ᠬᠢᠶ᠎ᠠ ᠪᠠᠭᠰᠢ ᠲᠣᠭᠤᠷᠢᠭ ᠤᠨ ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ ᠲᠥᠪ
ᠨᠡᠶᠢᠲᠡᠯᠡᠭᠰᠡᠨ ᠴᠠᠭ᠄
2023/3/3
      ᠨᠢᠭᠡ᠂ ᠤᠳᠤᠷᠢᠳᠬᠤ ᠪᠠᠭ      ᠸᠠᠩ ᠶᠦᠩ ᠭᠠᠩ     ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ      ᠯᠢᠦ ᠵᠢᠶᠦ᠋ᠨ ᠸᠧᠢ     ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ      ᠴᠧᠨ ᠷᠦᠩ         ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ      ᠯᠢᠦ ᠭᠦᠸᠧ ᠬᠤᠸᠠ    ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ        ᠬᠤᠶᠠᠷ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠦᠢᠯᠡᠰ ᠤᠨ ᠲᠣᠪᠴᠢᠶ᠎ᠠ ᠶᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ‍ᠤᠨ‌‍ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ ᠲᠥᠪ ᠭᠡᠵᠦ ᠨᠡᠷ᠎ᠡ ᠪᠠᠨ ᠬᠠᠯᠠᠪᠠ᠃ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ‍ᠤᠨ‌‍ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ ᠲᠥᠪ ᠪᠣᠯ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ᠂ ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠣᠨ᠎ᠠ᠃       ᠭᠤᠷᠪᠠ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ ᠲᠥᠪ ᠨᠢ ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤᠮᠳᠠ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ‍ᠤᠨ‌‍ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ ᠲᠥᠪ ᠤᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠬᠤᠲᠠ ᠶᠢᠨ ᠨᠣᠭᠤᠭᠠᠷᠠᠭᠤᠯᠤᠯᠲᠠ ᠶᠢᠨ ᠠᠵᠢᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃      ︵ᠬᠤᠶᠠᠷ︶ ᠪᠦᠲᠦᠭᠡᠨ ᠪᠠᠶᠢᠭᠤᠯᠬᠤ ᠣᠷᠣᠨ ᠤ ᠬᠤᠳᠠ ᠶᠢᠨ ᠨᠣᠭᠤᠭᠠᠷᠠᠭᠤᠯᠤᠯᠲᠠ ᠶᠢᠨ ᠬᠥᠭᠵᠢᠭᠦᠯᠦᠯᠲᠡ ᠶᠢᠨ ᠲᠥᠯᠦᠪᠵᠢᠭᠦᠯᠭᠡ᠂ ᠵᠢᠯ ᠤᠨ ᠲᠥᠯᠥᠪᠯᠡᠭᠡ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠳᠤ ᠣᠷᠤᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠭᠤᠷᠪᠠ︶ ᠪᠦᠲᠦᠭᠡᠨ ᠪᠠᠶᠢᠭᠤᠯᠬᠤ ᠣᠷᠣᠨ ᠤ ᠵᠠᠮ ᠤᠨ ᠬᠤᠶᠠᠷ ᠬᠠᠵᠠᠭᠤ ᠶᠢᠨ ᠣᠶᠢᠵᠢᠭᠤᠯᠤᠯᠲᠠ  ᠶᠢᠨ ᠪᠦᠰᠡ᠂ ᠨᠡᠶᠢᠲᠡ ᠶᠢᠨ ᠨᠣᠭᠤᠭᠠᠨ ᠬᠥᠷᠥᠰᠥ᠂ ᠬᠠᠯᠬᠠᠪᠴᠢ ᠨᠣᠭᠤᠭᠠᠨ ᠭᠠᠵᠠᠷ ᠵᠢᠴᠢ ᠴᠡᠴᠡᠷᠯᠢᠭ ᠤᠨ  ᠲᠥᠬᠦᠭᠡᠷᠡᠮᠵᠢ ᠶᠢᠨ ᠪᠦᠲᠦᠭᠡᠨ ᠪᠠᠶᠢᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠬᠠᠷᠢᠭᠤᠴᠠᠨ᠎ᠠ᠃      ︵ᠳᠥᠷᠪᠡ︶ ᠪᠦᠲᠦᠭᠡᠨ ᠪᠠᠶᠢᠭᠤᠯᠬᠤ ᠣᠷᠣᠨ ᠤ ᠵᠣᠯᠭᠠᠨ ᠮᠣᠳᠣ ᠴᠡᠴᠡᠭ ᠡᠪᠡᠰᠦᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ  ᠢ ᠡᠭᠦᠷᠭᠡᠯᠡᠨ᠎ᠡ᠃      ︵ᠲᠠᠪᠤ︶ ᠪᠦᠲᠦᠭᠡᠨ ᠪᠠᠶᠢᠭᠤᠯᠬᠤ ᠣᠷᠣᠨ ᠤ ᠡᠯ᠎ᠡ ᠪᠠᠶᠢᠭᠤᠯᠭ᠎ᠠ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ ᠬᠠᠯᠬᠠᠪᠴᠢ ᠨᠣᠭᠤᠭᠠᠨ ᠭᠠᠵᠠᠷ᠂ ᠳᠠᠭᠠᠯᠲᠠ ᠨᠣᠭᠤᠭᠠᠨ ᠭᠠᠵᠠᠷ ᠪᠠ ᠣᠷᠣᠨ ᠰᠠᠭᠤᠴᠠ ᠶᠢᠨ ᠲᠣᠭᠤᠷᠢᠭ ᠤᠨ ᠵᠦᠯᠭᠡ ᠭᠠᠵᠠᠷ ᠤᠨ ᠣᠶᠢᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠵᠢᠷᠭᠤᠭ᠎ᠠ︶ ᠲᠣᠮᠣ ᠬᠡᠯᠪᠡᠷᠢ ᠶᠢᠨ ᠴᠡᠴᠡᠭ ᠤᠨ ᠦᠵᠡᠰᠬᠦᠯᠡᠩ ᠵᠡᠷᠭᠡ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢᠨ ᠪᠣᠳᠠᠲᠠᠢ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃      ︵ᠲᠤᠯᠤᠭ᠎ᠠ︶ ᠪᠥᠬᠦ ᠲᠣᠭᠤᠷᠢᠭ ᠤᠨ ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ᠃ ᠴᠡᠴᠡᠷᠯᠢᠭᠵᠢᠭᠦᠯᠦᠨ ᠨᠣᠭᠤᠭᠠᠷᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠵᠢᠴᠢ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ ᠬᠡᠷᠡᠭᠯᠡᠬᠦ ᠠᠵᠢᠯ ᠢ ᠡᠭᠦᠷᠭᠡᠯᠡᠨ᠎ᠡ᠃      ︵ᠨᠠᠢᠮᠠ︶ ᠪᠥᠬᠦ ᠲᠣᠭᠤᠷᠢᠭ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ ᠴᠡᠴᠡᠷᠯᠢᠭ ᠤᠨ ᠰᠢᠨᠵᠢᠯᠡᠬᠦ ᠤᠬᠠᠭᠠᠨ ᠤ ᠰᠤᠳᠤᠯᠤᠯ᠂ ᠴᠡᠴᠡᠭ ᠡᠪᠡᠰᠦᠨ ᠤ ᠦᠢᠯᠡᠳᠪᠦᠷᠢᠯᠡᠯ᠂ ᠵᠤᠯᠵᠠᠭ᠎ᠠ ᠮᠣᠳᠣ ᠪᠣᠶᠢᠵᠢᠭᠤᠯᠬᠤ᠂ ᠡᠷᠲᠡᠨ ᠤ ᠮᠣᠳᠣ ᠨᠠᠷᠠᠲᠤ ᠮᠣᠳᠣ ᠶᠢ ᠬᠠᠮᠠᠭᠠᠯᠠᠬᠤ ᠵᠡᠷᠭᠡ ᠮᠡᠷᠭᠡᠵᠢᠯ ᠤᠨ ᠵᠢᠯᠣᠭᠤᠳᠤᠯᠭ᠎ᠠ ᠶᠢᠨ ᠠᠵᠢᠯ ᠢ ᠡᠭᠦᠷᠭᠡᠯᠡᠨ᠎ᠡ᠃      ︵ᠶᠢᠰᠦ︶ ᠵᠤᠯᠵᠠᠭ᠎ᠠ ᠮᠣᠳᠣᠨ ᠤᠨ ᠬᠦᠷᠢᠶᠡᠯᠡᠩ᠂ ᠴᠡᠴᠡᠭ ᠮᠣᠳᠣᠨ ᠤ ᠵᠠᠬ᠎ᠠ ᠳᠡᠯᠭᠡᠭᠦᠷ ᠶᠢᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠳᠤ ᠣᠷᠣᠯᠴᠠᠨ᠎ᠠ᠃      ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠴᠡᠴᠡᠷᠯᠢᠭᠵᠢᠭᠦᠯᠦᠨ ᠨᠣᠭᠤᠭᠠᠷᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ︵ᠠᠷᠪᠠᠨ ᠨᠢᠭᠡ︶ ᠴᠡᠴᠡᠷᠯᠢᠭᠵᠢᠭᠦᠯᠦᠨ ᠨᠣᠭᠤᠭᠠᠷᠠᠭᠤᠯᠬᠤ ᠲᠤᠰᠬᠠᠢ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃      ︵ᠠᠷᠪᠠᠨ ᠬᠤᠶᠠᠷ︶ ᠲᠣᠭᠤᠷᠢᠭ ᠤᠨ ᠨᠠᠮ ᠤᠨ ᠬᠤᠷᠢᠶ᠎ᠠ ᠪᠠ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        ᠳᠥᠷᠪᠡ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ ᠲᠥᠪ ᠲᠤ ᠶᠢᠰᠦᠨ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄      ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭ᠎ᠠ ᠪᠠ ᠶᠡᠷᠦᠩᠬᠡᠶᠢᠯᠡᠨ ᠵᠣᠬᠢᠴᠠᠭᠤᠯᠬᠤ ᠠᠵᠢᠯᠯᠠᠭ᠎ᠠ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠰᠦᠭ ᠪᠢᠴᠢᠭ ᠤᠨ ᠶᠡᠷᠦᠩᠬᠡᠶᠢᠯᠡᠭᠰᠡᠨ ᠠᠵᠢᠯ᠂ ᠠᠵᠢᠯᠲᠠᠨ ᠤ ᠶᠠᠪᠤᠳᠠᠯ ᠪᠠ ᠬᠥᠳᠡᠯᠮᠦᠷᠢᠴᠢᠳ ᠬᠥᠷᠥᠩᠭᠡᠲᠡᠨ ᠤ ᠬᠠᠷᠢᠴᠠᠭ᠎ᠠ᠂ ᠮᠡᠳᠡᠭᠡ ᠵᠠᠩᠭᠢ ᠶᠢᠨ ᠤᠬᠠᠭᠤᠯᠭ᠎ᠠ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠡᠪᠯᠡᠯ᠂ ᠵᠠᠬᠢᠳᠠᠯ ᠰᠣᠷᠪᠤᠯᠵᠢᠯᠠᠭ᠎ᠠ᠂ ᠬᠥᠮᠦᠵᠢᠯ ᠪᠣᠯᠪᠠᠰᠤᠷᠠᠭᠤᠯᠤᠯ᠂ ᠳᠠᠩᠰᠠ ᠡᠪᠬᠡᠮᠡᠯ ᠪᠠ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃      ︵ᠬᠤᠶᠠᠷ︶ ᠡᠳ᠋ ᠤᠨ ᠶᠠᠪᠤᠳᠠᠯ ᠤᠨ ᠲᠠᠰᠤᠭ᠄ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠲᠥᠰᠥᠪ ᠪᠠ ᠲᠥᠰᠥᠪ ᠤᠨ ᠭᠦᠢᠴᠡᠳᠬᠡᠯ᠂ ᠳᠣᠲᠣᠭᠠᠳᠤ ᠶᠢᠨ ᠬᠢᠨᠠᠨ ᠪᠣᠳᠣᠯᠲᠠ᠂ ᠪᠠᠷᠢᠯᠭ᠎ᠠ ᠶᠢᠨ ᠲᠥᠷᠥᠯ ᠵᠦᠢᠯ ᠤᠨ ᠥᠷᠢ ᠥᠭᠴᠡᠭᠡ ᠶᠢ ᠠᠷᠢᠯᠭᠠᠬᠤ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠪᠠ ᠮᠡᠳᠡᠭᠦᠯᠦᠯᠲᠡ ᠶᠢᠨ ᠬᠦᠰᠦᠨᠦᠭᠲᠦ ᠶᠢ ᠪᠦᠷᠢᠳᠬᠡᠬᠦ ᠵᠡᠷᠭᠡ ᠠᠵᠢᠯ ᠢ ᠡᠭᠦᠷᠭᠡᠯᠡᠨ᠎ᠡ᠃      ︵ᠭᠤᠷᠪᠠ︶ ᠪᠠᠷᠢᠯᠭ᠎ᠠ ᠶᠢᠨ ᠲᠥᠷᠥᠯ ᠵᠦᠢᠯ ᠤᠨ ᠲᠠᠰᠤᠭ᠄ ᠪᠠᠷᠢᠯᠭ᠎ᠠ ᠶᠢᠨ ᠵᠦᠢᠯᠡᠰ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ᠂ ᠴᠡᠴᠡᠷᠯᠢᠭ ᠤᠨ ᠨᠣᠭᠤᠭᠠᠷᠠᠭᠤᠯᠤᠯᠲᠠ ᠶᠢ ᠵᠢᠷᠤᠵᠤ ᠲᠥᠯᠥᠪᠯᠡᠬᠦ᠂ ᠴᠡᠴᠡᠷᠯᠢᠭᠵᠢᠭᠦᠯᠦᠨ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠵᠦᠢᠯᠡᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠬᠢᠨᠠᠨ ᠪᠤᠳᠤᠵᠤ ᠳ᠋ᠦᠩᠨᠡᠨ ᠪᠤᠳᠤᠬᠤ ᠠᠵᠢᠯ ᠂ ᠪᠠᠷᠢᠯᠭ᠎ᠠ ᠶᠢᠨ ᠮᠠᠲ᠋ᠧᠷᠢᠶᠠᠯ ᠤᠨ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠪᠠ ᠭᠡᠷ᠎ᠡ ᠶᠢᠨ ᠬᠠᠮᠢᠶᠠᠷᠤᠯᠲᠠ᠂ ᠪᠠᠶᠢᠭᠤᠯᠭ᠎ᠠ ᠶᠢᠨ ᠡᠳ᠋ ᠪᠣᠳᠠᠰ ᠲᠤᠨᠤᠭ ᠲᠥᠬᠦᠭᠡᠷᠦᠮᠵᠢ ᠶᠢ ᠬᠤᠳᠠᠯᠳᠤᠨ ᠠᠪᠴᠤ ᠬᠠᠮᠢᠶᠠᠷᠬᠤ ᠵᠢᠴᠢ ᠰᠢᠯᠵᠢᠭᠦᠯᠦᠨ ᠲᠣᠬᠢᠷᠠᠭᠤᠯᠬᠤ ᠵᠡᠷᠭᠡ ᠠᠵᠢᠯ ᠢ ᠡᠭᠦᠷᠭᠡᠯᠡᠨ᠎ᠡ᠃      ︵ᠳᠥᠷᠪᠡ︶ ᠠᠮᠤᠷ ᠲᠦᠪᠰᠢᠨ ᠢ ᠰᠢᠮᠳᠠᠭᠤᠯᠤᠨ ᠪᠠᠶᠢᠴᠠᠭᠠᠬᠤ ᠲᠠᠰᠤᠭ᠄ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ᠂ ᠠᠵᠢᠯ ᠤᠨ ᠪᠠᠶᠢᠴᠠᠭᠠᠯᠲᠠ᠂ ᠲᠤᠰᠬᠠᠢ ᠰᠢᠪᠠᠳᠠᠨ ᠪᠠᠶᠢᠴᠠᠭᠠᠯᠲᠠ ᠪᠠ ᠮᠠᠲ᠋ᠧᠷᠢᠶᠠᠯ ᠤᠨ ᠬᠠᠮᠢᠶᠠᠷᠤᠯᠲᠠ᠂ ᠪᠠᠶᠢᠭᠤᠯᠭ᠎ᠠ ᠶᠢᠨ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠠᠵᠢᠯ᠂ ᠳᠣᠲᠣᠭᠠᠳᠤ ᠡᠵᠡᠮᠳᠡᠯ ᠤᠨ ᠳᠦᠷᠢᠮ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠶ ᠮᠣᠳᠣ ᠰᠢᠯᠵᠢᠭᠦᠯᠦᠨ ᠵᠠᠶᠢᠯᠠᠬᠤ᠂ ᠣᠭᠲᠣᠯᠬᠤ ᠪᠠ ᠵᠦᠯᠭᠡ ᠭᠠᠵᠠᠷ ᠢ ᠲᠦᠷ ᠡᠵᠡᠯᠡᠨ ᠬᠡᠷᠡᠭᠯᠡᠬᠦ ᠶᠢ ᠰᠡᠷᠭᠦᠭᠡᠵᠦ ᠰᠢᠯᠭᠠᠨ ᠠᠪᠬᠤ ᠵᠡᠷᠭᠡ ᠠᠵᠢᠯ ᠢ ᠡᠭᠦᠷᠭᠡᠯᠡᠨ᠎ᠡ᠃      ︵ᠲᠠᠪᠤ︶ ᠴᠡᠴᠡᠷᠯᠢᠭ ᠤᠨ ᠮᠡᠷᠭᠡᠵᠢᠯ ᠰᠤᠳᠤᠯᠬᠤ ᠲᠠᠰᠤᠭ᠄ ᠬᠤᠲᠠ ᠶᠢᠨ ᠴᠡᠴᠡᠷᠯᠢᠭᠵᠢᠭᠦᠯᠦᠨ ᠨᠣᠭᠤᠭᠠᠷᠠᠭᠤᠯᠤᠯᠲᠠ ᠶᠢᠨ ᠤᠷᠭᠤᠮᠠᠯ ᠢ ᠬᠠᠮᠠᠭᠠᠯᠠᠬᠤ᠂ ᠨᠣᠭᠤᠭᠠᠷᠠᠭᠤᠯᠤᠯᠲᠠ ᠶᠢᠨ ᠵᠤᠯᠵᠠᠭ᠎ᠠ ᠮᠣᠳᠣᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠵᠣᠬᠢᠶᠠᠨ ᠪᠠᠶᠢᠭᠤᠯᠵᠤ ᠰᠡᠷᠭᠡᠶᠢᠯᠡᠨ ᠡᠵᠡᠮᠳᠡᠬᠦ ᠠᠵᠢᠯ ᠢ ᠡᠭᠦᠷᠭᠡᠯᠡᠨ᠎ᠡ᠃ ᠵᠤᠯᠵᠠᠭ᠎ᠠ ᠮᠣᠳᠣᠨ ᠤ ᠬᠡᠯᠪᠡᠷᠢ ᠶᠢ ᠵᠠᠰᠠᠵᠤ ᠬᠠᠶᠢᠴᠢᠯᠠᠬᠤ ᠠᠵᠢᠯ ᠢ ᠡᠭᠦᠷᠭᠡᠯᠡᠨ᠎ᠡ᠃ᠪᠥᠬᠦ ᠲᠣᠭᠤᠷᠢᠭ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ ᠴᠡᠴᠡᠷᠯᠢᠭ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠴᠡᠴᠡᠭ ᠡᠪᠡᠰᠦᠨ ᠤ ᠦᠢᠯᠡᠳᠪᠦᠷᠢᠯᠡᠯ᠂ ᠵᠤᠯᠵᠠᠭ᠎ᠠ ᠮᠣᠳᠣ ᠪᠣᠶᠢᠵᠢᠭᠤᠯᠬᠤ᠂ ᠡᠷᠲᠡᠨ ᠤ ᠮᠣᠳᠣ ᠨᠠᠷᠠᠲᠤ ᠮᠣᠳᠣ ᠶᠢ ᠬᠠᠮᠠᠭᠠᠯᠠᠬᠤ ᠵᠡᠷᠭᠡ ᠮᠡᠷᠭᠡᠵᠢᠯ ᠤᠨ ᠵᠢᠯᠤᠭᠤᠳᠬᠤ ᠠᠵᠢᠯ ᠢ ᠡᠭᠦᠷᠭᠡᠯᠡᠨ᠎ᠡ᠃ ᠵᠤᠯᠵᠠᠭ᠎ᠠ ᠮᠣᠳᠣᠨ ᠤ ᠬᠦᠷᠢᠶᠡᠯᠡᠩ᠂ ᠴᠡᠴᠡᠭ ᠮᠣᠳᠣᠨ ᠤ ᠵᠠᠬ᠎ᠠ ᠳᠡᠯᠭᠡᠭᠦᠷ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠵᠤ᠂ ᠴᠡᠴᠡᠷᠯᠢᠭᠵᠢᠭᠦᠯᠦᠨ ᠨᠣᠭᠤᠭᠠᠷᠠᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠰᠤᠳᠤᠯᠬᠤ ᠪᠠ ᠦᠷ᠎ᠡ ᠪᠦᠲᠦᠭᠡᠯ ᠢ ᠳᠡᠯᠭᠡᠷᠡᠭᠦᠯᠬᠦ ᠵᠡᠷᠭᠡ ᠠᠵᠢᠯ ᠢ ᠡᠭᠦᠷᠭᠡᠯᠡᠨ᠎ᠡ᠃      ︵ᠵᠢᠷᠭᠤᠭ᠎ᠠ︶ ᠴᠡᠴᠡᠷᠯᠢᠭ ᠠᠷᠠᠴᠢᠯᠠᠨ ᠬᠠᠮᠠᠭᠠᠯᠠᠬᠤ ᠭᠠᠵᠠᠷ᠄ ᠴᠡᠴᠡᠷᠯᠢᠭ ᠤᠨ ᠳᠣᠲᠣᠷᠠᠬᠢ ᠵᠦᠯᠭᠡ ᠭᠠᠵᠠᠷ ᠤᠨ ᠪᠠᠷᠢᠯᠭ᠎ᠠ ᠪᠠᠷᠢᠬᠤ ᠪᠠ ᠠᠷᠠᠴᠢᠯᠠᠨ ᠬᠠᠮᠠᠭᠠᠯᠠᠬᠤ ᠠᠵᠢᠯ ᠢ ᠡᠭᠦᠷᠭᠡᠯᠡᠨ᠎ᠡ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠠᠷᠠᠴᠢᠯᠠᠨ ᠬᠠᠮᠠᠭᠠᠯᠠᠬᠤ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃ ᠬᠠᠷᠢᠶᠠᠯᠠᠯ ᠤᠨ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ᠃      ︵ᠲᠤᠯᠤᠭ᠎ᠠ︶ ᠠᠭᠤᠳᠠᠮ ᠲᠠᠯᠠᠪᠠᠢ ᠶᠢ ᠠᠷᠠᠴᠢᠯᠠᠨ ᠬᠠᠮᠠᠭᠠᠯᠠᠬᠤ ᠭᠠᠵᠠᠷ᠄ ᠠᠭᠤᠳᠠᠮ ᠲᠠᠯᠠᠪᠠᠶ ᠶᠢᠨ ᠳᠣᠲᠣᠷᠠᠬᠢ ᠵᠦᠯᠭᠡ ᠭᠠᠵᠠᠷ ᠤᠨ ᠪᠠᠷᠢᠯᠭ᠎ᠠ ᠪᠠᠷᠢᠬᠤ ᠪᠠ ᠠᠷᠠᠴᠢᠯᠠᠨ ᠬᠠᠮᠠᠭᠠᠯᠠᠬᠤ ᠠᠵᠢᠯ ᠢ ᠡᠭᠦᠷᠭᠡᠯᠡᠨ᠎ᠡ᠃ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠠᠷᠠᠴᠢᠯᠠᠨ ᠬᠠᠮᠠᠭᠠᠯᠠᠬᠤ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃ ᠬᠠᠷᠢᠶᠠᠯᠠᠯ ᠤᠨ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ᠃      ︵ᠨᠠᠢᠮᠠ︶ ᠵᠠᠮ ᠠᠷᠠᠴᠢᠯᠠᠨ ᠬᠠᠮᠠᠭᠠᠯᠠᠬᠤ ᠭᠠᠵᠠᠷ᠄ ᠬᠤᠲᠠ ᠶᠢᠨ ᠶᠠᠪᠤᠳᠠᠯ ᠤᠨ ᠵᠠᠮ ᠤᠨ ᠨᠣᠭᠤᠭᠠᠷᠠᠭᠤᠯᠤᠯᠲᠠ᠂ ᠨᠣᠭᠤᠭᠠᠨ ᠪᠦᠰᠡ᠂ ᠣᠯᠠᠨ ᠨᠡᠶᠢᠲᠡ ᠶᠢᠨ ᠵᠦᠯᠭᠡ ᠭᠠᠵᠠᠷ ᠵᠢᠴᠢ ᠪᠤᠰᠤᠳ ᠳᠠᠭᠠᠯᠲᠠ ᠵᠦᠯᠭᠡ ᠭᠠᠵᠠᠷ ᠢ ᠪᠦᠲᠦᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠠᠵᠢᠯ ᠢ ᠡᠭᠦᠷᠭᠡᠯᠡᠨ᠎ᠡ᠃ ᠠᠷᠠᠴᠢᠯᠠᠨ ᠬᠠᠮᠠᠭᠠᠯᠠᠬᠤ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃ ᠬᠠᠷᠢᠶᠠᠲᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ᠃      ︵ᠶᠢᠰᠦ︶ ᠬᠤᠲᠠ ᠶᠢᠨ ᠶᠠᠪᠤᠳᠠᠯ ᠤᠨ ᠰᠡᠯᠪᠢᠨ ᠵᠠᠰᠠᠬᠤ ᠭᠠᠵᠠᠷ᠄ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶ᠎ᠠ ᠪᠦᠬᠦᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠪᠠ ᠳᠤᠮᠳᠠ ᠵᠡᠷᠭᠡ ᠶᠢᠨ ᠤᠰᠤᠨ ᠬᠤᠭᠤᠯᠠᠢ ᠶᠢᠨ ᠲᠣᠣᠷ ᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠡᠭᠦᠷᠭᠡᠯᠡᠨ᠎ᠡ᠃ ᠳᠤᠮᠳᠠᠬᠢ ᠤᠰᠤ ᠶᠢ ᠬᠡᠷᠡᠭᠯᠡᠬᠦ ᠤᠰᠤ ᠬᠠᠩᠭᠠᠬᠤ ᠲᠥᠰᠥᠯ ᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠳᠤᠮᠳᠠᠬᠢ ᠤᠰᠤ ᠶᠢ ᠵᠦᠢ ᠵᠣᠬᠢᠰᠲᠠᠢ ᠲᠣᠬᠢᠷᠠᠭᠤᠯᠤᠨ ᠬᠡᠷᠡᠭᠯᠡᠨ᠎ᠡ᠃ ᠵᠢᠯᠣᠭᠤᠴᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠰᠤᠷᠭᠠᠨ ᠬᠥᠮᠦᠵᠢᠯ᠂ ᠪᠠᠷᠢᠯᠭ᠎ᠠ ᠶᠢᠨ ᠲᠡᠷᠭᠡ ᠶᠢᠨ ᠲᠣᠬᠢᠷᠠᠭᠤᠯᠤᠯᠲᠠ ᠪᠠ ᠡᠳᠦᠷ ᠲᠤᠲᠤᠮ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃                ᠬᠠᠷᠢᠯᠴᠠᠬᠤ ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠠᠯᠳᠠᠨ ᠵᠡᠭᠡᠯᠢ ᠪᠠ ᠳᠣᠷᠣᠨ᠎ᠠ ᠵᠠᠮ ᠤᠨ ᠠᠭᠤᠯᠵᠠᠷ ᠲᠤ              ᠠᠵᠢᠯᠯᠠᠬᠤ ᠴᠠᠭ᠄ ᠦᠳᠡ ᠶᠢᠨ ᠡᠮᠦᠨ᠎ᠡ 9᠄ 00 --- 12᠄ 00᠂ ᠦᠳᠡ ᠶᠢᠨ ᠬᠤᠶᠢᠨ᠎ᠠ 14᠄ 00 --- 17᠄ 30              ᠬᠠᠷᠢᠯᠴᠠᠬᠤ ᠤᠲᠠᠰᠤ᠄ 0477 --- 8581034  
ᠢᠷᠡᠯᠲᠡ᠄ ᠲᠣᠰ ᠰᠥᠯᠵᠢᠶ᠎ᠡ