ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠤᠰᠯᠤᠤ ᠶᠢ ᠰᠣᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/3/3
1.jpg
        ᠰᠤᠷᠪᠤᠯᠵᠢᠯᠠᠭᠴᠢ᠄ ᠬᠤᠤᠰᠯᠤᠤ ᠲᠥᠯᠥᠭᠡᠯᠡᠭᠴᠢ᠂ ᠲᠠ ᠰᠠᠶᠢᠨ ᠤᠤ ︖ ᠵᠡᠭᠡᠯᠢ ᠭᠤᠳᠤᠮᠵᠢ ᠳᠤ ᠠᠵᠢᠯᠯᠠᠵᠤ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠲᠠ ᠨᠠᠷ ᠨᠢᠳᠤᠨᠤᠨ ᠶᠠᠮᠠᠷ ᠶᠠᠮᠠᠷ ᠠᠵᠢᠯ ᠬᠢᠭᠰᠡᠨ ᠪᠤᠢ︖ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠨᠢ ᠶᠠᠭᠤ ᠪᠤᠢ︖        ᠬᠤᠤᠰᠯᠤᠤ ᠲᠥᠯᠥᠭᠡᠯᠡᠭᠴᠢ ᠄ ᠨᠢᠭᠡ ᠵᠢᠯ ᠤᠨ ᠲᠤᠷᠰᠢ᠂ ᠺᠠᠩ ᠰᠢᠨ ᠵᠡᠭᠡᠯᠢ ᠭᠤᠳᠤᠮᠵᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ   ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠬᠦᠯᠦᠨ᠂ ︽ᠵᠣᠯ ᠵᠢᠷᠭᠠᠯ ᠤᠨ ᠰᠠᠭᠤᠷᠢ ᠥᠩᠭᠡ︾ ᠶᠢ ᠦᠷᠭᠦᠯᠵᠢᠯᠡᠨ ᠭᠡᠷᠡᠯᠲᠦᠭᠦᠯᠵᠦ᠂ ︽ᠨᠢᠭᠡ ᠭᠤᠤᠯ ᠲᠦᠷᠪᠡᠨ ᠵᠢᠭᠦᠷ ᠲᠠᠪᠤᠨ ᠬᠤᠯᠪᠣᠭᠠᠯᠠᠯ︾  ᠨᠠᠮ ᠤᠨ ᠪᠠᠶᠢᠭᠤᠯᠤᠯᠲᠠ ᠶᠢᠨ ᠠᠵᠢᠯ ᠤᠨ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ︽ᠵᠣᠯ ᠵᠢᠷᠭᠠᠯᠲᠤ ᠺᠠᠩ ᠰᠢᠨ · ᠵᠣᠯ ᠵᠢᠷᠭᠠᠯᠲᠤ ᠭᠡᠷ︾  ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢᠶᠠᠷ ᠭᠤᠣᠯ ᠪᠤᠯᠭᠠᠨ᠂ ︽21℃᠂ ᠠᠮᠤᠷ ᠮᠡᠨᠳᠦ ᠸᠠᠨ ᠾᠧ᠂  ᠤᠳᠬ᠎ᠠ ᠤᠷᠠᠯᠢᠭ ᠲᠠᠢ᠂ ᠬᠠᠮᠤᠭ ᠤᠨ ᠬᠡᠪ ᠨᠠᠮᠪᠠ ᠲᠠᠢ᠂ ᠬᠠᠯᠠᠭᠤᠨ ᠢᠶᠠᠷ ᠶᠠᠷᠢᠯᠴᠠᠬᠤ ︾ᠨᠡᠶᠢᠭᠡᠮ ᠲᠣᠭᠤᠷᠢᠭ ᠤᠨ ᠲᠦᠷᠦᠯ ᠲᠡᠮᠳᠡᠭ ᠢ ᠡᠭᠦᠳᠬᠦ ᠪᠠᠷ ᠲᠤᠯᠭᠠᠭᠤᠷᠢᠯᠠᠯ ᠪᠣᠯᠭᠠᠵᠤ᠂ ᠬᠤᠪᠢᠰᠬᠠᠯ ᠤᠨ ᠵᠣᠯ ᠵᠢᠷᠭᠠᠯ᠂ ᠬᠤᠪᠢᠰᠬᠠᠯ ᠤᠨ ᠬᠠᠮᠲᠤᠪᠠᠷ ᠡᠳ᠋ᠯᠡᠬᠦ᠂ ᠬᠤᠪᠢᠰᠬᠠᠯ ᠤᠨ ᠦᠢᠯᠡᠰ ᠢ ᠬᠠᠮᠲᠤᠪᠠᠷ ᠬᠥᠭᠵᠢᠭᠦᠯᠬᠦ᠂ ᠬᠤᠪᠢᠰᠬᠠᠯ ᠤᠨ ᠦᠢᠯᠡᠰ ᠢ ᠬᠠᠮᠲᠤᠪᠠᠷ ᠪᠠᠶᠢᠭᠤᠯᠬᠤ᠂ ᠬᠤᠪᠢᠰᠬᠠᠯ ᠤᠨ ᠦᠢᠯᠡᠰ ᠢ ᠬᠠᠮᠲᠤᠪᠠᠷ ᠵᠠᠰᠠᠬᠤ ᠲᠠᠪᠤᠨ ᠬᠤᠯᠪᠣᠭ᠎ᠠ ᠶᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠪᠠ᠃ ᠥᠩᠭᠡᠷᠡᠭᠰᠡᠨ ᠨᠢᠭᠡ ᠵᠢᠯ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠵᠡᠭᠡᠯᠢ ᠭᠤᠳᠤᠮᠵᠢ ᠳᠤ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢᠬᠢ ᠬᠠᠮᠤᠭ ᠤᠨ ᠬᠦᠨᠳᠦ ᠬᠡᠴᠡᠭᠦᠦ ᠰᠢᠯᠭᠠᠯᠲᠠ ᠶᠢ ᠠᠪᠴᠢᠷᠠᠵᠤ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠠᠭᠤᠭᠠᠯᠢ ᠠᠷᠠᠳ ᠤᠯᠠᠨ ᠲᠦᠮᠡᠨ ᠤ ᠬᠠᠮᠵᠢᠯᠴᠠᠭ᠎ᠠ ᠳᠡᠮᠵᠢᠯᠭᠡ᠂ ᠰᠠᠯᠠᠭ᠎ᠠ ᠮᠥᠴᠢᠷ ᠤᠨ ᠵᠣᠬᠢᠴᠠᠭᠤᠯᠤᠯ ᠬᠠᠮᠲᠤᠷᠠᠯᠴᠠᠭ᠎ᠠ ᠶᠢᠨ ᠳᠣᠣᠷ᠎ᠠ᠂ ᠭᠡᠷ ᠲᠤ ᠪᠠᠨ ᠲᠤᠰᠠᠭᠠᠷᠯᠠᠭᠰᠠᠨ︽ᠠᠰᠠᠷᠠᠭᠴᠢ ᠶᠢᠨ ᠲᠡᠰ︾  ᠵᠢᠯᠤᠭᠤᠳᠣᠮᠵᠢ᠂ ︽ᠭᠤᠷᠪᠠᠨ ᠴᠠᠭ ᠤᠨ ᠨᠠᠷᠢᠨ ᠲᠠᠩᠰᠠ︾᠂ ᠡᠮ ᠡᠮᠨᠡᠯᠭᠡ ᠶᠢ ᠭᠡᠷ ᠲᠤᠨᠢ ᠬᠦᠷᠭᠡᠬᠦ ᠵᠡᠷᠭᠡ 18 ᠵᠦᠢᠯ ᠤᠨ ᠠᠵᠢᠯ ᠤᠨ ᠲᠣᠭᠲᠠᠴᠠ ᠪᠠᠷ ᠳᠠᠮᠵᠢᠨ ᠬᠦᠴᠢᠷ ᠪᠡᠷᠬᠡᠰᠢᠶᠡᠯᠲᠦ ᠴᠠᠭ ᠮᠥᠴᠡ ᠶᠢ ᠲᠣᠭᠲᠠᠭᠤᠨ ᠢᠶᠠᠷ ᠲᠤᠭᠤᠯᠵᠤ᠂ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠡᠷᠡᠭᠦᠯ ᠮᠡᠨᠳᠦ ᠶᠢᠨ ᠬᠤᠷᠢᠭ᠎ᠠ ᠱᠤᠭᠤᠮ ᠢ ᠪᠠᠲᠤ ᠰᠠᠬᠢᠪᠠ᠃ 2022 ᠣᠨ ᠳᠤ ᠪᠢᠳᠡ ᠨᠡᠶᠢᠲᠡ 130 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ︽ᠪᠠᠢ ᠶᠤᠸᠠᠢ ᠶᠧᠦ ᠷᠠᠨ ᠯᠢ︾ ᠨᠠᠰᠣᠳᠠᠨ ᠳᠤ ᠦᠢᠯᠡᠴᠢᠯᠡᠬᠦ ᠬᠤᠭᠤᠯᠠᠨ ᠭᠡᠷ᠂ ᠠᠷᠠᠳ ᠤᠨ ᠲᠣᠮᠣ ᠳᠠᠶᠢᠰᠠ᠂ ᠬᠠᠷᠮᠠᠨ ᠴᠡᠴᠡᠷᠯᠢᠭ ᠵᠡᠷᠭᠡ 6 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠪᠠᠶᠡᠯᠡᠭᠦᠯᠦᠨ᠂ ᠥᠷᠭᠡᠨ ᠣᠯᠠᠨ ᠰᠠᠭᠤᠭᠠᠯᠢ ᠠᠷᠠᠳ ᠤᠨ ᠰᠠᠨᠠᠯ ᠨᠢᠭᠡᠲᠡᠢ ᠵᠥᠪᠰᠢᠶᠡᠷᠡᠯ ᠪᠠ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ︽ᠳ᠋ᠥᠸᠧ ᠳ᠋ᠥᠸᠧ ᠫᠢᠩ · ᠺᠤᠳ᠋ ᠳᠡᠭᠡᠷᠡᠬᠢ ᠠᠮᠢᠳᠤᠷᠠᠯ︾ ᠣᠶᠤᠨᠴᠢ ᠦᠢᠯᠡᠴᠢᠯᠡᠭᠡᠨ ᠤ ᠲᠠᠪᠴᠠᠩ ᠢ ᠬᠡᠷᠡᠭᠯᠡᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠤᠯᠴᠠᠬᠤ ᠪᠠᠷ ᠳᠡᠮᠵᠢᠨ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢ ᠠᠰᠢᠭᠳᠡᠢ ᠬᠡᠷᠡᠭᠯᠡᠬᠦ᠂ ᠠᠷᠤ ᠲᠠᠯ᠎ᠠ ᠳᠤ ᠵᠠᠳᠠᠯᠤᠯᠲᠠ ᠬᠢᠬᠦ᠂ ᠺᠠᠳ᠋ᠷᠴᠣᠳ ᠤᠨ ᠦᠢᠯᠡᠴᠢᠯᠡᠬᠦ ᠥᠨᠳᠥᠷ ᠪᠦᠲᠦᠮᠵᠢᠲᠡᠶ ᠠᠵᠢᠯ ᠤᠨ ᠵᠠᠭᠪᠤᠷ ᠢ ᠠᠯᠬᠤᠮ ᠠᠯᠬᠤᠮ ᠢᠶᠠᠷ ᠪᠡᠶᠡᠯᠡᠭᠦᠯᠪᠡ᠃ ᠰᠢᠨ᠎ᠡ ᠴᠠᠭ ᠦᠶ᠎ᠡ ᠳᠤ ᠬᠠᠳᠠᠭᠤᠵᠢᠯᠳᠠᠢ᠂ ᠡᠷᠡᠯᠬᠡᠭᠯᠡᠨ  ᠤᠷᠤᠭᠰᠢᠯᠠᠨ᠎ᠠ᠃ 2023 ᠣᠨ ᠳᠤ ᠪᠢᠳᠡ ︽ᠪᠥᠬᠦ ᠲᠠᠯ᠎ᠠ ᠪᠠᠷ ᠬᠥᠭᠵᠢᠭᠦᠯᠵᠦ᠂ ᠭᠠᠭᠴᠠ ᠵᠦᠢᠯ  ᠪᠠᠷ ᠮᠠᠩᠯᠠᠶᠢᠯᠠᠬᠤ︾ ᠪᠠᠷ ᠬᠠᠷᠠᠯᠲᠠ ᠪᠤᠯᠭᠠᠨ᠂ ᠭᠤᠷᠪᠠᠨ ︽ᠲᠥᠪ︾ ᠢ ᠪᠦᠲᠦᠭᠡᠨ ᠪᠠᠶᠢᠭᠤᠯᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠬᠠᠷᠢᠶᠠᠲᠤ ᠣᠷᠣᠨ ᠤ ᠣᠨᠴᠠᠯᠢᠭ ᠲᠤ ᠰᠠᠭᠤᠷᠢᠯᠠᠨ᠂ ︽ᠨᠠᠰᠤᠲᠠᠨ ᠨᠢᠯᠬᠠᠰ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠣᠷᠣᠨ︾ ︽ᠵᠡᠭᠡᠯᠢ ᠭᠤᠳᠤᠮᠵᠢ ᠪᠠ ᠨᠡᠶᠢᠭᠡᠮ ᠲᠤᠭᠤᠷᠢᠭ ᠤᠨ ᠬᠠᠮᠲᠤ ᠪᠠᠷ ᠪᠠᠶᠠᠵᠢᠬᠤ ᠬᠤᠰᠢᠭᠤᠴᠢ ᠣᠷᠣᠨ︾ ︽ᠠᠵᠤ ᠦᠢᠯᠡᠰ ᠤᠨ ᠦᠢᠯᠡᠴᠢᠯᠡᠭᠡ ᠲᠥᠪᠯᠡᠷᠡᠭᠰᠡᠨ ᠣᠷᠣᠨ︾ ︽ᠣᠷᠣᠨ ᠨᠤᠲᠤᠭ ᠤᠨ ᠠᠵᠤ ᠠᠬᠤᠶᠢᠯᠠᠯ ᠤᠨ ᠬᠠᠮᠲᠤ ᠪᠠᠷ ᠥᠯᠢᠭᠡᠷ ᠳᠠᠭᠤᠷᠢᠶᠠᠯ ᠪᠠᠶᠢᠭᠤᠯᠬᠤ ᠣᠷᠣᠨ︾ ᠵᠡᠷᠭᠡ ︽ᠳᠥᠷᠪᠡᠨ ᠣᠷᠣᠨ︾ ᠤ ᠪᠠᠶᠢᠷᠢ ᠲᠣᠭᠲᠠᠭᠠᠯᠲᠠ ᠶᠢᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠨ᠎ᠠ᠃ ︽ᠳ᠋ᠥᠸᠧ ᠳ᠋ᠥᠸᠧ ᠫᠢᠩ · ᠺᠤᠳ᠋ ᠳᠡᠭᠡᠷᠡᠬᠢ ᠠᠮᠢᠳᠤᠷᠠᠯ︾  ᠣᠶᠤᠨᠴᠢ ᠦᠢᠯᠡᠴᠢᠯᠡᠭᠡᠨ ᠤ ᠲᠠᠪᠴᠠᠩ ᠢᠶᠠᠷ  ᠳᠠᠮᠵᠢᠨ ᠤᠯᠠᠨ ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠣᠭᠲᠠᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠪᠦᠬᠦ ᠣᠷᠣᠨ ᠪᠦᠰᠡ ᠪᠠᠷ ᠢᠶᠠᠨ ᠨᠡᠶᠢᠭᠡᠮ ᠤᠨ ᠵᠠᠰᠠᠯᠲᠠ ᠶᠢ ᠠᠬᠢᠭᠤᠯᠤᠨ᠂ ᠬᠢᠶ᠎ᠠ ᠪᠠᠭᠰᠢ ᠲᠣᠭᠤᠷᠢᠭ ᠤᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠺᠠᠩ ᠰᠢᠨ ᠤ ᠬᠦᠴᠦᠨ ᠴᠢᠳᠠᠯ ᠢ ᠨᠡᠮᠡᠷᠢᠯᠡᠨ᠎ᠡ᠃  
ᠢᠷᠡᠯᠲᠡ᠄ ᠳᠣᠰ ᠰᠦᠯᠵᠢᠶ᠎ᠡ