ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ
ᠨᠡᠶᠢᠲᠡᠯᠡᠭᠰᠡᠨ ᠴᠠᠭ᠄
2023/3/31
         ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠬᠠᠮᠤᠭ ᠤᠨ ᠶᠡᠭᠡ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠭᠴᠢ ᠬᠦᠴᠦᠨ ᠪᠣᠯᠬᠤ ᠶᠢ ᠡᠷᠡᠰ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠣᠷᠣᠨ ᠢᠶᠠᠨ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠭᠡᠷᠡᠭᠵᠢᠭᠦᠯᠦᠨ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠶ ᠭᠡᠵᠦ ᠵᠢᠭᠠᠨ ᠭᠠᠷᠭᠠᠪᠠ᠃        ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠬᠢᠶ᠎ᠠ ᠪᠠᠭᠰᠢ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠤᠰᠢᠭᠤᠴᠢ ᠬᠡᠷᠡᠭᠵᠢᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠣᠷᠳᠣᠰ ᠬᠤᠲᠠ ᠶᠢᠨ ᠤᠯᠤᠰ ᠤᠨ ᠳᠡᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠶᠢ ᠪᠥᠬᠦ ᠬᠦᠴᠦᠨ ᠢᠶᠠᠷ ᠢᠶᠠᠨ ᠲᠤᠯᠭᠠᠭᠤᠷᠢᠯᠠᠬᠤ ᠶᠢᠨ ᠲᠥᠯᠥᠭᠡ᠂ ᠪᠣᠳᠠᠲᠤ ᠬᠦᠴᠦᠨ ᠲᠠᠢ ᠣᠷᠳᠣᠰ᠂ ᠠᠮᠢᠵᠢᠷᠠᠯ ᠤᠨ ᠬᠦᠴᠦᠨ ᠲᠠᠢ ᠣᠷᠳᠣᠰ᠂ ᠪᠣᠬᠢᠷᠲᠤᠯ ᠥᠬᠡᠶ ᠣᠷᠳᠣᠰ᠂ ᠰᠠᠭᠤᠷᠢᠰᠢᠬᠤ ᠳᠤ ᠲᠣᠬᠢᠷᠠᠮᠵᠢᠲᠠᠶ ᠣᠷᠳᠣᠰ᠂ ᠵᠣᠯ ᠵᠢᠷᠭᠠᠯᠲᠤ ᠣᠷᠳᠣᠰ ᠢ ᠪᠥᠲᠥᠭᠡᠨ ᠪᠠᠶᠢᠭᠤᠯᠬᠤ ᠳᠤ ᠬᠢᠶ᠎ᠠ ᠪᠠᠭᠰᠢ ᠲᠣᠭᠤᠷᠢᠭ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠦᠵᠡᠭᠦᠯᠬᠦ ᠨᠢ ᠲᠤᠯᠭᠠᠮ᠎ᠠ ᠱᠠᠭᠠᠷᠳᠠᠵᠤ ᠪᠠᠶᠢᠨ᠎ᠠ᠃ ︽ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ︽ᠣᠷᠳᠣᠰ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ︾ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ ᠲᠣᠰ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠃ ᠲᠣᠰ ᠲᠥᠯᠥᠪᠵᠢᠭᠦᠯᠭᠡ ᠨᠢ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠬᠡᠷᠡᠭᠯᠡᠨ᠎ᠡ᠂ ᠬᠡᠷᠡᠭᠯᠡᠬᠦ ᠬᠤᠭᠤᠴᠠᠭ᠎ᠠ ᠨᠢ 2022 ᠣᠨ ᠠᠴᠠ 2025 ᠣᠨ ᠪᠣᠯᠤᠨ᠎ᠠ᠃           ᠨᠢᠭᠡᠳᠦᠭᠡᠷ ᠪᠦᠯᠦᠭ    ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ                  ᠡᠭᠦᠳᠬᠦ ᠬᠥᠭᠵᠢᠯᠲᠡ ᠶᠢᠨ ᠵᠢᠷᠤᠭ ᠲᠥᠰᠦᠪ ᠢ ᠲᠥᠯᠥᠪᠯᠡᠨ ᠪᠠᠶᠢᠷᠢᠯᠠᠭᠤᠯᠣᠨ᠎ᠠ        ᠨᠢᠭᠡ᠂ ᠬᠥᠭᠵᠢᠯᠲᠡ ᠶᠢᠨ ᠪᠠᠶᠢᠳᠠᠯ        ︵ᠨᠢᠭᠡ︶ ᠣᠳᠣᠬᠢ ᠶᠢᠨ ᠬᠦᠭᠵᠢᠯᠲᠡ ᠶᠢᠨ ᠪᠠᠶᠢᠳᠠᠯ        ᠰᠤᠳᠤᠯᠤᠨ ᠨᠡᠭᠡᠭᠡᠬᠦ ᠪᠡᠯᠡ ᠮᠥᠩᠭᠦ ᠶᠢᠨ ᠣᠷᠣᠭᠤᠯᠤᠯᠲᠠ ᠨᠢ ᠲᠣᠭᠲᠠᠭᠤᠨ ᠢᠶᠠᠷ ᠨᠡᠮᠡᠭᠳᠡᠵᠦ ᠪᠠᠶᠢᠨ᠎ᠠ᠃ 2020 ᠣᠨ ᠳᠤ᠂ ᠪᠦᠬᠦ ᠨᠡᠶᠢᠭᠡᠮ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠨᠢ 1.04 ᠳ᠋ᠦᠩᠰᠢᠭᠤᠷ ᠲᠥᠭᠦᠷᠢᠭ ᠲᠤ ᠬᠦᠷᠴᠦ᠂ GDP ᠶᠢᠨ 1.6 % ᠶᠢ ᠡᠵᠡᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠨᠢ ᠦᠷᠭᠦᠯᠵᠢᠯᠡᠨ ᠨᠡᠮᠡᠭᠳᠡᠪᠡ᠃ ᠳᠡᠭᠡᠳᠦ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢ ᠨᠡᠶᠢᠲᠡ 2771.4 ᠲᠦᠮᠡᠨ ᠲᠥᠭᠦᠷᠢᠭ ᠣᠷᠣᠭᠤᠯᠣᠨ᠂ ᠲᠠᠪᠴᠠᠩ ᠤᠨ ᠠᠴᠢᠶᠠᠯᠠᠪᠤᠷᠢ ᠶᠢ ᠲᠠᠰᠤᠷᠠᠯᠲᠠ ᠥᠬᠡᠶ ᠪᠠᠬᠢᠵᠢᠪᠡ᠃ ᠳᠦᠷᠪᠡᠨ ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ᠂ ᠨᠢᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠭᠤᠷᠪᠠᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠵᠢᠷᠭᠤᠭᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠠᠶᠢᠭᠤᠯᠪᠠ᠃ 5G+ ︽ᠤᠶᠤᠨᠲᠤ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠭᠢᠯᠡᠭᠦᠯᠦᠨ᠂ 5G ᠶᠢᠨ ᠰᠠᠭᠤᠷᠢ ᠰᠦᠯᠵᠢᠶ᠎ᠡ ᠶᠢ ᠪᠦᠬᠦ ᠣᠷᠣᠨ ᠪᠦᠰᠡ ᠪᠠᠷ ᠪᠦᠷᠬᠦᠭᠦᠯᠬᠦ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠮᠡᠷᠭᠡᠵᠢᠯ ᠶᠢ ᠳᠦᠷᠭᠡᠳᠭᠡᠨ ᠬᠡᠷᠡᠭᠵᠢᠭᠦᠯᠪᠡ᠃        ︵ᠬᠤᠶᠠᠷ︶ ᠭᠤᠣᠯ ᠠᠰᠠᠭᠤᠳᠠᠯᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠡᠷᠬᠡᠪᠰᠢ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠶ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄ ᠨᠢᠭᠡ ᠳᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠴᠢᠬᠤᠯᠠᠲᠠᠶ ᠪᠠᠶᠢᠨ᠎ᠠ᠃᠃ ᠬᠢᠶ᠎ᠠ ᠪᠠᠭᠰᠢ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠶ ᠬᠡᠮᠵᠢᠶ᠎ᠡ ᠨᠢ ᠡᠵᠡᠨ ᠬᠤᠷᠤᠭ᠎ᠠ ᠬᠤᠰᠢᠭᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠯᠤᠭ᠎ᠠ ᠪᠠᠰᠠ ᠵᠥᠷᠢᠶ᠎ᠡ ᠲᠠᠢ ᠪᠠᠶᠢᠨ᠎ᠠ᠃ ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠬᠥᠭᠵᠢᠯᠲᠡ ᠳᠤ ᠮᠥᠨ ᠬᠦ ᠬᠦᠷᠦᠯᠴᠡᠬᠦ ᠦᠭᠡᠢ ᠲᠠᠯ᠎ᠠ ᠣᠷᠣᠰᠢᠵᠤ ᠪᠣᠢ᠂ ᠵᠢᠱᠢᠶᠡᠯᠡᠪᠡᠯ ᠣᠯᠠᠩᠬᠢ ᠠᠴᠢᠶᠠᠯᠠᠪᠤᠷᠢ ᠶᠢᠨ ᠬᠡᠪᠴᠢᠶ᠎ᠡ ᠨᠢ ᠨᠡᠯᠢᠶᠡᠳ ᠪᠠᠭ᠎ᠠ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠨᠢ ᠴᠢᠩᠭ᠎ᠠ ᠦᠭᠡᠢ᠂ ᠠᠵᠤ ᠦᠢᠯᠡᠰ ᠤᠨ ᠬᠤᠯᠪᠣᠭᠳᠠᠯ ᠤᠨ ᠬᠡᠮᠵᠢᠶ᠎ᠡ ᠨᠢ ᠨᠡᠯᠢᠶᠡᠳ ᠪᠠᠭᠤᠷᠠᠶ ᠪᠠᠶᠢᠵᠤ᠂ ᠨᠡᠯᠢᠶᠡᠳ ᠴᠢᠩᠭ᠎ᠠ ᠲᠥᠪᠯᠡᠷᠡᠯ ᠤᠨ ᠬᠡᠮᠵᠢᠶ᠎ᠡ ᠪᠠ ᠲᠤᠰᠬᠠᠶ ᠮᠡᠷᠭᠡᠵᠢᠯ ᠤᠨ ᠴᠢᠨᠠᠷ ᠢ ᠪᠦᠷᠢᠯᠳᠦᠭᠦᠯᠬᠦ ᠳᠤ ᠪᠡᠷᠬᠡᠲᠡᠶ ᠪᠠᠶᠢᠨ᠎ᠠ᠃ ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠦ ᠬᠠᠮᠲᠤᠷᠠᠯᠴᠠᠭᠠᠨ ᠤ ᠲᠡᠰ ᠳᠠᠪᠬᠤᠷᠭ᠎ᠠ ᠲᠡᠶᠢᠮᠦ ᠥᠨᠳᠥᠷ ᠪᠢᠰᠢ᠂ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠬᠤ ᠴᠢᠬᠤᠯᠠᠲᠠᠢ ᠪᠠᠶᠢᠨ᠎ᠠ᠃ ᠲᠦᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠴᠢᠩᠭᠠᠳᠬᠠᠬᠤ ᠴᠢᠬᠤᠯᠠᠲᠠᠶ ᠪᠠᠶᠢᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠡᠬᠢ ᠪᠠᠶᠠᠯᠢᠭ ᠤᠨ ᠬᠠᠷᠢᠯᠴᠠᠨ ᠨᠡᠪᠲᠡᠷᠡᠯᠴᠡᠬᠦ ᠪᠠ ᠬᠠᠮᠵᠢᠯᠴᠠᠨ ᠬᠠᠮᠲᠤᠷᠠᠯᠴᠠᠬᠤ ᠶᠢᠨ ᠨᠡᠶᠢᠯᠡᠯ ᠴᠡᠭ ᠳᠤᠲᠠᠭᠳᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠴᠢᠨᠠᠷ ᠰᠠᠶᠢᠲᠠᠶ ᠲᠠᠪᠴᠠᠩ ᠨᠡᠯᠢᠶᠡᠳ ᠴᠥᠭᠡᠨ ᠪᠠᠶᠢᠨ᠎ᠠ᠃ ᠲᠠᠪᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠤ ᠲᠤᠭ᠎ᠠ ᠨᠢ ᠴᠥᠭᠡᠨ᠂ ᠪᠦᠲᠦᠴᠡ ᠨᠢ ᠲᠡᠩᠴᠡᠭᠦᠷᠢ ᠦᠭᠡᠢ ᠪᠠᠶᠢᠵᠤ᠂ ᠬᠤᠳᠠ ᠶᠢᠨ ᠴᠢᠳᠠᠮᠵᠢ ᠪᠠ ᠨᠡᠶᠢᠭᠡᠮ ᠤᠨ ᠬᠡᠷᠡᠭᠴᠡᠭᠡ ᠲᠠᠢ ᠢᠵᠢ ᠪᠦᠷᠢᠳᠦᠭᠰᠡᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠤ ᠪᠦᠲᠦᠴᠡ ᠶᠢᠨ ᠰᠢᠰᠲ᠋ᠧᠮ ᠪᠦᠷᠢᠯᠳᠦᠭᠡᠳᠦᠶ ᠪᠠᠶᠢᠨ᠎ᠠ᠃        ᠬᠤᠶᠠᠷ᠂ ᠰᠢᠨ᠎ᠡ ᠶᠢ ᠡᠭᠦᠳᠬᠦ ᠬᠠᠷᠠᠯᠲᠠ ᠪᠠ ᠬᠥᠭᠵᠢᠯᠲᠡ ᠶᠢᠨ ᠰᠡᠳᠬᠢᠴᠡ        ︵ᠨᠢᠭᠡ︶ ᠵᠢᠯᠣᠭᠤᠳᠬᠤ ᠦᠵᠡᠯ ᠰᠠᠨᠠᠭ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠶᠢ ᠡᠷᠡᠰ ᠨᠠᠶᠢᠳᠠᠪᠣᠷᠢᠵᠢᠭᠤᠯᠣᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠵᠤ᠂ ᠤᠷᠳᠤᠰ ᠬᠤᠳᠠ ᠶᠢᠨ ᠲᠠᠪᠤᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠢᠶ᠎ᠠ ᠪᠠᠭᠰᠢ ᠲᠣᠭᠤᠷᠢᠭ ᠤᠨ ᠬᠤᠶᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠣᠯ ᠱᠤᠭᠤᠮ ᠪᠣᠯᠭᠠᠨ᠂ ᠣᠷᠳᠣᠰ ᠤᠨ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠶᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠭᠦᠷᠭᠡ ᠶᠢ ᠡᠭᠦᠷᠭᠡᠯᠡᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠣᠨ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠳᠡᠮᠵᠢᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠦᠨ ᠳᠠᠭᠠᠭᠤᠯᠬᠤ ᠦᠶ᠋ᠯᠡᠳᠦᠯ ᠢ ᠲᠠᠰᠤᠷᠠᠯᠲᠠ ᠥᠬᠡᠶ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠨᠡᠭᠡᠭᠡᠯᠲᠡ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠠᠵᠤ ᠦᠶ᠋ᠯᠡᠰ ᠤᠨ ᠬᠥᠭᠵᠢᠯᠲᠡ ᠶᠢᠨ ᠲᠤᠯᠭᠠᠭᠤᠷᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃        ︵ᠬᠤᠶᠠᠷ︶ ᠦᠨᠳᠦᠰᠦᠨ ᠵᠠᠷᠴᠢᠮ        ᠰᠢᠨ᠎ᠡ ᠶᠢ ᠡᠭᠦᠳᠬᠦ ᠪᠠᠷ ᠬᠥᠲᠥᠯᠥᠨ ᠵᠢᠯᠣᠭᠤᠳᠬᠤ ᠶᠢ ᠪᠠᠷᠢᠮᠲᠠᠯᠠᠨ᠎ᠠ᠃ ᠰᠢᠨ᠎ᠡ ᠶᠢ ᠡᠭᠦᠳᠬᠦ ᠶᠢ ᠪᠦᠬᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠵᠤ᠂ ᠬᠥᠭᠵᠢᠯᠲᠡ ᠶᠢᠨ ᠰᠠᠭᠤᠷᠢ ᠴᠡᠭ ᠢ ᠰᠢᠨ᠎ᠡ ᠶᠢ ᠡᠭᠦᠳᠬᠦ ᠳᠡᠭᠡᠷ᠎ᠡ ᠲᠠᠯᠪᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠳᠠᠬᠢ ᠡᠯ᠎ᠡ ᠡᠯᠧᠮᠧᠨ᠋ᠲ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠶᠢ ᠡᠭᠦᠳᠬᠦ ᠶᠢ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ ᠥᠨᠳᠥᠷ ᠪᠦᠲᠦᠮᠵᠢᠲᠡᠶ ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠯ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢᠳᠤ ᠰᠣᠷᠭᠤᠭ ᠬᠦᠴᠦᠨ ᠴᠢᠳᠠᠯ ᠢᠶᠠᠷ ᠪᠢᠯᠬᠠᠮ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠪᠤᠢ ᠪᠣᠯᠭᠠᠨ᠎ᠠ᠃ᠭᠤᠣᠯ ᠴᠣᠭᠴᠠ ᠶᠢ ᠪᠤᠶᠢᠵᠢᠭᠤᠯᠬᠤ ᠶᠢ ᠪᠠᠷᠢᠮᠲᠠᠯᠠᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠲᠥᠪᠯᠡᠷᠡᠭᠦᠯᠬᠦ᠂ ᠦᠷ᠎ᠡ ᠪᠦᠲᠦᠭᠡᠯ ᠢ ᠤᠯᠠᠷᠢᠭᠤᠯᠬᠤ ᠶᠢ ᠲᠥᠷᠭᠡᠳᠭᠡᠨ᠂ ᠠᠵᠤ ᠦᠶ᠋ᠯᠡᠰ ᠤᠨ ᠲᠠᠰ ᠳᠡᠪᠰᠢᠬᠦ ᠶᠢ ᠠᠬᠢᠭᠤᠯᠬᠤ ᠳᠤᠮᠳᠠᠬᠢ ᠭᠤᠤᠯ ᠴᠣᠭᠴᠠ ᠶᠢᠨ ᠦᠶ᠋ᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠨ᠎ᠠ᠃ ᠲᠡᠷᠢᠭᠦᠨ ᠤ ᠭᠠᠵᠠᠷ ᠣᠷᠣᠨ ᠯᠤᠭ᠎ᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠢ ᠵᠣᠯᠭᠠᠭᠤᠯᠬᠤ ᠪᠠ ᠭᠦᠨᠵᠡᠭᠡᠶ ᠬᠠᠮᠲᠤᠷᠠᠯᠴᠠᠬᠤ ᠶᠢ ᠴᠢᠩᠭᠠᠳᠬᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠠᠭᠢᠭᠤᠯᠣᠨ᠂ ᠬᠢᠶ᠎ᠠ ᠪᠠᠭᠰᠢ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠤᠰᠢᠭᠤᠴᠢ ᠬᠤᠲᠠ ᠪᠠᠶᠢᠭᠤᠯᠬᠤ ᠶᠢ ᠳᠡᠮᠵᠢᠨ᠎ᠡ᠃        ︵ᠭᠤᠷᠪᠠ︶ ᠬᠥᠭᠵᠢᠯᠲᠡ ᠶᠢᠨ ᠬᠠᠷᠠᠯᠲᠠ        2025 ᠣᠨ ᠪᠣᠯᠬᠤ ᠳᠤ᠂ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠷᠠᠮᠳᠤᠭᠤᠯᠤᠨ ᠬᠤᠪᠢᠷᠠᠭᠤᠯᠬᠤ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠲᠣᠭᠠᠴᠢᠯᠠᠭᠰᠠᠨ ᠠᠵᠤ ᠠᠬᠤᠢ ᠶᠢ ᠲᠤᠯᠭᠠᠭᠤᠷᠢᠯᠠᠬᠤ ︽ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ︾ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠵᠦ᠂ ᠬᠢᠶ᠎ᠠ ᠪᠠᠭᠰᠢ ᠲᠣᠭᠤᠷᠢᠭ ᠶᠢ ᠨᠥᠯᠥᠭᠡᠯᠡᠬᠦ ᠬᠦᠴᠦᠨ ᠲᠠᠢ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠭᠠᠵᠠᠷ ᠪᠣᠯᠭᠠᠨ᠎ᠠ᠃        — ᠰᠤᠳᠤᠯᠤᠨ ᠨᠡᠭᠡᠭᠡᠬᠦ ᠣᠷᠣᠭᠤᠯᠤᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠥᠪᠡᠷᠮᠢᠴᠡ ᠣᠨᠴᠠᠯᠢᠭ ᠲᠠᠢ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠤᠨ ᠬᠠᠩᠭᠠᠯᠭ᠎ᠠ ᠭᠦᠶ᠋ᠴᠡᠳ᠂ ᠲᠣᠬᠢᠷᠠᠭᠤᠯᠤᠯᠲᠠ ᠥᠨᠳᠥᠷ ᠪᠦᠲᠦᠮᠵᠢᠲᠡᠶ ᠪᠥᠭᠡᠳ ᠵᠦᠶ ᠵᠣᠬᠢᠰᠲᠠᠶ᠂ ᠰᠢᠨ᠎ᠡ ᠶᠢ ᠡᠭᠦᠳᠬᠦ ᠦᠶ᠋ᠯᠡᠴᠢᠯᠡᠭᠡᠨ ᠤ ᠬᠢᠷᠢ ᠬᠡᠮᠵᠢᠶ᠎ᠡ ᠴᠢᠨᠠᠷ ᠰᠠᠶᠢᠲᠠᠶ ᠪᠠᠶᠢᠳᠠᠯ ᠢ ᠡᠭᠦᠳᠦᠨ ᠪᠦᠲᠦᠭᠡᠵᠦ᠂ ᠪᠥᠬᠦ ᠨᠡᠶᠢᠭᠡᠮ ᠤᠨ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠨᠢ GDP ᠶᠢᠨ 2.2% ᠠᠴᠠ ᠳᠡᠭᠡᠭᠰᠢ ᠡᠵᠡᠯᠡᠵᠦ᠂ ᠡᠩ ᠤᠨ ᠣᠯᠠᠨ ᠨᠡᠶᠢᠲᠡ ᠶᠢᠨ ᠲᠥᠰᠦᠪ ᠲᠤ ᠡᠵᠡᠯᠡᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ 1% ᠠᠴᠠ ᠳᠣᠤᠷ᠎ᠠ ᠪᠠᠶᠢᠯᠭᠠᠬᠤ ᠥᠬᠡᠶ᠃         — ᠰᠢᠨ᠎ᠡ ᠶᠢ ᠡᠭᠦᠳᠬᠦ ᠰᠠᠭᠤᠷᠢ ᠶᠢ ᠢᠯᠡᠳᠲᠡ ᠴᠢᠩᠭᠠᠳᠬᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠪᠠᠷ ᠠᠵᠠ ᠲᠣᠬᠢᠶᠠᠯ ᠪᠣᠯᠭᠠᠵᠤ᠂ ᠬᠤᠲᠠ ᠪᠠ ᠮᠠᠨ ᠤ ᠲᠣᠭᠤᠷᠢᠭ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢᠨ ᠲᠣᠭᠤᠷᠢᠨ ᠳᠤ᠂ ︽4+8+N︾ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠢᠭᠡ ᠪᠦᠯᠦᠭ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠪᠠ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠢ ᠬᠠᠮᠵᠢᠯᠴᠠᠨ ᠪᠠᠶᠢᠭᠤᠯᠵᠤ᠂ ᠰᠤᠳᠤᠯᠤᠨ ᠨᠡᠭᠡᠭᠡᠬᠦ᠂ ᠴᠢᠳᠠᠪᠤᠷᠢᠲᠠᠨ᠂ ᠠᠵᠤ ᠦᠶ᠋ᠯᠡᠰ᠂ ᠬᠥᠷᠥᠩᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠲᠤᠭ᠎ᠠ ᠬᠡᠮᠵᠢᠶ᠎ᠡ ᠶᠢ 10 ᠠᠴᠠ ᠳᠣᠣᠷ᠎ᠠ ᠦᠭᠡᠢ ᠪᠠᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ 30 ᠠᠴᠠ ᠳᠡᠭᠡᠭᠰᠢ ᠳᠠᠪᠠᠭᠤᠯᠣᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 15 ᠠᠴᠠ ᠳᠡᠭᠡᠭᠰᠢ ᠪᠣᠯᠭᠠᠨ᠎ᠠ᠃ ᠲᠣᠭᠠᠴᠢᠯᠠᠭᠰᠠᠨ ᠠᠵᠤ ᠠᠬᠤᠶ ᠶᠢᠨ ᠭᠤᠤᠯᠯᠠᠬᠤ ᠠᠵᠤ ᠦᠶ᠋ᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠶ᠋ᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠠᠷᠢᠴᠠᠯ ᠢ 2.8% ᠠᠴᠠ ᠳᠡᠭᠡᠭᠰᠢ ᠳᠤ ᠬᠦᠷᠦᠭᠦᠯᠦᠨ᠎ᠡ᠃ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠪᠦᠷᠢᠯᠳᠦᠭᠦᠯᠦᠭᠰᠡᠨ ᠬᠠᠷᠢᠴᠠᠯ ᠨᠢ 13% ᠶᠢ ᠳᠠᠪᠣᠨ᠎ᠠ᠃        — ᠰᠢᠨ᠎ᠡ ᠶᠢ ᠡᠭᠦᠳᠬᠦ ᠴᠢᠳᠠᠪᠤᠷᠢᠲᠠᠨ ᠦᠷᠭᠦᠯᠵᠢᠯᠡᠨ ᠴᠣᠯᠭᠤᠷᠠᠨ ᠭᠠᠷᠣᠨ᠎ᠠ᠃ ︽ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ︾ ᠭᠡᠬᠦ ᠣᠨᠣᠯᠵᠢᠬᠤᠨ ᠢ ᠪᠠᠷᠢᠮᠲᠠᠯᠠᠨ᠂ ︽ᠭᠤᠴᠢᠨ ᠵᠤᠷᠪᠤᠰ ᠣᠷᠳᠣᠰ ᠤᠨ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ︾ ᠶᠢ ᠨᠠᠶᠢᠳᠠᠪᠤᠷᠢᠵᠢᠭᠤᠯᠵᠤ᠂ ︽ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠦᠨ᠂ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠲᠥᠪ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠬᠤ ᠳᠤ ᠲᠦᠰᠢᠭᠯᠡᠨ ᠨᠢᠭᠡ ᠪᠦᠯᠦᠭ ᠳᠠᠪᠠᠭᠤᠯᠢᠭ ᠠᠵᠤ ᠦᠶ᠋ᠯᠡᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠢ ᠣᠷᠣᠭᠤᠯᠤᠨ ᠠᠪᠴᠢᠷᠠᠵᠤ᠂ ᠣᠷᠳᠣᠰ ᠤᠨ ᠴᠢᠳᠠᠪᠤᠷᠢᠲᠠᠨ ᠤ ᠥᠨᠳᠦᠷᠯᠢᠭ ᠢ ᠬᠠᠮᠲᠤᠪᠠᠷ ᠪᠠᠶᠢᠭᠤᠯᠤᠨ᠎ᠠ᠃ 2025 ᠣᠨ ᠪᠣᠯᠬᠤ ᠳᠤ᠂ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ 50 ᠠᠴᠠ ᠳᠡᠭᠡᠭᠰᠢ ᠣᠷᠣᠭᠤᠯᠤᠨ ᠬᠥᠮᠦᠵᠢᠭᠦᠯᠦᠨ᠎ᠡ᠃        ᠬᠤᠶᠠᠳᠤᠭᠠᠷ ᠪᠦᠯᠦᠭ        ᠰᠢᠨ᠎ᠡ ᠶᠢ ᠡᠭᠦᠳᠬᠦ ᠬᠥᠭᠵᠢᠯᠲᠡ ᠶᠢᠨ ᠲᠣᠭᠠᠴᠢᠯᠠᠭᠰᠠᠨ ᠬᠡᠯᠪᠡᠷᠢ ᠶᠢ                                  ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ        ᠨᠢᠭᠡ᠂ ᠵᠠᠰᠠᠭ ᠤᠨ ᠣᠷᠳᠣᠨ ᠤ ᠵᠠᠰᠠᠯᠲᠠ ᠶᠢᠨ ᠲᠣᠭᠠᠴᠢᠯᠠᠭᠰᠠᠨ ᠮᠡᠷᠭᠡᠵᠢᠯ ᠤᠨ ᠳᠠᠪᠰᠢᠯᠲᠠ ᠶᠢ ᠠᠭᠢᠭᠤᠯᠣᠨ᠎ᠠ᠃        ︵ᠨᠢᠭᠡ︶ ᠵᠠᠰᠠᠭ ᠤᠨ ᠣᠷᠳᠣᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠣᠨ᠎ᠠ᠃      ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠵᠤ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ ᠠᠬᠢᠭᠤᠯᠬᠤ ᠥᠭᠡᠷᠡᠴᠢᠯᠡᠯᠲᠡ ᠶᠢᠨ ᠬᠠᠷᠠᠯᠲᠠ ᠶᠢ ᠲᠣᠳᠣᠷᠬᠠᠶᠢᠯᠠᠨ᠂ ᠰᠢᠨ᠎ᠡ ᠴᠠᠭ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠡᠷᠡᠭᠯᠡᠳᠡᠭ ᠰᠢᠨ᠎ᠡ ᠶᠢ ᠡᠭᠦᠳᠦᠭᠰᠡᠨ ᠵᠠᠰᠠᠭ ᠵᠠᠬᠢᠷᠭᠠᠨ ᠤ ᠠᠷᠭ᠎ᠠ ᠮᠠᠶ᠋ᠢᠭ ᠢ ᠪᠤᠢ ᠪᠣᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠪᠠᠷ ᠤᠳᠤᠷᠢᠳᠤᠮᠵᠢ ᠪᠣᠯᠭᠠᠨ᠂ ᠥᠩᠭᠡᠷᠡᠭᠰᠡᠨ ᠤ ᠰᠠᠯᠠᠭ᠎ᠠ ᠮᠥᠴᠢᠷ ᠤᠨ ᠬᠡᠰᠡᠭᠯᠡᠯ ᠪᠠ ᠵᠡᠷᠭᠡ ᠳᠡᠰ ᠤᠨ ᠪᠠᠬᠢᠯᠡᠯᠲᠡ ᠶᠢ ᠢᠯᠠᠨ ᠳᠠᠪᠠᠵᠤ᠂ ᠬᠡᠰᠡᠭ ᠪᠤᠰᠠᠭ ᠬᠠᠮᠢᠶᠠᠷᠤᠯᠲᠠ ᠶᠢᠨ ᠬᠦᠴᠢᠷᠳᠡᠯ ᠢ ᠢᠯᠠᠨ ᠳᠠᠪᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠣᠷᠭᠠᠨᠢᠭ ᠢᠶᠠᠷ ᠡᠮᠬᠢᠯᠡᠨ ᠨᠡᠶᠢᠯᠡᠭᠦᠯᠦᠨ᠂ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠡᠷᠬᠡ᠂ ᠭᠦᠢᠴᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠵᠡᠷᠭᠡ ᠠᠵᠢᠯᠯᠠᠭᠠᠨ ᠤ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ ᠪᠦᠲᠦᠮᠵᠢᠲᠡᠶ ᠪᠠᠷ ᠨᠢᠭᠲᠠᠷᠠᠭᠤᠯᠤᠨ᠂ ᠦᠢᠯᠡᠴᠢᠯᠡᠭᠡᠨ ᠤ ᠣᠶᠢᠯᠠᠭᠠᠭᠳᠠᠬᠤᠨ ᠢ ᠰᠢᠨ᠎ᠡ ᠪᠠᠷ ᠡᠭᠦᠳᠴᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠨ᠂ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃        ︵ᠬᠤᠶᠠᠷ︶ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠡᠩᠨᠡᠭᠡᠨ ᠤ ᠲᠣᠭᠠᠴᠢᠯᠠᠭᠰᠠᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃       ᠲᠤᠭᠠᠵᠢᠭᠤᠯᠤᠭᠰᠠᠨ ᠠᠵᠤ ᠠᠬᠤᠶ ᠶᠢᠨ ᠰᠢᠨ᠎ᠡ ᠮᠡᠷᠭᠡᠵᠢᠯ ᠤᠨ ᠪᠣᠯᠪᠠᠰᠤᠷᠠᠭᠤᠯᠤᠯ ᠪᠠ ᠮᠡᠳᠡᠯᠭᠡ ᠶᠢᠨ ᠰᠢᠨᠡᠴᠢᠯᠡᠯᠲᠡ ᠶᠢ ᠥᠷᠨᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯᠳᠠᠨ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠲᠤᠭᠠᠵᠢᠭᠤᠯᠤᠭᠰᠠᠨ ᠬᠡᠪ ᠪᠣᠯᠪᠠᠰᠤᠷᠠᠯ ᠪᠠ ᠲᠤᠭᠠᠵᠢᠭᠤᠯᠤᠭᠰᠠᠨ ᠤᠳᠤᠷᠢᠳᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠮᠣ ᠳ᠋ᠠᠶᠢᠲ᠋ᠠ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ᠂ ᠣᠷᠣᠨ ᠬᠡᠰᠡᠭ ᠤᠨ ᠴᠥᠷᠬᠡᠯᠡᠭᠡ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠠᠮᠢᠶ᠎ᠠ ᠪᠥᠬᠦᠶ ᠮᠡᠳᠡᠯᠭᠡ ᠶᠢ ᠰᠤᠷᠤᠯᠴᠠᠬᠤ ᠪᠠᠨ ᠲᠠᠰᠤᠷᠠᠯᠲᠠ ᠥᠬᠡᠶ ᠴᠢᠩᠭᠠᠳᠬᠠᠵᠤ᠂ ᠲᠣᠭᠠᠵᠢᠭᠤᠯᠬᠤ ᠮᠡᠷᠭᠡᠵᠢᠯ᠂ ᠲᠣᠭᠠᠵᠢᠭᠤᠯᠬᠤ ᠰᠡᠳᠬᠢᠬᠦᠶ᠂ ᠲᠣᠭᠠᠵᠢᠭᠤᠯᠬᠤ ᠲᠠᠨᠢᠨ ᠮᠡᠳᠡᠬᠦᠶ ᠶᠢ ᠬᠡᠷᠡᠭᠯᠡᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠰᠠᠭᠤᠷᠢᠨ ᠳᠡᠭᠡᠷ᠎ᠡ᠂ ᠵᠣᠬᠢᠬᠤ ᠲᠣᠭᠠᠵᠢᠭᠤᠯᠬᠤ ᠮᠡᠷᠭᠡᠵᠢᠯ ᠴᠢᠳᠠᠪᠤᠷᠢ ᠶᠢ ᠡᠵᠡᠮᠰᠢᠵᠦ᠂ ᠲᠣᠭᠠᠵᠢᠭᠤᠯᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠦᠢᠯᠡᠴᠢᠯᠡᠭᠡ ᠶᠢ ᠴᠢᠬᠤᠯᠠᠴᠢᠯᠠᠵᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠵᠤ᠂ ᠮᠡᠳᠡᠭᠡ ᠵᠠᠩᠭᠢ ᠶᠢᠨ ᠴᠠᠭ ᠦᠶ᠎ᠡ ᠶᠢᠨ ᠲᠡᠦᠬᠡ ᠶᠢᠨ ᠠᠵᠠ ᠲᠣᠬᠢᠶᠠᠯ ᠢ ᠦᠨᠡᠨᠬᠦ ᠡᠵᠡᠮᠳᠡᠵᠦ᠂ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠥᠨᠳᠥᠷ ᠪᠦᠲᠦᠮᠵᠢᠲᠡᠢ᠂ ᠪᠠᠷᠢᠮᠵᠢᠶᠠᠵᠢᠭᠰᠠᠨ ᠠᠵᠢᠯᠯᠠᠭᠠᠨ ᠢ ᠠᠬᠢᠭᠤᠯᠬᠤ ᠬᠡᠷᠡᠭᠲᠡᠢ᠃        ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠶᠢᠭᠡᠮᠴᠢᠯᠡᠭᠰᠡᠨ ᠲᠣᠭᠠᠴᠢᠯᠠᠭᠰᠠᠨ ᠲᠠᠪᠴᠠᠩ ᠢ ᠪᠠᠶᠢᠭᠤᠯᠤᠨ᠎ᠠ᠃       ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠨ ᠵᠠᠰᠠᠭ ᠤᠨ ᠣᠷᠳᠣᠨ ᠤ ᠲᠦᠷᠢ ᠶᠢ ᠬᠤᠪᠢᠷᠠᠭᠤᠯᠬᠤ ᠰᠢᠨ᠎ᠡ ᠶᠢ ᠡᠭᠦᠳᠬᠦ ᠲᠠᠪᠴᠠᠩ ᠢ ᠪᠦᠳᠦᠭᠡᠨ ᠪᠠᠶᠢᠭᠤᠯᠣᠨ᠎ᠠ᠃ ᠣᠣᠯ ᠤᠨ ᠪᠠᠶᠢᠭᠰᠠᠨ ᠣᠯᠠᠨ ᠨᠡᠶᠢᠲᠡ ᠶᠢᠨ ᠳ᠋ᠠᠶᠢᠲ᠋ᠠ ᠶᠢᠨ ᠲᠠᠪᠴᠠᠩ ᠤᠨ ᠰᠠᠭᠤᠷᠢᠨ ᠳᠡᠭᠡᠷ᠎ᠡ᠂ ᠪᠦᠷᠢᠨ ᠪᠦᠲᠦᠨ᠂ ᠰᠢᠰᠲ᠋ᠧᠮ ᠲᠠᠢ᠂ ᠣᠯᠠᠨ ᠲᠠᠰ ᠳᠠᠪᠬᠤᠷᠭ᠎ᠠ ᠶᠢᠨ ᠡᠭᠦᠯᠡᠨ ᠪᠤᠳᠤᠯᠲᠠ ᠶᠢᠨ ᠲᠠᠪᠴᠠᠩ ᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠳ᠋ᠠᠶᠢᠲ᠋ᠠ ᠶᠢᠨ ᠡᠬᠢ ᠪᠠᠶᠠᠯᠢᠭ ᠢ ᠲᠦᠷᠭᠡᠨ ᠬᠤᠷᠠᠮᠳᠣᠭᠤᠯᠣᠨ᠂ ᠲᠥᠪᠯᠡᠷᠡᠭᠦᠯᠦᠨ ᠵᠠᠳᠠᠯᠤᠨ ᠰᠢᠶ᠋ᠳᠪᠦᠷᠢᠯᠡᠵᠦ᠂ ᠤᠶᠤᠨᠲᠤ ᠵᠠᠰᠠᠭ ᠤᠨ ᠶᠠᠪᠤᠳᠠᠯ᠂ ᠤᠶᠤᠨᠲᠤ ᠵᠠᠮ ᠬᠠᠷᠢᠯᠴᠠᠭ᠎ᠠ᠂ ᠤᠶᠤᠨᠲᠤ ᠰᠤᠷᠭᠠᠨ ᠬᠥᠮᠦᠵᠢᠯ᠂ ᠤᠶᠤᠨᠲᠤ ᠡᠮᠴᠢᠯᠡᠭᠡ᠂ ᠤᠶᠤᠨᠲᠤ ᠨᠡᠶᠢᠭᠡᠮ ᠲᠣᠭᠤᠷᠢᠭ ᠵᠡᠷᠭᠡ ᠬᠦᠷᠢᠶᠡᠨ ᠳᠤ ᠨᠢᠭᠡ ᠪᠦᠯᠦᠭ ᠲᠣᠭᠠᠴᠢᠯᠠᠭᠰᠠᠨ ᠵᠠᠰᠠᠯᠲᠠ ᠶᠢᠨ ᠦᠷ᠎ᠡ ᠪᠦᠲᠦᠭᠡᠯ ᠢ ᠪᠣᠶ ᠪᠣᠯᠭᠠᠨ᠂ ᠨᠡᠶᠢᠭᠡᠮ ᠠᠷᠠᠳ ᠤᠨ ᠠᠮᠢᠳᠤᠷᠠᠯ᠂ ᠠᠵᠤ ᠠᠬᠤᠶᠢᠯᠠᠯ᠂ ᠵᠠᠬ᠎ᠠ ᠳᠡᠯᠭᠡᠭᠦᠷ ᠲᠤ ᠨᠠᠩ ᠰᠠᠶᠢᠨ ᠦᠶ᠋ᠯᠡᠴᠢᠯᠡᠭᠦᠯᠦᠨ᠎ᠡ᠃ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢ ᠢᠯᠡ ᠪᠣᠯᠭᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠬᠥᠭᠵᠢᠭᠡᠬᠦ ᠲᠠᠯ᠎ᠠ ᠪᠠᠷ ᠬᠢ ᠦᠢᠯᠡᠳᠦᠯ ᠢ ᠪᠠᠳᠠᠷᠠᠭᠤᠯᠣᠨ᠎ᠠ᠃ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠦᠨ᠎ᠡ ᠥᠷᠲᠡᠭ ᠢ ᠠᠭᠤᠳᠠᠯᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠡᠬᠢ ᠪᠠᠶᠠᠯᠢᠭ ᠬᠢᠭᠡᠳ ᠨᠡᠶᠢᠭᠡᠮ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠠᠭᠤᠰᠤᠯᠴᠠᠨ ᠰᠢᠨ᠎ᠡ ᠶᠢ ᠡᠭᠦᠳᠬᠦ ᠶᠢ ᠪᠡᠶᠡᠯᠡᠭᠦᠯᠵᠦ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠦᠶ᠋ᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠲᠤᠯᠭᠠᠭᠤᠷᠢᠯᠠᠯ ᠪᠠ ᠰᠢᠨ᠎ᠡ ᠬᠥᠳᠡᠯᠭᠡᠭᠦᠷ ᠢ ᠡᠭᠦᠳᠦᠨ ᠥᠭᠴᠦ᠂ ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ ᠮᠠᠶ᠋ᠢᠭ ᠤᠨ ᠬᠤᠲᠠ ᠶᠢ ᠲᠦᠷᠭᠡᠳᠬᠡᠨ ᠪᠠᠶᠢᠭᠤᠯᠤᠨ᠎ᠠ᠃        ᠬᠤᠶᠠᠷ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠦᠨ᠎ᠡ᠃        ︵ᠨᠢᠭᠡ︶ ᠲᠣᠭᠠᠴᠢᠯᠠᠭᠰᠠᠨ ᠮᠡᠷᠭᠡᠵᠢᠯ ᠬᠢᠭᠡᠳ ᠠᠵᠤ ᠦᠶ᠋ᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃        ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠰᠢᠨ᠎ᠡ ᠲᠣᠭᠠᠴᠢᠯᠠᠭᠰᠠᠨ ᠠᠵᠤ ᠠᠬᠤᠢ ᠶᠢᠨ ᠮᠡᠷᠭᠡᠵᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠪᠠ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠴᠦ ᠲᠡᠰ ᠳᠡᠪᠰᠢᠬᠦ ᠶᠢ ᠲᠦᠷᠭᠡᠳᠭᠡᠨ᠂ ᠬᠤᠳᠠ ᠶᠢᠨ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ ᠬᠤᠳᠠ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠤᠨ᠎ᠠ᠃ ᠲᠤᠭ᠎ᠠ ᠪᠠᠷᠢᠮᠲᠠ᠂ ᠵᠣᠬᠢᠶᠠᠮᠠᠯ ᠤᠶᠤᠨ ᠴᠢᠳᠠᠪᠤᠷᠢ᠂ ᠣᠷᠣᠨ ᠬᠡᠰᠡᠭ ᠤᠨ ᠬᠡᠯᠬᠢᠶ᠎ᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠷᠢᠶᠡᠨ ᠳᠤ ᠠᠭᠤᠰᠤᠯᠴᠠᠭᠤᠯᠤᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠯᠲᠠ ᠪᠠ ᠦᠷᠳᠡᠭ ᠤᠨ ᠬᠡᠯᠬᠢ᠊ ᠡᠶ᠎ᠡ ᠶᠢᠨ ᠳᠡᠭᠡᠳᠦ ᠲᠡᠰ ᠲᠡᠰᠢ ᠬᠥᠭᠵᠢᠬᠦ ᠶᠢ ᠠᠬᠢᠭᠤᠯᠤᠨ᠎ᠠ᠃ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠬᠥᠮᠦᠵᠢᠯ᠂ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ᠂ ᠠᠳᠠᠯ ᠠᠬᠤᠶ ᠵᠡᠷᠭᠡ ᠶᠢᠨ ᠲᠣᠭᠤᠷᠢᠨ ᠳᠤ ᠠᠮᠢᠳᠤᠷᠠᠯ ᠤᠨ ᠴᠢᠨᠠᠷᠲᠠᠶ ᠲᠣᠭᠠᠴᠢᠯᠠᠭᠰᠠᠨ ᠮᠡᠷᠭᠡᠵᠢᠯ ᠤᠨ ᠦᠶ᠋ᠯᠡᠴᠢᠯᠡᠭᠡᠨ ᠤ ᠦᠶ᠋ᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠠᠮᠢᠳᠤᠷᠠᠯ ᠤᠨ ᠦᠶ᠋ᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ᠲᠣᠭᠠᠴᠢᠯᠠᠭᠰᠠᠨ ᠠᠮᠢᠳᠤᠷᠠᠯ ᠤᠨ ᠰᠢᠨ᠎ᠡ ᠦᠶ᠋ᠯᠡᠴᠢᠯᠡᠭᠡᠨ ᠤ ᠠᠮᠢ ᠠᠬᠤᠶ ᠶᠢᠨ ᠰᠢᠰᠲ᠋ᠧᠮᠵᠢ ᠶᠢ ᠪᠣᠶ ᠪᠣᠯᠭᠠᠨ᠎ᠠ᠃ ᠠᠵᠤ ᠠᠬᠤᠶᠢᠯᠠᠯ ᠤᠨ ᠮᠡᠷᠭᠡᠵᠢᠯ ᠪᠠ ᠲᠤᠰᠬᠠᠶᠢᠵᠢᠭᠰᠠᠨ ᠳᠠᠪᠠᠭᠤᠯᠢᠭ ᠲᠠᠭᠠᠨ ᠲᠦᠰᠢᠭᠯᠡᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠡᠷᠭᠡᠵᠢᠯ ᠤᠨ ᠦᠶ᠋ᠯᠡᠴᠢᠯᠡᠭᠡᠨ᠂ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠪᠠ ᠪᠣᠷᠣᠯᠠᠭᠤᠯᠤᠭᠰᠠᠨ ᠤ ᠳᠠᠷᠠᠭᠠᠬᠢ ᠲᠤᠰᠬᠠᠶ ᠦᠶ᠋ᠯᠡᠴᠢᠯᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠤᠶᠢᠵᠢᠭᠤᠯᠤᠨ ᠬᠥᠭᠵᠢᠭᠦᠯᠵᠦ᠂ ᠲᠣᠭᠠᠴᠢᠯᠠᠭᠰᠠᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠳᠡᠭᠡᠭᠰᠢᠯᠡᠭᠦᠯᠦᠨ᠎ᠡ᠃        ︵ᠬᠤᠶᠠᠷ︶ ᠲᠣᠭᠠᠴᠢᠯᠠᠭᠰᠠᠨ ᠠᠵᠤ ᠠᠬᠤᠢ ᠶᠢᠨ ᠮᠡᠷᠭᠡᠵᠢᠯ ᠤᠨ ᠬᠡᠷᠡᠭᠯᠡᠭᠡᠨ ᠤ ᠰᠢᠨ᠎ᠡ ᠣᠷᠣᠨ ᠵᠠᠢ ᠶᠢ ᠥᠷᠭᠡᠳᠬᠡᠨ᠎ᠡ᠃      ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠮᠡᠷᠭᠡᠵᠢᠯ ᠳᠤ ᠲᠦᠰᠢᠭᠯᠡᠨ᠂ ᠳᠠᠪᠠᠭᠤᠯᠢᠭ ᠤᠨᠴᠠᠯᠢᠭᠳᠤ ᠠᠵᠤ ᠦᠶ᠋ᠯᠡᠰ ᠤᠨ ᠣᠯᠠᠨ ᠨᠡᠶᠢᠲᠡ ᠶᠢᠨ ᠲᠣᠭᠠᠴᠢᠯᠠᠭᠰᠠᠨ ᠡᠨᠧᠷᠭᠢ ᠣᠯᠭᠤᠬᠤ ᠲᠠᠪᠴᠠᠩ ᠢ ᠪᠠᠶᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠲᠣᠭᠠᠴᠢᠯᠠᠭᠰᠠᠨ ᠠᠵᠤ ᠠᠬᠤᠶ ᠶᠢᠨ ᠠᠵᠤ ᠠᠬᠤᠶᠢᠯᠠᠯ ᠤᠨ ᠬᠥᠭᠵᠢᠯᠲᠡ ᠪᠠ ᠰᠢᠨ᠎ᠡ ᠶᠢ ᠡᠭᠦᠳᠬᠦ ᠴᠢᠳᠠᠪᠤᠷᠢᠲᠠᠨ ᠤ ᠣᠷᠣᠨ ᠵᠠᠶ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠂ ᠲᠣᠭᠠᠴᠢᠯᠠᠭᠰᠠᠨ ᠠᠵᠤ ᠠᠬᠤᠶ ᠶᠢᠨ ᠶᠡᠷᠦᠩᠬᠡᠶ ᠬᠡᠯᠲᠡᠰ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠵᠢᠯ ᠲᠥᠷᠥᠯ ᠤᠨ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠪᠠ ᠬᠤᠳᠠᠯᠳᠤᠭᠠᠨ ᠤ ᠠᠮᠢ ᠠᠬᠤᠶ ᠶᠢᠨ ᠳᠠᠬᠢᠨ ᠴᠣᠭᠴᠠᠯᠠᠯᠲᠠ ᠶᠢ ᠪᠡᠶᠡᠯᠡᠭᠦᠯᠦᠨ᠎ᠡ᠃ ᠬᠤᠲᠠ ᠶᠢᠨ ᠲᠣᠭᠤᠷᠢᠭ ᠢ ᠬᠠᠮᠲᠤᠪᠠᠷ ᠪᠠᠶᠢᠭᠤᠯᠬᠤ ᠪᠠᠷ ᠳᠠᠮᠵᠢᠭᠤᠯᠤᠨ᠂ ᠲᠣᠭᠠᠴᠢᠯᠠᠭᠰᠠᠨ ᠠᠵᠤ ᠠᠬᠤᠶ ᠶᠢᠨ ᠨᠡᠪᠴᠢᠭᠦᠯᠦᠭᠦᠷ᠂ ᠤᠶᠤᠨᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ ᠶᠢ ᠴᠢᠷᠮᠠᠶᠢᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠰᠢᠶ᠋ᠳᠪᠦᠷᠢᠯᠡᠬᠦ ᠲᠥᠰᠦᠯ ᠢ ᠬᠤᠳᠠᠯᠳᠤᠨ ᠠᠪᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠤᠯᠴᠢᠯᠠᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠵᠡᠷᠭᠡ ᠣᠯᠠᠨ ᠵᠦᠶ᠋ᠯ ᠤᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ︽ᠨᠢᠭᠡ ᠥᠷᠲᠡᠭᠡᠨ ᠤ ᠮᠠᠶ᠋ᠢᠭ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠨ᠎ᠠ᠃ 5G ᠶᠢᠨ ᠰᠠᠭᠤᠷᠢ ᠥᠷᠲᠡᠭᠡ ᠵᠡᠷᠭᠡ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯᠣᠭᠤᠴᠢ ᠥᠬᠡᠶ ᠮᠠᠰᠢᠨ ᠲᠡᠷᠭᠡ ᠶᠢ ᠰᠢᠯᠭᠠᠨ ᠲᠤᠷᠰᠢᠬᠤ ᠲᠠᠯᠠᠪᠠᠶ ᠶᠢ ᠪᠠᠶᠢᠭᠤᠯᠤᠨ᠂ ᠵᠢᠯᠣᠭᠤᠴᠢ ᠥᠬᠡᠶ ᠮᠠᠰᠢᠨ ᠲᠡᠷᠭᠡ ᠶᠢ ᠣᠯᠠᠨ ᠨᠡᠶᠢᠲᠡ ᠶᠢᠨ ᠵᠠᠮ ᠬᠠᠷᠢᠯᠴᠠᠭ᠎ᠠ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠬᠦᠷᠢᠶᠡᠨ ᠳᠤ ᠬᠡᠷᠡᠭᠯᠡᠬᠦ ᠠᠯᠬᠤᠴᠠ ᠶᠢ ᠲᠦᠷᠭᠡᠳᠬᠡᠵᠦ᠂ 5G ᠶᠢᠨ ᠵᠢᠯᠣᠭᠤᠴᠢ ᠥᠬᠡᠶ ᠨᠡᠶᠢᠲᠡ ᠶᠢᠨ ᠵᠠᠮ ᠬᠠᠷᠢᠯᠴᠠᠭ᠎ᠠ᠂ ᠦᠵᠡᠮᠵᠢ ᠶᠢᠨ ᠣᠷᠣᠨ ᠤ ᠵᠤᠭᠠᠴᠠᠯ ᠤᠨ ᠲᠡᠷᠭᠡ ᠬᠥᠰᠬᠡ ᠶᠢ ᠬᠡᠷᠡᠭᠯᠡᠨ᠎ᠡ᠃        ︵ᠭᠤᠷᠪᠠ︶ ᠲᠣᠭᠠᠴᠢᠯᠠᠭᠰᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ ᠪᠠ ᠦᠶ᠋ᠯᠡᠳᠦᠯᠭᠡ ᠶᠢ ᠪᠠᠶᠢᠭᠤᠯᠣᠨ᠎ᠠ᠃        ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠ ᠵᠠᠰᠠᠭ ᠤᠨ ᠣᠷᠳᠣᠨ ᠬᠥᠲᠥᠯᠦᠨ ᠵᠢᠯᠣᠭᠤᠳᠬᠤ ᠪᠠᠷ ᠳᠡᠮᠵᠢᠨ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠬᠤ ᠪᠠ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠤᠯᠤᠰ ᠤᠨ ᠢᠨᠵᠧᠨᠧᠷᠢᠩ ᠤᠨ ᠲᠤᠷᠰᠢᠯᠲᠠ ᠶᠢᠨ ᠲᠠᠰᠤᠭ᠂ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠬᠢᠶ᠎ᠠ ᠪᠠᠭᠰᠢ ᠲᠣᠭᠤᠷᠢᠭ ᠲᠤ ᠬᠤᠪᠢᠶᠠᠷᠢ ᠲᠥᠪ ᠪᠠᠶᠢᠭᠤᠯᠬᠤ ᠶᠢ ᠳᠡᠮᠵᠢᠨ᠎ᠡ᠃ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠬᠤᠲᠠ ᠶᠢᠨ ᠪᠥᠭᠡᠮᠨᠡᠷᠡᠯ ᠤᠨ ᠨᠢᠭᠡ ᠴᠤᠭᠴᠠᠵᠢᠭᠰᠠᠨ ᠬᠥᠭᠵᠢᠯᠲᠡ ᠳᠤ ᠢᠳᠡᠪᠬᠢᠲᠡᠶ ᠠᠭᠤᠰᠤᠯᠴᠠᠵᠤ᠂ ᠭᠤᠣᠯᠳᠠᠭᠤ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶᠡᠨ ᠤ ᠲᠣᠭᠤᠷᠢᠨ ᠳᠤ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ ᠢ ᠣᠷᠣᠭᠤᠯᠤᠨ ᠠᠪᠴᠢᠷᠠᠵᠤ ᠰᠠᠯᠪᠤᠷᠢ ᠪᠠᠶᠢᠭᠤᠯᠤᠮᠵᠢ ᠪᠠᠶᠢᠭᠤᠯᠣᠨ᠂ ᠨᠢᠭᠡ ᠪᠦᠯᠦᠭ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ ᠪᠠ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠬᠡᠨ ᠪᠤᠶᠢᠵᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠲᠥᠷᠥᠯ ᠵᠦᠶ᠋ᠯ ᠳᠤ ᠢᠳᠡᠪᠬᠢᠲᠡᠶ ᠣᠷᠣᠯᠴᠠᠨ ᠂ ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠵᠦᠶ᠋ᠯ ᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠯᠤᠭ᠎ᠠ ᠵᠡᠷᠭᠡ ᠪᠠᠷ ᠬᠠᠷᠢᠯᠴᠠᠨ ᠬᠥᠳᠡᠯᠦᠯᠴᠡᠬᠦ ᠶᠢ ᠠᠬᠢᠭᠤᠯᠵᠣ᠂ ᠣᠷᠳᠣᠰ ᠤᠨ ᠣᠷᠣᠨ ᠪᠦᠰᠡ ᠶᠢᠨ ᠰᠢᠨ᠎ᠡ ᠶᠢ ᠡᠭᠦᠳᠬᠦ ᠥᠨᠳᠦᠷᠯᠢᠭ ᠢ ᠪᠠᠶᠢᠭᠤᠯᠤᠨ᠎ᠠ᠃         ᠭᠤᠷᠪᠠ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠷᠢᠶᠡᠨ ᠤ ᠲᠣᠭᠠᠴᠢᠯᠠᠭᠰᠠᠨ ᠬᠡᠷᠡᠭᠯᠡᠯᠡᠲᠡ ᠶᠢ ᠲᠦᠷᠭᠡᠳᠬᠡᠨ᠎ᠡ᠃         ︵ᠨᠢᠭᠡ︶ ᠢᠨᠲ᠋ᠤᠷ ᠰᠦᠯᠵᠢᠶᠡᠨ ᠤ ᠡᠮᠴᠢᠯᠡᠭᠡᠨ ᠤ ᠬᠡᠷᠡᠭᠯᠡᠭᠡᠨ ᠤ ᠲᠠᠯᠠᠪᠤᠷ ᠤᠨ ᠠᠬᠢᠭᠤᠯᠣᠨ᠎ᠠ᠃       ᠲᠣᠮᠣ ᠳ᠋ᠠᠶᠢᠲ᠋ᠠ ᠶᠢ ᠵᠠᠳᠠᠯᠬᠤ ᠪᠠ ᠠᠭᠤᠳᠠᠯᠬᠤ ᠶᠢ ᠥᠷᠨᠢᠭᠦᠯᠵᠦ᠂ ᠵᠠᠰᠠᠭ ᠤᠨ ᠣᠷᠳᠣᠨ ᠤ ᠲᠣᠭᠠᠴᠢᠯᠠᠭᠰᠠᠨ ᠲᠠᠪᠴᠠᠩ ᠳᠤ ᠲᠦᠰᠢᠭᠯᠡᠨ᠂ ᠤᠶᠤᠨᠲᠤ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠦᠶ᠋ᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠢ ᠡᠮᠬᠢᠯᠡᠨ ᠨᠡᠶᠢᠯᠡᠭᠦᠯᠵᠦ᠂ ᠤᠶᠤᠨᠲᠤ ᠡᠮᠴᠢᠯᠡᠭᠡ ᠡᠷᠡᠭᠦᠯ ᠬᠠᠮᠠᠭᠠᠯᠠᠯ ᠤᠨ ᠰᠠᠭᠤᠷᠢ ᠲᠤᠯᠭᠠᠭᠤᠷᠢᠯᠠᠬᠤ ᠰᠢᠰᠲ᠋ᠧᠮᠵᠢ᠂ ᠪᠠᠷᠢᠮᠵᠢᠶ᠎ᠠ ᠶᠢᠨ ᠵᠢᠷᠤᠮᠵᠢᠯ ᠤᠨ ᠰᠢᠰᠲ᠋ᠧᠮᠵᠢ ᠪᠠ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠣᠨ᠂ ᠲᠦᠪᠰᠢᠨ ᠨᠠᠶᠢᠳᠠᠪᠤᠷᠢᠲᠠᠶ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠣᠶᠤᠨᠴᠢ ᠡᠷᠡᠭᠦᠯ ᠮᠡᠨᠳᠦ ᠶᠢᠨ ᠦᠶ᠋ᠯᠡᠴᠢᠯᠡᠭᠡᠨ ᠤ ᠠᠵᠤ ᠦᠶ᠋ᠯᠡᠰ ᠢ ᠬᠥᠭᠵᠢᠭᠦᠯᠵᠦ᠂ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠢᠶ᠎ᠠ ᠪᠠᠭᠰᠢ ᠲᠣᠭᠤᠷᠢᠭ ᠲᠤ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠲᠦᠷᠭᠡᠳᠬᠡᠨ᠂ ᠠᠵᠢᠯ ᠲᠥᠷᠥᠯ ᠤᠨ ᠮᠡᠷᠭᠡᠵᠢᠯ ᠤᠨ ᠨᠡᠭᠡᠭᠡᠯᠲᠡ ᠪᠠ ᠦᠷ᠎ᠡ ᠪᠦᠲᠦᠭᠡᠯ ᠤᠨ ᠠᠵᠤ ᠦᠶᠢᠯᠡᠰᠵᠢᠯᠲᠡ ᠶᠢ ᠠᠬᠢᠭᠤᠯᠤᠨ᠎ᠠ᠃        ︵ᠬᠤᠶᠠᠷ︶ ᠨᠠᠰᠤᠵᠢᠯ ᠤᠨ ᠠᠰᠠᠷᠠᠮᠵᠢ ᠶᠢᠨ ᠣᠶᠤᠨᠴᠢ ᠮᠡᠳᠡᠭᠡ ᠵᠠᠩᠭᠢ ᠶᠢᠨ ᠳᠠᠪᠴᠠᠩ ᠤᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃       ᠲᠣᠮᠣ ᠳ᠋ᠠᠶᠢᠲ᠋ᠠ ᠳᠤ ᠰᠠᠭᠤᠷᠢᠯᠠᠭᠰᠠᠨ ᠤᠶᠤᠨᠲᠤ ᠨᠠᠰᠤᠵᠢᠯ ᠤᠨ ᠠᠰᠠᠷᠠᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠤᠶᠤᠨᠲᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡ ᠪᠣᠯᠤᠨ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠤᠶᠠᠯᠳᠤᠭᠤᠯᠵᠤ᠂ ᠡᠬᠢ ᠪᠠᠶᠠᠯᠢᠭ ᠢ ᠨᠡᠶᠢᠳᠬᠡᠵᠦ᠂ ᠲᠤᠬᠢᠷᠠᠭᠤᠯᠤᠯᠳᠠ ᠶᠢ ᠰᠢᠯᠢᠳᠡᠭᠵᠢᠭᠦᠯᠦᠨ᠂ ᠬᠠᠮᠢᠶ᠎ᠠ ᠪᠦᠬᠦᠢ ᠠᠵᠤ ᠠᠬᠤᠶᠢᠯᠠᠯ ᠤᠨ ᠣᠷᠣᠯᠴᠠᠬᠤ ᠬᠡᠮᠵᠢ᠊ ᠡᠶ᠎ᠡ ᠪᠣᠯᠤᠨ ᠢᠳᠡᠪᠬᠢᠵᠢᠯ ᠢ ᠳᠡᠭᠡᠭᠰᠢᠯᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠣᠶᠤᠨᠴᠢ ᠲᠡᠰ ᠳᠡᠪᠰᠢᠬᠦ ᠶᠢ ᠠᠬᠢᠭᠤᠯᠣᠨ᠂ ᠤᠶᠤᠨᠲᠤ ᠨᠠᠰᠤᠵᠢᠯ ᠤᠨ ᠦᠢᠯᠡᠴᠢᠯᠡᠭᠡᠨ ᠤ ᠬᠡᠯᠪᠡᠷᠢ ᠶᠢ ᠪᠠᠶᠠᠯᠢᠭᠵᠢᠭᠤᠯᠬᠤ ᠪᠠ ᠤᠶᠤᠨᠲᠤ ᠨᠠᠰᠤᠵᠢᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠰᠢᠨ᠎ᠡ ᠶᠢ ᠡᠭᠦᠳᠴᠦ᠂ ᠨᠠᠰᠤᠵᠢᠯ ᠤᠨ ᠦᠢᠯᠡᠰ ᠪᠣᠯᠤᠨ ᠨᠠᠰᠤᠵᠢᠯ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠨᠠᠰᠤᠵᠢᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ᠎ᠠ᠃        ︵ᠭᠤᠷᠪᠠ︶ ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃       ᠲᠣᠭᠠᠴᠢᠯᠠᠭᠰᠠᠨ ᠮᠡᠷᠭᠡᠵᠢᠯ ᠢ ᠬᠡᠷᠡᠭᠯᠡᠨ ᠰᠤᠷᠭᠠᠨ ᠬᠥᠮᠦᠵᠢᠯ ᠤᠨ ᠲᠤᠭ᠎ᠠ ᠪᠠᠷᠢᠮᠲᠠ ᠶᠢ ᠬᠤᠷᠠᠮᠳᠤᠭᠤᠯᠬᠤ᠂ ᠬᠠᠳᠠᠭᠠᠯᠠᠬᠤ ᠪᠠ ᠰᠢᠶ᠋ᠳᠪᠦᠷᠢᠯᠡᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠰᠦᠯᠵᠢᠶᠡᠨ ᠤ ᠣᠯᠠᠨ ᠨᠡᠶᠢᠲᠡ ᠶᠢᠨ ᠲᠠᠪᠴᠠᠩ ᠪᠠ ᠲᠣᠮᠣ ᠲᠤᠭ᠎ᠠ ᠪᠠᠷᠢᠮᠲᠠ ᠶᠢᠨ ᠲᠠᠲᠠᠭᠠᠯ ᠢ ᠪᠣᠶ ᠪᠣᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠣᠶᠤᠨᠴᠢ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠦᠨᠡᠯᠡᠬᠦ ᠵᠡᠷᠭᠡ ᠪᠥᠬᠦ ᠶᠠᠪᠤᠴᠠ ᠶᠢ ᠳᠡᠮᠵᠢᠨ᠎ᠡ᠃ ᠨᠢᠭᠡ ᠪᠦᠯᠦᠭ ᠲᠠᠪᠴᠠᠩ ᠤᠨ ᠮᠠᠶ᠋ᠢᠭ ᠤᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ ᠲᠣᠭᠠᠴᠢᠯᠠᠭᠰᠠᠨ ᠮᠡᠷᠭᠡᠵᠢᠯ ᠢ ᠬᠡᠷᠡᠭᠯᠡᠨ ᠡᠭᠦᠯᠡᠨ ᠬᠢᠴᠢᠶᠡᠯ ᠤᠨ ᠲᠠᠩᠬᠢᠮ᠂ ᠡᠯ᠎ᠡ ᠲᠥᠷᠥᠯ ᠤᠨ ᠬᠢᠴᠢᠶᠡᠯ ᠤᠨ ᠰᠢᠭᠤᠳ ᠨᠡᠪᠲᠡᠷᠡᠭᠦᠯᠭᠡ ᠵᠡᠷᠭᠡ ᠣᠶᠤᠨᠴᠢ ᠦᠶ᠋ᠯᠡᠴᠢᠯᠡᠭᠡ ᠶᠢ ᠦᠷᠨᠢᠭᠦᠯᠦᠨ᠂ ᠰᠤᠷᠭᠠᠭᠤᠯᠢ ᠬᠢᠭᠡᠳ ᠲᠠᠪᠴᠠᠩ ᠤᠨ ᠮᠠᠶ᠋ᠢᠭ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠤᠨ ᠦᠶ᠋ᠯᠡᠳᠬᠦᠨ ᠢ ᠬᠠᠮᠲᠤᠷᠠᠨ ᠨᠡᠭᠡᠭᠡᠨ ᠬᠥᠭᠵᠢᠭᠦᠯᠬᠦ ᠶᠢ ᠳᠡᠮᠵᠢᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠮᠡᠷᠭᠡᠵᠢᠯ ᠢᠶᠠᠷ ᠳᠠᠮᠵᠢᠭᠤᠯᠤᠨ ᠨᠡᠶᠢᠳᠡᠮ ᠠᠰᠢᠭ ᠬᠦᠷᠲᠡᠭᠡᠬᠦ ᠶᠢ ᠪᠡᠶᠡᠯᠡᠭᠦᠯᠦᠨ᠎ᠡ᠃        ︵ᠳᠥᠷᠪᠡ︶ ᠲᠣᠭᠠᠴᠢᠯᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠰᠤᠳᠤᠯᠭᠠᠨ ᠢ ᠥᠷᠨᠢᠭᠦᠯᠦᠨ᠎ᠡ᠃        ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠰᠤᠳᠤᠯᠭᠠᠨ ᠢ ᠥᠷᠨᠢᠭᠦᠯᠵᠦ᠂ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠯᠲᠡ ᠲᠠᠢ ᠬᠠᠮᠲᠤᠪᠠᠷ ᠡᠳ᠋ᠯᠡᠬᠦ ᠶᠢ ᠠᠬᠢᠭᠤᠯᠤᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠬᠥᠳᠡᠯᠭᠡᠬᠦ ᠬᠦᠴᠦᠨ ᠪᠠ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠵᠠᠮ ᠬᠠᠷᠢᠯᠴᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠵᠡᠷᠭᠡ ᠡᠯ᠎ᠡ ᠲᠠᠯ᠎ᠠ ᠶᠢᠨ ᠶᠡᠷᠦᠩᠬᠡᠶᠢᠯᠡᠭᠰᠡᠨ ᠰᠢᠶ᠋ᠳᠪᠦᠷᠢᠲᠦ ᠪᠣᠳᠣᠯᠭ᠎ᠠ ᠶᠢᠨ ᠦᠶ᠋ᠯᠡᠴᠢᠯᠡᠭᠡ ᠶᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠲᠥᠷᠥᠯ ᠬᠡᠯᠪᠡᠷᠢ ᠪᠠ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃        ᠭᠤᠷᠪᠠᠳᠤᠭᠠᠷ ᠪᠦᠯᠦᠭ᠂ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠰᠤᠷᠭᠠᠨ ᠬᠥᠮᠦᠵᠢᠯ                 ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢ ᠬᠦᠴᠦᠯᠡᠨ ᠠᠬᠢᠭᠤᠯᠤᠨ᠎ᠠ        ᠨᠢᠭᠡ᠂ ᠡᠮᠴᠢᠯᠡᠭᠡᠨ ᠤ ᠠᠨᠠᠭᠠᠬᠤ ᠤᠬᠠᠭᠠᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃        ︵ᠨᠢᠭᠡ︶ ᠡᠮᠴᠢᠯᠡᠭᠡᠨ ᠤ ᠮᠡᠷᠭᠡᠵᠢᠯ ᠤᠨ ᠬᠡᠷᠡᠭᠯᠡᠭᠡᠨ ᠤ ᠵᠣᠬᠢᠵᠠᠮᠵᠢ ᠶᠢᠨ ᠰᠢᠨ᠎ᠡ ᠶᠢ ᠡᠭᠦᠳᠦᠨ᠎ᠡ᠃        ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠰᠢᠨ᠎ᠡ ᠮᠡᠷᠭᠡᠵᠢᠯ ᠤᠨ ᠲᠥᠷᠥᠯ ᠵᠦᠶ᠋ᠯ ᠢ ᠬᠡᠷᠡᠭᠵᠢᠭᠦᠯᠬᠦ ᠪᠠ ᠳᠡᠯᠭᠡᠷᠡᠭᠦᠯᠬᠦ ᠱᠠᠲᠤ ᠦᠶ᠎ᠡ ᠳᠠᠬᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠰᠢᠨ᠎ᠡ ᠶᠢ ᠡᠭᠦᠳᠬᠦ ᠶᠢ ᠱᠠᠩᠨᠠᠬᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠲᠠᠩ ᠵᠦᠶ᠋ᠯ ᠢᠶᠠᠷ ᠲᠣᠭᠠᠴᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠮᠠᠰᠢᠭᠤᠯᠬᠤ ᠬᠡᠷᠡᠭᠲᠡᠶ᠃ ᠡᠭᠦᠨ ᠤ ᠬᠠᠮᠲᠤ ᠵᠥᠪᠰᠢᠶᠡᠷᠡᠨ ᠣᠷᠣᠭᠤᠯᠬᠤ᠂ ᠶᠠᠪᠤᠴᠠ ᠲᠤ ᠬᠢᠨᠠᠯᠲᠠ ᠲᠠᠯᠪᠢᠬᠤ ᠪᠠ ᠮᠥᠷᠳᠡᠨ ᠬᠠᠮᠢᠶᠠᠷᠬᠤ ᠵᠡᠷᠭᠡ ᠠᠷᠭ᠎ᠠ ᠮᠠᠶᠠᠭ ᠢ ᠴᠢᠩᠳᠠᠯᠠᠬᠤ ᠪᠠᠷ ᠳᠠᠮᠵᠢᠭᠤᠯᠤᠨ ᠬᠢᠵᠠᠭᠠᠷᠯᠠᠨ ᠵᠢᠷᠤᠮᠵᠢᠭᠤᠯᠵᠤ᠂ ᠡᠮᠴᠢᠯᠡᠭᠡᠨ ᠤ ᠰᠢᠨ᠎ᠡ ᠮᠡᠷᠭᠡᠵᠢᠯ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠡᠮᠴᠢᠯᠡᠭᠡᠨ ᠤ ᠰᠢᠨ᠎ᠡ ᠮᠡᠷᠭᠡᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃        ︵ᠬᠤᠶᠠᠷ︶ ᠡᠮᠴᠢᠯᠡᠭᠡᠨ ᠤ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠬᠡᠷᠡᠭᠲᠡᠶ᠃        ᠲᠡᠷᠢᠭᠦᠨ ᠤ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠷᠢᠭᠦᠨ ᠤ ᠭᠠᠵᠠᠷ ᠣᠷᠣᠨ ᠤ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠭᠦᠶ᠋ᠴᠡᠳ ᠠᠰᠢᠭᠯᠠᠨ᠂ ᠬᠢᠶ᠎ᠠ ᠪᠠᠭᠰᠢ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠯᠤᠰ ᠡᠵᠡᠮᠰᠢᠯᠲᠦ ᠰᠦᠯᠵᠢᠶᠡᠨ ᠳᠡᠭᠡᠷ᠎ᠡ ᠬᠠᠮᠲᠤᠷᠠᠨ ᠣᠨᠣᠰᠢᠯᠠᠬᠤ ᠲᠠᠪᠴᠠᠩ ᠢ ᠪᠠᠶᠢᠭᠤᠯᠵᠤ᠂ ᠲᠣᠰ ᠭᠠᠵᠠᠷ ᠣᠷᠣᠨ ᠤ ᠡᠮᠴᠢᠯᠡᠭᠡᠨ ᠤ ᠠᠨᠠᠭᠠᠬᠤ ᠤᠬᠠᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠶ᠎ᠠ ᠪᠠᠭᠰᠢ ᠲᠣᠭᠤᠷᠢᠭ ᠤᠨ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠬᠢᠭᠡᠳ ᠡᠵᠡᠮᠳᠡᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠂ ᠴᠢᠳᠠᠪᠤᠷᠢᠲᠠᠨ ᠤ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠡᠮᠴᠢᠯᠡᠭᠡᠨ ᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠡᠮᠴᠢᠯᠡᠭᠡᠨ ᠤ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠡᠮᠴᠢᠯᠡᠭᠡᠨ ᠤ ᠰᠢᠨ᠎ᠡ ᠮᠡᠷᠭᠡᠵᠢᠯ ᠢ ᠡᠮᠴᠢᠯᠡᠭᠡᠨ ᠳᠤ ᠨᠠᠩ ᠣᠯᠠᠨ ᠬᠡᠷᠡᠭᠯᠡᠬᠦ ᠶᠢ ᠠᠬᠢᠭᠤᠯᠤᠨ᠎ᠠ᠃        ︵ᠭᠤᠷᠪᠠ︶ ᠡᠮᠴᠢᠯᠡᠭᠡᠨ ᠤ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ᠎ᠡ᠃      ᠲᠣᠰ ᠭᠠᠵᠠᠷ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ ᠶᠢ ᠨᠡᠮᠡᠭᠳᠡᠭᠦᠯᠵᠦ᠂ ᠭᠠᠵᠠᠷ ᠣᠷᠣᠨ ᠤ ᠡᠮᠴᠢᠯᠡᠭᠡᠨ ᠤ ᠠᠨᠠᠭᠠᠬᠤ ᠤᠬᠠᠭᠠᠨ ᠤ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠤᠯᠤᠰ ᠤᠨ ᠥᠮᠴᠢᠯᠡᠯᠲᠦ᠂ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠪᠣᠯᠤᠨ ᠰᠤᠳᠤᠯᠭᠠᠨ ᠤ ᠪᠠᠶᠢᠭᠤᠯᠤᠮᠵᠢ ᠶᠢᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶ᠋ᠯ ᠤᠨ ᠪᠠᠯᠠ ᠮᠥᠩᠭᠦ ᠶᠢ ᠢᠳᠡᠪᠬᠢᠲᠡᠶ ᠪᠠᠷ ᠲᠡᠮᠡᠴᠡᠨ ᠣᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠡᠮᠴᠢᠯᠡᠭᠡᠨ ᠤ ᠠᠨᠠᠭᠠᠬᠤ ᠤᠬᠠᠭᠠᠨ ᠤ ᠰᠢᠨ᠎ᠡ ᠮᠡᠷᠭᠡᠵᠢᠯ ᠰᠢᠨ᠎ᠡ ᠦᠷ᠎ᠡ ᠪᠦᠲᠦᠭᠡᠯ ᠢ ᠲᠣᠰ ᠭᠠᠵᠠᠷ ᠣᠷᠣᠨ ᠳᠤ ᠬᠡᠷᠡᠭᠯᠡᠬᠦ ᠵᠢᠡᠭᠦᠨ ᠤ ᠵᠡᠷᠭᠡᠴᠡᠭᠡᠪᠡᠷ᠂ ᠪᠠᠷᠠᠭᠠᠯᠬᠢᠯᠠᠯ ᠤᠨ ᠴᠢᠨᠠᠷᠲᠠᠶ᠂ ᠴᠢᠬᠤᠯᠠ ᠶᠡᠭᠡ ᠠᠵᠤ ᠠᠬᠤᠶ ᠶᠢᠨ ᠦᠨ᠎ᠡ ᠦᠷᠳᠡᠭ ᠲᠠᠢ ᠰᠢᠨ᠎ᠡ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠭᠠᠵᠠᠷ ᠣᠷᠣᠨ ᠤ ᠡᠮᠴᠢᠯᠡᠭᠡᠨ ᠤ ᠰᠢᠨ᠎ᠡ ᠲᠧᠭᠨᠢᠭ ᠮᠡᠷᠭᠡᠵᠢᠯ᠂ ᠡᠮ ᠡᠮᠨᠡᠯᠭᠡ ᠶᠢᠨ ᠠᠵᠤ ᠦᠢᠯᠡᠰ ᠤᠨ ᠴᠡᠴᠡᠭᠯᠡᠨ ᠪᠤᠵᠠᠭᠠᠶᠢᠷᠠᠬᠤ ᠶᠢ ᠠᠬᠢᠭᠤᠯᠤᠨ᠎ᠠ᠃         ᠬᠤᠶᠠᠷ᠂ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠬᠦᠭᠵᠢᠯᠲᠡ ᠶᠢᠨ ᠰᠢᠨ᠎ᠡ ᠶᠢ ᠡᠭᠦᠳᠦᠨ᠎ᠡ᠃        ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠳᠣᠬᠢᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠣᠷᠣᠨ ᠪᠦᠰᠡ ᠶᠢᠨ ᠴᠢᠨᠠᠷᠲᠠᠶ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠲᠡᠤᠬᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠬᠤ ᠶᠢ ᠶᠡᠬᠡᠪᠡᠷ ᠳᠡᠮᠵᠢᠵᠦ᠂ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠣᠨᠣᠰᠢᠯᠠᠨ ᠡᠮᠨᠡᠬᠦ ᠮᠡᠷᠭᠡᠵᠢᠯ ᠪᠠ ᠵᠣᠷ ᠤᠨ ᠡᠮ ᠢ ᠪᠢᠴᠢᠵᠦ ᠣᠷᠣᠭᠤᠯᠬᠤ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠬᠤ ᠶᠢᠨ ᠬᠠᠮᠲᠤ᠂ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠤᠯᠠᠮᠵᠢᠯᠠᠨ ᠵᠠᠯᠭᠠᠮᠵᠢᠯᠠᠬᠤ ᠪᠠ ᠳᠡᠯᠭᠡᠷᠡᠭᠦᠯᠦᠨ ᠬᠡᠷᠡᠭᠯᠡᠬᠦ ᠪᠦᠲᠦᠮᠵᠢᠲᠡᠶ ᠠᠷᠭ᠎ᠠ ᠶᠢ ᠰᠦᠪᠡᠭᠴᠢᠯᠡᠨ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠰᠢᠨ᠎ᠡ ᠶᠢ ᠡᠭᠦᠳᠬᠦ ᠴᠢᠳᠠᠪᠤᠷᠢ ᠲᠠᠢ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠰᠢᠨ᠎ᠡ ᠮᠠᠶ᠋ᠢᠭ ᠤᠨ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠰᠢᠨ᠎ᠡ ᠶᠢ ᠡᠭᠦᠳᠬᠦ ᠴᠢᠳᠠᠪᠤᠷᠢ ᠪᠠ ᠣᠨᠣᠰᠢᠯᠠᠨ ᠵᠠᠰᠠᠬᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠦᠶ᠋ᠯᠡᠴᠢᠯᠡᠭᠡᠨ ᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠦᠶ᠋ᠯᠡᠰ ᠤᠨ ᠬᠥᠭᠵᠢᠯᠲᠡ ᠶᠢᠨ ᠣᠨᠴᠠᠯᠢᠭ ᠢ ᠲᠦᠷᠭᠡᠳᠬᠡᠨ ᠪᠣᠶ ᠪᠣᠯᠭᠠᠵᠤ᠂ ᠬᠢᠲᠠᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠶᠢᠨ ᠦᠶ᠋ᠯᠡᠴᠢᠯᠡᠭᠡᠨ ᠤ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠬᠤ ᠳᠤ ᠬᠤᠪᠢ ᠨᠡᠮᠡᠷᠢ ᠦᠵᠡᠭᠦᠯᠦᠨ᠎ᠡ᠃          ᠭᠤᠷᠪᠠ᠂ ᠰᠢᠨ᠎ᠡ ᠶᠢ ᠡᠭᠦᠳᠬᠦ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃       ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠤᠨ ᠠᠮᠢ ᠠᠬᠤᠶ ᠶᠢᠨ ᠣᠷᠴᠢᠨ ᠲᠣᠭᠤᠷᠢᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠤᠳᠤᠯᠭᠠᠨ ᠢᠶᠠᠷ ᠭᠤᠣᠯ ᠪᠣᠯᠭᠠᠭᠰᠠᠨ ᠮᠡᠳᠡᠯᠭᠡ ᠶᠢᠨ ᠰᠢᠨ᠎ᠡ ᠶᠢ ᠡᠭᠦᠳᠬᠦ ᠰᠢᠰᠲ᠋ᠧᠮ᠂ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠬᠡᠷᠡᠭᠯᠡᠭᠡᠨ ᠤ ᠰᠤᠳᠤᠯᠭᠠᠨ ᠢᠶᠠᠷ ᠭᠤᠣᠯ ᠪᠣᠯᠭᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ ᠰᠢᠨᠵᠢᠯᠡᠭᠡᠨ ᠤ ᠰᠠᠯᠠᠭᠠᠨ ᠤ ᠬᠡᠯᠬᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶᠡᠨ ᠤ ᠠᠵᠤ ᠦᠢᠯᠡᠰ ᠤᠨ ᠬᠡᠯᠬᠢᠶ᠎ᠡ ᠪᠠ ᠦᠢᠯᠡᠴᠢᠯᠡᠭᠡᠨ ᠤ ᠬᠡᠯᠬᠢᠶ᠎ᠡ ᠲᠠᠢ ᠨᠢᠭᠲᠠ ᠵᠣᠯᠭᠠᠭᠤᠯᠬᠤ ᠶᠢ ᠤᠯᠠᠮ ᠲᠦᠷᠭᠡᠳᠭᠡᠨ᠂ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠲᠦᠷᠭᠡᠳᠭᠡᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠶᠢ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠲᠠᠢ ᠵᠣᠯᠭᠠᠭᠤᠯᠬᠤ ᠲᠣᠭᠲᠠᠴᠠ ᠶᠢ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠦᠶ᠋ᠯᠡᠴᠢᠯᠡᠭᠡᠨ ᠤ ᠴᠢᠭᠯᠡᠭᠦᠯᠦᠯᠲᠦ ᠴᠢᠨᠠᠷ ᠢ ᠴᠢᠩᠭᠠᠷᠠᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠠᠵᠤ ᠠᠬᠤᠶᠢᠯᠠᠯ ᠯᠤᠭ᠎ᠠ ᠵᠣᠯᠭᠠᠭᠤᠯᠬᠤ ᠲᠣᠭᠲᠠᠴᠠ ᠪᠠ ᠨᠡᠶᠢᠭᠡᠮ ᠤᠨ ᠨᠡᠶᠢᠲᠡᠯᠡᠬᠦ ᠲᠠᠪᠴᠠᠩ ᠢ ᠪᠠᠶᠢᠭᠤᠯᠤᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠪᠣᠳᠠᠲᠤ ᠦᠶ᠋ᠯᠡᠳᠪᠦᠷᠢᠯᠡᠯ ᠤᠨ ᠬᠦᠴᠦᠨ ᠪᠣᠯᠭᠠᠨ ᠪᠦᠲᠦᠮᠵᠢᠲᠡᠶ ᠬᠤᠪᠢᠷᠠᠭᠤᠯᠬᠤ ᠶᠢ ᠲᠦᠷᠭᠡᠳᠬᠡᠵᠦ᠂ ᠬᠢᠶ᠎ᠠ ᠪᠠᠭᠰᠢ ᠲᠣᠭᠤᠷᠢᠭ ᠤᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠩᠭ᠎ᠠ ᠬᠦᠴᠦᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ︽ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ︾ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠷᠭᠠᠨ ᠬᠥᠮᠦᠵᠢᠯ ᠤᠨ ᠠᠵᠢᠯᠯᠠᠭ᠎ᠠ ᠶᠢ ᠦᠷᠨᠢᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠠᠷ ᠬᠥᠳᠡᠯᠦᠨ ᠦᠶ᠋ᠯᠡᠳᠦᠯᠭᠡᠵᠢᠭᠦᠯᠬᠦ ᠴᠢᠳᠠᠪᠤᠷᠢ᠂ ᠵᠠᠮ ᠨᠡᠭᠡᠭᠡᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ ᠬᠥᠮᠦᠵᠢᠭᠦᠯᠵᠦ᠂ ᠰᠤᠷᠤᠭᠴᠢᠳ ᠤᠨ ᠥᠯᠥ ᠮᠡᠳᠡᠬᠦ ᠰᠢᠨᠵᠢᠯᠡᠬᠦ ᠤᠬᠠᠭᠠᠨ ᠢ ᠬᠠᠶᠢᠨ ᠰᠦᠪᠡᠭᠴᠢᠯᠡᠬᠦ ᠡᠷᠳᠡᠮ ᠰᠤᠷᠬᠤ ᠬᠦᠰᠡᠯ ᠢ ᠬᠦᠴᠦᠯᠡᠨ ᠬᠥᠮᠦᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠰᠤᠷᠭᠠᠨ ᠬᠥᠮᠦᠵᠢᠯ ᠤᠨ ᠨᠠᠩ ᠪᠦᠲᠦᠮᠵᠢᠲᠡᠶ ᠬᠠᠮᠲᠤᠷᠠᠯᠴᠠᠬᠤ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠤᠨ ᠨᠢᠭᠲᠠ ᠠᠭᠤᠰᠤᠯᠴᠠᠬᠤ ᠶᠢ ᠠᠬᠢᠭᠤᠯᠤᠨ᠂ ᠰᠤᠷᠤᠭᠴᠢᠳ ᠤᠨ ᠰᠢᠨ᠎ᠡ ᠶᠢ ᠡᠭᠦᠳᠬᠦ ᠰᠡᠳᠬᠢᠬᠦᠶ ᠪᠠ ᠴᠢᠳᠠᠪᠤᠷᠢ ᠶᠢ ᠬᠥᠮᠦᠵᠢᠭᠦᠯᠬᠦ ᠶᠢ ᠠᠬᠢᠭᠤᠯᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠵᠡᠯ ᠤᠬᠠᠮᠰᠠᠷ ᠢ ᠬᠥᠮᠦᠵᠢᠭᠦᠯᠦᠨ᠎ᠡ᠃         ᠳᠥᠷᠪᠡᠳᠦᠭᠡᠷ ᠪᠦᠯᠦᠭ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ                               ᠴᠢᠳᠠᠪᠤᠷᠢ ᠶᠢᠨ ᠳᠡᠰ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ         ᠨᠢᠭᠡ᠂ ᠬᠤᠲᠠ ᠶᠢᠨ ᠠᠮᠢ ᠠᠬᠤᠶ ᠶᠢᠨ ᠦᠵᠡᠮᠵᠢ ᠶᠢᠨ ᠬᠡᠷᠡᠭᠯᠡᠯᠲᠡ ᠪᠠ ᠮᠡᠷᠭᠡᠵᠢᠯ ᠤᠨ ᠰᠢᠨ᠎ᠡ ᠶᠢ ᠡᠭᠦᠳᠦᠨ᠎ᠡ᠃         ︵ᠨᠢᠭᠡ︶ ᠬᠤᠳᠠ ᠶᠢᠨ ᠠᠮᠢ ᠠᠬᠤᠶ ᠶᠢᠨ ᠦᠵᠡᠮᠵᠢ ᠶᠢᠨ ᠵᠢᠷᠤᠭᠯᠠᠨ ᠲᠥᠯᠥᠪᠯᠡᠬᠦ ᠴᠢᠳᠠᠪᠤᠷᠢ ᠪᠠ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠠᠮᠢ ᠠᠬᠤᠶ ᠶᠢᠨ ᠮᠡᠷᠭᠡᠵᠢᠯ᠂ ᠠᠮᠢ ᠠᠬᠤᠶ ᠶᠢᠨ ᠦᠷ᠎ᠡ ᠠᠰᠢᠭ᠂ ᠠᠮᠢ ᠠᠬᠤᠶ ᠶᠢᠨ ᠲᠣᠭᠲᠠᠴᠠ ᠵᠡᠷᠭᠡ ᠵᠢᠷᠤᠵᠤ ᠲᠥᠯᠥᠪᠯᠡᠬᠦ ᠮᠡᠷᠭᠡᠵᠢᠯ ᠤᠨ ᠭᠦᠢᠴᠡᠳᠬᠡᠬᠦ ᠲᠣᠭᠠᠨ ᠤ ᠰᠢᠰᠲ᠋ᠧᠮ ᠤᠨ ᠰᠤᠳᠤᠯᠭᠠᠨ ᠢ ᠥᠷᠨᠢᠭᠦᠯᠵᠦ᠂ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠭᠠᠳᠠᠭᠰᠢᠯᠠᠭᠤᠯᠤᠯᠲᠠ ᠪᠠᠷ ᠪᠠᠭ᠎ᠠ ᠬᠤᠳᠠ ᠶᠢᠨ ᠠᠮᠢ ᠠᠬᠤᠶ ᠶᠢᠨ ᠦᠵᠡᠮᠵᠢ ᠶᠢ ᠪᠦᠳᠦᠭᠡᠨ ᠪᠠᠶᠢᠭᠤᠯᠵᠤ᠂ ᠬᠤᠳᠠ ᠶᠢᠨ ᠦᠵᠡᠮᠵᠢ ᠶᠢ ᠨᠡᠭᠡᠭᠡᠨ ᠬᠥᠭᠵᠢᠭᠦᠯᠬᠦ ᠪᠠ ᠠᠮᠢ ᠠᠬᠤᠶ ᠶᠢᠨ ᠬᠠᠮᠠᠭᠠᠯᠠᠯᠲᠠ ᠶᠢ ᠵᠣᠬᠢᠴᠠᠩᠭᠤᠶ ᠪᠠᠷ ᠬᠥᠭᠵᠢᠭᠦᠯᠬᠦ ᠶᠢ ᠪᠡᠶᠡᠯᠡᠭᠦᠯᠵᠦ᠂ ᠠᠮᠢ ᠠᠬᠤᠶ ᠶᠢᠨ ᠬᠤᠳᠠ ᠶᠢᠨ ᠡᠯ᠎ᠡ ᠵᠦᠢᠯ ᠤᠨ ᠴᠢᠳᠠᠮᠵᠢ ᠶᠢᠨ ᠬᠡᠷᠡᠭᠴᠡᠭᠡ ᠶᠢ ᠬᠠᠩᠭᠠᠵᠤ ᠪᠠᠶᠢᠭᠠᠳ ᠬᠤᠳᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠠ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠎ᠡ᠃ ᠤᠮᠠᠷᠠᠲᠤ ᠣᠷᠣᠨ ᠤ ᠪᠣᠬᠢᠷᠲᠤᠯ ᠪᠠᠭ᠎ᠠ ᠭᠠᠳᠠᠭᠰᠢᠯᠠᠭᠤᠯᠬᠤ ᠤᠰᠤ ᠠᠷᠪᠢᠯᠠᠬᠤ ᠬᠡᠯᠪᠡᠷᠢ ᠶᠢᠨ ᠬᠤᠳᠠ ᠶᠢᠨ ᠦᠵᠡᠮᠵᠢ ᠶᠢᠨ ᠤᠷᠭᠤᠮᠠᠯ ᠲᠠᠷᠢᠬᠤ ᠮᠡᠷᠭᠡᠵᠢᠯ ᠬᠢᠭᠡᠳ ᠤᠷᠭᠤᠮᠠᠯ ᠤᠨ ᠠᠮᠢ ᠠᠬᠤᠶ ᠶᠢ ᠰᠡᠷᠭᠦᠭᠡᠬᠦ ᠮᠡᠷᠭᠡᠵᠢᠯ ᠢ ᠬᠠᠶᠢᠨ ᠰᠦᠪᠡᠭᠴᠢᠯᠡᠨ᠎ᠡ᠃ ᠤᠰᠤ ᠠᠷᠪᠢᠯᠠᠬᠤ ᠬᠡᠯᠪᠡᠷᠢ ᠶᠢᠨ ᠬᠤᠳᠠ ᠶᠢᠨ ᠤᠰᠤᠨ ᠴᠣᠭᠴᠠ ᠶᠢᠨ ᠦᠵᠡᠮᠵᠢ ᠶᠢ ᠠᠮᠢ ᠠᠬᠤᠶᠢᠵᠢᠭᠤᠯᠤᠨ ᠵᠢᠷᠤᠵᠤ ᠲᠥᠯᠥᠪᠯᠡᠬᠦ ᠮᠡᠷᠭᠡᠵᠢᠯ ᠤᠨ ᠬᠡᠷᠡᠭᠯᠡᠯᠲᠡ ᠪᠠ ᠰᠤᠳᠤᠯᠭᠠᠨ ᠢ ᠥᠷᠨᠢᠭᠦᠯᠦᠨ᠎ᠡ᠃          ︵ᠬᠤᠶᠠᠷ︶ ᠬᠤᠲᠠ ᠶᠢᠨ ᠠᠮᠢ ᠠᠬᠤᠶ ᠶᠢᠨ ᠵᠠᠰᠠᠯᠲᠠ ᠶᠢᠨ ᠣᠶᠤᠨᠴᠢ ᠬᠡᠷᠡᠭᠯᠡᠭᠡᠨ ᠤ ᠮᠡᠷᠭᠡᠵᠢᠯ ᠢ ᠬᠥᠭᠵᠢᠭᠦᠯᠦᠨ᠎ᠡ᠃         ᠢᠨᠲ᠋ᠧᠷ ᠰᠦᠯᠵᠢ‍‌ᠡᠶ᠎ᠡ᠂ ᠲᠤᠮᠤ ᠳ᠋ᠠᠶᠢᠲ᠋ᠠ᠂ ᠡᠭᠦᠯᠡᠨ ᠪᠤᠳᠤᠯᠳᠠ ᠪᠣᠯᠤᠨ ᠵᠣᠬᠢᠶᠠᠮᠠᠯ ᠤᠶᠤᠨ ᠴᠢᠳᠠᠪᠤᠷᠢ ᠵᠡᠷᠭᠡ ᠣᠶᠤᠨᠴᠢ ᠮᠡᠷᠭᠡᠵᠢᠯ ᠢ ᠭᠦᠢᠴᠡᠳ ᠠᠰᠢᠭᠯᠠᠵᠤ᠂ ︽ᠤᠶᠤᠨᠲᠤ ᠠᠮᠢ ᠠᠬᠤᠢ︾ ᠶᠢ ᠬᠦᠴᠦᠯᠡᠨ ᠪᠠᠶᠢᠭᠤᠯᠵᠤ᠂ ᠠᠮᠢ ᠠᠬᠤᠢ ᠶᠢᠨ ᠵᠠᠰᠠᠯᠲᠠ ᠶᠢᠨ ᠮᠡᠷᠭᠡᠵᠢᠯ ᠤᠨ ᠣᠳᠣᠬᠢᠴᠢᠯᠠᠯᠲᠠ ᠪᠠᠷ ᠠᠮᠢ ᠠᠬᠤᠢ ᠶᠢᠨ ᠵᠠᠰᠠᠯᠲᠠ ᠶᠢᠨ ᠣᠳᠣᠬᠢᠴᠢᠯᠠᠯᠲᠠ ᠶᠢ ᠦᠨᠡᠨᠬᠦ ᠠᠬᠢᠭᠤᠯᠬᠤ ᠬᠡᠷᠡᠭᠲᠡᠢ᠃ ᠢᠨᠲ᠋ᠧᠷ ᠰᠦᠯᠵᠢᠶᠡᠨ ᠤ ᠮᠡᠷᠭᠡᠵᠢᠯ ᠳᠤ ᠲᠦᠰᠢᠭᠯᠡᠪᠡᠯ᠂ ᠠᠮᠢ ᠠᠬᠤᠢ ᠶᠢᠨ ᠵᠠᠰᠠᠯᠲᠠ ᠶᠢᠨ ᠭᠤᠣᠯ ᠴᠣᠭᠴᠠ ᠴᠠᠭ ᠬᠤᠭᠤᠴᠠᠭ᠎ᠠ ᠪᠠ ᠣᠷᠣᠨ ᠵᠠᠢ ᠶᠢᠨ ᠬᠠᠷᠰᠢ ᠰᠠᠭᠠᠳ ᠢ ᠳᠠᠪᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠪᠦᠷᠬᠦᠴᠡ ᠶᠢᠨ ᠬᠡᠪᠴᠢ‍‌ᠡᠶ᠎ᠡ ᠶᠢ ᠳᠠᠰᠤᠷᠠᠯᠳᠠᠲᠤᠮᠤ ᠳ᠋ᠠᠶᠢᠲ᠋ᠠ ᠶᠢᠨ ᠮᠡᠷᠭᠡᠵᠢᠯ ᠢ ᠠᠰᠢᠭᠯᠠᠨ ᠣᠷᠴᠢᠨ ᠲᠣᠭᠤᠷᠢᠨ ᠤ ᠵᠠᠰᠠᠯᠲᠠ ᠶᠢ ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠡᠮᠬᠢᠯᠡᠬᠦ᠂ ᠬᠥᠳᠡᠯᠦᠩᠭᠦᠢ ᠪᠠᠷ ᠮᠥᠷᠳᠡᠨ ᠬᠠᠮᠢᠶᠠᠷᠬᠤ ᠪᠠ ᠶᠡᠷᠦᠩᠬᠡᠶᠢᠯᠡᠨ ᠵᠠᠳᠠᠯᠵᠤ᠂ ᠠᠮᠢ ᠠᠬᠤᠢ ᠶᠢᠨ ᠬᠢᠨᠠᠨ ᠬᠡᠮᠵᠢᠯᠲᠡ ᠶᠢᠨ ᠠᠭᠤᠯᠭ᠎ᠠ ᠶᠢ ᠨᠡᠩ ᠨᠠᠷᠢᠯᠢᠭ ᠪᠣᠯᠭᠠᠵᠤ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ ︽ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ︾ ᠢᠶᠠᠷ ᠠᠮᠢ ᠠᠬᠤᠢ ᠶᠢᠨ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠴᠠᠭ ᠦᠶ᠎ᠡ ᠶᠢᠨ ᠠᠮᠢ ᠠᠬᠤᠢ ᠶᠢᠨ ᠵᠠᠰᠠᠯᠲᠠ ᠶᠢᠨ ᠠᠷᠭ᠎ᠠ ᠬᠡᠯᠪᠡᠷᠢ ᠶᠢ ᠢᠳᠡᠪᠬᠢᠲᠡᠢ ᠨᠡᠭᠡᠭᠡᠨ ᠰᠢᠨᠡᠴᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠠᠯ᠎ᠠ ᠪᠠᠷ ᠬᠢ ᠭᠤᠣᠯᠯᠠᠭᠴᠢ ᠤᠶᠤᠨᠲᠤ ᠮᠡᠷᠭᠡᠵᠢᠯ ᠢ ᠰᠢᠪᠲᠤᠯᠵᠤ᠂ ᠪᠣᠬᠢᠷᠲᠤᠯ ᠦᠭᠡᠢ ᠤᠶᠤᠨᠲᠤ ᠮᠡᠷᠭᠡᠵᠢᠯ ᠢᠶᠠᠷ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃         ᠬᠤᠶᠠᠷ᠂ ᠤᠰᠤᠨ ᠤ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠠᠰᠢᠭᠯᠠᠵᠤ ᠨᠡᠭᠡᠭᠡᠨ ᠬᠥᠭᠵᠢᠭᠦᠯᠬᠦ ᠮᠡᠷᠭᠡᠵᠢᠯ ᠢ ᠬᠥᠭᠵᠢᠭᠦᠯᠦᠨ᠎ᠡ᠃         ︵ᠨᠢᠭᠡ︶ ᠤᠰᠤᠨ ᠤ ᠡᠬᠢ ᠪᠠᠶᠠᠯᠢᠭ ᠤᠨ ᠣᠶᠤᠨᠴᠢ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃         ᠲᠣᠮᠣ ᠳ᠋ᠠᠶᠢᠲ᠋ᠠ ᠶᠢᠨ ᠬᠠᠳᠠᠭᠠᠯᠠᠯᠲᠠ᠂ ᠠᠯᠤᠰ ᠡᠵᠡᠮᠰᠢᠯᠳᠦ ᠵᠢᠷᠤᠭ ᠳᠦᠷᠰᠦ᠂ ᠵᠣᠬᠢᠶᠠᠮᠠᠯ ᠣᠶᠤᠨ ᠴᠢᠳᠠᠪᠤᠷᠢ᠂ ᠲᠠᠷᠬᠠᠮᠠᠯ ᠮᠠᠶ᠋ᠢᠭ ᠤᠨ ᠪᠣᠳᠣᠯᠭ᠎ᠠ ᠵᠡᠷᠭᠡ ᠰᠢᠨ᠎ᠡ ᠮᠡᠷᠭᠡᠵᠢᠯ ᠤᠨ ᠬᠡᠷᠡᠭᠯᠡᠭᠡᠨ ᠳᠤ ᠰᠠᠭᠤᠷᠢᠯᠠᠵᠤ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠠᠰᠢᠭᠯᠠᠬᠤ ᠪᠠ ᠬᠠᠮᠢᠶᠠᠷᠬᠤ ᠵᠢᠴᠢ ᠤᠰᠤᠨ ᠠᠰᠢᠭᠯᠠᠯᠲᠠ ᠶᠢᠨ ᠣᠷᠣᠨ ᠵᠠᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠶᠢ ᠶᠡᠷᠦᠩᠬᠡᠶᠢᠯᠡᠨ ᠵᠠᠳᠠᠯᠬᠤ᠂ ᠥᠨᠳᠥᠷ ᠦᠷ᠎ᠡ ᠪᠦᠲᠦᠮᠵᠢᠲᠡᠶ ᠬᠠᠳᠠᠭᠠᠯᠠᠬᠤ᠂ ᠭᠦᠨᠵᠡᠭᠡᠶ ᠠᠭᠤᠳᠠᠯᠤᠨ ᠵᠠᠳᠠᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ᠂ ᠣᠷᠣᠨ ᠵᠠᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠷᠢᠯᠴᠠᠨ ᠬᠤᠯᠪᠣᠭᠠᠯᠠᠬᠤ ᠪᠠ ᠬᠠᠮᠲᠤᠪᠠᠷ ᠡᠳᠡᠯᠡᠬᠦ ᠶᠢ ᠪᠡᠶᠡᠯᠡᠭᠦᠯᠦᠨ᠂ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠤᠨ ᠡᠨᠧᠷᠭᠢ ᠣᠯᠭᠤᠬᠤ ᠶᠢ ᠪᠡᠶᠡᠯᠡᠭᠦᠯᠵᠦ᠂ ᠬᠢᠶ᠎ᠠ ᠪᠠᠭᠰᠢ ᠲᠣᠭᠤᠷᠢᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃         ︵ᠬᠤᠶᠠᠷ︶ ᠤᠰᠤᠨ ᠤ ᠡᠬᠢ ᠪᠠᠶᠠᠯᠢᠭ ᠤᠨ ᠳᠠᠭᠢᠨ ᠠᠰᠢᠭᠯᠠᠬᠤ ᠰᠢᠨ᠎ᠡ ᠮᠡᠷᠭᠡᠵᠢᠯ ᠢ ᠰᠤᠳᠣᠯᠠᠨ ᠬᠡᠷᠡᠭᠵᠢᠭᠦᠯᠦᠨ᠎ᠡ᠃         ᠬᠤᠲᠠ ᠪᠠᠯᠭᠠᠰᠤᠨ ᠤ ᠠᠮᠢᠳᠤᠷᠠᠯ ᠤᠨ ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠤᠷᠮᠠᠰᠢᠭᠤᠯᠬᠤ ᠲᠣᠭᠲᠠᠴᠠ ᠶᠢ ᠰᠤᠳᠤᠯᠵᠤ᠂ ᠬᠤᠲᠠ ᠭᠦᠳᠡᠭᠡᠨ ᠤ ᠠᠮᠢᠳᠤᠷᠠᠯ ᠤᠨ ᠤᠰᠤᠨ ᠤ ᠦᠨ᠎ᠡ ᠪᠠ ᠠᠮᠢᠳᠤᠷᠠᠯ ᠤᠨ ᠤᠰᠤ ᠠᠷᠪᠢᠯᠠᠬᠤ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠴᠦ᠂ ᠬᠤᠲᠠ ᠪᠠᠯᠭᠠᠰᠤᠨ ᠤ ᠠᠮᠢᠳᠤᠷᠠᠯ ᠤᠨ ᠤᠰᠤ ᠠᠷᠪᠢᠯᠠᠬᠤ ᠪᠠᠭᠠᠵᠢ ᠬᠡᠷᠡᠭᠰᠡᠯ ᠤᠨ ᠲᠦᠭᠡᠮᠡᠯᠵᠢᠯᠲᠡ ᠶᠢ ᠲᠦᠷᠭᠡᠳᠬᠡᠨ᠎ᠡ᠃ ᠨᠥᠬᠦᠴᠡᠯ ᠢᠶᠠᠷ ᠨᠡᠯᠢᠶᠡᠳ ᠰᠠᠶᠢᠨ ᠨᠡᠶᠢᠭᠡᠮ ᠲᠣᠭᠤᠷᠢᠭ ᠢ ᠰᠣᠩᠭᠤᠵᠤ ᠤᠤᠭᠤᠬᠤ ᠤᠰᠤ ᠶᠢ ᠴᠡᠪᠡᠷᠰᠢᠭᠦᠯᠬᠦ᠂ ᠠᠮᠢᠳᠤᠷᠠᠯ ᠤᠨ ᠤᠰᠤ ᠠᠷᠪᠢᠯᠠᠬᠤ ᠪᠠ ᠠᠮᠢᠳᠤᠷᠠᠯ ᠤᠨ ᠪᠣᠬᠢᠷ ᠤᠰᠤ ᠶᠢ ᠳᠠᠬᠢᠵᠦ ᠡᠭᠡᠭᠦᠯᠦᠨ ᠬᠡᠷᠡᠭᠯᠡᠬᠦ ᠮᠡᠷᠭᠡᠵᠢᠯ ᠢ ᠲᠥᠪᠯᠡᠷᠡᠭᠦᠯᠦᠨ ᠬᠡᠷᠡᠭᠯᠡᠬᠦ ᠶᠢ ᠥᠷᠨᠢᠭᠦᠯᠵᠦ᠂ ᠬᠤᠲᠠ ᠪᠠᠯᠭᠠᠰᠣᠨ ᠤ ᠤᠰᠤ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠶᠢᠨ ᠰᠢᠨ᠎ᠡ ᠶᠢ ᠡᠭᠦᠳᠴᠦ ᠵᠢᠱᠢᠶ᠎ᠡ ᠦᠵᠡᠭᠦᠯᠬᠦ ᠶᠢ ᠪᠡᠶᠡᠯᠡᠭᠦᠯᠦᠨ᠎ᠡ᠃         ︵ᠭᠤᠷᠪᠠ︶ ᠤᠰᠤᠨ ᠤ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠠᠰᠢᠭᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃        ᠬᠤᠲᠠ ᠲᠣᠭᠤᠷᠢᠭ ᠤᠨ ᠴᠢᠬᠤᠯᠠ ᠶᠡᠭᠡ ᠤᠰᠤ ᠠᠷᠪᠢᠯᠠᠬᠤ ᠤᠰᠤ ᠵᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠭᠤᠤᠯ ᠤᠨ ᠵᠠᠮ ᠤᠨ ᠤᠰᠤᠨ ᠤ ᠠᠮᠢ ᠠᠬᠤᠶ ᠶᠢ ᠰᠡᠷᠭᠦᠭᠡᠬᠦ᠂ ᠭᠤᠤᠯ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ᠂ ᠪᠣᠬᠢᠷ ᠤᠰᠤ ᠶᠢ ᠰᠢᠶ᠋ᠳᠪᠦᠷᠢᠯᠡᠬᠦ᠂ ᠪᠣᠬᠢᠷ ᠰᠢᠪᠠᠷ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠰᠤᠳᠤᠯᠭᠠᠨ ᠢ ᠴᠢᠩᠭᠠᠳᠬᠠᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠥᠨᠳᠥᠷ ᠦᠷ᠎ᠡ ᠪᠦᠲᠦᠮᠵᠢᠲᠡᠶ ᠠᠰᠢᠭᠯᠠᠬᠤ ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ ᠶᠢ ᠥᠷᠨᠢᠭᠦᠯᠵᠦ ᠂ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠨ᠎ᠠ᠃ ᠤᠰᠤᠨ ᠤ ᠶᠠᠪᠤᠳᠠᠯ ᠤᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠨᠢᠭᠲᠠᠷᠠᠭᠤᠯᠵᠤ᠂ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡᠨ ᠤ ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠲᠡᠷᠢᠭᠦᠨ ᠤ ᠬᠡᠷᠡᠭᠯᠡᠭᠡᠨ ᠤ ᠦᠷ᠎ᠡ ᠪᠦᠲᠦᠭᠡᠯ ᠤᠨ ᠭᠠᠷᠴᠠᠭ ᠢ ᠲᠠᠨᠢᠯᠴᠠᠭᠤᠯᠤᠨ ᠨᠡᠶᠢᠲᠡᠯᠡᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠨ᠂ ᠰᠢᠨ᠎ᠡ ᠮᠡᠷᠭᠡᠵᠢᠯ ᠰᠢᠨ᠎ᠡ ᠠᠷᠭ᠎ᠠ ᠶᠢ ᠳᠡᠯᠭᠡᠷᠡᠭᠦᠯᠵᠦ᠂ ᠠᠵᠤ ᠠᠬᠤᠶᠢᠯᠠᠯ ᠪᠣᠯᠤᠨ ᠡᠯ᠎ᠡ ᠲᠥᠷᠥᠯ ᠤᠨ ᠪᠠᠶᠢᠭᠤᠯᠤᠮᠵᠢ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠵᠢᠱᠢᠶ᠎ᠡ ᠦᠵᠡᠭᠦᠯᠦᠨ ᠬᠡᠷᠡᠭᠯᠡᠬᠦ ᠳᠤ ᠣᠷᠣᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠶ᠋ᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠣᠨ᠎ᠠ᠃          ᠭᠤᠷᠪᠠ᠂ ᠬᠤᠳᠠ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ ᠠᠰᠢᠭᠯᠠᠬᠤ ᠮᠡᠷᠭᠡᠵᠢᠯ ᠢ ᠬᠥᠭᠵᠢᠭᠦᠯᠦᠨ᠎ᠡ᠃          ︵ᠨᠢᠭᠡ︶ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ᠣᠷᠳᠣᠰ ᠤᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠪᠠ ᠰᠤᠳᠤᠯᠭᠠᠨ ᠤ ᠬᠦᠷᠢᠶᠡᠯᠡᠩ ᠳᠤ ᠲᠦᠰᠢᠭᠯᠡᠨ᠂ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠶ᠋ᠯᠡᠰ ᠤᠨ ᠬᠡᠯᠪᠡᠷᠢ ᠶᠢ ᠬᠤᠪᠢᠷᠠᠭᠤᠯᠬᠤ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠵᠡᠷᠭᠡ ᠣᠯᠠᠨ ᠵᠦᠶ᠋ᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠨᠡᠭᠦᠷᠡᠰᠦᠲᠥ᠋ᠷᠥᠭᠴᠢ ᠶᠢᠨ ᠣᠷᠭᠢᠯ ᠳᠤ ᠬᠥᠷᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠ ᠬᠠᠷᠠᠯᠲᠠ ᠶᠢᠨ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ᠂ ᠡᠨᠧᠷᠭᠢ ᠶᠢᠨ ᠬᠤᠷᠣᠭᠳᠠᠯ ᠢ ᠪᠠᠭᠠᠰᠬᠠᠬᠤ᠂ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠠᠯ᠎ᠠ ᠪᠠᠷ ᠬᠠᠮᠢᠶ᠎ᠠ ᠪᠥᠬᠦᠶ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠥᠷᠨᠢᠭᠦᠯᠬᠦ ᠶᠢᠨ ᠬᠠᠮᠲᠤ᠂ ᠮᠡᠷᠭᠡᠵᠢᠯ ᠤᠨ ᠦᠷ᠎ᠡ ᠪᠦᠲᠦᠭᠡᠯ ᠢ ᠪᠥᠬᠦ ᠬᠤᠲᠠ ᠳᠤ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠦᠨ᠎ᠡ᠃ ᠠᠵᠤ ᠦᠶ᠋ᠯᠡᠳᠪᠦᠷᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠪᠠ ᠪᠣᠬᠢᠷᠲᠤᠯ ᠥᠬᠡᠶ ᠦᠶ᠋ᠯᠡᠳᠬᠦ ᠢᠨᠵᠧᠨᠧᠷᠢᠩ ᠢ ᠬᠡᠷᠡᠭᠵᠢᠭᠦᠯᠦᠨ᠎ᠡ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ ᠦᠨᠡᠯᠡᠨ ᠵᠢᠱᠢᠬᠦ ᠰᠢᠰᠲ᠋ᠧᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠮᠡᠷᠭᠡᠵᠢᠯ ᠪᠠ ᠦᠢᠯᠡᠳᠬᠦᠨ ᠢ ᠪᠠᠶᠢᠴᠠᠭᠠᠨ ᠰᠢᠯᠭᠠᠵᠤ ᠭᠡᠷᠡᠴᠢᠯᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶ᠋ᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠢᠭᠡ ᠪᠦᠯᠦᠭ ᠭᠤᠣᠯᠯᠠᠬᠤ ᠥᠷᠢᠰᠥᠯᠳᠦᠬᠦ ᠬᠦᠴᠦᠨ ᠲᠠᠢ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠪᠠ ᠪᠠᠶᠢᠴᠠᠭᠠᠨ ᠰᠢᠯᠭᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠵᠤ᠂ ᠨᠢᠭᠡ ᠪᠦᠯᠦᠭ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠠᠬᠢᠭᠤᠯᠬᠤ ᠲᠥᠪ ᠪᠠ ᠰᠣᠯᠢᠯᠴᠠᠨ ᠬᠤᠪᠢᠷᠠᠭᠤᠯᠬᠤ ᠲᠠᠪᠴᠠᠩ ᠢ ᠪᠠᠶᠢᠭᠤᠯᠵᠤ᠂ ᠨᠢᠭᠡ ᠪᠦᠯᠦᠭ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠶᠢᠨ ᠬᠤᠯᠪᠣᠭ᠎ᠠ᠂ ᠰᠤᠳᠤᠯᠭᠠᠨ ᠤ ᠰᠠᠭᠤᠷᠢᠨ ᠭᠠᠵᠠᠷ ᠵᠡᠷᠭᠡ ᠶᠢ ᠪᠠᠶᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠰᠢᠨ᠎ᠡ ᠮᠡᠷᠭᠡᠵᠢᠯ᠂ ᠰᠢᠨ᠎ᠡ ᠲᠣᠨᠣᠭᠯᠠᠯ ᠢ ᠲᠦᠷᠭᠡᠪᠴᠢᠯᠡᠨ ᠣᠷᠣᠭᠤᠯᠤᠨ ᠠᠪᠴᠢᠷᠠᠵᠤ᠂ ᠬᠤᠳᠠ ᠶᠢᠨ ᠤᠶᠤᠨᠲᠤ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠤᠶᠤᠨᠲᠤ ᠭᠡᠷ ᠤᠨ ᠬᠡᠷᠡᠭᠰᠡᠯ᠂ ᠤᠶᠤᠨᠲᠤ ᠠᠰᠠᠷ᠂ ᠤᠶᠤᠨᠲᠤ ᠵᠢᠵᠢᠭ ᠲᠣᠭᠤᠷᠢᠭ ᠪᠠ ᠤᠶᠤᠨᠲᠤ ᠦᠢᠯᠡᠳᠪᠦᠷᠢ ᠶᠢ ᠵᠣᠷᠢᠭᠵᠢᠭᠤᠯᠤᠨ ᠬᠥᠭᠵᠢᠭᠦᠯᠵᠦ᠂ ᠤᠶᠤᠨᠲᠤ ᠴᠠᠬᠢᠯᠭᠠᠨ ᠲᠣᠣᠷ᠂ ᠡᠨᠧᠷᠭᠢ ᠬᠠᠳᠠᠭᠠᠯᠠᠬᠤ ᠲᠥᠬᠦᠭᠡᠷᠦᠮᠵᠢ᠂ ᠲᠠᠷᠬᠠᠮᠠᠯ ᠮᠠᠶ᠋ᠢᠭ ᠤᠨ ᠡᠨᠧᠷᠭᠢ᠂ ᠤᠶᠤᠨᠲᠤ ᠴᠠᠬᠢᠯᠭᠠᠨ ᠬᠡᠷᠡᠭᠯᠡᠬᠦ ᠦᠵᠦᠭᠦᠷ ᠤᠨ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃           ︵ᠬᠤᠶᠠᠷ︶ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠡᠶᠢᠲᠡᠴᠢ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ ᠶᠢ ᠲᠦᠷᠭᠡᠳᠬᠡᠨ᠎ᠡ᠃         ᠥᠨᠳᠥᠷ ᠪᠦᠲᠦᠮᠵᠢᠲᠡᠶ ᠤᠲᠤᠭ᠎ᠠ ᠲᠣᠭᠤᠰᠣ ᠠᠷᠢᠯᠭᠠᠬᠤ ᠪᠠ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠬᠤ ᠶᠢ ᠨᠢᠭᠡ ᠴᠤᠭᠴᠠᠵᠢᠭᠤᠯᠬᠤ᠂ ᠥᠨᠳᠥᠷ ᠪᠦᠲᠦᠮᠵᠢᠲᠡᠶ ᠢᠯᠴᠢ ᠶᠢᠨ ᠬᠥᠭᠡᠷᠭᠡ᠂ ᠬᠠᠭᠠᠰ ᠳᠠᠮᠵᠢᠭᠤᠯᠤᠭᠴᠢ ᠶᠢᠨ ᠭᠡᠷᠡᠯᠲᠦᠭᠦᠯᠭᠡ᠂ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠵᠡᠷᠭᠡ ᠪᠣᠯᠪᠠᠰᠤᠷᠠᠩᠭᠤᠶ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ᠎ᠡ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠠᠮᠵᠢᠯᠴᠠᠭᠰᠠᠨ ᠦᠷ᠎ᠡ ᠠᠰᠢᠭ ᠢᠶᠠᠷ ᠲᠤᠪᠤᠶᠢᠮ᠎ᠠ᠂ ᠠᠵᠤ ᠦᠢᠯᠡᠰᠵᠢᠯᠲᠡ ᠶᠢᠨ ᠢᠷᠡᠭᠡᠳᠦᠶ ᠶᠢᠨ ᠲᠥᠯᠥᠪ ᠢᠶᠠᠷ ᠰᠠᠶᠢᠨ ᠨᠢᠭᠡ ᠪᠦᠯᠦᠭ ᠲᠡᠷᠢᠭᠦᠨ ᠤ ᠮᠡᠷᠭᠡᠵᠢᠯ ᠢ ᠰᠢᠯᠢᠨ ᠰᠣᠩᠭᠤᠵᠤ᠂ ᠰᠢᠰᠲ᠋ᠧᠮᠲᠦ ᠴᠢᠨᠠᠷᠲᠠᠶ ᠮᠡᠷᠭᠡᠵᠢᠯ ᠢ ᠰᠢᠶ᠋ᠳᠪᠦᠷᠢᠯᠡᠬᠦ ᠲᠥᠰᠦᠯ ᠢ ᠳᠡᠯᠭᠡᠷᠡᠭᠦᠯᠦᠨ᠎ᠡ᠃ ᠵᠢᠱᠢᠶ᠎ᠡ ᠦᠵᠡᠭᠦᠯᠬᠦ ᠦᠶ᠋ᠯᠡᠳᠦᠯ ᠲᠠᠢ᠂ ᠰᠠᠴᠤᠷᠠᠭ ᠤᠨ ᠦᠶ᠋ᠯᠡᠳᠦᠯ ᠢᠶᠠᠷ ᠴᠢᠩᠭ᠎ᠠ ᠨᠡᠶᠢᠭᠡᠮ ᠲᠣᠭᠤᠷᠢᠭ᠂ ᠨᠢᠭᠡᠴᠡ ᠶᠢ ᠰᠣᠩᠭᠤᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠠᠬᠤᠶᠢᠯᠠᠯ ᠤᠨ ᠦᠯᠡᠳᠡᠪᠦᠷᠢ ᠢᠯᠴᠢ ᠦᠯᠡᠳᠡᠪᠦᠷᠢ ᠡᠨᠧᠷᠭᠢ ᠶᠢᠨ ᠡᠬᠢ ᠪᠠᠶᠠᠯᠢᠭ ᠪᠠ ᠣᠷᠣᠨ ᠪᠦᠰᠡ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠡᠨᠧᠷᠭᠢ ᠶᠢ ᠱᠠᠲᠤᠯᠠᠨ ᠠᠰᠢᠭᠯᠠᠬᠤ ᠶᠢ ᠪᠡᠶᠡᠯᠡᠭᠦᠯᠦᠨ᠎ᠡ᠃ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠢᠰᠲ᠋ᠧᠮ ᠤᠨ ᠬᠤᠷᠠᠮᠠᠯ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠭᠦᠸᠧᠯᠦ ᠶᠢᠨ ᠰᠢᠰᠲ᠋ᠧᠮ᠂ ᠢᠯᠴᠢ ᠬᠠᠩᠭᠠᠬᠤ ᠰᠢᠰᠲ᠋ᠧᠮ᠂ ᠴᠠᠬᠢᠯᠭᠠᠨ ᠮᠠᠰᠢᠨ ᠤ ᠰᠢᠰᠲ᠋ᠧᠮ᠂ ᠭᠡᠷᠡᠯᠲᠦᠭᠦᠯᠭᠡ ᠶᠢᠨ ᠰᠢᠰᠲ᠋ᠧᠮ ᠵᠡᠷᠭᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃           ︵ᠭᠤᠷᠪᠠ︶ ︽ᠢᠨᠲ᠋ᠤᠷ ᠰᠦᠯᠵᠢᠶ᠎ᠡ +︾ ᠡᠬᠢ ᠪᠠᠶᠠᠯᠢᠭ ᠤᠨ ᠣᠷᠴᠢᠯᠳᠤᠭᠤᠯᠤᠨ ᠠᠰᠢᠭᠯᠠᠬᠤ ᠮᠡᠷᠭᠡᠵᠢᠯ ᠢ ᠦᠷᠭᠡᠳᠭᠡᠨ ᠬᠡᠷᠡᠭᠯᠡᠨ᠎ᠡ᠃        ᠬᠢᠶ᠎ᠠ ᠪᠠᠭᠰᠢ ᠲᠣᠭᠤᠷᠢᠭ ᠤᠨ ︽ᠢᠨᠲ᠋ᠤᠷ ᠰᠦᠯᠵᠢ᠊ ᠡᠶ᠎ᠡ +︾ ᠡᠬᠢ ᠪᠠᠶᠠᠯᠢᠭ ᠤᠨ ᠣᠷᠴᠢᠯᠳᠤᠭᠤᠯᠤᠨ ᠠᠰᠢᠭᠯᠠᠬᠤ ᠶᠢ ᠰᠢᠢᠳᠪᠦᠷᠢᠯᠡᠬᠦ ᠲᠥᠰᠦᠯ ᠢ ᠰᠦᠪᠡᠭᠴᠢᠯᠡᠨ ᠰᠤᠳᠤᠯᠵᠤ᠂ ᠢᠨᠲ᠋ᠤᠷ ᠰᠦᠯᠵᠢ᠊ ᠡᠶ᠎ᠡ ᠪᠣᠯᠤᠨ ᠡᠬᠢ ᠪᠠᠶᠠᠯᠢᠭ ᠢ ᠤᠷᠴᠢᠯᠵᠢᠭᠤᠯᠤᠨ ᠠᠰᠢᠭᠯᠠᠬᠤ ᠶᠢᠨ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠵᠣᠷᠢᠭᠵᠢᠭᠤᠯᠵᠤ᠂ ᠬᠤᠲᠠ ᠶᠢᠨ ᠨᠡᠶᠢᠲᠡᠯᠢᠭ ᠬᠠᠶᠠᠭᠳᠠᠮᠠᠯ ᠪᠣᠳᠠᠰ ᠢ ᠬᠠᠮᠵᠢᠯᠴᠠᠨ ᠰᠢᠶ᠋ᠳᠪᠦᠷᠢᠯᠡᠬᠦ ᠮᠡᠳᠡᠭᠡ ᠵᠠᠩᠭᠢ ᠶᠢ ᠴᠤᠭᠯᠠᠭᠤᠯᠬᠤ᠂ ᠰᠦᠯᠵᠢᠶᠡᠨ ᠳᠡᠭᠡᠷ᠎ᠡ ᠬᠢᠨᠠᠨ ᠬᠡᠮᠵᠢᠬᠦ ᠪᠠ ᠪᠣᠳᠠᠰ ᠤᠨ ᠭᠦᠶ᠋ᠯᠭᠡᠭᠡᠨ ᠤ ᠬᠠᠮᠢᠶᠠᠷᠤᠯᠲᠠ ᠶᠢ ᠥᠷᠨᠢᠭᠦᠯᠬᠦ ᠶᠢ ᠠᠬᠢᠭᠤᠯᠵᠤ᠂ ᠨᠥᠬᠦᠴᠡᠯ ᠲᠠᠢ ᠨᠡᠶᠢᠭᠡᠮ ᠲᠣᠭᠤᠷᠢᠭ᠂ ᠠᠵᠤ ᠠᠬᠤᠶᠢᠯᠠᠯ ᠤᠨ ᠬᠠᠶᠠᠭᠳᠠᠮᠠᠯ ᠪᠣᠳᠠᠰ ᠤᠨ ᠭᠦᠶ᠋ᠯᠭᠡᠭᠡᠨ ᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠪᠠ ᠣᠶᠤᠨᠴᠢ ᠪᠠᠷ ᠬᠠᠮᠢᠶᠠᠷᠬᠤ ᠶᠢ ᠵᠣᠷᠢᠭᠵᠢᠭᠤᠯᠤᠨ᠎ᠠ᠃ ︽ᠢᠨᠲ᠋ᠤᠷ ᠰᠦᠯᠵᠢᠶ᠎ᠡ +︾ ᠡᠭᠡᠭᠦᠯᠦᠨ ᠬᠤᠷᠢᠶᠠᠬᠤ ᠵᠠᠭᠪᠤᠷ ᠢ ᠳᠡᠯᠭᠡᠷᠡᠭᠦᠯᠵᠦ᠂ ᠬᠠᠶᠠᠭᠳᠠᠮᠠᠯ ᠪᠣᠳᠠᠰ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠠᠵᠤ ᠦᠶ᠋ᠯᠡᠰ ᠢ ᠬᠠᠮᠲᠤ ᠪᠠᠷ ᠵᠣᠯᠭᠠᠭᠤᠯᠬᠤ ᠶᠢ ᠵᠣᠷᠢᠭᠵᠢᠭᠤᠯᠤᠨ ᠥᠷᠨᠢᠭᠦᠯᠵᠦ᠂ ᠳᠠᠬᠢᠯᠲᠠ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠬᠥᠲᠥᠴᠢ ᠠᠵᠤ ᠠᠬᠤᠶᠢᠯᠠᠯ ᠤᠨ ᠰᠦᠯᠵᠢᠶᠡᠨ ᠠᠴᠠ ᠭᠠᠳᠠᠭᠤᠷᠬᠢ ᠪᠠ ᠰᠦᠯᠵᠢᠶᠡᠨ ᠳᠡᠭᠡᠷ᠎ᠡ ᠤᠶᠠᠯᠳᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠣᠷᠴᠢᠯ ᠠᠵᠤ ᠠᠬᠤᠶ ᠶᠢᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠪᠴᠠᠩ ᠤᠨ ᠪᠥᠬᠦ ᠬᠤᠲᠠ ᠶᠢᠨ ᠬᠠᠶᠠᠭᠳᠠᠮᠠᠯ ᠪᠣᠳᠠᠰ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠰᠣᠯᠢᠯᠴᠠᠬᠤ᠂ ᠬᠢᠨᠠᠨ ᠬᠡᠮᠵᠢᠵᠦ ᠦᠨᠡᠯᠡᠬᠦ ᠪᠠ ᠪᠦᠷᠢᠳᠬᠡᠨ ᠵᠠᠳᠠᠯᠬᠤ ᠶᠢ ᠳᠡᠮᠵᠢᠨ᠎ᠡ᠃         ᠲᠠᠪᠤᠳᠤᠭᠠᠷ ᠪᠦᠯᠦᠭ᠂ ᠰᠣᠶᠣᠯ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ                              ᠡᠭᠦᠳᠬᠦ ᠶᠢᠨ ᠠᠭᠤᠰᠤᠯᠴᠠᠨ ᠬᠥᠭᠵᠢᠬᠦ ᠶᠢ ᠬᠦᠴᠦᠯᠡᠨ ᠲᠦᠷᠭᠡᠳᠬᠡᠨ᠎ᠡ         ᠨᠢᠭᠡ᠂ ᠰᠣᠶᠣᠯ ᠤᠨ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠷᠭᠡᠳᠬᠡᠨ᠎ᠡ᠃         ︵ᠨᠢᠭᠡ︶ ᠰᠣᠶᠣᠯ ᠤᠨ ᠪᠦᠲᠦᠭᠡᠯᠴᠢ ᠲᠥᠰᠦᠪᠯᠡᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃         ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠡ ᠶᠢᠨ ᠣᠷᠣᠨ ᠪᠦᠰᠡ ᠶᠢᠨ ᠴᠢᠨᠠᠷᠲᠠᠶ ᠰᠣᠶᠣᠯ ᠤᠨ ᠪᠦᠲᠦᠭᠡᠯᠴᠢ ᠲᠥᠰᠦᠪᠯᠡᠯ ᠤᠨ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠳᠡᠮᠵᠢᠵᠦ᠂ ᠬᠢᠶ᠎ᠠ ᠪᠠᠭᠰᠢ ᠲᠣᠭᠤᠷᠢᠭ ᠤᠨ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠠᠵᠤ ᠦᠶ᠋ᠯᠡᠰ ᠲᠤ ᠮᠡᠳᠡᠭᠡ ᠵᠠᠩᠭᠢ ᠨᠡᠶᠢᠲᠡᠯᠡᠬᠦ᠂ ᠰᠣᠯᠢᠯᠴᠠᠭ᠎ᠠ ᠬᠠᠮᠲᠤᠷᠠᠯᠴᠠᠭ᠎ᠠ ᠬᠢᠬᠦ᠂ ᠦᠶ᠋ᠯᠡᠳᠬᠦᠨ ᠤ ᠠᠷᠠᠯᠵᠢᠶ᠎ᠠ᠂ ᠮᠥᠩᠭᠦᠨ ᠭᠦᠶ᠋ᠯᠭᠡᠭᠡᠨ ᠤ ᠳᠡᠮᠵᠢᠯᠭᠡ ᠪᠠ ᠠᠵᠢᠯ ᠲᠥᠷᠥᠯ ᠤᠨ ᠬᠠᠮᠢᠶᠠᠷᠤᠯᠲᠠ ᠵᠡᠷᠭᠡ ᠶᠡᠷᠦᠩᠬᠡᠶᠢᠯᠡᠭᠰᠡᠨ ᠴᠢᠳᠠᠮᠵᠢ ᠶᠢ ᠬᠠᠩᠭᠠᠨ᠎ᠠ᠃ ᠲᠣᠭᠠᠴᠢᠯᠠᠭᠰᠠᠨ ᠮᠡᠷᠭᠡᠵᠢᠯ᠂ ᠢᠨᠲ᠋ᠤᠷ ᠰᠦᠯᠵᠢᠶᠡᠨ ᠤ ᠮᠡᠷᠭᠡᠵᠢᠯ ᠵᠡᠷᠭᠡ ᠰᠢᠨ᠎ᠡ ᠨᠢᠭᠡ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠣᠷᠳᠣᠰ ᠤᠨ ᠰᠣᠶᠣᠯ ᠤᠨ ᠪᠦᠲᠦᠭᠡᠯᠴᠢ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠰᠣᠶᠣᠯ ᠤᠨ ᠪᠦᠲᠦᠭᠡᠯᠴᠢ ᠰᠡᠳᠬᠢᠮᠵᠢ ᠪᠠ ᠵᠢᠷᠤᠭ ᠲᠥᠯᠥᠪᠯᠡᠭᠡᠨ ᠤ ᠦᠢᠯᠡᠴᠢᠯᠡᠭᠡᠨ ᠤ ᠬᠦᠷᠦᠩᠭᠡ᠂ ᠥᠮᠴᠢᠯᠡᠬᠦ ᠡᠷᠬᠡ᠂ ᠴᠢᠳᠠᠪᠤᠷᠢᠲᠠᠨ᠂ ᠮᠡᠳᠡᠭᠡ ᠵᠠᠩᠭᠢ᠂ ᠮᠡᠷᠭᠡᠵᠢᠯ ᠵᠡᠷᠭᠡ ᠶᠢᠨ ᠠᠷᠠᠯᠵᠢᠶᠠᠨ ᠤ ᠲᠠᠪᠴᠠᠩ ᠢ ᠶᠡᠬᠡᠪᠡᠷ ᠬᠥᠭᠵᠢᠭᠦᠯᠵᠦ᠂ ᠥᠷᠢᠰᠥᠯᠳᠦᠬᠦ ᠬᠦᠴᠦᠨ ᠪᠦᠬᠦᠢ ᠨᠢᠭᠡ ᠪᠦᠯᠦᠭ ᠰᠣᠶᠣᠯ ᠤᠨ ᠪᠦᠲᠦᠭᠡᠯᠴᠢ ᠰᠡᠳᠬᠢᠮᠵᠢ ᠪᠠ ᠵᠢᠷᠤᠭ ᠲᠥᠯᠥᠪᠯᠡᠭᠡᠨ ᠤ ᠦᠢᠯᠡᠴᠢᠯᠡᠭᠡᠨ ᠤ ᠲᠦᠷᠦᠯ ᠲᠡᠮᠳᠡᠭ ᠢ ᠪᠤᠶᠢᠵᠢᠭᠤᠯᠤᠨ᠎ᠠ᠃ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠠᠵᠢᠯ ᠲᠥᠷᠥᠯ ᠤᠨ ᠨᠡᠶᠢᠭᠡᠮᠯᠢᠭ ᠨᠢ ᠣᠷᠣᠨ ᠤ ᠭᠠᠳᠠᠨᠠᠬᠢ ᠪᠠᠶᠢᠭᠤᠯᠤᠮᠵᠢ ᠯᠤᠭ᠎ᠠ ᠬᠠᠮᠲᠤᠷᠠᠯᠴᠠᠬᠤ ᠶᠢ ᠵᠣᠷᠢᠭᠵᠢᠭᠤᠯᠵᠤ᠂ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠠᠵᠤ ᠦᠶ᠋ᠯᠡᠰ ᠤᠨ ᠪᠠᠯᠠ ᠣᠷᠣᠭᠤᠯᠤᠯᠲᠠ ᠶᠢ ᠲᠠᠨᠢᠯᠴᠠᠭᠤᠯᠬᠤ ᠠᠵᠢᠯᠯᠠᠭ᠎ᠠ ᠶᠢ ᠢᠳᠡᠪᠬᠢᠲᠡᠶ ᠡᠷᠭᠢᠯᠡᠵᠦ᠂ ᠦᠶ᠋ᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃     ︵ᠬᠤᠶᠠᠷ︶ ᠰᠣᠶᠣᠯ ᠤᠨ ᠪᠦᠲᠦᠭᠡᠯᠴᠢ ᠮᠡᠷᠭᠡᠵᠢᠯ ᠤᠨ ᠠᠷᠭ᠎ᠠ ᠵᠠᠮ ᠢ ᠥᠷᠭᠡᠳᠬᠡᠨ᠎ᠡ᠃         ᠬᠢᠶ᠎ᠠ ᠪᠠᠭᠰᠢ ᠲᠣᠭᠤᠷᠢᠭ ᠤᠨ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠦᠨᠳᠦᠰᠦᠲᠡᠨ ᠤ ᠣᠨᠴᠠᠯᠢᠭ ᠪᠥᠬᠦᠢ ᠤᠯᠠᠮᠵᠢᠯᠠᠯᠲᠤ ᠤᠷ᠎ᠠ ᠮᠡᠷᠭᠡᠵᠢᠯ ᠢ ᠠᠭᠤᠳᠠᠯᠵᠤ᠂ ᠬᠠᠮᠠᠭᠠᠯᠠᠬᠤ ᠪᠠ ᠬᠦᠭᠵᠢᠭᠦᠯᠦᠨ᠂ ᠣᠳᠣᠬᠢᠴᠢᠯᠠᠭᠰᠠᠨ ᠬᠤᠳᠠ ᠶᠢᠨ ᠡᠯᠧᠮᠧᠨ᠋ᠲ ᠬᠢᠭᠡᠳ ᠤᠯᠠᠮᠵᠢᠯᠠᠯᠲᠤ ᠰᠣᠶᠣᠯ ᠤᠨ ᠡᠯᠧᠮᠧᠨ᠋ᠲ ᠢ ᠬᠠᠷᠢᠯᠴᠠᠨ ᠤᠶᠠᠯᠳᠤᠭᠤᠯᠵᠤ᠂ ᠬᠢᠶ᠎ᠠ ᠪᠠᠭᠰᠢ ᠶᠢᠨ ᠣᠷᠣᠨ ᠨᠤᠲᠤᠭ ᠤᠨ ᠣᠨᠴᠠᠯᠢᠭ ᠪᠥᠬᠦᠢ ᠰᠣᠶᠣᠯ ᠤᠨ ᠪᠦᠲᠦᠭᠡᠯᠴᠢ ᠲᠥᠰᠦᠪᠯᠡᠯ ᠤᠨ ᠵᠢᠷᠤᠭᠯᠠᠨ ᠲᠥᠯᠥᠪᠯᠡᠬᠦ ᠠᠵᠤ ᠠᠬᠤᠶᠢᠯᠠᠯ ᠢ ᠪᠤᠶᠢᠵᠢᠭᠤᠯᠤᠨ᠎ᠠ᠃ ᠨᠡᠶᠢᠭᠡᠮ ᠤᠨ ᠪᠠᠯᠠ ᠮᠥᠩᠭᠦ ᠶᠢ ᠬᠥᠲᠥᠯᠦᠨ ᠵᠢᠯᠣᠭᠤᠳᠴᠤ ᠪᠠᠶᠢᠭᠠᠳ ᠡᠯ᠎ᠡ ᠵᠦᠶ᠋ᠯ ᠤᠨ ᠬᠡᠯᠪᠡᠷᠢ ᠪᠠᠷ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢ ᠬᠥᠭᠵᠢᠭᠦᠯᠵᠦ᠂ ᠡᠯ᠎ᠡ ᠲᠥᠷᠥᠯ ᠤᠨ ᠵᠢᠷᠤᠭ ᠲᠥᠯᠥᠪᠯᠡᠭᠡ ᠶᠢᠨ ᠴᠢᠳᠠᠪᠤᠷᠢᠲᠠᠨ ᠢ ᠲᠡᠳᠡᠨ ᠠᠪᠴᠢᠷᠠᠵᠤ ᠬᠢᠶ᠎ᠠ ᠪᠠᠭᠰᠢ ᠲᠣᠭᠤᠷᠢᠭ ᠲᠤ ᠠᠵᠢᠯᠯᠠᠭ᠎ᠠ ᠶᠢᠨ ᠲᠠᠰᠤᠭ᠂ ᠪᠦᠲᠦᠭᠡᠯᠴᠢ ᠲᠥᠰᠦᠪᠯᠡᠯ ᠤᠨ ᠲᠠᠰᠤᠭ᠂ ᠵᠢᠷᠤᠭ ᠲᠥᠯᠥᠪᠯᠡᠭᠡ ᠶᠢᠨ ᠭᠠᠵᠠᠷ ᠢ ᠡᠭᠦᠳᠦᠨ ᠪᠠᠶᠢᠭᠤᠯᠤᠨ᠎ᠠ᠃ ᠬᠠᠮᠠᠭᠠᠯᠠᠵᠤ ᠤᠯᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠳᠤ ᠦᠶ᠎ᠡ ᠶᠢᠨ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠪᠠᠷ ᠰᠣᠶᠣᠯ ᠤᠨ ᠪᠦᠲᠦᠭᠡᠭᠳᠡᠬᠦᠨ ᠦᠢᠯᠡᠳᠬᠦ᠂ ᠭᠠᠷ ᠤᠷᠠᠯᠠᠯ ᠤᠷᠠᠨ ᠵᠢᠷᠤᠭ᠂ ᠰᠣᠶᠣᠯ ᠤᠷᠠᠨ ᠲᠣᠭᠯᠠᠯᠲᠠ᠂ ᠰᠣᠶᠣᠯ ᠰᠡᠯᠡᠭᠦᠴᠡᠯ ᠵᠤᠭ᠎ᠠ ᠴᠡᠩᠭᠡᠯ ᠵᠡᠷᠭᠡ ᠤᠯᠠᠮᠵᠢᠯᠠᠯᠲᠤ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃         ︵ᠭᠤᠷᠪᠠ︶ ᠰᠣᠶᠣᠯ ᠤᠨ ᠪᠦᠲᠦᠭᠡᠯᠴᠢ ᠠᠵᠤ ᠦᠶ᠋ᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠤᠨ᠎ᠠ᠃         ᠲᠤᠰᠬᠠᠶᠢᠵᠢᠭᠰᠠᠨ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠠᠵᠤ ᠠᠬᠤᠶᠢᠯᠠᠯ ᠤᠨ ᠲᠤᠰᠬᠠᠶᠢᠵᠢᠭᠰᠠᠨ᠂ ᠨᠠᠷᠢᠯᠢᠭ᠂ ᠣᠨᠴᠠᠭᠠᠶ᠂ ᠰᠢᠨ᠎ᠡ ᠴᠢᠭᠯᠡᠯ ᠳᠠᠰᠢ ᠬᠥᠭᠵᠢᠬᠦ ᠶᠢ ᠳᠡᠮᠵᠢᠵᠦ᠂ ᠰᠣᠶᠣᠯ ᠤᠨ ᠪᠦᠲᠦᠭᠡᠯᠴᠢ ᠲᠥᠰᠦᠪᠯᠡᠯ ᠤᠨ ᠠᠵᠤ ᠦᠶ᠋ᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠭᠤᠤᠯᠳᠠᠯᠭ᠎ᠠ ᠲᠠᠢ ᠪᠤᠶᠢᠵᠢᠭᠤᠯᠵᠤ᠂ ᠨᠡᠯᠢᠶᠡᠳ ᠴᠢᠩᠭ᠎ᠠ ᠪᠣᠳᠠᠲᠤ ᠬᠦᠴᠦᠨ᠂ ᠠᠮᠢᠵᠢᠷᠠᠯ ᠤᠨ ᠬᠦᠴᠦᠨ ᠪᠠ ᠥᠷᠢᠰᠦᠯᠳᠦᠬᠦ ᠬᠦᠴᠦᠨ ᠲᠠᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠣᠢ ᠪᠣᠯᠭᠠᠨ᠎ᠠ᠃ ᠳᠠᠪᠠᠭᠤᠯᠢᠭ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠠᠵᠤ ᠠᠬᠤᠶᠢᠯᠠᠯ ᠤᠨ ᠭᠠᠵᠠᠷ ᠣᠷᠣᠨ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠥᠮᠴᠢᠯᠡᠯ ᠤᠨ ᠲᠦᠷᠢᠮ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠶᠢ ᠬᠡᠷᠡᠭᠵᠢᠭᠦᠯᠬᠦ ᠶᠢ ᠳᠡᠮᠵᠢᠵᠦ᠂ ᠵᠠᠭᠠᠭ ᠠᠯᠤᠰᠯᠠᠨ ᠠᠭᠤᠰᠤᠯᠴᠠᠭᠰᠠᠨ ᠠᠵᠤ ᠦᠶ᠋ᠯᠡᠰ ᠤᠨ ᠪᠦᠯᠦᠭᠯᠡᠯ ᠪᠠ ᠠᠵᠤ ᠦᠶ᠋ᠯᠡᠰ ᠤᠨ ᠬᠤᠯᠪᠣᠭ᠎ᠠ ᠶᠢ ᠪᠠᠶᠢᠭᠤᠯᠤᠨ᠎ᠠ᠃         ᠬᠤᠶᠠᠷ᠂ ᠬᠤᠳᠠ ᠬᠢᠭᠡᠳ ᠠᠮᠢ ᠠᠬᠤᠶ ᠶᠢᠨ ᠵᠢᠭᠤᠯᠴᠢᠯᠠᠯ ᠤᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠦᠨ᠎ᠡ᠃         ︵ᠨᠢᠭᠡ︶ ︽ᠰᠢᠨᠵᠢᠯᠡᠬᠦ ᠤᠬᠠᠭᠠᠨ ᠮᠡᠷᠭᠡᠵᠢᠯ + ᠬᠤᠲᠠ + ᠠᠮᠢ ᠠᠬᠤᠶ ᠶᠢᠨ ᠵᠢᠭᠤᠯᠴᠢᠯᠠᠯ︾ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ᠰᠢᠨᠵᠢᠯᠡᠬᠦ ᠤᠬᠠᠭᠠᠨ ᠮᠡᠷᠭᠡᠵᠢᠯ ᠢᠶᠠᠷ ︽ᠰᠣᠶᠣᠯ ᠤᠨ ᠵᠢᠭᠤᠯᠴᠢᠯᠠᠯ +︾ ᠪᠠ ᠠᠵᠤ ᠦᠶ᠋ᠯᠡᠰ ᠤᠨ ᠠᠭᠤᠰᠤᠯᠴᠠᠭᠤᠯᠤᠨ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠳᠤ ᠠᠭᠤᠰᠤᠯᠴᠠᠭᠤᠯᠤᠨ᠂ ᠵᠢᠭᠤᠯᠴᠢᠯᠠᠯ ᠤᠨ ᠠᠵᠤ ᠦᠶ᠋ᠯᠡᠰ ᠤᠨ ᠬᠡᠯᠬᠢᠶ᠎ᠡ ᠶᠢ ᠥᠷᠭᠡᠳᠬᠡᠨ᠂ ᠵᠢᠭᠤᠯᠴᠢᠯᠠᠯ ᠤᠨ ᠦᠶ᠋ᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠰᠣᠶᠣᠯ ᠤᠨ ᠵᠢᠭᠤᠯᠴᠢᠯᠠᠯ ᠤᠨ ᠦᠶ᠋ᠯᠡᠰ ᠤᠨ ᠳᠠᠶᠢᠴᠢᠯᠠᠬᠤ᠂ ᠠᠭᠤᠰᠤᠯᠴᠠᠬᠤ᠂ ᠲᠥᠪᠯᠡᠷᠡᠭᠦᠯᠬᠦ ᠦᠶ᠋ᠯᠡᠳᠦᠯ ᠢ ᠪᠠᠳᠠᠷᠠᠭᠤᠯᠵᠤ᠂ ︽ᠨᠢᠭᠡ ᠦᠶ᠋ᠯᠡᠰ ᠢᠶᠠᠷ ᠵᠠᠭᠤᠨ ᠦᠶ᠋ᠯᠡᠰ ᠢ ᠳᠠᠶᠢᠴᠢᠯᠠᠬᠤ︾ ᠠᠵᠤ ᠦᠶ᠋ᠯᠡᠰ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠰᠣᠶᠣᠯ ᠵᠤᠭᠠᠴᠠᠯ ᠤᠨ ᠣᠶᠤᠨᠴᠢ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠬᠠᠭᠤᠯᠤᠨ ᠳᠡᠯᠭᠡᠨ ᠦᠵᠡᠭᠦᠯᠬᠦ᠂ ᠠᠰᠠᠭᠤᠨ ᠯᠠᠪᠯᠠᠬᠤ᠂ ᠬᠠᠷᠢᠯᠴᠠᠨ ᠣᠶᠢᠯᠠᠭᠠᠯᠴᠠᠬᠤ᠂ ᠣᠶᠤᠨᠴᠢ ᠬᠠᠮᠢᠶᠠᠷᠤᠯᠲᠠ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠲᠠᠪᠴᠠᠩ ᠢ ᠪᠠᠶᠢᠭᠤᠯᠵᠤ᠂ ᠬᠢᠶ᠎ᠠ ᠪᠠᠭᠰᠢ ᠲᠣᠭᠤᠷᠢᠭ ᠤᠨ ᠰᠣᠶᠣᠯ ᠵᠤᠭᠠᠴᠠᠯ ᠤᠨ ᠦᠶ᠋ᠯᠡᠴᠢᠯᠡᠭᠡᠨ ᠤ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠡᠷᠡᠭᠯᠡᠭᠡᠨ ᠤ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠲᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠶ᠋ᠯᠡᠴᠢᠯᠡᠭᠡ ᠬᠠᠩᠭᠠᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠣᠲᠣ ᠦᠶ᠎ᠡ ᠶᠢᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠢ ᠲᠥᠪᠯᠡᠷᠡᠭᠦᠯᠦᠨ ᠬᠡᠷᠡᠭᠯᠡᠵᠦ ᠪᠠᠶᠢᠭᠠᠳ ᠬᠤᠲᠠ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢ ᠪᠣᠶ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ᠂ ᠨᠠᠷᠠᠲᠤ ᠲᠡᠮᠳᠡᠭ᠂ ᠲᠣᠭᠤᠷᠢᠨ ᠦᠵᠡᠬᠦ᠂ ᠢᠳᠡᠭᠡᠨ ᠤᠮᠳᠠᠭᠠᠨ ᠵᠡᠷᠭᠡ ᠵᠢᠭᠤᠯᠴᠢᠯᠠᠯ ᠤᠨ ᠬᠦᠴᠦᠨ ᠵᠦᠶ᠋ᠯ ᠳᠤ ᠠᠭᠤᠰᠤᠯᠴᠠᠭᠤᠯᠤᠨ᠂ ᠬᠤᠲᠠ ᠶᠢᠨ ᠲᠡᠭᠦᠷᠭᠡ ᠶᠢᠨ ᠮᠠᠶ᠋ᠢᠭ ᠤᠨ ᠪᠡᠯᠡᠳᠭᠡᠮᠵᠢᠳᠤ ᠲᠠᠷᠢᠶᠠᠯᠠᠩ ᠢ ᠵᠢᠭᠤᠯᠴᠢᠯᠠᠯ ᠤᠨ ᠡᠲᠡᠭᠡᠳ ᠪᠠ ᠦᠶ᠋ᠯᠡᠳᠬᠦᠨ ᠪᠣᠯᠭᠠᠵᠤ᠂ ᠬᠤᠲᠠ ᠶᠢᠨ ᠠᠮᠢᠳᠤᠷᠠᠯ ᠤᠨ ᠠᠭᠤᠯᠭ᠎ᠠ ᠶᠢ ᠪᠠᠶᠠᠯᠢᠭᠵᠢᠭᠤᠯᠤᠨ᠎ᠠ᠃         ︵ᠬᠤᠶᠠᠷ︶ ᠪᠥᠬᠦ ᠴᠠᠷᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠵᠠᠭᠪᠤᠷ ᠤᠨ ᠮᠡᠷᠭᠡᠵᠢᠯ ᠤᠨ ᠳᠠᠪᠰᠢᠯᠲᠠ ᠶᠢ ᠲᠦᠷᠭᠡᠳᠬᠡᠨ᠎ᠡ᠃         ᠵᠣᠬᠢᠶᠠᠮᠠᠯ ᠣᠶᠤᠨᠴᠢ ᠴᠢᠳᠠᠪᠤᠷᠢ᠂ ᠵᠠᠬ᠎ᠠ ᠬᠢᠵᠠᠭᠠᠷ ᠤᠨ ᠪᠣᠳᠣᠯᠭ᠎ᠠ᠂ ᠲᠣᠮᠣ ᠳ᠋ᠠᠶᠢᠲ᠋ᠠ᠂ ᠪᠦᠷᠢᠨ ᠵᠠᠩᠭᠢ ᠶᠢᠨ ᠳᠦᠷᠰᠦ ᠪᠦᠲᠦᠭᠡᠬᠦ᠂ ᠬᠥᠳᠡᠯᠦᠯ ᠤᠨ ᠪᠠᠷᠢᠬᠤ᠂ CAVE ᠣᠷᠣᠨ ᠵᠠᠶ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠬᠢᠶ᠎ᠠ ᠪᠠᠭᠰᠢ ᠶᠢᠨ ᠭᠦᠨ ᠵᠤᠵᠠᠭᠠᠨ ᠲᠡᠤᠬᠡ ᠰᠣᠶᠣᠯ ᠪᠠ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠢ ᠲᠡᠷᠢᠭᠦᠨ ᠤ ᠲᠣᠭᠠᠴᠢᠯᠠᠬᠤ ᠠᠷᠭ᠎ᠠ ᠮᠠᠶ᠋ᠢᠭ ᠢᠶᠠᠷ ᠵᠢᠭᠤᠯᠴᠢᠯᠠᠯ ᠤᠨ ᠠᠮᠢ ᠠᠬᠤᠶ ᠶᠢ ᠪᠣᠶ ᠪᠣᠯᠭᠠᠵᠤ᠂ ᠵᠢᠭᠤᠯᠴᠢᠯᠠᠯ ᠤᠨ ᠬᠡᠷᠡᠭᠯᠡᠭᠡᠨ ᠤ ᠲᠠᠰ ᠳᠡᠪᠰᠢᠬᠦ ᠳᠤ ᠬᠦᠴᠦᠨ ᠨᠡᠮᠡᠷᠢᠯᠡᠨ᠎ᠡ᠃ ᠣᠲᠣ ᠦᠶ᠎ᠡ ᠶᠢᠨ ᠬᠤᠲᠠ ᠶᠢᠨ ᠨᠡᠭᠡᠭᠡᠨ ᠬᠥᠭᠵᠢᠭᠦᠯᠦᠯᠲᠡ ᠬᠢᠭᠡᠳ ᠬᠥᠮᠦᠨ ᠨᠡᠶᠢᠭᠡᠮ᠂ ᠪᠣᠬᠢᠷᠲᠤᠯ ᠥᠬᠡᠶ ᠠᠮᠢ ᠠᠬᠤᠶ ᠶᠢᠨ ᠣᠷᠴᠢᠨ ᠲᠣᠭᠤᠷᠢᠨ ᠤ ᠵᠣᠬᠢᠴᠠᠩᠭᠤᠶ ᠬᠥᠭᠵᠢᠯᠲᠡ ᠶᠢᠨ ᠵᠠᠭᠪᠤᠷ ᠢ ᠰᠤᠳᠤᠯᠵᠤ᠂ ᠲᠡᠷᠢᠭᠦᠨ ᠤ ᠭᠠᠵᠠᠷ ᠣᠷᠣᠨ ᠤ ᠬᠥᠭᠵᠢᠯᠲᠡ ᠶᠢᠨ ᠣᠨᠣᠯᠵᠢᠬᠤᠨ ᠢ ᠬᠡᠷᠡᠭᠯᠡᠨ᠂ ᠬᠢᠶ᠎ᠠ ᠪᠠᠭᠰᠢ ᠲᠣᠭᠤᠷᠢᠭ ᠤᠨ ᠭᠠᠵᠠᠷ ᠣᠷᠣᠨ ᠤ ᠬᠡᠪ ᠨᠠᠮᠪᠠ ᠶᠢ ᠳᠣᠪᠤᠶᠢᠯᠭᠠᠭᠰᠠᠨ᠂ ᠴᠠᠭ ᠦᠶ᠎ᠡ ᠶᠢᠨ ᠣᠨᠴᠠᠯᠢᠭ ᠢᠶᠠᠷ ᠢᠯᠡ ᠲᠣᠳᠣ ᠂ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠪᠠᠷ ᠪᠦᠷᠢᠨ ᠲᠡᠭᠦᠯᠳᠡᠷ ᠬᠤᠳᠠ ᠶᠢᠨ ᠨᠡᠷᠡᠲᠦ ᠲᠡᠮᠳᠡᠭ ᠢ ᠪᠠᠶᠢᠭᠤᠯᠤᠨ᠎ᠠ᠃ ᠬᠠᠪᠤᠷ᠂ ᠵᠤᠨ᠂ ᠨᠠᠮᠤᠷ᠂ ᠡᠪᠦᠯ ᠤᠨ ᠠᠳᠠᠯᠢ ᠪᠤᠰᠤ ᠤᠯᠠᠷᠢᠯ ᠳᠤ ᠠᠳᠠᠯᠢ ᠪᠤᠰᠤ ᠭᠤᠣᠯ ᠰᠡᠳᠦᠪᠲᠦ ᠵᠤᠭᠠᠴᠠᠯ ᠤᠨ ᠱᠤᠭᠤᠮ᠂ ᠥᠪᠡᠷ ᠢᠶᠠᠨ ᠵᠢᠯᠣᠭᠤᠳᠴᠤ ᠵᠤᠭᠠᠴᠠᠬᠤ ᠱᠤᠭᠤᠮ᠂ ᠭᠦᠨᠵᠡᠭᠡᠢ ᠣᠶᠢᠯᠠᠭᠠᠬᠤ ᠭᠠᠵᠠᠷ ᠵᠡᠷᠭᠡ ᠵᠢᠯᠤᠭᠤᠳᠤᠯᠭ᠎ᠠ ᠶᠢᠨ ᠴᠢᠨᠠᠷᠲᠠᠢ ᠪᠣᠷᠣᠯᠠᠭᠤᠯᠭ᠎ᠠ ᠶᠢᠨ ᠲᠥᠰᠦᠯ ᠢ ᠭᠠᠷᠭᠠᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠬᠢᠵᠠᠭᠠᠷ ᠢᠶᠠᠷ ᠭᠠᠷᠳᠠᠴᠠ ᠪᠣᠯᠭᠠᠨ᠂ ᠡᠬᠢ ᠪᠠᠶᠠᠯᠢᠭ ᠣᠷᠴᠢᠨ ᠲᠣᠭᠤᠷᠢᠨ ᠬᠢᠭᠡᠳ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠬᠠᠮᠵᠢᠯᠴᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠢᠶ᠎ᠠ ᠪᠠᠭᠰᠢ ᠲᠣᠭᠤᠷᠢᠭ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠭᠤᠤᠯᠯᠠᠬᠤ ᠳᠠᠪᠠᠭᠤᠯᠢᠭ ᠪᠣᠯᠭᠠᠨ᠎ᠠ᠃         ᠵᠢᠷᠭᠤᠳᠤᠭᠠᠷ ᠪᠦᠯᠦᠭ᠂ ᠤᠨᠴᠠᠯᠢᠭᠳᠤ ᠥᠨᠳᠥᠷ ᠪᠦᠲᠦᠮᠵᠢᠲᠡᠶ ᠲᠠᠷᠢᠶᠠᠯᠠᠩ ᠤᠨ                     ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠦᠨᠵᠡᠭᠡᠶ         ᠨᠢᠭᠡ᠂ ᠤᠳᠤ ᠦᠶ᠎ᠡ ᠶᠢᠨ ᠲᠠᠷᠢᠶᠠᠯᠠᠩ ᠤᠨ ᠮᠡᠷᠭᠡᠵᠢᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃         ︵ᠨᠢᠭᠡ︶ ᠪᠡᠯᠡᠳᠭᠡᠮᠵᠢᠳᠤ ᠲᠠᠷᠢᠶᠠᠯᠠᠩ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃         ᠥᠪᠡᠷᠲᠡᠭᠡᠨ ᠵᠠᠰᠠᠬᠤ ᠣᠷᠣᠨ ᠪᠣᠯᠤᠨ ᠣᠷᠳᠣᠰ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠭᠦᠶ᠋ᠴᠡᠳ ᠠᠰᠢᠭᠯᠠᠨ᠂ ᠬᠤᠲᠠ ᠶᠢᠨ ᠲᠡᠭᠦᠷᠭᠡ ᠶᠢᠨ ᠮᠠᠶ᠋ᠢᠭ ᠤᠨ ᠲᠡᠷᠢᠭᠦᠨ ᠤ ᠪᠡᠯᠡᠳᠭᠡᠮᠵᠢᠳᠤ ᠲᠠᠷᠢᠶᠠᠯᠠᠩ ᠢ ᠬᠥᠭᠵᠢᠭᠦᠯᠬᠦ ᠶᠢᠨ ᠲᠣᠭᠤᠷᠢᠨ ᠳᠤ᠂ ᠤᠮᠠᠷᠠᠲᠤ ᠣᠷᠣᠨ ᠳᠤ ᠳᠣᠭᠢᠷᠠᠬᠤ ᠴᠡᠴᠡᠭ ᠡᠪᠡᠰᠦ᠂ ᠵᠢᠮᠢᠰ ᠢᠳᠡᠰᠢᠨ ᠨᠣᠭᠤᠭ᠎ᠠ ᠶᠢᠨ ᠰᠢᠨ᠎ᠡ ᠲᠥᠷᠥᠯ ᠵᠦᠶ᠋ᠯ ᠢ ᠣᠷᠣᠭᠤᠯᠤᠨ ᠠᠪᠴᠢᠷᠠᠬᠤ ᠪᠠ ᠵᠣᠬᠢᠴᠠᠬᠤ ᠴᠢᠨᠠᠷ ᠤᠨ ᠰᠤᠳᠤᠯᠭᠠᠨ ᠢ ᠭᠤᠤᠯᠳᠠᠯᠭ᠎ᠠ ᠲᠠᠢ ᠥᠷᠨᠢᠭᠦᠯᠦᠨ᠎ᠡ᠃ ᠲᠦᠬᠦᠭᠡᠷᠦᠮᠵᠢᠳᠤ ᠲᠠᠷᠢᠶᠠᠯᠠᠩ ᠤᠨ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ ᠰᠢᠩᠭᠡᠭᠡᠬᠦ ᠪᠠ ᠬᠡᠷᠡᠭᠯᠡᠵᠦ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠵᠡᠷᠭᠡ ᠶᠢᠨ ᠬᠡᠷᠡᠭᠯᠡᠭᠡᠨ ᠤ ᠰᠤᠳᠤᠯᠤᠯ ᠪᠠ ᠳᠡᠯᠭᠡᠷᠡᠭᠦᠯᠦᠯᠲᠡ ᠶᠢ ᠥᠷᠨᠢᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠴᠢᠬᠤᠯᠠ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠲᠦᠬᠦᠭᠡᠷᠦᠮᠵᠢᠳᠤ ᠲᠠᠷᠢᠶᠠᠯᠠᠩ ᠤᠨ ᠲᠧᠭᠨᠢᠭ ᠮᠡᠷᠭᠡᠵᠢᠯ ᠤᠨ ᠬᠢᠷᠢ ᠬᠡᠮᠵᠢᠶ᠎ᠡ ᠶᠢ ᠪᠦᠬᠦ ᠬᠤᠳᠠ ᠶᠢᠨ ᠲᠡᠷᠢᠭᠦᠨ ᠳᠤ ᠲᠠᠯᠪᠢᠨ᠎ᠠ᠃         ︵ᠬᠤᠶᠠᠷ︶ ᠲᠠᠷᠢᠶᠠᠯᠠᠩ ᠤᠨ ᠣᠶᠤᠨᠴᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠪᠠ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃         ᠲᠠᠷᠢᠶᠠᠯᠠᠩ ᠤᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠲᠠᠷᠢᠶᠠᠯᠠᠩ ᠤᠨ ᠣᠶᠤᠨᠴᠢ ᠠᠵᠤ ᠦᠶᠢᠯᠡᠰᠵᠢᠯᠲᠡ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠦᠨ᠂ 5G ᠰᠦᠯᠵᠢᠶ᠎ᠡ᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠪᠡᠯᠡᠳᠭᠡᠮᠵᠢᠳᠤ ᠲᠠᠷᠢᠶᠠᠯᠠᠩ ᠳᠠᠬᠢ ᠬᠡᠷᠡᠭᠯᠡᠯᠲᠡ ᠳᠡᠯᠭᠡᠷᠡᠭᠦᠯᠦᠯᠲᠡ ᠶᠢ ᠳᠡᠮᠵᠢᠵᠦ᠂ ᠤᠶᠤᠨᠲᠤ ᠲᠠᠷᠢᠶᠠᠯᠠᠩ ᠤᠨ ᠲᠠᠯᠠᠪᠠᠶ᠂ ᠤᠶᠤᠨᠲᠤ ᠲᠠᠷᠢᠶᠠᠯᠠᠩ ᠤᠨ ᠮᠡᠳᠡᠭᠡ ᠵᠠᠩᠭᠢ ᠶᠢᠨ ᠦᠶ᠋ᠯᠡᠴᠢᠯᠡᠭᠡᠨ ᠤ ᠲᠠᠪᠴᠠᠩ ᠤᠨ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠳᠬᠠᠨ᠎ᠠ᠃ ᠲᠤᠮᠤ ᠳ᠋ᠠᠶᠢᠲ᠋ᠠ ᠶᠢᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠠᠯ᠎ᠠ ᠪᠠᠷ ᠬᠢ ᠬᠡᠷᠡᠭᠯᠡᠯᠲᠡ ᠳᠡᠯᠭᠡᠷᠡᠭᠦᠯᠦᠯᠲᠡ ᠶᠢ ᠲᠡᠮᠵᠢᠵᠤ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠣᠷᠣᠨ ᠬᠡᠰᠡᠭ ᠤᠨ ᠬᠡᠯᠬᠢᠶ᠎ᠡ ᠶᠢᠨ ᠮᠡᠷᠭᠡᠵᠢᠯ ᠢ ᠤᠶᠤᠨᠲᠤ ᠲᠠᠷᠢᠶᠠᠯᠠᠩ ᠤᠨ ᠬᠦᠷᠢᠶᠡᠨ ᠳᠤ ᠲᠥᠪᠯᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠤᠶᠤᠨᠴᠢᠯᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃         ᠬᠤᠶᠠᠷ᠂ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃         ︵ᠨᠢᠭᠡ︶ ᠪᠡᠯᠡᠳᠭᠡᠮᠵᠢᠳᠤ ᠲᠠᠷᠢᠶᠠᠯᠠᠩ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃         ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠡᠭᠦᠯᠳᠡᠷ ᠢ ᠣᠷᠣᠭᠤᠯᠬᠤ᠂ ᠪᠤᠶᠢᠵᠢᠭᠤᠯᠬᠤ ᠪᠠ ᠥᠷᠭᠡᠳᠬᠡᠨ ᠦᠷᠡᠵᠢᠭᠦᠯᠬᠦ ᠪᠠᠷ ᠬᠠᠷᠠᠯᠲᠠ ᠪᠣᠯᠭᠠᠭᠰᠠᠨ ᠰᠢᠨ᠎ᠡ ᠡᠭᠦᠯᠳᠡᠷ ᠢ ᠣᠷᠣᠭᠤᠯᠤᠨ ᠦᠷᠡᠵᠢᠭᠦᠯᠵᠦ ᠪᠤᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢᠲᠠᠨ ᠤ ᠪᠦᠯᠬᠦᠮ ᠨᠡᠶᠢᠲᠡ ᠶᠢᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠤᠯ ᠢ ᠦᠶ᠋ᠯᠡᠳᠪᠦᠷᠢᠯᠡᠯ ᠯᠦᠭᠡ ᠬᠠᠷᠢᠯᠴᠠᠨ ᠤᠶᠠᠯᠳᠤᠭᠤᠯᠵᠤ᠂ ᠦᠷ᠎ᠡ ᠪᠦᠲᠦᠭᠡᠯ ᠢ ᠤᠯᠠᠷᠢᠭᠤᠯᠬᠤ ᠪᠠ ᠰᠢᠨ᠎ᠡ ᠲᠥᠷᠥᠯ ᠵᠦᠶ᠋ᠯ᠂ ᠰᠢᠨ᠎ᠡ ᠮᠡᠷᠭᠡᠵᠢᠯ ᠢ ᠳᠡᠯᠭᠡᠷᠡᠭᠦᠯᠬᠦ ᠪᠠᠷ ᠵᠣᠷᠢᠯᠭ᠎ᠠ ᠪᠣᠯᠭᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃         ︵ᠬᠤᠶᠠᠷ︶ ᠬᠤᠳᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃         ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠴᠢᠳᠠᠮᠵᠢ ᠶᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠭᠤᠯᠭ᠎ᠠ ᠶᠢ ᠪᠠᠶᠠᠯᠢᠭᠵᠢᠭᠤᠯᠬᠤ᠂ ᠰᠡᠯᠡᠭᠦᠴᠡᠨ ᠵᠤᠭᠠᠴᠠᠬᠤ ᠲᠥᠬᠦᠭᠡᠷᠦᠮᠵᠢ ᠪᠠ ᠢᠳᠡᠭᠡᠨ ᠤᠮᠳᠠᠭᠠᠨ ᠲᠡᠭᠦᠬᠦ ᠵᠡᠷᠭᠡ ᠶᠢ ᠢᠵᠢ ᠪᠦᠷᠢᠳᠦᠭᠦᠯᠦᠨ ᠪᠦᠳᠦᠭᠡᠨ ᠪᠠᠶᠢᠭᠤᠯᠬᠤ᠂ ᠬᠤᠳᠠ ᠶᠢᠨ ᠭᠡᠷ ᠪᠦᠯᠢ ᠶᠢᠨ ᠬᠡᠷᠡᠭᠴᠡᠭᠡ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠲᠤᠬᠠᠶ ᠣᠶᠢᠯᠠᠭᠠᠯᠲᠠ ᠪᠠ ᠰᠤᠷᠤᠯᠴᠠᠯᠭ᠎ᠠ ᠶᠢ ᠬᠠᠩᠭᠠᠬᠤ ᠪᠠᠷ ᠭᠤᠣᠯᠳᠠᠯᠭ᠎ᠠ ᠪᠣᠯᠭᠠᠨ᠎ᠠ᠃         ᠳᠣᠯᠣᠳᠤᠭᠠᠷ ᠪᠦᠯᠦᠭ᠂ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠬᠠᠮᠵᠢᠯᠴᠠᠨ ᠬᠠᠮᠲᠤ ᠪᠠᠷ ᠪᠠᠶᠢᠭᠤᠯᠤᠨ᠎ᠠ         ᠨᠢᠭᠡ᠂ ᠠᠵᠤ ᠦᠶ᠋ᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠦᠳᠦᠭᠡᠨ ᠪᠠᠶᠢᠭᠤᠯᠣᠨ᠎ᠠ᠃         ︵ᠨᠢᠭᠡ︶ ᠦᠶ᠋ᠯᠡᠳᠪᠦᠷᠢᠯᠡᠬᠦ ᠵᠢᠭᠠᠬᠤ ᠰᠤᠳᠤᠯᠬᠤ ᠰᠢᠨ᠎ᠡ ᠶᠢ ᠡᠭᠦᠳᠬᠦ ᠲᠠᠪᠴᠠᠩ ᠢ ᠪᠥᠳᠥᠭᠡᠨ ᠪᠠᠶᠢᠭᠤᠯᠤᠨ᠎ᠠ᠃         ᠬᠢᠶ᠎ᠠ ᠪᠠᠭᠰᠢ ᠲᠣᠭᠤᠷᠢᠭ ᠤᠨ ᠤᠷᠳᠤᠰ ᠲᠠᠬᠢ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠤᠨ᠂ ᠤᠯᠤᠰ ᠤᠨ ᠳᠣᠲᠣᠭᠠᠳᠤ ᠶᠢᠨ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠣᠯᠤᠨ ᠳᠡᠭᠡᠳᠦ ᠰᠤᠷᠭᠠᠭᠤᠯᠢ ᠯᠤᠭ᠎ᠠ ᠶᠢᠨ ᠬᠤᠷᠰᠢᠯᠴᠠᠭ᠎ᠠ ᠶᠢ ᠴᠢᠩᠭᠠᠳᠬᠠᠨ᠂ ᠠᠵᠢᠯ ᠲᠦᠷᠦᠯ ᠤᠨ ᠳᠠᠪᠠᠭᠤᠯᠢᠭ ᠡᠬᠢ ᠪᠠᠶᠠᠯᠢᠭ ᠬᠢᠭᠡᠳ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠵᠡᠷᠭᠡ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠨᠡᠭᠡᠭᠡᠯᠳᠡ ᠲᠠᠢ ᠬᠤᠷᠰᠢᠯᠴᠠᠭᠰᠠᠨ ᠶᠡᠷᠦᠩᠬᠡᠶᠢᠯᠡᠭᠰᠡᠨ ᠴᠢᠨᠠᠷᠲᠠᠶ ᠰᠢᠨ᠎ᠡ ᠮᠠᠶᠠᠭ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠯᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠪᠠᠶᠢᠭᠤᠯᠬᠤ ᠶᠢ ᠳᠡᠮᠵᠢᠨ᠎ᠡ᠃ ᠣᠷᠳᠣᠰ ᠬᠤᠲᠠ ᠶᠢᠨ ᠴᠡᠪᠡᠷ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠶ᠋ᠯᠡᠳᠪᠦᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠣᠨᠤᠭ ᠲᠥᠬᠦᠭᠡᠷᠦᠮᠵᠢ ᠦᠶ᠋ᠯᠡᠳᠬᠦ ᠵᠡᠷᠭᠡ ᠭᠤᠤᠯᠳᠠᠯᠭ᠎ᠠ ᠲᠠᠢ ᠠᠵᠤ ᠦᠶ᠋ᠯᠡᠰ ᠤᠨ ᠲᠣᠭᠤᠷᠢᠨ ᠳᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠣᠨ ᠰᠤᠳᠤᠯᠭᠠᠨ ᠤ ᠬᠦᠷᠢᠶᠡᠯᠡᠩ ᠢ ᠤᠯᠠᠮ ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠲᠣᠭᠠᠴᠢᠯᠠᠭᠰᠠᠨ ᠠᠵᠤ ᠠᠬᠤᠢ ᠪᠠ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠣᠶᠤᠨᠴᠢ ᠦᠶᠯᠡᠳᠬᠦ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢᠶᠠᠷ ᠰᠢᠨ᠎ᠡ ᠶᠢ ᠡᠭᠦᠳᠬᠦ ᠭᠤᠣᠯ ᠴᠣᠭᠴᠠ ᠪᠣᠯᠭᠠᠨ᠂ ᠬᠢᠶ᠎ᠠ ᠪᠠᠭᠰᠢ ᠲᠣᠭᠤᠷᠢᠭ ᠲᠤ ᠣᠷᠳᠣᠰ ᠬᠤᠲᠠ ᠶᠢᠨ ᠣᠶᠤᠨᠲᠤ ᠰᠦᠯᠵᠢᠶᠡᠨ ᠤ ᠬᠤᠯᠪᠣᠭᠠᠯᠠᠭᠰᠠᠨ ᠮᠠᠰᠢᠨ ᠲᠡᠷᠭᠡᠨ ᠤ ᠰᠢᠨ᠎ᠡ ᠶᠢ ᠡᠭᠦᠳᠬᠦ ᠲᠥᠪ ᠢ ᠪᠠᠶᠢᠭᠤᠯᠤᠨ᠎ᠠ᠃         ︵ᠬᠤᠶᠠᠷ︶ ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃         ᠲᠣᠭᠤᠷᠢᠭ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠵᠥᠪᠳᠡᠯᠴᠡᠬᠦ ᠶᠢ ᠠᠬᠢᠭᠤᠯᠵᠤ᠂ ᠬᠢᠶ᠎ᠠ ᠪᠠᠭᠰᠢ ᠲᠤ ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠲᠠᠪᠴᠠᠩ ᠢ ᠬᠠᠮᠲᠤᠪᠠᠷ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠴᠤᠭᠯᠠᠭᠤᠯᠬᠤ ᠪᠠ ᠰᠢᠯᠢᠨ ᠰᠣᠩᠭᠤᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠵᠡᠷᠭᠡ ᠳ᠋ᠠᠶᠢᠲ᠋ᠠ ᠶᠢᠨ ᠬᠥᠮᠥᠷᠭᠡ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠳᠤ ᠦᠷ᠎ᠡ ᠪᠦᠲᠦᠭᠡᠯ ᠢ ᠵᠣᠯᠭᠠᠭᠤᠯᠬᠤ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶᠠᠯᠠᠭ᠎ᠠ ᠲᠤ ᠢᠳᠡᠪᠬᠢᠲᠡᠢ ᠣᠷᠣᠯᠴᠠᠭᠤᠯᠤᠨ᠎ᠠ᠃ ᠲᠣᠭᠤᠷᠢᠭ ᠤᠨ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ ᠶᠢᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠦᠷ᠎ᠡ ᠪᠦᠲᠦᠭᠡᠯ ᠢ ᠲᠠᠨᠢᠯᠴᠠᠭᠤᠯᠬᠤ᠂ ᠳᠡᠯᠭᠡᠨ ᠦᠵᠡᠭᠦᠯᠬᠦ᠂ ᠠᠷᠠᠯᠵᠢᠶᠠᠯᠠᠬᠤ ᠶᠢ ᠶᠠᠪᠤᠭᠳᠠᠭᠤᠯᠵᠤ᠂ ᠲᠣᠭᠤᠷᠢᠭ ᠤᠨ ᠳᠣᠲᠣᠷ᠎ᠠ ᠭᠠᠳᠠᠨᠠᠬᠢ ᠲᠡᠷᠢᠭᠦᠨ ᠤ ᠮᠡᠷᠭᠡᠵᠢᠯ ᠪᠠ ᠲᠥᠷᠥᠯ ᠵᠦᠢᠯ ᠢ ᠣᠷᠳᠣᠰ ᠲᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃          ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠬᠠᠮᠲᠤ ᠪᠠᠷ ᠡᠳ᠋ᠯᠡᠬᠦ ᠲᠠᠪᠴᠠᠩ ᠢ ᠬᠠᠮᠲᠤ ᠪᠠᠷ ᠲᠦᠯᠬᠢᠨ ᠠᠬᠢᠭᠤᠯᠤᠨ᠎ᠠ᠃ᠣᠷᠣᠨ ᠪᠦᠰᠡ ᠶᠢᠨ ᠲᠦᠷᠦ ᠶᠢᠨ ᠪᠤᠳᠤᠯᠭ᠎ᠠ ᠶᠢ ᠨᠢᠭᠡ ᠴᠤᠭᠴᠠᠵᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠦᠷᠦ ᠶᠢᠨ ᠪᠤᠳᠤᠯᠭ᠎ᠠ ᠲᠦᠷᠢᠮ ᠢ ᠬᠠᠮᠲᠤ ᠪᠠᠷ ᠡᠳ᠋ᠯᠡᠵᠦ ᠬᠠᠷᠢᠯᠴᠠᠨ ᠠᠰᠢᠭ ᠬᠦᠷᠲᠡᠭᠡᠬᠦ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠤᠨ ᠵᠦᠢ ᠵᠣᠬᠢᠰᠲᠠᠶ ᠰᠢᠯᠵᠢᠯᠲᠡ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠡᠯᠰᠡᠬᠦ ᠲᠥᠷᠥ ᠶᠢᠨ ᠪᠣᠳᠣᠯᠭ᠎ᠠ ᠶᠢ ᠬᠠᠮᠵᠢᠯᠴᠠᠨ ᠬᠡᠷᠡᠭᠵᠢᠭᠦᠯᠵᠦ᠂ ᠳᠡᠭᠡᠳᠦ ᠲᠠᠰ ᠳᠠᠪᠬᠤᠷᠭ᠎ᠠ ᠳᠤ ᠬᠠᠨᠳᠤᠭᠤᠯᠤᠭᠰᠠᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠬᠤ ᠶᠢ ᠴᠢᠩᠭᠠᠳᠬᠠᠨ᠂ ᠡᠷᠦᠬᠡ ᠠᠮᠠ ᠶᠢᠨ ᠲᠠᠩᠰᠠ ᠶᠢ ᠥᠯᠥ ᠰᠢᠯᠵᠢᠭᠦᠯᠬᠦ᠂ ᠬᠠᠷᠢᠴᠠᠭ᠎ᠠ ᠶᠢ ᠥᠯᠥ ᠬᠤᠪᠢᠷᠠᠭᠤᠯᠬᠤ᠂ ᠪᠡᠶ᠎ᠡ ᠶᠢᠨ ᠭᠠᠷᠤᠯ ᠢ ᠬᠠᠷᠢᠯᠴᠠᠨ ᠮᠡᠳᠡᠷᠡᠬᠦ᠂ ᠭᠠᠷᠴᠤ ᠪᠣᠯᠬᠤ ᠮᠥᠷᠲᠡᠭᠡᠨ ᠣᠷᠣᠵᠤ ᠪᠣᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠤᠶᠠᠨ ᠬᠠᠲᠠᠨ ᠰᠢᠯᠵᠢᠯᠲᠡ ᠶᠢᠨ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠤᠷᠮᠠᠰᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ ᠶᠢ ᠬᠢᠯᠢ ᠠᠯᠤᠰᠯᠠᠨ ᠬᠡᠷᠡᠭᠯᠡᠬᠦ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠶᠢ ᠬᠠᠮᠲᠤ ᠪᠠᠷ ᠬᠡᠷᠡᠭᠯᠡᠬᠦ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠢᠯᠢᠳᠡᠭ ᠰᠠᠶᠢᠨ ᠠᠮᠢ ᠠᠬᠤᠶ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃           ᠬᠤᠶᠠᠷ᠂ ᠢᠷᠡᠭᠡᠳᠦᠶ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠥᠨᠳᠦᠷᠯᠢᠭ ᠭᠠᠵᠠᠷ ᠢ ᠬᠠᠶᠢᠨ ᠰᠦᠪᠡᠭᠴᠢᠯᠡᠨ᠎ᠡ᠃         ︵ᠨᠢᠭᠡ︶ ᠢᠷᠡᠭᠡᠳᠦᠢ ᠶᠢᠨ ᠠᠵᠤ ᠦᠢᠯᠡᠰ ᠤᠨ ᠤᠷᠢᠳᠴᠢᠯᠠᠭᠰᠠᠨ ᠪᠠᠶᠢᠷᠢᠯᠠᠭᠤᠯᠤᠯᠲᠠ ᠪᠠ ᠰᠤᠳᠤᠯᠤᠨ ᠨᠡᠭᠡᠭᠡᠬᠦ ᠳᠡᠮᠵᠢᠯᠭᠡ ᠶᠢ ᠴᠢᠩᠭᠠᠳᠬᠠᠨ᠎ᠠ᠃         ᠠᠵᠤ ᠦᠶ᠋ᠯᠡᠰ ᠤᠨ ᠬᠥᠭᠵᠢᠯᠲᠡ ᠪᠠ ᠮᠡᠷᠭᠡᠵᠢᠯ ᠤᠨ ᠤᠯᠠᠷᠢᠨ ᠬᠤᠪᠢᠰᠬᠤ ᠬᠠᠨᠳᠤᠰᠢ ᠶᠢ ᠰᠤᠳᠤᠯᠤᠨ ᠮᠠᠭᠠᠳᠯᠠᠵᠤ᠂ ᠪᠦᠬᠦᠯᠢ ᠴᠣᠭᠴᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠠᠭᠤᠷᠢ ᠰᠤᠳᠤᠯᠭᠠᠨ ᠤ ᠳᠠᠪᠠᠭᠤᠯᠢᠭ ᠢ ᠪᠠᠳᠠᠷᠠᠭᠤᠯᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯᠡᠰ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠵᠡᠷᠭᠡ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠢᠷᠡᠭᠡᠳᠦᠶ ᠶᠢᠨ ᠠᠵᠤ ᠦᠢᠯᠡᠰ ᠤᠨ ᠬᠤᠯᠪᠣᠭᠳᠠᠯ ᠪᠦᠬᠦᠢ ᠰᠠᠭᠤᠷᠢ ᠰᠤᠳᠤᠯᠭᠠᠨ ᠳᠤ ᠦᠵᠡᠭᠦᠯᠬᠦ ᠳᠡᠮᠵᠢᠯᠭᠡ ᠶᠢ ᠴᠢᠩᠭᠠᠳᠬᠠᠨ᠎ᠠ᠃         ︵ᠬᠤᠶᠠᠷ︶ ᠢᠷᠡᠭᠡᠳᠦᠢ ᠶᠢᠨ ᠠᠵᠤ ᠦᠢᠯᠡᠰ ᠤᠨ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠤᠨ᠎ᠠ᠃         ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠤᠯᠤᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠢᠨᠵᠧᠨᠧᠷᠢᠩ ᠤᠨ ᠰᠤᠳᠤᠯᠭᠠᠨ ᠤ ᠲᠥᠪ ᠵᠡᠷᠭᠡ ᠠᠵᠤ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠬᠢᠶ᠎ᠠ ᠪᠠᠭᠰᠢ ᠳᠤ ᠬᠤᠪᠢᠶᠠᠷᠢ ᠲᠥᠪ ᠪᠠᠶᠢᠭᠤᠯᠣᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠬᠦᠴᠦᠨ ᠢ ᠲᠥᠪᠯᠡᠷᠡᠭᠦᠯᠵᠦ᠂ ᠬᠤᠰᠢᠭᠤᠷᠠᠯ ᠮᠡᠷᠭᠡᠵᠢᠯ ᠤᠨ ᠤᠯᠠᠨ ᠠᠷᠭ᠎ᠠ ᠵᠠᠮ ᠢᠶᠠᠷ ᠬᠠᠶᠢᠨ ᠰᠦᠪᠡᠭᠴᠢᠯᠡᠬᠦ ᠪᠠ ᠰᠣᠯᠪᠢᠴᠠᠨ ᠠᠭᠤᠰᠤᠯᠴᠠᠬᠤ ᠶᠢ ᠴᠢᠩᠭᠠᠳᠬᠠᠵᠤ᠂ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠳᠤ ᠪᠦᠬᠦ ᠲᠠᠯ᠎ᠠ ᠶᠢᠨ ᠴᠢᠨᠠᠷᠲᠠᠶ ᠨᠥᠯᠥᠭᠡ ᠪᠦᠬᠦᠢ ᠨᠢᠭᠡ ᠪᠦᠯᠦᠭ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠵᠦ᠂ ᠢᠷᠡᠭᠡᠳᠦᠶ ᠶᠢᠨ ᠠᠵᠤ ᠦᠢᠯᠡᠰ ᠢ ᠪᠤᠶᠢᠵᠢᠭᠤᠯᠤᠨ᠎ᠠ᠃            ︵ᠭᠤᠷᠪᠠ︶ ᠰᠢᠨ᠎ᠡ ᠶᠢ ᠡᠭᠦᠳᠴᠦ ᠦᠢᠯᠡᠰ ᠪᠤᠰᠬᠠᠬᠤ ᠰᠠᠶᠢᠨ ᠰᠠᠶᠢᠬᠠᠨ ᠠᠮᠢ ᠠᠬᠤᠢ ᠶᠢ ᠪᠤᠢ ᠪᠣᠯᠭᠠᠨ᠎ᠠ᠃         ᠢᠷᠡᠭᠡᠳᠦᠶ ᠶᠢᠨ ᠠᠵᠤ ᠦᠶ᠋ᠯᠡᠰ ᠤᠨ ᠨᠡᠪᠴᠢᠭᠦᠯᠬᠦ ᠪᠠ ᠲᠦᠷᠭᠡᠳᠬᠡᠬᠦ ᠲᠥᠯᠥᠪᠯᠡᠭᠡ ᠶᠢ ᠬᠡᠷᠡᠭᠵᠢᠭᠦᠯᠵᠦ᠂ ᠪᠦᠷᠢᠨ ᠪᠦᠲᠦᠨ ᠰᠢᠨ᠎ᠡ ᠶᠢ ᠡᠭᠦᠳᠬᠦ ᠨᠡᠪᠴᠢᠭᠦᠯᠬᠦ ᠰᠢᠰᠲ᠋ᠧᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠰᠢᠰᠲ᠋ᠧᠮᠵᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠣᠶ ᠪᠣᠯᠭᠠᠨ᠎ᠠ᠃ ᠢᠷᠡᠭᠡᠳᠦᠶ ᠶᠢᠨ ᠠᠵᠤ ᠦᠶ᠋ᠯᠡᠰ ᠤᠨ ᠵᠠᠭᠠᠭ ᠠᠯᠤᠰᠯᠠᠨ ᠠᠭᠤᠰᠤᠯᠴᠠᠬᠤ ᠵᠢᠱᠢᠶ᠎ᠡ ᠦᠵᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠬᠡᠷᠡᠭᠯᠡᠭᠡᠨ ᠤ ᠲᠠᠯᠠᠪᠤᠷ ᠤᠨ ᠰᠢᠨ᠎ᠡ ᠶᠢ ᠡᠭᠦᠳᠬᠦ ᠪᠠ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠤᠰᠢᠭᠤᠷᠠᠯ ᠮᠡᠷᠭᠡᠵᠢᠯ ᠤᠨ ᠳᠠᠪᠬᠤᠴᠠᠨ ᠲᠡᠭᠦᠯᠳᠡᠷᠵᠢᠬᠦ ᠶᠢ ᠠᠬᠢᠭᠤᠯᠤᠨ᠎ᠠ᠃           ︵ᠳᠥᠷᠪᠡ︶ ᠢᠷᠡᠭᠡᠳᠦᠶ ᠶᠢᠨ ᠠᠵᠤ ᠦᠶ᠋ᠯᠡᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠴᠢᠩᠭᠠᠳᠬᠠᠨ᠎ᠠ᠃          ᠣᠷᠳᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠥᠷᠥᠯ ᠪᠠ ᠤᠯᠤᠰ ᠤᠨ ᠢᠷᠡᠭᠡᠳᠦᠶ ᠶᠢᠨ ᠠᠵᠤ ᠦᠶ᠋ᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢᠶᠠᠷ ᠳᠠᠮᠵᠢᠭᠤᠯᠤᠨ ᠰᠢᠨ᠎ᠡ ᠶᠢ ᠡᠭᠦᠳᠬᠦ ᠴᠢᠳᠠᠪᠤᠷᠢᠲᠠᠨ ᠪᠠ ᠪᠦᠯᠬᠦᠮ ᠨᠡᠶᠢᠲᠡ ᠶᠢ ᠬᠠᠨᠳᠤᠯᠭ᠎ᠠ ᠲᠠᠢ ᠪᠠᠷ ᠢᠷᠡᠭᠡᠳᠦᠶ ᠶᠢᠨ ᠠᠵᠤ ᠦᠶ᠋ᠯᠡᠰ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠠᠵᠤ ᠦᠶ᠋ᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮᠵᠢ ᠶᠢ ᠪᠣᠶ ᠪᠣᠯᠭᠠᠨ᠎ᠠ᠃ ᠣᠷᠣᠨ ᠪᠦᠰᠡ ᠶᠢᠨ ᠳᠡᠭᠡᠳᠦ ᠲᠡᠰ ᠤᠨ ᠴᠢᠳᠠᠪᠤᠷᠢᠲᠠᠨ ᠤ ᠬᠠᠮᠲᠤᠷᠠᠯᠴᠠᠭᠠᠨ ᠤ ᠲᠥᠯᠥᠪᠯᠡᠭᠡ ᠶᠢ ᠲᠦᠯᠬᠢᠨ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠠᠵᠢᠯ ᠢ ᠴᠢᠩᠭᠠᠳᠬᠠᠨ᠎ᠠ᠃          ᠨᠠᠢᠮᠠᠳᠤᠭᠠᠷ ᠪᠦᠯᠦᠭ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ           ᠨᠢᠭᠡ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃          ︵ᠨᠢᠭᠡ︶ ᠲᠠᠭᠠᠭᠤᠯᠤᠭᠴᠢ ᠠᠵᠤ ᠠᠬᠤᠶᠢᠯᠠᠯ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃          ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠳᠡᠭᠡᠳᠦ ᠵᠡᠷᠭᠡ ᠶᠢᠨ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠬᠤ ᠬᠥᠮᠥᠷᠭᠡ ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠲᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠱᠠᠲᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠬᠠᠮᠢᠶ᠎ᠠ ᠪᠥᠬᠦᠶ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠠᠵᠤ ᠠᠬᠤᠶᠢᠯᠠᠯ ᠤᠨ ᠱᠠᠲᠤᠴᠢᠯᠠᠨ ᠪᠤᠶᠢᠵᠢᠭᠤᠯᠬᠤ ᠬᠥᠮᠥᠷᠭᠡ ᠶᠢ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨ᠎ᠡ ᠶᠢ ᠡᠭᠦᠳᠬᠦ ᠬᠡᠯᠪᠡᠷᠢ ᠶᠢᠨ ᠲᠠᠭᠠᠭᠤᠯᠤᠬᠴᠢ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠬᠤ ᠪᠤᠶᠤ ᠬᠠᠮᠲᠤᠷᠠᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠰᠤᠵᠤ ᠭᠡᠯᠳᠦᠷᠢᠭᠦᠯᠬᠦ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠠᠰᠢ ᠬᠥᠭᠵᠢᠬᠦ ᠶᠢ ᠵᠣᠷᠢᠭᠵᠢᠭᠤᠯᠤᠨ᠎ᠠ᠃          ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢ ᠨᠡᠮᠡᠭᠳᠡᠭᠦᠯᠦᠨ᠎ᠡ᠃          ᠠᠵᠤ ᠦᠶ᠋ᠯᠡᠰ ᠤᠨ ᠨᠡᠪᠴᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠨᠡᠪᠴᠢᠭᠦᠯᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠣᠯᠠᠨ ᠨᠡᠶᠢᠲᠡ ᠳᠤ ᠣᠷᠣᠨ ᠵᠠᠶ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠪᠠᠭᠠᠵᠢ ᠵᠡᠷᠭᠡ ᠠᠴᠢᠶᠠᠯᠠᠪᠤᠷᠢ ᠶᠢᠨ ᠪᠥᠲᠥᠭᠡᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠳᠤ ᠬᠦᠴᠦᠨ ᠨᠡᠮᠡᠷᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠲᠦᠷᠭᠡᠳᠬᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠠᠵᠢᠯ ᠲᠥᠷᠥᠯ᠂ ᠬᠦᠷᠢᠶ᠎ᠡ ᠬᠡᠪᠴᠢᠶ᠎ᠡ ᠬᠤᠪᠢᠶᠠᠨ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠳᠠᠭᠠᠭᠤᠯᠤᠭᠴᠢ ᠠᠵᠤ ᠠᠬᠤᠶᠢᠯᠠᠯ ᠢ ᠪᠣᠶ ᠪᠣᠯᠭᠠᠨ᠎ᠠ᠃ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠶᠡᠬᠡᠪᠡᠷ ᠪᠣᠶᠢᠵᠢᠭᠤᠯᠣᠨ᠎ᠠ᠃          ︵ᠭᠤᠷᠪᠠ︶ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃          ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠦᠵᠡᠯ ᠤᠬᠠᠮᠰᠠᠷ ᠢ ᠴᠢᠩᠭᠠᠷᠠᠭᠤᠯᠵᠤ᠂ ᠣᠷᠣᠨ ᠪᠦᠰᠡ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠨᠢᠭᠡ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠡᠭᠦᠳᠦᠯᠲᠡ ᠶᠢᠨ ᠲᠤᠰᠬᠠᠶ ᠠᠰᠢᠭ ᠤᠨ ︽ᠭᠤᠷᠪᠠ ᠶᠢ ᠦᠭᠡᠶᠢᠰᠬᠡᠬᠦ︾ ᠠᠵᠢᠯᠯᠠᠭ᠎ᠠ ᠶᠢ ᠥᠷᠨᠢᠭᠦᠯᠵᠦ᠂ ᠣᠷᠣᠨ ᠪᠦᠰᠡ ᠶᠢᠨ ᠳᠣᠲᠣᠷᠠᠬᠢ ᠲᠣᠭᠲᠠᠭᠠᠯ ᠳᠡᠭᠡᠷᠡᠬᠢ ᠠᠵᠤ ᠠᠬᠤᠶᠢᠯᠠᠯ ᠪᠦᠬᠦᠨ ᠢᠶᠠᠷ ᠢᠶᠠᠨ ᠰᠢᠨ᠎ᠡ ᠶᠢ ᠡᠭᠦᠳᠬᠦ ᠠᠵᠢᠯᠯᠠᠭ᠎ᠠ᠂ ᠰᠢᠨ᠎ᠡ ᠶᠢ ᠡᠭᠦᠳᠬᠦ ᠣᠷᠣᠭᠤᠯᠤᠯᠲᠠ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠲᠠᠢ ᠪᠠᠶᠢᠬᠤ ᠶᠢ ᠪᠡᠶᠡᠯᠡᠭᠦᠯᠦᠨ᠎ᠡ᠃ ᠬᠤᠶᠠᠷ ᠲᠤ᠂ ᠠᠵᠤ ᠠᠬᠤᠶᠢᠯᠠᠯ ᠤᠨ ᠡᠯ᠎ᠡ ᠱᠠᠲᠤᠨ ᠤ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠣᠷᠣᠭᠤᠯᠤᠯᠲᠠ ᠶᠢ ᠨᠡᠮᠡᠭᠳᠡᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠣᠯᠬᠤ ᠶᠢ ᠵᠣᠷᠢᠭᠵᠢᠭᠤᠯᠣᠨ᠎ᠠ᠃ ᠭᠤᠷᠪᠠ ᠳᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠷ ᠳᠠᠮᠵᠢᠨ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠳᠡᠮᠵᠢᠵᠦ᠂ ᠠᠵᠤ ᠠᠬᠤᠶᠢᠯᠠᠯ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ᠂ ᠦᠢᠯᠡᠳᠬᠦᠨ ᠢ ᠨᠡᠭᠡᠭᠡᠨ ᠬᠥᠭᠵᠢᠭᠦᠯᠬᠦ᠂ ᠴᠢᠳᠠᠪᠤᠷᠢᠲᠠᠨ ᠢ ᠬᠥᠮᠦᠵᠢᠭᠦᠯᠬᠦ᠂ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃          ︵ᠳᠥᠷᠪᠡ︶ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃          ᠬᠢᠶ᠎ᠠ ᠪᠠᠭᠰᠢ ᠲᠣᠭᠤᠷᠢᠭ ᠤᠨ ᠤᠶᠤᠨᠴᠢᠯᠠᠭᠰᠠᠨ ᠮᠡᠷᠭᠡᠵᠢᠯ ᠤᠨ ᠥᠭᠡᠷᠡᠴᠢᠯᠡᠯᠲᠡ ᠶᠢᠨ ᠠᠰᠠᠭᠤᠨ ᠣᠨᠣᠰᠢᠯᠠᠬᠤ ᠦᠶ᠋ᠯᠡᠴᠢᠯᠡᠭᠡ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠦᠶ᠋ᠯᠡᠳᠪᠦᠷᠢ ᠶᠢᠨ ᠤᠶᠤᠨᠴᠢᠯᠠᠭᠰᠠᠨ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠬᠦ ᠶᠢ ᠬᠥᠲᠥᠯᠦᠨ ᠵᠢᠯᠣᠭᠤᠳᠬᠤ ᠪᠠ ᠠᠬᠢᠭᠤᠯᠤᠨ᠎ᠠ᠃ ᠤᠶᠤᠨᠴᠢᠯᠠᠬᠰᠠᠨ ᠥᠭᠡᠷᠡᠴᠢᠯᠡᠯᠲᠡ ᠶᠢ ᠲᠦᠷᠭᠡᠳᠬᠡᠨ᠂ ᠤᠶᠤᠨᠴᠢᠯᠠᠬᠰᠠᠨ ᠥᠭᠡᠷᠡᠴᠢᠯᠡᠯᠲᠡ ᠶᠢᠨ ᠲᠦᠷᠦᠯ ᠵᠦᠢᠯ ᠢ ᠰᠠᠶᠢᠲᠤᠷ ᠠᠳᠬᠤᠵᠤ᠂ ᠤᠶᠤᠨᠴᠢᠯᠠᠬᠰᠠᠨ ᠥᠭᠡᠷᠡᠴᠢᠯᠡᠯᠲᠡ ᠶᠢᠨ ᠲᠠᠪᠴᠠᠩ ᠢ ᠪᠠᠶᠢᠭᠤᠯᠵᠤ᠂ ᠤᠶᠤᠨᠴᠢᠯᠠᠬᠰᠠᠨ ᠥᠭᠡᠷᠡᠴᠢᠯᠡᠯᠲᠡ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠤᠶᠤᠨᠴᠢᠯᠠᠬᠰᠠᠨ ᠲᠡᠳᠬᠦᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠤᠶᠤᠨᠴᠢᠯᠠᠬᠰᠠᠨ ᠮᠡᠷᠭᠡᠵᠢᠯ ᠤᠨ ᠥᠭᠡᠷᠡᠴᠢᠯᠡᠯᠲᠡ ᠶᠢᠨ ᠲᠡᠰ ᠳᠡᠪᠰᠢᠬᠦ ᠶᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠯᠠᠪᠳᠠᠭᠤᠨ ᠪᠠᠲᠤᠲᠠᠢ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃          ᠬᠤᠶᠠᠷ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢ ᠨᠥᠬᠦᠴᠡᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠦᠨ᠎ᠡ᠃          ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠨᠥᠬᠦᠴᠡᠯ ᠤᠨ ᠲᠠᠪᠴᠠᠩ ᠢ ᠪᠠᠶᠢᠭᠤᠯᠤᠨ᠎ᠠ᠃          ᠬᠤᠲᠠ ᠲᠣᠭᠤᠷᠢᠭ ᠬᠤᠯᠪᠣᠭᠠᠯᠠᠨ ᠬᠥᠳᠡᠯᠦᠯᠴᠡᠵᠦ ᠬᠢᠶ᠎ᠠ ᠪᠠᠭᠰᠢ ᠲᠣᠭᠤᠷᠢᠭ ᠢ ᠣᠷᠳᠣᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠤᠰᠢᠭᠤᠴᠢ ᠬᠤᠲᠠ ᠪᠣᠯᠭᠠᠨ ᠪᠥᠲᠥᠭᠡᠨ ᠪᠠᠶᠢᠭᠤᠯᠬᠤ ᠶᠢ ᠠᠭᠢᠭᠤᠯᠣᠨ᠎ᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠥᠬᠦᠭᠡᠷᠦᠮᠵᠢ᠂ ᠰᠢᠨᠵᠢᠯᠡᠬᠦ ᠤᠬᠠᠭᠠᠨ ᠤ ᠲᠥᠬᠦᠭᠡᠷᠦᠮᠵᠢ ᠪᠠ ᠢᠨᠵᠧᠨᠧᠷᠢᠩ ᠤᠨ ᠲᠥᠷᠥᠯ ᠵᠦᠶ᠋ᠯ ᠢ ᠬᠢᠶ᠎ᠠ ᠪᠠᠭᠰᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠢᠶ᠎ᠠ ᠪᠠᠭᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠥᠬᠦᠴᠡᠯ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ ᠵᠡᠷᠭᠡ ᠶᠢᠨ ᠲᠡᠷᠢᠭᠦᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠣᠷᠳᠣᠰ ᠲᠤ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠬᠤ ᠳᠤ ᠲᠠᠯᠠᠪᠤᠷ ᠭᠠᠵᠠᠷ ᠬᠠᠩᠭᠠᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠳᠤ ᠲᠤᠯᠭᠠᠭᠤᠷᠢᠯᠠᠯ ᠬᠠᠩᠭᠠᠨ᠎ᠠ᠃ ᠪᠦᠬᠦ ᠬᠤᠳᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠳᠤ ᠨᠡᠪᠴᠢᠭᠦᠯᠦᠨ ᠪᠤᠶᠢᠵᠢᠭᠤᠯᠬᠤ ᠣᠷᠣᠨ ᠵᠠᠶ ᠬᠠᠩᠭᠠᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠷᠳᠣᠰ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠪᠠ ᠮᠡᠷᠭᠡᠵᠢᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ᠎ᠡ᠃          ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃        ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠬᠠᠮᠢᠶᠠᠷᠤᠯᠲᠠ ᠪᠠ ᠡᠵᠡᠩᠨᠡᠯᠲᠡ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠮᠡᠷᠭᠡᠵᠢᠯ ᠢ ᠰᠢᠯᠵᠢᠭᠦᠯᠬᠦ ᠲᠤᠰᠬᠠᠶ ᠪᠠᠶᠢᠭᠤᠯᠤᠮᠵᠢ ᠶᠢ ᠴᠢᠷᠮᠠᠶᠢᠨ ᠪᠠᠶᠢᠭᠤᠯᠤᠨ᠎ᠠ᠃ ᠮᠡᠷᠭᠡᠵᠢᠯ ᠢ ᠰᠢᠯᠵᠢᠭᠦᠯᠬᠦ ᠬᠠᠮᠢᠶᠠᠷᠤᠯᠲᠠ ᠶᠢᠨ ᠠᠵᠢᠯᠲᠠᠨ᠂ ᠮᠡᠷᠭᠡᠵᠢᠯ ᠤᠨ ᠵᠠᠭᠤᠴᠢᠯᠠᠭᠴᠢ᠂ ᠮᠡᠷᠭᠡᠵᠢᠯ ᠤᠨ ᠡᠵᠡᠩᠨᠡᠨ ᠬᠠᠮᠢᠶᠠᠷᠤᠭᠴᠢ ᠵᠡᠷᠭᠡ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠢ ᠨᠡᠭᠡᠭᠡᠬᠦ᠂ ᠦᠷ᠎ᠡ ᠪᠦᠲᠦᠭᠡᠯ ᠢ ᠦᠨᠡᠯᠡᠬᠦ᠂ ᠮᠡᠷᠭᠡᠵᠢᠯ ᠢ ᠳᠡᠯᠭᠡᠷᠡᠭᠦᠯᠬᠦ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠣᠨ᠎ᠠ᠃           ︵ᠭᠤᠷᠪᠠ︶ ᠰᠢᠨ᠎ᠡ ᠶᠢ ᠡᠭᠦᠳᠬᠦ ᠦᠢᠯᠡᠰ ᠪᠤᠰᠬᠠᠬᠤ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃         ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠶ᠋ᠯᠡᠰ ᠴᠣᠭᠴᠠᠯᠠᠬᠤ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠴᠢᠯᠠᠭᠰᠠᠨ ᠨᠡᠪᠴᠢᠭᠦᠯᠬᠦ ᠪᠠᠭᠠᠵᠢ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠵᠡᠷᠭᠡ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠨᠡᠶᠢᠭᠡᠮ ᠤᠨ ᠬᠦᠴᠦᠨ ᠢᠶᠠᠷ ᠭᠤᠤᠯᠯᠠᠭᠤᠯᠬᠤ ᠪᠤᠶᠤ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠠᠵᠢᠯᠯᠠᠭ᠎ᠠ ᠳᠤ ᠣᠷᠣᠯᠴᠠᠬᠤ ᠶᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠡᠯ᠎ᠡ ᠲᠥᠷᠥᠯ ᠤᠨ ᠭᠤᠤᠯ ᠴᠣᠭᠴᠠ ᠶᠢ ᠲᠡᠳᠡᠨ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠵᠤ᠂ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠠᠮᠢ ᠠᠬᠤᠶ ᠶᠢ ᠪᠣᠶ ᠪᠣᠯᠭᠠᠨ᠎ᠠ᠃ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠡᠯ᠎ᠡ ᠲᠥᠷᠥᠯ ᠤᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠲᠡᠭᠦᠨ ᠤ ᠳᠣᠲᠣᠷ᠎ᠠ ᠠᠴᠠ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠪᠠ ᠳᠠᠯᠳᠠ ᠠᠵᠤ ᠠᠬᠤᠶ ᠶᠢᠨ ᠦᠨ᠎ᠡ ᠥᠷᠲᠡᠭ ᠲᠠᠢ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠲᠥᠷᠥᠯ ᠵᠦᠶ᠋ᠯ ᠢ ᠠᠭᠤᠳᠠᠯᠤᠨ ᠢᠯᠡᠷᠡᠭᠦᠯᠦᠨ᠎ᠡ᠃ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠳᠤ ᠠᠨᠴᠢᠯ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠠᠳᠠᠯ ᠦᠶ᠋ᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠲᠦᠭᠰᠢᠭᠦᠷᠢᠲᠦ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢ ᠣᠷᠣᠭᠤᠯᠤᠨ ᠪᠠᠶᠢᠭᠤᠯᠬᠤ ᠶᠢ ᠳᠡᠮᠵᠢᠵᠦ᠂ ᠠᠩᠬ᠎ᠠ ᠰᠢᠨ᠎ᠡ ᠶᠢ ᠡᠭᠦᠳᠬᠦ ᠬᠤᠭᠤᠴᠠᠭᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠦᠰᠦᠨ ᠪᠤᠵᠠᠭᠠᠶᠢᠷᠠᠬᠤ ᠶᠢ ᠪᠤᠶᠢᠵᠢᠭᠤᠯᠤᠨ ᠲᠡᠳᠬᠦᠨ᠎ᠡ᠃            ᠭᠤᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃          ︵ᠨᠢᠭᠡ︶ ᠠᠵᠤ ᠦᠶ᠋ᠯᠡᠰ ᠤᠨ ᠳᠠᠭᠠᠭᠤᠯᠤᠭᠴᠢ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃          ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠭᠯᠡᠯ ᠪᠠ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠬᠡᠷᠡᠭᠯᠡᠬᠦ ᠴᠢᠳᠠᠪᠤᠷᠢᠲᠠᠨ ᠢ ᠦᠯᠡᠳᠡᠭᠡᠬᠦ ᠲᠣᠭᠲᠠᠴᠠ ᠶᠢ ᠰᠢᠨ᠎ᠡ ᠪᠠᠷ ᠡᠭᠦᠳᠦᠨ᠎ᠡ᠃ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠬᠦᠴᠦᠯᠡᠨ ᠣᠷᠣᠭᠤᠯᠤᠨ᠎ᠠ᠃ ᠬᠢᠶ᠎ᠠ ᠪᠠᠭᠰᠢ ᠲᠤ ᠪᠠᠶᠢᠭ᠎ᠠ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠳᠠᠯᠳᠠ ᠬᠦᠴᠦᠨ ᠢ ᠭᠦᠶ᠋ᠴᠡᠳ ᠠᠭᠤᠳᠠᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠵᠢᠴᠢ ᠪᠡᠯᠡᠳᠬᠡᠯ ᠬᠦᠴᠦᠨ ᠢ ᠪᠣᠶ ᠪᠣᠯᠭᠠᠵᠤ᠂ ᠨᠢᠭᠡ ᠪᠦᠯᠦᠭ ᠡᠷᠳᠡᠮ ᠰᠢᠨᠵᠢᠯᠡᠭᠡᠨ ᠤ ᠳᠠᠭᠠᠭᠤᠯᠤᠭᠴᠢ ᠪᠠ ᠠᠵᠤ ᠦᠶ᠋ᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠦᠨ ᠳᠠᠭᠠᠭᠤᠯᠬᠤ ᠮᠡᠷᠭᠡᠵᠢᠯ ᠤᠨ ᠳᠠᠭᠠᠭᠤᠯᠤᠭᠴᠢ ᠶᠢ ᠬᠥᠮᠦᠵᠢᠭᠦᠯᠦᠨ ᠪᠤᠶᠢᠵᠢᠭᠤᠯᠤᠨ᠎ᠠ᠃          ︵ᠬᠤᠶᠠᠷ︶ ᠲᠣᠰ ᠭᠠᠵᠠᠷ ᠣᠷᠣᠨ ᠤ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠃          ᠣᠷᠳᠣᠰ ᠬᠤᠲᠠ ᠶᠢᠨ ᠬᠤᠯᠪᠣᠭᠳᠠᠯ ᠪᠦᠬᠦᠢ ᠴᠢᠳᠠᠪᠤᠷᠢᠲᠠᠨ ᠤ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ ᠶᠢ ᠴᠢᠩᠭᠠᠳᠬᠠᠵᠤ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠤᠨ ᠠᠮᠢ ᠠᠬᠤᠶ ᠶᠢᠨ ᠣᠷᠴᠢᠨ ᠲᠣᠭᠤᠷᠢᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠳᠤ ᠲᠦᠰᠢᠭᠯᠡᠨ᠂ ᠲᠤᠬᠠᠶ ᠶᠢᠨ ᠭᠠᠵᠠᠷ ᠤᠨ ᠳᠠᠪᠠᠭᠤᠯᠢᠭ ᠤᠨᠴᠠᠯᠢᠭᠳᠤ ᠠᠵᠤ ᠦᠶ᠋ᠯᠡᠰ ᠪᠠ ᠰᠢᠨ᠎ᠡ ᠪᠠᠷ ᠪᠣᠶ ᠪᠣᠯᠤᠭᠰᠠᠨ ᠠᠵᠤ ᠦᠶ᠋ᠯᠡᠰ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠲᠡᠳᠡᠨ ᠤ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠳᠣᠭᠢᠷᠠᠭᠤᠯᠬᠤ ᠶᠢ ᠵᠣᠷᠢᠭᠵᠢᠭᠤᠯᠵᠤ᠂ ᠬᠠᠮᠢᠶ᠎ᠠ ᠪᠥᠬᠦᠶ ᠲᠤᠰᠬᠠᠶ ᠮᠡᠷᠭᠡᠵᠢᠯ ᠪᠤᠶᠤ ᠬᠢᠴᠢᠶᠡᠯ ᠨᠡᠭᠡᠭᠡᠵᠦ᠂ ᠳᠡᠭᠡᠳᠦ ᠵᠡᠷᠭᠡ ᠶᠢᠨ ᠢᠨᠵᠧᠨᠧᠷ᠂ ᠳᠡᠭᠡᠳᠦ ᠵᠡᠷᠭᠡ ᠶᠢᠨ ᠮᠠᠰᠲ᠋ᠧᠷ᠂ ᠮᠡᠷᠭᠡᠵᠢᠯ ᠤᠨ ᠠᠵᠢᠯᠴᠢᠨ ᠵᠡᠷᠭᠡ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠲᠦᠷᠢᠮ ᠤᠨ ᠰᠢᠨ᠎ᠡ ᠶᠢ ᠡᠭᠦᠳᠴᠦ᠂ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠰᠣᠷᠣᠭᠴᠢ ᠡᠯᠰᠡᠬᠦ᠂ ᠬᠠᠮᠲᠤᠷᠠᠨ ᠬᠥᠮᠦᠵᠢᠭᠦᠯᠬᠦ ᠣᠲᠣ ᠦᠶ᠎ᠡ ᠶᠢᠨ ᠱᠠᠪᠢ ᠣᠷᠣᠬᠤ ᠲᠦᠷᠢᠮ ᠤᠨ ᠲᠤᠷᠰᠢᠯᠲᠠ ᠶᠢ ᠥᠷᠨᠢᠭᠦᠯᠵᠦ᠂ ᠰᠢᠨ᠎ᠡ ᠶᠢ ᠡᠭᠦᠳᠬᠦ ᠦᠶ᠋ᠯᠡᠳᠦᠯᠭᠡ ᠶᠢᠨ ᠲᠤᠷᠰᠢᠯᠭ᠎ᠠ ᠲᠠᠢ ᠠᠵᠤ ᠠᠬᠤᠶᠢᠯᠠᠯᠲᠠᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠪᠠ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠲᠤ ᠣᠴᠢᠵᠤ ᠲᠤᠰᠢᠶᠠᠯ ᠬᠠᠪᠰᠤᠷᠭᠠᠬᠤ ᠶᠢ ᠵᠣᠷᠢᠭᠵᠢᠭᠤᠯᠤᠨ᠎ᠠ᠃          ︵ᠭᠤᠷᠪᠠ︶ ᠴᠢᠳᠠᠪᠤᠷᠢᠲᠠᠨ ᠢ ᠦᠨᠡᠯᠡᠬᠦ ᠲᠦᠷᠢᠮ ᠤᠨ ᠰᠢᠨ᠎ᠡ ᠶᠢ ᠡᠭᠦᠳᠦᠨ᠎ᠡ᠃          ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠬᠡᠷᠡᠭᠯᠡᠬᠦ ᠶᠢ ᠦᠨᠡᠯᠡᠨ ᠤᠷᠮᠠᠰᠢᠭᠤᠯᠬᠤ ᠲᠦᠷᠢᠮ ᠢ ᠰᠢᠯᠢᠳᠡᠭᠵᠢᠭᠦᠯᠵᠦ᠂ ᠴᠢᠳᠠᠪᠤᠷᠢᠲᠠᠨ ᠢ ᠦᠨᠡᠯᠡᠬᠦ ᠰᠢᠰᠲ᠋ᠧᠮ᠂ ᠠᠰᠢᠭ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠪᠠ ᠤᠯᠠᠨ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠵᠠᠰᠠᠭ ᠤᠨ ᠣᠷᠳᠣᠨ ᠠᠴᠠ ᠰᠠᠶᠢᠰᠢᠶᠠᠨ ᠬᠥᠬᠢᠭᠦᠯᠵᠦ ᠱᠠᠩᠨᠠᠬᠤ ᠲᠦᠷᠢᠮ ᠢ ᠲᠡᠭᠦᠯᠳᠡᠷᠵᠢᠭᠦᠯᠦᠨ᠎ᠡ᠃ ᠴᠢᠳᠠᠪᠤᠷᠢᠲᠠᠨ ᠤ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠤᠣᠰ ᠴᠢᠭᠯᠡᠯ ᠢᠶᠠᠷ ᠰᠢᠯᠵᠢᠬᠦ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠬᠤᠭᠤᠷᠣᠨᠳᠣ ᠬᠤᠣᠰ ᠴᠢᠭᠯᠡᠯ ᠢᠶᠠᠷ ᠲᠤᠰᠢᠶᠠᠯ ᠡᠭᠦᠷᠭᠡᠯᠡᠬᠦ ᠶᠢ ᠵᠦᠪᠰᠢᠶᠡᠷᠡᠨ᠎ᠡ᠃ ᠶᠡᠭᠡ ᠰᠤᠷᠭᠠᠭᠤᠯᠢ ᠶᠢᠨ ᠪᠠᠭᠰᠢ ᠶᠢᠨ ᠡᠷᠳᠡᠮ ᠰᠢᠨᠵᠢᠯᠡᠭᠡᠨ ᠤ ᠠᠮᠠᠷᠠᠯᠲᠠ ᠶᠢᠨ ᠲᠤᠷᠰᠢᠯᠲᠠ ᠶᠢ ᠥᠷᠨᠢᠭᠦᠯᠵᠦ᠂ ᠰᠢᠨ᠎ᠡ ᠶᠢ ᠡᠭᠦᠳᠬᠦ ᠦᠢᠯᠡᠰ ᠪᠤᠰᠬᠠᠬᠤ ᠳᠠᠭᠠᠭᠤᠯᠤᠭᠴᠢ ᠴᠢᠳᠠᠪᠤᠷᠢᠲᠠᠨ ᠪᠠ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠬᠢᠯᠢ ᠶᠢᠨ ᠭᠠᠳᠠᠨ᠎ᠠ ᠰᠤᠳᠤᠯᠤᠨ ᠰᠤᠷᠤᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠪᠦᠲᠦᠭᠡᠯᠴᠢ ᠴᠢᠳᠠᠪᠤᠷᠢ ᠶᠢ ᠬᠦᠭᠵᠢᠭᠡᠨ᠎ᠡ᠃ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠨᠠᠷᠢᠨ ᠲᠠᠩᠰᠠ ᠶᠢᠨ ᠲᠦᠷᠢᠮ ᠢ ᠪᠠᠶᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠪᠤᠶᠤ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠣᠨ ᠤ ᠴᠠᠯᠢᠩ ᠤᠨ ᠲᠦᠷᠢᠮ᠂ ᠵᠥᠪᠯᠡᠯᠴᠡᠭᠡᠷ ᠤᠨ ᠴᠠᠯᠢᠩ ᠤᠨ ᠲᠦᠷᠢᠮ ᠪᠠ ᠲᠥᠷᠥᠯ ᠵᠦᠶ᠋ᠯ ᠤᠨ ᠴᠠᠯᠢᠩ ᠤᠨ ᠲᠦᠷᠢᠮ ᠢ ᠬᠡᠷᠡᠭᠵᠢᠭᠦᠯᠬᠦ ᠶᠢ ᠰᠦᠪᠡᠭᠴᠢᠯᠡᠨ᠎ᠡ᠃          ︵ᠳᠥᠷᠪᠡ︶ ᠭᠡᠷ᠎ᠡ ᠶᠢᠨ ᠵᠣᠷᠢᠭ ᠰᠠᠨᠠᠭ᠎ᠠ ᠪᠠ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠤᠢ ᠪᠣᠯᠭᠠᠨ᠎ᠠ᠃          ᠵᠠᠬ᠎ᠠ ᠳᠡᠯᠭᠡᠭᠦᠷ ᠤᠨ ᠠᠵᠤ ᠠᠬᠤᠶ ᠳᠤ ᠳᠣᠭᠢᠷᠬᠠᠰᠠᠨ ᠭᠡᠷ᠎ᠡ ᠶᠢᠨ ᠵᠣᠷᠢᠭ ᠰᠠᠨᠠᠭ᠎ᠠ ᠶᠢ ᠵᠣᠷᠢᠭᠵᠢᠭᠤᠯᠵᠤ᠂ ᠡᠷᠬᠡ ᠲᠡᠭᠰᠢ᠂ ᠬᠠᠷᠢᠯᠴᠠᠨ ᠢᠲᠡᠭᠡᠯᠴᠡᠬᠦ᠂ ᠬᠠᠮᠲᠤᠷᠠᠯᠴᠠᠬᠤ ᠵᠠᠰᠠᠭ ᠵᠠᠬᠢᠷᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠪᠠᠶᠢᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠲᠡᠭᠦᠯᠳᠡᠷᠵᠢᠭᠦᠯᠦᠨ᠎ᠡ᠃ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠰᠠᠨᠠᠭᠠᠴᠢᠯᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠵᠣᠷᠢᠭᠵᠢᠭᠤᠯᠤᠨ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠢᠲᠡᠭᠡᠯ ᠢᠶᠠᠨ ᠨᠡᠮᠡᠭᠳᠡᠭᠦᠯᠦᠨ᠂ ᠵᠣᠷᠢᠭᠲᠠᠶ ᠪᠠᠷ ᠲᠦᠷᠦᠭᠦᠯᠡᠬᠦ᠂ ᠵᠣᠷᠢᠭᠲᠠᠶ ᠪᠠᠷ ᠣᠷᠦ᠋ᠢᠯᠠᠬᠤ᠂ ᠢᠯᠠᠭᠳᠠᠯ ᠢ ᠠᠭᠤᠴᠢᠯᠠᠨ ᠪᠠᠭᠲᠠᠭᠠᠬᠤ ᠰᠢᠨ᠎ᠡ ᠶᠢ ᠡᠭᠦᠳᠬᠦ ᠰᠣᠶᠣᠯ ᠢ ᠢᠳᠡᠪᠬᠢᠲᠡᠶ ᠪᠠᠷ ᠰᠠᠨᠠᠭᠠᠴᠢᠯᠠᠨ᠎ᠠ᠃ ᠰᠢᠨ᠎ᠡ ᠶᠢ ᠡᠭᠦᠳᠬᠦ ᠶᠢ ᠡᠷᠬᠢᠮᠯᠡᠬᠦ᠂ ᠠᠳᠠᠯ ᠦᠢᠯᠡᠰ ᠴᠣᠭᠴᠠᠯᠠᠨ ᠴᠢᠨᠡᠭᠡᠯᠢᠭᠵᠢᠬᠦ ᠶᠢ ᠡᠷᠬᠢᠮᠯᠡᠬᠦ ᠦᠷᠳᠡᠭ ᠤᠨ ᠤᠳᠤᠷᠢᠳᠤᠮᠵᠢ ᠶᠢ ᠪᠤᠢ ᠪᠣᠯᠭᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ ᠰᠢᠨ᠎ᠡ ᠶᠢ ᠡᠭᠦᠳᠦᠭᠴᠢ ᠶᠢᠨ ᠰᠣᠶᠣᠯ ᠢ ᠶᠡᠭᠡ ᠪᠠᠷ ᠪᠤᠶᠢᠵᠢᠭᠤᠯᠤᠨ᠎ᠠ᠃ ᠬᠥᠳᠡᠯᠮᠦᠷᠢ ᠶᠢ ᠬᠦᠨᠳᠦᠳᠬᠡᠵᠦ᠂ ᠡᠭᠦᠳᠦᠨ ᠪᠦᠲᠦᠭᠡᠯᠲᠡ ᠶᠢ ᠬᠦᠨᠳᠦᠳᠬᠡᠵᠦ᠂ ᠠᠵᠤ ᠠᠬᠤᠶᠢᠯᠠᠯᠲᠠᠨ ᠢ ᠬᠦᠨᠳᠦᠳᠬᠡᠵᠦ᠂ ᠠᠵᠤ ᠠᠬᠤᠶᠢᠯᠠᠯᠲᠠᠨ ᠤ ᠨᠡᠶᠢᠭᠡᠮ ᠤᠨ ᠨᠡᠷ᠎ᠡ ᠬᠦᠨᠳᠦ ᠶᠢ ᠬᠠᠮᠠᠭᠠᠯᠠᠵᠤ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠳ᠋ ᠬᠦᠷᠦᠩᠭᠡ ᠶᠢ ᠬᠠᠮᠠᠭᠠᠯᠠᠵᠤ᠂ ᠠᠵᠤ ᠠᠬᠤᠶᠢᠯᠠᠯᠲᠠᠨ ᠤ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ ᠴᠢᠯᠥᠭᠡᠲᠡᠶ ᠪᠠᠷ ᠦᠰᠦᠨ ᠪᠤᠶᠢᠵᠢᠬᠤ ᠶᠢ ᠠᠬᠢᠭᠤᠯᠬᠤ ᠰᠢᠨ᠎ᠡ ᠶᠢ ᠡᠭᠦᠳᠬᠦ ᠠᠮᠢ ᠠᠬᠤᠶ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃          ᠳᠥᠷᠪᠡ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠬᠢᠵᠦ ᠬᠠᠮᠲᠤᠷᠠᠯᠴᠠᠬᠤ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃          ︵ᠨᠢᠭᠡ︶ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠠ ᠣᠷᠣᠨ ᠨᠤᠲᠤᠭ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠤᠨ᠎ᠠ᠃          ᠬᠢᠶ᠎ᠠ ᠪᠠᠭᠰᠢ ᠲᠣᠭᠤᠷᠢᠭ ᠤᠨ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠤᠯᠤᠰ ᠲᠥᠷᠥ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠮᠥᠩᠭᠦᠨ ᠭᠦᠢᠯᠭᠡᠭᠡ ᠵᠡᠷᠭᠡ ᠶᠢᠨ ᠳᠠᠪᠠᠭᠤᠯᠢᠭ ᠢ ᠪᠠᠳᠠᠷᠠᠭᠤᠯᠵᠤ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠭᠠᠷ ᠤᠨ ᠥᠰᠥᠭ ᠵᠢᠷᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠤ ᠲᠦᠰᠢᠭᠯᠡᠨ᠂ ᠥᠨᠳᠥᠷ ᠬᠢᠷᠢ ᠲᠦᠪᠰᠢᠨ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠢᠶ᠎ᠠ ᠪᠠᠭᠰᠢ ᠲᠤ ᠰᠠᠯᠪᠤᠷᠢ ᠪᠠᠶᠢᠭᠤᠯᠤᠮᠵᠢ ᠪᠠᠶᠢᠭᠤᠯᠬᠤ ᠪᠤᠶᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠬᠠᠮᠲᠤᠷᠠᠨ ᠪᠠᠶᠢᠭᠤᠯᠬᠤ ᠶᠢ ᠳᠡᠮᠵᠢᠵᠦ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠲᠣᠭᠲᠠᠭᠤᠨ ᠪᠥᠭᠡᠳ ᠬᠡᠪ ᠤᠨ ᠬᠠᠮᠲᠤᠷᠠᠯᠴᠠᠭᠠᠨ ᠤ ᠲᠣᠭᠲᠠᠴᠠ ᠶᠢ ᠪᠣᠶ ᠪᠣᠯᠭᠠᠨ᠎ᠠ᠃ ᠤᠷᠳᠤᠰ᠂ ᠬᠢᠶ᠎ᠠ ᠪᠠᠭᠰᠢ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠳᠠᠪᠠᠭᠤᠯᠢᠭ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠣᠬᠢᠷᠲᠤᠯ ᠦᠭᠡᠢ ᠠᠷᠢᠭᠤᠨ ᠴᠡᠪᠡᠷ ᠡᠨᠧᠷᠭᠢ ᠶᠢᠨ ᠰᠤᠷᠪᠤᠯᠵᠢ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠮᠡᠳᠡᠭᠡ ᠵᠠᠩᠭᠢᠵᠢᠭᠤᠯᠤᠯᠲᠠ ᠬᠢᠭᠡᠳ ᠲᠤᠮᠤ ᠳ᠋ᠠᠶᠢᠲ᠋ᠠ᠂ ᠤᠶᠤᠨᠲᠤ ᠬᠤᠳᠠ ᠵᠡᠷᠭᠡ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠭᠤᠣᠯᠳᠠᠯᠭ᠎ᠠ ᠲᠠᠢ ᠬᠦᠷᠢᠶᠡᠨ ᠲᠤ ᠤᠯᠤᠰ ᠤᠨ ᠳᠣᠲᠣᠭᠠᠳᠤ ᠶᠢᠨ ᠬᠠᠮᠢᠶ᠎ᠠ ᠪᠦᠬᠦᠢ ᠬᠦᠷᠢᠶᠡᠨ ᠤ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠯᠤᠭ᠎ᠠ ᠬᠠᠮᠲᠤᠷᠠᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠᠶᠢᠭᠤᠯᠵᠤ᠂ ᠡᠯ᠎ᠡ ᠬᠦᠷᠢᠶᠡᠨ ᠤ ᠰᠢᠨᠵᠢᠯᠡᠬᠦ ᠤᠬᠠᠭᠠᠨ ᠰᠤᠳᠤᠯᠤᠯ ᠤᠨ ᠴᠢᠳᠠᠪᠤᠷᠢ ᠶᠢ ᠴᠢᠩᠭᠠᠷᠠᠭᠤᠯᠤᠨ᠎ᠠ᠃          ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭᠠᠨ ᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃         ᠣᠷᠳᠣᠰ ᠤᠨ ᠣᠷᠣᠨ ᠨᠤᠲᠤᠭ ᠤᠨ ᠭᠤᠤᠯᠳᠠᠯᠭ᠎ᠠ ᠲᠠᠢ ᠠᠵᠤ ᠦᠶ᠋ᠯᠡᠰ ᠪᠠ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠤᠨ ᠬᠤᠤᠰ ᠲᠡᠷᠢᠭᠦᠨ ᠲᠠᠰ ᠤᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠵᠢᠴᠢ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠯᠤᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠲᠥᠷᠥᠯ ᠵᠦᠶ᠋ᠯ᠂ ᠬᠠᠮᠲᠤᠷᠠᠯᠴᠠᠭᠠᠨ ᠤ ᠰᠠᠭᠤᠷᠢᠨ ᠭᠠᠵᠠᠷ᠂ ᠬᠠᠮᠲᠤᠷᠠᠯᠴᠠᠭᠠᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠬᠠᠮᠲᠤᠪᠠᠷ ᠪᠠᠶᠢᠭᠤᠯᠵᠤ᠂ ᠮᠡᠷᠭᠡᠵᠢᠯ᠂ ᠴᠢᠳᠠᠪᠤᠷᠢᠲᠠᠨ ᠪᠠ ᠦᠷ᠎ᠡ ᠪᠦᠲᠦᠭᠡᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠳᠠᠪᠠᠭᠤᠯᠢᠭ ᠢ ᠭᠦᠶ᠋ᠴᠡᠳ ᠠᠰᠢᠭᠯᠠᠨ᠂ ᠮᠡᠷᠭᠡᠵᠢᠯ᠂ ᠠᠵᠤ ᠦᠶ᠋ᠯᠡᠰ ᠪᠠ ᠬᠥᠷᠥᠩᠭᠡ ᠶᠢᠨ ᠣᠷᠭᠠᠨᠢᠭ ᠠᠭᠤᠰᠤᠯᠴᠠᠯ ᠢ ᠪᠡᠶᠡᠯᠡᠭᠦᠯᠵᠦ᠂ ᠡᠬᠢ ᠡᠭᠦᠰᠦᠯ ᠠᠴᠠ ᠨᠢ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠦᠢᠯᠡᠳᠪᠦᠷᠢᠯᠡᠬᠦ ᠵᠢᠭᠠᠬᠤ ᠰᠤᠳᠤᠯᠬᠤ ᠳᠤ ᠬᠡᠷᠡᠭᠯᠡᠬᠦ︾ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠳᠡᠭᠡᠳᠦ ᠲᠠᠰ ᠤᠨ ᠣᠶᠤᠨ ᠴᠢᠳᠠᠪᠤᠷᠢ ᠶᠢ ᠲᠥᠪᠯᠡᠷᠡᠭᠦᠯᠦᠨ᠂ ᠦᠶ᠋ᠯᠡᠴᠢᠯᠡᠭᠡᠨ ᠤ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠭᠠᠵᠠᠷ ᠣᠷᠣᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠦᠴᠦᠨ ᠢ ᠬᠥᠮᠦᠵᠢᠭᠦᠯᠵᠦ᠂ ᠠᠵᠤ ᠠᠬᠤᠶᠢᠯᠠᠯ ᠤᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠥᠷᠲᠡᠭᠡ ᠪᠠᠶᠢᠭᠤᠯᠤᠭᠰᠠᠨ ᠠᠵᠤ ᠠᠬᠤᠶᠢᠯᠠᠯ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠶᠢ ᠡᠭᠦᠳᠬᠦ ᠡᠬᠢ ᠪᠠᠶᠠᠯᠢᠭ ᠤᠨ ᠲᠥᠪᠯᠡᠷᠡᠯ᠂ ᠳᠡᠭᠡᠳᠦ ᠲᠠᠰ ᠤᠨ ᠮᠡᠷᠭᠡᠵᠢᠯ ᠤᠨ ᠠᠵᠤ ᠦᠶ᠋ᠯᠡᠰ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠳᠠᠰᠢ ᠬᠤᠪᠢᠷᠠᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠨᠡᠮᠡᠷᠢᠯᠡᠨ᠎ᠡ᠃          ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠦᠵᠡᠭᠦᠯᠦᠯᠭᠡ ᠶᠢᠨ ᠲᠠᠪᠴᠠᠩ ᠤᠨ ᠴᠢᠳᠠᠮᠵᠢ ᠶᠢ ᠥᠷᠭᠡᠳᠬᠡᠨ᠎ᠡ᠃          ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠦᠵᠡᠰᠬᠦᠯᠡᠩ ᠤᠨ ᠴᠤᠭᠯᠠᠭᠠᠨ ᠤ ᠨᠢᠳᠤᠷᠭᠠᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ ᠂ ᠦᠵᠡᠰᠬᠦᠯᠡᠩ ᠳᠤ ᠣᠷᠣᠯᠴᠠᠬᠤ ᠲᠥᠷᠥᠯ ᠵᠦᠶ᠋ᠯ ᠤᠨ ᠲᠤᠭ᠎ᠠ ᠬᠡᠮᠵᠢᠶ᠎ᠡ᠂ ᠵᠥᠪᠳᠡᠯᠴᠡᠬᠡᠷ ᠤᠨ ᠵᠣᠭᠤᠰ ᠤᠨ ᠲᠣᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠣᠷᠣᠰ᠂ ᠮᠣᠩᠭᠤᠯ ᠵᠡᠷᠭᠡ ᠡᠷᠬᠢᠨ ᠲᠣᠭᠤᠷᠢᠨ ᠤ ᠤᠯᠤᠰ ᠤᠨ ᠭᠠᠳᠠᠨᠠᠬᠢ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠵᠦ᠂ ᠳᠡᠭᠡᠳᠦ ᠰᠢᠨ᠎ᠡ ᠮᠡᠷᠭᠡᠵᠢᠯ ᠤᠨ ᠦᠶ᠋ᠯᠡᠳᠬᠦᠨ ᠤ ᠠᠷᠠᠯᠵᠢᠶ᠎ᠠ ᠶᠢ ᠬᠥᠭᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠢᠴᠢ ᠡᠷᠬᠢᠨ ᠲᠣᠭᠤᠷᠢᠨ ᠤ ᠤᠯᠤᠰ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭᠠᠨ ᠤ ᠲᠠᠪᠴᠠᠩ ᠤᠨ ᠰᠢᠨ᠎ᠡ ᠵᠠᠭᠪᠤᠷ ᠢ ᠪᠤᠢ ᠪᠣᠯᠭᠠᠨ᠎ᠠ᠃          ︵ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢᠨ ︽ᠭᠤᠷᠪᠠᠨ ᠬᠥᠮᠥᠷᠭᠡ︾ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠦᠨ᠎ᠡ᠃           ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ︽ᠭᠤᠷᠪᠠᠨ ᠬᠥᠮᠥᠷᠭᠡ︾ ᠶᠢᠨ ᠪᠥᠲᠥᠭᠡᠨ ᠪᠠᠶᠢᠭᠤᠯᠤᠯᠲᠠ᠂ ᠳᠠᠷᠣᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠶ᠋ᠯ ᠤᠨ ᠬᠥᠮᠥᠷᠭᠡ᠂ ᠦᠷ᠎ᠡ ᠪᠦᠲᠦᠭᠡᠯ ᠤᠨ ᠬᠥᠮᠥᠷᠭᠡ ᠪᠠ ᠴᠢᠳᠠᠪᠤᠷᠢᠲᠠᠨ ᠤ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠲᠥᠷᠥᠯ ᠬᠤᠪᠢᠶᠠᠨ ᠡᠮᠬᠢᠯᠡᠨ ᠬᠥᠮᠥᠷᠭᠡ ᠳᠤ ᠣᠷᠣᠭᠤᠯᠤᠨ᠎ᠠ᠃ ᠨᠢᠭᠡ ᠲᠠᠯ᠎ᠠ ᠪᠠᠷ ᠲᠦᠷᠦᠯ ᠵᠦᠢᠯ᠂ ᠦᠷ᠎ᠡ ᠪᠦᠲᠦᠭᠡᠯ ᠤᠨ ᠬᠦᠷᠢ᠊ ᠡᠶ᠎ᠡ᠂ ᠴᠢᠭᠯᠡᠯ ᠳᠤ ᠬᠢᠨᠠᠨ ᠬᠡᠮᠵᠢᠯᠲᠡ ᠬᠢᠵᠦ᠂ ᠨᠦᠬᠦᠭᠡ ᠲᠠᠯ᠎ᠠ ᠪᠠᠷ ᠲᠦᠷᠦᠯ ᠵᠦᠢᠯ ᠲᠣᠭᠲᠠᠭᠠᠬᠤ᠂ ᠬᠡᠷᠡᠭᠵᠢᠭᠦᠯᠬᠦ᠂ ᠠᠬᠢᠴᠠ᠂ ᠦᠷ᠎ᠡ ᠪᠦᠲᠦᠮᠵᠢ ᠵᠢᠴᠢ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠬᠡᠷᠡᠭᠯᠡᠯᠲᠡ ᠵᠡᠷᠭᠡ ᠪᠠᠶᠢᠳᠠᠯ ᠳᠤ ᠬᠥᠳᠡᠯᠦᠩᠭᠦᠢ ᠬᠢᠨᠠᠨ ᠬᠡᠮᠵᠢᠯᠲᠡ ᠬᠢᠵᠦ᠂ ᠬᠢᠶ᠎ᠠ ᠪᠠᠭᠰᠢ ᠶᠢᠨ ᠠᠵᠤ ᠦᠢᠯᠡᠰ ᠲᠤ ᠪᠠᠴᠢᠮ ᠱᠠᠭᠠᠷᠳᠠᠭᠳᠠᠵᠤ ᠪᠠᠶᠢᠭ᠎ᠠ ᠵᠠᠩᠭᠢᠯᠠᠭ᠎ᠠ ᠶᠢᠨ ᠭᠤᠭᠴᠤᠭ᠎ᠠ ᠳᠤ ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ ᠳᠤ ᠲᠤᠭ᠎ᠠ ᠪᠠᠷᠢᠮᠲᠠ ᠶᠢᠨ ᠨᠥᠭᠡᠴᠡ ᠵᠢᠴᠢ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠨ᠎ᠠ᠃            ᠲᠠᠪᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃          ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃          ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠳᠤ ᠠᠰᠢᠭᠲᠠᠢ ᠳᠦᠷᠢᠮ ᠤᠨ ᠣᠷᠴᠢᠨ ᠲᠣᠭᠤᠷᠢᠨ ᠢ ᠦᠨᠡᠨᠬᠦ ᠪᠣᠶ ᠪᠣᠯᠭᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢ ᠬᠥᠭᠵᠢᠭᠦᠯᠬᠦ︾ ︽ᠣᠷᠳᠣᠰ ᠬᠤᠲᠠ ᠶᠢᠨ ᠰᠢᠨ᠎ᠡ ᠶᠢ ᠡᠭᠦᠳᠬᠦ 30 ᠵᠤᠷᠪᠤᠰ︾ ᠤᠨ ᠲᠣᠭᠤᠷᠢᠨ ᠳᠤ᠂ ᠰᠢᠨ᠎ᠡ ᠶᠢ ᠡᠭᠦᠳᠬᠦ ᠬᠥᠭᠵᠢᠯᠲᠡ ᠳᠤ ᠠᠰᠢᠭᠲᠠᠢ ᠨᠠᠩ ᠠᠭᠤᠵᠢᠭᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠵᠠᠰᠠᠭ ᠤᠨ ᠣᠷᠳᠣᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠪᠣᠶ ᠪᠣᠯᠭᠠᠬᠤ ᠳᠤᠮᠳᠠᠬᠢ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠴᠢᠳᠠᠪᠤᠷᠢᠲᠠᠨ᠂ ᠠᠵᠤ ᠠᠬᠤᠶᠢᠯᠠᠯ᠂ ᠪᠡᠯᠡ ᠮᠥᠩᠭᠦ ᠵᠡᠷᠭᠡ ᠡᠬᠢ ᠪᠠᠶᠠᠯᠢᠭ ᠤᠨ ᠬᠢᠶ᠎ᠠ ᠪᠠᠭᠰᠢ ᠳᠠᠰᠢ ᠴᠤᠭᠯᠠᠷᠠᠬᠤ ᠶᠢ ᠠᠬᠢᠭᠤᠯᠵᠤ᠂ ᠬᠢᠶ᠎ᠠ ᠪᠠᠭᠰᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠬᠠᠮᠠᠭᠠᠯᠠᠨ᠎ᠠ᠃          ︵ᠬᠤᠶᠠᠷ︶ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃          ᠬᠠᠮᠢᠶᠠᠷᠤᠯᠲᠠ ᠪᠠ ᠤᠬᠠᠭᠤᠯᠭ᠎ᠠ ᠶᠢ ᠦᠨᠡᠨ ᠬᠦ ᠴᠢᠩᠭᠠᠳᠬᠠᠵᠤ᠂ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠦᠨᠡᠨᠴᠢ ᠢᠲᠡᠭᠡᠮᠵᠢᠲᠡᠢ ᠰᠢᠨᠵᠢᠯᠡᠬᠦ ᠤᠬᠠᠭᠠᠨ ᠤ ᠰᠤᠳᠤᠯᠭᠠᠨ ᠤ ᠠᠭᠤᠷ ᠠᠮᠢᠰᠬᠤᠯ ᠢ ᠤᠯᠠᠨ ᠲᠠᠯ᠎ᠠ ᠪᠠᠷ ᠬᠦᠴᠦᠯᠡᠨ ᠪᠤᠢ ᠪᠣᠯᠭᠠᠨ᠎ᠠ᠃ ᠨᠢᠭᠡ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠦᠷᠦᠯ ᠵᠦᠢᠯ ᠤᠨ ᠪᠦᠬᠦ ᠶᠠᠪᠤᠴᠠ ᠶᠢ ᠪᠦᠷᠬᠦᠬᠦᠯᠬᠦ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠱᠠᠭᠠᠷᠳᠠᠯᠭ᠎ᠠ ᠠᠴᠠ ᠬᠦᠨᠳᠦ ᠨᠣᠴᠢᠲᠠᠢ ᠵᠥᠷᠢᠴᠡᠭᠰᠡᠨ ᠬᠠᠷᠢᠭᠤᠴᠠᠯᠭᠠᠲᠠᠨ ᠳᠤ ︽ᠨᠢᠭᠡ ᠪᠢᠯᠧᠲ ᠢᠶᠠᠷ ᠦᠭᠡᠶᠢᠰᠬᠡᠬᠦ︾ ᠶᠢ ᠬᠡᠷᠡᠭᠵᠢᠭᠦᠯᠦᠨ᠎ᠡ᠃ ᠬᠤᠶᠠᠷ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ ᠲᠡᠮᠳᠡᠭᠯᠡᠬᠦ ᠳᠦᠷᠢᠮ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠦᠨᠳᠦᠰᠦᠨ ᠪᠠᠶᠢᠳᠠᠯ᠂ ᠡᠷᠳᠡᠮ ᠰᠢᠨᠵᠢᠯᠡᠭᠡᠨ ᠤ ᠦᠷ᠎ᠡ ᠪᠦᠲᠦᠭᠡᠯ᠂ ᠳᠦᠷᠦᠯ ᠵᠦᠢᠯ ᠤᠨ ᠭᠡᠷ᠎ᠡ ᠶᠢ ᠭᠦᠢᠴᠡᠳᠬᠡᠭᠰᠡᠨ ᠪᠠᠶᠢᠳᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠳᠠᠯ ᠵᠡᠷᠭᠡ ᠦᠨᠳᠦᠰᠦᠨ ᠮᠡᠳᠡᠭᠡ ᠵᠠᠩᠭᠢ ᠶᠢ ᠪᠢᠴᠢᠵᠦ ᠣᠷᠣᠭᠤᠯᠣᠨ᠎ᠠ᠃ ᠭᠤᠷᠪᠠ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳᠡᠯᠡᠬᠦ ᠶᠢ ᠠᠭᠢᠭᠤᠯᠣᠨ᠎ᠠ᠃ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ᠂ ᠣᠷᠣᠨ ᠨᠤᠲᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠬᠤ᠂ ᠬᠠᠷᠢᠯᠴᠠᠨ ᠨᠡᠪᠲᠡᠷᠡᠯᠴᠡᠬᠦ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠨᠢᠭᠡ ᠭᠠᠵᠠᠷ ᠣᠷᠣᠨ ᠤ ᠢᠲᠡᠭᠡᠯ ᠢᠶᠠᠨ ᠠᠯᠳᠠᠪᠠᠯ ᠪᠦᠬᠦ ᠰᠦᠯᠵᠢᠶᠡᠨ ᠳᠤ ᠨᠡᠷ᠎ᠡ ᠵᠡᠭᠦᠯᠭᠡᠬᠦ ᠶᠢ ᠪᠡᠶᠡᠯᠡᠭᠦᠯᠦᠨ᠎ᠡ᠃ ᠳᠥᠷᠪᠡ ᠳᠤ᠂ ᠤᠯᠠᠨ ᠵᠦᠢᠯ ᠤᠨ ᠬᠡᠯᠪᠡᠷᠢ ᠶᠢᠨ ᠦᠨᠡᠨᠴᠢ ᠢᠲᠡᠭᠡᠮᠵᠢ ᠶᠢᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠡᠯ᠎ᠡ ᠲᠦᠷᠦᠯ ᠤᠨ ᠡᠷᠳᠡᠮ ᠰᠢᠨᠵᠢᠯᠡᠭᠡᠨ ᠤ ᠪᠦᠯᠬᠦᠮ ᠤᠨ ᠥᠪᠡᠷ ᠢ ᠪᠠᠨ ᠵᠢᠷᠤᠮᠵᠢᠭᠤᠯᠬᠤ᠂ ᠥᠪᠡᠷ ᠢ ᠪᠠᠨ ᠴᠡᠪᠡᠷᠰᠢᠭᠦᠯᠬᠦ ᠶᠢ ᠪᠡᠶᠡᠯᠡᠭᠦᠯᠦᠨ᠎ᠡ᠃          ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃          ᠪᠥᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠶᠢᠨ ᠠᠵᠤ ᠦᠢᠯᠡᠰ ᠤᠨ ᠬᠡᠯᠬᠢᠶ᠎ᠡ ᠳᠠᠬᠢ ᠲᠤᠯᠭᠠᠭᠤᠷᠢᠯᠠᠬᠤ ᠦᠢᠯᠡᠳᠦᠯ ᠢ ᠳᠡᠭᠡᠭᠰᠢᠯᠡᠭᠦᠯᠦᠨ᠎ᠡ᠃ ᠲᠣᠭᠤᠷᠢᠭ ᠤᠨ ᠭᠠᠳᠠᠨᠠᠬᠢ ᠲᠣᠮᠣ ᠬᠡᠯᠪᠡᠷᠢ ᠶᠢᠨ ᠠᠵᠤ ᠠᠬᠤᠶᠢᠯᠠᠯ᠂ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠢᠴᠢ ᠮᠡᠷᠭᠡᠵᠢᠯ ᠰᠢᠯᠵᠢᠭᠦᠯᠬᠦ ᠪᠠᠶᠢᠭᠤᠯᠤᠮᠵᠢ ᠶᠢᠨ ᠬᠢᠶ᠎ᠠ ᠪᠠᠭᠰᠢ ᠲᠣᠭᠤᠷᠢᠭ ᠲᠤ ᠮᠡᠷᠭᠡᠵᠢᠯ ᠰᠢᠯᠵᠢᠭᠦᠯᠬᠦ ᠰᠠᠯᠪᠤᠷᠢ ᠪᠠᠶᠢᠭᠤᠯᠤᠮᠵᠢ ᠪᠤᠶᠤ ᠦᠢᠯᠡᠴᠢᠯᠡᠭᠡᠨ ᠤ ᠥᠷᠲᠡᠭᠡ ᠪᠠᠶᠢᠭᠤᠯᠬᠤ ᠶᠢ ᠳᠡᠮᠵᠢᠨ᠎ᠡ᠃ ᠲᠣᠭᠤᠷᠢᠭ ᠤᠨ ᠭᠠᠳᠠᠨᠠᠬᠢ ᠳᠠᠪᠠᠭᠤᠯᠢᠭ ᠢᠶᠠᠷ ᠢᠯᠡᠷᠬᠡᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ ᠦᠢᠯᠡᠴᠢᠯᠡᠭᠡᠨ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ᠂ ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠵᠦ ᠭᠡᠷᠡᠴᠢᠯᠡᠬᠦ ᠦᠢᠯᠡᠴᠢᠯᠡᠭᠡᠨ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠦᠢᠯᠡᠴᠢᠯᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠯᠠᠪᠯᠠᠯᠭ᠎ᠠ ᠶᠢᠨ ᠦᠢᠯᠡᠴᠢᠯᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠵᠡᠷᠭᠡ ᠪᠠᠶᠢᠭᠤᠯᠤᠮᠵᠢ ᠶᠢᠨ ᠬᠢᠶ᠎ᠠ ᠪᠠᠭᠰᠢ ᠲᠣᠭᠤᠷᠢᠭ ᠲᠤ ᠣᠷᠣᠵᠤ ᠰᠠᠭᠤᠬᠤ ᠶᠢ ᠵᠣᠷᠢᠭᠵᠢᠭᠤᠯᠵᠤ᠂ ᠲᠣᠭᠤᠷᠢᠭ ᠤᠨ ᠳᠣᠲᠣᠷᠠᠬᠢ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠰᠠᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠳᠠᠶᠢᠴᠢᠯᠠᠨ᠎ᠠ᠃ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠪᠠᠶᠢᠭᠤᠯᠬᠤ ᠶᠢ ᠳᠡᠮᠵᠢᠵᠦ᠂ ᠮᠡᠳᠡᠭᠡ ᠵᠠᠩᠭᠢᠵᠢᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ 2025 ᠣᠨ ᠪᠣᠯᠬᠤ ᠳᠤ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠮᠢ ᠠᠬᠤᠢ ᠶᠢ ᠠᠩᠬ᠎ᠠ ᠠᠯᠬᠤᠮ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ 
ᠢᠷᠡᠯᠲᠡ᠄ ᠲᠣᠰ ᠰᠥᠯᠵᠢᠶ᠎ᠡ