︽ᠬᠤᠶᠠᠷ ᠢ ᠬᠦᠡᠭᠭᠡᠷᠡᠬᠦᠯᠬᠦ︾ ᠪᠠᠷ ᠲᠠᠮᠵᠢᠨ ᠲᠤᠭᠠᠨ ᠤ ᠬᠢᠴᠢᠶᠡᠯᠯᠡᠭᠡ ᠶᠢᠨ ᠦᠷ᠎ᠠ ᠠᠰᠢᠭ ᠢ ᠲᠡᠭᠡᠭᠰᠢᠯᠡᠭᠦᠯᠬᠦ ᠲᠤᠬᠠᠢ ᠦᠭᠦᠯᠡᠬᠦ  ᠨᠢ
ᠨᠡᠶᠢᠲᠡᠯᠡᠭᠰᠡᠨ ᠴᠠᠭ᠄
2023/4/11
        ᠪᠠᠭ᠎ᠠ ᠰᠤᠷᠭᠠᠭᠤᠯᠢ ᠶᠢᠨ ᠲᠤᠭᠠᠨ ᠤ ᠪᠠᠭᠰᠢ ︽ᠬᠤᠶᠠᠷ ᠢ ᠬᠦᠡᠭᠭᠡᠷᠡᠬᠦᠯᠬᠦ︾ ᠶᠢᠨ ᠤᠳᠬ᠎ᠠ ᠠᠭᠤᠯᠭ᠎ᠠ ᠶᠢ ᠨᠠᠷᠢᠨ ᠨᠢᠭᠳᠠ ᠤᠶᠢᠯᠠᠭᠠᠭᠰᠠᠨ ᠰᠠᠭᠤᠷᠢᠨ ᠲᠡᠭᠡᠷ᠎ᠠ ᠲᠤᠭᠠᠨ ᠤ ᠤᠬᠠᠭᠠᠨ ᠤ ᠬᠢᠴᠢᠶᠡᠯᠯᠡᠭᠡ ᠳᠤ ᠪᠤᠳᠠᠳᠠᠶᠢᠵᠢᠭᠤᠯᠬᠤ ᠲᠤᠬᠠᠢ ᠲᠦᠰᠥᠪ ᠢ ᠲᠤᠭᠳᠠᠭᠠᠵᠤ᠂ ︽ ᠬᠤᠶᠠᠷ ᠢ ᠬᠦᠡᠭᠭᠡᠷᠡᠬᠦᠯᠬᠦ︾ ᠪᠠᠷ ᠲᠠᠮᠵᠢᠨ ᠲᠤᠭᠠᠨ ᠤ ᠬᠢᠴᠢᠶᠡᠯᠯᠡᠭᠡ ᠶᠢᠨ ᠦᠷ᠎ᠠ ᠠᠰᠢᠭ ᠢ ᠦᠨᠳᠦᠷᠵᠢᠬᠦᠯᠬᠦ ᠵᠤᠷᠢᠯᠳᠠ ᠲᠠᠨᠢᠯᠳᠠ ᠪᠠᠨ ᠦᠬᠦᠯᠡᠶ᠎ᠡ᠃        1᠂ ︽ᠬᠤᠶᠠᠷ ᠢ ᠬᠦᠡᠭᠭᠡᠷᠡᠬᠦᠯᠬᠦ︾ ᠲᠤᠬᠠᠢ ᠤᠶᠢᠯᠠᠭᠠᠯᠳᠠ᠃ ︽ᠬᠤᠶᠠᠷ ᠢ ᠬᠦᠡᠭᠭᠡᠷᠡᠬᠦᠯᠬᠦ︾ ᠲᠦᠷᠦ ᠶᠢᠨ ᠪᠤᠳᠤᠯᠭ᠎ᠠ ᠶᠢᠨ ᠵᠢᠯᠤᠭᠤᠳᠤᠮᠵᠢ ᠪᠠᠷ ᠰᠤᠷᠭᠠᠭᠤᠯᠢ ᠰᠤᠷᠭᠠᠨ ᠬᠦᠮᠦᠵᠢᠯ ᠤᠨ ᠭᠤᠤᠯ ᠪᠠᠶᠢᠷᠢ ᠪᠠᠨ ᠬᠡᠷᠬᠢᠨ ᠴᠢᠩᠭᠠᠳᠬᠠᠵᠤ᠂ ᠰᠤᠷᠤᠭᠴᠢᠳ ᠢ ᠬᠡᠷᠬᠢᠨ ᠪᠠᠶᠠᠷ ᠪᠠᠭ᠋ᠠᠳᠤᠯ ᠲᠠᠢ ᠪᠠᠷ ᠰᠤᠷᠭᠠᠭᠤᠯᠢ ᠶᠢᠨ ᠬᠦᠷᠢᠶᠠᠨ ᠳᠤ ᠪᠤᠴᠠᠭᠠᠬᠤ ᠪᠠᠷ ᠵᠤᠷᠢᠯᠭ᠎ᠠ ᠪᠠᠨ ᠪᠤᠯᠭᠠᠵᠤ᠂ ᠰᠤᠷᠤᠭᠴᠢᠳ ᠤᠨ ᠲᠠᠰᠬᠠᠯ ᠪᠤᠯᠪᠠᠰᠤᠷᠠᠯ ᠤᠨ ᠲᠠᠷᠤᠭᠠᠰᠤ ᠪᠤᠯᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠠᠩᠭᠢ ᠶᠢᠨ ᠲᠠᠷᠤᠭᠠᠰᠤ ᠶᠢ ᠬᠦᠡᠭᠭᠡᠷᠡᠬᠦᠯᠬᠦ᠂ ᠬᠡᠷ ᠪᠦᠯᠢ ᠶᠢᠨ ᠰᠤᠷᠭᠠᠨ ᠬᠦᠮᠦᠵᠢᠯ ᠤᠨ ᠵᠠᠷᠤᠯᠭ᠎ᠠ ᠪᠤᠯᠤᠨ ᠬᠡᠷ ᠤᠨ ᠠᠬᠠᠮᠠᠳ ᠤᠨ ᠵᠤᠬᠢᠴᠠᠩᠭᠤᠢ ᠤᠶᠤᠨ ᠰᠠᠨᠠᠭᠠᠨ ᠤ ᠲᠠᠷᠤᠭᠠᠰᠤ ᠶᠢ ᠪᠦᠲᠦᠮᠵᠢᠳᠡᠢ ᠪᠠᠷ ᠬᠦᠡᠭᠭᠡᠷᠡᠭᠦᠯᠬᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠬᠦᠯ ᠴᠢᠬᠢᠷᠠᠭ ᠢ ᠪᠠᠳᠤᠯᠠᠭᠰᠠᠨ ᠤᠷᠢᠳᠠᠯ ᠲᠤᠤᠷ᠎ᠠ ᠬᠢᠴᠢᠶᠡᠯ ᠲᠦᠷᠦᠯ ᠤᠨ ᠠᠭᠤᠯᠭ᠎ᠠ ᠶᠢ ᠰᠤᠷᠴᠤ ᠡᠵᠡᠮᠰᠢᠬᠦᠯᠬᠦ ᠲᠦᠯᠦᠪᠯᠡᠭᠡ ᠲᠠᠢ ᠬᠡᠳᠡᠭ ᠢ ᠲᠤᠲᠤᠷᠬᠠᠢ ᠤᠶᠢᠯᠠᠭᠠᠪᠠ᠃ ᠡ᠊ᠡᠭ ᠲᠡᠷᠢᠬᠦᠨ ᠳᠤ ᠲᠠᠰᠬᠠᠯ ᠪᠤᠯ ᠰᠤᠷᠤᠭᠴᠢᠳ ᠤᠨ ᠮᠡᠳᠡᠯᠬᠡ ᠬᠦᠷᠳᠡᠬᠦ᠂ ᠰᠤᠷᠤᠭᠰᠠᠨ ᠢᠶᠠᠨ ᠪᠠᠳᠤᠳᠬᠠᠬᠤ ᠰᠡᠶᠢᠨ ᠬᠠᠪᠰᠤᠷᠤᠭᠴᠢ ᠮᠦᠷᠳᠡᠬᠡᠨ ᠬᠢᠴᠢᠶᠡᠯ ᠲᠦᠷᠦᠯ ᠤᠨ ᠵᠢᠭᠠᠨ ᠰᠤᠷᠭᠠᠯᠳᠠ ᠶᠢᠨ ᠨᠦᠬᠦᠪᠦᠷᠢ ᠮᠦᠨ᠂ ᠨᠡᠩ ᠴᠤ ᠰᠤᠷᠤᠭᠴᠢᠳ ᠢ ᠬᠦᠳᠦᠯᠦᠨ ᠵᠢᠯᠤᠭᠤᠳᠴᠤ ᠬᠦᠨᠵᠡᠬᠡᠢ ᠰᠤᠷᠤᠯᠴᠠᠭᠤᠯᠬᠤ ᠴᠢᠬᠤᠯᠠ ᠠᠷᠭ᠎ᠠ ᠪᠠᠷᠢᠯ ᠬᠡᠳᠡᠭ ᠢ ᠤᠶᠢᠯᠠᠭᠠᠪᠠ᠃ ᠬᠡᠪᠡᠴᠦ ᠰᠤᠷᠤᠭᠴᠢᠳ ᠤᠨ ᠤᠨ ᠲᠠᠪᠰᠢᠬᠤ ᠶᠢ ᠲᠠᠭᠠᠯᠳᠤᠨ ᠰᠤᠷᠤᠯᠴᠠᠬᠤ ᠬᠢᠴᠢᠶᠡᠯ ᠶᠠᠪᠤᠬᠤ ᠲᠤᠲᠤᠮ ᠤᠯᠠᠰᠢᠷᠠᠵᠤ᠂ ᠡᠯ᠎ᠡ ᠲᠦᠷᠦᠯ ᠤᠨ ᠬᠢᠴᠢᠶᠠᠯ ᠤᠨ ᠲᠠᠰᠬᠠᠯ ᠨᠢ ᠤᠯᠠᠮ ᠠᠴᠠ ᠤᠯᠠᠮ ᠤᠯᠠᠰᠢᠷᠠᠵᠠᠢ᠂ ᠡᠨᠡ ᠨᠢ ᠵᠠᠷᠢᠮ ᠬᠡᠷ ᠤᠨ ᠠᠬᠠᠮᠠᠳ᠂ ᠤᠨᠴᠠᠭᠠᠶᠢᠯᠠᠨ ᠲᠡᠭᠡᠷ᠎ᠡ ᠤᠨ ᠤ ᠰᠤᠷᠤᠭᠴᠢᠳ ᠤᠨ ᠬᠡᠷ ᠤᠨ ᠠᠬᠠᠮᠠᠳ ᠤᠨ ᠬᠡᠦᠬᠡᠳ ᠤᠨ ᠢᠶᠠᠨ ᠬᠢᠴᠢᠶᠡᠯ ᠢ ᠬᠠᠪᠰᠤᠷᠤᠨ ᠵᠢᠯᠤᠭᠤᠳᠬᠤ ᠳᠤ ᠶᠡᠭᠡ ᠲᠠᠷᠤᠭᠠᠰᠤ ᠪᠤᠯᠵᠤ᠂ ︽ᠲᠠᠷᠤᠭᠠᠰᠤ ᠶᠢ ᠬᠦᠡᠭᠭᠡᠷᠡᠬᠦᠯᠵᠦ᠂ ᠶᠠᠰᠤ ᠴᠢᠨᠠᠷ ᠢ ᠲᠡᠭᠡᠭᠰᠢᠯᠡᠬᠦᠯᠬᠦ︾ ᠨᠢ ᠨᠡᠶᠢᠬᠡᠮ ᠤᠨ ᠠᠩᠬᠠᠷᠤᠯ ᠢ ᠨᠡᠯᠢᠶᠡᠳ ᠶᠡᠭᠡ ᠲᠠᠲᠠᠭᠰᠠᠨ ᠰᠡᠳᠦᠪ ᠪᠤᠯᠵᠠᠢ᠃        2᠂ ᠪᠠᠭᠰᠢ ᠨᠠᠷ ᠬᠢᠴᠢᠶᠡᠯ ᠲᠦᠷᠦᠯ ᠤᠨ ᠢᠶᠠᠨ ᠲᠠᠰᠬᠠᠯ ᠤᠨ ᠲᠤᠬᠢᠷᠠᠭᠤᠯᠤᠯᠳᠠ ᠳᠤ ᠪᠦᠷ ᠦᠪᠡᠷ ᠤᠨ ᠠᠷᠭ᠎ᠠ ᠪᠠᠷᠢᠯ ᠲᠠᠢ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠠᠬᠢ ᠰᠤᠷᠭᠠᠨ ᠬᠦᠮᠦᠵᠢᠯ ᠳᠤ ᠰᠤᠷᠤᠭᠴᠢᠳ ᠤᠨ ᠠᠪᠢᠶᠠᠰ ᠲᠤᠨᠢ ᠲᠤᠬᠢᠷᠠᠭᠤᠯᠤᠨ ᠵᠢᠭᠠᠵᠤ᠂ ︽ᠮᠡᠳᠡᠯᠬᠡ ᠪᠦᠷᠢᠨ ᠬᠦᠷᠳᠡᠬᠦ︾ ᠶᠢ ᠪᠠᠳᠤᠯᠠᠬᠤ ᠪᠠᠷ ᠪᠠᠷᠠᠬᠤ ᠦᠬᠡᠢ ᠪᠠᠰᠠ ︽ᠮᠡᠳᠡᠯᠬᠡ ᠶᠢ ᠴᠢᠨᠠᠷ ᠲᠠᠢ ᠬᠦᠷᠳᠡᠬᠦ︾ ᠶᠢ ᠪᠠᠳᠤᠯᠠᠬᠤ ᠬᠡᠷᠡᠭᠳᠡᠢ ᠬᠡᠵᠡᠢ᠂ ᠡᠶᠢᠮᠦ ᠠᠴᠠ ᠪᠢᠳᠠ ᠲᠠᠰᠬᠠᠯ ᠢᠶᠠᠨ ᠲᠦᠯᠦᠪᠯᠡᠬᠦ ᠳᠡᠭᠡᠨ ᠪᠦᠬᠦ ᠲᠠᠯ᠎ᠠ ᠪᠠᠷ ᠪᠤᠳᠤᠯᠬᠢᠯᠠᠵᠤ᠂ ᠰᠤᠷᠤᠭᠴᠢᠳ ᠤᠨ ᠠᠳᠠᠯᠢ ᠪᠤᠰᠤ ᠪᠠᠶᠢᠳᠠᠯ ᠢ ᠦᠨᠳᠦᠰᠦᠯᠡᠨ ᠠᠳᠠᠯᠢ ᠪᠤᠰᠤ ᠲᠡᠰ ᠲᠠᠪᠬᠤᠷᠭ᠎ᠠ ᠶᠢᠨ ᠲᠠᠰᠬᠠᠯ ᠢ ᠲᠦᠯᠦᠪᠯᠡᠵᠦ᠂ ᠬᠡᠦᠬᠡᠳ ᠤᠳ ᠲᠤ ᠲᠠᠰᠬᠠᠯ ᠢᠶᠠᠨ ᠪᠡᠶᠡᠯᠡᠬᠦᠯᠬᠦ ᠶᠠᠪᠤᠴᠠ ᠳᠠᠬᠢ ᠠᠮᠵᠢᠯᠳᠠ ᠶᠢᠨ ᠮᠡᠳᠡᠷᠡᠮᠵᠢ ᠶᠢ ᠤᠯᠭᠤᠬᠤ ᠬᠡᠷᠡᠭᠳᠡᠢ᠃ ᠡᠬᠦᠨ ᠠᠴᠠ ᠭᠠᠳᠠᠨ᠎ᠠ᠂ ᠬᠢᠴᠢᠶᠡᠯ ᠲᠦᠷᠦᠯ ᠤᠨ ᠲᠠᠰᠬᠠᠯ ᠢ ᠡᠯ᠎ᠡ ᠬᠢᠴᠢᠶᠡᠯ ᠲᠦᠷᠦᠯ ᠤᠨ ᠪᠠᠭᠰᠢ ᠬᠠᠷᠢᠭᠤᠴᠠᠵᠤ᠂ ᠬᠢᠴᠢᠶᠡᠯ ᠲᠦᠷᠦᠯ ᠠᠯᠤᠰᠯᠠᠭᠰᠠᠨ ᠲᠠᠰᠬᠠᠯ ᠢ ᠲᠤᠬᠠᠢ ᠶᠢᠨ ᠬᠦᠮᠦᠨ ᠬᠠᠷᠢᠭᠤᠴᠠᠨ ᠬᠤᠷᠢᠶᠠᠩᠭᠤᠶᠢᠯᠠᠵᠤ᠂ ᠰᠤᠷᠭᠠᠭᠤᠯᠢ ᠠᠴᠠ ᠨᠡᠶᠢᠬᠡᠮ ᠤᠨ ᠦᠢᠯᠡᠳᠦᠯᠬᠡ ᠶᠢᠨ ᠲᠦᠷᠦᠯ ᠤᠨ ᠲᠠᠰᠬᠠᠯ ᠢ ᠲᠦᠯᠦᠪᠯᠡᠵᠦ᠂ ᠰᠤᠷᠤᠭᠴᠢᠳ ᠤᠨ ᠡᠯ᠎ᠡ ᠲᠠᠯ᠎ᠠ ᠶᠢᠨ ᠴᠢᠳᠠᠪᠤᠷᠢ ᠶᠢ ᠨᠢᠬᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠳᠤ ᠵᠤᠬᠢᠬᠤ ᠬᠡᠮᠵᠢᠶ᠎ᠡ ᠪᠠᠷ ᠲᠡᠭᠡᠭᠰᠢᠯᠡᠬᠦᠯᠵᠦ ᠪᠤᠯᠤᠨ᠎ᠠ᠃         3᠂ ︽ᠬᠤᠶᠠᠷ ᠢ ᠬᠦᠡᠭᠭᠡᠷᠡᠬᠦᠯᠬᠦ︾ ᠲᠦᠷᠦ ᠶᠢᠨ ᠪᠤᠳᠤᠯᠭ᠎ᠠ ᠶᠢᠨ ᠠᠬᠤᠢ ᠪᠠᠶᠢᠳᠠᠯ ᠳᠤ ᠬᠡᠦᠬᠡᠳ ᠤᠨ ᠢᠯᠡᠬᠦᠴᠡ ᠲᠠᠰᠬᠠᠯ ᠢ ᠮᠡᠳᠡᠭᠳᠡᠭᠦᠶᠢᠴᠨ ᠪᠠᠭᠠᠰᠬᠠᠬᠤ ᠪᠤᠯᠪᠠᠴᠤ ᠰᠤᠷᠤᠯᠭ᠎ᠠ ᠶᠢᠨ ᠴᠢᠨᠠᠷ ᠴᠢᠨᠰᠠᠭ᠎ᠠ ᠶᠢ ᠪᠠᠳᠤᠯᠠᠬᠤ ᠬᠡᠷᠡᠭᠳᠡᠢ᠃ ᠡᠶᠢᠮᠦ ᠠᠴᠠ ᠪᠠᠭᠰᠢ ᠬᠢᠴᠢᠶᠡᠯ ᠤᠨ ᠴᠢᠨᠠᠷ ᠴᠢᠨᠰᠠᠭ᠎ᠠ ᠶᠢ ᠱᠠᠭᠠᠷᠳᠠᠬᠤ ᠪᠦᠬᠡᠳ ᠰᠤᠷᠤᠭᠴᠢᠳ ᠤᠨ ᠲᠠᠰᠬᠠᠯ ᠢ ᠦᠨᠡᠯᠡᠬᠦ ᠪᠠ ᠲᠠᠭᠠᠬᠤ ᠶᠢ ᠨᠡᠩ ᠠᠩᠬᠠᠷᠬᠤ ᠬᠡᠷᠡᠭᠳᠡᠢ᠃ ᠲᠠᠰᠬᠠᠯ ᠤᠨ ᠵᠢᠷᠤᠭ ᠲᠦᠯᠦᠪᠯᠡᠭᠡ ᠶᠢ ᠭᠤᠷᠪᠠᠨ ᠬᠡᠰᠡᠭ ᠲᠤ ᠬᠤᠪᠢᠶᠠᠵᠤ ᠪᠤᠯᠤᠨ᠎ᠠ᠂ ᠬᠢᠴᠢᠶᠡᠯ ᠤᠨ ᠲᠠᠩᠭᠢᠮ ᠤᠨ ᠲᠠᠰᠬᠠᠯ ᠢ ᠰᠤᠷᠤᠭᠴᠢᠳ ᠲᠤᠭᠳᠠᠭᠰᠠᠨ ᠴᠠᠭ ᠲᠤ ᠪᠡᠶᠡᠯᠡᠬᠦᠯᠬᠦ ᠪᠦᠬᠡᠳ ᠬᠢᠴᠢᠶᠡᠯ ᠡᠷᠬᠢᠯᠡᠭᠴᠢ ᠪᠠᠭᠰᠢ ᠠᠴᠠ ᠵᠠᠰᠠᠨ ᠵᠠᠯᠠᠷᠠᠭᠤᠯᠵᠤ᠂ ᠵᠢᠭᠠᠨ ᠵᠢᠯᠤᠭᠤᠳᠤᠨ᠎ᠠ︔ ᠰᠤᠷᠭᠠᠭᠤᠯᠢ ᠳᠠᠭᠠᠨ ᠪᠡᠶᠡᠯᠡᠬᠦᠯᠬᠦ ᠲᠠᠰᠬᠠᠯ ᠢ ᠰᠤᠷᠤᠭᠴᠢᠳ ᠬᠢᠴᠢᠶᠡᠯ ᠤᠨ ᠭᠠᠳᠠᠨᠠᠬᠢ ᠴᠠᠭ᠂ ᠲᠠᠪᠳᠠᠯᠭ᠎ᠠ ᠶᠢᠨ ᠬᠢᠴᠢᠶᠡᠯ ᠢᠶᠠᠷ ᠢᠶᠠᠨ ᠪᠡᠶᠡᠯᠡᠬᠦᠯᠵᠦ ᠪᠤᠯᠤᠨ᠎ᠠ᠂ ᠪᠠᠭᠰᠢ ᠲᠠᠰᠬᠠᠯ ᠢᠶᠠᠨ ᠪᠡᠶᠡᠯᠡᠬᠦᠯᠦᠭᠰᠡᠨ ᠪᠠᠶᠢᠳᠠᠯ ᠢ ᠬᠠᠨᠳᠤᠯᠭᠠᠳᠤ ᠴᠢᠨᠠᠷᠳᠠᠢ ᠪᠠᠷ ᠬᠠᠷᠢᠭᠤ ᠲᠤᠰᠬᠠᠵᠤ᠂ ᠰᠤᠷᠤᠭᠴᠢᠳ ᠤᠨ ᠶᠠᠰᠤ ᠴᠢᠨᠠᠷ ᠤᠨ ᠪᠠᠶᠢᠳᠠᠯ ᠢ ᠵᠠᠳᠠᠯᠤᠨ ᠰᠢᠨᠵᠢᠯᠡᠵᠦ᠂ ᠰᠤᠷᠤᠭᠴᠢ ᠨᠢᠬᠡ ᠪᠦᠷᠢ ᠶᠢᠨ ᠰᠤᠷᠤᠯᠭ᠎ᠠ ᠶᠢᠨ ᠪᠠᠶᠢᠳᠠᠯ᠂ ᠮᠡᠳᠡᠯᠬᠡ ᠶᠢᠨ ᠡᠵᠡᠮᠰᠢᠯ᠂ ᠴᠢᠳᠠᠪᠤᠷᠢ ᠶᠢᠨ ᠬᠦᠭᠵᠢᠯᠳᠡ ᠶᠢᠨ ᠪᠠᠶᠢᠳᠠᠯ ᠢ ᠨᠡᠩ ᠲᠤᠲᠤᠷᠬᠠᠢ ᠤᠶᠢᠯᠠᠭᠠᠬᠤ ᠳᠤ ᠲᠦᠬᠦᠮ ᠪᠤᠯᠭᠠᠵᠤ᠂ ᠡᠬᠦᠨ ᠤ ᠰᠠᠭᠤᠷᠢᠨ ᠲᠡᠭᠡᠷ᠎ᠡ ᠨᠡᠩ ᠦᠨᠳᠦᠷ ᠪᠦᠲᠦᠮᠵᠢᠳᠡᠢ ᠪᠠᠷ ᠬᠢᠴᠢᠶᠡᠯ ᠤᠨ ᠴᠠᠭ ᠢ ᠠᠰᠢᠭᠯᠠᠨ ᠬᠠᠨᠳᠤᠯᠭᠠᠳᠤ ᠴᠢᠨᠠᠷᠳᠡᠢ ᠪᠠᠷ ᠰᠤᠷᠤᠯᠴᠠᠬᠤ ᠳᠤ ᠲᠦᠬᠦᠮ ᠦᠵᠡᠬᠦᠯᠦᠨ᠎ᠠ︔ ᠬᠡᠷ ᠤᠨ ᠲᠠᠭᠠᠭᠠᠯᠭᠠᠪᠤᠷᠢ ᠶᠢ ᠰᠤᠷᠤᠭᠴᠢᠳ ᠪᠡᠶ᠎ᠡ ᠪᠠᠨ ᠲᠠᠭᠠᠭᠠᠵᠤ ᠬᠢᠬᠦ ᠪᠤᠶᠤ ᠬᠡᠷ ᠤᠨ ᠠᠬᠠᠮᠳ ᠤᠨ ᠬᠠᠪᠰᠤᠷᠤᠯᠭ᠎ᠠ ᠪᠠᠷ ᠬᠦᠢᠴᠡᠳᠬᠡᠨ᠎ᠠ᠃        4᠂ ᠡᠯ᠎ᠡ ᠲᠦᠷᠦᠯ ᠤᠨ ᠬᠠᠨᠳᠤᠯᠭᠠᠳᠤ ᠴᠢᠨᠠᠷᠳᠠᠢ ᠲᠠᠰᠬᠠᠯ ᠢ ︽ᠪᠠᠶᠢᠡᠭᠭᠤᠵᠢᠭᠤᠯᠬᠤ︾ ᠬᠡᠷᠡᠭᠳᠡᠢ᠂ ᠪᠠᠭᠰᠢ ᠪᠤᠯᠤᠨ ᠬᠡᠷ ᠤᠨ ᠠᠬᠠᠮᠠᠳ ᠬᠠᠮᠳᠤᠷᠠᠨ ᠠᠵᠢᠯᠯᠠᠵᠤ᠂ ᠰᠤᠷᠤᠭᠴᠢᠳ ᠴᠦᠮ ᠲᠠᠰᠬᠠᠯ ᠢᠶᠠᠨ ᠪᠡᠶᠡᠯᠡᠬᠦᠯᠬᠦ ᠪᠠᠷ ᠲᠠᠮᠵᠢᠨ ᠰᠤᠷᠤᠯᠭ᠎ᠠ ᠪᠠᠨ ᠲᠡᠭᠡᠭᠰᠢᠯᠡᠬᠦᠯᠬᠦ ᠶᠢ ᠪᠠᠳᠤᠯᠠᠬᠤ ᠬᠡᠷᠡᠭᠳᠡᠢ᠂ ᠬᠠᠷᠢᠨ ᠲᠠᠰᠬᠠᠯ ᠢᠶᠠᠨ ᠪᠡᠶᠡᠯᠡᠬᠦᠯᠬᠦ ᠶᠢᠨ ᠲᠦᠯᠦᠬᠡ ᠪᠡᠶᠡᠯᠡᠬᠦᠯᠵᠦ᠂ ᠲᠠᠰᠬᠠᠯ ᠢ ᠨᠢᠬᠡ ᠵᠦᠢᠯ ᠤᠨ ᠲᠠᠷᠤᠭᠠᠰᠤ ᠪᠤᠯᠭᠠᠵᠤ ᠪᠤᠯᠬᠤ ᠦᠬᠡᠢ ᠶᠤᠮ᠃ ᠲᠠᠰᠬᠠᠯ ᠤᠨ ᠬᠤᠪᠢᠰᠤᠯᠳᠠ ᠨᠢ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠳᠠ ᠵᠡᠷᠬᠡ ᠪᠤᠰᠤᠳ ᠭᠤᠭᠴᠤᠭ᠎ᠠ ᠶᠢᠨ ᠬᠤᠪᠢᠷᠠᠯᠳᠠ ᠶᠢ ᠨᠦᠯᠦᠬᠡᠯᠡᠬᠦ ᠪᠠᠷ ᠪᠠᠷᠠᠬᠤ ᠦᠬᠡᠢ ᠪᠤᠰᠤᠳ ᠭᠤᠭᠴᠤᠭ᠎ᠠ ᠶᠢᠨ ᠨᠦᠯᠦᠬᠡ ᠶᠢ ᠬᠦᠷᠳᠡᠳᠡᠭ᠃ ᠬᠤᠶᠢᠰᠢᠳᠠ ᠪᠢᠳᠠ ᠲᠠᠰᠬᠠᠯ ᠤᠨ ᠲᠤᠬᠠᠢ ᠲᠤᠰᠬᠠᠢ ᠰᠤᠳᠤᠯᠭᠠᠨ ᠢ ᠢᠯᠡᠬᠦᠬᠡᠨ ᠠᠩᠬᠠᠷᠬᠤ ᠪᠦᠬᠡᠳ ᠦᠨᠳᠦᠷ ᠪᠦᠲᠦᠮᠵᠢᠳᠡᠢ ᠬᠢᠴᠢᠶᠡᠯ ᠤᠨ ᠲᠠᠩᠭᠢᠮ ᠢ ᠬᠠᠶᠢᠨ ᠰᠦᠪᠡᠭᠴᠢᠯᠡᠵᠦ᠂ ᠰᠤᠷᠤᠭᠴᠢᠳ ᠢ ᠲᠠᠰᠬᠠᠯ ᠬᠢᠯᠭᠡᠬᠦ ᠪᠠᠷ ᠳᠠᠮᠵᠢᠨ ᠰᠤᠷᠤᠭᠰᠠᠨ ᠢ ᠨᠢ ᠤᠯᠠᠮ ᠨᠢᠬᠡ ᠠᠯᠬᠤᠮ ᠪᠠᠳᠤᠳᠬᠠᠵᠤ᠂ ᠲᠠᠪᠰᠢᠯᠳᠠ ᠶᠢ ᠨᠢ ᠠᠬᠢᠭᠤᠯᠬᠤ ᠬᠡᠷᠡᠭᠳᠡᠢ᠃      ᠪᠠᠭᠴᠠᠯᠠᠪᠠᠯ᠂ ︽ᠬᠤᠶᠠᠷ ᠢ ᠬᠦᠡᠭᠭᠡᠷᠡᠬᠦᠯᠬᠦ︾ ᠶᠠᠪᠤᠴᠠ ᠳᠤ ᠲᠤᠭᠠᠨ ᠤ ᠬᠢᠴᠢᠶᠡᠯᠯᠡᠭᠡ ᠶᠢᠨ ᠦᠷ᠎ᠡ ᠠᠰᠢᠭ ᠢ ᠨᠡᠮᠡᠭᠳᠡᠬᠦᠯᠬᠦ ᠳᠤ ᠵᠢᠭᠠᠨ ᠰᠤᠷᠭᠠᠬᠤ ᠠᠷᠭ᠎ᠠ ᠪᠠᠨ ᠰᠢᠯᠢᠳᠡᠭᠵᠢᠬᠦᠯᠵᠦ᠂ ᠲᠠᠰᠬᠠᠯ ᠪᠤᠯᠪᠠᠰᠤᠷᠠᠯ ᠢ ᠪᠠᠭᠠᠰᠬᠠᠨ ᠴᠢᠨᠠᠷ ᠢ ᠪᠠᠳᠤᠯᠠᠵᠤ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠦᠭᠵᠢᠬᠡᠪᠡᠯ ᠵᠤᠬᠢᠨ᠎ᠠ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ