯᠴᠠᠨ ᠨᠡᠪᠲᠡᠷᠡᠯᠴᠡᠬᠦ ᠪᠠ ᠬᠠᠮᠵᠢᠯᠴᠠᠨ ᠬᠠᠮᠲᠤᠷᠠᠯᠴᠠᠬᠤ ᠶᠢᠨ ᠨᠡᠶᠢᠯᠡᠯ ᠴᠡᠭ ᠳᠤᠲᠠᠭᠳᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢᠨ ᠴᠢᠨᠠᠷ ᠰᠠᠶᠢᠲᠠᠶ ᠲᠠᠪᠴᠠᠩ ᠨᠡᠯᠢᠶᠡᠳ ᠴᠥᠭᠡᠨ ᠪᠠᠶᠢᠨ᠎ᠠ᠃ ᠲᠠᠪᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠤ ᠲᠤᠭ᠎ᠠ ᠨᠢ | ᠴᠥᠭᠡᠨ᠂ ᠪᠦᠲᠦᠴᠡ ᠨᠢ ᠲᠡᠩᠴᠡᠭᠦᠷᠢ ᠦᠭᠡᠢ ᠪᠠᠶᠢᠵᠤ᠂ ᠬᠤᠳᠠ ᠶᠢᠨ ᠴᠢᠳᠠᠮᠵᠢ ᠪᠠ ᠨᠡᠶᠢᠭᠡᠮ ᠤᠨ ᠬᠡᠷᠡᠭᠴᠡᠭᠡ ᠲᠠᠢ ᠢᠵᠢ ᠪᠦᠷᠢᠳᠦᠭᠰᠡᠨ ᠰᠢᠨᠵᠢᠯᠡᠬᠦ ᠤᠬᠠᠭᠠᠨ ᠤ | ᠴᠢᠳᠠᠪᠤᠷᠢᠲᠠᠨ ᠤ ᠪᠦᠲᠦᠴᠡ ᠶᠢᠨ ᠰᠢᠰᠲ᠋ᠧᠮ ᠪᠦᠷᠢᠯᠳᠦᠭᠡᠳᠦᠶ ᠪᠠᠶᠢᠨ᠎ᠠ᠃ | | | ᠬᠤᠶᠠᠷ᠂ ᠰᠢᠨ᠎ᠡ ᠶᠢ ᠡᠭᠦᠳᠬᠦ ᠬᠠᠷᠠᠯᠲᠠ ᠪᠠ ᠬᠥᠭᠵᠢᠯᠲᠡ ᠶᠢᠨ ᠰᠡᠳᠬᠢᠴᠡ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ | ᠱᠦᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠶᠢ ᠡᠷᠡᠰ ᠨᠠᠶᠢᠳᠠᠪᠣᠷᠢᠵᠢᠭᠤᠯᠣᠨ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠵᠤ᠂ ᠤᠷᠳᠤᠰ ᠬᠤᠳᠠ ᠶᠢᠨ ᠲᠠᠪᠤᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠢᠶ᠎ᠠ ᠪᠠᠭᠰᠢ | ᠲᠣᠭᠤᠷᠢᠭ ᠤᠨ ᠬᠤᠶᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠣᠯ ᠱᠤᠭᠤᠮ ᠪᠣᠯᠭᠠᠨ᠂ ᠣᠷᠳᠣᠰ ᠤᠨ | ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠶᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠡᠭᠦᠷᠭᠡ ᠶᠢ ᠡᠭᠦᠷᠭᠡᠯᠡᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠣᠨ᠂ ᠨᠢᠭᠡ ᠪᠦᠯᠦᠭ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠳᠡᠮᠵᠢᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢᠲᠠᠨ ᠢ ᠬᠥᠮᠦᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠦᠨ ᠳᠠᠭᠠᠭᠤᠯᠬᠤ ᠦᠶ᠋ᠯᠡᠳᠦᠯ ᠢ ᠲᠠᠰᠤᠷᠠᠯᠲᠠ ᠥᠬᠡᠶ ᠴᠢᠩᠭᠠᠷᠠᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ | ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠨᠡᠭᠡᠭᠡᠯᠲᠡ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠂ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠠᠵᠤ ᠦᠶ᠋ᠯᠡᠰ ᠤᠨ ᠬᠥᠭᠵᠢᠯᠲᠡ ᠶᠢᠨ | ᠲᠤᠯᠭᠠᠭᠤᠷᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠰᠢᠨ᠎ᠡ ᠶᠢ ᠡᠭᠦᠳᠬᠦ ᠪᠠᠷ ᠬᠥᠲᠥᠯᠥᠨ ᠵᠢᠯᠣᠭᠤᠳᠬᠤ ᠶᠢ ᠪᠠᠷᠢᠮᠲᠠᠯᠠᠨ᠎ᠠ᠃ ᠰᠢᠨ᠎ᠡ ᠶᠢ ᠡᠭᠦᠳᠬᠦ ᠶᠢ ᠪᠦᠬᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠵᠤ᠂ | ᠬᠥᠭᠵᠢᠯᠲᠡ ᠶᠢᠨ ᠰᠠᠭᠤᠷᠢ ᠴᠡᠭ ᠢ ᠰᠢᠨ᠎ᠡ ᠶᠢ ᠡᠭᠦᠳᠬᠦ ᠳᠡᠭᠡᠷ᠎ᠡ ᠲᠠᠯᠪᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠳᠠᠬᠢ ᠡᠯ᠎ᠡ | ᠡᠯᠧᠮᠧᠨ᠋ᠲ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠶᠢ ᠡᠭᠦᠳᠬᠦ ᠶᠢ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ ᠥᠨᠳᠥᠷ ᠪᠦᠲᠦᠮᠵᠢᠲᠡᠶ ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠯ ᠪᠠ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢᠳᠤ ᠰᠣᠷᠭᠤᠭ ᠬᠦᠴᠦᠨ ᠴᠢᠳᠠᠯ ᠢᠶᠠᠷ ᠪᠢᠯᠬᠠᠮ᠎ᠠ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠪᠤᠢ ᠪᠣᠯᠭᠠᠨ᠎ᠠ᠃ | ᠭᠤᠣᠯ ᠴᠣᠭᠴᠠ ᠶᠢ ᠪᠤᠶᠢᠵᠢᠭᠤᠯᠬᠤ ᠶᠢ ᠪᠠᠷᠢᠮᠲᠠᠯᠠᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ᠂ ᠰᠢᠨ᠎ᠡ ᠶᠢ ᠡᠭᠦᠳᠬᠦ | ᠴᠢᠳᠠᠪᠤᠷᠢᠲᠠᠨ ᠢ ᠲᠥᠪᠯᠡᠷᠡᠭᠦᠯᠬᠦ᠂ ᠦᠷ᠎ᠡ ᠪᠦᠲᠦᠭᠡᠯ ᠢ ᠤᠯᠠᠷᠢᠭᠤᠯᠬᠤ ᠶᠢ ᠲᠥᠷᠭᠡᠳᠭᠡᠨ᠂ ᠠᠵᠤ ᠦᠶ᠋ᠯᠡᠰ ᠤᠨ ᠲᠠᠰ ᠳᠡᠪᠰᠢᠬᠦ ᠶᠢ ᠠᠬᠢᠭᠤᠯᠬᠤ ᠳᠤᠮᠳᠠᠬᠢ ᠭᠤᠤᠯ | ᠴᠣᠭᠴᠠ ᠶᠢᠨ ᠦᠶ᠋ᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠨ᠎ᠠ᠃ ᠲᠡᠷᠢᠭᠦᠨ ᠤ ᠭᠠᠵᠠᠷ ᠣᠷᠣᠨ ᠯᠤᠭ᠎ᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠢ ᠵᠣᠯᠭᠠᠭᠤᠯᠬᠤ ᠪᠠ | ᠭᠦᠨᠵᠡᠭᠡᠶ ᠬᠠᠮᠲᠤᠷᠠᠯᠴᠠᠬᠤ ᠶᠢ ᠴᠢᠩᠭᠠᠳᠬᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ | ᠨᠠᠶᠢᠳᠠᠪᠤᠷᠢᠵᠢᠭᠤᠯᠬᠤ ᠶᠢ ᠠᠭᠢᠭᠤᠯᠣᠨ᠂ ᠬᠢᠶ᠎ᠠ ᠪᠠᠭᠰᠢ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠤᠰᠢᠭᠤᠴᠢ ᠬᠤᠲᠠ ᠪᠠᠶᠢᠭᠤᠯᠬᠤ ᠶᠢ | ᠳᠡᠮᠵᠢᠨ᠎ᠡ᠃ | ︵ᠭᠤᠷᠪᠠ︶ ᠬᠥᠭᠵᠢᠯᠲᠡ ᠶᠢᠨ ᠬᠠᠷᠠᠯᠲᠠ | 2025 ᠣᠨ ᠪᠣᠯᠬᠤ ᠳᠤ᠂ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠶᠡᠬᠡᠪᠡᠷ | ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠷᠠᠮᠳᠤᠭᠤᠯᠤᠨ ᠬᠤᠪᠢᠷᠠᠭᠤᠯᠬᠤ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠲᠣᠭᠠᠴᠢᠯᠠᠭᠰᠠᠨ ᠠᠵᠤ ᠠᠬᠤᠢ ᠶᠢ ᠲᠤᠯᠭᠠᠭᠤᠷᠢᠯᠠᠬᠤ | ︽ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ︾ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠵᠦ᠂ ᠬᠢᠶ᠎ᠠ ᠪᠠᠭᠰᠢ ᠲᠣᠭᠤᠷᠢᠭ ᠶᠢ ᠨᠥᠯᠥᠭᠡᠯᠡᠬᠦ ᠬᠦᠴᠦᠨ ᠲᠠᠢ | ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠭᠠᠵᠠᠷ ᠪᠣᠯᠭᠠᠨ᠎ᠠ᠃ | — ᠰᠤᠳᠤᠯᠤᠨ ᠨᠡᠭᠡᠭᠡᠬᠦ ᠣᠷᠣᠭᠤᠯᠤᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠥᠪᠡᠷᠮᠢᠴᠡ ᠣᠨᠴᠠᠯᠢᠭ ᠲᠠᠢ ᠣᠷᠣᠨ ᠪᠦᠰᠡ ᠶᠢᠨ ᠰᠢᠨ᠎ᠡ ᠶᠢ | ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠤᠨ ᠬᠠᠩᠭᠠᠯᠭ᠎ᠠ ᠭᠦᠶ᠋ᠴᠡᠳ᠂ ᠲᠣᠬᠢᠷᠠᠭᠤᠯᠤᠯᠲᠠ | ᠥᠨᠳᠥᠷ ᠪᠦᠲᠦᠮᠵᠢᠲᠡᠶ ᠪᠥᠭᠡᠳ ᠵᠦᠶ ᠵᠣᠬᠢᠰᠲᠠᠶ᠂ ᠰᠢᠨ᠎ᠡ ᠶᠢ ᠡᠭᠦᠳᠬᠦ ᠦᠶ᠋ᠯᠡᠴᠢᠯᠡᠭᠡᠨ ᠤ ᠬᠢᠷᠢ ᠬᠡᠮᠵᠢᠶ᠎ᠡ ᠴᠢᠨᠠᠷ ᠰᠠᠶᠢᠲᠠᠶ ᠪᠠᠶᠢᠳᠠᠯ ᠢ ᠡᠭᠦᠳᠦᠨ ᠪᠦᠲᠦᠭᠡᠵᠦ᠂ | ᠪᠥᠬᠦ ᠨᠡᠶᠢᠭᠡᠮ ᠤᠨ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠨᠢ GDP ᠶᠢᠨ 2.2% ᠠᠴᠠ | ᠳᠡᠭᠡᠭᠰᠢ ᠡᠵᠡᠯᠡᠵᠦ᠂ ᠡᠩ ᠤᠨ ᠣᠯᠠᠨ ᠨᠡᠶᠢᠲᠡ ᠶᠢᠨ ᠲᠥᠰᠦᠪ ᠲᠤ ᠡᠵᠡᠯᠡᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ | 1% ᠠᠴᠠ ᠳᠣᠤᠷ᠎ᠠ ᠪᠠᠶᠢᠯᠭᠠᠬᠤ ᠥᠬᠡᠶ᠃ | — ᠰᠢᠨ᠎ᠡ ᠶᠢ ᠡᠭᠦᠳᠬᠦ ᠰᠠᠭᠤᠷᠢ ᠶᠢ ᠢᠯᠡᠳᠲᠡ ᠴᠢᠩᠭᠠᠳᠬᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠪᠠᠷ | ᠠᠵᠠ ᠲᠣᠬᠢᠶᠠᠯ ᠪᠣᠯᠭᠠᠵᠤ᠂ ᠬᠤᠲᠠ ᠪᠠ ᠮᠠᠨ ᠤ ᠲᠣᠭᠤᠷᠢᠭ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠡᠭᠦᠷᠭᠡ ᠶᠢᠨ ᠲᠣᠭᠤᠷᠢᠨ ᠳᠤ᠂ ︽4+8+N︾ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠨᠢᠭᠡ ᠪᠦᠯᠦᠭ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠪᠠ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠢ ᠬᠠᠮᠵᠢᠯᠴᠠᠨ | ᠪᠠᠶᠢᠭᠤᠯᠵᠤ᠂ ᠰᠤᠳᠤᠯᠤᠨ ᠨᠡᠭᠡᠭᠡᠬᠦ᠂ ᠴᠢᠳᠠᠪᠤᠷᠢᠲᠠᠨ᠂ ᠠᠵᠤ ᠦᠶ᠋ᠯᠡᠰ᠂ ᠬᠥᠷᠥᠩᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠲᠤᠭ᠎ᠠ ᠬᠡᠮᠵᠢᠶ᠎ᠡ ᠶᠢ | 10 ᠠᠴᠠ ᠳᠣᠣᠷ᠎ᠠ ᠦᠭᠡᠢ ᠪᠠᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ | 30 ᠠᠴᠠ ᠳᠡᠭᠡᠭᠰᠢ ᠳᠠᠪᠠᠭᠤᠯᠣᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 15 ᠠᠴᠠ ᠳᠡᠭᠡᠭᠰᠢ ᠪᠣᠯᠭᠠᠨ᠎ᠠ᠃ ᠲᠣᠭᠠᠴᠢᠯᠠᠭᠰᠠᠨ ᠠᠵᠤ ᠠᠬᠤᠶ ᠶᠢᠨ | ᠭᠤᠤᠯᠯᠠᠬᠤ ᠠᠵᠤ ᠦᠶ᠋ᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠶ᠋ᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠠᠷᠢᠴᠠᠯ ᠢ 2.8% ᠠᠴᠠ | ᠳᠡᠭᠡᠭᠰᠢ ᠳᠤ ᠬᠦᠷᠦᠭᠦᠯᠦᠨ᠎ᠡ᠃ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠪᠦᠷᠢᠯᠳᠦᠭᠦᠯᠦᠭᠰᠡᠨ ᠬᠠᠷᠢᠴᠠᠯ ᠨᠢ 13% ᠶᠢ ᠳᠠᠪᠣᠨᠠ᠃ | — ᠰᠢᠨ᠎ᠡ ᠶᠢ ᠡᠭᠦᠳᠬᠦ ᠴᠢᠳᠠᠪᠤᠷᠢᠲᠠᠨ ᠦᠷᠭᠦᠯᠵᠢᠯᠡᠨ ᠴᠣᠯᠭᠤᠷᠠᠨ ᠭᠠᠷᠣᠨ᠎ᠠ᠃ ︽ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ︾ ᠭᠡᠬᠦ | ᠣᠨᠣᠯᠵᠢᠬᠤᠨ ᠢ ᠪᠠᠷᠢᠮᠲᠠᠯᠠᠨ᠂ ︽ᠭᠤᠴᠢᠨ ᠵᠤᠷᠪᠤᠰ ᠣᠷᠳᠣᠰ ᠤᠨ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ︾ ᠶᠢ ᠨᠠᠶᠢᠳᠠᠪᠤᠷᠢᠵᠢᠭᠤᠯᠵᠤ᠂ ︽ | ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠦᠨ᠂ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠲᠥᠪ ᠤᠨ ᠳᠠᠪᠠᠭᠤᠯᠢᠭ ᠢ | ᠭᠦᠶ᠋ᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠬᠤ ᠳᠤ ᠲᠦᠰᠢᠭᠯᠡᠨ ᠨᠢᠭᠡ ᠪᠦᠯᠦᠭ ᠳᠠᠪᠠᠭᠤᠯᠢᠭ ᠠᠵᠤ ᠦᠶ᠋ᠯᠡᠰ ᠤᠨ | ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠢ ᠣᠷᠣᠭᠤᠯᠤᠨ ᠠᠪᠴᠢᠷᠠᠵᠤ᠂ ᠣᠷᠳᠣᠰ ᠤᠨ ᠴᠢᠳᠠᠪᠤᠷᠢᠲᠠᠨ ᠤ ᠥᠨᠳᠦᠷᠯᠢᠭ ᠢ ᠬᠠᠮᠲᠤᠪᠠᠷ ᠪᠠᠶᠢᠭᠤᠯᠤᠨ᠎ᠠ᠃ | 2025 ᠣᠨ ᠪᠣᠯᠬᠤ ᠳᠤ᠂ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ 50 ᠠᠴᠠ ᠳᠡᠭᠡᠭᠰᠢ ᠣᠷᠣᠭᠤᠯᠤᠨ ᠬᠥᠮᠦᠵᠢᠭᠦᠯᠦᠨ᠎ᠡ᠃ | | ᠬᠤᠶᠠᠳᠤᠭᠠᠷ ᠪᠦᠯᠦᠭ ᠂ ᠰᠢᠨ᠎ᠡ ᠶᠢ ᠡᠭᠦᠳᠬᠦ ᠬᠥᠭᠵᠢᠯᠲᠡ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ | ᠨᠢᠭᠡ᠂ ᠵᠠᠰᠠᠭ ᠤᠨ ᠣᠷᠳᠣᠨ ᠤ ᠵᠠᠰᠠᠯᠲᠠ ᠶᠢᠨ ᠲᠣᠭᠠᠴᠢᠯᠠᠭᠰᠠᠨ ᠮᠡᠷᠭᠡᠵᠢᠯ ᠤᠨ ᠳᠠᠪᠰᠢᠯᠲᠠ ᠶᠢ ᠠᠭᠢᠭᠤᠯᠣᠨ᠎ᠠ᠃ | ︵ᠨᠢᠭᠡ︶ ᠵᠠᠰᠠᠭ ᠤᠨ ᠣᠷᠳᠣᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠣᠨ᠎ᠠ᠃ | ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠵᠤ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ ᠠᠬᠢᠭᠤᠯᠬᠤ ᠥᠭᠡᠷᠡᠴᠢᠯᠡᠯᠲᠡ ᠶᠢᠨ | ᠬᠠᠷᠠᠯᠲᠠ ᠶᠢ ᠲᠣᠳᠣᠷᠬᠠᠶᠢᠯᠠᠨ᠂ ᠰᠢᠨ᠎ᠡ ᠴᠠᠭ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠡᠷᠡᠭᠯᠡᠳᠡᠭ ᠰᠢᠨ᠎ᠡ ᠶᠢ ᠡᠭᠦᠳᠦᠭᠰᠡᠨ ᠵᠠᠰᠠᠭ ᠵᠠᠬᠢᠷᠭᠠᠨ ᠤ ᠠᠷᠭ᠎ᠠ | ᠮᠠᠶ᠋ᠢᠭ ᠢ ᠪᠤᠢ ᠪᠣᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠪᠠᠷ ᠤᠳᠤᠷᠢᠳᠤᠮᠵᠢ ᠪᠣᠯᠭᠠᠨ᠂ ᠥᠩᠭᠡᠷᠡᠭᠰᠡᠨ ᠤ ᠰᠠᠯᠠᠭ᠎ᠠ ᠮᠥᠴᠢᠷ ᠤᠨ | ᠬᠡᠰᠡᠭᠯᠡᠯ ᠪᠠ ᠵᠡᠷᠭᠡ ᠳᠡᠰ ᠤᠨ ᠪᠠᠬᠢᠯᠡᠯᠲᠡ ᠶᠢ ᠢᠯᠠᠨ ᠳᠠᠪᠠᠵᠤ᠂ ᠬᠡᠰᠡᠭ ᠪᠤᠰᠠᠭ ᠬᠠᠮᠢᠶᠠᠷᠤᠯᠲᠠ ᠶᠢᠨ ᠬᠦᠴᠢᠷᠳᠡᠯ ᠢ ᠢᠯᠠᠨ ᠳᠠᠪᠠᠵᠤ᠂ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠣᠷᠭᠠᠨᠢᠭ ᠢᠶᠠᠷ ᠡᠮᠬᠢᠯᠡᠨ ᠨᠡᠶᠢᠯᠡᠭᠦᠯᠦᠨ᠂ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠡᠷᠬᠡ᠂ ᠭᠦᠢᠴᠡᠳᠬᠡᠬᠦ ᠡᠷᠬᠡ᠂ ᠬᠢᠨᠠᠯᠲᠠ ᠲᠠᠯᠪᠢᠬᠤ | ᠡᠷᠬᠡ ᠵᠡᠷᠭᠡ ᠠᠵᠢᠯᠯᠠᠭᠠᠨ ᠤ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ ᠪᠦᠲᠦᠮᠵᠢᠲᠡᠶ ᠪᠠᠷ ᠨᠢᠭᠲᠠᠷᠠᠭᠤᠯᠤᠨ᠂ | ᠦᠢᠯᠡᠴᠢᠯᠡᠭᠡᠨ ᠤ ᠣᠶᠢᠯᠠᠭᠠᠭᠳᠠᠬᠤᠨ ᠢ ᠰᠢᠨ᠎ᠡ ᠪᠠᠷ ᠡᠭᠦᠳᠴᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠨ᠂ ᠦᠢᠯᠡᠴᠢᠯᠡᠭᠡᠨ ᠤ ᠬᠠᠩᠭᠠᠯᠭ᠎ᠠ ᠶᠢᠨ | ᠠᠷᠭ᠎ᠠ ᠮᠠᠶ᠋ᠢᠭ ᠢ ᠬᠤᠪᠢᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠬᠤᠶᠠᠷ︶ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠡᠩᠨᠡᠭᠡᠨ ᠤ ᠲᠣᠭᠠᠴᠢᠯᠠᠭᠰᠠᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ | ᠲᠤᠭᠠᠵᠢᠭᠤᠯᠤᠭᠰᠠᠨ ᠠᠵᠤ ᠠᠬᠤᠶ ᠶᠢᠨ ᠰᠢᠨ᠎ᠡ ᠮᠡᠷᠭᠡᠵᠢᠯ ᠤᠨ ᠪᠣᠯᠪᠠᠰᠤᠷᠠᠭᠤᠯᠤᠯ ᠪᠠ ᠮᠡᠳᠡᠯᠭᠡ ᠶᠢᠨ ᠰᠢᠨᠡᠴᠢᠯᠡᠯᠲᠡ ᠶᠢ ᠥᠷᠨᠢᠭᠦᠯᠵᠦ᠂ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠠᠵᠢᠯᠳᠠᠨ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠲᠤᠭᠠᠵᠢᠭᠤᠯᠤᠭᠰᠠᠨ ᠬᠡᠪ ᠪᠣᠯᠪᠠᠰᠤᠷᠠᠯ ᠪᠠ ᠲᠤᠭᠠᠵᠢᠭᠤᠯᠤᠭᠰᠠᠨ | ᠤᠳᠤᠷᠢᠳᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠮᠣ ᠳ᠋ᠠᠶᠢᠲ᠋ᠠ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ᠂ ᠣᠷᠣᠨ ᠬᠡᠰᠡᠭ ᠤᠨ | ᠴᠥᠷᠬᠡᠯᠡᠭᠡ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠠᠮᠢᠶ᠎ᠠ ᠪᠥᠬᠦᠶ ᠮᠡᠳᠡᠯᠭᠡ ᠶᠢ ᠰᠤᠷᠤᠯᠴᠠᠬᠤ ᠪᠠᠨ ᠲᠠᠰᠤᠷᠠᠯᠲᠠ ᠥᠬᠡᠶ | ᠴᠢᠩᠭᠠᠳᠬᠠᠵᠤ᠂ ᠲᠣᠭᠠᠵᠢᠭᠤᠯᠬᠤ ᠮᠡᠷᠭᠡᠵᠢᠯ᠂ ᠲᠣᠭᠠᠵᠢᠭᠤᠯᠬᠤ ᠰᠡᠳᠬᠢᠬᠦᠶ᠂ ᠲᠣᠭᠠᠵᠢᠭᠤᠯᠬᠤ ᠲᠠᠨᠢᠨ ᠮᠡᠳᠡᠬᠦᠶ ᠶᠢ ᠬᠡᠷᠡᠭᠯᠡᠨ᠂ ᠲᠤᠬᠠᠶᠢᠯᠠᠭᠰᠠᠨ ᠠᠵᠢᠯ ᠳᠠᠭᠠᠨ | ᠴᠠᠭᠠᠷᠠᠭᠰᠠᠨ ᠰᠠᠭᠤᠷᠢᠨ ᠳᠡᠭᠡᠷ᠎ᠡ᠂ ᠵᠣᠬᠢᠬᠤ ᠲᠣᠭᠠᠵᠢᠭᠤᠯᠬᠤ ᠮᠡᠷᠭᠡᠵᠢᠯ ᠴᠢᠳᠠᠪᠤᠷᠢ ᠶᠢ ᠡᠵᠡᠮᠰᠢᠵᠦ᠂ ᠲᠣᠭᠠᠵᠢᠭᠤᠯᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ | ᠦᠢᠯᠡᠴᠢᠯᠡᠭᠡ ᠶᠢ ᠴᠢᠬᠤᠯᠠᠴᠢᠯᠠᠵᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠵᠤ᠂ ᠮᠡᠳᠡᠭᠡ ᠵᠠᠩᠭᠢ ᠶᠢᠨ ᠴᠠᠭ ᠦᠶ᠎ᠡ ᠶᠢᠨ ᠲᠡᠦᠬᠡ ᠶᠢᠨ | ᠠᠵᠠ ᠲᠣᠬᠢᠶᠠᠯ ᠢ ᠦᠨᠡᠨᠬᠦ ᠡᠵᠡᠮᠳᠡᠵᠦ᠂ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠠᠴᠢᠯᠠᠭᠰᠠᠨ ᠵᠠᠰᠠᠭ ᠤᠨ | ᠣᠷᠳᠣᠨ ᠤ ᠥᠨᠳᠥᠷ ᠪᠦᠲᠦᠮᠵᠢᠲᠡᠢ᠂ ᠪᠠᠷᠢᠮᠵᠢᠶᠠᠵᠢᠭᠰᠠᠨ ᠠᠵᠢᠯᠯᠠᠭᠠᠨ ᠢ ᠠᠬᠢᠭᠤᠯᠬᠤ ᠬᠡᠷᠡᠭᠲᠡᠢ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠶᠢᠭᠡᠮᠴᠢᠯᠡᠭᠰᠡᠨ ᠲᠣᠭᠠᠴᠢᠯᠠᠭᠰᠠᠨ ᠲᠠᠪᠴᠠᠩ ᠢ ᠪᠠᠶᠢᠭᠤᠯᠤᠨ᠎ᠠ᠃ | ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠨ ᠵᠠᠰᠠᠭ ᠤᠨ ᠣᠷᠳᠣᠨ ᠤ | ᠲᠦᠷᠢ ᠶᠢ ᠬᠤᠪᠢᠷᠠᠭᠤᠯᠬᠤ ᠰᠢᠨ᠎ᠡ ᠶᠢ ᠡᠭᠦᠳᠬᠦ ᠲᠠᠪᠴᠠᠩ ᠢ ᠪᠦᠳᠦᠭᠡᠨ ᠪᠠᠶᠢᠭᠤᠯᠣᠨ᠎ᠠ᠃ ᠣᠣᠯ ᠤᠨ ᠪᠠᠶᠢᠭᠰᠠᠨ ᠣᠯᠠᠨ ᠨᠡᠶᠢᠲᠡ ᠶᠢᠨ ᠳ᠋ᠠᠶᠢᠲ᠋ᠠ ᠶᠢᠨ ᠲᠠᠪᠴᠠᠩ ᠤᠨ | ᠰᠠᠭᠤᠷᠢᠨ ᠳᠡᠭᠡᠷ᠎ᠡ᠂ ᠪᠦᠷᠢᠨ ᠪᠦᠲᠦᠨ᠂ ᠰᠢᠰᠲ᠋ᠧᠮ ᠲᠠᠢ᠂ ᠣᠯᠠᠨ ᠲᠠᠰ ᠳᠠᠪᠬᠤᠷᠭ᠎ᠠ ᠶᠢᠨ ᠡᠭᠦᠯᠡᠨ ᠪᠤᠳᠤᠯᠲᠠ ᠶᠢᠨ ᠲᠠᠪᠴᠠᠩ ᠢ ᠪᠠᠶᠢᠭᠤᠯᠵᠤ᠂ ᠡᠯ᠎ᠡ ᠰᠠᠯᠠᠭ᠎ᠠ | ᠮᠥᠴᠢᠷ ᠤᠨ ᠳ᠋ᠠᠶᠢᠲ᠋ᠠ ᠶᠢᠨ ᠡᠬᠢ ᠪᠠᠶᠠᠯᠢᠭ ᠢ ᠲᠦᠷᠭᠡᠨ ᠬᠤᠷᠠᠮᠳᠣᠭᠤᠯᠣᠨ᠂ ᠲᠥᠪᠯᠡᠷᠡᠭᠦᠯᠦᠨ ᠵᠠᠳᠠᠯᠤᠨ ᠰᠢᠶ᠋ᠳᠪᠦᠷᠢᠯᠡᠵᠦ᠂ ᠤᠶᠤᠨᠲᠤ ᠵᠠᠰᠠᠭ ᠤᠨ ᠶᠠᠪᠤᠳᠠᠯ᠂ | ᠤᠶᠤᠨᠲᠤ ᠵᠠᠮ ᠬᠠᠷᠢᠯᠴᠠᠭ᠎ᠠ᠂ ᠤᠶᠤᠨᠲᠤ ᠰᠤᠷᠭᠠᠨ ᠬᠥᠮᠦᠵᠢᠯ᠂ ᠤᠶᠤᠨᠲᠤ ᠡᠮᠴᠢᠯᠡᠭᠡ᠂ ᠤᠶᠤᠨᠲᠤ ᠨᠡᠶᠢᠭᠡᠮ ᠲᠣᠭᠤᠷᠢᠭ ᠵᠡᠷᠭᠡ ᠬᠦᠷᠢᠶᠡᠨ ᠳᠤ ᠨᠢᠭᠡ ᠪᠦᠯᠦᠭ | ᠲᠣᠭᠠᠴᠢᠯᠠᠭᠰᠠᠨ ᠵᠠᠰᠠᠯᠲᠠ ᠶᠢᠨ ᠦᠷ᠎ᠡ ᠪᠦᠲᠦᠭᠡᠯ ᠢ ᠪᠣᠶ ᠪᠣᠯᠭᠠᠨ᠂ ᠨᠡᠶᠢᠭᠡᠮ ᠠᠷᠠᠳ ᠤᠨ ᠠᠮᠢᠳᠤᠷᠠᠯ᠂ ᠠᠵᠤ ᠠᠬᠤᠶᠢᠯᠠᠯ᠂ ᠵᠠᠬ᠎ᠠ ᠳᠡᠯᠭᠡᠭᠦᠷ ᠲᠤ ᠨᠠᠩ ᠰᠠᠶᠢᠨ | ᠦᠶ᠋ᠯᠡᠴᠢᠯᠡᠭᠦᠯᠦᠨᠡ᠃ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢ ᠢᠯᠡ ᠪᠣᠯᠭᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠬᠥᠭᠵᠢᠭᠡᠬᠦ | ᠲᠠᠯ᠎ᠠ ᠪᠠᠷ ᠬᠢ ᠦᠢᠯᠡᠳᠦᠯ ᠢ ᠪᠠᠳᠠᠷᠠᠭᠤᠯᠣᠨ᠎ᠠ᠃ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠦᠨ᠎ᠡ ᠥᠷᠲᠡᠭ ᠢ ᠠᠭᠤᠳᠠᠯᠬᠤ ᠶᠢ ᠴᠢᠩᠭᠠᠳᠬᠠᠵᠤ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢᠨ ᠡᠬᠢ ᠪᠠᠶᠠᠯᠢᠭ ᠬᠢᠭᠡᠳ ᠨᠡᠶᠢᠭᠡᠮ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠠᠭᠤᠰᠤᠯᠴᠠᠨ ᠰᠢᠨ᠎ᠡ ᠶᠢ ᠡᠭᠦᠳᠬᠦ ᠶᠢ | ᠪᠡᠶᠡᠯᠡᠭᠦᠯᠵᠦ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠦᠶ᠋ᠯᠡᠴᠢᠯᠡᠭᠡᠨ ᠤ ᠰᠢᠰᠲ᠋ᠧᠮᠵᠢ ᠶᠢ ᠪᠣᠶ | ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠲᠤᠯᠭᠠᠭᠤᠷᠢᠯᠠᠯ ᠪᠠ ᠰᠢᠨ᠎ᠡ ᠬᠥᠳᠡᠯᠭᠡᠭᠦᠷ ᠢ ᠡᠭᠦᠳᠦᠨ ᠥᠭᠴᠦ᠂ ᠲᠣᠭᠠᠴᠢᠯᠠᠭᠰᠠᠨ ᠠᠵᠤ | ᠠᠬᠤᠶ ᠶᠢᠨ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ ᠮᠠᠶ᠋ᠢᠭ ᠤᠨ ᠬᠤᠲᠠ ᠶᠢ ᠲᠦᠷᠭᠡᠳᠬᠡᠨ ᠪᠠᠶᠢᠭᠤᠯᠤᠨ᠎ᠠ᠃ | | | ᠬᠤᠶᠠᠷ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠦᠨ᠎ᠡ᠃ | ︵ᠨᠢᠭᠡ︶ ᠲᠣᠭᠠᠴᠢᠯᠠᠭᠰᠠᠨ ᠮᠡᠷᠭᠡᠵᠢᠯ ᠬᠢᠭᠡᠳ ᠠᠵᠤ ᠦᠶ᠋ᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃ | ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠤᠨ᠂ ᠰᠢᠨ᠎ᠡ ᠲᠣᠭᠠᠴᠢᠯᠠᠭᠰᠠᠨ ᠠᠵᠤ ᠠᠬᠤᠢ ᠶᠢᠨ ᠮᠡᠷᠭᠡᠵᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠪᠠ ᠠᠬᠢᠭᠤᠯᠵᠤ᠂ ᠲᠣᠭᠠᠴᠢᠯᠠᠭᠰᠠᠨ ᠠᠵᠤ | ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠴᠦ | ᠲᠡᠰ ᠳᠡᠪᠰᠢᠬᠦ ᠶᠢ ᠲᠦᠷᠭᠡᠳᠭᠡᠨ᠂ ᠬᠤᠳᠠ ᠶᠢᠨ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ ᠬᠤᠳᠠ ᠶᠢᠨ ᠲᠣᠭᠠᠴᠢᠯᠠᠭᠰᠠᠨ | ᠬᠡᠯᠪᠡᠷᠢ ᠶᠢ ᠬᠤᠪᠢᠷᠠᠭᠤᠯᠬᠤ ᠶᠢ ᠠᠬᠢᠭᠤᠯᠤᠨ᠎ᠠ᠃ ᠲᠤᠭ᠎ᠠ ᠪᠠᠷᠢᠮᠲᠠ᠂ ᠵᠣᠬᠢᠶᠠᠮᠠᠯ ᠤᠶᠤᠨ ᠴᠢᠳᠠᠪᠤᠷᠢ᠂ ᠣᠷᠣᠨ ᠬᠡᠰᠡᠭ ᠤᠨ ᠬᠡᠯᠬᠢᠶ᠎ᠡ ᠵᠡᠷᠭᠡ ᠮᠡᠳᠡᠭᠡ ᠵᠠᠩᠭᠢ ᠶᠢᠨ | ᠮᠡᠷᠭᠡᠵᠢᠯ ᠢ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠷᠢᠶᠡᠨ ᠳᠤ ᠠᠭᠤᠰᠤᠯᠴᠠᠭᠤᠯᠤᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠯᠲᠠ ᠪᠠ ᠦᠷᠳᠡᠭ ᠤᠨ ᠬᠡᠯᠬᠢ᠊ ᠡᠶ᠎ᠡ ᠶᠢᠨ ᠳᠡᠭᠡᠳᠦ ᠲᠡᠰ ᠲᠡᠰᠢ ᠬᠥᠭᠵᠢᠬᠦ ᠶᠢ | ᠠᠬᠢᠭᠤᠯᠤᠨ᠎ᠠ᠃ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠬᠥᠮᠦᠵᠢᠯ᠂ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ᠂ ᠠᠳᠠᠯ ᠠᠬᠤᠶ | ᠵᠡᠷᠭᠡ ᠶᠢᠨ ᠲᠣᠭᠤᠷᠢᠨ ᠳᠤ ᠠᠮᠢᠳᠤᠷᠠᠯ ᠤᠨ ᠴᠢᠨᠠᠷᠲᠠᠶ ᠲᠣᠭᠠᠴᠢᠯᠠᠭᠰᠠᠨ ᠮᠡᠷᠭᠡᠵᠢᠯ ᠤᠨ ᠦᠶ᠋ᠯᠡᠴᠢᠯᠡᠭᠡᠨ ᠤ ᠦᠶ᠋ᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ | ᠠᠮᠢᠳᠤᠷᠠᠯ ᠤᠨ ᠦᠶ᠋ᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ᠲᠣᠭᠠᠴᠢᠯᠠᠭᠰᠠᠨ ᠠᠮᠢᠳᠤᠷᠠᠯ ᠤᠨ ᠰᠢᠨ᠎ᠡ ᠦᠶ᠋ᠯᠡᠴᠢᠯᠡᠭᠡᠨ ᠤ ᠠᠮᠢ ᠠᠬᠤᠶ ᠶᠢᠨ | ᠰᠢᠰᠲ᠋ᠧᠮᠵᠢ ᠶᠢ ᠪᠣᠶ ᠪᠣᠯᠭᠠᠨ᠎ᠠ᠃ ᠠᠵᠤ ᠠᠬᠤᠶᠢᠯᠠᠯ ᠤᠨ ᠮᠡᠷᠭᠡᠵᠢᠯ ᠪᠠ ᠲᠤᠰᠬᠠᠶᠢᠵᠢᠭᠰᠠᠨ ᠳᠠᠪᠠᠭᠤᠯᠢᠭ ᠲᠠᠭᠠᠨ ᠲᠦᠰᠢᠭᠯᠡᠬᠦ ᠶᠢ ᠵᠣᠷᠢᠭᠵᠢᠭᠤᠯᠤᠨ ᠬᠥᠲᠥᠯᠦᠨ | ᠵᠢᠯᠣᠭᠤᠳᠴᠤ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ | ᠮᠡᠷᠭᠡᠵᠢᠯ ᠤᠨ ᠦᠶ᠋ᠯᠡᠴᠢᠯᠡᠭᠡᠨ᠂ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠪᠠ ᠪᠣᠷᠣᠯᠠᠭᠤᠯᠤᠭᠰᠠᠨ ᠤ ᠳᠠᠷᠠᠭᠠᠬᠢ ᠲᠤᠰᠬᠠᠶ ᠦᠶ᠋ᠯᠡᠴᠢᠯᠡᠭᠡ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠤᠶᠢᠵᠢᠭᠤᠯᠤᠨ ᠬᠥᠭᠵᠢᠭᠦᠯᠵᠦ᠂ ᠲᠣᠭᠠᠴᠢᠯᠠᠭᠰᠠᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠳᠡᠭᠡᠭᠰᠢᠯᠡᠭᠦᠯᠦᠨ᠎ᠡ᠃ | ︵ᠬᠤᠶᠠᠷ︶ ᠲᠣᠭᠠᠴᠢᠯᠠᠭᠰᠠᠨ ᠠᠵᠤ ᠠᠬᠤᠢ ᠶᠢᠨ ᠮᠡᠷᠭᠡᠵᠢᠯ ᠤᠨ ᠬᠡᠷᠡᠭᠯᠡᠭᠡᠨ ᠤ ᠰᠢᠨ᠎ᠡ ᠣᠷᠣᠨ ᠵᠠᠢ ᠶᠢ ᠥᠷᠭᠡᠳᠬᠡᠨ᠎ᠡ᠃ | ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠮᠡᠷᠭᠡᠵᠢᠯ ᠳᠤ ᠲᠦᠰᠢᠭᠯᠡᠨ᠂ ᠳᠠᠪᠠᠭᠤᠯᠢᠭ ᠤᠨᠴᠠᠯᠢᠭᠳᠤ ᠠᠵᠤ ᠦᠶ᠋ᠯᠡᠰ ᠤᠨ ᠣᠯᠠᠨ ᠨᠡᠶᠢᠲᠡ ᠶᠢᠨ | ᠲᠣᠭᠠᠴᠢᠯᠠᠭᠰᠠᠨ ᠡᠨᠧᠷᠭᠢ ᠣᠯᠭᠤᠬᠤ ᠲᠠᠪᠴᠠᠩ ᠢ ᠪᠠᠶᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠂ ᠲᠣᠭᠠᠴᠢᠯᠠᠭᠰᠠᠨ ᠠᠵᠤ ᠠᠬᠤᠶ ᠶᠢᠨ ᠠᠵᠤ ᠠᠬᠤᠶᠢᠯᠠᠯ ᠤᠨ ᠬᠥᠭᠵᠢᠯᠲᠡ ᠪᠠ ᠰᠢᠨ᠎ᠡ ᠶᠢ ᠡᠭᠦᠳᠬᠦ ᠴᠢᠳᠠᠪᠤᠷᠢᠲᠠᠨ ᠤ ᠣᠷᠣᠨ ᠵᠠᠶ ᠶᠢᠨ ᠬᠡᠷᠡᠭᠴᠡᠭᠡ | ᠱᠠᠭᠠᠷᠳᠠᠯᠭ᠎ᠠ ᠶᠢ ᠤᠷᠢᠳᠠᠪᠠᠷ ᠪᠠᠲᠤᠯᠠᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠂ ᠲᠣᠭᠠᠴᠢᠯᠠᠭᠰᠠᠨ ᠠᠵᠤ ᠠᠬᠤᠶ ᠶᠢᠨ ᠶᠡᠷᠦᠩᠬᠡᠶ | ᠬᠡᠯᠲᠡᠰ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠵᠢᠯ ᠲᠥᠷᠥᠯ ᠤᠨ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠬᠡᠯᠪᠡᠷᠢ ᠪᠠᠨ | ᠬᠤᠪᠢᠷᠠᠭᠤᠯᠬᠤ ᠪᠠ ᠬᠤᠳᠠᠯᠳᠤᠭᠠᠨ ᠤ ᠠᠮᠢ ᠠᠬᠤᠶ ᠶᠢᠨ ᠳᠠᠬᠢᠨ ᠴᠣᠭᠴᠠᠯᠠᠯᠲᠠ ᠶᠢ ᠪᠡᠶᠡᠯᠡᠭᠦᠯᠦᠨ᠎ᠡ᠃ ᠬᠤᠲᠠ ᠶᠢᠨ ᠲᠣᠭᠤᠷᠢᠭ ᠢ ᠬᠠᠮᠲᠤᠪᠠᠷ ᠪᠠᠶᠢᠭᠤᠯᠬᠤ ᠪᠠᠷ | ᠳᠠᠮᠵᠢᠭᠤᠯᠤᠨ᠂ ᠲᠣᠭᠠᠴᠢᠯᠠᠭᠰᠠᠨ ᠠᠵᠤ ᠠᠬᠤᠶ ᠶᠢᠨ ᠨᠡᠪᠴᠢᠭᠦᠯᠦᠭᠦᠷ᠂ ᠤᠶᠤᠨᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ ᠶᠢ | ᠴᠢᠷᠮᠠᠶᠢᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠰᠢᠶ᠋ᠳᠪᠦᠷᠢᠯᠡᠬᠦ ᠲᠥᠰᠦᠯ ᠢ | ᠬᠤᠳᠠᠯᠳᠤᠨ ᠠᠪᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠤᠯᠴᠢᠯᠠᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠵᠡᠷᠭᠡ ᠣᠯᠠᠨ ᠵᠦᠶ᠋ᠯ ᠤᠨ ᠴᠢᠳᠠᠮᠵᠢ ᠶᠢ | ᠨᠢᠭᠡ ᠴᠤᠭᠴᠠᠵᠢᠭᠤᠯᠤᠭᠰᠠᠨ ︽ᠨᠢᠭᠡ ᠥᠷᠲᠡᠭᠡᠨ ᠤ ᠮᠠᠶ᠋ᠢᠭ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠨ᠎ᠠ᠃ | 5G ᠶᠢᠨ ᠰᠠᠭᠤᠷᠢ ᠥᠷᠲᠡᠭᠡ ᠵᠡᠷᠭᠡ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯᠣᠭᠤᠴᠢ ᠥᠬᠡᠶ | ᠮᠠᠰᠢᠨ ᠲᠡᠷᠭᠡ ᠶᠢ ᠰᠢᠯᠭᠠᠨ ᠲᠤᠷᠰᠢᠬᠤ ᠲᠠᠯᠠᠪᠠᠶ ᠶᠢ ᠪᠠᠶᠢᠭᠤᠯᠤᠨ᠂ ᠵᠢᠯᠣᠭᠤᠴᠢ ᠥᠬᠡᠶ ᠮᠠᠰᠢᠨ ᠲᠡᠷᠭᠡ ᠶᠢ ᠣᠯᠠᠨ ᠨᠡᠶᠢᠲᠡ ᠶᠢᠨ ᠵᠠᠮ ᠬᠠᠷᠢᠯᠴᠠᠭ᠎ᠠ ᠪᠠ ᠣᠯᠠᠨ | ᠨᠡᠶᠢᠲᠡ ᠶᠢᠨ ᠠᠮᠤᠷ ᠲᠦᠪᠰᠢᠨ ᠤ ᠬᠦᠷᠢᠶᠡᠨ ᠳᠤ ᠬᠡᠷᠡᠭᠯᠡᠬᠦ ᠠᠯᠬᠤᠴᠠ ᠶᠢ ᠲᠦᠷᠭᠡᠳᠬᠡᠵᠦ᠂ 5G ᠶᠢᠨ ᠵᠢᠯᠣᠭᠤᠴᠢ ᠥᠬᠡᠶ ᠨᠡᠶᠢᠲᠡ ᠶᠢᠨ ᠵᠠᠮ ᠬᠠᠷᠢᠯᠴᠠᠭ᠎ᠠ᠂ | ᠦᠵᠡᠮᠵᠢ ᠶᠢᠨ ᠣᠷᠣᠨ ᠤ ᠵᠤᠭᠠᠴᠠᠯ ᠤᠨ ᠲᠡᠷᠭᠡ ᠬᠥᠰᠬᠡ ᠶᠢ ᠬᠡᠷᠡᠭᠯᠡᠨ᠎ᠡ᠃ | ︵ᠭᠤᠷᠪᠠ︶ ᠲᠣᠭᠠᠴᠢᠯᠠᠭᠰᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ ᠪᠠ ᠦᠶ᠋ᠯᠡᠳᠦᠯᠭᠡ ᠶᠢ ᠪᠠᠶᠢᠭᠤᠯᠣᠨ᠎ᠠ᠃ | ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠ ᠵᠠᠰᠠᠭ ᠤᠨ ᠣᠷᠳᠣᠨ ᠬᠥᠲᠥᠯᠦᠨ ᠵᠢᠯᠣᠭᠤᠳᠬᠤ ᠪᠠᠷ ᠳᠡᠮᠵᠢᠨ᠂ ᠠᠵᠤ ᠠᠬᠤᠶᠢᠯᠠᠯ᠂ ᠳᠡᠭᠡᠳᠦ | ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠬᠤ ᠪᠠ | ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠤᠯᠤᠰ ᠤᠨ ᠢᠨᠵᠧᠨᠧᠷᠢᠩ ᠤᠨ ᠲᠤᠷᠰᠢᠯᠲᠠ ᠶᠢᠨ ᠲᠠᠰᠤᠭ᠂ | ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠬᠢᠶ᠎ᠠ ᠪᠠᠭᠰᠢ ᠲᠣᠭᠤᠷᠢᠭ ᠲᠤ ᠬᠤᠪᠢᠶᠠᠷᠢ ᠲᠥᠪ ᠪᠠᠶᠢᠭᠤᠯᠬᠤ ᠶᠢ ᠳᠡᠮᠵᠢᠨ᠎ᠡ᠃ ᠬᠥᠬᠡᠬᠤᠲᠠ | ᠪᠤᠭᠤᠲᠤ ᠤᠷᠳᠤᠰ ᠤᠯᠠᠭᠠᠨᠴᠠᠪ ᠤᠨ ᠬᠤᠲᠠ ᠶᠢᠨ ᠪᠥᠭᠡᠮᠨᠡᠷᠡᠯ ᠤᠨ ᠨᠢᠭᠡ ᠴᠤᠭᠴᠠᠵᠢᠭᠰᠠᠨ ᠬᠥᠭᠵᠢᠯᠲᠡ ᠳᠤ ᠢᠳᠡᠪᠬᠢᠲᠡᠶ ᠠᠭᠤᠰᠤᠯᠴᠠᠵᠤ᠂ ᠭᠤᠣᠯᠳᠠᠭᠤ ᠲᠣᠮᠣ | ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶᠡᠨ ᠤ ᠲᠣᠭᠤᠷᠢᠨ ᠳᠤ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠪᠠ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ ᠢ ᠣᠷᠣᠭᠤᠯᠤᠨ ᠠᠪᠴᠢᠷᠠᠵᠤ ᠰᠠᠯᠪᠤᠷᠢ | ᠪᠠᠶᠢᠭᠤᠯᠤᠮᠵᠢ ᠪᠠᠶᠢᠭᠤᠯᠣᠨ᠂ ᠨᠢᠭᠡ ᠪᠦᠯᠦᠭ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠢᠨᠵᠧᠨᠧᠷᠢᠩ ᠤᠨ ᠲᠤᠷᠰᠢᠯᠲᠠ ᠶᠢᠨ ᠲᠠᠰᠤᠭ ᠪᠠ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠬᠡᠨ ᠪᠤᠶᠢᠵᠢᠭᠤᠯᠵᠤ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠲᠥᠷᠥᠯ ᠵᠦᠶ᠋ᠯ ᠳᠤ ᠢᠳᠡᠪᠬᠢᠲᠡᠶ ᠣᠷᠣᠯᠴᠠᠨ | ᠂ ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠵᠦᠶ᠋ᠯ ᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠯᠤᠭ᠎ᠠ ᠵᠡᠷᠭᠡ ᠪᠠᠷ | ᠬᠠᠷᠢᠯᠴᠠᠨ ᠬᠥᠳᠡᠯᠦᠯᠴᠡᠬᠦ ᠶᠢ ᠠᠬᠢᠭᠤᠯᠵᠣ᠂ ᠣᠷᠳᠣᠰ ᠤᠨ ᠣᠷᠣᠨ ᠪᠦᠰᠡ ᠶᠢᠨ ᠰᠢᠨ᠎ᠡ ᠶᠢ ᠡᠭᠦᠳᠬᠦ ᠥᠨᠳᠦᠷᠯᠢᠭ ᠢ ᠪᠠᠶᠢᠭᠤᠯᠤᠨ᠎ᠠ᠃ | | | ᠭᠤᠷᠪᠠ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠷᠢᠶᠡᠨ ᠤ ᠲᠣᠭᠠᠴᠢᠯᠠᠭᠰᠠᠨ ᠬᠡᠷᠡᠭᠯᠡᠯᠡᠲᠡ ᠶᠢ ᠲᠦᠷᠭᠡᠳᠬᠡᠨ᠎ᠡ᠃ | ︵ᠨᠢᠭᠡ︶ ᠢᠨᠲ᠋ᠤᠷ ᠰᠦᠯᠵᠢᠶᠡᠨ ᠤ ᠡᠮᠴᠢᠯᠡᠭᠡᠨ ᠤ ᠬᠡᠷᠡᠭᠯᠡᠭᠡᠨ ᠤ ᠲᠠᠯᠠᠪᠤᠷ ᠤᠨ ᠠᠬᠢᠭᠤᠯᠣᠨ᠎ᠠ᠃ | ᠲᠣᠮᠣ ᠳ᠋ᠠᠶᠢᠲ᠋ᠠ ᠶᠢ ᠵᠠᠳᠠᠯᠬᠤ ᠪᠠ ᠠᠭᠤᠳᠠᠯᠬᠤ ᠶᠢ ᠥᠷᠨᠢᠭᠦᠯᠵᠦ᠂ ᠵᠠᠰᠠᠭ ᠤᠨ ᠣᠷᠳᠣᠨ ᠤ ᠲᠣᠭᠠᠴᠢᠯᠠᠭᠰᠠᠨ ᠲᠠᠪᠴᠠᠩ ᠳᠤ ᠲᠦᠰᠢᠭᠯᠡᠨ᠂ ᠤᠶᠤᠨᠲᠤ | ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ | ᠦᠶ᠋ᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ | ᠲᠠᠩᠰᠠ ᠡᠪᠬᠡᠮᠡᠯ ᠢ ᠡᠮᠬᠢᠯᠡᠨ ᠨᠡᠶᠢᠯᠡᠭᠦᠯᠵᠦ᠂ ᠤᠶᠤᠨᠲᠤ ᠡᠮᠴᠢᠯᠡᠭᠡ ᠡᠷᠡᠭᠦᠯ ᠬᠠᠮᠠᠭᠠᠯᠠᠯ ᠤᠨ ᠰᠠᠭᠤᠷᠢ ᠲᠤᠯᠭᠠᠭᠤᠷᠢᠯᠠᠬᠤ ᠰᠢᠰᠲ᠋ᠧᠮᠵᠢ᠂ ᠪᠠᠷᠢᠮᠵᠢᠶ᠎ᠠ ᠶᠢᠨ | ᠵᠢᠷᠤᠮᠵᠢᠯ ᠤᠨ ᠰᠢᠰᠲ᠋ᠧᠮᠵᠢ ᠪᠠ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠣᠨ᠂ ᠲᠦᠪᠰᠢᠨ ᠨᠠᠶᠢᠳᠠᠪᠤᠷᠢᠲᠠᠶ ᠣᠷᠣᠨ | ᠪᠦᠰᠡ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠣᠶᠤᠨᠴᠢ ᠡᠷᠡᠭᠦᠯ ᠮᠡᠨᠳᠦ ᠶᠢᠨ ᠦᠶ᠋ᠯᠡᠴᠢᠯᠡᠭᠡᠨ ᠤ ᠠᠵᠤ | ᠦᠶ᠋ᠯᠡᠰ ᠢ ᠬᠥᠭᠵᠢᠭᠦᠯᠵᠦ᠂ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠢᠶ᠎ᠠ ᠪᠠᠭᠰᠢ ᠲᠣᠭᠤᠷᠢᠭ ᠲᠤ ᠨᠠᠶᠢᠳᠠᠪᠤᠷᠢᠵᠢᠭᠤᠯᠤᠨ | ᠬᠤᠪᠢᠷᠠᠭᠤᠯᠬᠤ ᠶᠢ ᠲᠦᠷᠭᠡᠳᠬᠡᠨ᠂ ᠠᠵᠢᠯ ᠲᠥᠷᠥᠯ ᠤᠨ ᠮᠡᠷᠭᠡᠵᠢᠯ ᠤᠨ ᠨᠡᠭᠡᠭᠡᠯᠲᠡ ᠪᠠ ᠦᠷ᠎ᠡ ᠪᠦᠲᠦᠭᠡᠯ ᠤᠨ ᠠᠵᠤ ᠦᠶᠢᠯᠡᠰᠵᠢᠯᠲᠡ ᠶᠢ ᠠᠬᠢᠭᠤᠯᠤᠨ᠎ᠠ᠃ | ︵ᠬᠤᠶᠠᠷ︶ ᠨᠠᠰᠤᠵᠢᠯ ᠤᠨ ᠠᠰᠠᠷᠠᠮᠵᠢ ᠶᠢᠨ ᠣᠶᠤᠨᠴᠢ ᠮᠡᠳᠡᠭᠡ ᠵᠠᠩᠭᠢ ᠶᠢᠨ ᠳᠠᠪᠴᠠᠩ ᠤᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ | ᠲᠣᠮᠣ ᠳ᠋ᠠᠶᠢᠲ᠋ᠠ ᠳᠤ ᠰᠠᠭᠤᠷᠢᠯᠠᠭᠰᠠᠨ ᠤᠶᠤᠨᠲᠤ ᠨᠠᠰᠤᠵᠢᠯ ᠤᠨ ᠠᠰᠠᠷᠠᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠤᠶᠤᠨᠲᠤ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡ ᠪᠣᠯᠤᠨ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠤᠶᠠᠯᠳᠤᠭᠤᠯᠵᠤ᠂ ᠡᠬᠢ ᠪᠠᠶᠠᠯᠢᠭ ᠢ | ᠨᠡᠶᠢᠳᠬᠡᠵᠦ᠂ ᠲᠤᠬᠢᠷᠠᠭᠤᠯᠤᠯᠳᠠ ᠶᠢ ᠰᠢᠯᠢᠳᠡᠭᠵᠢᠭᠦᠯᠦᠨ᠂ ᠬᠠᠮᠢᠶ᠎ᠠ ᠪᠦᠬᠦᠢ ᠠᠵᠤ ᠠᠬᠤᠶᠢᠯᠠᠯ ᠤᠨ ᠣᠷᠣᠯᠴᠠᠬᠤ ᠬᠡᠮᠵᠢ᠊ ᠡᠶ᠎ᠡ ᠪᠣᠯᠤᠨ ᠢᠳᠡᠪᠬᠢᠵᠢᠯ ᠢ | ᠳᠡᠭᠡᠭᠰᠢᠯᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠣᠶᠤᠨᠴᠢ ᠲᠡᠰ ᠳᠡᠪᠰᠢᠬᠦ ᠶᠢ ᠠᠬᠢᠭᠤᠯᠣᠨ᠂ ᠤᠶᠤᠨᠲᠤ ᠨᠠᠰᠤᠵᠢᠯ ᠤᠨ ᠦᠢᠯᠡᠴᠢᠯᠡᠭᠡᠨ ᠤ ᠬᠡᠯᠪᠡᠷᠢ ᠶᠢ | ᠪᠠᠶᠠᠯᠢᠭᠵᠢᠭᠤᠯᠬᠤ ᠪᠠ ᠤᠶᠤᠨᠲᠤ ᠨᠠᠰᠤᠵᠢᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠰᠢᠨ᠎ᠡ ᠶᠢ ᠡᠭᠦᠳᠴᠦ᠂ ᠨᠠᠰᠤᠵᠢᠯ ᠤᠨ ᠦᠢᠯᠡᠰ ᠪᠣᠯᠤᠨ ᠨᠠᠰᠤᠵᠢᠯ ᠤᠨ ᠠᠵᠤ | ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠨᠠᠰᠤᠵᠢᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ᠎ᠠ᠃ | ︵ᠭᠤᠷᠪᠠ︶ ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ | ᠲᠣᠭᠠᠴᠢᠯᠠᠭᠰᠠᠨ ᠮᠡᠷᠭᠡᠵᠢᠯ ᠢ ᠬᠡᠷᠡᠭᠯᠡᠨ ᠰᠤᠷᠭᠠᠨ ᠬᠥᠮᠦᠵᠢᠯ ᠤᠨ ᠲᠤᠭ᠎ᠠ ᠪᠠᠷᠢᠮᠲᠠ ᠶᠢ ᠬᠤᠷᠠᠮᠳᠤᠭᠤᠯᠬᠤ᠂ ᠬᠠᠳᠠᠭᠠᠯᠠᠬᠤ ᠪᠠ ᠰᠢᠶ᠋ᠳᠪᠦᠷᠢᠯᠡᠬᠦ ᠶᠢ | ᠠᠬᠢᠭᠤᠯᠵᠤ᠂ ᠰᠤᠷᠭᠠᠨ ᠬᠥᠮᠦᠵᠢᠯ ᠤᠨ ᠰᠦᠯᠵᠢᠶᠡᠨ ᠤ ᠣᠯᠠᠨ ᠨᠡᠶᠢᠲᠡ ᠶᠢᠨ ᠲᠠᠪᠴᠠᠩ ᠪᠠ ᠲᠣᠮᠣ ᠲᠤᠭ᠎ᠠ ᠪᠠᠷᠢᠮᠲᠠ ᠶᠢᠨ ᠲᠠᠲᠠᠭᠠᠯ ᠢ ᠪᠣᠶ ᠪᠣᠯᠭᠠᠵᠤ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠣᠶᠤᠨᠴᠢ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠦᠨᠡᠯᠡᠬᠦ ᠵᠡᠷᠭᠡ ᠪᠥᠬᠦ ᠶᠠᠪᠤᠴᠠ ᠶᠢ ᠳᠡᠮᠵᠢᠨ᠎ᠡ᠃ ᠨᠢᠭᠡ | ᠪᠦᠯᠦᠭ ᠲᠠᠪᠴᠠᠩ ᠤᠨ ᠮᠠᠶ᠋ᠢᠭ ᠤᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠠ | ᠬᠥᠮᠦᠵᠢᠭᠦᠯᠵᠦ᠂ ᠲᠣᠭᠠᠴᠢᠯᠠᠭᠰᠠᠨ ᠮᠡᠷᠭᠡᠵᠢᠯ ᠢ ᠬᠡᠷᠡᠭᠯᠡᠨ ᠡᠭᠦᠯᠡᠨ ᠬᠢᠴᠢᠶᠡᠯ ᠤᠨ ᠲᠠᠩᠬᠢᠮ᠂ ᠡᠯ᠎ᠡ ᠲᠥᠷᠥᠯ ᠤᠨ ᠬᠢᠴᠢᠶᠡᠯ ᠤᠨ ᠰᠢᠭᠤᠳ ᠨᠡᠪᠲᠡᠷᠡᠭᠦᠯᠭᠡ ᠵᠡᠷᠭᠡ | ᠣᠶᠤᠨᠴᠢ ᠦᠶ᠋ᠯᠡᠴᠢᠯᠡᠭᠡ ᠶᠢ ᠦᠷᠨᠢᠭᠦᠯᠦᠨ᠂ ᠰᠤᠷᠭᠠᠭᠤᠯᠢ ᠬᠢᠭᠡᠳ ᠲᠠᠪᠴᠠᠩ ᠤᠨ ᠮᠠᠶ᠋ᠢᠭ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠰᠦᠯᠵᠢᠶᠡᠨ ᠳᠡᠭᠡᠷᠡᠬᠢ | ᠰᠤᠷᠭᠠᠨ ᠬᠥᠮᠦᠵᠢᠯ ᠤᠨ ᠦᠶ᠋ᠯᠡᠳᠬᠦᠨ ᠢ ᠬᠠᠮᠲᠤᠷᠠᠨ ᠨᠡᠭᠡᠭᠡᠨ ᠬᠥᠭᠵᠢᠭᠦᠯᠬᠦ ᠶᠢ ᠳᠡᠮᠵᠢᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠥᠲᠥᠯᠦᠨ | ᠵᠢᠯᠣᠭᠤᠳᠴᠤ ᠪᠠᠶᠢᠭᠠᠳ ᠰᠢᠨ᠎ᠡ ᠮᠡᠷᠭᠡᠵᠢᠯ ᠢᠶᠠᠷ ᠳᠠᠮᠵᠢᠭᠤᠯᠤᠨ ᠨᠡᠶᠢᠳᠡᠮ ᠠᠰᠢᠭ ᠬᠦᠷᠲᠡᠭᠡᠬᠦ ᠶᠢ ᠪᠡᠶᠡᠯᠡᠭᠦᠯᠦᠨ᠎ᠡ᠃ | ︵ᠳᠥᠷᠪᠡ︶ ᠲᠣᠭᠠᠴᠢᠯᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠰᠤᠳᠤᠯᠭᠠᠨ ᠢ ᠥᠷᠨᠢᠭᠦᠯᠦᠨ᠎ᠡ᠃ | ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠰᠤᠳᠤᠯᠭᠠᠨ ᠢ ᠥᠷᠨᠢᠭᠦᠯᠵᠦ᠂ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢᠨ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠯᠲᠡ ᠲᠠᠢ ᠬᠠᠮᠲᠤᠪᠠᠷ ᠡᠳ᠋ᠯᠡᠬᠦ ᠶᠢ ᠠᠬᠢᠭᠤᠯᠤᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠬᠡᠷᠡᠭᠯᠡᠭᠡᠨ ᠤ ᠬᠥᠳᠡᠯᠭᠡᠬᠦ ᠬᠦᠴᠦᠨ ᠪᠠ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠵᠠᠮ ᠬᠠᠷᠢᠯᠴᠠᠭ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠵᠡᠷᠭᠡ ᠡᠯ᠎ᠡ ᠲᠠᠯ᠎ᠠ ᠶᠢᠨ ᠶᠡᠷᠦᠩᠬᠡᠶᠢᠯᠡᠭᠰᠡᠨ ᠰᠢᠶ᠋ᠳᠪᠦᠷᠢᠲᠦ | ᠪᠣᠳᠣᠯᠭ᠎ᠠ ᠶᠢᠨ ᠦᠶ᠋ᠯᠡᠴᠢᠯᠡᠭᠡ ᠶᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠲᠥᠷᠥᠯ ᠬᠡᠯᠪᠡᠷᠢ ᠪᠠ ᠶᠠᠰᠤ ᠴᠢᠨᠠᠷ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | | ᠭᠤᠷᠪᠠᠳᠤᠭᠠᠷ ᠪᠦᠯᠦᠭ᠂ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢ | ᠬᠦᠴᠦᠯᠡᠨ ᠠᠬᠢᠭᠤᠯᠤᠨ᠎ᠠ | ᠨᠢᠭᠡ᠂ ᠡᠮᠴᠢᠯᠡᠭᠡᠨ ᠤ ᠠᠨᠠᠭᠠᠬᠤ ᠤᠬᠠᠭᠠᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ | ︵ᠨᠢᠭᠡ︶ ᠡᠮᠴᠢᠯᠡᠭᠡᠨ ᠤ ᠮᠡᠷᠭᠡᠵᠢᠯ ᠤᠨ ᠬᠡᠷᠡᠭᠯᠡᠭᠡᠨ ᠤ ᠵᠣᠬᠢᠵᠠᠮᠵᠢ ᠶᠢᠨ ᠰᠢᠨ᠎ᠡ ᠶᠢ ᠡᠭᠦᠳᠦᠨ᠎ᠡ᠃ | ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠰᠢᠨ᠎ᠡ ᠮᠡᠷᠭᠡᠵᠢᠯ ᠤᠨ ᠲᠥᠷᠥᠯ ᠵᠦᠶ᠋ᠯ ᠢ ᠬᠡᠷᠡᠭᠵᠢᠭᠦᠯᠬᠦ ᠪᠠ ᠳᠡᠯᠭᠡᠷᠡᠭᠦᠯᠬᠦ ᠱᠠᠲᠤ ᠦᠶ᠎ᠡ ᠳᠠᠬᠢ ᠤᠷᠮᠠᠰᠢᠭᠤᠯᠬᠤ | ᠲᠣᠭᠲᠠᠴᠠ ᠶᠢ ᠪᠠᠶᠢᠭᠤᠯᠵᠤ᠂ ᠰᠢᠨ᠎ᠡ ᠶᠢ ᠡᠭᠦᠳᠬᠦ ᠶᠢ ᠱᠠᠩᠨᠠᠬᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠲᠠᠩ ᠵᠦᠶ᠋ᠯ ᠢᠶᠠᠷ ᠲᠣᠭᠠᠴᠠᠭ᠎ᠠ ᠬᠢᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠮᠠᠰᠢᠭᠤᠯᠬᠤ ᠬᠡᠷᠡᠭᠲᠡᠶ᠃ ᠡᠭᠦᠨ ᠤ ᠬᠠᠮᠲᠤ ᠵᠥᠪᠰᠢᠶᠡᠷᠡᠨ ᠣᠷᠣᠭᠤᠯᠬᠤ᠂ ᠶᠠᠪᠤᠴᠠ ᠲᠤ ᠬᠢᠨᠠᠯᠲᠠ ᠲᠠᠯᠪᠢᠬᠤ ᠪᠠ | ᠮᠥᠷᠳᠡᠨ ᠬᠠᠮᠢᠶᠠᠷᠬᠤ ᠵᠡᠷᠭᠡ ᠠᠷᠭ᠎ᠠ ᠮᠠᠶᠠᠭ ᠢ ᠴᠢᠩᠳᠠᠯᠠᠬᠤ ᠪᠠᠷ ᠳᠠᠮᠵᠢᠭᠤᠯᠤᠨ ᠬᠢᠵᠠᠭᠠᠷᠯᠠᠨ ᠵᠢᠷᠤᠮᠵᠢᠭᠤᠯᠵᠤ᠂ ᠡᠮᠴᠢᠯᠡᠭᠡᠨ ᠤ ᠰᠢᠨ᠎ᠡ ᠮᠡᠷᠭᠡᠵᠢᠯ ᠤᠨ ᠵᠢᠷᠤᠮᠵᠢᠭᠰᠠᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠡᠮᠴᠢᠯᠡᠭᠡᠨ ᠤ ᠰᠢᠨ᠎ᠡ ᠮᠡᠷᠭᠡᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ | ︵ᠬᠤᠶᠠᠷ︶ ᠡᠮᠴᠢᠯᠡᠭᠡᠨ ᠤ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠬᠡᠷᠡᠭᠲᠡᠶ᠃ | ᠲᠡᠷᠢᠭᠦᠨ ᠤ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠷᠢᠭᠦᠨ ᠤ ᠭᠠᠵᠠᠷ ᠣᠷᠣᠨ ᠤ ᠴᠢᠨᠠᠷ | ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠭᠦᠶ᠋ᠴᠡᠳ ᠠᠰᠢᠭᠯᠠᠨ᠂ ᠬᠢᠶ᠎ᠠ ᠪᠠᠭᠰᠢ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠯᠤᠰ ᠡᠵᠡᠮᠰᠢᠯᠲᠦ | ᠰᠦᠯᠵᠢᠶᠡᠨ ᠳᠡᠭᠡᠷ᠎ᠡ ᠬᠠᠮᠲᠤᠷᠠᠨ ᠣᠨᠣᠰᠢᠯᠠᠬᠤ ᠲᠠᠪᠴᠠᠩ ᠢ ᠪᠠᠶᠢᠭᠤᠯᠵᠤ᠂ ᠲᠣᠰ ᠭᠠᠵᠠᠷ ᠣᠷᠣᠨ ᠤ ᠡᠮᠴᠢᠯᠡᠭᠡᠨ ᠤ ᠠᠨᠠᠭᠠᠬᠤ ᠤᠬᠠᠭᠠᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠢᠶ᠎ᠠ ᠪᠠᠭᠰᠢ ᠲᠣᠭᠤᠷᠢᠭ ᠤᠨ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠬᠢᠭᠡᠳ ᠡᠵᠡᠮᠳᠡᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ | ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠂ ᠴᠢᠳᠠᠪᠤᠷᠢᠲᠠᠨ ᠤ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠡᠮᠴᠢᠯᠡᠭᠡᠨ ᠤ ᠮᠡᠷᠭᠡᠵᠢᠯ ᠤᠨ | ᠴᠢᠳᠠᠪᠤᠷᠢ ᠶᠢ ᠳᠡᠭᠡᠭᠰᠢᠯᠡᠭᠦᠯᠵᠦ᠂ ᠡᠮᠴᠢᠯᠡᠭᠡᠨ ᠤ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠡᠮᠴᠢᠯᠡᠭᠡᠨ ᠤ ᠰᠢᠨ᠎ᠡ ᠮᠡᠷᠭᠡᠵᠢᠯ ᠢ | ᠡᠮᠴᠢᠯᠡᠭᠡᠨ ᠳᠤ ᠨᠠᠩ ᠣᠯᠠᠨ ᠬᠡᠷᠡᠭᠯᠡᠬᠦ ᠶᠢ ᠠᠬᠢᠭᠤᠯᠤᠨ᠎ᠠ᠃ | ︵ᠭᠤᠷᠪᠠ︶ ᠡᠮᠴᠢᠯᠡᠭᠡᠨ ᠤ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ | ᠲᠦᠷᠭᠡᠳᠬᠡᠨ᠎ᠡ᠃ | ᠲᠣᠰ ᠭᠠᠵᠠᠷ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ ᠶᠢ ᠨᠡᠮᠡᠭᠳᠡᠭᠦᠯᠵᠦ᠂ ᠭᠠᠵᠠᠷ ᠣᠷᠣᠨ ᠤ | ᠡᠮᠴᠢᠯᠡᠭᠡᠨ ᠤ ᠠᠨᠠᠭᠠᠬᠤ ᠤᠬᠠᠭᠠᠨ ᠤ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠤᠯᠤᠰ ᠤᠨ ᠥᠮᠴᠢᠯᠡᠯᠲᠦ᠂ ᠠᠷᠠᠳ ᠠᠴᠠ ᠡᠵᠡᠩᠨᠡᠭᠰᠡᠨ | ᠡᠮᠴᠢᠯᠡᠭᠡᠨ ᠤ ᠪᠠᠶᠢᠭᠤᠯᠤᠮᠵᠢ ᠪᠣᠯᠤᠨ ᠰᠤᠳᠤᠯᠭᠠᠨ ᠤ ᠪᠠᠶᠢᠭᠤᠯᠤᠮᠵᠢ ᠶᠢᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠷᠥᠯ ᠵᠦᠶ᠋ᠯ ᠤᠨ ᠪᠠᠯᠠ ᠮᠥᠩᠭᠦ ᠶᠢ ᠢᠳᠡᠪᠬᠢᠲᠡᠶ ᠪᠠᠷ ᠲᠡᠮᠡᠴᠡᠨ ᠣᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠡᠮᠴᠢᠯᠡᠭᠡᠨ ᠤ ᠠᠨᠠᠭᠠᠬᠤ ᠤᠬᠠᠭᠠᠨ ᠤ ᠰᠢᠨ᠎ᠡ ᠮᠡᠷᠭᠡᠵᠢᠯ ᠰᠢᠨ᠎ᠡ ᠦᠷ᠎ᠡ ᠪᠦᠲᠦᠭᠡᠯ ᠢ ᠲᠣᠰ ᠭᠠᠵᠠᠷ ᠣᠷᠣᠨ ᠳᠤ | ᠬᠡᠷᠡᠭᠯᠡᠬᠦ ᠵᠢᠡᠭᠦᠨ ᠤ ᠵᠡᠷᠭᠡᠴᠡᠭᠡᠪᠡᠷ᠂ ᠪᠠᠷᠠᠭᠠᠯᠬᠢᠯᠠᠯ ᠤᠨ ᠴᠢᠨᠠᠷᠲᠠᠶ᠂ ᠴᠢᠬᠤᠯᠠ ᠶᠡᠭᠡ ᠠᠵᠤ ᠠᠬᠤᠶ ᠶᠢᠨ ᠦᠨ᠎ᠡ ᠦᠷᠳᠡᠭ ᠲᠠᠢ ᠰᠢᠨ᠎ᠡ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠭᠠᠵᠠᠷ ᠣᠷᠣᠨ ᠤ ᠡᠮᠴᠢᠯᠡᠭᠡᠨ ᠤ ᠰᠢᠨ᠎ᠡ ᠲᠧᠭᠨᠢᠭ ᠮᠡᠷᠭᠡᠵᠢᠯ᠂ ᠡᠮ | ᠡᠮᠨᠡᠯᠭᠡ ᠶᠢᠨ ᠠᠵᠤ ᠦᠢᠯᠡᠰ ᠤᠨ ᠴᠡᠴᠡᠭᠯᠡᠨ ᠪᠤᠵᠠᠭᠠᠶᠢᠷᠠᠬᠤ ᠶᠢ ᠠᠬᠢᠭᠤᠯᠤᠨ᠎ᠠ᠃ | | | ᠬᠤᠶᠠᠷ᠂ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠬᠦᠭᠵᠢᠯᠲᠡ ᠶᠢᠨ ᠰᠢᠨ᠎ᠡ ᠶᠢ ᠡᠭᠦᠳᠦᠨ᠎ᠡ᠃ | ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠣᠳᠣᠬᠢᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠣᠷᠣᠨ ᠪᠦᠰᠡ ᠶᠢᠨ ᠴᠢᠨᠠᠷᠲᠠᠶ ᠬᠢᠲᠠᠳ ᠡᠮ ᠡᠮᠨᠡᠯᠭᠡ ᠪᠠ ᠮᠣᠩᠭᠤᠯ | ᠡᠮ ᠡᠮᠨᠡᠯᠭᠡ ᠶᠢᠨ ᠲᠡᠤᠬᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠬᠤ ᠶᠢ ᠶᠡᠬᠡᠪᠡᠷ ᠳᠡᠮᠵᠢᠵᠦ᠂ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ | ᠣᠨᠣᠰᠢᠯᠠᠨ ᠡᠮᠨᠡᠬᠦ ᠮᠡᠷᠭᠡᠵᠢᠯ ᠪᠠ ᠵᠣᠷ ᠤᠨ ᠡᠮ ᠢ ᠪᠢᠴᠢᠵᠦ ᠣᠷᠣᠭᠤᠯᠬᠤ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠬᠤ ᠶᠢᠨ ᠬᠠᠮᠲᠤ᠂ ᠬᠢᠲᠠᠳ ᠡᠮ ᠡᠮᠨᠡᠯᠭᠡ ᠪᠠ | ᠮᠣᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠤᠯᠠᠮᠵᠢᠯᠠᠨ ᠵᠠᠯᠭᠠᠮᠵᠢᠯᠠᠬᠤ ᠪᠠ ᠳᠡᠯᠭᠡᠷᠡᠭᠦᠯᠦᠨ ᠬᠡᠷᠡᠭᠯᠡᠬᠦ ᠪᠦᠲᠦᠮᠵᠢᠲᠡᠶ ᠠᠷᠭ᠎ᠠ ᠶᠢ ᠰᠦᠪᠡᠭᠴᠢᠯᠡᠨ | ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠰᠢᠨ᠎ᠡ ᠶᠢ ᠡᠭᠦᠳᠬᠦ ᠴᠢᠳᠠᠪᠤᠷᠢ ᠲᠠᠢ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠰᠢᠨ᠎ᠡ ᠮᠠᠶ᠋ᠢᠭ ᠤᠨ | ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ | ᠰᠢᠨ᠎ᠡ ᠶᠢ ᠡᠭᠦᠳᠬᠦ ᠴᠢᠳᠠᠪᠤᠷᠢ ᠪᠠ ᠣᠨᠣᠰᠢᠯᠠᠨ ᠵᠠᠰᠠᠬᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ᠪᠠ ᠮᠣᠩᠭᠤᠯ ᠡᠮ | ᠡᠮᠨᠡᠯᠭᠡ ᠶᠢᠨ ᠦᠶ᠋ᠯᠡᠴᠢᠯᠡᠭᠡᠨ ᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠵᠤ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠦᠶ᠋ᠯᠡᠰ ᠤᠨ | ᠬᠥᠭᠵᠢᠯᠲᠡ ᠶᠢᠨ ᠣᠨᠴᠠᠯᠢᠭ ᠢ ᠲᠦᠷᠭᠡᠳᠬᠡᠨ ᠪᠣᠶ ᠪᠣᠯᠭᠠᠵᠤ᠂ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠦᠶ᠋ᠯᠡᠴᠢᠯᠡᠭᠡᠨ ᠤ ᠵᠢᠱᠢᠶ᠎ᠡ ᠦᠵᠡᠭᠦᠯᠬᠦ | ᠣᠷᠣᠨ ᠢ ᠪᠣᠶ ᠪᠣᠯᠭᠠᠬᠤ ᠳᠤ ᠬᠤᠪᠢ ᠨᠡᠮᠡᠷᠢ ᠦᠵᠡᠭᠦᠯᠦᠨ᠎ᠡ᠃ | | | ᠭᠤᠷᠪᠠ᠂ ᠰᠢᠨ᠎ᠡ ᠶᠢ ᠡᠭᠦᠳᠬᠦ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ | ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠤᠨ ᠠᠮᠢ | ᠠᠬᠤᠶ ᠶᠢᠨ ᠣᠷᠴᠢᠨ ᠲᠣᠭᠤᠷᠢᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠤᠳᠤᠯᠭᠠᠨ ᠢᠶᠠᠷ ᠭᠤᠣᠯ ᠪᠣᠯᠭᠠᠭᠰᠠᠨ ᠮᠡᠳᠡᠯᠭᠡ ᠶᠢᠨ ᠰᠢᠨ᠎ᠡ ᠶᠢ ᠡᠭᠦᠳᠬᠦ ᠰᠢᠰᠲ᠋ᠧᠮ᠂ ᠢᠨᠵᠧᠨᠧᠷᠢᠩ ᠤᠨ | ᠰᠢᠨᠵᠢᠯᠡᠬᠦ ᠤᠬᠠᠭᠠᠨ ᠮᠡᠷᠭᠡᠵᠢᠯ ᠪᠠ ᠬᠡᠷᠡᠭᠯᠡᠭᠡᠨ ᠤ ᠰᠤᠳᠤᠯᠭᠠᠨ ᠢᠶᠠᠷ ᠭᠤᠣᠯ ᠪᠣᠯᠭᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ | ᠰᠢᠨᠵᠢᠯᠡᠭᠡᠨ ᠤ ᠰᠠᠯᠠᠭᠠᠨ ᠤ ᠬᠡᠯᠬᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶᠡᠨ ᠤ ᠠᠵᠤ ᠦᠢᠯᠡᠰ ᠤᠨ ᠬᠡᠯᠬᠢᠶ᠎ᠡ ᠪᠠ | ᠦᠢᠯᠡᠴᠢᠯᠡᠭᠡᠨ ᠤ ᠬᠡᠯᠬᠢᠶ᠎ᠡ ᠲᠠᠢ ᠨᠢᠭᠲᠠ ᠵᠣᠯᠭᠠᠭᠤᠯᠬᠤ ᠶᠢ ᠤᠯᠠᠮ ᠲᠦᠷᠭᠡᠳᠭᠡᠨ᠂ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ | ᠲᠦᠷᠭᠡᠳᠭᠡᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠶᠢ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ | ᠪᠠᠶᠠᠯᠢᠭ ᠲᠠᠢ ᠵᠣᠯᠭᠠᠭᠤᠯᠬᠤ ᠲᠣᠭᠲᠠᠴᠠ ᠶᠢ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠮᠡᠷᠭᠡᠵᠢᠯ ᠤᠨ ᠦᠶ᠋ᠯᠡᠴᠢᠯᠡᠭᠡᠨ ᠤ ᠴᠢᠭᠯᠡᠭᠦᠯᠦᠯᠲᠦ ᠴᠢᠨᠠᠷ ᠢ ᠴᠢᠩᠭᠠᠷᠠᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ | ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠠᠵᠤ ᠠᠬᠤᠶᠢᠯᠠᠯ ᠯᠤᠭ᠎ᠠ ᠵᠣᠯᠭᠠᠭᠤᠯᠬᠤ ᠲᠣᠭᠲᠠᠴᠠ ᠪᠠ ᠨᠡᠶᠢᠭᠡᠮ ᠤᠨ ᠨᠡᠶᠢᠲᠡᠯᠡᠬᠦ ᠲᠠᠪᠴᠠᠩ ᠢ ᠪᠠᠶᠢᠭᠤᠯᠤᠨ᠂ | ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠪᠣᠳᠠᠲᠤ ᠦᠶ᠋ᠯᠡᠳᠪᠦᠷᠢᠯᠡᠯ ᠤᠨ ᠬᠦᠴᠦᠨ ᠪᠣᠯᠭᠠᠨ | ᠪᠦᠲᠦᠮᠵᠢᠲᠡᠶ ᠬᠤᠪᠢᠷᠠᠭᠤᠯᠬᠤ ᠶᠢ ᠲᠦᠷᠭᠡᠳᠬᠡᠵᠦ᠂ ᠬᠢᠶ᠎ᠠ ᠪᠠᠭᠰᠢ ᠲᠣᠭᠤᠷᠢᠭ ᠤᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠩᠭ᠎ᠠ | ᠬᠦᠴᠦᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ︽ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ | ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ︾ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠷᠭᠠᠨ ᠬᠥᠮᠦᠵᠢᠯ ᠤᠨ ᠠᠵᠢᠯᠯᠠᠭ᠎ᠠ ᠶᠢ ᠦᠷᠨᠢᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠭᠠᠷ ᠬᠥᠳᠡᠯᠦᠨ ᠦᠶ᠋ᠯᠡᠳᠦᠯᠭᠡᠵᠢᠭᠦᠯᠬᠦ ᠴᠢᠳᠠᠪᠤᠷᠢ᠂ ᠵᠠᠮ ᠨᠡᠭᠡᠭᠡᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ | ᠬᠥᠮᠦᠵᠢᠭᠦᠯᠵᠦ᠂ ᠰᠤᠷᠤᠭᠴᠢᠳ ᠤᠨ ᠥᠯᠥ ᠮᠡᠳᠡᠬᠦ ᠰᠢᠨᠵᠢᠯᠡᠬᠦ ᠤᠬᠠᠭᠠᠨ ᠢ ᠬᠠᠶᠢᠨ ᠰᠦᠪᠡᠭᠴᠢᠯᠡᠬᠦ ᠡᠷᠳᠡᠮ ᠰᠤᠷᠬᠤ ᠬᠦᠰᠡᠯ ᠢ ᠬᠦᠴᠦᠯᠡᠨ ᠬᠥᠮᠦᠵᠢᠭᠦᠯᠦᠨ᠎ᠡ᠃ | ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠰᠤᠷᠭᠠᠨ ᠬᠥᠮᠦᠵᠢᠯ ᠤᠨ ᠨᠠᠩ ᠪᠦᠲᠦᠮᠵᠢᠲᠡᠶ ᠬᠠᠮᠲᠤᠷᠠᠯᠴᠠᠬᠤ ᠲᠣᠭᠲᠠᠴᠠ ᠶᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠤᠨ ᠨᠢᠭᠲᠠ ᠠᠭᠤᠰᠤᠯᠴᠠᠬᠤ ᠶᠢ ᠠᠬᠢᠭᠤᠯᠤᠨ᠂ | ᠰᠤᠷᠤᠭᠴᠢᠳ ᠤᠨ ᠰᠢᠨ᠎ᠡ ᠶᠢ ᠡᠭᠦᠳᠬᠦ ᠰᠡᠳᠬᠢᠬᠦᠶ ᠪᠠ ᠴᠢᠳᠠᠪᠤᠷᠢ ᠶᠢ ᠬᠥᠮᠦᠵᠢᠭᠦᠯᠬᠦ ᠶᠢ ᠠᠬᠢᠭᠤᠯᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠡᠭᠦᠳᠦᠨ | ᠪᠦᠲᠦᠭᠡᠬᠦ ᠵᠣᠷᠢᠭ ᠰᠠᠨᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠵᠡᠯ ᠤᠬᠠᠮᠰᠠᠷ ᠢ ᠬᠥᠮᠦᠵᠢᠭᠦᠯᠦᠨ᠎ᠡ᠃ | | | ᠳᠥᠷᠪᠡᠳᠦᠭᠡᠷ ᠪᠦᠯᠦᠭ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠳᠡᠰ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠨᠢᠭᠡ᠂ ᠬᠤᠲᠠ ᠶᠢᠨ ᠠᠮᠢ ᠠᠬᠤᠶ ᠶᠢᠨ ᠦᠵᠡᠮᠵᠢ ᠶᠢᠨ ᠬᠡᠷᠡᠭᠯᠡᠯᠲᠡ ᠪᠠ ᠮᠡᠷᠭᠡᠵᠢᠯ ᠤᠨ ᠰᠢᠨ᠎ᠡ ᠶᠢ ᠡᠭᠦᠳᠦᠨ᠎ᠡ᠃ | ︵ᠨᠢᠭᠡ︶ ᠬᠤᠳᠠ ᠶᠢᠨ ᠠᠮᠢ ᠠᠬᠤᠶ ᠶᠢᠨ ᠦᠵᠡᠮᠵᠢ ᠶᠢᠨ ᠵᠢᠷᠤᠭᠯᠠᠨ ᠲᠥᠯᠥᠪᠯᠡᠬᠦ ᠴᠢᠳᠠᠪᠤᠷᠢ ᠪᠠ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠃ | ᠠᠮᠢ ᠠᠬᠤᠶ ᠶᠢᠨ ᠮᠡᠷᠭᠡᠵᠢᠯ᠂ ᠠᠮᠢ ᠠᠬᠤᠶ ᠶᠢᠨ ᠦᠷ᠎ᠡ ᠠᠰᠢᠭ᠂ ᠠᠮᠢ ᠠᠬᠤᠶ ᠶᠢᠨ ᠲᠣᠭᠲᠠᠴᠠ ᠵᠡᠷᠭᠡ ᠵᠢᠷᠤᠵᠤ ᠲᠥᠯᠥᠪᠯᠡᠬᠦ ᠮᠡᠷᠭᠡᠵᠢᠯ ᠤᠨ ᠭᠦᠢᠴᠡᠳᠬᠡᠬᠦ | ᠲᠣᠭᠠᠨ ᠤ ᠰᠢᠰᠲ᠋ᠧᠮ ᠤᠨ ᠰᠤᠳᠤᠯᠭᠠᠨ ᠢ ᠥᠷᠨᠢᠭᠦᠯᠵᠦ᠂ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠭᠠᠳᠠᠭᠰᠢᠯᠠᠭᠤᠯᠤᠯᠲᠠ ᠪᠠᠷ ᠪᠠᠭ᠎ᠠ ᠬᠤᠳᠠ ᠶᠢᠨ ᠠᠮᠢ | ᠠᠬᠤᠶ ᠶᠢᠨ ᠦᠵᠡᠮᠵᠢ ᠶᠢ ᠪᠦᠳᠦᠭᠡᠨ ᠪᠠᠶᠢᠭᠤᠯᠵᠤ᠂ ᠬᠤᠳᠠ ᠶᠢᠨ ᠦᠵᠡᠮᠵᠢ ᠶᠢ ᠨᠡᠭᠡᠭᠡᠨ ᠬᠥᠭᠵᠢᠭᠦᠯᠬᠦ ᠪᠠ ᠠᠮᠢ ᠠᠬᠤᠶ ᠶᠢᠨ ᠬᠠᠮᠠᠭᠠᠯᠠᠯᠲᠠ ᠶᠢ ᠵᠣᠬᠢᠴᠠᠩᠭᠤᠶ ᠪᠠᠷ | ᠬᠥᠭᠵᠢᠭᠦᠯᠬᠦ ᠶᠢ ᠪᠡᠶᠡᠯᠡᠭᠦᠯᠵᠦ᠂ ᠠᠮᠢ ᠠᠬᠤᠶ ᠶᠢᠨ ᠬᠤᠳᠠ ᠶᠢᠨ ᠡᠯ᠎ᠡ ᠵᠦᠢᠯ ᠤᠨ ᠴᠢᠳᠠᠮᠵᠢ ᠶᠢᠨ ᠬᠡᠷᠡᠭᠴᠡᠭᠡ ᠶᠢ ᠬᠠᠩᠭᠠᠵᠤ ᠪᠠᠶᠢᠭᠠᠳ ᠬᠤᠳᠠ ᠶᠢᠨ ᠰᠠᠭᠤᠭᠠᠯᠢ | ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠠ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠎ᠡ᠃ ᠤᠮᠠᠷᠠᠲᠤ | ᠣᠷᠣᠨ ᠤ ᠪᠣᠬᠢᠷᠲᠤᠯ ᠪᠠᠭ᠎ᠠ ᠭᠠᠳᠠᠭᠰᠢᠯᠠᠭᠤᠯᠬᠤ ᠤᠰᠤ ᠠᠷᠪᠢᠯᠠᠬᠤ ᠬᠡᠯᠪᠡᠷᠢ ᠶᠢᠨ ᠬᠤᠳᠠ ᠶᠢᠨ ᠦᠵᠡᠮᠵᠢ ᠶᠢᠨ ᠤᠷᠭᠤᠮᠠᠯ ᠲᠠᠷᠢᠬᠤ ᠮᠡᠷᠭᠡᠵᠢᠯ ᠬᠢᠭᠡᠳ | ᠤᠷᠭᠤᠮᠠᠯ ᠤᠨ ᠠᠮᠢ ᠠᠬᠤᠶ ᠶᠢ ᠰᠡᠷᠭᠦᠭᠡᠬᠦ ᠮᠡᠷᠭᠡᠵᠢᠯ ᠢ ᠬᠠᠶᠢᠨ ᠰᠦᠪᠡᠭᠴᠢᠯᠡᠨ᠎ᠡ᠃ ᠤᠰᠤ ᠠᠷᠪᠢᠯᠠᠬᠤ ᠬᠡᠯᠪᠡᠷᠢ ᠶᠢᠨ ᠬᠤᠳᠠ ᠶᠢᠨ ᠤᠰᠤᠨ ᠴᠣᠭᠴᠠ ᠶᠢᠨ | ᠦᠵᠡᠮᠵᠢ ᠶᠢ ᠠᠮᠢ ᠠᠬᠤᠶᠢᠵᠢᠭᠤᠯᠤᠨ ᠵᠢᠷᠤᠵᠤ ᠲᠥᠯᠥᠪᠯᠡᠬᠦ ᠮᠡᠷᠭᠡᠵᠢᠯ ᠤᠨ ᠬᠡᠷᠡᠭᠯᠡᠯᠲᠡ ᠪᠠ ᠰᠤᠳᠤᠯᠭᠠᠨ ᠢ ᠥᠷᠨᠢᠭᠦᠯᠦᠨ᠎ᠡ᠃ | ︵ᠬᠤᠶᠠᠷ︶ ᠬᠤᠲᠠ ᠶᠢᠨ ᠠᠮᠢ ᠠᠬᠤᠶ ᠶᠢᠨ ᠵᠠᠰᠠᠯᠲᠠ ᠶᠢᠨ ᠣᠶᠤᠨᠴᠢ ᠬᠡᠷᠡᠭᠯᠡᠭᠡᠨ ᠤ ᠮᠡᠷᠭᠡᠵᠢᠯ ᠢ ᠬᠥᠭᠵᠢᠭᠦᠯᠦᠨ᠎ᠡ᠃ | ᠢᠨᠲ᠋ᠧᠷ ᠰᠦᠯᠵᠢᠡᠶᠡ᠂ ᠲᠤᠮᠤ ᠳ᠋ᠠᠶᠢᠲ᠋ᠠ᠂ ᠡᠭᠦᠯᠡᠨ ᠪᠤᠳᠤᠯᠳᠠ ᠪᠣᠯᠤᠨ ᠵᠣᠬᠢᠶᠠᠮᠠᠯ ᠤᠶᠤᠨ ᠴᠢᠳᠠᠪᠤᠷᠢ ᠵᠡᠷᠭᠡ ᠣᠶᠤᠨᠴᠢ ᠮᠡᠷᠭᠡᠵᠢᠯ ᠢ ᠭᠦᠢᠴᠡᠳ | ᠠᠰᠢᠭᠯᠠᠵᠤ᠂ ︽ᠤᠶᠤᠨᠲᠤ ᠠᠮᠢ ᠠᠬᠤᠢ︾ ᠶᠢ ᠬᠦᠴᠦᠯᠡᠨ ᠪᠠᠶᠢᠭᠤᠯᠵᠤ᠂ ᠠᠮᠢ ᠠᠬᠤᠢ ᠶᠢᠨ ᠵᠠᠰᠠᠯᠲᠠ ᠶᠢᠨ ᠮᠡᠷᠭᠡᠵᠢᠯ ᠤᠨ ᠣᠳᠣᠬᠢᠴᠢᠯᠠᠯᠲᠠ ᠪᠠᠷ ᠠᠮᠢ | ᠠᠬᠤᠢ ᠶᠢᠨ ᠵᠠᠰᠠᠯᠲᠠ ᠶᠢᠨ ᠣᠳᠣᠬᠢᠴᠢᠯᠠᠯᠲᠠ ᠶᠢ ᠦᠨᠡᠨᠬᠦ ᠠᠬᠢᠭᠤᠯᠬᠤ ᠬᠡᠷᠡᠭᠲᠡᠢ᠃ ᠢᠨᠲ᠋ᠧᠷ ᠰᠦᠯᠵᠢᠶᠡᠨ ᠤ ᠮᠡᠷᠭᠡᠵᠢᠯ ᠳᠤ ᠲᠦᠰᠢᠭᠯᠡᠪᠡᠯ᠂ ᠠᠮᠢ ᠠᠬᠤᠢ ᠶᠢᠨ | ᠵᠠᠰᠠᠯᠲᠠ ᠶᠢᠨ ᠭᠤᠣᠯ ᠴᠣᠭᠴᠠ ᠴᠠᠭ ᠬᠤᠭᠤᠴᠠᠭ᠎ᠠ ᠪᠠ ᠣᠷᠣᠨ ᠵᠠᠢ ᠶᠢᠨ ᠬᠠᠷᠰᠢ ᠰᠠᠭᠠᠳ ᠢ ᠳᠠᠪᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠪᠦᠷᠬᠦᠴᠡ ᠶᠢᠨ ᠬᠡᠪᠴᠢᠡᠶᠡ ᠶᠢ ᠳᠠᠰᠤᠷᠠᠯᠳᠠᠲᠤᠮᠤ ᠳ᠋ᠠᠶᠢᠲ᠋ᠠ ᠶᠢᠨ ᠮᠡᠷᠭᠡᠵᠢᠯ ᠢ ᠠᠰᠢᠭᠯᠠᠨ ᠣᠷᠴᠢᠨ ᠲᠣᠭᠤᠷᠢᠨ ᠤ ᠵᠠᠰᠠᠯᠲᠠ ᠶᠢ ᠥᠷᠨᠢᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠡᠮᠬᠢᠯᠡᠬᠦ᠂ ᠬᠥᠳᠡᠯᠦᠩᠭᠦᠢ ᠪᠠᠷ ᠮᠥᠷᠳᠡᠨ ᠬᠠᠮᠢᠶᠠᠷᠬᠤ ᠪᠠ ᠶᠡᠷᠦᠩᠬᠡᠶᠢᠯᠡᠨ | ᠵᠠᠳᠠᠯᠵᠤ᠂ ᠠᠮᠢ ᠠᠬᠤᠢ ᠶᠢᠨ ᠬᠢᠨᠠᠨ ᠬᠡᠮᠵᠢᠯᠲᠡ ᠶᠢᠨ ᠠᠭᠤᠯᠭ᠎ᠠ ᠶᠢ ᠨᠡᠩ ᠨᠠᠷᠢᠯᠢᠭ ᠪᠣᠯᠭᠠᠵᠤ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ | ᠶᠡᠬᠡᠪᠡᠷ ᠳᠡᠭᠡᠭᠰᠢᠯᠡᠭᠦᠯᠦᠨ᠎ᠡ᠃ ︽ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ︾ ᠢᠶᠠᠷ ᠠᠮᠢ ᠠᠬᠤᠢ ᠶᠢᠨ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠴᠠᠭ ᠦᠶ᠎ᠡ ᠶᠢᠨ ᠠᠮᠢ ᠠᠬᠤᠢ ᠶᠢᠨ ᠵᠠᠰᠠᠯᠲᠠ ᠶᠢᠨ ᠠᠷᠭ᠎ᠠ ᠬᠡᠯᠪᠡᠷᠢ ᠶᠢ ᠢᠳᠡᠪᠬᠢᠲᠡᠢ ᠨᠡᠭᠡᠭᠡᠨ ᠰᠢᠨᠡᠴᠢᠯᠡᠵᠦ᠂ | ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠠᠯ᠎ᠠ ᠪᠠᠷ ᠬᠢ ᠭᠤᠣᠯᠯᠠᠭᠴᠢ ᠤᠶᠤᠨᠲᠤ ᠮᠡᠷᠭᠡᠵᠢᠯ ᠢ ᠰᠢᠪᠲᠤᠯᠵᠤ᠂ ᠪᠣᠬᠢᠷᠲᠤᠯ ᠦᠭᠡᠢ ᠤᠶᠤᠨᠲᠤ | ᠮᠡᠷᠭᠡᠵᠢᠯ ᠢᠶᠠᠷ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ | | | ᠬᠤᠶᠠᠷ᠂ ᠤᠰᠤᠨ ᠤ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠠᠰᠢᠭᠯᠠᠵᠤ ᠨᠡᠭᠡᠭᠡᠨ ᠬᠥᠭᠵᠢᠭᠦᠯᠬᠦ ᠮᠡᠷᠭᠡᠵᠢᠯ ᠢ ᠬᠥᠭᠵᠢᠭᠦᠯᠦᠨ᠎ᠡ᠃ | ︵ᠨᠢᠭᠡ︶ ᠤᠰᠤᠨ ᠤ ᠡᠬᠢ ᠪᠠᠶᠠᠯᠢᠭ ᠤᠨ ᠣᠶᠤᠨᠴᠢ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠣᠮᠣ ᠳ᠋ᠠᠶᠢᠲ᠋ᠠ ᠶᠢᠨ ᠬᠠᠳᠠᠭᠠᠯᠠᠯᠲᠠ᠂ ᠠᠯᠤᠰ ᠡᠵᠡᠮᠰᠢᠯᠳᠦ ᠵᠢᠷᠤᠭ ᠳᠦᠷᠰᠦ᠂ ᠵᠣᠬᠢᠶᠠᠮᠠᠯ ᠣᠶᠤᠨ ᠴᠢᠳᠠᠪᠤᠷᠢ᠂ ᠲᠠᠷᠬᠠᠮᠠᠯ ᠮᠠᠶ᠋ᠢᠭ ᠤᠨ ᠪᠣᠳᠣᠯᠭ᠎ᠠ | ᠵᠡᠷᠭᠡ ᠰᠢᠨ᠎ᠡ ᠮᠡᠷᠭᠡᠵᠢᠯ ᠤᠨ ᠬᠡᠷᠡᠭᠯᠡᠭᠡᠨ ᠳᠤ ᠰᠠᠭᠤᠷᠢᠯᠠᠵᠤ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ | ᠠᠰᠢᠭᠯᠠᠬᠤ ᠪᠠ ᠬᠠᠮᠢᠶᠠᠷᠬᠤ ᠵᠢᠴᠢ ᠤᠰᠤᠨ ᠠᠰᠢᠭᠯᠠᠯᠲᠠ ᠶᠢᠨ ᠣᠷᠣᠨ ᠵᠠᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠶᠢ ᠶᠡᠷᠦᠩᠬᠡᠶᠢᠯᠡᠨ ᠵᠠᠳᠠᠯᠬᠤ᠂ ᠥᠨᠳᠥᠷ | ᠦᠷ᠎ᠡ ᠪᠦᠲᠦᠮᠵᠢᠲᠡᠶ ᠬᠠᠳᠠᠭᠠᠯᠠᠬᠤ᠂ ᠭᠦᠨᠵᠡᠭᠡᠶ ᠠᠭᠤᠳᠠᠯᠤᠨ ᠵᠠᠳᠠᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ᠂ ᠣᠷᠣᠨ ᠵᠠᠶ ᠶᠢᠨ | ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠷᠢᠯᠴᠠᠨ ᠬᠤᠯᠪᠣᠭᠠᠯᠠᠬᠤ ᠪᠠ ᠬᠠᠮᠲᠤᠪᠠᠷ ᠡᠳᠡᠯᠡᠬᠦ ᠶᠢ ᠪᠡᠶᠡᠯᠡᠭᠦᠯᠦᠨ᠂ ᠤᠰᠤᠨ ᠠᠰᠢᠭᠯᠠᠯᠲᠠ ᠶᠢᠨ ᠲᠤᠬᠠᠶᠢᠯᠠᠭᠰᠠᠨ | ᠠᠵᠢᠯ ᠤᠨ ᠡᠨᠧᠷᠭᠢ ᠣᠯᠭᠤᠬᠤ ᠶᠢ ᠪᠡᠶᠡᠯᠡᠭᠦᠯᠵᠦ᠂ ᠬᠢᠶ᠎ᠠ ᠪᠠᠭᠰᠢ ᠲᠣᠭᠤᠷᠢᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠬᠤᠶᠠᠷ︶ ᠤᠰᠤᠨ ᠤ ᠡᠬᠢ ᠪᠠᠶᠠᠯᠢᠭ ᠤᠨ ᠳᠠᠭᠢᠨ ᠠᠰᠢᠭᠯᠠᠬᠤ ᠰᠢᠨ᠎ᠡ ᠮᠡᠷᠭᠡᠵᠢᠯ ᠢ ᠰᠤᠳᠣᠯᠠᠨ ᠬᠡᠷᠡᠭᠵᠢᠭᠦᠯᠦᠨ᠎ᠡ᠃ | ᠬᠤᠲᠠ ᠪᠠᠯᠭᠠᠰᠤᠨ ᠤ ᠠᠮᠢᠳᠤᠷᠠᠯ ᠤᠨ ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠤᠷᠮᠠᠰᠢᠭᠤᠯᠬᠤ ᠲᠣᠭᠲᠠᠴᠠ ᠶᠢ ᠰᠤᠳᠤᠯᠵᠤ᠂ ᠬᠤᠲᠠ | ᠭᠦᠳᠡᠭᠡᠨ ᠤ ᠠᠮᠢᠳᠤᠷᠠᠯ ᠤᠨ ᠤᠰᠤᠨ ᠤ ᠦᠨ᠎ᠡ ᠪᠠ ᠠᠮᠢᠳᠤᠷᠠᠯ ᠤᠨ ᠤᠰᠤ ᠠᠷᠪᠢᠯᠠᠬᠤ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠴᠦ᠂ ᠬᠤᠲᠠ | ᠪᠠᠯᠭᠠᠰᠤᠨ ᠤ ᠠᠮᠢᠳᠤᠷᠠᠯ ᠤᠨ ᠤᠰᠤ ᠠᠷᠪᠢᠯᠠᠬᠤ ᠪᠠᠭᠠᠵᠢ ᠬᠡᠷᠡᠭᠰᠡᠯ ᠤᠨ ᠲᠦᠭᠡᠮᠡᠯᠵᠢᠯᠲᠡ ᠶᠢ ᠲᠦᠷᠭᠡᠳᠬᠡᠨ᠎ᠡ᠃ ᠨᠥᠬᠦᠴᠡᠯ ᠢᠶᠠᠷ ᠨᠡᠯᠢᠶᠡᠳ ᠰᠠᠶᠢᠨ ᠨᠡᠶᠢᠭᠡᠮ | ᠲᠣᠭᠤᠷᠢᠭ ᠢ ᠰᠣᠩᠭᠤᠵᠤ ᠤᠤᠭᠤᠬᠤ ᠤᠰᠤ ᠶᠢ ᠴᠡᠪᠡᠷᠰᠢᠭᠦᠯᠬᠦ᠂ ᠠᠮᠢᠳᠤᠷᠠᠯ ᠤᠨ ᠤᠰᠤ ᠠᠷᠪᠢᠯᠠᠬᠤ ᠪᠠ ᠠᠮᠢᠳᠤᠷᠠᠯ ᠤᠨ ᠪᠣᠬᠢᠷ ᠤᠰᠤ ᠶᠢ ᠳᠠᠬᠢᠵᠦ ᠡᠭᠡᠭᠦᠯᠦᠨ | ᠬᠡᠷᠡᠭᠯᠡᠬᠦ ᠮᠡᠷᠭᠡᠵᠢᠯ ᠢ ᠲᠥᠪᠯᠡᠷᠡᠭᠦᠯᠦᠨ ᠬᠡᠷᠡᠭᠯᠡᠬᠦ ᠶᠢ ᠥᠷᠨᠢᠭᠦᠯᠵᠦ᠂ ᠬᠤᠲᠠ ᠪᠠᠯᠭᠠᠰᠣᠨ ᠤ ᠤᠰᠤ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠶᠢᠨ ᠰᠢᠨ᠎ᠡ ᠶᠢ | ᠡᠭᠦᠳᠴᠦ ᠵᠢᠱᠢᠶ᠎ᠡ ᠦᠵᠡᠭᠦᠯᠬᠦ ᠶᠢ ᠪᠡᠶᠡᠯᠡᠭᠦᠯᠦᠨ᠎ᠡ᠃ | ︵ᠭᠤᠷᠪᠠ︶ ᠤᠰᠤᠨ ᠤ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠠᠰᠢᠭᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ | ᠬᠤᠲᠠ ᠲᠣᠭᠤᠷᠢᠭ ᠤᠨ ᠴᠢᠬᠤᠯᠠ ᠶᠡᠭᠡ ᠤᠰᠤ ᠠᠷᠪᠢᠯᠠᠬᠤ ᠤᠰᠤ ᠵᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠭᠤᠤᠯ ᠤᠨ ᠵᠠᠮ ᠤᠨ | ᠤᠰᠤᠨ ᠤ ᠠᠮᠢ ᠠᠬᠤᠶ ᠶᠢ ᠰᠡᠷᠭᠦᠭᠡᠬᠦ᠂ ᠭᠤᠤᠯ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ᠂ ᠪᠣᠬᠢᠷ ᠤᠰᠤ ᠶᠢ ᠰᠢᠶ᠋ᠳᠪᠦᠷᠢᠯᠡᠬᠦ᠂ ᠪᠣᠬᠢᠷ | ᠰᠢᠪᠠᠷ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠰᠤᠳᠤᠯᠭᠠᠨ ᠢ ᠴᠢᠩᠭᠠᠳᠬᠠᠵᠤ᠂ ᠭᠠᠵᠠᠷ | ᠳᠣᠤᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠥᠨᠳᠥᠷ ᠦᠷ᠎ᠡ ᠪᠦᠲᠦᠮᠵᠢᠲᠡᠶ ᠠᠰᠢᠭᠯᠠᠬᠤ ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ ᠶᠢ ᠥᠷᠨᠢᠭᠦᠯᠵᠦ | ᠂ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠨ᠎ᠠ᠃ ᠤᠰᠤᠨ ᠤ ᠶᠠᠪᠤᠳᠠᠯ ᠤᠨ ᠮᠡᠷᠭᠡᠵᠢᠯ ᠤᠨ | ᠬᠡᠷᠡᠭᠴᠡᠭᠡ ᠱᠠᠭᠠᠷᠳᠠᠯᠭ᠎ᠠ ᠶᠢ ᠨᠢᠭᠲᠠᠷᠠᠭᠤᠯᠵᠤ᠂ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡᠨ ᠤ | ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠲᠡᠷᠢᠭᠦᠨ ᠤ ᠬᠡᠷᠡᠭᠯᠡᠭᠡᠨ ᠤ ᠦᠷ᠎ᠡ ᠪᠦᠲᠦᠭᠡᠯ ᠤᠨ ᠭᠠᠷᠴᠠᠭ ᠢ ᠲᠠᠨᠢᠯᠴᠠᠭᠤᠯᠤᠨ ᠨᠡᠶᠢᠲᠡᠯᠡᠵᠦ᠂ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠨ᠂ ᠰᠢᠨ᠎ᠡ ᠮᠡᠷᠭᠡᠵᠢᠯ ᠰᠢᠨ᠎ᠡ ᠠᠷᠭ᠎ᠠ ᠶᠢ ᠳᠡᠯᠭᠡᠷᠡᠭᠦᠯᠵᠦ᠂ ᠠᠵᠤ ᠠᠬᠤᠶᠢᠯᠠᠯ ᠪᠣᠯᠤᠨ ᠡᠯ᠎ᠡ ᠲᠥᠷᠥᠯ ᠤᠨ | ᠪᠠᠶᠢᠭᠤᠯᠤᠮᠵᠢ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠵᠢᠱᠢᠶ᠎ᠡ ᠦᠵᠡᠭᠦᠯᠦᠨ | ᠬᠡᠷᠡᠭᠯᠡᠬᠦ ᠳᠤ ᠣᠷᠣᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠶ᠋ᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ | ᠠᠬᠢᠭᠤᠯᠣᠨ᠎ᠠ᠃ | | | ᠭᠤᠷᠪᠠ᠂ ᠬᠤᠳᠠ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ ᠠᠰᠢᠭᠯᠠᠬᠤ ᠮᠡᠷᠭᠡᠵᠢᠯ ᠢ ᠬᠥᠭᠵᠢᠭᠦᠯᠦᠨ᠎ᠡ᠃ | ︵ᠨᠢᠭᠡ︶ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠣᠷᠳᠣᠰ ᠤᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠪᠠ ᠰᠤᠳᠤᠯᠭᠠᠨ ᠤ ᠬᠦᠷᠢᠶᠡᠯᠡᠩ ᠳᠤ ᠲᠦᠰᠢᠭᠯᠡᠨ᠂ ᠮᠡᠷᠭᠡᠵᠢᠯ ᠤᠨ ᠰᠢᠨ᠎ᠡ ᠶᠢ ᠡᠭᠦᠳᠬᠦ᠂ | ᠠᠵᠤ ᠦᠶ᠋ᠯᠡᠰ ᠤᠨ ᠬᠡᠯᠪᠡᠷᠢ ᠶᠢ ᠬᠤᠪᠢᠷᠠᠭᠤᠯᠬᠤ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠵᠡᠷᠭᠡ ᠣᠯᠠᠨ ᠵᠦᠶ᠋ᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ | ᠨᠡᠭᠦᠷᠡᠰᠦᠲᠥ᠋ᠷᠥᠭᠴᠢ ᠶᠢᠨ ᠣᠷᠭᠢᠯ ᠳᠤ ᠬᠥᠷᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠ ᠬᠠᠷᠠᠯᠲᠠ ᠶᠢᠨ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ᠂ | ᠡᠨᠧᠷᠭᠢ ᠶᠢᠨ ᠬᠤᠷᠣᠭᠳᠠᠯ ᠢ ᠪᠠᠭᠠᠰᠬᠠᠬᠤ᠂ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠠᠯ᠎ᠠ ᠪᠠᠷ ᠬᠠᠮᠢᠶ᠎ᠠ ᠪᠥᠬᠦᠶ ᠮᠡᠷᠭᠡᠵᠢᠯ ᠤᠨ | ᠰᠤᠳᠤᠯᠤᠨ ᠨᠡᠭᠡᠭᠡᠯᠲᠡ ᠶᠢ ᠥᠷᠨᠢᠭᠦᠯᠬᠦ ᠶᠢᠨ ᠬᠠᠮᠲᠤ᠂ ᠮᠡᠷᠭᠡᠵᠢᠯ ᠤᠨ ᠦᠷ᠎ᠡ ᠪᠦᠲᠦᠭᠡᠯ ᠢ ᠪᠥᠬᠦ ᠬᠤᠲᠠ ᠳᠤ ᠤᠯᠠᠷᠢᠭᠤᠯᠤᠨ ᠨᠠᠶᠢᠳᠠᠪᠤᠷᠢᠵᠢᠭᠤᠯᠬᠤ ᠶᠢ | ᠬᠡᠷᠡᠭᠵᠢᠭᠦᠯᠦᠨ᠎ᠡ᠃ ᠠᠵᠤ ᠦᠶ᠋ᠯᠡᠳᠪᠦᠷᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠪᠠ ᠪᠣᠬᠢᠷᠲᠤᠯ ᠥᠬᠡᠶ ᠦᠶ᠋ᠯᠡᠳᠬᠦ ᠢᠨᠵᠧᠨᠧᠷᠢᠩ ᠢ | ᠬᠡᠷᠡᠭᠵᠢᠭᠦᠯᠦᠨ᠎ᠡ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ ᠦᠨᠡᠯᠡᠨ ᠵᠢᠱᠢᠬᠦ ᠰᠢᠰᠲ᠋ᠧᠮ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ | ᠲᠡᠭᠦᠯᠳᠡᠷᠵᠢᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠮᠡᠷᠭᠡᠵᠢᠯ ᠪᠠ ᠦᠢᠯᠡᠳᠬᠦᠨ ᠢ ᠪᠠᠶᠢᠴᠠᠭᠠᠨ ᠰᠢᠯᠭᠠᠵᠤ | ᠭᠡᠷᠡᠴᠢᠯᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠰᠤᠳᠤᠯᠭᠠᠨ ᠤ | ᠬᠦᠷᠢᠶᠡᠯᠡᠩ ᠢ ᠪᠠᠶᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶ᠋ᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠨᠢᠭᠡ ᠪᠦᠯᠦᠭ ᠭᠤᠣᠯᠯᠠᠬᠤ ᠥᠷᠢᠰᠥᠯᠳᠦᠬᠦ ᠬᠦᠴᠦᠨ ᠲᠠᠢ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠪᠠ ᠪᠠᠶᠢᠴᠠᠭᠠᠨ ᠰᠢᠯᠭᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠵᠤ᠂ ᠨᠢᠭᠡ | ᠪᠦᠯᠦᠭ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠠᠬᠢᠭᠤᠯᠬᠤ ᠲᠥᠪ ᠪᠠ ᠰᠣᠯᠢᠯᠴᠠᠨ ᠬᠤᠪᠢᠷᠠᠭᠤᠯᠬᠤ | ᠲᠠᠪᠴᠠᠩ ᠢ ᠪᠠᠶᠢᠭᠤᠯᠵᠤ᠂ ᠨᠢᠭᠡ ᠪᠦᠯᠦᠭ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠤ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠶᠢᠨ ᠬᠤᠯᠪᠣᠭ᠎ᠠ᠂ ᠰᠤᠳᠤᠯᠭᠠᠨ ᠤ ᠰᠠᠭᠤᠷᠢᠨ ᠭᠠᠵᠠᠷ ᠵᠡᠷᠭᠡ ᠶᠢ ᠪᠠᠶᠢᠭᠤᠯᠤᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠰᠢᠨ᠎ᠡ ᠮᠡᠷᠭᠡᠵᠢᠯ᠂ ᠰᠢᠨ᠎ᠡ ᠲᠣᠨᠣᠭᠯᠠᠯ ᠢ ᠲᠦᠷᠭᠡᠪᠴᠢᠯᠡᠨ ᠣᠷᠣᠭᠤᠯᠤᠨ ᠠᠪᠴᠢᠷᠠᠵᠤ᠂ | ᠬᠤᠳᠠ ᠶᠢᠨ ᠤᠶᠤᠨᠲᠤ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠤᠶᠤᠨᠲᠤ ᠭᠡᠷ ᠤᠨ ᠬᠡᠷᠡᠭᠰᠡᠯ᠂ ᠤᠶᠤᠨᠲᠤ ᠠᠰᠠᠷ᠂ | ᠤᠶᠤᠨᠲᠤ ᠵᠢᠵᠢᠭ ᠲᠣᠭᠤᠷᠢᠭ ᠪᠠ ᠤᠶᠤᠨᠲᠤ ᠦᠢᠯᠡᠳᠪᠦᠷᠢ ᠶᠢ ᠵᠣᠷᠢᠭᠵᠢᠭᠤᠯᠤᠨ ᠬᠥᠭᠵᠢᠭᠦᠯᠵᠦ᠂ ᠤᠶᠤᠨᠲᠤ ᠴᠠᠬᠢᠯᠭᠠᠨ ᠲᠣᠣᠷ᠂ ᠡᠨᠧᠷᠭᠢ ᠬᠠᠳᠠᠭᠠᠯᠠᠬᠤ | ᠲᠥᠬᠦᠭᠡᠷᠦᠮᠵᠢ᠂ ᠲᠠᠷᠬᠠᠮᠠᠯ ᠮᠠᠶ᠋ᠢᠭ ᠤᠨ ᠡᠨᠧᠷᠭᠢ᠂ ᠤᠶᠤᠨᠲᠤ ᠴᠠᠬᠢᠯᠭᠠᠨ ᠬᠡᠷᠡᠭᠯᠡᠬᠦ ᠦᠵᠦᠭᠦᠷ ᠤᠨ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ | ︵ᠬᠤᠶᠠᠷ︶ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠡᠶᠢᠲᠡᠴᠢ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠢ | ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ ᠶᠢ ᠲᠦᠷᠭᠡᠳᠬᠡᠨ᠎ᠡ᠃ | ᠥᠨᠳᠥᠷ ᠪᠦᠲᠦᠮᠵᠢᠲᠡᠶ ᠤᠲᠤᠭ᠎ᠠ ᠲᠣᠭᠤᠰᠣ ᠠᠷᠢᠯᠭᠠᠬᠤ ᠪᠠ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠬᠤ ᠶᠢ ᠨᠢᠭᠡ ᠴᠤᠭᠴᠠᠵᠢᠭᠤᠯᠬᠤ᠂ ᠥᠨᠳᠥᠷ | ᠪᠦᠲᠦᠮᠵᠢᠲᠡᠶ ᠢᠯᠴᠢ ᠶᠢᠨ ᠬᠥᠭᠡᠷᠭᠡ᠂ ᠬᠠᠭᠠᠰ ᠳᠠᠮᠵᠢᠭᠤᠯᠤᠭᠴᠢ ᠶᠢᠨ ᠭᠡᠷᠡᠯᠲᠦᠭᠦᠯᠭᠡ᠂ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠵᠡᠷᠭᠡ | ᠪᠣᠯᠪᠠᠰᠤᠷᠠᠩᠭᠤᠶ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ᠎ᠡ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ | ᠬᠠᠮᠵᠢᠯᠴᠠᠭᠰᠠᠨ ᠦᠷ᠎ᠡ ᠠᠰᠢᠭ ᠢᠶᠠᠷ ᠲᠤᠪᠤᠶᠢᠮ᠎ᠠ᠂ ᠠᠵᠤ ᠦᠢᠯᠡᠰᠵᠢᠯᠲᠡ ᠶᠢᠨ ᠢᠷᠡᠭᠡᠳᠦᠶ ᠶᠢᠨ ᠲᠥᠯᠥᠪ ᠢᠶᠠᠷ ᠰᠠᠶᠢᠨ ᠨᠢᠭᠡ ᠪᠦᠯᠦᠭ ᠲᠡᠷᠢᠭᠦᠨ ᠤ ᠮᠡᠷᠭᠡᠵᠢᠯ ᠢ | ᠰᠢᠯᠢᠨ ᠰᠣᠩᠭᠤᠵᠤ᠂ ᠰᠢᠰᠲ᠋ᠧᠮᠲᠦ ᠴᠢᠨᠠᠷᠲᠠᠶ ᠮᠡᠷᠭᠡᠵᠢᠯ ᠢ ᠰᠢᠶ᠋ᠳᠪᠦᠷᠢᠯᠡᠬᠦ ᠲᠥᠰᠦᠯ ᠢ ᠳᠡᠯᠭᠡᠷᠡᠭᠦᠯᠦᠨ᠎ᠡ᠃ ᠵᠢᠱᠢᠶ᠎ᠡ ᠦᠵᠡᠭᠦᠯᠬᠦ ᠦᠶ᠋ᠯᠡᠳᠦᠯ ᠲᠠᠢ᠂ ᠰᠠᠴᠤᠷᠠᠭ ᠤᠨ | ᠦᠶ᠋ᠯᠡᠳᠦᠯ ᠢᠶᠠᠷ ᠴᠢᠩᠭ᠎ᠠ ᠨᠡᠶᠢᠭᠡᠮ ᠲᠣᠭᠤᠷᠢᠭ᠂ ᠨᠢᠭᠡᠴᠡ ᠶᠢ ᠰᠣᠩᠭᠤᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠠᠬᠤᠶᠢᠯᠠᠯ ᠤᠨ ᠦᠯᠡᠳᠡᠪᠦᠷᠢ ᠢᠯᠴᠢ | ᠦᠯᠡᠳᠡᠪᠦᠷᠢ ᠡᠨᠧᠷᠭᠢ ᠶᠢᠨ ᠡᠬᠢ ᠪᠠᠶᠠᠯᠢᠭ ᠪᠠ ᠣᠷᠣᠨ ᠪᠦᠰᠡ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠡᠮᠬᠢᠯᠡᠨ | ᠨᠡᠶᠢᠯᠡᠭᠦᠯᠵᠦ᠂ ᠡᠨᠧᠷᠭᠢ ᠶᠢ ᠱᠠᠲᠤᠯᠠᠨ ᠠᠰᠢᠭᠯᠠᠬᠤ ᠶᠢ ᠪᠡᠶᠡᠯᠡᠭᠦᠯᠦᠨ᠎ᠡ᠃ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠰᠢᠰᠲ᠋ᠧᠮ ᠤᠨ ᠬᠤᠷᠠᠮᠠᠯ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠭᠦᠸᠧᠯᠦ ᠶᠢᠨ ᠰᠢᠰᠲ᠋ᠧᠮ᠂ ᠢᠯᠴᠢ ᠬᠠᠩᠭᠠᠬᠤ ᠰᠢᠰᠲ᠋ᠧᠮ᠂ ᠴᠠᠬᠢᠯᠭᠠᠨ ᠮᠠᠰᠢᠨ ᠤ ᠰᠢᠰᠲ᠋ᠧᠮ᠂ | ᠭᠡᠷᠡᠯᠲᠦᠭᠦᠯᠭᠡ ᠶᠢᠨ ᠰᠢᠰᠲ᠋ᠧᠮ ᠵᠡᠷᠭᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ︵ᠭᠤᠷᠪᠠ︶ ︽ᠢᠨᠲ᠋ᠤᠷ ᠰᠦᠯᠵᠢᠶ᠎ᠡ +︾ ᠡᠬᠢ ᠪᠠᠶᠠᠯᠢᠭ ᠤᠨ ᠣᠷᠴᠢᠯᠳᠤᠭᠤᠯᠤᠨ ᠠᠰᠢᠭᠯᠠᠬᠤ ᠮᠡᠷᠭᠡᠵᠢᠯ ᠢ ᠦᠷᠭᠡᠳᠭᠡᠨ ᠬᠡᠷᠡᠭᠯᠡᠨ᠎ᠡ᠃ | ᠬᠢᠶ᠎ᠠ ᠪᠠᠭᠰᠢ ᠲᠣᠭᠤᠷᠢᠭ ᠤᠨ ︽ᠢᠨᠲ᠋ᠤᠷ ᠰᠦᠯᠵᠢ᠊ ᠡᠶ᠎ᠡ +︾ ᠡᠬᠢ ᠪᠠᠶᠠᠯᠢᠭ ᠤᠨ ᠣᠷᠴᠢᠯᠳᠤᠭᠤᠯᠤᠨ ᠠᠰᠢᠭᠯᠠᠬᠤ ᠶᠢ ᠰᠢᠢᠳᠪᠦᠷᠢᠯᠡᠬᠦ ᠲᠥᠰᠦᠯ ᠢ | ᠰᠦᠪᠡᠭᠴᠢᠯᠡᠨ ᠰᠤᠳᠤᠯᠵᠤ᠂ ᠢᠨᠲ᠋ᠤᠷ ᠰᠦᠯᠵᠢ᠊ ᠡᠶ᠎ᠡ ᠪᠣᠯᠤᠨ ᠡᠬᠢ ᠪᠠᠶᠠᠯᠢᠭ ᠢ ᠤᠷᠴᠢᠯᠵᠢᠭᠤᠯᠤᠨ ᠠᠰᠢᠭᠯᠠᠬᠤ ᠶᠢᠨ ᠭᠦᠨᠵᠡᠭᠡᠢ ᠠᠭᠤᠰᠤᠯᠴᠠᠭᠤᠯᠬᠤ ᠶᠢ | ᠠᠬᠢᠭᠤᠯᠤᠨ᠎ᠠ᠃ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠵᠣᠷᠢᠭᠵᠢᠭᠤᠯᠵᠤ᠂ | ᠬᠤᠲᠠ ᠶᠢᠨ ᠨᠡᠶᠢᠲᠡᠯᠢᠭ ᠬᠠᠶᠠᠭᠳᠠᠮᠠᠯ ᠪᠣᠳᠠᠰ ᠢ ᠬᠠᠮᠵᠢᠯᠴᠠᠨ ᠰᠢᠶ᠋ᠳᠪᠦᠷᠢᠯᠡᠬᠦ ᠮᠡᠳᠡᠭᠡ ᠵᠠᠩᠭᠢ ᠶᠢ ᠴᠤᠭᠯᠠᠭᠤᠯᠬᠤ᠂ ᠰᠦᠯᠵᠢᠶᠡᠨ ᠳᠡᠭᠡᠷ᠎ᠡ ᠬᠢᠨᠠᠨ ᠬᠡᠮᠵᠢᠬᠦ ᠪᠠ | ᠪᠣᠳᠠᠰ ᠤᠨ ᠭᠦᠶ᠋ᠯᠭᠡᠭᠡᠨ ᠤ ᠬᠠᠮᠢᠶᠠᠷᠤᠯᠲᠠ ᠶᠢ ᠥᠷᠨᠢᠭᠦᠯᠬᠦ ᠶᠢ ᠠᠬᠢᠭᠤᠯᠵᠤ᠂ ᠨᠥᠬᠦᠴᠡᠯ ᠲᠠᠢ ᠨᠡᠶᠢᠭᠡᠮ ᠲᠣᠭᠤᠷᠢᠭ᠂ ᠠᠵᠤ ᠠᠬᠤᠶᠢᠯᠠᠯ ᠤᠨ ᠬᠠᠶᠠᠭᠳᠠᠮᠠᠯ | ᠪᠣᠳᠠᠰ ᠤᠨ ᠭᠦᠶ᠋ᠯᠭᠡᠭᠡᠨ ᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠪᠠ ᠣᠶᠤᠨᠴᠢ ᠪᠠᠷ ᠬᠠᠮᠢᠶᠠᠷᠬᠤ ᠶᠢ ᠵᠣᠷᠢᠭᠵᠢᠭᠤᠯᠤᠨ᠎ᠠ᠃ ︽ᠢᠨᠲ᠋ᠤᠷ ᠰᠦᠯᠵᠢᠶ᠎ᠡ +︾ | ᠡᠭᠡᠭᠦᠯᠦᠨ ᠬᠤᠷᠢᠶᠠᠬᠤ ᠵᠠᠭᠪᠤᠷ ᠢ ᠳᠡᠯᠭᠡᠷᠡᠭᠦᠯᠵᠦ᠂ ᠬᠠᠶᠠᠭᠳᠠᠮᠠᠯ ᠪᠣᠳᠠᠰ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠠᠵᠤ ᠦᠶ᠋ᠯᠡᠰ ᠢ ᠬᠠᠮᠲᠤ ᠪᠠᠷ ᠵᠣᠯᠭᠠᠭᠤᠯᠬᠤ ᠶᠢ | ᠵᠣᠷᠢᠭᠵᠢᠭᠤᠯᠤᠨ ᠥᠷᠨᠢᠭᠦᠯᠵᠦ᠂ ᠳᠠᠬᠢᠯᠲᠠ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠬᠥᠲᠥᠴᠢ | ᠠᠵᠤ ᠠᠬᠤᠶᠢᠯᠠᠯ ᠤᠨ ᠰᠦᠯᠵᠢᠶᠡᠨ ᠠᠴᠠ ᠭᠠᠳᠠᠭᠤᠷᠬᠢ ᠪᠠ ᠰᠦᠯᠵᠢᠶᠡᠨ ᠳᠡᠭᠡᠷ᠎ᠡ ᠤᠶᠠᠯᠳᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ | ᠣᠷᠴᠢᠯ ᠠᠵᠤ ᠠᠬᠤᠶ ᠶᠢᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠪᠴᠠᠩ ᠤᠨ ᠪᠥᠬᠦ ᠬᠤᠲᠠ ᠶᠢᠨ ᠬᠠᠶᠠᠭᠳᠠᠮᠠᠯ ᠪᠣᠳᠠᠰ ᠤᠨ ᠮᠡᠳᠡᠭᠡ ᠵᠠᠩᠭᠢ ᠶᠢ ᠬᠠᠮᠲᠤ ᠪᠠᠷ | ᠡᠳ᠋ᠯᠡᠵᠦ ᠰᠣᠯᠢᠯᠴᠠᠬᠤ᠂ ᠬᠢᠨᠠᠨ ᠬᠡᠮᠵᠢᠵᠦ ᠦᠨᠡᠯᠡᠬᠦ ᠪᠠ ᠪᠦᠷᠢᠳᠬᠡᠨ ᠵᠠᠳᠠᠯᠬᠤ ᠶᠢ ᠳᠡᠮᠵᠢᠨ᠎ᠡ᠃ | | ᠲᠠᠪᠤᠳᠤᠭᠠᠷ ᠪᠦᠯᠦᠭ᠂ ᠰᠣᠶᠣᠯ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ | ᠬᠦᠴᠦᠯᠡᠨ ᠲᠦᠷᠭᠡᠳᠬᠡᠨ᠎ᠡ᠃ | ᠨᠢᠭᠡ᠂ ᠰᠣᠶᠣᠯ ᠤᠨ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ | ᠲᠦᠷᠭᠡᠳᠬᠡᠨ᠎ᠡ᠃ | ︵ᠨᠢᠭᠡ︶ ᠰᠣᠶᠣᠯ ᠤᠨ ᠪᠦᠲᠦᠭᠡᠯᠴᠢ ᠲᠥᠰᠦᠪᠯᠡᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃ | ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠡ ᠶᠢᠨ ᠣᠷᠣᠨ ᠪᠦᠰᠡ ᠶᠢᠨ ᠴᠢᠨᠠᠷᠲᠠᠶ ᠰᠣᠶᠣᠯ ᠤᠨ ᠪᠦᠲᠦᠭᠡᠯᠴᠢ ᠲᠥᠰᠦᠪᠯᠡᠯ ᠤᠨ ᠰᠢᠨ᠎ᠡ ᠶᠢ ᠡᠭᠦᠳᠬᠦ | ᠲᠠᠪᠴᠠᠩ ᠪᠠᠶᠢᠭᠤᠯᠬᠤ ᠶᠢ ᠳᠡᠮᠵᠢᠵᠦ᠂ ᠬᠢᠶ᠎ᠠ ᠪᠠᠭᠰᠢ ᠲᠣᠭᠤᠷᠢᠭ ᠤᠨ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠠᠵᠤ ᠦᠶ᠋ᠯᠡᠰ ᠲᠤ ᠮᠡᠳᠡᠭᠡ ᠵᠠᠩᠭᠢ | ᠨᠡᠶᠢᠲᠡᠯᠡᠬᠦ᠂ ᠰᠣᠯᠢᠯᠴᠠᠭ᠎ᠠ ᠬᠠᠮᠲᠤᠷᠠᠯᠴᠠᠭ᠎ᠠ ᠬᠢᠬᠦ᠂ ᠦᠶ᠋ᠯᠡᠳᠬᠦᠨ ᠤ ᠠᠷᠠᠯᠵᠢᠶ᠎ᠠ᠂ ᠮᠥᠩᠭᠦᠨ ᠭᠦᠶ᠋ᠯᠭᠡᠭᠡᠨ ᠤ ᠳᠡᠮᠵᠢᠯᠭᠡ ᠪᠠ ᠠᠵᠢᠯ ᠲᠥᠷᠥᠯ ᠤᠨ ᠬᠠᠮᠢᠶᠠᠷᠤᠯᠲᠠ | ᠵᠡᠷᠭᠡ ᠶᠡᠷᠦᠩᠬᠡᠶᠢᠯᠡᠭᠰᠡᠨ ᠴᠢᠳᠠᠮᠵᠢ ᠶᠢ ᠬᠠᠩᠭᠠᠨ᠎ᠠ᠃ ᠲᠣᠭᠠᠴᠢᠯᠠᠭᠰᠠᠨ ᠮᠡᠷᠭᠡᠵᠢᠯ᠂ ᠢᠨᠲ᠋ᠤᠷ ᠰᠦᠯᠵᠢᠶᠡᠨ ᠤ ᠮᠡᠷᠭᠡᠵᠢᠯ ᠵᠡᠷᠭᠡ ᠰᠢᠨ᠎ᠡ ᠨᠢᠭᠡ ᠦᠶ᠎ᠡ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠣᠷᠳᠣᠰ ᠤᠨ ᠰᠣᠶᠣᠯ ᠤᠨ ᠪᠦᠲᠦᠭᠡᠯᠴᠢ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠳᠤ ᠦᠶ᠎ᠡ ᠶᠢᠨ ᠰᠣᠶᠣᠯ ᠤᠨ ᠪᠦᠲᠦᠭᠡᠯᠴᠢ ᠰᠡᠳᠬᠢᠮᠵᠢ ᠪᠠ ᠵᠢᠷᠤᠭ ᠲᠥᠯᠥᠪᠯᠡᠭᠡᠨ ᠤ ᠦᠢᠯᠡᠴᠢᠯᠡᠭᠡᠨ ᠤ ᠬᠦᠷᠦᠩᠭᠡ᠂ ᠥᠮᠴᠢᠯᠡᠬᠦ ᠡᠷᠬᠡ᠂ ᠴᠢᠳᠠᠪᠤᠷᠢᠲᠠᠨ᠂ | ᠮᠡᠳᠡᠭᠡ ᠵᠠᠩᠭᠢ᠂ ᠮᠡᠷᠭᠡᠵᠢᠯ ᠵᠡᠷᠭᠡ ᠶᠢᠨ ᠠᠷᠠᠯᠵᠢᠶᠠᠨ ᠤ ᠲᠠᠪᠴᠠᠩ ᠢ ᠶᠡᠬᠡᠪᠡᠷ ᠬᠥᠭᠵᠢᠭᠦᠯᠵᠦ᠂ ᠥᠷᠢᠰᠥᠯᠳᠦᠬᠦ ᠬᠦᠴᠦᠨ ᠪᠦᠬᠦᠢ ᠨᠢᠭᠡ ᠪᠦᠯᠦᠭ ᠰᠣᠶᠣᠯ ᠤᠨ | ᠪᠦᠲᠦᠭᠡᠯᠴᠢ ᠰᠡᠳᠬᠢᠮᠵᠢ ᠪᠠ ᠵᠢᠷᠤᠭ ᠲᠥᠯᠥᠪᠯᠡᠭᠡᠨ ᠤ ᠦᠢᠯᠡᠴᠢᠯᠡᠭᠡᠨ ᠤ ᠲᠦᠷᠦᠯ ᠲᠡᠮᠳᠡᠭ ᠢ ᠪᠤᠶᠢᠵᠢᠭᠤᠯᠤᠨ᠎ᠠ᠃ ᠪᠦᠲᠦᠭᠡᠯᠴᠢ ᠲᠥᠰᠦᠪᠯᠡᠯ ᠤᠨ ᠵᠢᠷᠤᠭ | ᠲᠥᠯᠥᠪᠯᠡᠭᠡ ᠶᠢᠨ ᠠᠵᠢᠯ ᠲᠥᠷᠥᠯ ᠤᠨ ᠨᠡᠶᠢᠭᠡᠮᠯᠢᠭ ᠨᠢ ᠣᠷᠣᠨ ᠤ ᠭᠠᠳᠠᠨᠠᠬᠢ ᠪᠠᠶᠢᠭᠤᠯᠤᠮᠵᠢ ᠯᠤᠭ᠎ᠠ ᠬᠠᠮᠲᠤᠷᠠᠯᠴᠠᠬᠤ ᠶᠢ ᠵᠣᠷᠢᠭᠵᠢᠭᠤᠯᠵᠤ᠂ ᠪᠦᠲᠦᠭᠡᠯᠴᠢ | ᠲᠥᠰᠦᠪᠯᠡᠯ ᠤᠨ ᠵᠢᠷᠤᠭ ᠲᠥᠯᠥᠪᠯᠡᠭᠡ ᠶᠢᠨ ᠠᠵᠤ ᠦᠶ᠋ᠯᠡᠰ ᠤᠨ ᠪᠠᠯᠠ ᠣᠷᠣᠭᠤᠯᠤᠯᠲᠠ ᠶᠢ ᠲᠠᠨᠢᠯᠴᠠᠭᠤᠯᠬᠤ ᠠᠵᠢᠯᠯᠠᠭ᠎ᠠ ᠶᠢ ᠢᠳᠡᠪᠬᠢᠲᠡᠶ ᠡᠷᠭᠢᠯᠡᠵᠦ᠂ | ᠦᠶ᠋ᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ | ︵ᠬᠤᠶᠠᠷ︶ ᠰᠣᠶᠣᠯ ᠤᠨ ᠪᠦᠲᠦᠭᠡᠯᠴᠢ ᠮᠡᠷᠭᠡᠵᠢᠯ ᠤᠨ ᠠᠷᠭ᠎ᠠ ᠵᠠᠮ ᠢ ᠥᠷᠭᠡᠳᠬᠡᠨ᠎ᠡ᠃ | ᠬᠢᠶ᠎ᠠ ᠪᠠᠭᠰᠢ ᠲᠣᠭᠤᠷᠢᠭ ᠤᠨ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠦᠨᠳᠦᠰᠦᠲᠡᠨ ᠤ ᠣᠨᠴᠠᠯᠢᠭ ᠪᠥᠬᠦᠢ ᠤᠯᠠᠮᠵᠢᠯᠠᠯᠲᠤ | ᠤᠷ᠎ᠠ ᠮᠡᠷᠭᠡᠵᠢᠯ ᠢ ᠠᠭᠤᠳᠠᠯᠵᠤ᠂ ᠬᠠᠮᠠᠭᠠᠯᠠᠬᠤ ᠪᠠ ᠬᠦᠭᠵᠢᠭᠦᠯᠦᠨ᠂ ᠣᠳᠣᠬᠢᠴᠢᠯᠠᠭᠰᠠᠨ ᠬᠤᠳᠠ ᠶᠢᠨ ᠡᠯᠧᠮᠧᠨ᠋ᠲ ᠬᠢᠭᠡᠳ ᠤᠯᠠᠮᠵᠢᠯᠠᠯᠲᠤ ᠰᠣᠶᠣᠯ ᠤᠨ ᠡᠯᠧᠮᠧᠨ᠋ᠲ ᠢ | ᠬᠠᠷᠢᠯᠴᠠᠨ ᠤᠶᠠᠯᠳᠤᠭᠤᠯᠵᠤ᠂ ᠬᠢᠶ᠎ᠠ ᠪᠠᠭᠰᠢ ᠶᠢᠨ ᠣᠷᠣᠨ ᠨᠤᠲᠤᠭ ᠤᠨ ᠣᠨᠴᠠᠯᠢᠭ ᠪᠥᠬᠦᠢ ᠰᠣᠶᠣᠯ ᠤᠨ ᠪᠦᠲᠦᠭᠡᠯᠴᠢ ᠲᠥᠰᠦᠪᠯᠡᠯ ᠤᠨ ᠵᠢᠷᠤᠭᠯᠠᠨ ᠲᠥᠯᠥᠪᠯᠡᠬᠦ | ᠠᠵᠤ ᠠᠬᠤᠶᠢᠯᠠᠯ ᠢ ᠪᠤᠶᠢᠵᠢᠭᠤᠯᠤᠨ᠎ᠠ᠃ ᠨᠡᠶᠢᠭᠡᠮ ᠤᠨ ᠪᠠᠯᠠ ᠮᠥᠩᠭᠦ ᠶᠢ ᠬᠥᠲᠥᠯᠦᠨ ᠵᠢᠯᠣᠭᠤᠳᠴᠤ ᠪᠠᠶᠢᠭᠠᠳ ᠡᠯ᠎ᠡ ᠵᠦᠶ᠋ᠯ ᠤᠨ ᠬᠡᠯᠪᠡᠷᠢ ᠪᠠᠷ ᠪᠦᠲᠦᠭᠡᠯᠴᠢ | ᠲᠥᠰᠦᠪᠯᠡᠯ ᠤᠨ ᠵᠢᠷᠤᠭ ᠲᠥᠯᠥᠪᠯᠡᠭᠡ ᠶᠢ ᠬᠥᠭᠵᠢᠭᠦᠯᠵᠦ᠂ ᠡᠯ᠎ᠡ ᠲᠥᠷᠥᠯ ᠤᠨ ᠵᠢᠷᠤᠭ ᠲᠥᠯᠥᠪᠯᠡᠭᠡ ᠶᠢᠨ ᠴᠢᠳᠠᠪᠤᠷᠢᠲᠠᠨ ᠢ ᠲᠡᠳᠡᠨ ᠠᠪᠴᠢᠷᠠᠵᠤ ᠬᠢᠶ᠎ᠠ ᠪᠠᠭᠰᠢ | ᠲᠣᠭᠤᠷᠢᠭ ᠲᠤ ᠠᠵᠢᠯᠯᠠᠭ᠎ᠠ ᠶᠢᠨ ᠲᠠᠰᠤᠭ᠂ ᠪᠦᠲᠦᠭᠡᠯᠴᠢ ᠲᠥᠰᠦᠪᠯᠡᠯ ᠤᠨ ᠲᠠᠰᠤᠭ᠂ ᠵᠢᠷᠤᠭ ᠲᠥᠯᠥᠪᠯᠡᠭᠡ ᠶᠢᠨ ᠭᠠᠵᠠᠷ ᠢ ᠡᠭᠦᠳᠦᠨ ᠪᠠᠶᠢᠭᠤᠯᠤᠨ᠎ᠠ᠃ | ᠬᠠᠮᠠᠭᠠᠯᠠᠵᠤ ᠤᠯᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠳᠤ ᠦᠶ᠎ᠡ ᠶᠢᠨ ᠪᠦᠲᠦᠭᠡᠯᠴᠢ ᠲᠥᠰᠦᠪᠯᠡᠯ ᠤᠨ | ᠵᠢᠷᠤᠭ ᠲᠥᠯᠥᠪᠯᠡᠭᠡ ᠪᠠᠷ ᠰᠣᠶᠣᠯ ᠤᠨ ᠪᠦᠲᠦᠭᠡᠭᠳᠡᠬᠦᠨ ᠦᠢᠯᠡᠳᠬᠦ᠂ ᠭᠠᠷ ᠤᠷᠠᠯᠠᠯ ᠤᠷᠠᠨ ᠵᠢᠷᠤᠭ᠂ ᠰᠣᠶᠣᠯ ᠤᠷᠠᠨ ᠲᠣᠭᠯᠠᠯᠲᠠ᠂ ᠰᠣᠶᠣᠯ ᠰᠡᠯᠡᠭᠦᠴᠡᠯ ᠵᠤᠭ᠎ᠠ | ᠴᠡᠩᠭᠡᠯ ᠵᠡᠷᠭᠡ ᠤᠯᠠᠮᠵᠢᠯᠠᠯᠲᠤ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠤᠳᠤ ᠦᠶ᠎ᠡ ᠶᠢᠨ | ᠰᠣᠶᠣᠯ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ | ︵ᠭᠤᠷᠪᠠ︶ ᠰᠣᠶᠣᠯ ᠤᠨ ᠪᠦᠲᠦᠭᠡᠯᠴᠢ ᠠᠵᠤ ᠦᠶ᠋ᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠤᠨ᠎ᠠ᠃ | ᠲᠤᠰᠬᠠᠶᠢᠵᠢᠭᠰᠠᠨ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠠᠵᠤ ᠠᠬᠤᠶᠢᠯᠠᠯ ᠤᠨ ᠲᠤᠰᠬᠠᠶᠢᠵᠢᠭᠰᠠᠨ᠂ ᠨᠠᠷᠢᠯᠢᠭ᠂ ᠣᠨᠴᠠᠭᠠᠶ᠂ | ᠰᠢᠨ᠎ᠡ ᠴᠢᠭᠯᠡᠯ ᠳᠠᠰᠢ ᠬᠥᠭᠵᠢᠬᠦ ᠶᠢ ᠳᠡᠮᠵᠢᠵᠦ᠂ ᠰᠣᠶᠣᠯ ᠤᠨ ᠪᠦᠲᠦᠭᠡᠯᠴᠢ ᠲᠥᠰᠦᠪᠯᠡᠯ ᠤᠨ ᠠᠵᠤ ᠦᠶ᠋ᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠢ ᠭᠤᠤᠯᠳᠠᠯᠭ᠎ᠠ ᠲᠠᠢ ᠪᠤᠶᠢᠵᠢᠭᠤᠯᠵᠤ᠂ ᠨᠡᠯᠢᠶᠡᠳ ᠴᠢᠩᠭ᠎ᠠ ᠪᠣᠳᠠᠲᠤ ᠬᠦᠴᠦᠨ᠂ ᠠᠮᠢᠵᠢᠷᠠᠯ ᠤᠨ ᠬᠦᠴᠦᠨ ᠪᠠ ᠥᠷᠢᠰᠦᠯᠳᠦᠬᠦ | ᠬᠦᠴᠦᠨ ᠲᠠᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠣᠢ ᠪᠣᠯᠭᠠᠨ᠎ᠠ᠃ ᠳᠠᠪᠠᠭᠤᠯᠢᠭ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠠᠵᠤ | ᠠᠬᠤᠶᠢᠯᠠᠯ ᠤᠨ ᠭᠠᠵᠠᠷ ᠣᠷᠣᠨ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠥᠮᠴᠢᠯᠡᠯ ᠤᠨ ᠲᠦᠷᠢᠮ ᠠᠯᠤᠰᠯᠠᠭᠰᠠᠨ ᠲᠤᠬᠠᠶᠢᠯᠠᠭᠰᠠᠨ ᠠᠵᠢᠯ ᠤᠨ | ᠬᠠᠮᠲᠤᠷᠠᠯᠴᠠᠭ᠎ᠠ ᠶᠢ ᠬᠡᠷᠡᠭᠵᠢᠭᠦᠯᠬᠦ ᠶᠢ ᠳᠡᠮᠵᠢᠵᠦ᠂ ᠵᠠᠭᠠᠭ ᠠᠯᠤᠰᠯᠠᠨ ᠠᠭᠤᠰᠤᠯᠴᠠᠭᠰᠠᠨ ᠠᠵᠤ ᠦᠶ᠋ᠯᠡᠰ ᠤᠨ ᠪᠦᠯᠦᠭᠯᠡᠯ ᠪᠠ ᠠᠵᠤ ᠦᠶ᠋ᠯᠡᠰ ᠤᠨ ᠬᠤᠯᠪᠣᠭ᠎ᠠ ᠶᠢ | ᠪᠠᠶᠢᠭᠤᠯᠤᠨ᠎ᠠ᠃ | | | ᠬᠤᠶᠠᠷ᠂ ᠬᠤᠳᠠ ᠬᠢᠭᠡᠳ ᠠᠮᠢ ᠠᠬᠤᠶ ᠶᠢᠨ ᠵᠢᠭᠤᠯᠴᠢᠯᠠᠯ ᠤᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠦᠨ᠎ᠡ᠃ | ︵ᠨᠢᠭᠡ︶ ︽ᠰᠢᠨᠵᠢᠯᠡᠬᠦ ᠤᠬᠠᠭᠠᠨ ᠮᠡᠷᠭᠡᠵᠢᠯ + ᠬᠤᠲᠠ + ᠠᠮᠢ ᠠᠬᠤᠶ ᠶᠢᠨ ᠵᠢᠭᠤᠯᠴᠢᠯᠠᠯ︾ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ︽ᠰᠣᠶᠣᠯ ᠤᠨ ᠵᠢᠭᠤᠯᠴᠢᠯᠠᠯ +︾ ᠪᠠ ᠠᠵᠤ ᠦᠶ᠋ᠯᠡᠰ ᠤᠨ ᠠᠭᠤᠰᠤᠯᠴᠠᠭᠤᠯᠤᠨ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ | ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠳᠤ ᠠᠭᠤᠰᠤᠯᠴᠠᠭᠤᠯᠤᠨ᠂ ᠵᠢᠭᠤᠯᠴᠢᠯᠠᠯ ᠤᠨ | ᠠᠵᠤ ᠦᠶ᠋ᠯᠡᠰ ᠤᠨ ᠬᠡᠯᠬᠢᠶ᠎ᠡ ᠶᠢ ᠥᠷᠭᠡᠳᠬᠡᠨ᠂ ᠵᠢᠭᠤᠯᠴᠢᠯᠠᠯ ᠤᠨ ᠦᠶ᠋ᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠵᠢᠭᠤᠯᠴᠢᠯᠠᠯ ᠤᠨ ᠶᠠᠰᠤ ᠴᠢᠨᠠᠷ ᠢ | ᠳᠡᠭᠡᠭᠰᠢᠯᠡᠭᠦᠯᠦᠨ᠂ ᠰᠣᠶᠣᠯ ᠤᠨ ᠵᠢᠭᠤᠯᠴᠢᠯᠠᠯ ᠤᠨ ᠦᠶ᠋ᠯᠡᠰ ᠤᠨ ᠳᠠᠶᠢᠴᠢᠯᠠᠬᠤ᠂ ᠠᠭᠤᠰᠤᠯᠴᠠᠬᠤ᠂ ᠲᠥᠪᠯᠡᠷᠡᠭᠦᠯᠬᠦ ᠦᠶ᠋ᠯᠡᠳᠦᠯ ᠢ ᠪᠠᠳᠠᠷᠠᠭᠤᠯᠵᠤ᠂ ︽ᠨᠢᠭᠡ | ᠦᠶ᠋ᠯᠡᠰ ᠢᠶᠠᠷ ᠵᠠᠭᠤᠨ ᠦᠶ᠋ᠯᠡᠰ ᠢ ᠳᠠᠶᠢᠴᠢᠯᠠᠬᠤ︾ ᠠᠵᠤ ᠦᠶ᠋ᠯᠡᠰ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠰᠣᠶᠣᠯ ᠵᠤᠭᠠᠴᠠᠯ ᠤᠨ | ᠣᠶᠤᠨᠴᠢ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠬᠠᠭᠤᠯᠤᠨ ᠳᠡᠯᠭᠡᠨ ᠦᠵᠡᠭᠦᠯᠬᠦ᠂ ᠠᠰᠠᠭᠤᠨ ᠯᠠᠪᠯᠠᠬᠤ᠂ | ᠬᠠᠷᠢᠯᠴᠠᠨ ᠣᠶᠢᠯᠠᠭᠠᠯᠴᠠᠬᠤ᠂ ᠣᠶᠤᠨᠴᠢ ᠬᠠᠮᠢᠶᠠᠷᠤᠯᠲᠠ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠲᠠᠪᠴᠠᠩ ᠢ ᠪᠠᠶᠢᠭᠤᠯᠵᠤ᠂ ᠬᠢᠶ᠎ᠠ ᠪᠠᠭᠰᠢ | ᠲᠣᠭᠤᠷᠢᠭ ᠤᠨ ᠰᠣᠶᠣᠯ ᠵᠤᠭᠠᠴᠠᠯ ᠤᠨ ᠦᠶ᠋ᠯᠡᠴᠢᠯᠡᠭᠡᠨ ᠤ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠡᠷᠡᠭᠯᠡᠭᠡᠨ ᠤ ᠵᠥᠭᠡᠯᠡᠨ ᠲᠣᠨᠤᠭ ᠢ ᠨᠡᠭᠡᠭᠡᠨ | ᠬᠥᠭᠵᠢᠭᠦᠯᠵᠦ᠂ ᠵᠢᠭᠤᠯᠴᠢᠯᠠᠭᠴᠢᠳ ᠲᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠶ᠋ᠯᠡᠴᠢᠯᠡᠭᠡ ᠬᠠᠩᠭᠠᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ᠂ ᠣᠲᠣ ᠦᠶ᠎ᠡ ᠶᠢᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠢ ᠲᠥᠪᠯᠡᠷᠡᠭᠦᠯᠦᠨ ᠬᠡᠷᠡᠭᠯᠡᠵᠦ ᠪᠠᠶᠢᠭᠠᠳ ᠬᠤᠲᠠ ᠶᠢᠨ ᠰᠡᠯᠡᠭᠦᠴᠡᠯ ᠵᠤᠭᠠᠴᠠᠯ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢ ᠪᠣᠶ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ᠂ ᠨᠠᠷᠠᠲᠤ ᠲᠡᠮᠳᠡᠭ᠂ ᠲᠣᠭᠤᠷᠢᠨ | ᠦᠵᠡᠬᠦ᠂ ᠢᠳᠡᠭᠡᠨ ᠤᠮᠳᠠᠭᠠᠨ ᠵᠡᠷᠭᠡ ᠵᠢᠭᠤᠯᠴᠢᠯᠠᠯ ᠤᠨ ᠬᠦᠴᠦᠨ ᠵᠦᠶ᠋ᠯ ᠳᠤ ᠠᠭᠤᠰᠤᠯᠴᠠᠭᠤᠯᠤᠨ᠂ ᠬᠤᠲᠠ ᠶᠢᠨ ᠲᠡᠭᠦᠷᠭᠡ ᠶᠢᠨ ᠮᠠᠶ᠋ᠢᠭ ᠤᠨ ᠪᠡᠯᠡᠳᠭᠡᠮᠵᠢᠳᠤ | ᠲᠠᠷᠢᠶᠠᠯᠠᠩ ᠢ ᠵᠢᠭᠤᠯᠴᠢᠯᠠᠯ ᠤᠨ ᠡᠲᠡᠭᠡᠳ ᠪᠠ ᠦᠶ᠋ᠯᠡᠳᠬᠦᠨ ᠪᠣᠯᠭᠠᠵᠤ᠂ ᠬᠤᠲᠠ ᠶᠢᠨ ᠠᠮᠢᠳᠤᠷᠠᠯ ᠤᠨ ᠠᠭᠤᠯᠭ᠎ᠠ ᠶᠢ ᠪᠠᠶᠠᠯᠢᠭᠵᠢᠭᠤᠯᠤᠨ᠎ᠠ᠃ | ︵ᠬᠤᠶᠠᠷ︶ ᠪᠥᠬᠦ ᠴᠠᠷᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠵᠠᠭᠪᠤᠷ ᠤᠨ ᠮᠡᠷᠭᠡᠵᠢᠯ ᠤᠨ ᠳᠠᠪᠰᠢᠯᠲᠠ ᠶᠢ ᠲᠦᠷᠭᠡᠳᠬᠡᠨ᠎ᠡ᠃ | ᠵᠣᠬᠢᠶᠠᠮᠠᠯ ᠣᠶᠤᠨᠴᠢ ᠴᠢᠳᠠᠪᠤᠷᠢ᠂ ᠵᠠᠬ᠎ᠠ ᠬᠢᠵᠠᠭᠠᠷ ᠤᠨ ᠪᠣᠳᠣᠯᠭ᠎ᠠ᠂ ᠲᠣᠮᠣ ᠳ᠋ᠠᠶᠢᠲ᠋ᠠ᠂ ᠪᠦᠷᠢᠨ ᠵᠠᠩᠭᠢ ᠶᠢᠨ ᠳᠦᠷᠰᠦ ᠪᠦᠲᠦᠭᠡᠬᠦ᠂ ᠬᠥᠳᠡᠯᠦᠯ ᠤᠨ | ᠪᠠᠷᠢᠬᠤ᠂ CAVE ᠣᠷᠣᠨ ᠵᠠᠶ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠬᠢᠶ᠎ᠠ ᠪᠠᠭᠰᠢ ᠶᠢᠨ ᠭᠦᠨ ᠵᠤᠵᠠᠭᠠᠨ ᠲᠡᠤᠬᠡ ᠰᠣᠶᠣᠯ ᠪᠠ ᠡᠯᠪᠡᠭ ᠪᠠᠶᠠᠯᠢᠭ | ᠵᠢᠭᠤᠯᠴᠢᠯᠠᠯ ᠤᠨ ᠡᠬᠢ ᠪᠠᠶᠠᠯᠢᠭ ᠢ ᠲᠡᠷᠢᠭᠦᠨ ᠤ ᠲᠣᠭᠠᠴᠢᠯᠠᠬᠤ ᠠᠷᠭ᠎ᠠ ᠮᠠᠶ᠋ᠢᠭ ᠢᠶᠠᠷ ᠵᠢᠭᠤᠯᠴᠢᠯᠠᠯ ᠤᠨ ᠠᠮᠢ ᠠᠬᠤᠶ ᠶᠢ ᠪᠣᠶ ᠪᠣᠯᠭᠠᠵᠤ᠂ ᠵᠢᠭᠤᠯᠴᠢᠯᠠᠯ ᠤᠨ | ᠬᠡᠷᠡᠭᠯᠡᠭᠡᠨ ᠤ ᠲᠠᠰ ᠳᠡᠪᠰᠢᠬᠦ ᠳᠤ ᠬᠦᠴᠦᠨ ᠨᠡᠮᠡᠷᠢᠯᠡᠨ᠎ᠡ᠃ ᠣᠲᠣ ᠦᠶ᠎ᠡ ᠶᠢᠨ ᠬᠤᠲᠠ ᠶᠢᠨ ᠨᠡᠭᠡᠭᠡᠨ ᠬᠥᠭᠵᠢᠭᠦᠯᠦᠯᠲᠡ ᠬᠢᠭᠡᠳ ᠬᠥᠮᠦᠨ ᠨᠡᠶᠢᠭᠡᠮ᠂ ᠪᠣᠬᠢᠷᠲᠤᠯ | ᠥᠬᠡᠶ ᠠᠮᠢ ᠠᠬᠤᠶ ᠶᠢᠨ ᠣᠷᠴᠢᠨ ᠲᠣᠭᠤᠷᠢᠨ ᠤ ᠵᠣᠬᠢᠴᠠᠩᠭᠤᠶ ᠬᠥᠭᠵᠢᠯᠲᠡ ᠶᠢᠨ ᠵᠠᠭᠪᠤᠷ ᠢ ᠰᠤᠳᠤᠯᠵᠤ᠂ ᠲᠡᠷᠢᠭᠦᠨ ᠤ ᠭᠠᠵᠠᠷ ᠣᠷᠣᠨ ᠤ ᠬᠥᠭᠵᠢᠯᠲᠡ ᠶᠢᠨ | ᠣᠨᠣᠯᠵᠢᠬᠤᠨ ᠢ ᠬᠡᠷᠡᠭᠯᠡᠨ᠂ ᠬᠢᠶ᠎ᠠ ᠪᠠᠭᠰᠢ ᠲᠣᠭᠤᠷᠢᠭ ᠤᠨ ᠭᠠᠵᠠᠷ ᠣᠷᠣᠨ ᠤ ᠬᠡᠪ ᠨᠠᠮᠪᠠ ᠶᠢ ᠳᠣᠪᠤᠶᠢᠯᠭᠠᠭᠰᠠᠨ᠂ ᠴᠠᠭ ᠦᠶ᠎ᠡ ᠶᠢᠨ ᠣᠨᠴᠠᠯᠢᠭ ᠢᠶᠠᠷ ᠢᠯᠡ ᠲᠣᠳᠣ | ᠂ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠪᠠᠷ ᠪᠦᠷᠢᠨ ᠲᠡᠭᠦᠯᠳᠡᠷ ᠬᠤᠳᠠ ᠶᠢᠨ ᠨᠡᠷᠡᠲᠦ ᠲᠡᠮᠳᠡᠭ ᠢ ᠪᠠᠶᠢᠭᠤᠯᠤᠨ᠎ᠠ᠃ ᠬᠠᠪᠤᠷ᠂ ᠵᠤᠨ᠂ ᠨᠠᠮᠤᠷ᠂ ᠡᠪᠦᠯ ᠤᠨ | ᠠᠳᠠᠯᠢ ᠪᠤᠰᠤ ᠤᠯᠠᠷᠢᠯ ᠳᠤ ᠠᠳᠠᠯᠢ ᠪᠤᠰᠤ ᠭᠤᠣᠯ ᠰᠡᠳᠦᠪᠲᠦ ᠵᠤᠭᠠᠴᠠᠯ ᠤᠨ ᠱᠤᠭᠤᠮ᠂ ᠥᠪᠡᠷ ᠢᠶᠠᠨ ᠵᠢᠯᠣᠭᠤᠳᠴᠤ ᠵᠤᠭᠠᠴᠠᠬᠤ ᠱᠤᠭᠤᠮ᠂ ᠭᠦᠨᠵᠡᠭᠡᠢ | ᠣᠶᠢᠯᠠᠭᠠᠬᠤ ᠭᠠᠵᠠᠷ ᠵᠡᠷᠭᠡ ᠵᠢᠯᠤᠭᠤᠳᠤᠯᠭ᠎ᠠ ᠶᠢᠨ ᠴᠢᠨᠠᠷᠲᠠᠢ ᠪᠣᠷᠣᠯᠠᠭᠤᠯᠭ᠎ᠠ ᠶᠢᠨ ᠲᠥᠰᠦᠯ ᠢ ᠭᠠᠷᠭᠠᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠬᠢᠵᠠᠭᠠᠷ ᠢᠶᠠᠷ ᠭᠠᠷᠳᠠᠴᠠ ᠪᠣᠯᠭᠠᠨ᠂ | ᠡᠬᠢ ᠪᠠᠶᠠᠯᠢᠭ ᠣᠷᠴᠢᠨ ᠲᠣᠭᠤᠷᠢᠨ ᠬᠢᠭᠡᠳ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠬᠠᠮᠵᠢᠯᠴᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠠᠮᠢ ᠠᠬᠤᠶ ᠶᠢᠨ ᠣᠷᠴᠢᠨ ᠲᠣᠭᠤᠷᠢᠨ ᠢ ᠬᠢᠶ᠎ᠠ ᠪᠠᠭᠰᠢ ᠲᠣᠭᠤᠷᠢᠭ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠭᠤᠤᠯᠯᠠᠬᠤ ᠳᠠᠪᠠᠭᠤᠯᠢᠭ | ᠪᠣᠯᠭᠠᠨ᠎ᠠ᠃ | | | ᠵᠢᠷᠭᠤᠳᠤᠭᠠᠷ ᠪᠦᠯᠦᠭ᠂ ᠤᠨᠴᠠᠯᠢᠭᠳᠤ ᠥᠨᠳᠥᠷ ᠪᠦᠲᠦᠮᠵᠢᠲᠡᠶ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠦᠨᠵᠡᠭᠡᠶ | ᠠᠬᠢᠭᠤᠯᠣᠨ᠎ᠠ᠃ | ᠨᠢᠭᠡ᠂ ᠤᠳᠤ ᠦᠶ᠎ᠡ ᠶᠢᠨ ᠲᠠᠷᠢᠶᠠᠯᠠᠩ ᠤᠨ ᠮᠡᠷᠭᠡᠵᠢᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠨᠢᠭᠡ︶ ᠪᠡᠯᠡᠳᠭᠡᠮᠵᠢᠳᠤ ᠲᠠᠷᠢᠶᠠᠯᠠᠩ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠪᠣᠯᠤᠨ ᠣᠷᠳᠣᠰ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ | ᠪᠠᠶᠠᠯᠢᠭ ᠢ ᠭᠦᠶ᠋ᠴᠡᠳ ᠠᠰᠢᠭᠯᠠᠨ᠂ ᠬᠤᠲᠠ ᠶᠢᠨ ᠲᠡᠭᠦᠷᠭᠡ ᠶᠢᠨ ᠮᠠᠶ᠋ᠢᠭ ᠤᠨ ᠲᠡᠷᠢᠭᠦᠨ ᠤ ᠪᠡᠯᠡᠳᠭᠡᠮᠵᠢᠳᠤ ᠲᠠᠷᠢᠶᠠᠯᠠᠩ ᠢ ᠬᠥᠭᠵᠢᠭᠦᠯᠬᠦ ᠶᠢᠨ ᠲᠣᠭᠤᠷᠢᠨ ᠳᠤ᠂ | ᠤᠮᠠᠷᠠᠲᠤ ᠣᠷᠣᠨ ᠳᠤ ᠳᠣᠭᠢᠷᠠᠬᠤ ᠴᠡᠴᠡᠭ ᠡᠪᠡᠰᠦ᠂ ᠵᠢᠮᠢᠰ ᠢᠳᠡᠰᠢᠨ ᠨᠣᠭᠤᠭ᠎ᠠ ᠶᠢᠨ ᠰᠢᠨ᠎ᠡ ᠲᠥᠷᠥᠯ ᠵᠦᠶ᠋ᠯ ᠢ ᠣᠷᠣᠭᠤᠯᠤᠨ ᠠᠪᠴᠢᠷᠠᠬᠤ ᠪᠠ ᠵᠣᠬᠢᠴᠠᠬᠤ | ᠴᠢᠨᠠᠷ ᠤᠨ ᠰᠤᠳᠤᠯᠭᠠᠨ ᠢ ᠭᠤᠤᠯᠳᠠᠯᠭ᠎ᠠ ᠲᠠᠢ ᠥᠷᠨᠢᠭᠦᠯᠦᠨ᠎ᠡ᠃ ᠲᠦᠬᠦᠭᠡᠷᠦᠮᠵᠢᠳᠤ ᠲᠠᠷᠢᠶᠠᠯᠠᠩ ᠤᠨ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ ᠰᠢᠩᠭᠡᠭᠡᠬᠦ ᠪᠠ | ᠬᠡᠷᠡᠭᠯᠡᠵᠦ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠵᠡᠷᠭᠡ ᠶᠢᠨ ᠬᠡᠷᠡᠭᠯᠡᠭᠡᠨ ᠤ | ᠰᠤᠳᠤᠯᠤᠯ ᠪᠠ ᠳᠡᠯᠭᠡᠷᠡᠭᠦᠯᠦᠯᠲᠡ ᠶᠢ ᠥᠷᠨᠢᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠴᠢᠬᠤᠯᠠ ᠶᠡᠭᠡ | ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠲᠦᠬᠦᠭᠡᠷᠦᠮᠵᠢᠳᠤ ᠲᠠᠷᠢᠶᠠᠯᠠᠩ ᠤᠨ ᠲᠧᠭᠨᠢᠭ ᠮᠡᠷᠭᠡᠵᠢᠯ ᠤᠨ ᠬᠢᠷᠢ ᠬᠡᠮᠵᠢᠶ᠎ᠡ ᠶᠢ ᠪᠦᠬᠦ ᠬᠤᠳᠠ ᠶᠢᠨ ᠲᠡᠷᠢᠭᠦᠨ ᠳᠤ | ᠲᠠᠯᠪᠢᠨ᠎ᠠ᠃ | ︵ᠬᠤᠶᠠᠷ︶ ᠲᠠᠷᠢᠶᠠᠯᠠᠩ ᠤᠨ ᠣᠶᠤᠨᠴᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠪᠠ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ | ᠲᠠᠷᠢᠶᠠᠯᠠᠩ ᠤᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠲᠠᠷᠢᠶᠠᠯᠠᠩ ᠤᠨ ᠣᠶᠤᠨᠴᠢ ᠠᠵᠤ | ᠦᠶᠢᠯᠡᠰᠵᠢᠯᠲᠡ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠦᠨ᠂ 5G ᠰᠦᠯᠵᠢᠶ᠎ᠡ᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ | ᠡᠭᠦᠯᠡᠨ ᠪᠤᠳᠤᠯᠲᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠪᠡᠯᠡᠳᠭᠡᠮᠵᠢᠳᠤ ᠲᠠᠷᠢᠶᠠᠯᠠᠩ ᠳᠠᠬᠢ ᠬᠡᠷᠡᠭᠯᠡᠯᠲᠡ ᠳᠡᠯᠭᠡᠷᠡᠭᠦᠯᠦᠯᠲᠡ ᠶᠢ | ᠳᠡᠮᠵᠢᠵᠦ᠂ ᠤᠶᠤᠨᠲᠤ ᠲᠠᠷᠢᠶᠠᠯᠠᠩ ᠤᠨ ᠲᠠᠯᠠᠪᠠᠶ᠂ ᠤᠶᠤᠨᠲᠤ ᠲᠠᠷᠢᠶᠠᠯᠠᠩ ᠤᠨ ᠮᠡᠳᠡᠭᠡ ᠵᠠᠩᠭᠢ ᠶᠢᠨ ᠦᠶ᠋ᠯᠡᠴᠢᠯᠡᠭᠡᠨ ᠤ ᠲᠠᠪᠴᠠᠩ ᠤᠨ ᠰᠤᠳᠤᠯᠤᠨ ᠨᠡᠭᠡᠭᠡᠵᠦ | ᠬᠡᠷᠡᠭᠯᠡᠬᠦ ᠶᠢ ᠴᠢᠩᠭᠠᠳᠬᠠᠨ᠎ᠠ᠃ ᠲᠤᠮᠤ ᠳ᠋ᠠᠶᠢᠲ᠋ᠠ ᠶᠢᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠠᠯ᠎ᠠ ᠪᠠᠷ ᠬᠢ ᠬᠡᠷᠡᠭᠯᠡᠯᠲᠡ ᠳᠡᠯᠭᠡᠷᠡᠭᠦᠯᠦᠯᠲᠡ ᠶᠢ ᠲᠡᠮᠵᠢᠵᠤ᠂ | ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠣᠷᠣᠨ ᠬᠡᠰᠡᠭ ᠤᠨ ᠬᠡᠯᠬᠢᠶ᠎ᠡ ᠶᠢᠨ ᠮᠡᠷᠭᠡᠵᠢᠯ ᠢ ᠤᠶᠤᠨᠲᠤ ᠲᠠᠷᠢᠶᠠᠯᠠᠩ ᠤᠨ ᠬᠦᠷᠢᠶᠡᠨ ᠳᠤ ᠲᠥᠪᠯᠡᠷᠡᠭᠦᠯᠦᠨ | ᠬᠡᠷᠡᠭᠯᠡᠬᠦ ᠶᠢ ᠲᠦᠷᠭᠡᠳᠬᠡᠵᠦ᠂ ᠤᠶᠤᠨᠴᠢᠯᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ | | | ᠬᠤᠶᠠᠷ᠂ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ | | ︵ᠨᠢᠭᠡ︶ ᠪᠡᠯᠡᠳᠭᠡᠮᠵᠢᠳᠤ ᠲᠠᠷᠢᠶᠠᠯᠠᠩ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ | ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠡᠭᠦᠯᠳᠡᠷ ᠢ ᠣᠷᠣᠭᠤᠯᠬᠤ᠂ ᠪᠤᠶᠢᠵᠢᠭᠤᠯᠬᠤ ᠪᠠ ᠥᠷᠭᠡᠳᠬᠡᠨ ᠦᠷᠡᠵᠢᠭᠦᠯᠬᠦ ᠪᠠᠷ ᠬᠠᠷᠠᠯᠲᠠ ᠪᠣᠯᠭᠠᠭᠰᠠᠨ ᠰᠢᠨ᠎ᠡ | ᠡᠭᠦᠯᠳᠡᠷ ᠢ ᠣᠷᠣᠭᠤᠯᠤᠨ ᠦᠷᠡᠵᠢᠭᠦᠯᠵᠦ ᠪᠤᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠰᠢᠨᠵᠢᠯᠡᠬᠦ ᠤᠬᠠᠭᠠᠨ ᠤ | ᠰᠤᠳᠤᠯᠤᠯ ᠤᠨ ᠴᠢᠳᠠᠪᠤᠷᠢᠲᠠᠨ ᠤ ᠪᠦᠯᠬᠦᠮ ᠨᠡᠶᠢᠲᠡ ᠶᠢᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠤᠯ ᠢ ᠦᠶ᠋ᠯᠡᠳᠪᠦᠷᠢᠯᠡᠯ ᠯᠦᠭᠡ | ᠬᠠᠷᠢᠯᠴᠠᠨ ᠤᠶᠠᠯᠳᠤᠭᠤᠯᠵᠤ᠂ ᠦᠷ᠎ᠡ ᠪᠦᠲᠦᠭᠡᠯ ᠢ ᠤᠯᠠᠷᠢᠭᠤᠯᠬᠤ ᠪᠠ ᠰᠢᠨ᠎ᠡ ᠲᠥᠷᠥᠯ ᠵᠦᠶ᠋ᠯ᠂ ᠰᠢᠨ᠎ᠡ ᠮᠡᠷᠭᠡᠵᠢᠯ ᠢ ᠳᠡᠯᠭᠡᠷᠡᠭᠦᠯᠬᠦ ᠪᠠᠷ ᠵᠣᠷᠢᠯᠭ᠎ᠠ ᠪᠣᠯᠭᠠᠭᠰᠠᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ | ︵ᠬᠤᠶᠠᠷ︶ ᠬᠤᠳᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠳᠥᠭᠡᠨ | ᠪᠠᠶᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ | ᠴᠢᠳᠠᠮᠵᠢ ᠶᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠭᠤᠯᠭ᠎ᠠ ᠶᠢ ᠪᠠᠶᠠᠯᠢᠭᠵᠢᠭᠤᠯᠬᠤ᠂ ᠰᠡᠯᠡᠭᠦᠴᠡᠨ ᠵᠤᠭᠠᠴᠠᠬᠤ ᠲᠥᠬᠦᠭᠡᠷᠦᠮᠵᠢ | ᠪᠠ ᠢᠳᠡᠭᠡᠨ ᠤᠮᠳᠠᠭᠠᠨ ᠲᠡᠭᠦᠬᠦ ᠵᠡᠷᠭᠡ ᠶᠢ ᠢᠵᠢ ᠪᠦᠷᠢᠳᠦᠭᠦᠯᠦᠨ ᠪᠦᠳᠦᠭᠡᠨ ᠪᠠᠶᠢᠭᠤᠯᠬᠤ᠂ ᠬᠤᠳᠠ ᠶᠢᠨ ᠭᠡᠷ ᠪᠦᠯᠢ ᠶᠢᠨ ᠬᠡᠷᠡᠭᠴᠡᠭᠡ ᠪᠠ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠲᠤᠬᠠᠶ ᠣᠶᠢᠯᠠᠭᠠᠯᠲᠠ ᠪᠠ ᠰᠤᠷᠤᠯᠴᠠᠯᠭ᠎ᠠ ᠶᠢ | ᠬᠠᠩᠭᠠᠬᠤ ᠪᠠᠷ ᠭᠤᠣᠯᠳᠠᠯᠭ᠎ᠠ ᠪᠣᠯᠭᠠᠨ᠎ᠠ᠃ | | ᠳᠣᠯᠣᠳᠤᠭᠠᠷ ᠪᠦᠯᠦᠭ᠂ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠬᠠᠮᠵᠢᠯᠴᠠᠨ ᠬᠠᠮᠲᠤ ᠪᠠᠷ ᠪᠠᠶᠢᠭᠤᠯᠤᠨ᠎ᠠ | ᠨᠢᠭᠡ᠂ ᠠᠵᠤ ᠦᠶ᠋ᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠦᠳᠦᠭᠡᠨ ᠪᠠᠶᠢᠭᠤᠯᠣᠨ᠎ᠠ᠃ | ︵ᠨᠢᠭᠡ︶ ᠦᠶ᠋ᠯᠡᠳᠪᠦᠷᠢᠯᠡᠬᠦ ᠵᠢᠭᠠᠬᠤ ᠰᠤᠳᠤᠯᠬᠤ ᠰᠢᠨ᠎ᠡ ᠶᠢ ᠡᠭᠦᠳᠬᠦ ᠲᠠᠪᠴᠠᠩ ᠢ ᠪᠥᠳᠥᠭᠡᠨ ᠪᠠᠶᠢᠭᠤᠯᠤᠨ᠎ᠠ᠃ | ᠬᠢᠶ᠎ᠠ ᠪᠠᠭᠰᠢ ᠲᠣᠭᠤᠷᠢᠭ ᠤᠨ ᠤᠷᠳᠤᠰ ᠲᠠᠬᠢ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠤᠨ᠂ ᠤᠯᠤᠰ ᠤᠨ ᠳᠣᠲᠣᠭᠠᠳᠤ ᠶᠢᠨ ᠲᠡᠷᠢᠭᠦᠨ | ᠵᠡᠷᠭᠡ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠣᠯᠤᠨ ᠳᠡᠭᠡᠳᠦ ᠰᠤᠷᠭᠠᠭᠤᠯᠢ ᠯᠤᠭ᠎ᠠ ᠶᠢᠨ ᠬᠤᠷᠰᠢᠯᠴᠠᠭ᠎ᠠ ᠶᠢ ᠴᠢᠩᠭᠠᠳᠬᠠᠨ᠂ ᠠᠵᠢᠯ | ᠲᠦᠷᠦᠯ ᠤᠨ ᠳᠠᠪᠠᠭᠤᠯᠢᠭ ᠡᠬᠢ ᠪᠠᠶᠠᠯᠢᠭ ᠬᠢᠭᠡᠳ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ | ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠵᠡᠷᠭᠡ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠨᠡᠭᠡᠭᠡᠯᠳᠡ ᠲᠠᠢ ᠬᠤᠷᠰᠢᠯᠴᠠᠭᠰᠠᠨ ᠶᠡᠷᠦᠩᠬᠡᠶᠢᠯᠡᠭᠰᠡᠨ ᠴᠢᠨᠠᠷᠲᠠᠶ ᠰᠢᠨ᠎ᠡ ᠮᠠᠶᠠᠭ ᠤᠨ ᠰᠤᠳᠤᠯᠤᠨ | ᠨᠡᠭᠡᠭᠡᠬᠦ ᠪᠠᠶᠢᠭᠤᠯᠤᠮᠵᠢ ᠪᠣᠯᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠪᠠᠶᠢᠭᠤᠯᠬᠤ ᠶᠢ ᠳᠡᠮᠵᠢᠨ᠎ᠡ᠃ ᠣᠷᠳᠣᠰ ᠬᠤᠲᠠ ᠶᠢᠨ ᠴᠡᠪᠡᠷ | ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠶ᠋ᠯᠡᠳᠪᠦᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠣᠨᠤᠭ ᠲᠥᠬᠦᠭᠡᠷᠦᠮᠵᠢ ᠦᠶ᠋ᠯᠡᠳᠬᠦ | ᠵᠡᠷᠭᠡ ᠭᠤᠤᠯᠳᠠᠯᠭ᠎ᠠ ᠲᠠᠢ ᠠᠵᠤ ᠦᠶ᠋ᠯᠡᠰ ᠤᠨ ᠲᠣᠭᠤᠷᠢᠨ ᠳᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠣᠨ ᠰᠤᠳᠤᠯᠭᠠᠨ ᠤ ᠬᠦᠷᠢᠶᠡᠯᠡᠩ ᠢ ᠤᠯᠠᠮ | ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠲᠣᠭᠠᠴᠢᠯᠠᠭᠰᠠᠨ ᠠᠵᠤ ᠠᠬᠤᠢ ᠪᠠ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ | ᠣᠶᠤᠨᠴᠢ ᠦᠶᠯᠡᠳᠬᠦ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢᠶᠠᠷ ᠰᠢᠨ᠎ᠡ ᠶᠢ ᠡᠭᠦᠳᠬᠦ ᠭᠤᠣᠯ ᠴᠣᠭᠴᠠ ᠪᠣᠯᠭᠠᠨ᠂ ᠬᠢᠶ᠎ᠠ ᠪᠠᠭᠰᠢ ᠲᠣᠭᠤᠷᠢᠭ ᠲᠤ | ᠣᠷᠳᠣᠰ ᠬᠤᠲᠠ ᠶᠢᠨ ᠣᠶᠤᠨᠲᠤ ᠰᠦᠯᠵᠢᠶᠡᠨ ᠤ ᠬᠤᠯᠪᠣᠭᠠᠯᠠᠭᠰᠠᠨ ᠮᠠᠰᠢᠨ ᠲᠡᠷᠭᠡᠨ ᠤ ᠰᠢᠨ᠎ᠡ ᠶᠢ ᠡᠭᠦᠳᠬᠦ ᠲᠥᠪ ᠢ ᠪᠠᠶᠢᠭᠤᠯᠤᠨ᠎ᠠ᠃ | ︵ᠬᠤᠶᠠᠷ︶ ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠤᠨ᠎ᠠ᠃ | ᠲᠣᠭᠤᠷᠢᠭ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠵᠥᠪᠳᠡᠯᠴᠡᠬᠦ ᠶᠢ ᠠᠬᠢᠭᠤᠯᠵᠤ᠂ ᠬᠢᠶ᠎ᠠ | ᠪᠠᠭᠰᠢ ᠲᠤ ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠲᠠᠪᠴᠠᠩ ᠢ ᠬᠠᠮᠲᠤᠪᠠᠷ ᠪᠠᠶᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠴᠤᠭᠯᠠᠭᠤᠯᠬᠤ ᠪᠠ ᠰᠢᠯᠢᠨ ᠰᠣᠩᠭᠤᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ | ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ | ᠮᠡᠷᠭᠡᠵᠢᠯᠲᠡᠨ ᠵᠡᠷᠭᠡ ᠳ᠋ᠠᠶᠢᠲ᠋ᠠ ᠶᠢᠨ ᠬᠥᠮᠥᠷᠭᠡ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡᠨ ᠤ ᠬᠤᠶᠠᠷ | ᠲᠠᠯ᠎ᠠ ᠳᠤ ᠦᠷ᠎ᠡ ᠪᠦᠲᠦᠭᠡᠯ ᠢ ᠵᠣᠯᠭᠠᠭᠤᠯᠬᠤ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ | ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶᠠᠯᠠᠭ᠎ᠠ ᠲᠤ ᠢᠳᠡᠪᠬᠢᠲᠡᠢ ᠣᠷᠣᠯᠴᠠᠭᠤᠯᠤᠨ᠎ᠠ᠃ ᠲᠣᠭᠤᠷᠢᠭ ᠤᠨ | ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ ᠶᠢᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠦᠷ᠎ᠡ ᠪᠦᠲᠦᠭᠡᠯ ᠢ ᠲᠠᠨᠢᠯᠴᠠᠭᠤᠯᠬᠤ᠂ ᠳᠡᠯᠭᠡᠨ ᠦᠵᠡᠭᠦᠯᠬᠦ᠂ ᠠᠷᠠᠯᠵᠢᠶᠠᠯᠠᠬᠤ ᠶᠢ ᠶᠠᠪᠤᠭᠳᠠᠭᠤᠯᠵᠤ᠂ ᠲᠣᠭᠤᠷᠢᠭ ᠤᠨ ᠳᠣᠲᠣᠷ᠎ᠠ ᠭᠠᠳᠠᠨᠠᠬᠢ ᠲᠡᠷᠢᠭᠦᠨ ᠤ ᠮᠡᠷᠭᠡᠵᠢᠯ | ᠪᠠ ᠲᠥᠷᠥᠯ ᠵᠦᠢᠯ ᠢ ᠣᠷᠳᠣᠰ ᠲᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠬᠠᠮᠲᠤ ᠪᠠᠷ ᠡᠳ᠋ᠯᠡᠬᠦ ᠲᠠᠪᠴᠠᠩ ᠢ ᠬᠠᠮᠲᠤ ᠪᠠᠷ ᠲᠦᠯᠬᠢᠨ | ᠠᠬᠢᠭᠤᠯᠤᠨ᠎ᠠ᠃ | ᠣᠷᠣᠨ ᠪᠦᠰᠡ ᠶᠢᠨ ᠲᠦᠷᠦ ᠶᠢᠨ ᠪᠤᠳᠤᠯᠭ᠎ᠠ ᠶᠢ ᠨᠢᠭᠡ ᠴᠤᠭᠴᠠᠵᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠦᠷᠦ ᠶᠢᠨ ᠪᠤᠳᠤᠯᠭ᠎ᠠ ᠲᠦᠷᠢᠮ ᠢ | ᠬᠠᠮᠲᠤ ᠪᠠᠷ ᠡᠳ᠋ᠯᠡᠵᠦ ᠬᠠᠷᠢᠯᠴᠠᠨ ᠠᠰᠢᠭ ᠬᠦᠷᠲᠡᠭᠡᠬᠦ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠤᠨ ᠵᠦᠢ ᠵᠣᠬᠢᠰᠲᠠᠶ ᠰᠢᠯᠵᠢᠯᠲᠡ ᠶᠢ | ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠡᠯᠰᠡᠬᠦ ᠲᠥᠷᠥ ᠶᠢᠨ ᠪᠣᠳᠣᠯᠭ᠎ᠠ ᠶᠢ ᠬᠠᠮᠵᠢᠯᠴᠠᠨ ᠬᠡᠷᠡᠭᠵᠢᠭᠦᠯᠵᠦ᠂ ᠳᠡᠭᠡᠳᠦ ᠲᠠᠰ | ᠳᠠᠪᠬᠤᠷᠭ᠎ᠠ ᠳᠤ ᠬᠠᠨᠳᠤᠭᠤᠯᠤᠭᠰᠠᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠬᠤ ᠶᠢ ᠴᠢᠩᠭᠠᠳᠬᠠᠨ᠂ ᠡᠷᠦᠬᠡ ᠠᠮᠠ ᠶᠢᠨ ᠲᠠᠩᠰᠠ ᠶᠢ ᠥᠯᠥ | ᠰᠢᠯᠵᠢᠭᠦᠯᠬᠦ᠂ ᠬᠠᠷᠢᠴᠠᠭ᠎ᠠ ᠶᠢ ᠥᠯᠥ ᠬᠤᠪᠢᠷᠠᠭᠤᠯᠬᠤ᠂ ᠪᠡᠶ᠎ᠡ ᠶᠢᠨ ᠭᠠᠷᠤᠯ ᠢ ᠬᠠᠷᠢᠯᠴᠠᠨ ᠮᠡᠳᠡᠷᠡᠬᠦ᠂ ᠭᠠᠷᠴᠤ ᠪᠣᠯᠬᠤ ᠮᠥᠷᠲᠡᠭᠡᠨ ᠣᠷᠣᠵᠤ ᠪᠣᠯᠬᠤ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠤᠶᠠᠨ ᠬᠠᠲᠠᠨ ᠰᠢᠯᠵᠢᠯᠲᠡ ᠶᠢᠨ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠤᠷᠮᠠᠰᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠤ | ᠰᠤᠳᠤᠯᠭᠠᠨ ᠤ ᠪᠡᠯᠡ ᠮᠥᠩᠭᠦ ᠶᠢ ᠬᠢᠯᠢ ᠠᠯᠤᠰᠯᠠᠨ ᠬᠡᠷᠡᠭᠯᠡᠬᠦ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠶᠢ | ᠬᠠᠮᠲᠤ ᠪᠠᠷ ᠬᠡᠷᠡᠭᠯᠡᠬᠦ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠢᠯᠢᠳᠡᠭ ᠰᠠᠶᠢᠨ ᠠᠮᠢ ᠠᠬᠤᠶ ᠶᠢᠨ ᠣᠷᠴᠢᠨ ᠨᠥᠬᠦᠴᠡᠯ ᠢ | ᠪᠤᠢ ᠪᠣᠯᠭᠠᠨ᠎ᠠ᠃ | | ᠬᠤᠶᠠᠷ᠂ ᠢᠷᠡᠭᠡᠳᠦᠶ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠥᠨᠳᠦᠷᠯᠢᠭ ᠭᠠᠵᠠᠷ ᠢ ᠬᠠᠶᠢᠨ ᠰᠦᠪᠡᠭᠴᠢᠯᠡᠨ᠎ᠡ᠃ | ︵ᠨᠢᠭᠡ︶ ᠢᠷᠡᠭᠡᠳᠦᠢ ᠶᠢᠨ ᠠᠵᠤ ᠦᠢᠯᠡᠰ ᠤᠨ ᠤᠷᠢᠳᠴᠢᠯᠠᠭᠰᠠᠨ ᠪᠠᠶᠢᠷᠢᠯᠠᠭᠤᠯᠤᠯᠲᠠ ᠪᠠ ᠰᠤᠳᠤᠯᠤᠨ ᠨᠡᠭᠡᠭᠡᠬᠦ ᠳᠡᠮᠵᠢᠯᠭᠡ ᠶᠢ ᠴᠢᠩᠭᠠᠳᠬᠠᠨ᠎ᠠ᠃ | ᠠᠵᠤ ᠦᠶ᠋ᠯᠡᠰ ᠤᠨ ᠬᠥᠭᠵᠢᠯᠲᠡ ᠪᠠ ᠮᠡᠷᠭᠡᠵᠢᠯ ᠤᠨ ᠤᠯᠠᠷᠢᠨ ᠬᠤᠪᠢᠰᠬᠤ ᠬᠠᠨᠳᠤᠰᠢ ᠶᠢ ᠰᠤᠳᠤᠯᠤᠨ ᠮᠠᠭᠠᠳᠯᠠᠵᠤ᠂ ᠪᠦᠬᠦᠯᠢ ᠴᠣᠭᠴᠠ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠰᠠᠭᠤᠷᠢ ᠰᠤᠳᠤᠯᠭᠠᠨ ᠤ ᠳᠠᠪᠠᠭᠤᠯᠢᠭ ᠢ ᠪᠠᠳᠠᠷᠠᠭᠤᠯᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯᠡᠰ᠂ | ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠵᠡᠷᠭᠡ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠢᠷᠡᠭᠡᠳᠦᠶ ᠶᠢᠨ | ᠠᠵᠤ ᠦᠢᠯᠡᠰ ᠤᠨ ᠬᠤᠯᠪᠣᠭᠳᠠᠯ ᠪᠦᠬᠦᠢ ᠰᠠᠭᠤᠷᠢ ᠰᠤᠳᠤᠯᠭᠠᠨ ᠳᠤ ᠦᠵᠡᠭᠦᠯᠬᠦ ᠳᠡᠮᠵᠢᠯᠭᠡ ᠶᠢ ᠴᠢᠩᠭᠠᠳᠬᠠᠨ᠎ᠠ᠃ | ︵ᠬᠤᠶᠠᠷ︶ ᠢᠷᠡᠭᠡᠳᠦᠢ ᠶᠢᠨ ᠠᠵᠤ ᠦᠢᠯᠡᠰ ᠤᠨ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠤᠨ᠎ᠠ᠃ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠤᠯᠤᠰ ᠤᠨ ᠦᠢᠯᠡᠳᠬᠦ ᠦᠢᠯᠡᠰ ᠤᠨ ᠰᠢᠨ᠎ᠡ ᠶᠢ | ᠡᠭᠦᠳᠬᠦ ᠲᠥᠪ᠂ ᠤᠯᠤᠰ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠢᠨᠵᠧᠨᠧᠷᠢᠩ ᠤᠨ ᠰᠤᠳᠤᠯᠭᠠᠨ ᠤ ᠲᠥᠪ ᠵᠡᠷᠭᠡ ᠠᠵᠤ ᠦᠢᠯᠡᠰ ᠤᠨ | ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠬᠢᠶ᠎ᠠ ᠪᠠᠭᠰᠢ ᠳᠤ ᠬᠤᠪᠢᠶᠠᠷᠢ ᠲᠥᠪ ᠪᠠᠶᠢᠭᠤᠯᠣᠨ᠂ ᠠᠵᠤ ᠠᠬᠤᠶᠢᠯᠠᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠬᠦᠴᠦᠨ ᠢ ᠲᠥᠪᠯᠡᠷᠡᠭᠦᠯᠵᠦ᠂ ᠬᠤᠰᠢᠭᠤᠷᠠᠯ ᠮᠡᠷᠭᠡᠵᠢᠯ ᠤᠨ ᠤᠯᠠᠨ ᠠᠷᠭ᠎ᠠ ᠵᠠᠮ ᠢᠶᠠᠷ ᠬᠠᠶᠢᠨ | ᠰᠦᠪᠡᠭᠴᠢᠯᠡᠬᠦ ᠪᠠ ᠰᠣᠯᠪᠢᠴᠠᠨ ᠠᠭᠤᠰᠤᠯᠴᠠᠬᠤ ᠶᠢ ᠴᠢᠩᠭᠠᠳᠬᠠᠵᠤ᠂ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠳᠤ ᠪᠦᠬᠦ ᠲᠠᠯ᠎ᠠ ᠶᠢᠨ ᠴᠢᠨᠠᠷᠲᠠᠶ ᠨᠥᠯᠥᠭᠡ | ᠪᠦᠬᠦᠢ ᠨᠢᠭᠡ ᠪᠦᠯᠦᠭ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ | ᠬᠠᠩᠭᠠᠯᠭ᠎ᠠ ᠶᠢ ᠨᠡᠮᠡᠭᠳᠡᠭᠦᠯᠵᠦ᠂ ᠢᠷᠡᠭᠡᠳᠦᠶ ᠶᠢᠨ ᠠᠵᠤ ᠦᠢᠯᠡᠰ ᠢ ᠪᠤᠶᠢᠵᠢᠭᠤᠯᠤᠨ᠎ᠠ᠃ | ︵ᠭᠤᠷᠪᠠ︶ ᠰᠢᠨ᠎ᠡ ᠶᠢ ᠡᠭᠦᠳᠴᠦ ᠦᠢᠯᠡᠰ ᠪᠤᠰᠬᠠᠬᠤ ᠰᠠᠶᠢᠨ ᠰᠠᠶᠢᠬᠠᠨ ᠠᠮᠢ ᠠᠬᠤᠢ ᠶᠢ ᠪᠤᠢ ᠪᠣᠯᠭᠠᠨ᠎ᠠ᠃ | ᠢᠷᠡᠭᠡᠳᠦᠶ ᠶᠢᠨ ᠠᠵᠤ ᠦᠶ᠋ᠯᠡᠰ ᠤᠨ ᠨᠡᠪᠴᠢᠭᠦᠯᠬᠦ ᠪᠠ ᠲᠦᠷᠭᠡᠳᠬᠡᠬᠦ ᠲᠥᠯᠥᠪᠯᠡᠭᠡ ᠶᠢ ᠬᠡᠷᠡᠭᠵᠢᠭᠦᠯᠵᠦ᠂ ᠪᠦᠷᠢᠨ ᠪᠦᠲᠦᠨ ᠰᠢᠨ᠎ᠡ ᠶᠢ ᠡᠭᠦᠳᠬᠦ | ᠨᠡᠪᠴᠢᠭᠦᠯᠬᠦ ᠰᠢᠰᠲ᠋ᠧᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠰᠢᠰᠲ᠋ᠧᠮᠵᠢ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠰᠢᠰᠲ᠋ᠧᠮᠵᠢ ᠶᠢ | ᠪᠠᠶᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠣᠶ ᠪᠣᠯᠭᠠᠨ᠎ᠠ᠃ ᠢᠷᠡᠭᠡᠳᠦᠶ ᠶᠢᠨ ᠠᠵᠤ ᠦᠶ᠋ᠯᠡᠰ ᠤᠨ ᠵᠠᠭᠠᠭ ᠠᠯᠤᠰᠯᠠᠨ | ᠠᠭᠤᠰᠤᠯᠴᠠᠬᠤ ᠵᠢᠱᠢᠶ᠎ᠡ ᠦᠵᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠬᠡᠷᠡᠭᠯᠡᠭᠡᠨ ᠤ ᠲᠠᠯᠠᠪᠤᠷ ᠤᠨ ᠰᠢᠨ᠎ᠡ ᠶᠢ ᠡᠭᠦᠳᠬᠦ ᠪᠠ ᠰᠢᠨ᠎ᠡ ᠬᠡᠯᠪᠡᠷᠢ ᠶᠢᠨ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠤᠰᠢᠭᠤᠷᠠᠯ ᠮᠡᠷᠭᠡᠵᠢᠯ ᠤᠨ ᠳᠠᠪᠬᠤᠴᠠᠨ ᠲᠡᠭᠦᠯᠳᠡᠷᠵᠢᠬᠦ ᠶᠢ ᠠᠬᠢᠭᠤᠯᠤᠨ᠎ᠠ᠃ | ︵ᠳᠥᠷᠪᠡ︶ ᠢᠷᠡᠭᠡᠳᠦᠶ ᠶᠢᠨ ᠠᠵᠤ ᠦᠶ᠋ᠯᠡᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ | ᠴᠢᠩᠭᠠᠳᠬᠠᠨ᠎ᠠ᠃ | ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠥᠷᠥᠯ ᠪᠠ ᠤᠯᠤᠰ ᠤᠨ ᠢᠷᠡᠭᠡᠳᠦᠶ ᠶᠢᠨ ᠠᠵᠤ ᠦᠶ᠋ᠯᠡᠰ ᠤᠨ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢᠶᠠᠷ ᠳᠠᠮᠵᠢᠭᠤᠯᠤᠨ ᠰᠢᠨ᠎ᠡ ᠶᠢ ᠡᠭᠦᠳᠬᠦ ᠴᠢᠳᠠᠪᠤᠷᠢᠲᠠᠨ ᠪᠠ ᠪᠦᠯᠬᠦᠮ ᠨᠡᠶᠢᠲᠡ ᠶᠢ ᠬᠠᠨᠳᠤᠯᠭ᠎ᠠ ᠲᠠᠢ ᠪᠠᠷ | ᠢᠷᠡᠭᠡᠳᠦᠶ ᠶᠢᠨ ᠠᠵᠤ ᠦᠶ᠋ᠯᠡᠰ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ | ᠪᠥᠲᠥᠭᠡᠨ ᠪᠠᠶᠢᠭᠤᠯᠵᠤ᠂ ᠠᠵᠤ ᠦᠶ᠋ᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ | ᠠᠭᠤᠰᠤᠯᠴᠠᠭᠤᠯᠤᠭᠰᠠᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮᠵᠢ ᠶᠢ ᠪᠣᠶ ᠪᠣᠯᠭᠠᠨ᠎ᠠ᠃ ᠣᠷᠣᠨ ᠪᠦᠰᠡ ᠶᠢᠨ ᠳᠡᠭᠡᠳᠦ ᠲᠡᠰ ᠤᠨ ᠴᠢᠳᠠᠪᠤᠷᠢᠲᠠᠨ ᠤ | ᠬᠠᠮᠲᠤᠷᠠᠯᠴᠠᠭᠠᠨ ᠤ ᠲᠥᠯᠥᠪᠯᠡᠭᠡ ᠶᠢ ᠲᠦᠯᠬᠢᠨ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠠᠵᠢᠯ ᠢ ᠴᠢᠩᠭᠠᠳᠬᠠᠨ᠎ᠠ᠃ | | | ᠨᠠᠢᠮᠠᠳᠤᠭᠠᠷ ᠪᠦᠯᠦᠭ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠃ | ᠨᠢᠭᠡ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | ︵ᠨᠢᠭᠡ︶ ᠲᠠᠭᠠᠭᠤᠯᠤᠭᠴᠢ ᠠᠵᠤ ᠠᠬᠤᠶᠢᠯᠠᠯ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ | ᠳᠡᠭᠡᠳᠦ ᠵᠡᠷᠭᠡ ᠶᠢᠨ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠬᠤ ᠬᠥᠮᠥᠷᠭᠡ ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ | ᠠᠬᠤᠶᠢᠯᠠᠯ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠲᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠶ ᠪᠠᠷ | ᠣᠷᠣᠭᠤᠯᠤᠨ ᠠᠪᠴᠢᠷᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠵᠢᠴᠢ | ᠬᠤᠲᠠ ᠶᠢᠨ ᠱᠠᠲᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠬᠠᠮᠢᠶ᠎ᠠ ᠪᠥᠬᠦᠶ ᠲᠡᠳᠬᠦᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠳᠡᠭᠡᠳᠦ ᠠᠵᠤ ᠠᠬᠤᠶᠢᠯᠠᠯ ᠤᠨ ᠱᠠᠲᠤᠴᠢᠯᠠᠨ ᠪᠤᠶᠢᠵᠢᠭᠤᠯᠬᠤ ᠬᠥᠮᠥᠷᠭᠡ ᠶᠢ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠢ ᠳᠡᠮᠵᠢᠬᠦ | ᠡᠷᠴᠢᠮ ᠢ ᠴᠢᠩᠭᠠᠷᠠᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨ᠎ᠡ ᠶᠢ ᠡᠭᠦᠳᠬᠦ ᠬᠡᠯᠪᠡᠷᠢ ᠶᠢᠨ ᠲᠠᠭᠠᠭᠤᠯᠤᠬᠴᠢ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠬᠤ ᠪᠤᠶᠤ ᠬᠠᠮᠲᠤᠷᠠᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠶᠢ ᠢᠳᠡᠪᠬᠢᠲᠡᠶ ᠪᠠᠷ | ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠰᠤᠵᠤ ᠭᠡᠯᠳᠦᠷᠢᠭᠦᠯᠬᠦ᠂ ᠰᠤᠳᠤᠯᠤᠨ ᠨᠡᠭᠡᠭᠡᠬᠦ ᠵᠠᠷᠤᠳᠠᠯ ᠢ | ᠨᠡᠮᠡᠨ ᠪᠤᠳᠤᠵᠤ ᠰᠠᠭᠤᠯᠭᠠᠨ ᠠᠪᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠠᠰᠢ ᠬᠥᠭᠵᠢᠬᠦ ᠶᠢ | ᠵᠣᠷᠢᠭᠵᠢᠭᠤᠯᠤᠨ᠎ᠠ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢ ᠨᠡᠮᠡᠭᠳᠡᠭᠦᠯᠦᠨ᠎ᠡ᠃ | ᠠᠵᠤ ᠦᠶ᠋ᠯᠡᠰ ᠤᠨ ᠨᠡᠪᠴᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠨᠡᠪᠴᠢᠭᠦᠯᠬᠦ ᠰᠢᠰᠲ᠋ᠧᠮᠵᠢ ᠶᠢ ᠪᠠᠶᠢᠭᠤᠯᠤᠨ | ᠪᠦᠷᠢᠨᠰᠢᠬᠦᠯᠵᠦ᠂ ᠣᠯᠠᠨ ᠨᠡᠶᠢᠲᠡ ᠳᠤ ᠣᠷᠣᠨ ᠵᠠᠶ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠪᠠᠭᠠᠵᠢ ᠵᠡᠷᠭᠡ | ᠠᠴᠢᠶᠠᠯᠠᠪᠤᠷᠢ ᠶᠢᠨ ᠪᠥᠲᠥᠭᠡᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠳᠤ ᠬᠦᠴᠦᠨ ᠨᠡᠮᠡᠷᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ ᠲᠦᠷᠭᠡᠳᠬᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠠᠵᠢᠯ ᠲᠥᠷᠥᠯ᠂ ᠬᠦᠷᠢᠶ᠎ᠡ ᠬᠡᠪᠴᠢᠶ᠎ᠡ | ᠬᠤᠪᠢᠶᠠᠨ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠳᠠᠭᠠᠭᠤᠯᠤᠭᠴᠢ ᠠᠵᠤ ᠠᠬᠤᠶᠢᠯᠠᠯ ᠢ ᠪᠣᠶ ᠪᠣᠯᠭᠠᠨ᠎ᠠ᠃ ᠰᠢᠨ᠎ᠡ ᠪᠠᠷ | ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠶᠡᠬᠡᠪᠡᠷ | ᠪᠣᠶᠢᠵᠢᠭᠤᠯᠣᠨ᠎ᠠ᠃ | ︵ᠭᠤᠷᠪᠠ︶ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ | ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠦᠵᠡᠯ ᠤᠬᠠᠮᠰᠠᠷ ᠢ ᠴᠢᠩᠭᠠᠷᠠᠭᠤᠯᠵᠤ᠂ ᠣᠷᠣᠨ ᠪᠦᠰᠡ ᠶᠢᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠨᠢᠭᠡ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠣᠷᠣᠭᠤᠯᠤᠯᠲᠠ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠡᠭᠦᠳᠦᠯᠲᠡ ᠶᠢᠨ ᠲᠤᠰᠬᠠᠶ ᠠᠰᠢᠭ ᠤᠨ ︽ᠭᠤᠷᠪᠠ ᠶᠢ ᠦᠭᠡᠶᠢᠰᠬᠡᠬᠦ︾ | ᠠᠵᠢᠯᠯᠠᠭ᠎ᠠ ᠶᠢ ᠥᠷᠨᠢᠭᠦᠯᠵᠦ᠂ ᠣᠷᠣᠨ ᠪᠦᠰᠡ ᠶᠢᠨ ᠳᠣᠲᠣᠷᠠᠬᠢ ᠲᠣᠭᠲᠠᠭᠠᠯ ᠳᠡᠭᠡᠷᠡᠬᠢ ᠠᠵᠤ ᠠᠬᠤᠶᠢᠯᠠᠯ ᠪᠦᠬᠦᠨ ᠢᠶᠠᠷ ᠢᠶᠠᠨ ᠰᠢᠨ᠎ᠡ ᠶᠢ ᠡᠭᠦᠳᠬᠦ ᠠᠵᠢᠯᠯᠠᠭ᠎ᠠ᠂ | ᠰᠢᠨ᠎ᠡ ᠶᠢ ᠡᠭᠦᠳᠬᠦ ᠣᠷᠣᠭᠤᠯᠤᠯᠲᠠ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠲᠠᠢ ᠪᠠᠶᠢᠬᠤ ᠶᠢ ᠪᠡᠶᠡᠯᠡᠭᠦᠯᠦᠨ᠎ᠡ᠃ ᠬᠤᠶᠠᠷ ᠲᠤ᠂ ᠠᠵᠤ ᠠᠬᠤᠶᠢᠯᠠᠯ ᠤᠨ ᠡᠯ᠎ᠡ | ᠱᠠᠲᠤᠨ ᠤ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ | ᠣᠷᠣᠭᠤᠯᠤᠯᠲᠠ ᠶᠢ ᠨᠡᠮᠡᠭᠳᠡᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠣᠯᠬᠤ ᠶᠢ ᠵᠣᠷᠢᠭᠵᠢᠭᠤᠯᠣᠨ᠎ᠠ᠃ ᠭᠤᠷᠪᠠ ᠳᠤ᠂ ᠠᠵᠤ ᠠᠬᠤᠶᠢᠯᠠᠯ ᠢᠶᠠᠷ ᠭᠤᠣᠯ | ᠴᠣᠭᠴᠠ ᠪᠣᠯᠭᠠᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠷ ᠳᠠᠮᠵᠢᠨ ᠰᠢᠨ᠎ᠡ ᠶᠢ ᠡᠭᠦᠳᠬᠦ ᠲᠠᠪᠴᠠᠩ | ᠪᠠᠶᠢᠭᠤᠯᠬᠤ ᠶᠢ ᠳᠡᠮᠵᠢᠵᠦ᠂ ᠠᠵᠤ ᠠᠬᠤᠶᠢᠯᠠᠯ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ᠂ ᠦᠢᠯᠡᠳᠬᠦᠨ ᠢ ᠨᠡᠭᠡᠭᠡᠨ ᠬᠥᠭᠵᠢᠭᠦᠯᠬᠦ᠂ ᠴᠢᠳᠠᠪᠤᠷᠢᠲᠠᠨ ᠢ | ᠬᠥᠮᠦᠵᠢᠭᠦᠯᠬᠦ᠂ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠳᠥᠷᠪᠡ︶ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ | ᠬᠢᠶ᠎ᠠ ᠪᠠᠭᠰᠢ ᠲᠣᠭᠤᠷᠢᠭ ᠤᠨ ᠤᠶᠤᠨᠴᠢᠯᠠᠭᠰᠠᠨ ᠮᠡᠷᠭᠡᠵᠢᠯ ᠤᠨ ᠥᠭᠡᠷᠡᠴᠢᠯᠡᠯᠲᠡ ᠶᠢᠨ ᠠᠰᠠᠭᠤᠨ ᠣᠨᠣᠰᠢᠯᠠᠬᠤ ᠦᠶ᠋ᠯᠡᠴᠢᠯᠡᠭᠡ ᠶᠢ ᠤᠯᠠᠮ ᠨᠢᠭᠡ | ᠠᠯᠬᠤᠮ ᠠᠬᠢᠭᠤᠯᠵᠤ᠂ ᠠᠵᠤ ᠦᠶ᠋ᠯᠡᠳᠪᠦᠷᠢ ᠶᠢᠨ ᠤᠶᠤᠨᠴᠢᠯᠠᠭᠰᠠᠨ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠬᠦ ᠶᠢ ᠬᠥᠲᠥᠯᠦᠨ ᠵᠢᠯᠣᠭᠤᠳᠬᠤ ᠪᠠ | ᠠᠬᠢᠭᠤᠯᠤᠨ᠎ᠠ᠃ ᠤᠶᠤᠨᠴᠢᠯᠠᠬᠰᠠᠨ ᠥᠭᠡᠷᠡᠴᠢᠯᠡᠯᠲᠡ ᠶᠢ ᠲᠦᠷᠭᠡᠳᠬᠡᠨ᠂ ᠤᠶᠤᠨᠴᠢᠯᠠᠬᠰᠠᠨ ᠥᠭᠡᠷᠡᠴᠢᠯᠡᠯᠲᠡ ᠶᠢᠨ ᠲᠦᠷᠦᠯ ᠵᠦᠢᠯ ᠢ ᠰᠠᠶᠢᠲᠤᠷ ᠠᠳᠬᠤᠵᠤ᠂ | ᠤᠶᠤᠨᠴᠢᠯᠠᠬᠰᠠᠨ ᠥᠭᠡᠷᠡᠴᠢᠯᠡᠯᠲᠡ ᠶᠢᠨ ᠲᠠᠪᠴᠠᠩ ᠢ ᠪᠠᠶᠢᠭᠤᠯᠵᠤ᠂ ᠤᠶᠤᠨᠴᠢᠯᠠᠬᠰᠠᠨ ᠥᠭᠡᠷᠡᠴᠢᠯᠡᠯᠲᠡ ᠶᠢᠨ ᠦᠢᠯᠡᠴᠢᠯᠡᠭᠡ ᠶᠢ ᠰᠠᠶᠢᠲᠤᠷ ᠬᠢᠵᠦ᠂ | ᠤᠶᠤᠨᠴᠢᠯᠠᠬᠰᠠᠨ ᠲᠡᠳᠬᠦᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠤᠶᠤᠨᠴᠢᠯᠠᠬᠰᠠᠨ ᠮᠡᠷᠭᠡᠵᠢᠯ ᠤᠨ | ᠥᠭᠡᠷᠡᠴᠢᠯᠡᠯᠲᠡ ᠶᠢᠨ ᠲᠡᠰ ᠳᠡᠪᠰᠢᠬᠦ ᠶᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠯᠠᠪᠳᠠᠭᠤᠨ ᠪᠠᠲᠤᠲᠠᠢ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ | ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ᠬᠤᠶᠠᠷ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢ ᠨᠥᠬᠦᠴᠡᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠦᠨ᠎ᠡ᠃ | ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠨᠥᠬᠦᠴᠡᠯ ᠤᠨ ᠲᠠᠪᠴᠠᠩ ᠢ ᠪᠠᠶᠢᠭᠤᠯᠤᠨ᠎ᠠ᠃ | ᠬᠤᠲᠠ ᠲᠣᠭᠤᠷᠢᠭ ᠬᠤᠯᠪᠣᠭᠠᠯᠠᠨ ᠬᠥᠳᠡᠯᠦᠯᠴᠡᠵᠦ ᠬᠢᠶ᠎ᠠ ᠪᠠᠭᠰᠢ ᠲᠣᠭᠤᠷᠢᠭ ᠢ ᠣᠷᠳᠣᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠤᠰᠢᠭᠤᠴᠢ ᠬᠤᠲᠠ ᠪᠣᠯᠭᠠᠨ ᠪᠥᠲᠥᠭᠡᠨ ᠪᠠᠶᠢᠭᠤᠯᠬᠤ ᠶᠢ ᠠᠭᠢᠭᠤᠯᠣᠨ᠎ᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠰᠠᠭᠤᠷᠢ ᠲᠥᠬᠦᠭᠡᠷᠦᠮᠵᠢ᠂ ᠰᠢᠨᠵᠢᠯᠡᠬᠦ ᠤᠬᠠᠭᠠᠨ ᠤ ᠲᠥᠬᠦᠭᠡᠷᠦᠮᠵᠢ ᠪᠠ ᠢᠨᠵᠧᠨᠧᠷᠢᠩ ᠤᠨ ᠲᠥᠷᠥᠯ ᠵᠦᠶ᠋ᠯ ᠢ ᠬᠢᠶ᠎ᠠ ᠪᠠᠭᠰᠢ ᠳᠤ | ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠢᠶ᠎ᠠ ᠪᠠᠭᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠥᠬᠦᠴᠡᠯ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ ᠵᠡᠷᠭᠡ ᠶᠢᠨ ᠲᠡᠷᠢᠭᠦᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠣᠷᠳᠣᠰ ᠲᠤ | ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠬᠤ ᠳᠤ ᠲᠠᠯᠠᠪᠤᠷ ᠭᠠᠵᠠᠷ ᠬᠠᠩᠭᠠᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠳᠤ | ᠲᠤᠯᠭᠠᠭᠤᠷᠢᠯᠠᠯ ᠬᠠᠩᠭᠠᠨ᠎ᠠ᠃ ᠪᠦᠬᠦ ᠬᠤᠳᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠳᠤ ᠨᠡᠪᠴᠢᠭᠦᠯᠦᠨ | ᠪᠤᠶᠢᠵᠢᠭᠤᠯᠬᠤ ᠣᠷᠣᠨ ᠵᠠᠶ ᠬᠠᠩᠭᠠᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠷᠳᠣᠰ ᠭᠠᠵᠠᠷ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠪᠠ ᠮᠡᠷᠭᠡᠵᠢᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠠᠶᠢᠭᠤᠯᠵᠤ᠂ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ᠎ᠡ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠬᠠᠮᠢᠶᠠᠷᠤᠯᠲᠠ ᠪᠠ ᠡᠵᠡᠩᠨᠡᠯᠲᠡ ᠶᠢᠨ ᠲᠣᠭᠲᠠᠴᠠ ᠶᠢᠨ ᠰᠢᠨ᠎ᠡ ᠶᠢ | ᠡᠭᠦᠳᠴᠦ᠂ ᠮᠡᠷᠭᠡᠵᠢᠯ ᠢ ᠰᠢᠯᠵᠢᠭᠦᠯᠬᠦ ᠲᠤᠰᠬᠠᠶ ᠪᠠᠶᠢᠭᠤᠯᠤᠮᠵᠢ ᠶᠢ ᠴᠢᠷᠮᠠᠶᠢᠨ ᠪᠠᠶᠢᠭᠤᠯᠤᠨ᠎ᠠ᠃ ᠮᠡᠷᠭᠡᠵᠢᠯ ᠢ ᠰᠢᠯᠵᠢᠭᠦᠯᠬᠦ ᠬᠠᠮᠢᠶᠠᠷᠤᠯᠲᠠ ᠶᠢᠨ ᠠᠵᠢᠯᠲᠠᠨ᠂ | ᠮᠡᠷᠭᠡᠵᠢᠯ ᠤᠨ ᠵᠠᠭᠤᠴᠢᠯᠠᠭᠴᠢ᠂ ᠮᠡᠷᠭᠡᠵᠢᠯ ᠤᠨ ᠡᠵᠡᠩᠨᠡᠨ ᠬᠠᠮᠢᠶᠠᠷᠤᠭᠴᠢ ᠵᠡᠷᠭᠡ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠬ᠎ᠠ | ᠳᠡᠯᠭᠡᠭᠦᠷ ᠢ ᠨᠡᠭᠡᠭᠡᠬᠦ᠂ ᠦᠷ᠎ᠡ ᠪᠦᠲᠦᠭᠡᠯ ᠢ ᠦᠨᠡᠯᠡᠬᠦ᠂ ᠮᠡᠷᠭᠡᠵᠢᠯ ᠢ ᠳᠡᠯᠭᠡᠷᠡᠭᠦᠯᠬᠦ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠣᠨ᠎ᠠ᠃ | ︵ᠭᠤᠷᠪᠠ︶ ᠰᠢᠨ᠎ᠡ ᠶᠢ ᠡᠭᠦᠳᠬᠦ ᠦᠢᠯᠡᠰ ᠪᠤᠰᠬᠠᠬᠤ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠶ᠋ᠯᠡᠰ ᠴᠣᠭᠴᠠᠯᠠᠬᠤ ᠰᠠᠭᠤᠷᠢᠨ ᠭᠠᠵᠠᠷ᠂ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠴᠢᠯᠠᠭᠰᠠᠨ ᠨᠡᠪᠴᠢᠭᠦᠯᠬᠦ ᠪᠠᠭᠠᠵᠢ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠵᠡᠷᠭᠡ ᠰᠢᠨ᠎ᠡ ᠶᠢ | ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠨᠡᠶᠢᠭᠡᠮ ᠤᠨ ᠬᠦᠴᠦᠨ ᠢᠶᠠᠷ ᠭᠤᠤᠯᠯᠠᠭᠤᠯᠬᠤ ᠪᠤᠶᠤ | ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠠᠵᠢᠯᠯᠠᠭ᠎ᠠ ᠳᠤ ᠣᠷᠣᠯᠴᠠᠬᠤ ᠶᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠡᠯ᠎ᠡ ᠲᠥᠷᠥᠯ ᠤᠨ ᠭᠤᠤᠯ | ᠴᠣᠭᠴᠠ ᠶᠢ ᠲᠡᠳᠡᠨ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠵᠤ᠂ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠠᠮᠢ ᠠᠬᠤᠶ ᠶᠢ ᠪᠣᠶ ᠪᠣᠯᠭᠠᠨ᠎ᠠ᠃ | ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠡᠯ᠎ᠡ ᠲᠥᠷᠥᠯ ᠤᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠲᠡᠭᠦᠨ ᠤ ᠳᠣᠲᠣᠷ᠎ᠠ ᠠᠴᠠ ᠵᠠᠬ᠎ᠠ ᠳᠡᠯᠭᠡᠭᠦᠷ ᠤᠨ | ᠬᠡᠲᠦ ᠶᠢᠨ ᠲᠥᠯᠥᠪ ᠪᠠ ᠳᠠᠯᠳᠠ ᠠᠵᠤ ᠠᠬᠤᠶ ᠶᠢᠨ ᠦᠨ᠎ᠡ ᠥᠷᠲᠡᠭ ᠲᠠᠢ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠲᠥᠷᠥᠯ ᠵᠦᠶ᠋ᠯ ᠢ ᠠᠭᠤᠳᠠᠯᠤᠨ | ᠢᠯᠡᠷᠡᠭᠦᠯᠦᠨ᠎ᠡ᠃ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠳᠤ ᠠᠨᠴᠢᠯ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠠᠳᠠᠯ | ᠦᠶ᠋ᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠲᠦᠭᠰᠢᠭᠦᠷᠢᠲᠦ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢ ᠣᠷᠣᠭᠤᠯᠤᠨ | ᠪᠠᠶᠢᠭᠤᠯᠬᠤ ᠶᠢ ᠳᠡᠮᠵᠢᠵᠦ᠂ ᠠᠩᠬ᠎ᠠ ᠰᠢᠨ᠎ᠡ ᠶᠢ ᠡᠭᠦᠳᠬᠦ ᠬᠤᠭᠤᠴᠠᠭᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠦᠰᠦᠨ | ᠪᠤᠵᠠᠭᠠᠶᠢᠷᠠᠬᠤ ᠶᠢ ᠪᠤᠶᠢᠵᠢᠭᠤᠯᠤᠨ ᠲᠡᠳᠬᠦᠨ᠎ᠡ᠃ | | ᠭᠤᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | ︵ᠨᠢᠭᠡ︶ ᠠᠵᠤ ᠦᠶ᠋ᠯᠡᠰ ᠤᠨ ᠳᠠᠭᠠᠭᠤᠯᠤᠭᠴᠢ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠭᠯᠡᠯ ᠪᠠ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠴᠢᠳᠠᠪᠤᠷᠢᠲᠠᠨ ᠢ ᠬᠡᠷᠡᠭᠯᠡᠬᠦ ᠴᠢᠳᠠᠪᠤᠷᠢᠲᠠᠨ ᠢ ᠦᠯᠡᠳᠡᠭᠡᠬᠦ ᠲᠣᠭᠲᠠᠴᠠ ᠶᠢ ᠰᠢᠨ᠎ᠡ ᠪᠠᠷ ᠡᠭᠦᠳᠦᠨ᠎ᠡ᠃ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ | ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠬᠦᠴᠦᠯᠡᠨ ᠣᠷᠣᠭᠤᠯᠤᠨ᠎ᠠ᠃ ᠬᠢᠶ᠎ᠠ ᠪᠠᠭᠰᠢ ᠲᠤ ᠪᠠᠶᠢᠭ᠎ᠠ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠳᠠᠯᠳᠠ ᠬᠦᠴᠦᠨ ᠢ ᠭᠦᠶ᠋ᠴᠡᠳ ᠠᠭᠤᠳᠠᠯᠵᠤ᠂ ᠨᠢᠭᠡ ᠪᠦᠯᠦᠭ ᠰᠢᠨᠵᠢᠯᠡᠬᠦ | ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠵᠢᠴᠢ ᠪᠡᠯᠡᠳᠬᠡᠯ ᠬᠦᠴᠦᠨ ᠢ ᠪᠣᠶ ᠪᠣᠯᠭᠠᠵᠤ᠂ ᠨᠢᠭᠡ ᠪᠦᠯᠦᠭ ᠡᠷᠳᠡᠮ ᠰᠢᠨᠵᠢᠯᠡᠭᠡᠨ ᠤ ᠳᠠᠭᠠᠭᠤᠯᠤᠭᠴᠢ ᠪᠠ | ᠠᠵᠤ ᠦᠶ᠋ᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠦᠨ ᠳᠠᠭᠠᠭᠤᠯᠬᠤ ᠮᠡᠷᠭᠡᠵᠢᠯ ᠤᠨ ᠳᠠᠭᠠᠭᠤᠯᠤᠭᠴᠢ ᠶᠢ ᠬᠥᠮᠦᠵᠢᠭᠦᠯᠦᠨ ᠪᠤᠶᠢᠵᠢᠭᠤᠯᠤᠨ᠎ᠠ᠃ | ︵ᠬᠤᠶᠠᠷ︶ ᠲᠣᠰ ᠭᠠᠵᠠᠷ ᠣᠷᠣᠨ ᠤ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ | ᠴᠢᠩᠭᠠᠷᠠᠭᠤᠯᠤᠨ᠎ᠠ᠃ | ᠣᠷᠳᠣᠰ ᠬᠤᠲᠠ ᠶᠢᠨ ᠬᠤᠯᠪᠣᠭᠳᠠᠯ ᠪᠦᠬᠦᠢ ᠴᠢᠳᠠᠪᠤᠷᠢᠲᠠᠨ ᠤ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠣᠷᠣᠨ | ᠨᠤᠲᠤᠭ ᠤᠨ ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ ᠶᠢ ᠴᠢᠩᠭᠠᠳᠬᠠᠵᠤ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠤᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠤᠨ ᠠᠮᠢ ᠠᠬᠤᠶ ᠶᠢᠨ ᠣᠷᠴᠢᠨ ᠲᠣᠭᠤᠷᠢᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠳᠡᠭᠡᠳᠦ | ᠰᠤᠷᠭᠠᠭᠤᠯᠢ ᠳᠤ ᠲᠦᠰᠢᠭᠯᠡᠨ᠂ ᠲᠤᠬᠠᠶ ᠶᠢᠨ ᠭᠠᠵᠠᠷ ᠤᠨ ᠳᠠᠪᠠᠭᠤᠯᠢᠭ ᠤᠨᠴᠠᠯᠢᠭᠳᠤ ᠠᠵᠤ ᠦᠶ᠋ᠯᠡᠰ ᠪᠠ ᠰᠢᠨ᠎ᠡ ᠪᠠᠷ ᠪᠣᠶ ᠪᠣᠯᠤᠭᠰᠠᠨ ᠠᠵᠤ ᠦᠶ᠋ᠯᠡᠰ ᠤᠨ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠲᠡᠳᠡᠨ ᠤ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠳᠣᠭᠢᠷᠠᠭᠤᠯᠬᠤ ᠶᠢ ᠵᠣᠷᠢᠭᠵᠢᠭᠤᠯᠵᠤ᠂ | ᠬᠠᠮᠢᠶ᠎ᠠ ᠪᠥᠬᠦᠶ ᠲᠤᠰᠬᠠᠶ ᠮᠡᠷᠭᠡᠵᠢᠯ ᠪᠤᠶᠤ ᠬᠢᠴᠢᠶᠡᠯ ᠨᠡᠭᠡᠭᠡᠵᠦ᠂ ᠳᠡᠭᠡᠳᠦ ᠵᠡᠷᠭᠡ ᠶᠢᠨ ᠢᠨᠵᠧᠨᠧᠷ᠂ ᠳᠡᠭᠡᠳᠦ ᠵᠡᠷᠭᠡ ᠶᠢᠨ ᠮᠠᠰᠲ᠋ᠧᠷ᠂ ᠮᠡᠷᠭᠡᠵᠢᠯ ᠤᠨ ᠠᠵᠢᠯᠴᠢᠨ | ᠵᠡᠷᠭᠡ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠲᠦᠷᠢᠮ ᠤᠨ ᠰᠢᠨ᠎ᠡ ᠶᠢ | ᠡᠭᠦᠳᠴᠦ᠂ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠰᠣᠷᠣᠭᠴᠢ ᠡᠯᠰᠡᠬᠦ᠂ ᠬᠠᠮᠲᠤᠷᠠᠨ ᠬᠥᠮᠦᠵᠢᠭᠦᠯᠬᠦ ᠣᠲᠣ ᠦᠶ᠎ᠡ ᠶᠢᠨ ᠱᠠᠪᠢ ᠣᠷᠣᠬᠤ ᠲᠦᠷᠢᠮ ᠤᠨ | ᠲᠤᠷᠰᠢᠯᠲᠠ ᠶᠢ ᠥᠷᠨᠢᠭᠦᠯᠵᠦ᠂ ᠰᠢᠨ᠎ᠡ ᠶᠢ ᠡᠭᠦᠳᠬᠦ ᠦᠶ᠋ᠯᠡᠳᠦᠯᠭᠡ ᠶᠢᠨ ᠲᠤᠷᠰᠢᠯᠭ᠎ᠠ ᠲᠠᠢ ᠠᠵᠤ ᠠᠬᠤᠶᠢᠯᠠᠯᠲᠠᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠲᠠᠨ ᠪᠠ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠲᠤ ᠣᠴᠢᠵᠤ ᠲᠤᠰᠢᠶᠠᠯ ᠬᠠᠪᠰᠤᠷᠭᠠᠬᠤ ᠶᠢ | ᠵᠣᠷᠢᠭᠵᠢᠭᠤᠯᠤᠨ᠎ᠠ᠃ | ︵ᠭᠤᠷᠪᠠ︶ ᠴᠢᠳᠠᠪᠤᠷᠢᠲᠠᠨ ᠢ ᠦᠨᠡᠯᠡᠬᠦ ᠲᠦᠷᠢᠮ ᠤᠨ ᠰᠢᠨ᠎ᠡ ᠶᠢ ᠡᠭᠦᠳᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠬᠡᠷᠡᠭᠯᠡᠬᠦ ᠶᠢ ᠦᠨᠡᠯᠡᠨ ᠤᠷᠮᠠᠰᠢᠭᠤᠯᠬᠤ ᠲᠦᠷᠢᠮ ᠢ ᠰᠢᠯᠢᠳᠡᠭᠵᠢᠭᠦᠯᠵᠦ᠂ | ᠴᠢᠳᠠᠪᠤᠷᠢᠲᠠᠨ ᠢ ᠦᠨᠡᠯᠡᠬᠦ ᠰᠢᠰᠲ᠋ᠧᠮ᠂ ᠠᠰᠢᠭ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠪᠠ ᠤᠯᠠᠨ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠵᠠᠰᠠᠭ ᠤᠨ | ᠣᠷᠳᠣᠨ ᠠᠴᠠ ᠰᠠᠶᠢᠰᠢᠶᠠᠨ ᠬᠥᠬᠢᠭᠦᠯᠵᠦ ᠱᠠᠩᠨᠠᠬᠤ ᠲᠦᠷᠢᠮ ᠢ ᠲᠡᠭᠦᠯᠳᠡᠷᠵᠢᠭᠦᠯᠦᠨ᠎ᠡ᠃ ᠴᠢᠳᠠᠪᠤᠷᠢᠲᠠᠨ ᠤ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ | ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠤᠣᠰ ᠴᠢᠭᠯᠡᠯ ᠢᠶᠠᠷ ᠰᠢᠯᠵᠢᠬᠦ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢᠲᠠᠨ ᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠬᠤᠭᠤᠷᠣᠨᠳᠣ ᠬᠤᠣᠰ | ᠴᠢᠭᠯᠡᠯ ᠢᠶᠠᠷ ᠲᠤᠰᠢᠶᠠᠯ ᠡᠭᠦᠷᠭᠡᠯᠡᠬᠦ ᠶᠢ ᠵᠦᠪᠰᠢᠶᠡᠷᠡᠨ᠎ᠡ᠃ ᠶᠡᠭᠡ ᠰᠤᠷᠭᠠᠭᠤᠯᠢ ᠶᠢᠨ ᠪᠠᠭᠰᠢ ᠶᠢᠨ ᠡᠷᠳᠡᠮ ᠰᠢᠨᠵᠢᠯᠡᠭᠡᠨ ᠤ ᠠᠮᠠᠷᠠᠯᠲᠠ ᠶᠢᠨ ᠲᠤᠷᠰᠢᠯᠲᠠ ᠶᠢ | ᠥᠷᠨᠢᠭᠦᠯᠵᠦ᠂ ᠰᠢᠨ᠎ᠡ ᠶᠢ ᠡᠭᠦᠳᠬᠦ ᠦᠢᠯᠡᠰ ᠪᠤᠰᠬᠠᠬᠤ ᠳᠠᠭᠠᠭᠤᠯᠤᠭᠴᠢ ᠴᠢᠳᠠᠪᠤᠷᠢᠲᠠᠨ ᠪᠠ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠬᠢᠯᠢ ᠶᠢᠨ ᠭᠠᠳᠠᠨ᠎ᠠ | ᠰᠤᠳᠤᠯᠤᠨ ᠰᠤᠷᠤᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠪᠦᠲᠦᠭᠡᠯᠴᠢ ᠴᠢᠳᠠᠪᠤᠷᠢ ᠶᠢ ᠬᠦᠭᠵᠢᠭᠡᠨ᠎ᠡ᠃ | ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠨᠠᠷᠢᠨ ᠲᠠᠩᠰᠠ ᠶᠢᠨ ᠲᠦᠷᠢᠮ ᠢ ᠪᠠᠶᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠪᠤᠶᠤ ᠪᠠᠴᠢᠮ ᠳᠤᠲᠠᠭᠳᠠᠵᠤ | ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠣᠨ ᠤ ᠴᠠᠯᠢᠩ ᠤᠨ ᠲᠦᠷᠢᠮ᠂ ᠵᠥᠪᠯᠡᠯᠴᠡᠭᠡᠷ ᠤᠨ ᠴᠠᠯᠢᠩ ᠤᠨ ᠲᠦᠷᠢᠮ ᠪᠠ ᠲᠥᠷᠥᠯ ᠵᠦᠶ᠋ᠯ ᠤᠨ | ᠴᠠᠯᠢᠩ ᠤᠨ ᠲᠦᠷᠢᠮ ᠢ ᠬᠡᠷᠡᠭᠵᠢᠭᠦᠯᠬᠦ ᠶᠢ ᠰᠦᠪᠡᠭᠴᠢᠯᠡᠨ᠎ᠡ᠃ | ︵ᠳᠥᠷᠪᠡ︶ ᠭᠡᠷ᠎ᠡ ᠶᠢᠨ ᠵᠣᠷᠢᠭ ᠰᠠᠨᠠᠭ᠎ᠠ ᠪᠠ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠤᠢ ᠪᠣᠯᠭᠠᠨ᠎ᠠ᠃ | ᠵᠠᠬ᠎ᠠ ᠳᠡᠯᠭᠡᠭᠦᠷ ᠤᠨ ᠠᠵᠤ ᠠᠬᠤᠶ ᠳᠤ ᠳᠣᠭᠢᠷᠬᠠᠰᠠᠨ ᠭᠡᠷ᠎ᠡ ᠶᠢᠨ ᠵᠣᠷᠢᠭ ᠰᠠᠨᠠᠭ᠎ᠠ ᠶᠢ ᠵᠣᠷᠢᠭᠵᠢᠭᠤᠯᠵᠤ᠂ ᠡᠷᠬᠡ ᠲᠡᠭᠰᠢ᠂ ᠬᠠᠷᠢᠯᠴᠠᠨ ᠢᠲᠡᠭᠡᠯᠴᠡᠬᠦ᠂ | ᠬᠠᠮᠲᠤᠷᠠᠯᠴᠠᠬᠤ ᠵᠠᠰᠠᠭ ᠵᠠᠬᠢᠷᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠪᠠᠶᠢᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ | ᠰᠣᠶᠣᠯ ᠢ ᠲᠡᠭᠦᠯᠳᠡᠷᠵᠢᠭᠦᠯᠦᠨ᠎ᠡ᠃ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠰᠠᠨᠠᠭᠠᠴᠢᠯᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠵᠣᠷᠢᠭᠵᠢᠭᠤᠯᠤᠨ᠂ | ᠤᠷᠠᠨ ᠲᠠᠷᠬᠠᠨ ᠤ ᠵᠣᠷᠢᠭ ᠰᠠᠨᠠᠭ᠎ᠠ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠢᠲᠡᠭᠡᠯ ᠢᠶᠠᠨ ᠨᠡᠮᠡᠭᠳᠡᠭᠦᠯᠦᠨ᠂ ᠵᠣᠷᠢᠭᠲᠠᠶ ᠪᠠᠷ ᠲᠦᠷᠦᠭᠦᠯᠡᠬᠦ᠂ ᠵᠣᠷᠢᠭᠲᠠᠶ ᠪᠠᠷ | ᠣᠷᠦ᠋ᠢᠯᠠᠬᠤ᠂ ᠢᠯᠠᠭᠳᠠᠯ ᠢ ᠠᠭᠤᠴᠢᠯᠠᠨ ᠪᠠᠭᠲᠠᠭᠠᠬᠤ ᠰᠢᠨ᠎ᠡ ᠶᠢ ᠡᠭᠦᠳᠬᠦ ᠰᠣᠶᠣᠯ ᠢ ᠢᠳᠡᠪᠬᠢᠲᠡᠶ ᠪᠠᠷ ᠰᠠᠨᠠᠭᠠᠴᠢᠯᠠᠨ᠎ᠠ᠃ ᠰᠢᠨ᠎ᠡ ᠶᠢ ᠡᠭᠦᠳᠬᠦ ᠶᠢ ᠡᠷᠬᠢᠮᠯᠡᠬᠦ᠂ | ᠠᠳᠠᠯ ᠦᠢᠯᠡᠰ ᠴᠣᠭᠴᠠᠯᠠᠨ ᠴᠢᠨᠡᠭᠡᠯᠢᠭᠵᠢᠬᠦ ᠶᠢ ᠡᠷᠬᠢᠮᠯᠡᠬᠦ ᠦᠷᠳᠡᠭ ᠤᠨ ᠤᠳᠤᠷᠢᠳᠤᠮᠵᠢ ᠶᠢ ᠪᠤᠢ ᠪᠣᠯᠭᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ | ᠰᠢᠨ᠎ᠡ ᠶᠢ ᠡᠭᠦᠳᠦᠭᠴᠢ ᠶᠢᠨ ᠰᠣᠶᠣᠯ ᠢ ᠶᠡᠭᠡ ᠪᠠᠷ ᠪᠤᠶᠢᠵᠢᠭᠤᠯᠤᠨ᠎ᠠ᠃ ᠬᠥᠳᠡᠯᠮᠦᠷᠢ ᠶᠢ ᠬᠦᠨᠳᠦᠳᠬᠡᠵᠦ᠂ ᠡᠭᠦᠳᠦᠨ ᠪᠦᠲᠦᠭᠡᠯᠲᠡ ᠶᠢ ᠬᠦᠨᠳᠦᠳᠬᠡᠵᠦ᠂ ᠠᠵᠤ | ᠠᠬᠤᠶᠢᠯᠠᠯᠲᠠᠨ ᠢ ᠬᠦᠨᠳᠦᠳᠬᠡᠵᠦ᠂ ᠠᠵᠤ ᠠᠬᠤᠶᠢᠯᠠᠯᠲᠠᠨ ᠤ ᠨᠡᠶᠢᠭᠡᠮ ᠤᠨ ᠨᠡᠷ᠎ᠡ ᠬᠦᠨᠳᠦ ᠶᠢ ᠬᠠᠮᠠᠭᠠᠯᠠᠵᠤ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠳ᠋ | ᠬᠦᠷᠦᠩᠭᠡ ᠶᠢ ᠬᠠᠮᠠᠭᠠᠯᠠᠵᠤ᠂ ᠠᠵᠤ ᠠᠬᠤᠶᠢᠯᠠᠯᠲᠠᠨ ᠤ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ ᠴᠢᠯᠥᠭᠡᠲᠡᠶ ᠪᠠᠷ ᠦᠰᠦᠨ ᠪᠤᠶᠢᠵᠢᠬᠤ ᠶᠢ ᠠᠬᠢᠭᠤᠯᠬᠤ | ᠰᠢᠨ᠎ᠡ ᠶᠢ ᠡᠭᠦᠳᠬᠦ ᠠᠮᠢ ᠠᠬᠤᠶ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ | | | ᠳᠥᠷᠪᠡ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠬᠢᠵᠦ ᠬᠠᠮᠲᠤᠷᠠᠯᠴᠠᠬᠤ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | ︵ᠨᠢᠭᠡ︶ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠠ ᠣᠷᠣᠨ ᠨᠤᠲᠤᠭ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠤᠨ᠎ᠠ᠃ | ᠬᠢᠶ᠎ᠠ ᠪᠠᠭᠰᠢ ᠲᠣᠭᠤᠷᠢᠭ ᠤᠨ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠤᠯᠤᠰ ᠲᠥᠷᠥ᠂ ᠰᠢᠨᠵᠢᠯᠡᠬᠦ ᠤᠬᠠᠭᠠᠨ ᠮᠡᠷᠭᠡᠵᠢᠯ᠂ | ᠰᠤᠷᠭᠠᠨ ᠬᠥᠮᠦᠵᠢᠯ᠂ ᠮᠥᠩᠭᠦᠨ ᠭᠦᠢᠯᠭᠡᠭᠡ ᠵᠡᠷᠭᠡ ᠶᠢᠨ ᠳᠠᠪᠠᠭᠤᠯᠢᠭ ᠢ ᠪᠠᠳᠠᠷᠠᠭᠤᠯᠵᠤ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ | ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠭᠠᠷ ᠤᠨ ᠥᠰᠥᠭ ᠵᠢᠷᠤᠭᠰᠠᠨ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠤ ᠲᠦᠰᠢᠭᠯᠡᠨ᠂ ᠥᠨᠳᠥᠷ ᠬᠢᠷᠢ ᠲᠦᠪᠰᠢᠨ ᠪᠥᠬᠦᠶ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠤᠨ ᠬᠢᠶ᠎ᠠ ᠪᠠᠭᠰᠢ ᠲᠤ ᠰᠠᠯᠪᠤᠷᠢ ᠪᠠᠶᠢᠭᠤᠯᠤᠮᠵᠢ ᠪᠠᠶᠢᠭᠤᠯᠬᠤ ᠪᠤᠶᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ | ᠬᠠᠮᠲᠤᠷᠠᠨ ᠪᠠᠶᠢᠭᠤᠯᠬᠤ ᠶᠢ ᠳᠡᠮᠵᠢᠵᠦ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠲᠣᠭᠲᠠᠭᠤᠨ ᠪᠥᠭᠡᠳ ᠬᠡᠪ ᠤᠨ ᠬᠠᠮᠲᠤᠷᠠᠯᠴᠠᠭᠠᠨ ᠤ | ᠲᠣᠭᠲᠠᠴᠠ ᠶᠢ ᠪᠣᠶ ᠪᠣᠯᠭᠠᠨ᠎ᠠ᠃ ᠤᠷᠳᠤᠰ᠂ ᠬᠢᠶ᠎ᠠ ᠪᠠᠭᠰᠢ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠢ | ᠭᠦᠢᠴᠡᠳ ᠠᠰᠢᠭᠯᠠᠨ᠂ ᠳᠠᠪᠠᠭᠤᠯᠢᠭ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠣᠬᠢᠷᠲᠤᠯ ᠦᠭᠡᠢ ᠠᠷᠢᠭᠤᠨ ᠴᠡᠪᠡᠷ | ᠡᠨᠧᠷᠭᠢ ᠶᠢᠨ ᠰᠤᠷᠪᠤᠯᠵᠢ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠮᠡᠳᠡᠭᠡ ᠵᠠᠩᠭᠢᠵᠢᠭᠤᠯᠤᠯᠲᠠ ᠬᠢᠭᠡᠳ ᠲᠤᠮᠤ ᠳ᠋ᠠᠶᠢᠲ᠋ᠠ᠂ ᠤᠶᠤᠨᠲᠤ ᠬᠤᠳᠠ | ᠵᠡᠷᠭᠡ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠭᠤᠣᠯᠳᠠᠯᠭ᠎ᠠ ᠲᠠᠢ ᠬᠦᠷᠢᠶᠡᠨ ᠲᠤ ᠤᠯᠤᠰ ᠤᠨ ᠳᠣᠲᠣᠭᠠᠳᠤ ᠶᠢᠨ ᠬᠠᠮᠢᠶ᠎ᠠ ᠪᠦᠬᠦᠢ ᠬᠦᠷᠢᠶᠡᠨ ᠤ ᠳᠡᠭᠡᠳᠦ ᠳᠡᠰ | ᠳᠠᠪᠬᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠯᠤᠭ᠎ᠠ ᠬᠠᠮᠲᠤᠷᠠᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ | ᠪᠠᠶᠢᠭᠤᠯᠵᠤ᠂ ᠡᠯ᠎ᠡ ᠬᠦᠷᠢᠶᠡᠨ ᠤ ᠰᠢᠨᠵᠢᠯᠡᠬᠦ ᠤᠬᠠᠭᠠᠨ ᠰᠤᠳᠤᠯᠤᠯ ᠤᠨ ᠴᠢᠳᠠᠪᠤᠷᠢ ᠶᠢ ᠴᠢᠩᠭᠠᠷᠠᠭᠤᠯᠤᠨ᠎ᠠ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭᠠᠨ ᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠣᠷᠳᠣᠰ ᠤᠨ ᠣᠷᠣᠨ ᠨᠤᠲᠤᠭ ᠤᠨ ᠭᠤᠤᠯᠳᠠᠯᠭ᠎ᠠ ᠲᠠᠢ ᠠᠵᠤ ᠦᠶ᠋ᠯᠡᠰ ᠪᠠ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠤᠨ ᠬᠤᠤᠰ ᠲᠡᠷᠢᠭᠦᠨ | ᠲᠠᠰ ᠤᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠵᠢᠴᠢ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠯᠤᠭ᠎ᠠ ᠰᠢᠨᠵᠢᠯᠡᠬᠦ | ᠤᠬᠠᠭᠠᠨ ᠤ ᠰᠤᠳᠤᠯᠤᠯ ᠤᠨ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ | ᠬᠠᠮᠲᠤᠷᠠᠯᠴᠠᠭᠠᠨ ᠤ ᠲᠥᠷᠥᠯ ᠵᠦᠶ᠋ᠯ᠂ ᠬᠠᠮᠲᠤᠷᠠᠯᠴᠠᠭᠠᠨ ᠤ ᠰᠠᠭᠤᠷᠢᠨ ᠭᠠᠵᠠᠷ᠂ ᠬᠠᠮᠲᠤᠷᠠᠯᠴᠠᠭᠠᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠬᠠᠮᠵᠢᠯᠴᠠᠨ | ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠬᠠᠮᠲᠤᠪᠠᠷ ᠪᠠᠶᠢᠭᠤᠯᠵᠤ᠂ ᠮᠡᠷᠭᠡᠵᠢᠯ᠂ ᠴᠢᠳᠠᠪᠤᠷᠢᠲᠠᠨ ᠪᠠ ᠦᠷ᠎ᠡ ᠪᠦᠲᠦᠭᠡᠯ ᠵᠡᠷᠭᠡ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠳᠠᠪᠠᠭᠤᠯᠢᠭ ᠢ ᠭᠦᠶ᠋ᠴᠡᠳ ᠠᠰᠢᠭᠯᠠᠨ᠂ ᠮᠡᠷᠭᠡᠵᠢᠯ᠂ ᠠᠵᠤ ᠦᠶ᠋ᠯᠡᠰ ᠪᠠ ᠬᠥᠷᠥᠩᠭᠡ ᠶᠢᠨ ᠣᠷᠭᠠᠨᠢᠭ | ᠠᠭᠤᠰᠤᠯᠴᠠᠯ ᠢ ᠪᠡᠶᠡᠯᠡᠭᠦᠯᠵᠦ᠂ ᠡᠬᠢ ᠡᠭᠦᠰᠦᠯ ᠠᠴᠠ ᠨᠢ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠦᠢᠯᠡᠳᠪᠦᠷᠢᠯᠡᠬᠦ ᠵᠢᠭᠠᠬᠤ ᠰᠤᠳᠤᠯᠬᠤ ᠳᠤ | ᠬᠡᠷᠡᠭᠯᠡᠬᠦ︾ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ | ᠭᠠᠵᠠᠷ ᠢ ᠬᠦᠴᠦᠯᠡᠨ ᠪᠠᠶᠢᠭᠤᠯᠵᠤ᠂ ᠳᠡᠭᠡᠳᠦ ᠲᠠᠰ ᠤᠨ ᠣᠶᠤᠨ ᠴᠢᠳᠠᠪᠤᠷᠢ ᠶᠢ ᠲᠥᠪᠯᠡᠷᠡᠭᠦᠯᠦᠨ᠂ ᠦᠶ᠋ᠯᠡᠴᠢᠯᠡᠭᠡᠨ ᠤ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ | ᠮᠡᠷᠭᠡᠵᠢᠯ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠭᠠᠵᠠᠷ ᠣᠷᠣᠨ ᠤ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠬᠦᠴᠦᠨ ᠢ ᠬᠥᠮᠦᠵᠢᠭᠦᠯᠵᠦ᠂ ᠠᠵᠤ ᠠᠬᠤᠶᠢᠯᠠᠯ ᠤᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠥᠷᠲᠡᠭᠡ ᠪᠠᠶᠢᠭᠤᠯᠤᠭᠰᠠᠨ ᠠᠵᠤ | ᠠᠬᠤᠶᠢᠯᠠᠯ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠶᠢ ᠡᠭᠦᠳᠬᠦ ᠡᠬᠢ ᠪᠠᠶᠠᠯᠢᠭ ᠤᠨ ᠲᠥᠪᠯᠡᠷᠡᠯ᠂ ᠳᠡᠭᠡᠳᠦ ᠲᠠᠰ ᠤᠨ ᠮᠡᠷᠭᠡᠵᠢᠯ ᠤᠨ ᠠᠵᠤ | ᠦᠶ᠋ᠯᠡᠰ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠳᠠᠰᠢ ᠬᠤᠪᠢᠷᠠᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ | ᠲᠠᠰᠤᠷᠠᠯᠲᠠ ᠥᠬᠡᠶ ᠨᠡᠮᠡᠷᠢᠯᠡᠨ᠎ᠡ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠦᠵᠡᠭᠦᠯᠦᠯᠭᠡ ᠶᠢᠨ ᠲᠠᠪᠴᠠᠩ ᠤᠨ ᠴᠢᠳᠠᠮᠵᠢ ᠶᠢ ᠥᠷᠭᠡᠳᠬᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠦᠵᠡᠰᠬᠦᠯᠡᠩ ᠤᠨ ᠴᠤᠭᠯᠠᠭᠠᠨ ᠤ ᠨᠢᠳᠤᠷᠭᠠᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ | ᠂ ᠦᠵᠡᠰᠬᠦᠯᠡᠩ ᠳᠤ ᠣᠷᠣᠯᠴᠠᠬᠤ ᠲᠥᠷᠥᠯ ᠵᠦᠶ᠋ᠯ ᠤᠨ ᠲᠤᠭ᠎ᠠ ᠬᠡᠮᠵᠢᠶ᠎ᠡ᠂ ᠵᠥᠪᠳᠡᠯᠴᠡᠬᠡᠷ ᠤᠨ ᠵᠣᠭᠤᠰ ᠤᠨ ᠲᠣᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠣᠷᠣᠰ᠂ ᠮᠣᠩᠭᠤᠯ ᠵᠡᠷᠭᠡ ᠡᠷᠬᠢᠨ ᠲᠣᠭᠤᠷᠢᠨ ᠤ ᠤᠯᠤᠰ ᠤᠨ ᠭᠠᠳᠠᠨᠠᠬᠢ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠵᠦ᠂ ᠳᠡᠭᠡᠳᠦ ᠰᠢᠨ᠎ᠡ | ᠮᠡᠷᠭᠡᠵᠢᠯ ᠤᠨ ᠦᠶ᠋ᠯᠡᠳᠬᠦᠨ ᠤ ᠠᠷᠠᠯᠵᠢᠶ᠎ᠠ ᠶᠢ ᠬᠥᠭᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠵᠢᠴᠢ ᠡᠷᠬᠢᠨ ᠲᠣᠭᠤᠷᠢᠨ ᠤ ᠤᠯᠤᠰ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ | ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭᠠᠨ ᠤ ᠲᠠᠪᠴᠠᠩ ᠤᠨ ᠰᠢᠨ᠎ᠡ ᠵᠠᠭᠪᠤᠷ ᠢ ᠪᠤᠢ ᠪᠣᠯᠭᠠᠨ᠎ᠠ᠃ | ︵ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢᠨ ︽ᠭᠤᠷᠪᠠᠨ ᠬᠥᠮᠥᠷᠭᠡ︾ ᠶᠢᠨ ᠪᠥᠲᠥᠭᠡᠨ ᠪᠠᠶᠢᠭᠤᠯᠤᠯᠲᠠ ᠶᠢ | ᠥᠷᠨᠢᠭᠦᠯᠦᠨ᠎ᠡ᠃ | ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ︽ᠭᠤᠷᠪᠠᠨ ᠬᠥᠮᠥᠷᠭᠡ︾ ᠶᠢᠨ ᠪᠥᠲᠥᠭᠡᠨ ᠪᠠᠶᠢᠭᠤᠯᠤᠯᠲᠠ᠂ | ᠳᠠᠷᠣᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠶ᠋ᠯ ᠤᠨ ᠬᠥᠮᠥᠷᠭᠡ᠂ ᠦᠷ᠎ᠡ ᠪᠦᠲᠦᠭᠡᠯ ᠤᠨ ᠬᠥᠮᠥᠷᠭᠡ ᠪᠠ ᠴᠢᠳᠠᠪᠤᠷᠢᠲᠠᠨ ᠤ | ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠲᠥᠷᠥᠯ ᠬᠤᠪᠢᠶᠠᠨ | ᠡᠮᠬᠢᠯᠡᠨ ᠬᠥᠮᠥᠷᠭᠡ ᠳᠤ ᠣᠷᠣᠭᠤᠯᠤᠨ᠎ᠠ᠃ ᠨᠢᠭᠡ ᠲᠠᠯ᠎ᠠ ᠪᠠᠷ ᠲᠦᠷᠦᠯ ᠵᠦᠢᠯ᠂ ᠦᠷ᠎ᠡ ᠪᠦᠲᠦᠭᠡᠯ ᠤᠨ ᠬᠦᠷᠢ᠊ ᠡᠶ᠎ᠡ᠂ ᠴᠢᠭᠯᠡᠯ ᠳᠤ ᠬᠢᠨᠠᠨ ᠬᠡᠮᠵᠢᠯᠲᠡ ᠬᠢᠵᠦ᠂ | ᠨᠦᠬᠦᠭᠡ ᠲᠠᠯ᠎ᠠ ᠪᠠᠷ ᠲᠦᠷᠦᠯ ᠵᠦᠢᠯ ᠲᠣᠭᠲᠠᠭᠠᠬᠤ᠂ ᠬᠡᠷᠡᠭᠵᠢᠭᠦᠯᠬᠦ᠂ ᠠᠬᠢᠴᠠ᠂ ᠦᠷ᠎ᠡ ᠪᠦᠲᠦᠮᠵᠢ ᠵᠢᠴᠢ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠬᠡᠷᠡᠭᠯᠡᠯᠲᠡ | ᠵᠡᠷᠭᠡ ᠪᠠᠶᠢᠳᠠᠯ ᠳᠤ ᠬᠥᠳᠡᠯᠦᠩᠭᠦᠢ ᠬᠢᠨᠠᠨ ᠬᠡᠮᠵᠢᠯᠲᠡ ᠬᠢᠵᠦ᠂ ᠬᠢᠶ᠎ᠠ ᠪᠠᠭᠰᠢ ᠶᠢᠨ ᠠᠵᠤ ᠦᠢᠯᠡᠰ ᠲᠤ ᠪᠠᠴᠢᠮ ᠱᠠᠭᠠᠷᠳᠠᠭᠳᠠᠵᠤ ᠪᠠᠶᠢᠭ᠎ᠠ ᠵᠠᠩᠭᠢᠯᠠᠭ᠎ᠠ ᠶᠢᠨ | ᠭᠤᠭᠴᠤᠭ᠎ᠠ ᠳᠤ ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ ᠳᠤ ᠲᠤᠭ᠎ᠠ ᠪᠠᠷᠢᠮᠲᠠ ᠶᠢᠨ ᠨᠥᠭᠡᠴᠡ ᠵᠢᠴᠢ ᠮᠡᠳᠡᠭᠡ ᠵᠠᠩᠭᠢ ᠶᠢᠨ ᠲᠤᠯᠭᠠᠭᠤᠷᠢᠯᠠᠯ | ᠬᠠᠩᠭᠠᠨ᠎ᠠ᠃ | | ᠲᠠᠪᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ | ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠰᠢᠨ᠎ᠡ ᠶᠢ ᠡᠭᠦᠳᠬᠦ ᠠᠳᠠᠯ ᠦᠢᠯᠡᠰ | ᠴᠣᠭᠴᠠᠯᠠᠬᠤ ᠳᠤ ᠠᠰᠢᠭᠲᠠᠢ ᠳᠦᠷᠢᠮ ᠤᠨ ᠣᠷᠴᠢᠨ ᠲᠣᠭᠤᠷᠢᠨ ᠢ ᠦᠨᠡᠨᠬᠦ ᠪᠣᠶ ᠪᠣᠯᠭᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢ | ᠬᠥᠭᠵᠢᠭᠦᠯᠬᠦ︾ ︽ᠣᠷᠳᠣᠰ ᠬᠤᠲᠠ ᠶᠢᠨ ᠰᠢᠨ᠎ᠡ ᠶᠢ ᠡᠭᠦᠳᠬᠦ 30 ᠵᠤᠷᠪᠤᠰ︾ ᠤᠨ ᠲᠣᠭᠤᠷᠢᠨ ᠳᠤ᠂ ᠰᠢᠨ᠎ᠡ ᠶᠢ ᠡᠭᠦᠳᠬᠦ ᠬᠥᠭᠵᠢᠯᠲᠡ ᠳᠤ ᠠᠰᠢᠭᠲᠠᠢ ᠨᠠᠩ | ᠠᠭᠤᠵᠢᠭᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠵᠠᠰᠠᠭ ᠤᠨ ᠣᠷᠳᠣᠨ ᠤ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠣᠷᠴᠢᠨ ᠲᠣᠭᠤᠷᠢᠨ ᠢ ᠪᠣᠶ ᠪᠣᠯᠭᠠᠬᠤ ᠳᠤᠮᠳᠠᠬᠢ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠴᠢᠳᠠᠪᠤᠷᠢᠲᠠᠨ᠂ ᠠᠵᠤ | ᠠᠬᠤᠶᠢᠯᠠᠯ᠂ ᠪᠡᠯᠡ ᠮᠥᠩᠭᠦ ᠵᠡᠷᠭᠡ ᠡᠬᠢ ᠪᠠᠶᠠᠯᠢᠭ ᠤᠨ ᠬᠢᠶ᠎ᠠ ᠪᠠᠭᠰᠢ ᠳᠠᠰᠢ ᠴᠤᠭᠯᠠᠷᠠᠬᠤ ᠶᠢ ᠠᠬᠢᠭᠤᠯᠵᠤ᠂ ᠬᠢᠶ᠎ᠠ ᠪᠠᠭᠰᠢ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢ ᠬᠠᠮᠠᠭᠠᠯᠠᠨ᠎ᠠ᠃ | ︵ᠬᠤᠶᠠᠷ︶ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠬᠠᠮᠢᠶᠠᠷᠤᠯᠲᠠ ᠪᠠ ᠤᠬᠠᠭᠤᠯᠭ᠎ᠠ ᠶᠢ ᠦᠨᠡᠨ ᠬᠦ ᠴᠢᠩᠭᠠᠳᠬᠠᠵᠤ᠂ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠦᠨᠡᠨᠴᠢ ᠢᠲᠡᠭᠡᠮᠵᠢᠲᠡᠢ ᠰᠢᠨᠵᠢᠯᠡᠬᠦ | ᠤᠬᠠᠭᠠᠨ ᠤ ᠰᠤᠳᠤᠯᠭᠠᠨ ᠤ ᠠᠭᠤᠷ ᠠᠮᠢᠰᠬᠤᠯ ᠢ ᠤᠯᠠᠨ ᠲᠠᠯ᠎ᠠ ᠪᠠᠷ ᠬᠦᠴᠦᠯᠡᠨ ᠪᠤᠢ ᠪᠣᠯᠭᠠᠨ᠎ᠠ᠃ ᠨᠢᠭᠡ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠦᠷᠦᠯ ᠵᠦᠢᠯ ᠤᠨ ᠪᠦᠬᠦ ᠶᠠᠪᠤᠴᠠ ᠶᠢ ᠪᠦᠷᠬᠦᠬᠦᠯᠬᠦ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ | ᠦᠨᠡᠨᠴᠢ ᠢᠲᠡᠭᠡᠮᠵᠢ ᠶᠢᠨ ᠱᠠᠭᠠᠷᠳᠠᠯᠭ᠎ᠠ ᠠᠴᠠ ᠬᠦᠨᠳᠦ ᠨᠣᠴᠢᠲᠠᠢ ᠵᠥᠷᠢᠴᠡᠭᠰᠡᠨ ᠬᠠᠷᠢᠭᠤᠴᠠᠯᠭᠠᠲᠠᠨ ᠳᠤ ︽ᠨᠢᠭᠡ ᠪᠢᠯᠧᠲ ᠢᠶᠠᠷ ᠦᠭᠡᠶᠢᠰᠬᠡᠬᠦ︾ ᠶᠢ | ᠬᠡᠷᠡᠭᠵᠢᠭᠦᠯᠦᠨ᠎ᠡ᠃ ᠬᠤᠶᠠᠷ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ ᠲᠡᠮᠳᠡᠭᠯᠡᠬᠦ ᠳᠦᠷᠢᠮ ᠢ ᠬᠡᠷᠡᠭᠵᠢᠭᠦᠯᠵᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠦᠨᠳᠦᠰᠦᠨ | ᠪᠠᠶᠢᠳᠠᠯ᠂ ᠡᠷᠳᠡᠮ ᠰᠢᠨᠵᠢᠯᠡᠭᠡᠨ ᠤ ᠦᠷ᠎ᠡ ᠪᠦᠲᠦᠭᠡᠯ᠂ ᠳᠦᠷᠦᠯ ᠵᠦᠢᠯ ᠤᠨ ᠭᠡᠷ᠎ᠡ ᠶᠢ ᠭᠦᠢᠴᠡᠳᠬᠡᠭᠰᠡᠨ ᠪᠠᠶᠢᠳᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠦᠨᠡᠨᠴᠢ ᠢᠲᠡᠭᠡᠮᠵᠢ ᠶᠢᠨ ᠪᠠᠶᠢᠳᠠᠯ ᠵᠡᠷᠭᠡ ᠦᠨᠳᠦᠰᠦᠨ ᠮᠡᠳᠡᠭᠡ ᠵᠠᠩᠭᠢ ᠶᠢ ᠪᠢᠴᠢᠵᠦ ᠣᠷᠣᠭᠤᠯᠣᠨ᠎ᠠ᠃ ᠭᠤᠷᠪᠠ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳᠡᠯᠡᠬᠦ ᠶᠢ ᠠᠭᠢᠭᠤᠯᠣᠨ᠎ᠠ᠃ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠲᠠᠪᠴᠠᠩ᠂ ᠣᠷᠣᠨ ᠨᠤᠲᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠣᠷᠣᠨ | ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ | ᠬᠤᠯᠪᠣᠬᠤ᠂ ᠬᠠᠷᠢᠯᠴᠠᠨ ᠨᠡᠪᠲᠡᠷᠡᠯᠴᠡᠬᠦ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠨᠢᠭᠡ ᠭᠠᠵᠠᠷ ᠣᠷᠣᠨ ᠤ | ᠢᠲᠡᠭᠡᠯ ᠢᠶᠠᠨ ᠠᠯᠳᠠᠪᠠᠯ ᠪᠦᠬᠦ ᠰᠦᠯᠵᠢᠶᠡᠨ ᠳᠤ ᠨᠡᠷ᠎ᠡ ᠵᠡᠭᠦᠯᠭᠡᠬᠦ ᠶᠢ ᠪᠡᠶᠡᠯᠡᠭᠦᠯᠦᠨ᠎ᠡ᠃ ᠳᠥᠷᠪᠡ ᠳᠤ᠂ ᠤᠯᠠᠨ ᠵᠦᠢᠯ ᠤᠨ ᠬᠡᠯᠪᠡᠷᠢ ᠶᠢᠨ ᠦᠨᠡᠨᠴᠢ ᠢᠲᠡᠭᠡᠮᠵᠢ ᠶᠢᠨ | ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠡᠯ᠎ᠡ ᠲᠦᠷᠦᠯ ᠤᠨ ᠡᠷᠳᠡᠮ ᠰᠢᠨᠵᠢᠯᠡᠭᠡᠨ ᠤ ᠪᠦᠯᠬᠦᠮ ᠤᠨ ᠥᠪᠡᠷ ᠢ ᠪᠠᠨ ᠵᠢᠷᠤᠮᠵᠢᠭᠤᠯᠬᠤ᠂ ᠥᠪᠡᠷ ᠢ ᠪᠠᠨ | ᠴᠡᠪᠡᠷᠰᠢᠭᠦᠯᠬᠦ ᠶᠢ ᠪᠡᠶᠡᠯᠡᠭᠦᠯᠦᠨ᠎ᠡ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠪᠥᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠶᠢᠨ | ᠠᠵᠤ ᠦᠢᠯᠡᠰ ᠤᠨ ᠬᠡᠯᠬᠢᠶ᠎ᠡ ᠳᠠᠬᠢ ᠲᠤᠯᠭᠠᠭᠤᠷᠢᠯᠠᠬᠤ ᠦᠢᠯᠡᠳᠦᠯ ᠢ ᠳᠡᠭᠡᠭᠰᠢᠯᠡᠭᠦᠯᠦᠨ᠎ᠡ᠃ ᠲᠣᠭᠤᠷᠢᠭ ᠤᠨ ᠭᠠᠳᠠᠨᠠᠬᠢ ᠲᠣᠮᠣ ᠬᠡᠯᠪᠡᠷᠢ ᠶᠢᠨ ᠠᠵᠤ ᠠᠬᠤᠶᠢᠯᠠᠯ᠂ | ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠢᠴᠢ ᠮᠡᠷᠭᠡᠵᠢᠯ ᠰᠢᠯᠵᠢᠭᠦᠯᠬᠦ ᠪᠠᠶᠢᠭᠤᠯᠤᠮᠵᠢ ᠶᠢᠨ ᠬᠢᠶ᠎ᠠ ᠪᠠᠭᠰᠢ | ᠲᠣᠭᠤᠷᠢᠭ ᠲᠤ ᠮᠡᠷᠭᠡᠵᠢᠯ ᠰᠢᠯᠵᠢᠭᠦᠯᠬᠦ ᠰᠠᠯᠪᠤᠷᠢ ᠪᠠᠶᠢᠭᠤᠯᠤᠮᠵᠢ ᠪᠤᠶᠤ ᠦᠢᠯᠡᠴᠢᠯᠡᠭᠡᠨ ᠤ ᠥᠷᠲᠡᠭᠡ ᠪᠠᠶᠢᠭᠤᠯᠬᠤ ᠶᠢ ᠳᠡᠮᠵᠢᠨ᠎ᠡ᠃ ᠲᠣᠭᠤᠷᠢᠭ ᠤᠨ ᠭᠠᠳᠠᠨᠠᠬᠢ | ᠳᠠᠪᠠᠭᠤᠯᠢᠭ ᠢᠶᠠᠷ ᠢᠯᠡᠷᠬᠡᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ | ᠦᠢᠯᠡᠴᠢᠯᠡᠭᠡᠨ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ᠂ ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠵᠦ ᠭᠡᠷᠡᠴᠢᠯᠡᠬᠦ ᠦᠢᠯᠡᠴᠢᠯᠡᠭᠡᠨ᠂ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠦᠢᠯᠡᠴᠢᠯᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠯᠠᠪᠯᠠᠯᠭ᠎ᠠ ᠶᠢᠨ ᠦᠢᠯᠡᠴᠢᠯᠡᠭᠡᠨ᠂ ᠰᠢᠨᠵᠢᠯᠡᠬᠦ ᠤᠬᠠᠭᠠᠨ | ᠮᠡᠷᠭᠡᠵᠢᠯ ᠤᠨ ᠮᠥᠩᠭᠦᠨ ᠭᠦᠢᠯᠭᠡᠭᠡᠨ ᠵᠡᠷᠭᠡ ᠪᠠᠶᠢᠭᠤᠯᠤᠮᠵᠢ ᠶᠢᠨ ᠬᠢᠶ᠎ᠠ ᠪᠠᠭᠰᠢ ᠲᠣᠭᠤᠷᠢᠭ ᠲᠤ ᠣᠷᠣᠵᠤ ᠰᠠᠭᠤᠬᠤ ᠶᠢ ᠵᠣᠷᠢᠭᠵᠢᠭᠤᠯᠵᠤ᠂ ᠲᠣᠭᠤᠷᠢᠭ ᠤᠨ | ᠳᠣᠲᠣᠷᠠᠬᠢ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠰᠠᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠳᠠᠶᠢᠴᠢᠯᠠᠨ᠎ᠠ᠃ ᠲᠤᠰᠬᠠᠢ ᠮᠡᠷᠭᠡᠵᠢᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠲᠠᠪᠴᠠᠩ ᠪᠠᠶᠢᠭᠤᠯᠬᠤ ᠶᠢ ᠳᠡᠮᠵᠢᠵᠦ᠂ ᠮᠡᠳᠡᠭᠡ ᠵᠠᠩᠭᠢᠵᠢᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ 2025 ᠣᠨ ᠪᠣᠯᠬᠤ ᠳᠤ᠂ ᠴᠢᠨᠠᠷ ᠰᠠᠶᠢᠲᠠᠢ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠮᠢ ᠠᠬᠤᠢ ᠶᠢ ᠠᠩᠬ᠎ᠠ ᠠᠯᠬᠤᠮ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠬᠠᠩᠭᠠᠨ᠎ᠠ᠃ | | | | | | |