ᠤᠲᠤᠭ ᠬᠤᠰᠢᠭᠤ᠄ ᠲᠠᠷᠢᠶᠠᠯᠠᠩ ᠤᠨ ᠤᠨᠴᠠ ᠭᠠᠷᠤᠯᠲᠠ ᠪᠠᠷ ᠰᠤᠶᠤᠯ ᠤᠨ IP ᠶᠢ ᠬᠥᠭᠡᠭᠡᠴᠡᠯᠳᠦᠨᠠᠮ
ᠨᠡᠶᠢᠲᠡᠯᠡᠭᠰᠡᠨ ᠴᠠᠭ᠄
2023/4/10
       ᠦᠢᠷ᠎ᠠ ᠶᠢᠨ ᠡᠳᠤᠷ᠂ ᠥᠪᠤᠷ ᠮᠤᠩᠭᠤᠯ ᠤᠨ ᠭᠦᠸᠧ ᠺᠧ ᠨᠡᠷᠡᠲᠤ ᠲᠡᠮᠳᠡᠭᠲᠤ ᠶᠢᠨ ᠪᠦᠲᠦᠭᠡᠯᠴᠢ ᠲᠦᠰᠦᠪᠯᠡᠯ ᠤᠨ ᠵᠦᠪᠯᠡᠭᠴᠢ ᠶᠢᠨ ᠺᠤᠮᠫᠠᠨᠢ ᠶᠢᠨ ᠵᠢᠷᠤᠭ ᠲᠦᠯᠦᠪᠯᠡᠭᠡ ᠶᠢᠨ ᠠᠵᠢᠯᠲᠠᠨ ᠶᠠᠭ ︽ᠺᠠᠷᠲ᠋ᠦᠨ ᠲᠠᠬᠢᠶ᠎ᠠ︾ ᠭᠡᠬᠦ ᠲᠦᠷᠢ ᠪᠠᠷ ᠭᠤᠤᠯ ᠲᠦᠷᠢ ᠪᠤᠯᠭᠠᠨ ᠵᠢᠷᠤᠭ ᠲᠦᠯᠦᠪᠯᠡᠭᠡ ᠬᠢᠵᠤ᠂ ᠦᠮᠡᠬᠡᠶᠢᠨᠠᠭᠤᠷ ᠤᠨ ᠳᠠᠬᠢᠶ᠎ᠠ ᠨᠢ ᠰᠤᠶᠤᠯ ᠤᠨ ᠡᠭᠦᠳᠦᠯᠲᠡ ᠶᠢᠨ IP ᠲᠦᠷᠢ ᠲᠦᠷᠬᠦ ᠶᠢᠨ ᠭᠤᠤᠯ ᠲᠦᠷᠢ ᠪᠤᠯᠤᠭᠰᠠᠨ ᠪᠠᠶᠢᠨ᠎ᠠ᠃           ︽4 ᠰᠠᠷ᠎ᠠ ᠳᠤ ᠪᠢᠳᠡ ᠨᠢᠭᠡᠳᠦᠭᠡᠷ ᠬᠤᠭᠤᠴᠠᠭᠠᠨ ᠤ ᠦᠢᠯᠡᠳᠬᠦᠨ ᠢᠶᠠᠨ ᠲᠠᠷᠬᠠᠭᠠᠬᠤ ᠪᠣᠯᠤᠨ᠎ᠠ᠂ IP ᠲᠦᠷᠢ ᠨᠢ ᠬᠥᠳᠡᠭᠡ ᠲᠣᠰᠬᠤᠨ ᠤ ᠰᠣᠶᠣᠯ ᠢ ᠠᠭᠤᠰᠬᠠᠭᠰᠠᠨ ᠪᠦᠭᠡᠳ ᠮᠠᠨ ᠤ ᠤᠯᠠᠮᠵᠢᠯᠠᠯᠲᠤ ᠠᠮᠲᠠᠲᠤ ᠢᠳᠡᠭᠡᠨ ᠤ ᠳᠤᠮᠳᠠᠬᠢ ᠵᠠᠷᠢᠮ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠵᠤ᠂ ᠨᠠᠩ ᠣᠯᠠᠨ ᠬᠥᠮᠦᠰ ᠲᠤ ᠮᠠᠨ ᠤ ᠡᠨᠡ ᠬᠦ ᠪᠦᠲᠦᠭᠡᠭᠳᠡᠬᠦᠨ ᠪᠠ ᠨᠠᠷᠠᠲᠤ ᠲᠡᠮᠲᠡᠭᠲᠤ ᠶᠢᠨ ᠰᠣᠶᠣᠯ ᠢ ᠣᠶᠢᠯᠠᠭᠠᠭᠤᠯᠬᠤ ᠪᠤᠯᠤᠨ᠎ᠠ︾ ᠬᠡᠵᠤ ᠭᠦᠸᠧ ᠺᠧ ᠨᠡᠷᠡᠲᠤ ᠲᠡᠮᠳᠡᠭᠲᠤ ᠶᠢᠨ ᠪᠦᠲᠦᠭᠡᠯᠴᠢ ᠲᠦᠰᠦᠪᠯᠡᠯ ᠤᠨ ᠵᠥᠪᠯᠡᠭᠴᠢ ᠶᠢᠨ ᠺᠣᠮᠫᠠᠨᠢ ᠶᠢᠨ ᠶᠡᠷᠦᠩᠬᠡᠶ ᠳᠠᠭᠠᠭᠠᠮᠠᠯ ᠡᠤ ᠰᠢᠶᠤᠤ ᠯᠦᠩ ᠶᠠᠷᠢᠨ᠎ᠠ᠃           ︽ᠺᠠᠷᠲ᠋ᠤᠨ ᠳᠠᠬᠢᠶ᠎ᠠ︾ ᠪᠤᠯ ᠤᠲᠤᠭ ᠬᠤᠰᠢᠭᠤᠨ ᠤ ᠥᠮᠡᠬᠡᠶᠢᠨᠠᠭᠤᠷ ᠪᠠᠯᠭᠠᠰᠤᠨ ᠤ ᠪᠦᠭᠦ ᠤᠯᠤᠰ ᠤᠨ ᠨᠡᠷᠡᠲᠤ ᠰᠢᠯᠢᠳᠡᠭ ᠤᠨᠴᠠ ᠰᠢᠨ᠎ᠠ ᠲᠠᠷᠢᠶᠠᠯᠠᠩ ᠤᠨ ᠪᠦᠲᠦᠭᠡᠭᠳᠡᠭᠦᠨ ᠪᠤᠯᠬᠤ ᠥᠮᠡᠬᠡᠶᠢᠨᠠᠭᠤᠷ ᠤᠨ ᠨᠤᠲᠤᠭ ᠤᠨ ᠳᠠᠬᠢᠶ᠎ᠠ ᠳᠤ ᠪᠦᠲᠦᠭᠡᠭᠰᠡᠨ ᠰᠤᠶᠤᠯ ᠤᠨ ᠡᠭᠦᠳᠦᠯᠲᠡ ᠶᠢᠨ IP ᠳᠦᠷᠢ ᠪᠠᠶᠢᠵᠤ᠂ ᠡᠨᠡ ᠨᠢ ᠥᠮᠡᠬᠡᠶᠢᠨᠠᠭᠤᠷ ᠤᠨ ᠳᠠᠬᠢᠶ᠎ᠠ ᠶᠢᠨ ᠠᠵᠤ ᠦᠢᠯᠡᠰ ᠤᠨ ᠠᠮᠢᠵᠢᠷᠠᠯ ᠤᠨ ᠬᠦᠴᠦᠨ ᠲᠠᠢ ᠪᠠᠶᠢᠬᠤ ᠶᠢ ᠪᠡᠯᠭᠡᠳᠡᠵᠤ ᠪᠤᠢ᠃ ᠤᠳᠤᠬᠠᠨ ᠳᠤ ︽ᠺᠠᠷᠲ᠋ᠤᠨ ᠲᠠᠬᠢᠶ᠎ᠠ ︾ ᠭᠡᠬᠦ ᠰᠤᠶᠤᠯ ᠤᠨ ᠡᠭᠦᠳᠦᠯᠲᠡ ᠶᠢᠨ IP ᠳᠦᠷᠢ ᠨᠢ ᠨᠤᠲᠤᠭ ᠤᠨ ᠳᠠᠬᠢᠶ᠎ᠠ᠂ ᠳᠠᠬᠢᠶᠠᠨ ᠥᠨᠳᠡᠭᠡ ᠵᠡᠷᠭᠡ ᠪᠠᠷᠠᠭᠠᠨ ᠤ ᠪᠤᠭᠤᠳᠠᠯ ᠪᠠᠭᠯᠠᠭ᠎ᠠ ᠳᠡᠭᠡᠷ᠎ᠡ ᠲᠠᠷᠤᠮᠠᠯᠯᠠᠭᠳᠠᠨ᠂ ᠭᠠᠵᠠᠷ ᠤᠷᠤᠨ ᠤ ᠰᠤᠶᠤᠯ ᠤᠨ ᠤᠨᠴᠠᠯᠢᠭ ᠢ ᠢᠯᠡᠷᠡᠭᠦᠯᠵᠦ ᠪᠠᠶᠢᠨ᠎ᠠ᠃            ᠤᠶᠢᠷ᠎ᠠ ᠶᠢᠨ ᠵᠢᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠪᠠ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠠᠬᠢᠭᠤᠯᠬᠤ ᠶᠢ ᠳᠠᠭᠠᠯᠳᠤᠨ᠂ ᠨᠤᠲᠤᠭ ᠤᠨ ᠳᠠᠬᠢᠶ᠎ᠠ ᠶᠢᠨ ᠤᠨᠴᠠᠯᠢᠭᠲᠤ ᠲᠡᠵᠢᠭᠡᠪᠤᠷᠢ ᠨᠢ ᠨᠢᠭᠡᠨᠲᠡ ᠥᠮᠡᠬᠡᠶᠢᠨᠠᠭᠤᠷ ᠪᠠᠯᠭᠠᠰᠤᠨ ᠤ ᠤᠨᠴᠠᠯᠢᠭᠲᠤ ᠠᠵᠤ ᠦᠢᠯᠡᠰ ᠪᠤᠯᠵᠠᠢ᠃ 2022 ᠤᠨ ᠳᠤ᠂ ᠪᠦᠬᠦ ᠪᠠᠯᠭᠠᠰᠤᠨ ᠤ ᠨᠤᠲᠤᠭ ᠤᠨ ᠳᠠᠬᠢᠶ᠎ᠠ ᠲᠡᠵᠢᠭᠡᠨ ᠥᠷᠡᠵᠢᠬᠦᠯᠬᠦ ᠬᠡᠪᠴᠢᠶ᠎ᠡ 60 ᠭᠠᠷᠤᠢ ᠲᠦᠮᠡ ᠳᠤ ᠬᠦᠷᠴᠤ᠂ 100 ᠭᠠᠷᠤᠢ ᠲᠡᠵᠢᠭᠡᠨ ᠥᠷᠡᠵᠢᠭᠦᠯᠬᠦ ᠲᠠᠭᠤᠷᠢᠶᠠᠯ ᠦᠵᠡᠭᠦᠯᠬᠦ ᠡᠷᠤᠭᠡ᠂ 2500 ᠭᠠᠷᠤᠢ ᠲᠡᠵᠢᠭᠡᠨ ᠦᠷᠡᠵᠢᠭᠦᠯᠬᠦ ᠡᠷᠦᠭᠡ ᠲᠠᠢ ᠪᠤᠯᠵᠤ᠂ ᠰᠤᠶᠤᠯ ᠤᠨ ᠡᠭᠦᠳᠦᠯᠲᠡ ᠶᠢᠨ IP ᠳᠦᠷᠢ ᠲᠦᠷᠬᠦ ᠶᠢᠨ ᠴᠤᠭᠴᠠᠯᠠᠯᠲᠠ ᠨᠢ ᠥᠮᠡᠬᠡᠶᠢᠨᠠᠭᠤᠷ ᠤᠨ ᠳᠠᠬᠢᠶ᠎ᠠ ᠶᠢ ᠨᠡᠩ ᠶᠡᠭᠡ ᠵᠠᠬ᠎ᠠ ᠳᠡᠯᠭᠡᠭᠦᠷ ᠲᠤ ᠭᠠᠷᠭᠠᠵᠤ ᠭᠠᠵᠠᠷ ᠤᠷᠤᠨ ᠤ ᠰᠤᠶᠤᠯ ᠢ ᠤᠬᠠᠭᠤᠯᠤᠬᠰᠠᠨ ᠪᠠᠶᠢᠨ᠎ᠠ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ