ᠣᠷᠳᠣᠰ ᠬᠢᠶ᠎ᠠ ᠬᠥᠮᠥᠨ ᠨᠡᠶᠢᠭᠡᠮ ᠲᠠᠷᠬᠠᠭᠠᠭᠰᠠᠨ〔2022〕172 ᠳ᠋ᠤᠭᠠᠷ ᠲᠣᠭᠠᠲᠤ | | | ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠬᠡᠯᠲᠡᠰ᠂ ᠬᠤᠷᠢᠶ᠎ᠠ᠂ | ᠠᠯᠪᠠᠨ ᠭᠡᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠠᠷᠠᠳ ᠤᠨ | ᠪᠦᠯᠬᠦᠮ ᠳᠤ᠄ | ︽ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ | ᠬᠠᠮᠢᠶᠠᠷᠬᠤ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ | ᠭᠦᠭᠵᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | | | | ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 2022 ᠣᠨ ᠤ 11 ᠰᠠᠷ᠎ᠠ ᠶᠢᠨ 29 | | | | ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠬᠠᠮᠢᠶᠠᠷᠬᠤ ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠪᠠ ᠬᠠᠮᠢᠶᠠᠷᠬᠤ ᠠᠵᠢᠯ ᠢ | ᠵᠢᠷᠤᠮᠵᠢᠭᠤᠯᠬᠤ ᠶᠢᠨ ᠲᠥᠯᠥᠭᠡ᠂ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ | ᠳᠠᠮᠵᠢᠭᠤᠯᠤᠨ ᠠᠵᠢᠯ ᠣᠯᠭᠤᠬᠤ ᠪᠠ ᠳᠠᠬᠢᠨ ᠠᠵᠢᠯ ᠣᠯᠭᠤᠬᠤ ᠶᠢ ᠪᠡᠶᠡᠯᠡᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ | ᠣᠯᠭᠤᠯᠲᠠ ᠶᠢ ᠠᠬᠢᠭᠤᠯᠬᠤ ᠬᠠᠤᠯᠢ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢ ᠨᠡᠭᠡᠭᠡᠨ ᠬᠦᠭᠵᠢᠬᠦᠯᠬᠦ ᠬᠠᠮᠢᠶᠠᠷᠬᠤ ᠠᠷᠭ᠎ᠠ﹀ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠬᠤ ᠳᠤ ᠬᠦᠴᠢᠷᠲᠡᠢ ᠬᠥᠮᠥᠰ ᠢ | ᠮᠠᠭᠠᠳᠯᠠᠨ ᠲᠣᠭᠲᠠᠭᠠᠬᠤ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2015﹈ 345 | ᠳ᠋ᠤᠭᠠᠷ ᠲᠣᠭᠠᠲᠤ︶᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠬᠠᠮᠢᠶᠠᠷᠬᠤ ᠬᠤᠯᠪᠣᠭᠳᠠᠯ ᠪᠦᠬᠦᠢ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2020﹈ 50 ᠳ᠋ᠤᠭᠠᠷ ᠲᠣᠭᠠᠲᠤ︶᠂ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ﹀ ᠶᠢ ᠳᠠᠷᠤᠮᠠᠯᠯᠠᠨ ᠶᠠᠪᠤᠭᠤᠯᠬᠤ | ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2020﹈ 58 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ | ᠪᠠ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠢᠶ᠎ᠠ ᠪᠠᠭᠰᠢ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠲᠣᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢ ᠬᠢᠶ᠎ᠠ ᠪᠠᠭᠰᠢ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ | ᠬᠦᠭᠵᠢᠬᠦᠯᠬᠦ᠂ ᠬᠠᠮᠢᠶᠠᠷᠬᠤ ᠪᠠ ᠬᠡᠷᠡᠭᠯᠡᠬᠦ ᠵᠡᠷᠭᠡ ᠠᠵᠢᠯ ᠳᠤ ᠬᠡᠷᠡᠭᠯᠡᠨ᠎ᠡ᠃ | ᠭᠤᠷᠪᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠡᠳᠡᠭ ᠨᠢ ᠵᠠᠰᠠᠭ ᠤᠨ ᠣᠷᠳᠣᠨ | ᠠᠴᠠ ᠠᠵᠢᠯ ᠣᠯᠬᠤ ᠳᠤ ᠬᠦᠴᠢᠷᠲᠡᠢ ᠬᠥᠮᠥᠰ ᠢ ᠲᠥᠪᠬᠢᠨᠡᠭᠦᠯᠬᠦ ᠪᠠᠷ ᠵᠣᠷᠢᠯᠭ᠎ᠠ ᠪᠣᠯᠭᠠᠵᠤ᠂ ᠡᠯ᠎ᠡ ᠬᠥᠮᠥᠨ ᠬᠡᠷᠡᠭᠯᠡᠬᠦ ᠨᠢᠭᠡᠴᠢ ᠠᠴᠠ ᠭᠤᠶᠤᠴᠢᠯᠠᠵᠤ ᠨᠡᠭᠡᠭᠡᠨ | ᠠᠰᠢᠭᠯᠠᠬᠤ ᠶᠢᠨ ᠬᠠᠮᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠨ᠂ ᠨᠡᠶᠢᠭᠡᠮ | ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠳᠤ ᠨᠡᠶᠢᠴᠡᠭᠰᠡᠨ ᠦᠢᠯᠡᠴᠢᠯᠡᠭᠡᠨ ᠤ ᠴᠢᠨᠠᠷᠲᠠᠢ ᠠᠵᠢᠯ ᠤᠨ ᠪᠠᠶᠢᠷᠢ ᠪᠠ ᠬᠠᠮᠵᠢᠨ ᠬᠠᠮᠢᠶᠠᠷᠬᠤ ᠠᠵᠢᠯ ᠤᠨ ᠪᠠᠶᠢᠷᠢ ᠶᠢ | ᠵᠢᠭᠠᠵᠤ ᠪᠣᠶ᠃ ᠵᠠᠰᠠᠭ ᠤᠨ ᠣᠷᠳᠣᠨ ᠠᠴᠠ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠲᠤᠰᠠᠯᠠᠮᠵᠢ ᠶᠢᠨ ᠠᠷᠭ᠎ᠠ ᠬᠡᠮᠵᠢᠶ᠎ᠡ ᠮᠥᠨ᠂ ᠲᠡᠷᠡ | ᠨᠢ ᠱᠠᠳᠣᠴᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠨᠴᠠᠯᠢᠭ ᠲᠠᠢ ᠪᠠᠶᠢᠳᠠᠭ᠂ ᠲᠣᠭᠲᠠᠭᠠᠭᠰᠠᠨ ᠲᠤᠰᠠᠯᠠᠮᠵᠢ ᠶᠢᠨ ᠬᠤᠭᠤᠴᠠᠭᠠᠨ ᠳᠤ᠂ ᠠᠵᠢᠯ | ᠣᠯᠬᠤ ᠳᠤ ᠬᠦᠴᠢᠷᠲᠡᠢ ᠬᠥᠮᠥᠰ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠪᠣᠯᠪᠠᠰᠤᠷᠠᠯ ᠢᠶᠠᠷ ᠳᠡᠮᠵᠢᠨ᠂ ᠠᠵᠢᠯ ᠣᠯᠬᠤ ᠴᠢᠳᠠᠪᠤᠷᠢ ᠪᠠᠨ | ᠳᠡᠭᠡᠭᠰᠢᠯᠡᠭᠦᠯᠦᠭᠰᠡᠨ ᠤ ᠳᠠᠷᠠᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠠᠴᠠ ᠰᠠᠯᠵᠤ᠂ ᠲᠣᠭᠲᠠᠪᠤᠷᠢᠲᠠᠢ ᠠᠵᠢᠯ ᠣᠯᠬᠤ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠪᠡᠶᠡᠯᠡᠭᠦᠯᠦᠨ᠎ᠡ᠃ | ᠳᠥᠷᠪᠡᠳᠦᠭᠡᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠪᠠ ᠬᠠᠮᠢᠶᠠᠷᠬᠤ ᠳᠤ ᠵᠠᠰᠠᠭ ᠤᠨ | ᠣᠷᠳᠣᠨ ᠢᠶᠠᠷ ᠭᠤᠣᠯᠯᠠᠭᠤᠯᠤᠨ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠵᠤ᠂ ᠬᠥᠮᠥᠨ ᠬᠡᠷᠡᠭᠯᠡᠬᠦ ᠨᠢᠭᠡᠴᠢ ᠠᠴᠠ ᠭᠤᠶᠤᠴᠢᠯᠠᠨ ᠮᠡᠳᠡᠭᠦᠯᠵᠦ᠂ ᠢᠯᠡ ᠪᠠᠷ | ᠤᠷᠢᠬᠤ ᠶᠢ ᠪᠠᠷᠢᠮᠲᠠᠯᠠᠨ᠎ᠠ︔ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ᠂ | ᠬᠥᠳᠡᠯᠦᠩᠭᠦᠢ ᠪᠠᠷ ᠲᠣᠬᠢᠷᠠᠭᠤᠯᠬᠤ ᠶᠢ ᠪᠠᠷᠢᠮᠲᠠᠯᠠᠨ᠎ᠠ︔ ᠬᠡᠷᠡᠭᠴᠡᠭᠡ ᠪᠠᠷ ᠨᠢ ᠠᠵᠢᠯ ᠤᠨ ᠪᠠᠶᠢᠷᠢ ᠲᠣᠬᠢᠷᠠᠭᠤᠯᠬᠤ᠂ ᠠᠵᠢᠯ ᠤᠨ ᠪᠠᠶᠢᠷᠢ ᠪᠠᠷ ᠨᠢ ᠤᠷᠢᠨ ᠲᠣᠮᠢᠯᠠᠬᠤ᠂ | ᠠᠵᠢᠯ ᠤᠨ ᠪᠠᠶᠢᠷᠢ ᠳᠤᠨᠢ ᠨᠥᠬᠦᠪᠦᠷᠢᠯᠡᠬᠦ᠂ ᠡᠮᠬᠢ ᠵᠢᠷᠤᠮ ᠲᠠᠢ ᠪᠠᠷ ᠠᠵᠢᠯ ᠤᠨ ᠪᠠᠶᠢᠷᠢ ᠠᠴᠠ ᠪᠠᠭᠤᠬᠤ ᠶᠢ ᠪᠠᠷᠢᠮᠲᠠᠯᠠᠨ᠎ᠠ︔ ᠬᠠᠤᠯᠢ ᠲᠣᠭᠲᠠᠭᠠᠯ ᠢ ᠵᠢᠷᠤᠮᠯᠠᠬᠤ᠂ | ᠤᠯᠠᠨ ᠲᠠᠯ᠎ᠠ ᠶᠢᠨ ᠬᠢᠨ ᠣᠷᠤᠯᠴᠠᠬᠤ᠂ ᠡᠷᠬᠡ ᠲᠡᠭᠰᠢ ᠢᠯᠡ ᠲᠣᠳᠣ᠂ ᠨᠠᠷᠢᠯᠢᠭ ᠣᠨᠣᠴᠠᠲᠠᠢ ᠪᠠᠶᠢᠬᠤ ᠵᠠᠷᠴᠢᠮ ᠢ ᠪᠠᠷᠢᠮᠲᠠᠯᠠᠨ ᠠᠵᠢᠯ ᠢᠶᠠᠨ ᠥᠷᠨᠢᠭᠦᠯᠦᠨ᠎ᠡ᠃ | ᠲᠠᠪᠤᠳᠤᠭᠠᠷ ᠵᠦᠢᠯ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ᠂ ᠠᠵᠢᠯ ᠣᠯᠬᠤ ᠳᠤ ᠬᠦᠴᠢᠷᠲᠡᠢ ᠬᠦᠮᠦᠰ ᠤᠨ ᠬᠢᠷᠢ ᠬᠡᠮ ᠢ ᠮᠠᠭᠠᠳᠯᠠᠨ ᠲᠣᠭᠲᠠᠭᠠᠬᠤ᠂ ᠢᠯᠡ ᠪᠠᠷ | ᠤᠷᠢᠬᠤ᠂ ᠨᠢᠭᠡᠳᠦᠯᠲᠡᠢ ᠲᠥᠯᠥᠪᠯᠡᠨ ᠬᠠᠮᠢᠶᠠᠷᠬᠤ ᠪᠠ ᠠᠵᠢᠯ ᠤᠨ ᠪᠠᠶᠢᠷᠢ ᠰᠣᠯᠢᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠢᠴᠢ ᠵᠠᠰᠠᠭ ᠤᠨ | ᠣᠷᠳᠣᠨ ᠤ ᠨᠥᠬᠦᠪᠦᠷᠢ ᠶᠢᠨ ᠲᠥᠰᠥᠪ ᠢ ᠭᠤᠶᠤᠴᠢᠯᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠵᠠᠰᠠᠭ ᠤᠨ ᠣᠷᠳᠣᠨ ᠤ ᠨᠥᠬᠦᠪᠦᠷᠢ ᠶᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠰᠠᠯᠭᠠᠨ ᠥᠭᠬᠦ ᠪᠠ ᠬᠢᠨᠠᠯᠲᠠ | ᠲᠠᠯᠪᠢᠬᠤ ᠠᠵᠢᠯ ᠢ ᠬᠠᠷᠢᠭᠤᠴᠠᠨ᠎ᠠ᠃ | ᠬᠥᠮᠥᠨ ᠬᠡᠷᠡᠭᠯᠡᠬᠦ ᠨᠢᠭᠡᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤ ᠡᠳᠦᠷ ᠲᠤᠲᠤᠮ ᠤᠨ ᠬᠠᠮᠢᠶᠠᠷᠤᠯᠲᠠ ᠵᠢᠴᠢ | ᠵᠠᠰᠠᠭ ᠤᠨ ᠣᠷᠳᠣᠨ ᠤ ᠨᠥᠬᠦᠪᠦᠷᠢ ᠶᠢ ᠮᠡᠳᠡᠭᠦᠯᠬᠦ᠂ ᠳᠠᠷᠬᠠᠭᠠᠬᠤ ᠪᠠ ᠨᠡᠶᠢᠭᠡᠮ ᠤᠨ ᠳᠠᠭᠠᠳᠬᠠᠯ ᠢ ᠨᠢᠭᠡᠳᠦᠯᠲᠡᠢ ᠲᠤᠰᠢᠶᠠᠬᠤ ᠵᠡᠷᠭᠡ ᠠᠵᠢᠯ ᠢ ᠬᠠᠷᠢᠭᠤᠴᠠᠨ᠎ᠠ᠃ | ᠵᠢᠷᠭᠤᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠵᠠᠰᠠᠭ ᠤᠨ ᠣᠷᠳᠣᠨ ᠤ ᠨᠥᠬᠦᠪᠦᠷᠢ ᠶᠢᠨ ᠪᠡᠯᠡ ᠮᠥᠩᠭᠦ ᠶᠢᠨ | ᠭᠤᠣᠯ ᠢᠷᠡᠯᠲᠡ ᠨᠢ ᠲᠥᠪ ᠤᠨ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠠᠵᠢᠯ ᠣᠯᠭᠤᠯᠲᠠ ᠶᠢᠨ ᠲᠤᠰᠬᠠᠢ ᠪᠡᠯᠡ ᠮᠥᠩᠭᠦ ᠪᠣᠯᠣᠨ᠎ᠠ᠃ | | | ᠬᠤᠶᠠᠳᠤᠭᠠᠷ ᠪᠦᠯᠦᠭ ᠠᠵᠢᠯ ᠤᠨ ᠪᠠᠶᠢᠷᠢ ᠶᠢᠨ ᠲᠥᠷᠥᠯ ᠵᠦᠢᠯ ᠪᠠ ᠤᠷᠢᠬᠤ ᠡᠲᠡᠭᠡᠳ | | ᠳᠣᠯᠣᠳᠤᠭᠠᠷ ᠵᠦᠢᠯ ᠬᠢᠶ᠎ᠠ ᠪᠠᠭᠰᠢ ᠲᠣᠭᠤᠷᠢᠭ ᠤᠨ ᠠᠵᠢᠯ ᠣᠯᠬᠤ ᠳᠤ ᠬᠦᠴᠢᠷᠲᠡᠢ ᠬᠥᠮᠥᠰ ᠤᠨ ᠲᠤᠭ᠎ᠠ ᠬᠢᠭᠡᠳ ᠵᠠᠰᠠᠭ ᠤᠨ ᠣᠷᠳᠣᠨ ᠤ ᠨᠡᠶᠢᠭᠡᠮ ᠤᠨ | ᠬᠠᠮᠢᠶᠠᠷᠤᠯᠲᠠ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠶᠢ ᠦᠨᠳᠦᠰᠦᠯᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ | ᠨᠡᠭᠡᠭᠡᠯᠲᠡ ᠶᠢᠨ ᠰᠢᠨᠵᠢ ᠴᠢᠨᠠᠷ ᠪᠣᠯᠣᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠳᠣᠣᠷᠠᠬᠢ ᠮᠡᠲᠦ ᠬᠡᠳᠦᠨ ᠲᠥᠷᠥᠯ ᠳᠤ ᠬᠤᠪᠢᠶᠠᠨ᠎ᠠ᠄ | ︵ᠨᠢᠭᠡ︶ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠨᠠᠷᠲᠠᠢ ᠠᠵᠢᠯ ᠤᠨ ᠪᠠᠶᠢᠷᠢ᠂ ᠡᠭᠦᠨ ᠳᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠲᠤ | ᠠᠷᠢᠭᠤᠨ ᠴᠡᠪᠡᠷ᠂ ᠨᠤᠭᠤᠭᠠᠷᠠᠭᠤᠯᠬᠤ ᠶᠢ ᠪᠠᠲᠤᠯᠠᠬᠤ᠂ ᠲᠤᠤᠷᠵᠢᠯ ᠬᠠᠮᠢᠶᠠᠷᠤᠯᠲᠠ᠂ ᠭᠡᠷ ᠪᠦᠯᠢ ᠶᠢᠨ ᠦᠢᠯᠡᠴᠢᠯᠡᠭᠡ᠂ ᠨᠡᠶᠢᠭᠡᠮ ᠤᠨ ᠠᠰᠠᠷᠠᠮᠵᠢ ᠵᠡᠷᠭᠡ ᠨᠡᠶᠢᠭᠡᠮ ᠤᠨ | ᠦᠢᠯᠡᠴᠢᠯᠡᠭᠡᠨ ᠤ ᠴᠢᠨᠠᠷᠲᠠᠢ ᠠᠵᠢᠯ ᠤᠨ ᠪᠠᠶᠢᠷᠢ ᠪᠠᠭᠲᠠᠨ᠎ᠠ︔ | ︵ᠬᠤᠶᠠᠷ︶ ᠨᠡᠶᠢᠭᠡᠮ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠳᠤ᠂ ᠦᠨᠳᠦᠰᠦᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ | ᠲᠤᠰᠠᠯᠠᠭᠴᠢ᠂ ᠵᠠᠮ ᠬᠠᠷᠢᠯᠴᠠᠭᠠᠨ ᠤ ᠬᠠᠪᠰᠤᠷᠤᠨ ᠬᠠᠮᠢᠶᠠᠷᠤᠭᠴᠢ᠂ ᠬᠤᠲᠠ ᠶᠢᠨ ᠬᠠᠮᠢᠶᠠᠷᠤᠯᠲᠠ ᠶᠢᠨ ᠲᠤᠰᠠᠯᠠᠭᠴᠢ᠂ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠭᠴᠢ | ᠵᠡᠷᠭᠡ ᠲᠤᠰᠠᠯᠠᠬᠤ ᠴᠢᠨᠠᠷᠲᠠᠢ ᠨᠡᠶᠢᠭᠡᠮ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢ ᠪᠠᠭᠲᠠᠭᠠᠨ᠎ᠠ︔ | ︵ᠭᠤᠷᠪᠠ︶ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠨᠠᠷᠲᠠᠢ ᠪᠠ ᠤᠯᠠᠨ | ᠨᠡᠶᠢᠲᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ᠂ ᠡᠭᠦᠨ ᠳᠤ ᠬᠤᠷᠢᠶᠠᠵᠤ ᠲᠠᠷᠬᠠᠭᠠᠬᠤ᠂ ᠴᠡᠪᠡᠷᠯᠡᠬᠦ᠂ ᠡᠭᠦᠳᠡᠨ ᠬᠠᠷᠠᠭᠤᠯ᠂ ᠦᠰᠦᠭ ᠴᠣᠬᠢᠬᠤ ᠵᠡᠷᠭᠡ | ᠲᠤᠰᠠᠯᠠᠬᠤ ᠴᠢᠨᠠᠷᠲᠠᠢ ᠦᠢᠯᠡᠴᠢᠯᠡᠭᠡᠨ ᠤ ᠠᠵᠢᠯ ᠤᠨ ᠪᠠᠶᠢᠷᠢ ᠪᠠᠭᠲᠠᠨ᠎ᠠ︔ | ︵ᠳᠥᠷᠪᠡ︶ ᠤᠳᠤᠷᠢᠳᠬᠤ ᠳᠤᠭᠤᠶᠢᠯᠠᠩ ᠤᠨ ᠰᠤᠳᠤᠯᠵᠤ ᠲᠣᠭᠲᠠᠭᠠᠭᠰᠠᠨ ᠪᠤᠰᠤᠳ ᠠᠵᠢᠯ ᠤᠨ ᠪᠠᠶᠢᠷᠢ᠃ | ᠪᠤᠳᠠᠳᠤ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠬᠥᠮᠥᠨ ᠬᠡᠷᠡᠭᠯᠡᠬᠦ ᠨᠢᠭᠡᠴᠢ ᠪᠣᠳᠠᠲᠠᠢ ᠪᠠᠶᠢᠳᠠᠯ ᠢᠶᠠᠨ ᠦᠨᠳᠦᠰᠦᠯᠡᠨ ᠳᠡᠭᠡᠷ᠎ᠡ ᠳᠤᠷᠠᠳᠤᠭᠰᠠᠨ | ᠬᠡᠪᠴᠢᠶᠡᠨ ᠳᠤ ᠲᠣᠬᠢᠷᠠᠭᠤᠯᠤᠨ᠎ᠠ᠃ | ᠨᠠᠢᠮᠠᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠡᠲᠡᠭᠡᠳ ᠨᠢ ᠡᠷᠬᠡᠪᠰᠢ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠢᠭᠡᠨᠲᠡ ᠮᠠᠭᠠᠳᠯᠠᠨ ᠲᠣᠭᠲᠠᠭᠠᠭᠰᠠᠨ ᠠᠵᠢᠯ ᠣᠯᠬᠤ ᠳᠤ ᠬᠦᠴᠢᠷᠲᠡᠢ | ᠬᠥᠮᠥᠰ ᠪᠠᠶᠢᠬᠤ ᠬᠡᠷᠡᠭᠲᠡᠢ᠂ ᠡᠨᠡ ᠨᠢ ᠬᠢᠶ᠎ᠠ ᠪᠠᠭᠰᠢ ᠲᠣᠭᠤᠷᠢᠭ ᠤᠨ ᠪᠠᠶᠢᠩᠭᠤ ᠰᠠᠭᠤᠭ᠎ᠠ ᠬᠥᠮᠥᠰ ᠤᠨ ᠳᠣᠲᠣᠷᠠᠬᠢ ᠬᠠᠤᠯᠢ ᠳᠤ ᠲᠣᠭᠲᠠᠭᠠᠭᠰᠠᠨ ᠬᠥᠳᠡᠯᠮᠦᠷᠢᠯᠡᠬᠦ | ᠨᠠᠰᠤᠨ ᠤ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠮᠥᠷᠲᠡᠭᠡᠨ ᠠᠵᠢᠯ ᠣᠯᠬᠤ ᠬᠦᠰᠡᠯ ᠲᠠᠢ ᠪᠥᠭᠡᠳ ᠨᠢᠭᠡᠨᠲᠡ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ | ᠳᠣᠣᠷᠠᠬᠢ 6 ᠲᠥᠷᠥᠯ ᠤᠨ ᠬᠥᠮᠥᠰ ᠢ ᠵᠢᠭᠠᠵᠤ ᠪᠣᠶ᠄ | ︵ᠨᠢᠭᠡ︶ ᠨᠠᠰᠤ ᠠᠬᠢᠭᠰᠠᠨ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠠᠭᠠᠨ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠰᠠᠭᠤᠭᠰᠠᠨ ᠪᠥᠭᠡᠳ | ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠠᠳ 1 ᠵᠢᠯ ᠠᠴᠠ ᠳᠡᠭᠡᠭᠰᠢ ᠪᠣᠯᠤᠭᠰᠠᠨ ᠪᠦᠬᠦᠯᠢ 40 ᠨᠠᠰᠤ | ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠨᠠᠰᠣᠳᠠᠢ ᠡᠮᠡᠭᠲᠡᠢ᠂ ᠪᠦᠬᠦᠯᠢ 50 ᠨᠠᠰᠤ ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠨᠠᠰᠣᠳᠠᠢ ᠡᠷᠡᠭᠲᠡᠢ ᠠᠵᠢᠯ | ᠠᠯᠳᠠᠭᠰᠠᠳ ᠢ ᠵᠢᠭᠠᠵᠤ ᠪᠣᠶ᠃ | ︵ᠬᠤᠶᠠᠷ︶ ᠵᠡᠮᠳᠡᠭ ᠬᠥᠮᠥᠰ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠲᠠᠢ ᠵᠡᠮᠳᠡᠭ ᠬᠥᠮᠥᠰ᠃ | ︵ᠭᠤᠷᠪᠠ︶ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠪᠦᠷᠢᠯᠳᠦᠭᠦᠨ᠃ ᠠᠳᠠᠯᠢ ᠨᠢᠭᠡ ᠭᠡᠷ ᠪᠦᠯᠢ ᠶᠢᠨ ᠡᠷᠦᠬᠡ ᠠᠮᠠ ᠶᠢᠨ ᠲᠠᠩᠰᠠᠨ ᠳᠤ | 2 ᠪᠤᠶᠤ 2 ᠠᠴᠠ ᠳᠡᠭᠡᠭᠰᠢ ᠬᠠᠮᠲᠤ ᠠᠮᠢᠳᠤᠷᠠᠵᠤ ᠪᠠᠶᠢᠭ᠎ᠠ ᠪᠦᠷᠢᠯᠳᠦᠭᠦᠨ ᠲᠠᠢ ᠪᠥᠭᠡᠳ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ | ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠱᠠᠭᠠᠷᠳᠠᠯᠭ᠎ᠠ ᠲᠠᠢ ᠭᠡᠷ ᠪᠦᠯᠢ ᠶᠢᠨ ᠪᠦᠷᠢᠯᠳᠦᠭᠦᠨ ᠨᠢ ᠴᠥᠮ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ | ᠮᠥᠷᠲᠡᠭᠡᠨ ᠡᠵᠡᠩᠨᠡᠯᠲᠡ ᠶᠢᠨ ᠴᠢᠨᠠᠷᠲᠠᠢ᠂ ᠪᠡᠯᠡ ᠣᠷᠣᠭᠤᠯᠤᠯᠲᠠ ᠶᠢᠨ ᠴᠢᠨᠠᠷᠲᠠᠢ ᠣᠷᠣᠯᠭ᠎ᠠ ᠦᠭᠡᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ | ᠪᠦᠷᠢᠯᠳᠦᠭᠦᠨ ᠢ ᠵᠢᠭᠠᠵᠤ ᠪᠣᠶ᠃ | ︵ᠳᠥᠷᠪᠡ︶ ᠭᠠᠵᠠᠷ ᠲᠠᠷᠢᠶ᠎ᠠ ᠪᠠᠨ ᠠᠯᠳᠠᠭᠰᠠᠨ ᠲᠠᠷᠢᠶᠠᠴᠢᠨ᠃ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠠᠴᠠ ᠬᠠᠤᠯᠢ | ᠶᠣᠰᠣᠭᠠᠷ ᠭᠠᠵᠠᠷ ᠰᠢᠷᠣᠢ ᠶᠢ ᠲᠠᠲᠠᠪᠤᠷᠢᠯᠠᠭᠰᠠᠨ ᠤ ᠳᠠᠷᠠᠭ᠎ᠠ᠂ ᠤᠤᠯ ᠤᠨ ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠨᠤᠲᠤᠭ ᠪᠡᠯᠴᠢᠭᠡᠷ ᠢᠶᠠᠨ ᠪᠦᠷᠢᠮᠦᠰᠦᠨ | ᠠᠯᠳᠠᠭᠰᠠᠨ᠂ ᠪᠦᠬᠦᠯᠢ 40 ᠨᠠᠰᠤᠨ ᠳᠤ ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠨᠠᠰᠣᠳᠠᠢ ᠡᠮᠡᠭᠲᠡᠢ᠂ ᠪᠦᠬᠦᠯᠢ 50 ᠨᠠᠰᠤᠨ ᠳᠤ ᠬᠦᠷᠦᠭᠰᠡᠨ ᠵᠢᠴᠢ | ᠲᠡᠭᠦᠨ ᠠᠴᠠ ᠳᠡᠭᠡᠭᠰᠢᠬᠢ ᠨᠠᠰᠣᠳᠠᠢ ᠡᠷᠡᠭᠲᠡᠢ ᠮᠠᠯᠴᠢᠨ ᠲᠠᠷᠢᠶᠠᠴᠢᠨ ᠢ ᠵᠢᠭᠠᠵᠤ ᠪᠣᠶ᠃ ᠶᠠᠭ ᠰᠠᠶᠢᠬᠠᠨ ᠡᠳ᠋ᠯᠡᠵᠦ ᠪᠠᠶᠢᠭ᠎ᠠ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ | ᠲᠥᠯᠥᠪᠦᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠢ ᠶᠢᠨ ᠭᠠᠵᠠᠷ ᠤᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠠᠶᠢᠬᠤ | ᠬᠥᠮᠥᠨ ᠨᠢ ᠡᠨᠡ ᠲᠦᠷᠦᠯ ᠳᠤ ᠪᠠᠭᠲᠠᠬᠤ ᠦᠭᠡᠢ᠃ | ︵ᠲᠠᠪᠤ︶ ᠤᠷᠳᠤ ᠬᠤᠭᠤᠴᠠᠭ᠎ᠠ ᠪᠠᠷ ᠠᠵᠢᠯ ᠠᠯᠳᠠᠭᠰᠠᠳ᠃ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠦ ᠪᠠᠶᠢᠭ᠎ᠠ | ᠮᠥᠷᠲᠡᠭᠡᠨ ᠵᠠᠯᠭᠠᠭ᠎ᠠ ᠪᠠᠷ 1 ᠵᠢᠯ ᠠᠴᠠ ᠳᠡᠭᠡᠭᠰᠢ ᠠᠵᠢᠯ ᠠᠯᠳᠠᠭᠰᠠᠨ ᠢᠶᠠᠷ ᠳᠠᠩᠰᠠᠯᠠᠭᠤᠯᠤᠭᠠᠳ ᠪᠦᠬᠦᠯᠢ 35 ᠨᠠᠰᠤᠨ ᠳᠤ ᠬᠦᠷᠦᠭᠰᠡᠨ ᠡᠮᠡᠭᠲᠡᠢ᠂ ᠪᠦᠬᠦᠯᠢ 45 | ᠨᠠᠰᠤᠨ ᠳᠤ ᠬᠦᠷᠦᠭᠰᠡᠨ ᠡᠷᠡᠭᠲᠡᠢ ᠠᠵᠢᠯ ᠠᠯᠳᠠᠭᠰᠠᠳ ᠢ ᠵᠢᠭᠠᠵᠤ ᠪᠣᠶ᠃ | ︵ᠵᠢᠷᠭᠤᠭ᠎ᠠ︶ ᠠᠵᠢᠯ ᠣᠯᠬᠤ ᠳᠤ ᠬᠦᠴᠢᠷᠲᠡᠢ ᠳᠡᠭᠡᠳᠦ ᠰᠤᠷᠭᠠᠭᠤᠯᠢ ᠠᠴᠠ ᠲᠡᠭᠦᠰᠦᠭᠰᠡᠳ᠃ ᠰᠤᠷᠭᠠᠭᠤᠯᠢ ᠠᠴᠠ ᠪᠠᠨ ᠲᠡᠭᠦᠰᠦᠭᠡᠳ 2 ᠵᠢᠯ ᠪᠤᠶᠤ | 2 ᠵᠢᠯ ᠠᠴᠠ ᠳᠡᠭᠡᠭᠰᠢ ᠪᠣᠯᠲᠠᠯ᠎ᠠ ᠶᠡᠷᠦ ᠠᠴᠠ ᠠᠵᠢᠯ ᠣᠯᠣᠭᠰᠠᠨ ᠦᠭᠡᠢ ᠳᠡᠭᠡᠳᠦ ᠰᠤᠷᠭᠠᠭᠤᠯᠢ ᠶᠢᠨ ᠲᠡᠭᠦᠰᠦᠭᠰᠡᠳ ︵ᠳᠡᠭᠡᠳᠦ ᠰᠤᠷᠭᠠᠭᠤᠯᠢ ᠲᠡᠭᠦᠰᠦᠭᠰᠡᠳ | ᠭᠤᠣᠯᠳᠠᠭᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠶᠢ ᠵᠢᠭᠠᠵᠤ ᠪᠣᠶ︶ ᠢ ᠵᠢᠭᠠᠵᠤ ᠪᠣᠶ᠃ | | ᠭᠤᠷᠪᠠᠳᠤᠭᠠᠷ ᠪᠦᠯᠦᠭ ᠠᠵᠢᠯ ᠤᠨ ᠪᠠᠶᠢᠷᠢ ᠶᠢ ᠨᠠᠭᠡᠭᠡᠨ ᠭᠦᠭᠵᠢᠭᠦᠯᠬᠦ᠂ ᠮᠡᠳᠡᠭᠦᠯᠬᠦ ᠪᠠ ᠬᠢᠨᠠᠨ ᠵᠥᠪᠰᠢᠶᠡᠷᠡᠬᠦ | | ᠶᠢᠰᠦᠳᠦᠭᠡᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠭᠦᠭᠵᠢᠭᠦᠯᠬᠦ ᠳᠤ ᠤᠯᠠᠨ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠪᠣᠯᠣᠨ ᠬᠥᠮᠥᠨ ᠬᠡᠷᠡᠭᠯᠡᠬᠦ ᠨᠢᠭᠡᠴᠢ ᠠᠴᠠ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ ᠨᠡᠭᠡᠭᠡᠨ | ᠭᠦᠭᠵᠢᠭᠦᠯᠬᠦ ᠲᠥᠰᠥᠯ ᠢ ᠬᠠᠮᠲᠤ ᠪᠠᠷ ᠲᠣᠭᠲᠠᠭᠠᠬᠤ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠨ᠎ᠠ᠃ ᠬᠦᠮᠦᠨ ᠬᠡᠷᠡᠭᠯᠡᠬᠦ ᠨᠢᠭᠡᠴᠢ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠭᠦᠭᠵᠢᠭᠦᠯᠬᠦ ᠳᠤ ᠡᠷᠬᠡᠪᠰᠢ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ | ᠪᠠᠶᠢᠭᠤᠯᠤᠮᠵᠢ ᠳᠤ ᠭᠤᠶᠤᠴᠢᠯᠠᠯ ᠭᠠᠷᠭᠠᠬᠤ ᠶᠢᠨ ᠬᠠᠮᠲᠤ᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠮᠡᠳᠡᠭᠦᠯᠬᠦ ᠬᠦᠰᠦᠨᠦᠭᠲᠦ︾ ︵ | ᠳᠠᠭᠠᠯᠳᠤᠭᠤᠯᠤᠯ 1︶ ᠶᠢ ᠲᠠᠭᠯᠠᠵᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠪᠠᠷ ᠠᠩᠬ᠎ᠠ ᠬᠢᠨᠠᠭᠤᠯᠵᠤ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠣᠯᠠᠨ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ ᠬᠥᠮᠥᠨ ᠬᠡᠷᠡᠭᠯᠡᠬᠦ ᠨᠢᠭᠡᠴᠢ ᠲᠠᠢ ᠬᠠᠮᠲᠤᠷᠠᠨ ᠨᠡᠶᠢᠭᠡᠮ ᠳᠤ ᠬᠠᠨᠳᠤᠭᠤᠯᠤᠨ ᠠᠵᠢᠯ ᠤᠨ ᠪᠠᠶᠢᠷᠢ ᠶᠢᠨ ᠠᠵᠢᠯᠲᠠᠨ | ᠡᠯᠰᠡᠬᠦ ᠮᠡᠳᠡᠭᠡ ᠵᠠᠩᠭᠢ ᠶᠢ ᠨᠡᠶᠢᠲᠡᠯᠡᠨ᠎ᠡ᠃ | ᠠᠷᠪᠠᠳᠤᠭᠠᠷ ᠵᠦᠢᠯ ᠠᠵᠢᠯ ᠣᠯᠬᠤ ᠳᠤ ᠬᠦᠴᠢᠷᠲᠡᠢ ᠬᠥᠮᠥᠰ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠠᠵᠢᠯ ᠣᠯᠬᠤ ᠪᠠᠷ | ᠭᠤᠶᠤᠴᠢᠯᠠᠪᠠᠯ᠂ ᠲᠤᠰ ᠬᠥᠮᠥᠨ ᠤ ᠪᠡᠶ᠎ᠡ ᠶᠢᠨ ᠦᠨᠡᠮᠯᠡᠯ᠂ ︽ᠠᠵᠢᠯ ᠣᠯᠬᠤ ᠪᠠ ᠠᠵᠢᠯ ᠠᠯᠳᠠᠬᠤ ᠶᠢ ᠳᠠᠩᠰᠠᠯᠠᠭᠤᠯᠤᠭᠰᠠᠨ ᠦᠨᠡᠮᠯᠡᠯ︾ ᠵᠢᠴᠢ ᠠᠵᠢᠯ ᠤᠨ | ᠪᠠᠶᠢᠷᠢ ᠶᠢᠨ ᠬᠠᠩᠭᠠᠬᠤ ᠴᠢᠬᠤᠯᠠᠲᠠᠢ ᠪᠤᠰᠤᠳ ᠮᠠᠲ᠋ᠧᠷᠢᠶᠠᠯ ᠢᠶᠠᠨ ᠠᠪᠴᠤ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯ ᠣᠯᠬᠤ | ᠰᠠᠨᠠᠮᠵᠢ ᠶᠢᠨ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 2︶ ᠶᠢ ᠲᠠᠭᠯᠠᠵᠤ᠂ ᠬᠥᠮᠥᠨ ᠬᠡᠷᠡᠭᠯᠡᠬᠦ ᠨᠢᠭᠡᠴᠢ ᠳᠤ ᠭᠤᠶᠤᠴᠢᠯᠠᠯ ᠭᠠᠷᠭᠠᠨ᠎ᠠ᠃ | ᠨᠡᠷ᠎ᠡ ᠮᠡᠳᠡᠭᠦᠯᠬᠦ ᠬᠤᠭᠤᠴᠠᠭᠠᠨ ᠳᠤ ᠠᠵᠢᠯ ᠣᠯᠬᠤ ᠳᠤ ᠬᠦᠴᠢᠷᠲᠡᠢ ᠬᠥᠮᠥᠨ ᠭᠤᠶᠤᠴᠢᠯᠠᠯ ᠭᠠᠷᠭᠠᠭᠰᠠᠨ ᠦᠭᠡᠢ ᠠᠴᠠ ᠪᠣᠯᠵᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠰᠤᠯᠠ ᠣᠷᠣ ᠭᠠᠷᠤᠭᠰᠠᠨ ᠪᠠᠶᠢᠪᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠢᠯᠡᠳᠬᠡᠪᠦᠷᠢ ᠶᠢ ᠬᠤᠷᠢᠶᠠᠨ ᠠᠪᠤᠨ᠎ᠠ᠃ | ᠨᠡᠶᠢᠭᠡᠮ ᠳᠤ ᠬᠠᠨᠳᠤᠭᠤᠯᠤᠨ ᠢᠯᠡ ᠪᠠᠷ ᠤᠷᠢᠨ ᠬᠡᠷᠡᠭᠯᠡᠭᠰᠡᠨ ᠰᠠᠭᠤᠷᠢᠨ ᠳᠡᠭᠡᠷ᠎ᠡ᠂ ᠬᠥᠮᠥᠨ ᠬᠡᠷᠡᠭᠯᠡᠬᠦ ᠨᠢᠭᠡᠴᠢ ᠠᠴᠠ ᠪᠣᠳᠠᠲᠤ ᠬᠡᠷᠡᠭᠴᠡᠭᠡ | ᠱᠠᠭᠠᠷᠳᠠᠯᠭ᠎ᠠ ᠲᠠᠢ ᠪᠠᠨ ᠤᠶᠠᠯᠳᠤᠭᠤᠯᠤᠨ᠂ ᠵᠣᠬᠢᠶᠠᠨ ᠪᠠᠶᠢᠭᠤᠯᠤᠨ ᠨᠡᠷ᠎ᠡ ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠰᠢᠯᠭᠠᠨ ᠪᠠᠶᠢᠴᠠᠭᠠᠵᠤ ᠬᠢᠨᠠᠬᠤ᠂ | ᠰᠢᠯᠢᠳᠡᠭ ᠢ ᠨᠢ ᠰᠣᠩᠭᠤᠵᠤ ᠡᠯᠰᠡᠨ ᠬᠡᠷᠡᠭᠯᠡᠬᠦ ᠵᠡᠷᠭᠡ ᠠᠵᠢᠯ ᠢ ᠰᠠᠶᠢᠲᠤᠷ ᠬᠢᠵᠦ᠂ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠢ ᠠᠩᠬ᠎ᠠ ᠠᠯᠬᠤᠮ ᠲᠣᠭᠲᠠᠭᠠᠨ᠎ᠠ᠃ | ᠬᠢᠨᠠᠨ ᠵᠥᠪᠰᠢᠶᠡᠷᠡᠭᠡᠳ ᠠᠯᠳᠠᠭ᠎ᠠ ᠦᠭᠡᠢ ᠪᠣᠯ ᠬᠥᠮᠥᠨ ᠬᠡᠷᠡᠭᠯᠡᠬᠦ ᠨᠢᠭᠡᠴᠢ ᠠᠴᠠ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠤᠨ ᠪᠠᠶᠢᠭ᠎ᠠ ᠨᠡᠶᠢᠭᠡᠮ ᠲᠣᠭᠤᠷᠢᠭ ᠲᠤ | ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠴᠠᠭ ᠨᠢ 7 ᠡᠳᠦᠷ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ ᠰᠠᠶ᠋ᠢ ᠤᠷᠢᠨ ᠬᠡᠷᠡᠭᠯᠡᠬᠦ ᠬᠥᠮᠥᠰ ᠢ ᠵᠢᠩᠬᠢᠨᠢ ᠪᠠᠷ | ᠲᠣᠭᠲᠠᠭᠠᠵᠤ ᠪᠣᠯᠣᠨ᠎ᠠ᠃ ᠣᠨᠳᠣᠣ ᠰᠠᠨᠠᠯ ᠳᠤᠷᠠᠳᠤᠭᠰᠠᠨ ᠪᠠᠶᠢᠪᠠᠯ᠂ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ | ᠵᠢᠷᠤᠮᠯᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠰᠠᠨᠠᠯ ᠢᠶᠠᠨ ᠰᠠᠨᠠᠯ ᠳᠤᠷᠠᠳᠤᠭᠰᠠᠨ ᠬᠥᠮᠥᠰ ᠲᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃ | | ᠳᠥᠷᠪᠡᠳᠦᠭᠡᠷ ᠪᠦᠯᠦᠭ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤ ᠬᠠᠮᠢᠶᠠᠷᠤᠯᠲᠠ | | ᠠᠷᠪᠠᠨ ᠨᠢᠭᠡᠳᠦᠭᠡᠷ ᠵᠦᠢᠯ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠵᠢᠯ ᠣᠯᠬᠤ ᠳᠤ ᠬᠦᠴᠢᠷᠲᠡᠢ ᠬᠥᠮᠥᠰ ᠤᠨ | ᠪᠠᠶᠢᠳᠠᠯ ᠢ ︽ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠠᠵᠢᠯ ᠣᠯᠭᠤᠯᠲᠠ ᠶᠢᠨ ᠭᠤᠣᠯᠯᠠᠬᠤ ᠲᠤᠬᠠᠶᠢᠯᠠᠭᠰᠠᠨ ᠠᠵᠢᠯ ᠤᠨ ᠬᠤᠪᠢᠶᠠᠷᠢ ᠰᠢᠰᠲ᠋ᠧᠮ︾ ᠲᠤ | ᠣᠷᠣᠭᠤᠯᠵᠤ᠂ ᠦᠨᠡᠨ ᠨᠡᠷ᠎ᠡ ᠶᠢᠨ ᠳᠦᠷᠢᠮ ᠤᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢᠨ ᠠᠵᠢᠯᠳᠠᠨ ᠤ ᠨᠡᠮᠡᠭᠳᠡᠵᠦ ᠬᠠᠰᠤᠭᠳᠠᠬᠤ ᠬᠤᠪᠢᠷᠠᠯᠲᠠ ᠪᠣᠯᠣᠨ ᠬᠥᠳᠡᠯᠮᠦᠷᠢ ᠶᠢᠨ ᠬᠥᠯᠥᠰᠦ ᠣᠯᠭᠤᠮᠵᠢ᠂ ᠠᠵᠢᠯ ᠤᠨ ᠪᠠᠶᠢᠷᠢ ᠶᠢᠨ ᠨᠥᠬᠦᠪᠦᠷᠢ᠂ | ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠣᠯᠭᠤᠬᠤ ᠵᠡᠷᠭᠡ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ︽ᠬᠡᠨ ᠬᠡᠷᠡᠭᠯᠡᠪᠡᠯ ᠲᠡᠷᠡ ᠬᠠᠷᠢᠭᠤᠴᠠᠬᠤ︾ | ᠬᠠᠮᠢᠶᠠᠷᠤᠯᠲᠠ ᠶᠢᠨ ᠵᠠᠷᠴᠢᠮ ᠢ ᠵᠢᠷᠤᠮᠯᠠᠨ᠎ᠠ᠃ ᠡᠯ᠎ᠡ ᠬᠥᠮᠥᠨ ᠬᠡᠷᠡᠭᠯᠡᠬᠦ ᠨᠢᠭᠡᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠵᠢᠯ ᠳᠤ ᠭᠠᠷᠬᠤ ᠶᠢ ᠲᠡᠮᠳᠡᠭᠯᠡᠬᠦ ᠳᠦᠷᠢᠮ ᠢ | ᠬᠡᠷᠡᠭᠵᠢᠭᠦᠯᠵᠦ᠂ ᠡᠳᠦᠷ ᠲᠤᠲᠤᠮ ᠤᠨ ᠬᠠᠮᠢᠶᠠᠷᠤᠯᠲᠠ ᠪᠠ ᠬᠢᠨᠠᠨ ᠰᠢᠯᠭᠠᠵᠤ ᠱᠠᠩᠨᠠᠵᠤ ᠲᠣᠷᠭᠠᠬᠤ ᠠᠷᠭ᠎ᠠ ᠶᠢ ᠲᠣᠭᠲᠠᠭᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ | ᠬᠠᠮᠢᠶ᠎ᠠ ᠪᠦᠬᠦᠢ ᠮᠡᠳᠡᠭᠡ ᠵᠠᠩᠭᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠠᠵᠢᠯ ᠤᠨ ᠪᠠᠶᠢᠷᠢ ᠳᠤ ᠭᠠᠷᠴᠤ | ᠠᠵᠢᠯᠯᠠᠭᠰᠠᠨ ᠪᠠᠶᠢᠳᠠᠯ ᠢ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠢ ᠳᠤᠨᠢ ᠦᠨᠡᠨ ᠮᠥᠨ ᠢᠶᠠᠷ ᠨᠢ ᠮᠡᠳᠡᠭᠦᠯᠦᠨ | ᠬᠦᠷᠭᠡᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠰᠤᠯᠠ ᠪᠠᠶᠢᠭ᠎ᠠ ᠠᠵᠢᠯ ᠤᠨ ᠪᠠᠶᠢᠷᠢ ᠲᠤᠲᠠᠭᠳᠠᠵᠤ ᠪᠠᠶᠢᠭ᠎ᠠ ᠠᠵᠢᠯ ᠤᠨ ᠪᠠᠶᠢᠷᠢ ᠶᠢᠨ ᠪᠠᠶᠢᠳᠠᠯ ᠢ ᠮᠡᠳᠡᠭᠦᠯᠬᠦ ᠳᠦᠷᠢᠮ ᠢ | ᠬᠡᠷᠡᠭᠵᠢᠭᠦᠯᠦᠨ᠎ᠡ᠃ ᠲᠤᠰᠢᠶᠠᠯ ᠠᠴᠠ ᠪᠠᠨ ᠪᠠᠭᠤᠬᠤ᠂ ᠠᠵᠢᠯ ᠠᠴᠠ ᠨᠢ ᠵᠣᠭᠰᠤᠭᠠᠬᠤ᠂ ᠬᠥᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠣᠯᠭᠠᠬᠤ ᠵᠡᠷᠭᠡ ᠬᠤᠪᠢᠷᠠᠯᠲᠠ | ᠭᠠᠷᠪᠠᠯ᠂ ᠬᠥᠮᠥᠨ ᠬᠡᠷᠡᠭᠯᠡᠬᠦ ᠨᠢᠭᠡᠴᠢ 5 ᠠᠵᠢᠯᠯᠠᠬᠤ ᠡᠳᠦᠷ ᠤᠨ ᠳᠣᠲᠣᠷ᠎ᠠ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠰᠤᠯᠠ ᠪᠠᠶᠢᠭ᠎ᠠ ᠠᠵᠢᠯ ᠤᠨ ᠪᠠᠶᠢᠷᠢ ᠲᠤᠲᠠᠭᠳᠠᠵᠤ ᠪᠠᠶᠢᠭ᠎ᠠ ᠠᠵᠢᠯ ᠤᠨ ᠪᠠᠶᠢᠷᠢ ᠶᠢᠨ ᠪᠠᠶᠢᠳᠠᠯ ᠤᠨ | ᠪᠤᠳᠠᠳᠤ ᠪᠠᠶᠢᠳᠠᠯ ᠢ ᠮᠡᠳᠡᠭᠦᠯᠬᠦ ᠬᠡᠷᠡᠭᠲᠡᠢ᠃ ᠰᠤᠯᠠ ᠪᠠᠶᠢᠭ᠎ᠠ ᠠᠵᠢᠯ ᠤᠨ ᠪᠠᠶᠢᠷᠢ ᠳᠤ ᠠᠵᠢᠯ ᠣᠯᠬᠤ ᠳᠤ ᠬᠦᠴᠢᠷᠲᠡᠢ ᠬᠥᠮᠥᠰ ᠢ ᠦᠷᠭᠦᠯᠵᠢᠯᠡᠨ ᠬᠡᠷᠡᠭᠯᠡᠬᠦ | ᠴᠢᠬᠤᠯᠠᠲᠠᠢ ᠪᠠᠶᠢᠪᠠᠯ᠂ ᠬᠥᠮᠥᠨ ᠬᠡᠷᠡᠭᠯᠡᠬᠦ ᠨᠢᠭᠡᠴᠢ ᠨᠢ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠰᠤᠯᠠ ᠪᠠᠶᠢᠭ᠎ᠠ ᠠᠵᠢᠯ ᠤᠨ | ᠪᠠᠶᠢᠷᠢ ᠶᠢᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 3︶ ᠶᠢ ᠲᠠᠭᠯᠠᠨ ᠪᠢᠴᠢᠬᠦ ᠶᠢᠨ ᠬᠠᠮᠲᠤ᠂ ᠲᠣᠰ ᠠᠷᠭ᠎ᠠ ᠶᠢᠨ ᠠᠷᠪᠠᠳᠤᠭᠠᠷ ᠵᠦᠢᠯ ᠳᠠᠬᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠨ ᠡᠯᠰᠡᠬᠦ ᠲᠠᠰ ᠳᠠᠷᠠᠭᠠᠯᠠᠯ ᠤᠨ ᠶᠣᠰᠣᠭᠠᠷ ᠰᠤᠯᠠ ᠪᠠᠶᠢᠭ᠎ᠠ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠳᠤ ᠨᠥᠬᠦᠨ ᠡᠯᠰᠡᠬᠦ ᠪᠤᠶᠤ ᠪᠤᠰᠤᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯ ᠤᠨ ᠪᠠᠶᠢᠷᠢ ᠳᠤ | ᠭᠠᠷᠬᠤ ᠨᠥᠬᠦᠴᠡᠯ ᠳᠤ ᠨᠡᠶᠢᠴᠡᠬᠦ ᠬᠥᠮᠥᠰ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠨ ᠨᠥᠬᠦᠪᠦᠷᠢᠯᠡᠬᠦ ᠬᠡᠷᠡᠭᠲᠡᠢ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠬᠡᠷᠡᠭᠰᠡᠬᠦ ᠦᠭᠡᠢ ᠪᠣᠯᠤᠭᠰᠠᠨ ᠪᠠᠶᠢᠪᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠢᠯᠡᠳᠬᠡᠪᠦᠷᠢ ᠶᠢ ᠬᠤᠷᠢᠶᠠᠨ ᠠᠪᠬᠤ ᠶᠢᠨ ᠬᠠᠮᠲᠤ ᠵᠠᠰᠠᠭ ᠤᠨ ᠣᠷᠳᠣᠨ ᠤ ᠨᠥᠬᠦᠪᠦᠷᠢ | ᠬᠤᠪᠢᠶᠠᠬᠤ ᠶᠢ ᠨᠢ ᠵᠤᠭᠰᠤᠭᠠᠨ᠎ᠠ᠃ | ᠠᠷᠪᠠᠨ ᠳᠥᠷᠪᠡᠳᠦᠭᠡᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤᠯᠤᠰ ᠤᠨ ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠳᠦᠷᠢᠮ ᠢ ᠬᠠᠤᠯᠢ ᠶᠣᠰᠣᠭᠠᠷ ᠡᠳ᠋ᠯᠡᠨ᠎ᠡ᠃ | ᠠᠷᠪᠠᠨ ᠲᠠᠪᠤᠳᠤᠭᠠᠷ ᠵᠦᠢᠯ ᠬᠥᠮᠥᠨ ᠬᠡᠷᠡᠭᠯᠡᠬᠦ ᠨᠢᠭᠡᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠢ ᠥᠪᠡᠰᠦᠪᠡᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠡᠪᠴᠢᠶ᠎ᠡ ᠠᠴᠠ ᠭᠠᠳᠠᠨᠠᠬᠢ ᠠᠵᠢᠯ ᠤᠨ ᠪᠠᠶᠢᠷᠢ ᠳᠤ ᠲᠣᠬᠢᠷᠠᠭᠤᠯᠤᠭᠰᠠᠨ ᠢ ᠪᠠᠶᠢᠴᠠᠭᠠᠨ | ᠲᠣᠳᠣᠯᠠᠮᠠᠭᠴᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢᠨ ᠢᠯᠡᠳᠬᠡᠪᠦᠷᠢ ᠶᠢ ᠬᠤᠷᠢᠶᠠᠨ ᠠᠪᠬᠤ ᠶᠢᠨ ᠬᠠᠮᠲᠤ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠨᠥᠬᠦᠪᠦᠷᠢ ᠭᠥᠷᠳᠡᠬᠦ ᠶᠢ ᠵᠣᠭᠰᠣᠭᠠᠨ᠎ᠠ᠃ | ᠬᠡᠷᠪᠡ ᠬᠥᠮᠥᠨ ᠬᠡᠷᠡᠭᠯᠡᠬᠦ ᠨᠢᠭᠡᠴᠢ ᠲᠤᠰ ᠬᠥᠮᠥᠨ ᠢ ᠦᠷᠭᠦᠯᠵᠢᠯᠡᠨ ᠬᠡᠷᠡᠭᠯᠡᠬᠦ ᠳᠤ ᠬᠦᠷᠪᠡᠯ᠂ ᠬᠤᠯᠪᠣᠭᠳᠠᠯ ᠪᠦᠬᠦᠢ ᠵᠠᠷᠤᠳᠠᠯ ᠢ ᠬᠥᠮᠥᠨ ᠬᠡᠷᠡᠭᠯᠡᠬᠦ ᠨᠢᠭᠡᠴᠢ | ᠥᠪᠡᠰᠦᠪᠡᠨ ᠡᠭᠦᠷᠭᠡᠯᠡᠨ᠎ᠡ᠃ | ᠠᠷᠪᠠᠨ ᠵᠢᠷᠭᠤᠳᠤᠭᠠᠷ ᠵᠦᠢᠯ ᠬᠥᠳᠡᠯᠦᠩᠭᠦᠢ ᠪᠠᠷ ᠬᠠᠮᠢᠶᠠᠷᠬᠤ᠂ ᠡᠮᠬᠢ ᠵᠢᠷᠤᠮ ᠲᠠᠢ ᠪᠠᠷ ᠰᠢᠯᠵᠢᠬᠦ᠂ ᠬᠢᠨᠠᠨ ᠰᠢᠯᠭᠠᠵᠤ ᠭᠠᠷᠭᠠᠬᠤ ᠲᠣᠭᠲᠠᠴᠠ ᠶᠢ | ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠬᠥᠳᠡᠯᠮᠦᠷᠢ ᠶᠢᠨ ᠭᠡᠷ᠎ᠡ ᠶᠢᠨ ᠬᠤᠭᠤᠴᠠᠭᠠᠨ ᠤ ᠳᠣᠲᠣᠷ᠎ᠠ ᠳᠣᠣᠷ᠎ᠠ | ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ ᠡᠷᠬᠡᠪᠰᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠠᠴᠠ ᠪᠠᠭᠤᠬᠤ ᠬᠡᠷᠡᠭᠲᠡᠢ᠄ | ︵ᠨᠢᠭᠡ︶ ᠰᠢᠯᠭᠠᠨ ᠡᠯᠰᠡᠬᠦ ᠰᠢᠯᠭᠠᠯᠲᠠ ᠪᠠᠷ ᠳᠠᠮᠵᠢᠭᠠᠳ ᠠᠯᠪᠠᠲᠠᠨ ᠪᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠡᠯᠰᠡᠭᠳᠡᠭᠰᠡᠨ︔ | ︵ᠬᠤᠶᠠᠷ︶ ᠵᠣᠬᠢᠬᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠ ᠠᠵᠢᠯ ᠤᠨ ᠲᠤᠷᠰᠢᠯᠭ᠎ᠠ ᠲᠠᠢ ᠪᠠᠶᠢᠵᠤ᠂ ᠬᠥᠮᠥᠨ ᠬᠡᠷᠡᠭᠯᠡᠬᠦ ᠨᠢᠭᠡᠴᠢ | ᠬᠥᠳᠡᠯᠮᠦᠷᠢ ᠶᠢᠨ ᠭᠡᠷ᠎ᠡ ᠶᠢᠨ ᠲᠦᠷᠢᠮ ᠤᠨ ᠠᠵᠢᠯᠲᠠᠨ ᠢᠶᠠᠷ ᠡᠯᠰᠡᠭᠳᠡᠭᠰᠡᠨ︔ | ︵ᠭᠤᠷᠪᠠ︶ ᠬᠠᠤᠯᠢ ᠶᠣᠰᠣᠨ ᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠠᠵᠢᠯ ᠣᠯᠣᠭᠰᠠᠨ ᠪᠥᠭᠡᠳ ᠲᠣᠭᠲᠠᠪᠤᠷᠢᠲᠠᠢ ᠣᠷᠣᠯᠭ᠎ᠠ ᠣᠯᠣᠭᠰᠠᠨ︔ | ︵ᠳᠥᠷᠪᠡ︶ ᠲᠤᠰ ᠬᠥᠮᠥᠨ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤ ᠪᠡᠶ᠎ᠡ ᠬᠡᠮ ᠢᠶᠠᠨ ᠰᠠᠶᠢᠨ | ᠳᠤᠷ᠎ᠠ ᠠᠴᠠ ᠪᠠᠨ ᠬᠠᠶᠠᠬᠤ ᠪᠠᠷ ᠠᠮᠠᠯᠳᠠᠭᠰᠠᠨ︔ | ︵ᠲᠠᠪᠤ︶ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠦᠨᠡᠨ ᠨᠡᠷ᠎ᠡ ᠪᠠᠷ ᠢᠶᠠᠨ ᠳᠠᠩᠰᠠᠯᠠᠭᠤᠯᠵᠤ | ᠡᠵᠡᠩᠨᠡᠯᠲᠡ ᠶᠢᠨ ᠠᠵᠢᠯᠯᠠᠭ᠎ᠠ ᠬᠢᠭᠰᠡᠨ᠂ ᠡᠰᠡᠬᠦᠯ᠎ᠡ ᠪᠠᠭ᠎ᠠ ᠲᠣᠭᠠᠨ ᠤ ᠳᠠᠭᠠᠭᠠᠯᠲᠠ ᠲᠠᠢ ᠵᠢᠭᠡᠯᠡᠯᠭᠡ ᠪᠠᠷ ᠳᠠᠮᠵᠢᠭᠤᠯᠤᠨ ᠡᠵᠡᠩᠨᠡᠯᠲᠡ ᠶᠢᠨ ᠠᠵᠢᠯᠯᠠᠭ᠎ᠠ ᠬᠢᠭᠰᠡᠨ︔ | ︵ᠵᠢᠷᠭᠤᠭ᠎ᠠ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠠᠵᠢᠯ ᠡᠷᠬᠢᠯᠡᠬᠦ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ | ᠭᠦᠷᠦᠭᠰᠡᠨ︔ | ︵ᠲᠤᠯᠤᠭ᠎ᠠ︶ ᠬᠥᠮᠥᠨ ᠬᠡᠷᠡᠭᠯᠡᠬᠦ ᠨᠢᠭᠡᠴᠢ ᠶᠢᠨ ᠬᠠᠮᠢᠶᠠᠷᠤᠯᠲᠠ ᠶᠢᠨ ᠳᠦᠷᠢᠮ ᠢ ᠬᠦᠨᠳᠦ ᠨᠣᠴᠢᠲᠠᠢ ᠵᠥᠷᠢᠴᠡᠭᠰᠡᠨ︔ | ︵ᠨᠠᠢᠮᠠ︶ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ︔ | ︵ᠶᠢᠰᠦ︶ ᠬᠡᠪ ᠤᠨ ᠠᠵᠢᠯ ᠢᠶᠠᠨ ᠪᠠᠷᠢᠮᠲᠠᠯᠠᠵᠤ ᠴᠢᠳᠠᠬᠤ ᠦᠭᠡᠢ ᠪᠣᠯᠤᠭᠰᠠᠨ︔ | ︵ᠠᠷᠪᠠ︶ ᠬᠠᠤᠯᠢ ᠳᠤ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠰᠡᠠ ᠪᠤᠶᠤ ᠦᠭᠦᠭᠰᠡᠨ︔ | ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠭᠥᠷᠳᠡᠬᠦ ᠨᠠᠰᠤᠨ ᠳᠤ | ᠬᠦᠷᠴᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠨᠢᠭᠡᠨᠲᠡ ᠭᠥᠷᠳᠡᠭᠰᠡᠨ︔ | ︵ᠠᠷᠪᠠᠨ ᠬᠤᠶᠠᠷ︶ ᠪᠠᠶᠢᠳᠠᠯ ᠳᠤ ᠬᠤᠪᠢᠷᠠᠯᠲᠠ ᠭᠠᠷᠤᠭᠰᠠᠨ ᠠᠴᠠ ᠪᠣᠯᠵᠤ᠂ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ | ᠨᠥᠬᠦᠴᠡᠯ ᠳᠤ ᠳᠠᠭᠢᠵᠤ ᠨᠡᠶᠢᠴᠡᠬᠦ ᠦᠭᠡᠢ ᠪᠣᠯᠤᠭᠰᠠᠨ᠃ | ︵ᠠᠷᠪᠠᠨ ᠭᠤᠷᠪᠠ︶ ᠲᠥᠷᠥ ᠶᠢᠨ ᠪᠣᠳᠣᠯᠭ᠎ᠠ ᠶᠢᠨ ᠴᠢᠨᠠᠷᠲᠠᠢ ᠰᠢᠯᠲᠠᠭᠠᠨ ᠠᠴᠠ ᠪᠣᠯᠵᠤ᠂ ᠵᠠᠰᠠᠭ ᠤᠨ ᠣᠷᠳᠣᠨ ᠠᠴᠠ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢ ᠳᠠᠭᠢᠵᠤ ᠲᠣᠬᠢᠷᠠᠭᠤᠯᠬᠤ ᠦᠭᠡᠢ᠂ ᠲᠣᠰ ᠵᠥᠪᠯᠡᠯᠴᠡᠭᠡᠷ ᠢ ᠠᠶᠠᠨᠳᠠᠭᠠᠨ ᠵᠣᠭᠰᠣᠭᠠᠨ᠎ᠠ᠃ | ᠠᠷᠪᠠᠨ ᠳᠣᠯᠣᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠠᠵᠢᠯ ᠠᠴᠠ ᠪᠠᠨ ᠪᠠᠭᠤᠭᠰᠠᠨ ᠤ ᠲᠠᠷᠠᠭ᠎ᠠ᠂ ᠬᠥᠮᠥᠨ | ᠬᠡᠷᠡᠭᠯᠡᠬᠦ ᠨᠢᠭᠡᠴᠢ ᠨᠢ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠢ ᠳᠤᠨᠢ ᠳᠠᠩᠰᠠᠯᠠᠭᠤᠯᠬᠤ ᠶᠢᠨ ᠬᠠᠮᠲᠤ ᠡᠯ᠎ᠡ | ᠵᠦᠢᠯ ᠤᠨ ᠨᠥᠬᠦᠪᠦᠷᠢ ᠬᠤᠪᠢᠶᠠᠬᠤ ᠪᠠᠨ ᠵᠣᠭᠰᠤᠭᠠᠬᠤ ᠬᠡᠷᠡᠭᠲᠡᠢ᠃ | | ᠲᠠᠪᠤᠳᠤᠭᠠᠷ ᠪᠦᠯᠦᠭ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠪᠠ ᠭᠦᠴᠦᠨ ᠦᠭᠡᠢ ᠪᠤᠯᠭᠠᠬᠤ | | ᠠᠷᠪᠠᠨ ᠨᠠᠢᠮᠠᠳᠤᠭᠠᠷ ᠵᠦᠢᠯ ᠬᠥᠮᠥᠨ ᠬᠡᠷᠡᠭᠯᠡᠬᠦ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ | ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠲᠠᠢ ᠪᠢᠴᠢᠭ ᠢᠶᠠᠷ ᠬᠥᠳᠡᠯᠮᠦᠷᠢ ᠶᠢᠨ ᠭᠡᠷ᠎ᠡ ᠲᠣᠭᠲᠠᠭᠠᠵᠤ᠂ ᠬᠥᠮᠥᠨ ᠬᠡᠷᠡᠭᠯᠡᠬᠦ ᠨᠢᠭᠡᠴᠢ᠂ ᠤᠯᠠᠨ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠲᠤᠰ ᠲᠤᠰ ᠨᠢᠭᠡ ᠬᠤᠪᠢ ᠶᠢ ᠠᠪᠬᠤ ᠬᠡᠷᠡᠭᠲᠡᠢ᠃ | ᠬᠥᠳᠡᠯᠮᠦᠷᠢ ᠶᠢᠨ ᠭᠡᠷ᠎ᠡ ᠶᠢ ᠵᠢᠯ ᠳᠤ ᠨᠢᠭᠡ ᠤᠳᠠᠭ᠎ᠠ ᠲᠣᠭᠲᠠᠭᠠᠬᠤ ᠶᠢ ᠬᠡᠷᠡᠭᠵᠢᠭᠦᠯᠦᠨ᠎ᠡ᠃ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠭᠦᠷᠦᠭᠰᠡᠨ ᠤ | ᠲᠠᠷᠠᠭ᠎ᠠ᠂ ᠬᠥᠮᠥᠨ ᠬᠡᠷᠡᠭᠯᠡᠬᠦ ᠨᠢᠭᠡᠴᠢ ᠠᠴᠠ ᠵᠢᠯ ᠤᠨ ᠬᠢᠨᠠᠨ ᠰᠢᠯᠭᠠᠯᠲᠠ ᠬᠢᠵᠦ᠂ ᠬᠢᠨᠠᠨ ᠰᠢᠯᠭᠠᠭᠠᠳ ᠬᠢᠷᠢ ᠲᠡᠩᠴᠡᠭᠰᠡᠳ ᠲᠠᠷᠠᠭ᠎ᠠ ᠵᠢᠯ ᠤᠨ ᠬᠥᠳᠡᠯᠮᠦᠷᠢ ᠶᠢᠨ | ᠭᠡᠷ᠎ᠡ ᠶᠢ ᠦᠷᠭᠦᠯᠵᠢᠯᠡᠨ ᠲᠣᠭᠲᠠᠭᠠᠵᠤ ᠪᠣᠯᠣᠨ᠎ᠠ︔ ᠵᠢᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠬᠥᠮᠥᠰ ᠤᠨ ᠬᠥᠳᠡᠯᠮᠦᠷᠢ ᠶᠢᠨ ᠬᠠᠷᠢᠴᠠᠭ᠎ᠠ ᠶᠢ | ᠵᠤᠭᠰᠣᠭᠠᠵᠤ ᠪᠣᠯᠣᠨ᠎ᠠ᠃ | ᠠᠷᠪᠠ ᠶᠢᠰᠦᠳᠦᠭᠡᠷ ᠵᠦᠢᠯ ᠬᠥᠳᠡᠯᠮᠦᠷᠢ ᠶᠢᠨ ᠭᠡᠷ᠎ᠡ ᠶᠢ ᠦᠷᠭᠦᠯᠵᠢᠯᠡᠨ ᠲᠣᠭᠲᠠᠭᠠᠬᠤ ᠴᠠᠭ ᠢ ᠵᠠᠷᠴᠢᠮ ᠳᠡᠭᠡᠷ᠎ᠡ ᠪᠠᠨ ᠭᠤᠷᠪᠠᠨ ᠵᠢᠯ ᠠᠴᠠ ᠬᠡᠲᠦᠷᠡᠭᠦᠯᠵᠦ | ᠪᠣᠯᠬᠤ ᠦᠭᠡᠢ᠃ ᠭᠡᠪᠡᠴᠦ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠨᠠᠰᠤ ᠨᠢ 5 ᠵᠢᠯ ︵5 ᠵᠢᠯ ᠪᠠᠭᠲᠠᠨ᠎ᠠ︶ ᠬᠦᠷᠬᠦ ᠦᠭᠡᠢ | ᠪᠠᠶᠢᠪᠠᠯ᠂ ᠬᠥᠳᠡᠯᠮᠦᠷᠢ ᠶᠢᠨ ᠭᠡᠷ᠎ᠡ ᠶᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠨᠠᠰᠤ ᠬᠦᠷᠲᠡᠯ᠎ᠡ ᠤᠷᠲᠤᠳᠬᠠᠵᠤ ᠪᠣᠯᠣᠨ᠎ᠠ᠃ | ᠬᠤᠷᠢᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠥᠮᠥᠨ ᠬᠡᠷᠡᠭᠯᠡᠬᠦ ᠨᠢᠭᠡᠴᠢ ᠬᠥᠳᠡᠯᠮᠦᠷᠢ ᠶᠢᠨ ᠭᠡᠷ᠎ᠡ ᠶᠢ | ᠵᠤᠭᠰᠣᠭᠠᠵᠤ ᠪᠣᠯᠬᠤ ᠪᠥᠭᠡᠳ ᠲᠤᠬᠠᠢ ᠶᠢᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠴᠠᠭ | ᠲᠤᠬᠠᠢ ᠳᠤᠨᠢ ᠮᠡᠳᠡᠭᠦᠯᠵᠦ᠂ ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠥᠭᠬᠦ ᠶᠢ ᠵᠣᠭᠰᠣᠭᠠᠵᠤ ᠪᠣᠯᠣᠨ᠎ᠠ᠄ ᠪᠤᠰᠤᠳ | ᠠᠷᠭ᠎ᠠ ᠵᠠᠮ ᠢᠶᠠᠷ ᠳᠠᠮᠵᠢᠭᠤᠯᠤᠨ ᠨᠢᠭᠡᠨᠲᠡ ᠠᠵᠢᠯ ᠣᠯᠣᠭᠰᠠᠨ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ ᠣᠯᠬᠤ | ᠬᠤᠭᠤᠴᠠᠭ᠎ᠠ ᠨᠢ ᠭᠦᠷᠦᠭᠰᠡᠨ︔ ᠬᠠᠤᠯᠢ ᠳᠤ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠰᠡᠨ ᠪᠤᠶᠤ ᠦᠬᠦᠭᠰᠡᠨ︔ᠬᠡᠪ ᠤᠨ ᠶᠣᠰᠣᠭᠠᠷ ᠠᠵᠢᠯᠯᠠᠵᠤ | ᠴᠢᠳᠠᠬᠤ ᠦᠭᠡᠢ ᠪᠠᠶᠢᠬᠤ︔ ᠬᠥᠮᠥᠨ ᠬᠡᠷᠡᠭᠯᠡᠬᠦ ᠨᠢᠭᠡᠴᠢ ᠶᠢᠨ ᠬᠠᠮᠢᠶᠠᠷᠤᠯᠲᠠ ᠶᠢᠨ ᠳᠦᠷᠢᠮ ᠢ ᠬᠦᠨᠳᠦ ᠨᠣᠴᠢᠲᠠᠢ ᠵᠥᠷᠢᠴᠡᠭᠰᠡᠨ︔ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠭᠳᠡᠭᠰᠡᠨ︔ ᠦᠷᠭᠦᠯᠵᠢᠯᠡᠨ ᠠᠵᠢᠯᠯᠠᠬᠤ ᠳᠤ ᠲᠣᠬᠢᠷᠠᠮᠵᠢ ᠦᠭᠡᠢ ᠬᠠᠤᠯᠢ ᠪᠠᠷ ᠲᠣᠭᠲᠠᠭᠠᠭᠰᠠᠨ ᠪᠤᠰᠤᠳ ᠪᠠᠶᠢᠳᠠᠯ ᠤᠳ᠃ | ᠬᠤᠷᠢᠨ ᠨᠢᠭᠡᠳᠦᠭᠡᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠠᠴᠠ ᠬᠥᠳᠡᠯᠦᠩᠭᠦᠢ ᠪᠠᠷ ᠭᠠᠷᠬᠤ ᠲᠣᠭᠲᠠᠴᠠ ᠶᠢ | ᠪᠠᠶᠢᠭᠤᠯᠤᠨ᠎ᠠ᠃ ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢᠨ ᠭᠤᠴᠢᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠠᠵᠢᠯ ᠣᠯᠬᠤ ᠳᠤ | ᠬᠦᠴᠢᠷᠲᠡᠢ ᠬᠥᠮᠥᠰ ᠪᠠ ᠬᠥᠮᠥᠨ ᠬᠡᠷᠡᠭᠯᠡᠬᠦ ᠨᠢᠭᠡᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠥᠳᠡᠯᠮᠦᠷᠢ ᠶᠢᠨ ᠭᠡᠷ᠎ᠡ ᠶᠢ ᠬᠦᠴᠤᠨ ᠦᠭᠡᠢ | ᠪᠤᠯᠭᠠᠬᠤ ᠪᠤᠶᠤ ᠵᠤᠭᠰᠣᠭᠠᠵᠤ ᠪᠣᠯᠣᠨ᠎ᠠ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠭᠡᠷ᠎ᠡ ᠶᠢᠨ ᠬᠤᠭᠤᠴᠠᠭᠠᠨ ᠳᠤ ᠬᠥᠮᠥᠨ ᠬᠡᠷᠡᠭᠯᠡᠬᠦ ᠨᠢᠭᠡᠴᠢ ᠲᠠᠢ | ᠬᠥᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠳᠤ 30 ᠡᠳᠦᠷ ᠤᠨ ᠡᠮᠦᠨ᠎ᠡ ᠬᠥᠮᠥᠨ ᠬᠡᠷᠡᠭᠯᠡᠬᠦ ᠨᠢᠭᠡᠴᠢ ᠳᠤ ᠪᠢᠴᠢᠭ ᠤᠨ ᠬᠡᠯᠪᠡᠷᠢ ᠪᠠᠷ ᠮᠡᠳᠡᠭᠳᠡᠬᠦ ᠬᠡᠷᠡᠭᠲᠡᠢ | ︔ ᠬᠥᠮᠥᠨ ᠬᠡᠷᠡᠭᠯᠡᠬᠦ ᠨᠢᠭᠡᠴᠢ ᠭᠡᠷ᠎ᠡ ᠶᠢᠨ ᠳᠣᠲᠣᠷᠠᠬᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠲᠠᠢ ᠬᠥᠳᠡᠯᠮᠦᠷᠢ ᠶᠢᠨ | ᠭᠡᠷ᠎ᠡ ᠶᠢ ᠬᠦᠴᠦᠨ ᠦᠭᠡᠢ ᠪᠤᠯᠭᠠᠬᠤ ᠳᠤ 30 ᠡᠳᠦᠷ ᠤᠨ ᠡᠮᠦᠨ᠎ᠡ ᠪᠢᠴᠢᠭ ᠤᠨ ᠬᠡᠯᠪᠡᠷᠢ ᠪᠠᠷ ᠲᠤᠰ ᠬᠥᠮᠥᠨ ᠳᠤᠨᠢ ᠮᠡᠳᠡᠭᠳᠡᠬᠦ ᠬᠡᠷᠡᠭᠲᠡᠢ᠃ | ᠬᠥᠮᠥᠨ ᠬᠡᠷᠡᠭᠯᠡᠬᠦ ᠨᠢᠭᠡᠴᠡ ᠨᠢ ᠠᠵᠢᠯᠳᠠᠨ ᠤ ᠬᠥᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠣᠯᠭᠠᠭᠰᠠᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ᠂ | ᠬᠥᠮᠥᠰ ᠤᠨ ᠨᠡᠷᠡᠰ ᠢ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠵᠤ᠂ ᠣᠯᠠᠨ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠢ ᠬᠥᠮᠥᠨ ᠬᠡᠷᠡᠭᠯᠡᠬᠦ ᠨᠢᠭᠡᠴᠢ ᠶᠢᠨ ᠰᠠᠨᠠᠯ ᠪᠣᠯᠣᠨ ᠠᠵᠢᠯ ᠤᠨ ᠪᠠᠶᠢᠷᠢ ᠶᠢᠨ ᠰᠣᠯᠠ ᠪᠠᠶᠢᠭ᠎ᠠ ᠪᠠᠶᠢᠳᠠᠯ ᠢ ᠦᠨᠳᠦᠰᠦᠯᠡᠨ | ᠂ ᠠᠵᠢᠯ ᠣᠯᠬᠤ ᠳᠤ ᠬᠦᠴᠢᠷᠲᠡᠢ ᠪᠤᠰᠤᠳ ᠬᠥᠮᠥᠰ ᠢ ᠲᠠᠨᠢᠯᠴᠠᠭᠤᠯᠬᠤ ᠪᠠᠷ ᠳᠠᠮᠵᠢᠭᠤᠯᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠪᠠᠨ ᠨᠥᠬᠦᠪᠦᠷᠢᠯᠡᠬᠦ ᠪᠤᠶᠤ | ᠳᠠᠭᠢᠵᠤ ᠨᠡᠶᠢᠲᠡᠯᠡᠬᠦ ᠪᠠᠷ ᠳᠠᠮᠵᠢᠭᠤᠯᠤᠨ ᠢᠯᠡ ᠪᠠᠷ ᠡᠯᠰᠡᠨ ᠬᠡᠷᠡᠭᠯᠡᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠠᠵᠢᠯ ᠣᠯᠬᠤ ᠳᠤ ᠬᠦᠴᠢᠷᠲᠡᠢ ᠬᠥᠮᠥᠰ ᠢ ᠲᠥᠪᠬᠢᠨᠡᠭᠦᠯᠬᠦ ᠳᠤ ᠬᠠᠩᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠥᠭᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ | ᠬᠥᠳᠡᠯᠮᠦᠷᠢ ᠶᠢᠨ ᠭᠡᠷ᠎ᠡ ᠳᠤ ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢᠨ ᠲᠣᠭᠲᠠᠮᠠᠯ ᠬᠤᠭᠤᠴᠠᠭ᠎ᠠ ᠦᠭᠡᠢ ᠬᠥᠳᠡᠯᠮᠦᠷᠢ ᠶᠢᠨ ᠭᠡᠷ᠎ᠡ ᠶᠢᠨ ᠬᠤᠯᠪᠣᠭᠳᠠᠯ ᠪᠦᠬᠦᠢ | ᠲᠣᠭᠲᠠᠭᠠᠯ ᠵᠢᠴᠢ ᠠᠵᠤ ᠠᠬᠤᠢ ᠶᠢᠨ ᠨᠥᠬᠦᠪᠦᠷᠢ ᠥᠭᠬᠦ ᠲᠣᠭᠲᠠᠭᠠᠯ ᠢ ᠬᠡᠷᠡᠭᠯᠡᠬᠦ ᠦᠭᠡᠢ᠃ | | ᠵᠢᠷᠭᠤᠳᠤᠭᠠᠷ ᠪᠦᠯᠦᠭ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠵᠠᠰᠠᠭ ᠤᠨ ᠣᠷᠳᠣᠨ ᠤ ᠨᠥᠬᠦᠪᠦᠷᠢ ᠶᠢᠨ ᠪᠠᠷᠢᠮᠵᠢᠶ᠎ᠠ᠂ | ᠭᠤᠶᠤᠴᠢᠯᠠᠬᠤ ᠪᠠ ᠰᠠᠯᠭᠠᠨ ᠥᠭᠬᠦ | | ᠬᠤᠷᠢᠨ ᠭᠤᠷᠪᠠᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠵᠠᠰᠠᠭ ᠤᠨ ᠣᠷᠳᠣᠨ ᠤ ᠨᠥᠬᠦᠪᠦᠷᠢ ᠨᠢ ᠠᠵᠢᠯ ᠤᠨ | ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠬᠤᠶᠠᠷ ᠬᠡᠰᠡᠭ ᠢᠶᠠᠷ ᠪᠦᠷᠢᠯᠳᠦᠵᠦ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠳᠤ | ᠬᠥᠮᠥᠨ ᠬᠡᠷᠡᠭᠯᠡᠬᠦ ᠨᠢᠭᠡᠴᠢ ᠶᠢᠨ ᠲᠤᠰᠢᠶᠠᠭᠰᠠᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠵᠠᠷᠤᠳᠠᠯ᠂ ᠡᠮ ᠡᠮᠨᠡᠯᠭᠡ ᠶᠢᠨ ᠦᠨᠳᠦᠰᠦᠨ | ᠳᠠᠭᠠᠳᠬᠠᠯ ᠤᠨ ᠵᠠᠷᠤᠳᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠪᠠᠭᠲᠠᠨ᠎ᠠ᠃ | ᠬᠥᠮᠥᠨ ᠬᠡᠷᠡᠭᠯᠡᠬᠦ ᠨᠢᠭᠡᠴᠢ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠲᠠᠢ ᠬᠥᠳᠡᠯᠮᠦᠷᠢ ᠶᠢᠨ ᠭᠡᠷ᠎ᠡ | ᠲᠣᠭᠲᠠᠭᠠᠭᠰᠠᠨ ᠤ ᠲᠠᠷᠠᠭ᠎ᠠ ᠬᠥᠳᠡᠯᠮᠦᠷᠢ ᠶᠢᠨ ᠭᠡᠷ᠎ᠡ ᠳᠤ ᠪᠣᠯᠵᠣᠨ ᠲᠣᠭᠲᠠᠭᠰᠠᠨ ᠤᠴᠢᠷ ᠶᠠᠪᠤᠳᠠᠯ ᠢ ᠦᠨᠳᠦᠰᠦᠯᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠥᠮᠥᠰ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢᠨ ᠬᠠᠮᠲᠤ | ᠨᠡᠶᠢᠭᠡᠮ ᠤᠨ ᠳᠠᠭᠠᠳᠬᠠᠯ ᠢ ᠬᠠᠤᠯᠢ ᠶᠣᠰᠣᠭᠠᠷ ᠲᠤᠰᠢᠶᠠᠬᠤ ᠬᠡᠷᠡᠭᠲᠡᠢ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠲᠣᠭᠲᠠᠭᠠᠯ | ᠶᠣᠰᠣᠭᠠᠷ ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠬᠦᠷᠳᠡᠵᠦ᠂ ᠬᠥᠮᠥᠨ ᠬᠡᠷᠡᠭᠯᠡᠬᠦ ᠨᠢᠭᠡᠴᠢ ᠠᠴᠠ ᠣᠷᠣᠯᠠᠨ | ᠮᠡᠳᠡᠭᠦᠯᠦᠨ᠎ᠡ᠃ | ᠬᠤᠷᠢᠨ ᠳᠥᠷᠪᠡᠳᠦᠭᠡᠷ ᠵᠦᠢᠯ ᠠᠵᠢᠯ ᠤᠨ ᠪᠠᠶᠢᠷᠢ ᠶᠢᠨ ᠨᠥᠬᠦᠪᠦᠷᠢ ᠶᠢᠨ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠲᠣᠰ ᠵᠢᠯ ᠤᠨ ᠨᠠᠭᠠᠲᠤ ᠵᠠᠬ᠎ᠠ ᠶᠢᠨ | ᠴᠠᠯᠢᠩ ᠤᠨ ᠪᠠᠷᠢᠮᠵᠢᠶ᠎ᠠ ᠠᠴᠠ ᠦᠨᠳᠦᠷ ᠪᠠᠶᠢᠵᠣ ᠪᠤᠯᠬᠤ ᠦᠭᠡᠢ᠃ ᠲᠤᠬᠠᠢ ᠶᠢᠨ ᠭᠠᠵᠠᠷ ᠤᠨ ᠲᠣᠰ ᠵᠢᠯ ᠤᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ | ᠲᠣᠬᠢᠷᠠᠭᠤᠯᠤᠯᠲᠠ ᠬᠢᠬᠦ ᠳᠡᠭᠡᠨ᠂ ᠠᠵᠢᠯ ᠤᠨ ᠪᠠᠶᠢᠷᠢ ᠶᠢᠨ ᠨᠥᠬᠦᠪᠦᠷᠢ ᠶᠢᠨ ᠪᠠᠷᠢᠮᠵᠢᠶ᠎ᠠ ᠳᠤ ᠴᠠᠭ ᠳᠣᠬᠠᠢ ᠳᠤᠨᠢ ᠲᠤᠬᠢᠷᠠᠭᠤᠯᠤᠯᠳᠠ ᠬᠢᠬᠦ ᠬᠡᠷᠡᠭᠳᠡᠢ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠵᠠᠰᠠᠭ ᠤᠨ ᠣᠷᠳᠣᠨ ᠤ ᠨᠥᠬᠦᠪᠦᠷᠢ ᠶᠢ ᠰᠠᠷ᠎ᠠ ᠪᠠᠷ ᠲᠤᠭ᠎ᠠ ᠶᠣᠰᠣᠭᠠᠷ | ᠬᠤᠪᠢᠶᠠᠬᠤ ᠬᠡᠷᠡᠭᠳᠡᠢ᠃ | ᠬᠤᠷᠢᠨ ᠲᠠᠪᠤᠳᠤᠭᠠᠷ ᠵᠦᠢᠯ ᠬᠥᠮᠥᠨ ᠬᠡᠷᠡᠭᠯᠡᠬᠦ ᠨᠢᠭᠡᠴᠢ ᠲᠣᠭᠲᠠᠭᠠᠯ ᠶᠣᠰᠣᠭᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ | ᠠᠵᠢᠯᠳᠠᠨ ᠳᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠪᠠ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠭᠦᠢᠴᠡᠳᠬᠡᠵᠦ ᠥᠭᠭᠦᠨ᠎ᠡ᠃ | ᠲᠣᠭᠲᠠᠭᠠᠯ ᠶᠣᠰᠣᠭᠠᠷ ᠬᠤᠪᠢ ᠬᠥᠮᠥᠨ ᠤ ᠲᠤᠰᠢᠶᠠᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠠᠵᠢᠯ | ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠥᠪᠡᠷ ᠢᠶᠠᠨ ᠡᠭᠦᠷᠭᠡᠯᠡᠨ᠎ᠡ᠃ ᠬᠤᠪᠢ | ᠬᠥᠮᠥᠨ ᠤ ᠲᠤᠰᠢᠶᠠᠬᠤ ᠶᠣᠰᠣᠲᠠᠢ ᠬᠡᠰᠡᠭ ᠢ ᠬᠥᠮᠥᠨ ᠬᠡᠷᠡᠭᠯᠡᠬᠦ ᠨᠢᠭᠡᠴᠢ ᠠᠴᠠ ᠣᠷᠣᠯᠠᠨ ᠰᠠᠭᠤᠯᠭᠠᠨ ᠠᠪᠴᠤ ᠣᠷᠣᠯᠠᠨ ᠲᠤᠰᠢᠶᠠᠨ᠎ᠠ᠃ | ᠬᠤᠷᠢᠨ ᠵᠢᠷᠭᠤᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠳᠤ ᠠᠵᠢᠯ ᠠᠴᠠ ᠪᠣᠯᠤᠭᠰᠠᠨ ᠭᠡᠮᠲᠦᠯ ᠤᠨ | ᠡ᠊ᠨᠳᠡᠯ ᠭᠠᠷᠤᠭᠰᠠᠨ ᠤ ᠲᠠᠷᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ | ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠠᠷᠠᠭᠠᠯᠵᠠᠯ ᠢ ᠬᠦᠷᠳᠡᠨ᠎ᠠ︔ ᠠᠵᠢᠯ ᠠᠯᠳᠠᠭᠰᠠᠨ ᠤ ᠲᠠᠷᠠᠭ᠎ᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠲᠣᠭᠲᠠᠭᠠᠯ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠤᠨ ᠬᠠᠷᠠᠭᠠᠯᠵᠠᠯ ᠢ | ᠬᠦᠷᠳᠡᠨ᠎ᠠ᠃ ᠡᠪᠡᠳᠴᠢᠨ ᠢᠶᠠᠷ ᠪᠤᠶᠤ ᠠᠵᠢᠯ ᠤᠨ ᠪᠤᠰᠤ ᠰᠢᠯᠲᠠᠭᠠᠨ ᠢᠶᠠᠷ ᠦᠬᠦᠭᠰᠡᠨ ᠪᠥᠭᠡᠳ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠰᠠᠭᠤᠷᠢ ᠮᠥᠩᠭᠦ ᠠᠴᠠ ᠣᠷᠣᠰᠢᠭᠤᠯᠭ᠎ᠠ ᠶᠢᠨ ᠨᠥᠬᠦᠪᠦᠷᠢ ᠪᠠ ᠨᠢᠭᠡ ᠤᠳᠠᠭ᠎ᠠ ᠶᠢᠨ ᠴᠢᠨᠠᠷᠲᠠᠢ ᠠᠰᠠᠷᠠᠮᠵᠢ ᠶᠢᠨ ᠵᠠᠷᠤᠳᠠᠯ ᠥᠭᠭᠦᠨ᠎ᠡ᠃ | ᠬᠤᠷᠢᠨ ᠳᠣᠯᠣᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠳᠠᠭᠠᠳᠬᠠᠯ ᠤᠨ | ᠨᠥᠬᠦᠪᠦᠷᠢ ᠶᠢᠨ ᠬᠤᠭᠤᠴᠠᠭ᠎ᠠ ᠶᠢ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤ ᠬᠦᠷᠲᠡᠯ᠎ᠡ 5 ᠵᠢᠯ ᠬᠦᠷᠬᠦ ᠦᠭᠡᠢ ᠬᠥᠮᠥᠰ ᠢ ᠠᠵᠢᠯ ᠠᠴᠠ | ᠪᠠᠭᠤᠵᠤ ᠠᠮᠠᠷᠠᠬᠤ ᠪᠣᠯᠲᠠᠯ᠎ᠠ ᠤᠷᠲᠤᠳᠬᠠᠵᠤ ᠪᠣᠯᠬᠤ ᠠᠴᠠ ᠭᠠᠳᠠᠨ᠎ᠠ᠂ ᠪᠤᠰᠤᠳ ᠬᠥᠮᠥᠰ ᠤᠨ ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ | ᠳᠠᠭᠠᠳᠬᠠᠯ ᠤᠨ ᠨᠥᠬᠦᠪᠦᠷᠢ ᠶᠢᠨ ᠬᠤᠭᠤᠴᠠᠭ᠎ᠠ ᠶᠢ ᠬᠠᠮᠤᠭ ᠤᠨ ᠤᠷᠳᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ︔ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠵᠠᠰᠠᠭ ᠤᠨ ᠣᠷᠳᠣᠨ ᠤ ᠨᠥᠬᠦᠪᠦᠷᠢ ᠳᠤ ᠤᠷᠢᠳᠠᠪᠠᠷ ᠲᠤᠰᠢᠶᠠᠵᠤ ᠳᠠᠷᠠᠭ᠎ᠠ ᠨᠢ ᠨᠥᠬᠦᠪᠦᠷᠢᠯᠡᠬᠦ ᠶᠢ ᠬᠡᠷᠡᠭᠵᠢᠭᠦᠯᠵᠦ᠂ | ᠬᠥᠮᠥᠨ ᠬᠡᠷᠡᠭᠯᠡᠬᠦ ᠨᠢᠭᠡᠴᠢ ᠠᠴᠠ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠤᠨ ᠶᠣᠰᠣᠭᠠᠷ ᠰᠠᠷ᠎ᠠ ᠪᠦᠷᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠨᠢᠭᠡᠳᠦᠯᠲᠡᠢ | ᠭᠤᠶᠤᠴᠢᠯᠠᠵᠤ ᠬᠠᠷᠭᠤᠭᠤᠯᠤᠨ ᠣᠯᠭᠤᠨ᠎ᠠ᠃ | ᠡᠭᠦᠨ ᠤ ᠬᠠᠮᠲᠤ᠂ ᠠᠵᠢᠯ ᠣᠯᠬᠤ ᠳᠤ ᠬᠦᠴᠢᠷᠲᠡᠢ ᠬᠥᠮᠥᠰ ᠤᠨ ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢ ᠡᠳ᠋ ᠤᠨ ᠵᠠᠰᠠᠭ ᠤᠨ | ᠶᠠᠮᠤᠨ ᠂ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ︽ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠡᠳ᠋ ᠤᠨ ᠵᠠᠰᠠᠭ ᠬᠦᠮᠦᠨ ᠨᠡᠶᠢᠬᠡᠮ ﹇2017﹈ 164 ᠳ᠋ᠦ᠋ᠭᠡᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠬᠤᠶᠠᠳᠤᠭᠠᠷ ᠪᠦᠯᠦᠭ ᠤᠨ ᠳᠥᠷᠪᠡᠳᠦᠭᠡᠷ ᠵᠦᠢᠯ ︽ᠠᠵᠢᠯ ᠣᠯᠬᠤ ᠳᠤ ᠬᠦᠴᠢᠷᠲᠡᠢ ᠬᠥᠮᠥᠰ ᠤᠨ ᠠᠳᠠᠯᠢ ᠨᠢᠭᠡᠨ ᠲᠥᠷᠥᠯ ᠵᠦᠢᠯ ᠤᠨ | ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢᠨ ᠨᠥᠬᠦᠪᠦᠷᠢ ᠬᠢᠭᠡᠳ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠲᠠᠢ ᠳᠠᠪᠬᠤᠷᠳᠠᠵᠤ | ᠪᠠᠶᠢᠪᠠᠯ᠂ ᠬᠤᠪᠢ ᠬᠥᠮᠥᠨ ᠪᠠ ᠨᠢᠭᠡᠴᠢ ᠳᠠᠪᠬᠤᠷ ᠡᠳ᠋ᠯᠡᠵᠦ ᠪᠣᠯᠬᠤ ᠦᠭᠡᠢ︾ ᠱᠠᠭᠠᠷᠳᠠᠯᠭ᠎ᠠ ᠶᠢ ᠬᠡᠷᠡᠭᠵᠢᠬᠦᠯᠬᠦ ᠬᠡᠷᠡᠭᠳᠡᠢ᠃ | ᠬᠤᠷᠢᠨ ᠨᠠᠢᠮᠠᠳᠤᠭᠠᠷ ᠵᠦᠢᠯ ᠬᠥᠮᠥᠨ ᠬᠡᠷᠡᠭᠯᠡᠬᠦ ᠨᠢᠭᠡᠴᠢ ᠵᠠᠰᠠᠭ ᠤᠨ ᠣᠷᠳᠣᠨ ᠤ ᠨᠥᠬᠦᠪᠦᠷᠢ ᠶᠢ ᠭᠤᠶᠤᠴᠢᠯᠠᠬᠤ ᠳᠠᠭᠠᠨ ᠳᠣᠣᠷᠠᠬᠢ ᠮᠠᠲ᠋ᠧᠷᠢᠶᠠᠯ ᠤᠳ ᠢ | ᠲᠤᠰᠢᠶᠠᠬᠤ ᠬᠡᠷᠡᠭᠲᠡᠢ᠄ | ︵ᠨᠢᠭᠡ︶ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠪᠠ ᠠᠵᠢᠯ ᠤᠨ ᠪᠠᠶᠢᠷᠢ ᠶᠢᠨ | ᠨᠥᠬᠦᠪᠦᠷᠢ ᠶᠢᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 4︶︔ | ︵ᠬᠤᠶᠠᠷ︶ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠪᠠ ᠠᠵᠢᠯ ᠤᠨ ᠪᠠᠶᠢᠷᠢ ᠶᠢᠨ | ᠨᠥᠬᠦᠪᠦᠷᠢ ᠶᠢᠨ ᠨᠡᠷᠡᠰ ᠤᠨ ᠪᠦᠷᠢᠳᠬᠡᠯ︾ ︵ᠳᠠᠭᠠᠯᠳᠤᠭᠤᠯᠤᠯ 5︶︔ | ︵ᠭᠤᠷᠪᠠ︶ ᠨᠥᠬᠦᠪᠦᠷᠢ ᠥᠭᠬᠦ ᠡᠲᠡᠭᠡᠳ ᠤᠨ ᠲᠤᠰ ᠬᠥᠮᠥᠨ ᠤ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠵᠢᠴᠢ ︽ᠠᠵᠢᠯ ᠣᠯᠭᠤᠯᠲᠠ | ᠠᠵᠢᠯ ᠠᠯᠳᠠᠯᠲᠠ ᠶᠢᠨ ᠳᠠᠩᠰᠠᠯᠠᠯᠲᠠ ᠶᠢᠨ ᠦᠨᠡᠮᠯᠡᠯ︾ ᠤᠨ ᠬᠠᠭᠤᠯᠪᠤᠷᠢ︔ | ︵ᠳᠥᠷᠪᠡ︶ ᠬᠥᠳᠡᠯᠮᠦᠷᠢ ᠶᠢᠨ ᠭᠡᠷ᠎ᠡ ᠶᠢᠨ ᠪᠢᠴᠢᠭ ᠵᠢᠴᠢ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠠᠵᠢᠯ ᠤᠨ ᠪᠠᠶᠢᠷᠢ ᠶᠢᠨ ᠨᠥᠬᠦᠪᠦᠷᠢ ᠣᠯᠭᠤᠬᠤ | ᠬᠦᠰᠦᠨᠦᠭᠲᠦ︔ | ︵ᠲᠠᠪᠤ︶ ᠨᠡᠶᠢᠭᠡᠮ ᠤᠨ ᠳᠠᠭᠠᠳᠬᠠᠯ ᠭᠦᠢᠴᠡᠳᠬᠡᠭᠰᠡᠨ ᠮᠡᠳᠡᠭᠦᠯᠬᠦ ᠬᠦᠰᠦᠨᠦᠭᠲᠦ ᠪᠠ ᠬᠢᠨᠠᠨ ᠳᠣᠭᠳᠠᠭᠠᠭᠰᠠᠨ ᠰᠦᠢᠳᠬᠡᠯ ᠲᠤᠰᠢᠶᠠᠭᠰᠠᠨ ᠭᠡᠷᠡᠴᠢ | ᠪᠠᠷᠢᠮᠲᠠ ︔ | ︵ᠵᠢᠷᠭᠤᠭ᠎ᠠ︶ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠱᠠᠭᠠᠷᠳᠠᠭᠰᠠᠨ | ᠪᠤᠰᠤᠳ ᠮᠠᠲ᠋ᠧᠷᠢᠶᠠᠯ᠃ | ᠬᠤᠷᠢ ᠶᠢᠰᠦᠳᠦᠭᠡᠷ ᠵᠦᠢᠯ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠢ ᠬᠥᠮᠥᠨ ᠬᠡᠷᠡᠭᠯᠡᠬᠦ ᠨᠢᠭᠡᠴᠢ ᠶᠢᠨ | ᠮᠡᠳᠡᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠵᠠᠰᠠᠭ ᠤᠨ ᠣᠷᠳᠣᠨ ᠤ ᠨᠥᠬᠦᠪᠦᠷᠢ ᠶᠢᠨ ᠭᠤᠶᠤᠴᠢᠯᠠᠯ ᠳᠤ | ᠠᠩᠬᠠᠨ ᠤ ᠬᠢᠨᠠᠯᠲᠠ ᠬᠢᠬᠦ ᠶᠢᠨ ᠬᠠᠮᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠵᠠᠰᠠᠭ ᠤᠨ ᠣᠷᠳᠣᠨ ᠤ ᠨᠥᠬᠦᠪᠦᠷᠢ ᠶᠢ ᠬᠥᠮᠥᠨ | ᠬᠡᠷᠡᠭᠯᠡᠬᠦ ᠨᠢᠭᠡᠴᠢ ᠳᠤ ᠥᠭᠬᠦᠨ᠎ᠡ᠃ | | ᠳᠣᠯᠣᠳᠤᠭᠠᠷ ᠪᠦᠯᠦᠭ ᠬᠢᠨᠠᠯᠳᠠ ᠳᠠᠯᠪᠢᠵᠤ ᠬᠠᠮᠢᠶᠠᠷᠬᠤ | | ᠭᠤᠴᠢᠳᠤᠭᠠᠷ ᠵᠦᠢᠯ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢᠨ ᠬᠢᠨᠠᠯᠳᠠ ᠳᠠᠯᠪᠢᠵᠤ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠬᠥᠮᠥᠨ ᠬᠡᠷᠡᠭᠯᠡᠬᠦ ᠨᠢᠭᠡᠴᠢ ᠶᠢᠨ | ᠬᠡᠷᠡᠭᠯᠡᠯᠲᠡ᠂ ᠬᠥᠳᠡᠯᠮᠦᠷᠢ ᠶᠢᠨ ᠭᠡᠷ᠎ᠡ ᠲᠣᠭᠲᠠᠭᠰᠠᠨ᠂ ᠣᠯᠭᠤᠮᠵᠢ ᠶᠢ ᠨᠠᠶᠢᠳᠠᠪᠤᠷᠢᠵᠢᠭᠤᠯᠤᠭᠰᠠᠨ ᠵᠢᠴᠢ ᠠᠵᠢᠯ ᠤᠨ ᠪᠠᠶᠢᠷᠢ ᠳᠤ ᠪᠠᠶᠢᠬᠤ ᠵᠡᠷᠭᠡ ᠪᠠᠶᠢᠳᠠᠯ ᠳᠤ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠢ︔ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ ᠦᠭᠡᠢ ᠪᠠᠶᠢᠪᠠᠯ᠂ ᠠᠵᠢᠯ ᠤᠨ ᠪᠠᠶᠢᠷᠢ ᠶᠢᠨ ᠢᠯᠡᠳᠬᠡᠪᠦᠷᠢ ᠶᠢ ᠨᠢ ᠬᠤᠷᠢᠶᠠᠨ | ᠠᠪᠤᠨ᠎ᠠ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠰᠢᠨᠵᠢ ᠴᠢᠨᠠᠷ ᠲᠤ ᠨᠡᠶᠢᠴᠡᠬᠦ ᠦᠭᠡᠢ ᠶᠢ ᠪᠤᠴᠠᠭᠠᠨ᠎ᠠ᠃ | ᠭᠤᠴᠢᠨ ᠨᠢᠭᠡᠳᠦᠭᠡᠷ ᠵᠦᠢᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠠᠰᠢᠭᠯᠠᠬᠤ ᠬᠠᠮᠢᠶᠠᠷᠬᠤ᠂ ᠬᠢᠨᠠᠨ ᠪᠠᠶᠢᠴᠠᠭᠠᠵᠤ | ᠬᠢᠨᠠᠨ ᠰᠢᠯᠭᠠᠬᠤ᠂ ᠵᠠᠷᠯᠠᠨ ᠤᠷᠢᠵᠤ ᠬᠡᠷᠡᠭᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠬᠤ ᠬᠠᠮᠢᠶ᠎ᠠ ᠪᠦᠬᠦᠢ ᠨᠢᠭᠡᠴᠢ ᠪᠣᠯᠣᠨ ᠭᠠᠷᠳᠠᠨ ᠬᠢᠭᠰᠡᠨ | ᠠᠵᠢᠯᠳᠠᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠯᠪᠠᠨ ᠲᠤᠰᠢᠶᠠᠯ ᠳᠠᠭᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ | ᠬᠡᠷᠡᠭᠯᠡᠭᠰᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠣᠯ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠬᠤᠶᠠᠳᠤᠭᠠᠷ ᠵᠦᠢᠯ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠬᠥᠮᠥᠨ ᠬᠡᠷᠡᠭᠯᠡᠬᠦ ᠨᠢᠭᠡᠴᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠵᠠᠰᠠᠭ ᠤᠨ ᠣᠷᠳᠣᠨ ᠤ | ᠨᠥᠬᠦᠪᠦᠷᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠤᠳᠠᠯ ᠬᠡᠯᠡᠵᠦ ᠬᠠᠭᠤᠷᠮᠠᠭᠯᠠᠨ ᠵᠤᠬᠢᠶᠠᠭᠰᠠᠨ᠂ ᠨᠡᠷ᠎ᠡ ᠣᠷᠣᠯᠠᠭᠰᠠᠨ᠂ ᠲᠥᠷᠥ ᠶᠢᠨ | ᠪᠣᠳᠣᠯᠭ᠎ᠠ ᠶᠢ ᠵᠥᠷᠢᠴᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠭᠠᠷᠬᠤ ᠬᠢᠷᠢ ᠬᠡᠮ᠂ ᠠᠵᠢᠯ ᠤᠨ ᠪᠠᠶᠢᠷᠢ ᠶᠢᠨ ᠣᠷᠣᠨ ᠲᠤᠭ᠎ᠠ ᠶᠢ | ᠣᠯᠣᠭᠰᠠᠨ ᠪᠠᠶᠢᠪᠠᠯ᠂ ᠲᠡᠳᠡᠨ ᠤ ᠠᠵᠢᠯ ᠤᠨ ᠪᠠᠶᠢᠷᠢ ᠳᠤ ᠭᠠᠷᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ︔ ᠵᠠᠰᠠᠭ ᠤᠨ ᠣᠷᠳᠣᠨ ᠤ ᠨᠥᠬᠦᠪᠦᠷᠢ ᠶᠢ | ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠳᠠᠯᠳᠠᠭᠤᠷ ᠬᠤᠪᠢᠶᠠᠯᠴᠠᠵᠤ ᠨᠡᠭᠦᠯᠭᠡᠨ ᠬᠡᠷᠡᠭᠯᠡᠭᠰᠡᠨ᠂ ᠮᠡᠬᠡᠯᠡᠨ ᠠᠪᠤᠭᠰᠠᠨ ᠪᠠᠶᠢᠪᠠᠯ᠂ ᠪᠡᠯᠡ ᠮᠥᠩᠭᠦ ᠶᠢ | ᠨᠡᠬᠡᠮᠵᠢᠯᠡᠨ ᠠᠪᠴᠢᠷᠠᠬᠤ ᠠᠴᠠ ᠭᠠᠳᠠᠨ᠎ᠠ ᠪᠠᠰᠠ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ | ᠭᠤᠴᠢᠨ ᠭᠤᠷᠪᠠᠳᠤᠭᠠᠷ ᠵᠦᠢᠯ ᠬᠥᠮᠥᠨ ᠬᠡᠷᠡᠭᠯᠡᠬᠦ ᠨᠢᠭᠡᠴᠢ ᠵᠠᠰᠠᠭ ᠤᠨ ᠣᠷᠳᠣᠨ ᠤ ᠨᠥᠬᠦᠪᠦᠷᠢ ᠶᠢᠨ ᠲᠤᠰᠬᠠᠢ ᠵᠣᠭᠤᠰ ᠢ ᠲᠤᠰᠬᠠᠢ ᠵᠦᠢᠯ ᠳᠤ | ᠬᠡᠷᠡᠭᠯᠡᠵᠦ᠂ ᠲᠣᠭᠲᠠᠭᠠᠯ ᠶᠣᠰᠣᠭᠠᠷ ᠬᠡᠷᠡᠭᠯᠡᠬᠦ ᠶᠢᠨ ᠬᠠᠮᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠬᠢᠨᠠᠨ | ᠪᠤᠳᠤᠬᠤ ᠪᠠ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃ | ᠭᠤᠴᠢᠨ ᠳᠥᠷᠪᠡᠳᠦᠭᠡᠷ ᠵᠦᠢᠯ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠭᠦᠭᠵᠢᠭᠦᠯᠦᠭᠰᠡᠨ᠂ ᠡᠯᠰᠡᠨ ᠬᠡᠷᠡᠭᠯᠡᠭᠰᠡᠨ ᠪᠠ ᠨᠥᠬᠦᠪᠦᠷᠢ ᠪᠡᠯᠡ ᠮᠥᠩᠭᠦ | ᠲᠠᠷᠬᠠᠭᠠᠭᠰᠠᠨ ᠪᠠᠶᠢᠳᠠᠯ ᠢ ᠪᠦᠬᠦᠨ ᠢ ᠠᠵᠢᠯ ᠣᠯᠭᠤᠯᠲᠠ ᠠᠵᠢᠯ ᠠᠯᠳᠠᠯᠲᠠ ᠪᠠ ᠬᠥᠳᠡᠯᠮᠦᠷᠢ ᠠᠵᠢᠯᠴᠢᠨ ᠬᠡᠷᠡᠭᠯᠡᠬᠦ ᠶᠢ ᠪᠦᠷᠢᠳᠬᠡᠨ ᠳᠠᠩᠰᠠᠯᠠᠬᠤ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠦᠨᠡᠨ ᠨᠡᠷ᠎ᠡ ᠶᠢᠨ ᠳᠦᠷᠢᠮ ᠤᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | | ᠨᠠᠢᠮᠠᠳᠤᠭᠠᠷ ᠪᠦᠯᠦᠭ ᠳᠠᠭᠠᠯᠳᠣᠭᠤᠯᠤᠭᠰᠠᠨ ᠳᠦᠷᠢᠮ | | ᠭᠤᠴᠢᠨ ᠲᠠᠪᠤᠳᠤᠭᠠᠷ ᠵᠦᠢᠯ ᠲᠣᠰ ᠠᠷᠭ᠎ᠠ ᠶᠢ ᠬᠢᠶ᠎ᠠ ᠪᠠᠭᠰᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠵᠢᠷᠭᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |