ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠲᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/3/22
       ᠤᠶᠢᠷ᠎ᠡ ᠶᠢᠨ ᠡᠳᠦᠷ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠤᠨ ᠪᠤᠷᠵᠠᠩ ᠤᠨ ᠨᠠᠭᠤᠷ ᠪᠠᠯᠭᠠᠰᠤᠨ ᠳᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃           ᠱᠧ ᠵᠢᠶᠠ ᠯᠢᠶᠠᠩ ᠲᠣᠰᠬᠤᠨ ᠤ ᠨᠠᠮ ᠪᠠ ᠣᠯᠠᠨ ᠲᠦᠮᠡᠨ ᠳᠤ ᠦᠢᠯᠡᠴᠢᠯᠡᠭᠦ ᠲᠥᠪ ᠲᠤ᠂ ᠳ᠋ᠦ᠋ ᠬᠤᠢ ᠯᠢᠶᠠᠩ ᠪᠠᠯᠭᠠᠰᠤ᠂ ᠲᠣᠰᠬᠤᠨ ᠤ ᠺᠠᠳ᠋ᠷ ᠣᠯᠠᠨ ᠲᠦᠮᠡᠨ ᠲᠠᠢ ᠬᠠᠮᠲᠤ ᠰᠠᠭᠤᠵᠤ᠂ ᠪᠥᠬᠦ ᠤᠯᠤᠰ ᠤᠨ ᠬᠤᠶᠠᠷ ᠬᠤᠷᠠᠯ ᠤᠨ ᠴᠢᠬᠤᠯᠠ ᠠᠴᠢ ᠬᠤᠯᠪᠣᠭᠳᠠᠯ᠂ ᠴᠢᠬᠤᠯᠠ ᠶᠡᠭᠡ ᠦᠷ᠎ᠡ ᠪᠦᠲᠦᠭᠡᠯ ᠢ ᠤᠬᠠᠭᠤᠯᠤᠨ ᠲᠠᠶᠢᠯᠪᠤᠷᠢᠯᠠᠪᠠ᠃ ᠲᠡᠷᠡ᠂ ᠡᠨᠡ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠥ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠤᠷᠤᠭᠰᠢᠲᠠᠢ ᠡᠬᠢᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠪᠦᠬᠦ ᠪᠢᠯᠧᠲ ᠢᠶᠠᠷ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠠᠷ ᠰᠣᠩᠭᠤᠭᠳᠠᠭᠰᠠᠨ ᠨᠢ ᠪᠥᠬᠦ ᠨᠠᠮ ᠪᠥᠬᠦ ᠴᠡᠷᠢᠭ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ᠂ ᠬᠠᠮᠲᠤ ᠶᠢᠨ ᠬᠦᠰᠡᠯ ᠡᠷᠡᠮᠡᠯᠵᠡᠯ ᠢ ᠭᠦᠢᠴᠡᠳ ᠲᠤᠰᠬᠠᠵᠤ᠂ ᠲᠦᠭ ᠲᠦᠮᠡᠨ ᠠᠷᠠᠳ ᠲᠦᠮᠡᠨ ᠤ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠵᠡᠭᠦᠳᠦ ᠪᠠᠨ ᠰᠡᠳᠭᠢᠯ ᠨᠢᠭᠡᠳᠦᠨ ᠬᠠᠮᠲᠤ ᠪᠠᠷ ᠲᠡᠷᠬᠡᠯᠰᠢᠬᠦᠯᠬᠦ ᠣᠮᠤᠭ ᠵᠣᠷᠢᠭ ᠪᠠ ᠲᠡᠮᠡᠴᠡᠯ ᠤᠨ ᠵᠣᠷᠢᠭ ᠢ ᠲᠦᠢᠯ ᠤᠨ ᠶᠡᠭᠡ ᠪᠠᠷ ᠬᠥᠭᠵᠢᠭᠡᠪᠠ ᠬᠡᠵᠡᠢ᠃           ᠳ᠋ᠦ᠋ ᠬᠤᠢ ᠯᠢᠶᠠᠩ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠥ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠣᠶᠢᠯᠠᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠤᠨ᠂ ᠪᠦᠬᠦ ᠬᠤᠳᠠ ᠶᠢᠨ ᠠᠵᠤ ᠠᠬᠤᠢ ᠶᠢᠨ ᠪᠣᠳᠠᠲᠤ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠳᠤᠭᠲᠠᠯᠴᠠᠬ᠋᠎ᠠ ᠶᠢ ᠲᠦᠷᠭᠡᠳᠬᠡᠨ ᠪᠠᠶᠢᠭᠤᠯᠵᠤ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠨ᠂ ᠬᠥᠭᠵᠢᠯᠲᠡ ᠶᠢᠨ ᠣᠷᠴᠢᠨ ᠠᠬᠤᠢ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠪᠣᠳᠠᠲᠤ ᠬᠦᠴᠦᠨ᠂ ᠠᠮᠢᠵᠢᠷᠠᠯ ᠤᠨ ᠬᠦᠴᠦᠨ᠂ ᠪᠣᠬᠢᠷᠲᠤᠯ ᠦᠭᠡᠢ᠂ ᠣᠷᠣᠰᠢᠨ ᠠᠮᠢᠳᠤᠷᠠᠬᠤ ᠳᠤ ᠲᠠᠭᠠᠯᠠᠮᠵᠢᠳᠠᠢ᠂ ᠵᠣᠯ ᠵᠢᠷᠭᠠᠯᠲᠤ ᠤᠷᠳᠤᠰ ᠢ ᠴᠢᠷᠮᠠᠶᠢᠨ ᠪᠦᠳᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠳᠠ ᠶᠢᠨ ᠬᠡᠪ ᠳᠠᠭᠤᠷᠢᠶᠠᠯ ᠢ ᠪᠤᠢ ᠪᠣᠯᠭᠠᠨ ᠦᠢᠯᠡᠳᠦᠯᠭᠡᠵᠢᠭᠦᠯᠬᠦ ᠬᠡᠷᠡᠭᠳᠡᠢ᠃ ᠬᠥᠳᠡᠭᠡ ᠲᠣᠰᠬᠤᠨ ᠢ ᠬᠥᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠂ ᠠᠵᠤ ᠦᠢᠯᠡᠰ ᠤᠨ ᠲᠤᠯᠭᠠᠭᠤᠷᠢᠯᠠᠯ ᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠢᠶᠠᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠬᠡᠵᠡᠢ᠃            ᠤᠬᠠᠭᠤᠯᠤᠨ ᠲᠠᠶᠢᠯᠪᠤᠷᠢᠯᠠᠬᠤ ᠠᠴᠠ ᠡᠮᠦᠨ᠎ᠡ᠂ ᠳ᠋ᠦ᠋ ᠬᠤᠢ ᠯᠢᠶᠠᠩ ᠤᠷᠢᠳ ᠬᠤᠵᠢᠳ ᠳ᠋ᠦᠩᠱᠧᠩ ᠲᠣᠭᠤᠷᠢᠭ ᠤᠨ ᠤᠳᠤ ᠦᠶ᠎ᠡ ᠶᠢᠨ ᠥᠨᠳᠥᠷ ᠦᠷ᠎ᠡ ᠠᠰᠢᠭᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠱᠧ ᠵᠢᠶᠠ ᠯᠢᠶᠠᠩ ᠲᠣᠰᠬᠤᠨ ᠤ ︽ᠬᠠᠷ᠎ᠠ︾ ᠭᠤᠸᠠ ᠶᠢᠨ ᠦᠷ᠎ᠡ ᠶᠢᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠦ᠂ ᠨᠢᠭᠡᠳᠦᠭᠡᠷ ᠠᠵᠤ ᠦᠢᠯᠡᠰ ᠢ ᠲᠠᠬᠢᠨ ᠴᠤᠭᠴᠠᠯᠠᠬᠤ ᠴᠢᠬᠤᠯᠠ ᠶᠡᠭᠡ ᠲᠦᠷᠦᠯ ᠵᠦᠢᠯ ᠵᠢᠴᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃            ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ ᠣᠷᠣᠯᠴᠠᠪᠠ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ