ᠦᠦᠰᠢᠨ ᠬᠤᠰᠢᠭᠤᠨ ᠤ ᠭᠠᠯᠠᠭᠤᠲᠦ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠬᠡᠷᠡᠭᠯᠡᠬᠦ ᠵᠥᠪᠰᠢᠶᠡᠷᠡᠯ ᠤᠨ ᠬᠢᠷᠢ ᠲᠡᠩᠴᠡᠭᠰᠡᠨ ᠬᠢᠨᠠᠨ ᠲᠣᠭᠲᠠᠭᠠᠯᠲᠠ ᠶᠢ ᠦᠡᠭᠭᠡᠷᠡᠪᠡ
ᠨᠡᠶᠢᠲᠡᠯᠡᠭᠰᠡᠨ ᠴᠠᠭ᠄
2023/4/10
      ᠣᠶᠢᠷ᠎ᠠ ᠶᠢᠨ ᠡᠳᠦᠷ᠂ ᠦᠦᠰᠢᠨ ᠬᠤᠰᠢᠭᠤᠨ ᠤ ᠭᠠᠯᠠᠭᠤᠲᠤ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠬᠡᠷᠡᠭᠯᠡᠬᠦ ᠵᠥᠪᠰᠢᠶᠡᠷᠡᠯ ᠤᠨ ᠬᠢᠷᠢ ᠲᠡᠩᠴᠡᠭᠰᠡᠨ ᠬᠢᠨᠠᠨ ᠲᠣᠭᠲᠠᠭᠠᠯᠲᠠ ᠶᠢ ᠤᠷᠤᠭᠰᠢᠲᠠᠶ ᠥᠩᠭᠡᠷᠡᠭᠡᠵᠦ᠂ ᠵᠢᠩᠬᠢᠨᠢ ᠪᠠᠷ ᠠᠶᠠᠯᠠᠯ ᠨᠡᠪᠲᠡᠷᠡᠨ ᠡᠵᠡᠩᠨᠡᠬᠦ ᠳᠠᠶᠢᠰᠢ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠪᠠ᠃           ᠣᠶᠢᠯᠠᠭᠠᠭᠰᠠᠨ ᠢᠶᠠᠷ᠂ ᠦᠦᠰᠢᠨ ᠬᠤᠰᠢᠭᠤᠨ ᠤ ᠭᠠᠯᠠᠭᠤᠲᠤ ᠨᠢᠰᠭᠡᠯ ᠤᠨ ᠪᠠᠭᠤᠳᠠᠯ ᠨᠢ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠳᠤ ᠪᠠᠶᠢᠷᠢᠯᠠᠵᠤ᠂ 641 ᠮᠥ ᠲᠠᠯᠠᠪᠠᠶ ᠲᠠᠢ᠂ 2021 ᠣᠨ ᠤ 9 ᠰᠠᠷ᠎ᠠ ᠳᠤ ᠪᠠᠷᠢᠯᠭ᠎ᠠ ᠡᠬᠢᠯᠡᠭᠦᠯᠵᠦ᠂ A1 ᠲᠥᠷᠥᠯ ᠤᠨ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠳᠤ ᠬᠠᠷᠢᠶᠠᠯᠠᠭᠳᠠᠵᠤ᠂ ᠨᠢᠰᠦᠯᠲᠡ ᠶᠢᠨ ᠲᠣᠭᠤᠷᠢᠭ ᠤᠨ ᠲᠠᠰ ᠨᠢ 2B ᠪᠣᠯᠤᠨ᠎ᠠ᠃ ᠨᠢᠰᠭᠡᠯ ᠤᠨ ᠪᠠᠭᠤᠳᠠᠯ ᠳᠤ 1200 ᠮᠧᠲᠷ ᠣᠷᠳᠣ᠂ 33 ᠮᠧᠲᠷ ᠥᠷᠭᠡᠨ ᠭᠦᠶᠦᠯᠲᠡ ᠶᠢᠨ ᠵᠠᠮ᠂ 145.5 ᠮᠧᠲᠷ ᠣᠷᠳᠣ᠂ 15 ᠮᠧᠲᠷ ᠥᠷᠭᠡᠨ ᠡᠭᠴᠡ ᠬᠠᠷᠢᠯᠴᠠᠭᠠᠨ ᠤ ᠵᠠᠮ ᠢ ᠪᠠᠶᠢᠭᠤᠯᠤᠬᠰᠠᠨ ᠤ ᠬᠠᠮᠲᠤ ᠵᠢᠷᠭᠤᠭᠠᠨ B ᠲᠥᠷᠥᠯ ᠤᠨ ᠲᠣᠭᠲᠠᠮᠠᠯ ᠵᠢᠭᠦᠷᠲᠦ ᠨᠢᠰᠭᠡᠯ ᠤᠨ ᠪᠠᠶᠢᠷᠢ ᠪᠠ ᠬᠤᠶᠠᠷ ᠡᠭᠴᠡ ᠨᠢᠰᠭᠡᠯ ᠤᠨ ᠪᠠᠶᠢᠷᠢ ᠶᠢᠨ ᠨᠢᠰᠭᠡᠯ ᠤᠨ ᠵᠣᠭᠰᠣᠭᠠᠯ ᠭᠠᠷᠭᠠᠵᠠᠶ᠃ ᠨᠢᠰᠭᠡᠯ ᠤᠨ ᠪᠠᠭᠤᠳᠠᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ︽ᠦᠦᠰᠢᠨ ᠬᠤᠰᠢᠭᠤ — ᠰᠢ ᠠᠨ︾᠂ ︽ᠦᠦᠰᠢᠨ ᠬᠤᠰᠢᠭᠤ — ᠬᠥᠬᠡᠬᠤᠲᠠ︾ ᠭᠡᠬᠦ ᠬᠤᠶᠠᠷ ᠵᠤᠷᠪᠤᠰ ᠣᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠡᠪᠲᠡᠷᠡᠭᠦᠯᠬᠦ ᠶᠢᠨ ᠬᠠᠮᠲᠤ ᠠᠭᠠᠷ ᠤᠨ ᠨᠢᠰᠬᠦ ᠮᠠᠰᠢᠨ ᠤ ᠲᠤᠷᠰᠢᠨ ᠨᠢᠰᠭᠦ ᠠᠵᠤ ᠦᠢᠯᠡᠰ ᠢ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠣᠶ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ