ᠲᠠᠮᠢᠷ ᠤᠨ ᠲᠤᠬᠯᠠᠭᠠᠮ ᠢ ᠲᠠᠮᠢᠷ ᠤᠨ ᠵᠢᠭᠠᠨ ᠰᠤᠷᠭᠠᠯᠳᠡ ᠲᠠᠢ ᠬᠡᠷᠬᠢᠨ ᠤᠶᠠᠯᠳᠤᠭᠤᠯᠬᠤ ᠪᠤᠢ
ᠨᠡᠶᠢᠲᠡᠯᠡᠭᠰᠡᠨ ᠴᠠᠭ᠄
2023/3/31
      ᠲᠠᠮᠢᠷ ᠤᠨ ᠲᠤᠭᠯᠠᠭᠠᠮ ᠨᠢ ᠪᠡᠶ᠎ᠡ ᠶᠢᠨ ᠪᠤᠯᠪᠠᠰᠤᠷᠠᠯ ᠢᠶᠠᠷ ᠭᠤᠤᠯ ᠠᠷᠭ᠎ᠠ ᠪᠠᠷᠢᠯ ᠪᠤᠯᠭᠠᠵᠤ᠂ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ᠂ ᠪᠡᠶ᠎ᠡ ᠰᠡᠳᠬᠢᠴᠡ ᠪᠠᠨ ᠰᠡᠷᠬᠦᠬᠡᠬᠦ ᠪᠠᠷ ᠭᠤᠤᠯ ᠬᠠᠷᠠᠯᠳᠠ ᠪᠠᠨ ᠪᠤᠯᠭᠠᠭᠰᠠᠨ ᠨᠢᠬᠡ ᠵᠦᠢᠯ ᠤᠨ ᠬᠦᠳᠡᠯᠬᠡᠬᠡᠨ ᠤ ᠠᠷᠭ᠎ᠠ ᠪᠠᠷᠢᠯ ᠮᠦᠨ᠃ ᠲᠠᠮᠢᠷ ᠤᠨ ᠬᠢᠴᠢᠶᠡᠯ ᠤᠨ ᠵᠢᠭᠠᠨ ᠰᠤᠷᠭᠠᠯᠳᠠ ᠳᠤ ᠵᠤᠬᠢᠬᠤ ᠲᠠᠮᠢᠷ ᠤᠨ ᠲᠤᠭᠯᠠᠭᠠᠮ ᠤᠨ ᠠᠷᠭ᠎ᠠ ᠪᠠᠷᠢᠯ ᠢ ᠤᠶᠠᠯᠳᠤᠭᠤᠯᠬᠤ ᠨᠢ ᠲᠠᠮᠢᠷ ᠤᠨ ᠬᠢᠴᠢᠶᠡᠯ ᠤᠨ ᠬᠡᠪ ᠴᠢᠨᠠᠷ ᠤᠨ ᠰᠤᠷᠭᠠᠨ ᠬᠦᠮᠦᠵᠢᠯ ᠢ ᠢᠯᠡᠷᠡᠬᠦᠯᠬᠦ ᠮᠦᠷᠳᠡᠬᠡᠨ ᠲᠠᠮᠢᠷ ᠤᠨ ᠬᠢᠴᠢᠶᠡᠯ ᠤᠨ ᠵᠢᠭᠠᠨ ᠰᠤᠷᠭᠠᠬᠤ ᠠᠷᠭ᠎ᠠ ᠪᠠᠷᠢᠯ ᠤᠨ ᠤᠯᠠᠨ ᠲᠠᠯᠠᠳᠤ ᠴᠢᠨᠠᠷ ᠠᠴᠠ ᠰᠤᠷᠤᠭᠴᠢᠳ ᠤᠨ ᠰᠤᠷᠤᠯᠴᠠᠬᠤ ᠢᠳᠡᠪᠬᠢᠳᠦ ᠴᠢᠨᠠᠷ᠂ ᠰᠠᠨᠠᠭᠠᠴᠢᠯᠠᠭᠠᠳᠤ ᠴᠢᠨᠠᠷ ᠢ ᠲᠠᠶᠢᠴᠢᠯᠠᠵᠤ᠂ ᠵᠢᠭᠠᠨ ᠰᠤᠷᠭᠠᠯᠳᠠ ᠶᠢᠨ ᠦᠷ᠎ᠠ ᠠᠰᠢᠭ ᠪᠠ ᠶᠠᠰᠤ ᠴᠢᠨᠠᠷ ᠢ ᠲᠡᠭᠡᠭᠰᠢᠯᠡᠬᠦᠯᠵᠦ ᠴᠢᠳᠠᠨ᠎ᠠ᠃      ᠨᠢᠬᠡ᠂ ᠲᠠᠮᠢᠷ ᠤᠨ ᠲᠤᠭᠯᠠᠭᠠᠮ ᠤᠨ ᠵᠢᠭᠠᠨ ᠰᠤᠷᠭᠠᠯᠳᠠ ᠳᠠᠬᠢ ᠪᠠᠭᠰᠢ ᠶᠢᠨ ᠪᠠᠶᠢᠷᠢ ᠰᠠᠭᠤᠷᠢ ᠪᠠ ᠦᠢᠯᠡᠳᠦᠯ      1᠂ ᠲᠠᠮᠢᠷ ᠤᠨ ᠲᠤᠭᠯᠠᠭᠠᠮ ᠢ ᠵᠤᠬᠢᠰᠳᠠᠢ ᠵᠤᠬᠢᠶᠠᠨ ᠪᠠᠶᠢᠭᠤᠯᠵᠤ᠂ ᠰᠤᠷᠤᠭᠴᠢᠳ ᠢ ᠬᠦᠳᠦᠯᠦᠨ ᠲᠤᠭᠯᠠᠭᠠᠮ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠃ ᠲᠠᠮᠢᠷ ᠤᠨ ᠲᠤᠭᠯᠠᠭᠠᠮ ᠢ ᠵᠤᠬᠢᠰᠳᠠᠢ ᠵᠤᠬᠢᠶᠠᠨ ᠪᠠᠶᠢᠭᠤᠯᠬᠤ ᠪᠠᠷ ᠲᠠᠮᠵᠢᠨ ᠰᠤᠷᠤᠭᠴᠢᠳ ᠢ ᠲᠠᠮᠢᠷ ᠤᠨ ᠬᠦᠳᠡᠯᠬᠡᠬᠡᠨ ᠳᠤ ᠢᠳᠡᠪᠬᠢᠳᠡᠢ ᠤᠷᠤᠯᠴᠠᠭᠤᠯᠬᠤ ᠶᠢᠨ ᠲᠠᠭᠠᠤ ᠲᠠᠷᠢᠬᠢ ᠲᠤᠯᠤᠭᠠᠢ ᠶᠢ ᠨᠢ ᠬᠦᠳᠡᠯᠬᠡᠵᠦ᠂ ᠲᠤᠭᠯᠠᠭᠠᠮ ᠤᠨ ᠱᠠᠭᠠᠷᠳᠠᠯᠭ᠎ᠠ ᠶᠢ ᠪᠡᠶᠡᠯᠡᠬᠦᠯᠳᠡᠭ᠃ ᠵᠢᠱᠢᠶᠠᠯᠡᠪᠡᠯ ᠶᠠᠮᠠᠷ ᠨᠢᠬᠡ ᠵᠦᠢᠯ ᠤᠨ ᠬᠦᠳᠡᠯᠦᠯ ᠢ ᠡᠵᠡᠮᠰᠢᠬᠦ ᠳᠤ ᠰᠤᠷᠤᠭᠴᠢᠳ ᠢ ᠬᠡᠳᠦᠨ ᠲᠤᠭᠤᠶᠢᠯᠠᠩ ᠬᠤᠪᠢᠶᠠᠵᠤ᠂ ᠲᠤᠭᠯᠠᠭᠠᠮ ᠤᠨ ᠱᠠᠭᠠᠷᠳᠠᠯᠭ᠎ᠠ ᠪᠠ ᠱᠠᠩᠨᠠᠵᠤ ᠲᠤᠷᠭᠠᠬᠤ ᠲᠦᠷᠢᠮ ᠲᠤᠭᠳᠠᠭᠠᠯ ᠢ ᠲᠤᠲᠤᠷᠬᠠᠢ ᠪᠤᠯᠭᠠᠭᠰᠠᠨ ᠰᠠᠭᠤᠷᠢᠨ ᠲᠡᠭᠡᠷ᠎ᠡ ᠰᠤᠷᠤᠭᠴᠢᠳ ᠲᠤ ᠨᠠᠭᠠᠳᠤᠮ ᠲᠤᠭᠯᠠᠭᠠᠮ ᠤᠨ ᠲᠤᠮᠳᠠ ᠲᠠᠮᠢᠷ ᠤᠨ ᠬᠦᠳᠡᠯᠦᠯ ᠢ ᠡᠵᠡᠮᠰᠢᠬᠦ ᠶᠢ ᠱᠠᠭᠠᠷᠳᠠᠨ᠎ᠠ᠃      2᠂ ᠪᠠᠭᠰᠢ ᠲᠠᠮᠢᠷ ᠤᠨ ᠲᠤᠭᠯᠠᠭᠠᠮ ᠤᠨ ᠪᠠᠶᠠᠷ ᠪᠠᠶᠠᠰᠤᠯᠳᠤ ᠤᠷᠴᠢᠨ ᠲᠤᠭᠤᠷᠢᠨ ᠢ ᠪᠦᠷᠢᠯᠳᠦᠬᠦᠯᠬᠦ᠃ ᠲᠤᠭᠯᠠᠭᠠᠮ ᠨᠢ ᠨᠢᠬᠡ ᠵᠦᠢᠯ ᠤᠨ ᠪᠠᠶᠠᠷ ᠴᠡᠩᠭᠡᠯ ᠤᠨ ᠬᠦᠳᠡᠯᠬᠡᠬᠡᠨ ᠤᠴᠢᠷ ᠠᠴᠠ ᠡᠷᠬᠡᠪᠰᠢ ᠰᠡᠳᠬᠢᠯ ᠰᠠᠨᠠᠭ᠎ᠠ ᠠᠭᠤᠵᠢᠮ ᠲᠠᠶᠢᠪᠤᠭᠤ᠂ ᠪᠠᠶᠠᠷ ᠬᠦᠷ ᠲᠠᠢ ᠤᠷᠴᠢᠨ ᠠᠬᠤᠢ ᠪᠠᠶᠢᠬᠤ ᠶᠢ ᠱᠠᠭᠠᠷᠳᠠᠨ᠎ᠠ᠃ ᠠᠮᠵᠢᠯᠳᠠ ᠪᠦᠳᠦᠮᠵᠢᠳᠡᠢ ᠲᠠᠮᠢᠷ ᠤᠨ ᠲᠤᠭᠯᠠᠭᠠᠮ ᠨᠢ ᠬᠢᠴᠢᠶᠡᠯ ᠤᠨ ᠠᠭᠤᠷ ᠠᠮᠢᠰᠬᠤᠯ ᠢ ᠬᠦᠭᠵᠢᠶᠡᠨᠳᠡᠢ ᠪᠤᠯᠭᠠᠨ᠂ ᠰᠤᠷᠤᠭᠴᠢᠳ ᠤᠨ ᠬᠦᠳᠡᠯᠬᠡᠬᠡᠨ ᠳᠤ ᠤᠷᠤᠯᠴᠠᠬᠤ ᠤᠷᠮᠠᠰᠢᠯ ᠢ ᠲᠠᠶᠢᠴᠢᠯᠠᠵᠤ ᠦᠷ᠎ᠠ ᠠᠰᠢᠭ ᠦᠨᠳᠦᠷ ᠠᠮᠵᠢᠯᠳᠠ ᠲᠠᠢ ᠬᠢᠴᠢᠶᠡᠯᠯᠡᠭᠡ ᠪᠤᠯᠵᠤ ᠴᠢᠳᠠᠳᠠᠭ᠃ ᠡᠶᠢᠮᠦ ᠠᠴᠠ ᠲᠠᠮᠢᠷ ᠤᠨ ᠪᠠᠭᠰᠢ ᠬᠢᠴᠢᠶᠡᠯᠯᠡᠭᠡ ᠶᠢᠨ ᠵᠢᠭᠠᠨ ᠰᠤᠷᠭᠠᠯᠳᠠ ᠳᠠᠭᠠᠨ ᠲᠠᠮᠢᠷ ᠤᠨ ᠲᠤᠭᠯᠠᠭᠠᠮ ᠢ ᠤᠷᠠᠯᠢᠭ ᠢᠶᠠᠷ ᠲᠤᠬᠢᠷᠠᠭᠤᠯᠵᠤ᠂ ᠵᠢᠭᠠᠨ ᠰᠤᠷᠭᠠᠯᠳᠠ ᠶᠢᠨ ᠶᠠᠪᠤᠴᠠ ᠪᠠᠨ ᠪᠠᠶᠠᠷ ᠪᠠᠶᠠᠰᠬᠤᠯᠠᠩᠳᠠᠢ ᠬᠦᠷ ᠬᠦᠭᠵᠢᠶᠡᠨᠳᠡᠢ ᠪᠠᠶᠢᠯᠭᠠᠪᠠᠯ ᠵᠤᠬᠢᠨ᠎ᠠ᠃       ᠬᠤᠶᠠᠷ᠂ ᠲᠠᠮᠢᠷ ᠤᠨ ᠲᠤᠭᠯᠠᠭᠠᠮ ᠢᠶᠠᠷ ᠲᠠᠮᠢᠷ ᠤᠨ ᠬᠢᠴᠢᠶᠡᠯ ᠤᠨ ᠬᠡᠷᠡᠭᠴᠡᠬᠡᠳᠦ ᠴᠢᠨᠠᠷ᠂ ᠰᠤᠨᠢᠷᠬᠠᠯᠳᠤ ᠴᠢᠨᠠᠷ ᠤᠨ ᠴᠢᠳᠠᠪᠬᠢ ᠦᠢᠯᠡᠳᠦᠯ ᠢ ᠤᠯᠠᠮ ᠨᠢᠬᠡ ᠠᠯᠬᠤᠮ ᠲᠡᠭᠡᠭᠰᠢᠯᠡᠬᠦᠯᠬᠦ      1᠂ ᠲᠠᠮᠢᠷ ᠤᠨ ᠲᠤᠭᠯᠠᠭᠠᠮ ᠢᠶᠠᠷ ᠰᠤᠷᠤᠭᠴᠢ ᠶᠢᠨ ᠬᠤᠪᠢ ᠪᠡᠶ᠎ᠡ ᠶᠢᠨ ᠲᠠᠯᠳᠠ ᠴᠢᠳᠠᠪᠤᠷᠢ ᠶᠢ ᠪᠠᠳᠠᠷᠠᠭᠤᠯᠤᠨ᠎ᠠ᠃ ᠲᠤᠮᠳᠠᠳᠤ ᠰᠤᠷᠭᠠᠭᠤᠯᠢ ᠶᠢᠨ ᠲᠠᠮᠢᠷ ᠤᠨ ᠬᠢᠴᠢᠶᠡᠯᠯᠡᠭᠡ ᠳᠤ ᠲᠠᠮᠢᠷ ᠤᠨ ᠲᠤᠭᠯᠠᠭᠠᠮ ᠢ ᠬᠠᠪᠰᠤᠷᠭᠠᠵᠤ ᠵᠢᠭᠠᠨ ᠰᠤᠷᠭᠠᠬᠤ ᠡᠬᠦᠷᠬᠡ ᠪᠠᠨ ᠪᠡᠶᠡᠯᠡᠬᠦᠯᠬᠦ ᠨᠢ ᠨᠢᠬᠡ ᠵᠦᠢᠯ ᠤᠨ ᠨᠡᠯᠢᠶᠡᠳ ᠪᠦᠲᠦᠮᠵᠢᠳᠡᠢ ᠠᠷᠭ᠎ᠠ ᠮᠦᠨ᠃ ᠬᠢᠴᠢᠶᠡᠯᠯᠡᠭᠡ ᠳᠤ ᠲᠠᠮᠢᠷ ᠤᠨ ᠲᠤᠭᠯᠠᠭᠠᠮ ᠢ ᠠᠭᠤᠰᠬᠠᠬᠤ ᠳᠠᠭᠠᠨ ᠡᠷᠬᠡᠪᠰᠢ ᠲᠤᠰ ᠬᠢᠴᠢᠶᠡᠯ ᠤᠨ ᠠᠭᠤᠯᠭ᠎ᠠ ᠬᠠᠷᠠᠯᠳᠠ ᠳᠠᠭᠠᠨ ᠦᠢᠯᠡᠴᠢᠯᠡᠬᠦᠯᠬᠦ ᠠᠴᠠ ᠭᠠᠳᠠᠨ᠎ᠠ ᠰᠤᠷᠤᠭᠴᠢᠳ ᠤᠨ ᠤᠷᠮᠠᠰᠢᠯ ᠢ ᠲᠠᠳᠠᠬᠤ᠂ ᠰᠤᠨᠢᠷᠬᠠᠯ ᠢ ᠬᠦᠭᠵᠢᠬᠡᠬᠦ ᠵᠡᠷᠬᠡ ᠲᠠᠯ᠎ᠠ ᠳᠤ ᠦᠢᠯᠡᠴᠢᠯᠡᠪᠡᠯ ᠵᠤᠬᠢᠨ᠎ᠠ᠃ ᠰᠤᠷᠤᠭᠴᠢᠳ ᠡᠳᠡᠬᠡᠷ ᠬᠦᠳᠡᠯᠬᠡᠬᠡᠨ ᠲᠤᠭᠯᠠᠭᠠᠮ ᠳᠤ ᠤᠷᠤᠯᠴᠠᠬᠤ ᠪᠠᠷ ᠳᠠᠮᠵᠢᠨ ᠬᠠᠮᠳᠤ ᠨᠡᠶᠢᠳᠡ ᠶᠢᠨ ᠬᠠᠮᠵᠢᠯᠴᠠᠬᠤ ᠤᠬᠠᠮᠰᠠᠷ ᠵᠢᠴᠢ ᠦᠪᠡᠷ ᠤᠨ ᠪᠡᠶ᠎ᠡ ᠶᠢᠨ ᠨᠢᠭᠤᠭᠳᠠᠮᠠᠯ ᠲᠠᠯᠳᠠ ᠴᠢᠳᠠᠪᠤᠷᠢ ᠪᠠᠨ ᠢᠯᠡᠷᠡᠬᠦᠯᠬᠦ ᠨᠦᠬᠦᠴᠡᠯ ᠢ ᠪᠦᠷᠢᠯᠳᠦᠬᠦᠯᠵᠦ ᠴᠢᠳᠠᠨ᠎ᠠ᠃      2᠂ ᠲᠠᠮᠢᠷ ᠤᠨ ᠲᠤᠭᠯᠠᠭᠠᠮ ᠨᠢ ᠲᠠᠮᠢᠷ ᠤᠨ ᠬᠢᠴᠢᠶᠡᠯ ᠤᠨ ᠲᠤᠷ᠎ᠠ ᠰᠤᠨᠢᠷᠬᠠᠯᠳᠤ ᠴᠢᠨᠠᠷ ᠢ ᠪᠠᠶᠠᠯᠢᠭᠵᠢᠭᠤᠯᠬᠤ ᠴᠢᠳᠠᠪᠤᠷᠢ ᠲᠠᠢ᠃ ᠲᠠᠮᠢᠷ ᠤᠨ ᠬᠢᠴᠢᠶᠡᠯ ᠤᠨ ᠵᠢᠭᠠᠨ ᠰᠤᠷᠭᠠᠯᠳᠠ ᠳᠤ ᠲᠠᠮᠢᠷ ᠤᠨ ᠲᠤᠭᠯᠠᠭᠠᠮ ᠤᠨ ᠰᠢᠨ᠎ᠠ ᠰᠤᠨᠢᠷᠬᠠᠯᠳᠠᠢ ᠤᠷᠴᠢᠨ ᠢ ᠡᠬᠦᠳᠦᠨ ᠪᠠᠶᠢᠭᠤᠯᠵᠤ᠂ ᠵᠠᠯᠠᠭᠤ ᠪᠠᠭᠠᠴᠤᠳ ᠤᠨ ᠬᠦᠳᠡᠯᠬᠡᠬᠡᠨ ᠳᠤ ᠤᠷᠤᠯᠴᠠᠬᠤ ᠲᠤᠷᠠᠳᠠᠢ᠂ ᠬᠠᠷᠢᠯᠴᠠᠨ ᠦᠷᠢᠰᠦᠯᠳᠦᠬᠦ᠂ ᠰᠤᠨᠢᠭᠤᠴᠢ ᠵᠠᠩ ᠲᠠᠢ ᠵᠡᠷᠬᠡ ᠰᠡᠳᠬᠢᠴᠡ ᠶᠢᠨ ᠤᠨᠴᠠᠯᠢᠭ ᠢ ᠦᠨᠳᠦᠰᠦᠯᠡᠵᠦ᠂ ᠡᠯ᠎ᠡ ᠲᠦᠷᠦᠯ ᠤᠨ ᠬᠦᠳᠡᠯᠬᠡᠬᠡᠨ ᠳᠤ ᠤᠷᠤᠯᠴᠠᠭᠤᠯᠪᠠᠯ᠂ ᠬᠢᠴᠢᠶᠡᠯ ᠤᠨ ᠠᠭᠤᠯᠭ᠎ᠠ ᠪᠠᠨ ᠪᠡᠶᠡᠯᠡᠬᠦᠯᠬᠦ ᠠᠴᠠ ᠭᠠᠳᠠᠨ᠎ᠠ ᠰᠤᠷᠤᠭᠴᠢᠳ ᠤᠨ ᠦᠵᠡᠯ ᠰᠠᠨᠠᠭᠠᠨ ᠳᠤ ᠪᠠᠶᠠᠷ ᠬᠦᠷ ᠲᠠᠢ ᠬᠢᠴᠢᠶᠡᠯᠯᠡᠭᠡ ᠪᠤᠯᠤᠭᠰᠠᠨ ᠰᠠᠭᠤᠭᠳᠠᠯ ᠦᠭᠴᠦ ᠴᠢᠳᠠᠨ᠎ᠠ᠃      ᠬᠤᠷᠢᠶᠠᠩᠭᠤᠶᠢᠯᠠᠪᠠᠯ᠂ ᠲᠠᠮᠢᠷ ᠤᠨ ᠲᠤᠭᠯᠠᠭᠠᠮ ᠨᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯᠯᠡᠭᠡ ᠢᠯᠭᠤᠮ ᠤᠷᠤᠭᠰᠢᠳᠠᠢ ᠶᠠᠪᠤᠭᠳᠠᠬᠤ ᠴᠢᠬᠤᠯᠠ ᠠᠷᠭ᠎ᠠ ᠠᠪᠴᠠᠯ ᠤᠨ ᠨᠢᠬᠡ ᠵᠦᠢᠯ ᠮᠦᠨ᠃ ᠲᠡᠷᠡ ᠨᠢ ᠪᠠᠭᠰᠢ ᠪᠠ ᠰᠤᠷᠤᠭᠴᠢ᠂ ᠰᠤᠷᠤᠭᠴᠢ ᠪᠠ ᠰᠤᠷᠤᠭᠴᠢ ᠶᠢᠨ ᠬᠤᠭᠤᠷᠤᠨᠳᠤᠬᠢ ᠬᠠᠷᠢᠯᠴᠠᠨ ᠶᠠᠷᠢᠯᠴᠠᠨ ᠰᠤᠳᠤᠯᠬᠤ᠂ ᠪᠤᠯᠪᠠᠰᠤᠷᠠᠬᠤ᠂ ᠪᠤᠷᠤᠭᠤ ᠶᠢ ᠵᠠᠰᠠᠨ ᠵᠠᠯᠠᠷᠠᠭᠤᠯᠬᠤ ᠵᠡᠷᠬᠡ ᠠᠷᠭ᠎ᠠ ᠶᠠᠪᠤᠴᠠ ᠪᠠᠷ ᠵᠢᠭᠠᠨ ᠰᠤᠷᠭᠠᠬᠤ ᠵᠤᠷᠢᠯᠭ᠎ᠠ ᠬᠠᠷᠠᠯᠳᠠ ᠳᠠᠭᠠᠨ ᠬᠦᠷᠴᠦ ᠴᠢᠳᠠᠨ᠎ᠠ᠃ ᠮᠦᠨ ᠴᠤ ᠲᠤᠷ᠎ᠠ ᠰᠤᠨᠢᠷᠬᠠᠯᠳᠤ ᠴᠢᠨᠠᠷ᠂ ᠵᠤᠭ᠎ᠠ ᠴᠡᠩᠬᠡᠯᠳᠦ ᠴᠢᠨᠠᠷ ᠨᠢ ᠰᠤᠷᠤᠭᠴᠢᠳ ᠤᠨ ᠲᠤᠷ᠎ᠠ ᠰᠤᠨᠢᠷᠬᠠᠯ ᠢ ᠲᠠᠲᠠᠵᠤ᠂ ᠲᠠᠮᠢᠷ ᠤᠨ ᠬᠦᠳᠡᠯᠬᠡᠬᠡᠨ ᠳᠤ ᠤᠷᠤᠯᠴᠠᠬᠤ ᠢᠳᠡᠪᠬᠢᠵᠢᠯ ᠢ ᠲᠠᠶᠢᠴᠢᠯᠠᠬᠤ ᠦᠢᠯᠡᠳᠦᠯ ᠲᠠᠢ ᠵᠢᠭᠠᠨ ᠰᠤᠷᠭᠠᠬᠤ ᠠᠷᠭ᠎ᠠ ᠪᠠᠷᠢᠯ ᠪᠤᠯᠤᠨ᠎ᠠ᠃ 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ