︽ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠬᠠᠮᠢᠶᠠᠷᠬᠤ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠮᠡᠳᠡᠭᠳᠡᠯ
ᠨᠡᠶᠢᠲᠡᠯᠡᠭᠰᠡᠨ ᠴᠠᠭ᠄
2023/4/14
         ᠣᠷᠳᠣᠰ ᠬᠢᠶ᠎ᠠ ᠬᠥᠮᠥᠨ ᠨᠡᠶᠢᠭᠡᠮ ᠲᠠᠷᠬᠠᠭᠠᠭᠰᠠᠨ〔2022〕172 ᠳ᠋ᠤᠭᠠᠷ ᠲᠣᠭᠠᠲᠤ ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠬᠡᠯᠲᠡᠰ᠂ ᠬᠤᠷᠢᠶ᠎ᠠ᠂ ᠠᠯᠪᠠᠨ ᠭᠡᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠠᠷᠠᠳ ᠤᠨ ᠪᠦᠯᠬᠦᠮ ᠳᠤ᠄        ︽ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠬᠠᠮᠢᠶᠠᠷᠬᠤ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠭᠦᠭᠵᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                                         ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠥᠮᠥᠨ ᠤ ᠬᠦᠴᠦᠨ ᠤ                                        ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                                   2022 ᠣᠨ ᠤ 11 ᠰᠠᠷ᠎ᠠ ᠶᠢᠨ 29                   ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ                  ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠬᠠᠮᠢᠶᠠᠷᠬᠤ ᠠᠷᠭ᠎ᠠ         ᠨᠢᠭᠡᠳᠦᠭᠡᠷ ᠪᠦᠯᠦᠭ    ᠶᠡᠷᠦᠩᠬᠡᠢ ᠳᠦᠷᠢᠮ        ᠨᠢᠭᠡᠳᠦᠭᠡᠷ ᠵᠦᠢᠯ    ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠪᠠ ᠬᠠᠮᠢᠶᠠᠷᠬᠤ ᠠᠵᠢᠯ ᠢ ᠵᠢᠷᠤᠮᠵᠢᠭᠤᠯᠬᠤ ᠶᠢᠨ ᠲᠥᠯᠥᠭᠡ᠂ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠠᠮᠵᠢᠭᠤᠯᠤᠨ ᠠᠵᠢᠯ ᠣᠯᠭᠤᠬᠤ ᠪᠠ ᠳᠠᠬᠢᠨ ᠠᠵᠢᠯ ᠣᠯᠭᠤᠬᠤ ᠶᠢ ᠪᠡᠶᠡᠯᠡᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠣᠯᠭᠤᠯᠲᠠ ᠶᠢ ᠠᠬᠢᠭᠤᠯᠬᠤ ᠬᠠᠤᠯᠢ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠬᠠᠮᠢᠶᠠᠷᠬᠤ ᠠᠷᠭ᠎ᠠ﹀ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2015﹈ 345 ᠳ᠋ᠤᠭᠠᠷ ᠲᠣᠭᠠᠲᠤ︶᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠬᠠᠮᠢᠶᠠᠷᠬᠤ ᠬᠤᠯᠪᠣᠭᠳᠠᠯ ᠪᠦᠬᠦᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2020﹈ 50 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2020﹈ 58 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠢᠶ᠎ᠠ ᠪᠠᠭᠰᠢ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ   ᠲᠣᠰ ᠠᠷᠭ᠎ᠠ ᠶᠢ ᠬᠢᠶ᠎ᠠ ᠪᠠᠭᠰᠢ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ᠂ ᠬᠠᠮᠢᠶᠠᠷᠬᠤ ᠪᠠ ᠬᠡᠷᠡᠭᠯᠡᠬᠦ ᠵᠡᠷᠭᠡ ᠠᠵᠢᠯ ᠳᠤ ᠬᠡᠷᠡᠭᠯᠡᠨ᠎ᠡ᠃       ᠭᠤᠷᠪᠠᠳᠤᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠡᠳᠡᠭ ᠨᠢ ᠵᠠᠰᠠᠭ ᠤᠨ ᠣᠷᠳᠣᠨ  ᠠᠴᠠ ᠠᠵᠢᠯ ᠣᠯᠬᠤ ᠳᠤ ᠬᠦᠴᠢᠷᠲᠡᠢ ᠬᠥᠮᠥᠰ ᠢ ᠲᠥᠪᠬᠢᠨᠡᠭᠦᠯᠬᠦ ᠪᠠᠷ ᠵᠣᠷᠢᠯᠭ᠎ᠠ ᠪᠣᠯᠭᠠᠵᠤ᠂ ᠡᠯ᠎ᠡ ᠬᠥᠮᠥᠨ ᠬᠡᠷᠡᠭᠯᠡᠬᠦ ᠨᠢᠭᠡᠴᠢ ᠠᠴᠠ ᠭᠤᠶᠤᠴᠢᠯᠠᠵᠤ ᠨᠡᠭᠡᠭᠡᠨ ᠠᠰᠢᠭᠯᠠᠬᠤ ᠶᠢᠨ ᠬᠠᠮᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠨ᠂ ᠨᠡᠶᠢᠭᠡᠮ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠳᠤ ᠨᠡᠶᠢᠴᠡᠭᠰᠡᠨ ᠦᠢᠯᠡᠴᠢᠯᠡᠭᠡᠨ ᠤ ᠴᠢᠨᠠᠷᠲᠠᠢ ᠠᠵᠢᠯ ᠤᠨ ᠪᠠᠶᠢᠷᠢ ᠪᠠ ᠬᠠᠮᠵᠢᠨ ᠬᠠᠮᠢᠶᠠᠷᠬᠤ ᠠᠵᠢᠯ ᠤᠨ ᠪᠠᠶᠢᠷᠢ ᠶᠢ ᠵᠢᠭᠠᠵᠤ ᠪᠣᠶ᠃ ᠵᠠᠰᠠᠭ ᠤᠨ ᠣᠷᠳᠣᠨ ᠠᠴᠠ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠲᠤᠰᠠᠯᠠᠮᠵᠢ ᠶᠢᠨ ᠠᠷᠭ᠎ᠠ ᠬᠡᠮᠵᠢᠶ᠎ᠡ ᠮᠥᠨ᠂ ᠲᠡᠷᠡ  ᠨᠢ ᠱᠠᠳᠣᠴᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠨᠴᠠᠯᠢᠭ ᠲᠠᠢ ᠪᠠᠶᠢᠳᠠᠭ᠂ ᠲᠣᠭᠲᠠᠭᠠᠭᠰᠠᠨ ᠲᠤᠰᠠᠯᠠᠮᠵᠢ ᠶᠢᠨ ᠬᠤᠭᠤᠴᠠᠭᠠᠨ ᠳᠤ᠂ ᠠᠵᠢᠯ ᠣᠯᠬᠤ ᠳᠤ ᠬᠦᠴᠢᠷᠲᠡᠢ ᠬᠥᠮᠥᠰ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠪᠣᠯᠪᠠᠰᠤᠷᠠᠯ ᠢᠶᠠᠷ ᠳᠡᠮᠵᠢᠨ᠂ ᠠᠵᠢᠯ ᠣᠯᠬᠤ ᠴᠢᠳᠠᠪᠤᠷᠢ ᠪᠠᠨ ᠳᠡᠭᠡᠭᠰᠢᠯᠡᠭᠦᠯᠦᠭᠰᠡᠨ ᠤ ᠳᠠᠷᠠᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠠᠴᠠ ᠰᠠᠯᠵᠤ᠂ ᠲᠣᠭᠲᠠᠪᠤᠷᠢᠲᠠᠢ ᠠᠵᠢᠯ ᠣᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ  ᠪᠡᠶᠡᠯᠡᠭᠦᠯᠦᠨ᠎ᠡ᠃       ᠳᠥᠷᠪᠡᠳᠦᠭᠡᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ ᠪᠠ ᠬᠠᠮᠢᠶᠠᠷᠬᠤ ᠳᠤ ᠵᠠᠰᠠᠭ ᠤᠨ ᠣᠷᠳᠣᠨ ᠢᠶᠠᠷ ᠭᠤᠣᠯᠯᠠᠭᠤᠯᠤᠨ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠵᠤ᠂ ᠬᠥᠮᠥᠨ ᠬᠡᠷᠡᠭᠯᠡᠬᠦ ᠨᠢᠭᠡᠴᠢ ᠠᠴᠠ ᠭᠤᠶᠤᠴᠢᠯᠠᠨ ᠮᠡᠳᠡᠭᠦᠯᠵᠦ᠂ ᠢᠯᠡ ᠪᠠᠷ ᠤᠷᠢᠬᠤ ᠶᠢ ᠪᠠᠷᠢᠮᠲᠠᠯᠠᠨ᠎ᠠ︔ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ᠂ ᠬᠥᠳᠡᠯᠦᠩᠭᠦᠢ ᠪᠠᠷ ᠲᠣᠬᠢᠷᠠᠭᠤᠯᠬᠤ ᠶᠢ ᠪᠠᠷᠢᠮᠲᠠᠯᠠᠨ᠎ᠠ︔ ᠬᠡᠷᠡᠭᠴᠡᠭᠡ ᠪᠠᠷ ᠨᠢ ᠠᠵᠢᠯ ᠤᠨ ᠪᠠᠶᠢᠷᠢ ᠲᠣᠬᠢᠷᠠᠭᠤᠯᠬᠤ᠂ ᠠᠵᠢᠯ ᠤᠨ ᠪᠠᠶᠢᠷᠢ ᠪᠠᠷ ᠨᠢ ᠤᠷᠢᠨ ᠲᠣᠮᠢᠯᠠᠬᠤ᠂ ᠠᠵᠢᠯ ᠤᠨ ᠪᠠᠶᠢᠷᠢ ᠳᠤᠨᠢ ᠨᠥᠬᠦᠪᠦᠷᠢᠯᠡᠬᠦ᠂ ᠡᠮᠬᠢ ᠵᠢᠷᠤᠮ ᠲᠠᠢ ᠪᠠᠷ ᠠᠵᠢᠯ ᠤᠨ ᠪᠠᠶᠢᠷᠢ ᠠᠴᠠ ᠪᠠᠭᠤᠬᠤ ᠶᠢ ᠪᠠᠷᠢᠮᠲᠠᠯᠠᠨ᠎ᠠ︔ ᠬᠠᠤᠯᠢ ᠲᠣᠭᠲᠠᠭᠠᠯ ᠢ ᠵᠢᠷᠤᠮᠯᠠᠬᠤ᠂ ᠤᠯᠠᠨ ᠲᠠᠯ᠎ᠠ ᠶᠢᠨ ᠬᠢᠨ ᠣᠷᠤᠯᠴᠠᠬᠤ᠂ ᠡᠷᠬᠡ ᠲᠡᠭᠰᠢ ᠢᠯᠡ ᠲᠣᠳᠣ᠂ ᠨᠠᠷᠢᠯᠢᠭ ᠣᠨᠣᠴᠠᠲᠠᠢ ᠪᠠᠶᠢᠬᠤ ᠵᠠᠷᠴᠢᠮ ᠢ ᠪᠠᠷᠢᠮᠲᠠᠯᠠᠨ ᠠᠵᠢᠯ ᠢᠶᠠᠨ ᠥᠷᠨᠢᠭᠦᠯᠦᠨ᠎ᠡ᠃       ᠲᠠᠪᠤᠳᠤᠭᠠᠷ ᠵᠦᠢᠯ   ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠬᠦ᠂ ᠠᠵᠢᠯ ᠣᠯᠬᠤ ᠳᠤ ᠬᠦᠴᠢᠷᠲᠡᠢ   ᠬᠦᠮᠦᠰ ᠤᠨ ᠬᠢᠷᠢ ᠬᠡᠮ ᠢ ᠮᠠᠭᠠᠳᠯᠠᠨ ᠲᠣᠭᠲᠠᠭᠠᠬᠤ᠂ ᠢᠯᠡ ᠪᠠᠷ ᠤᠷᠢᠬᠤ᠂ ᠨᠢᠭᠡᠳᠦᠯᠲᠡᠢ ᠲᠥᠯᠥᠪᠯᠡᠨ ᠬᠠᠮᠢᠶᠠᠷᠬᠤ ᠪᠠ ᠠᠵᠢᠯ ᠤᠨ ᠪᠠᠶᠢᠷᠢ ᠰᠣᠯᠢᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠢᠴᠢ ᠵᠠᠰᠠᠭ ᠤᠨ ᠣᠷᠳᠣᠨ ᠤ ᠨᠥᠬᠦᠪᠦᠷᠢ ᠶᠢᠨ ᠲᠥᠰᠥᠪ ᠢ ᠭᠤᠶᠤᠴᠢᠯᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃       ᠡᠳ᠋ ᠤᠨ ᠵᠠᠰᠠᠭ ᠤᠨ ᠰᠠᠯᠠᠭ᠎ᠠ ᠮᠥᠴᠢᠷ ᠵᠠᠰᠠᠭ ᠤᠨ ᠣᠷᠳᠣᠨ ᠤ ᠨᠥᠬᠦᠪᠦᠷᠢ ᠶᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠰᠠᠯᠭᠠᠨ ᠥᠭᠬᠦ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃       ᠬᠥᠮᠥᠨ ᠬᠡᠷᠡᠭᠯᠡᠬᠦ ᠨᠢᠭᠡᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤ ᠡᠳᠦᠷ ᠲᠤᠲᠤᠮ ᠤᠨ ᠬᠠᠮᠢᠶᠠᠷᠤᠯᠲᠠ ᠵᠢᠴᠢ ᠵᠠᠰᠠᠭ ᠤᠨ ᠣᠷᠳᠣᠨ ᠤ ᠨᠥᠬᠦᠪᠦᠷᠢ ᠶᠢ ᠮᠡᠳᠡᠭᠦᠯᠬᠦ᠂ ᠳᠠᠷᠬᠠᠭᠠᠬᠤ ᠪᠠ ᠨᠡᠶᠢᠭᠡᠮ ᠤᠨ ᠳᠠᠭᠠᠳᠬᠠᠯ ᠢ ᠨᠢᠭᠡᠳᠦᠯᠲᠡᠢ ᠲᠤᠰᠢᠶᠠᠬᠤ ᠵᠡᠷᠭᠡ ᠠᠵᠢᠯ ᠢ ᠬᠠᠷᠢᠭᠤᠴᠠᠨ᠎ᠠ᠃       ᠵᠢᠷᠭᠤᠳᠤᠭᠠᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠵᠠᠰᠠᠭ ᠤᠨ ᠣᠷᠳᠣᠨ ᠤ ᠨᠥᠬᠦᠪᠦᠷᠢ ᠶᠢᠨ ᠪᠡᠯᠡ ᠮᠥᠩᠭᠦ ᠶᠢᠨ ᠭᠤᠣᠯ ᠢᠷᠡᠯᠲᠡ ᠨᠢ ᠲᠥᠪ ᠤᠨ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠠᠵᠢᠯ ᠣᠯᠭᠤᠯᠲᠠ ᠶᠢᠨ ᠲᠤᠰᠬᠠᠢ ᠪᠡᠯᠡ ᠮᠥᠩᠭᠦ ᠪᠣᠯᠣᠨ᠎ᠠ᠃        ᠬᠤᠶᠠᠳᠤᠭᠠᠷ ᠪᠦᠯᠦᠭ   ᠠᠵᠢᠯ ᠤᠨ ᠪᠠᠶᠢᠷᠢ ᠶᠢᠨ ᠲᠥᠷᠥᠯ  ᠵᠦᠢᠯ ᠪᠠ ᠤᠷᠢᠬᠤ ᠡᠲᠡᠭᠡᠳ        ᠳᠣᠯᠣᠳᠤᠭᠠᠷ ᠵᠦᠢᠯ   ᠬᠢᠶ᠎ᠠ ᠪᠠᠭᠰᠢ ᠲᠣᠭᠤᠷᠢᠭ ᠤᠨ ᠠᠵᠢᠯ ᠣᠯᠬᠤ ᠳᠤ ᠬᠦᠴᠢᠷᠲᠡᠢ ᠬᠥᠮᠥᠰ ᠤᠨ ᠲᠤᠭ᠎ᠠ ᠬᠢᠭᠡᠳ ᠵᠠᠰᠠᠭ ᠤᠨ ᠣᠷᠳᠣᠨ ᠤ ᠨᠡᠶᠢᠭᠡᠮ ᠤᠨ ᠬᠠᠮᠢᠶᠠᠷᠤᠯᠲᠠ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠶᠢ ᠦᠨᠳᠦᠰᠦᠯᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠡᠭᠡᠭᠡᠯᠲᠡ ᠶᠢᠨ ᠰᠢᠨᠵᠢ ᠴᠢᠨᠠᠷ ᠪᠣᠯᠣᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠳᠣᠣᠷᠠᠬᠢ ᠮᠡᠲᠦ ᠬᠡᠳᠦᠨ ᠲᠥᠷᠥᠯ ᠳᠤ ᠬᠤᠪᠢᠶᠠᠨ᠎ᠠ᠄       ︵ᠨᠢᠭᠡ︶ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠨᠠᠷᠲᠠᠢ ᠠᠵᠢᠯ ᠤᠨ ᠪᠠᠶᠢᠷᠢ᠂ ᠡᠭᠦᠨ ᠳᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠲᠤ ᠠᠷᠢᠭᠤᠨ ᠴᠡᠪᠡᠷ᠂ ᠨᠤᠭᠤᠭᠠᠷᠠᠭᠤᠯᠬᠤ ᠶᠢ ᠪᠠᠲᠤᠯᠠᠬᠤ᠂ ᠲᠤᠤᠷᠵᠢᠯ ᠬᠠᠮᠢᠶᠠᠷᠤᠯᠲᠠ᠂ ᠭᠡᠷ ᠪᠦᠯᠢ ᠶᠢᠨ ᠦᠢᠯᠡᠴᠢᠯᠡᠭᠡ᠂ ᠨᠡᠶᠢᠭᠡᠮ ᠤᠨ ᠠᠰᠠᠷᠠᠮᠵᠢ ᠵᠡᠷᠭᠡ ᠨᠡᠶᠢᠭᠡᠮ ᠤᠨ ᠦᠢᠯᠡᠴᠢᠯᠡᠭᠡᠨ ᠤ ᠴᠢᠨᠠᠷᠲᠠᠢ ᠠᠵᠢᠯ ᠤᠨ ᠪᠠᠶᠢᠷᠢ ᠪᠠᠭᠲᠠᠨ᠎ᠠ︔       ︵ᠬᠤᠶᠠᠷ︶ ᠨᠡᠶᠢᠭᠡᠮ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠳᠤ᠂ ᠦᠨᠳᠦᠰᠦᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠲᠤᠰᠠᠯᠠᠭᠴᠢ᠂ ᠵᠠᠮ ᠬᠠᠷᠢᠯᠴᠠᠭᠠᠨ ᠤ ᠬᠠᠪᠰᠤᠷᠤᠨ ᠬᠠᠮᠢᠶᠠᠷᠤᠭᠴᠢ᠂ ᠬᠤᠲᠠ ᠶᠢᠨ ᠬᠠᠮᠢᠶᠠᠷᠤᠯᠲᠠ ᠶᠢᠨ ᠲᠤᠰᠠᠯᠠᠭᠴᠢ᠂ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠭᠴᠢ ᠵᠡᠷᠭᠡ ᠲᠤᠰᠠᠯᠠᠬᠤ ᠴᠢᠨᠠᠷᠲᠠᠢ ᠨᠡᠶᠢᠭᠡᠮ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢ ᠪᠠᠭᠲᠠᠭᠠᠨ᠎ᠠ︔       ︵ᠭᠤᠷᠪᠠ︶ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠨᠠᠷᠲᠠᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ᠂ ᠡᠭᠦᠨ ᠳᠤ ᠬᠤᠷᠢᠶᠠᠵᠤ ᠲᠠᠷᠬᠠᠭᠠᠬᠤ᠂ ᠴᠡᠪᠡᠷᠯᠡᠬᠦ᠂ ᠡᠭᠦᠳᠡᠨ ᠬᠠᠷᠠᠭᠤᠯ᠂ ᠦᠰᠦᠭ ᠴᠣᠬᠢᠬᠤ ᠵᠡᠷᠭᠡ ᠲᠤᠰᠠᠯᠠᠬᠤ ᠴᠢᠨᠠᠷᠲᠠᠢ ᠦᠢᠯᠡᠴᠢᠯᠡᠭᠡᠨ ᠤ ᠠᠵᠢᠯ ᠤᠨ ᠪᠠᠶᠢᠷᠢ ᠪᠠᠭᠲᠠᠨ᠎ᠠ︔        ︵ᠳᠥᠷᠪᠡ︶ ᠤᠳᠤᠷᠢᠳᠬᠤ ᠳᠤᠭᠤᠶᠢᠯᠠᠩ ᠤᠨ ᠰᠤᠳᠤᠯᠵᠤ ᠲᠣᠭᠲᠠᠭᠠᠭᠰᠠᠨ ᠪᠤᠰᠤᠳ ᠠᠵᠢᠯ ᠤᠨ ᠪᠠᠶᠢᠷᠢ᠃ ᠪᠤᠳᠠᠳᠤ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠬᠥᠮᠥᠨ ᠬᠡᠷᠡᠭᠯᠡᠬᠦ ᠨᠢᠭᠡᠴᠢ ᠪᠣᠳᠠᠲᠠᠢ ᠪᠠᠶᠢᠳᠠᠯ ᠢᠶᠠᠨ ᠦᠨᠳᠦᠰᠦᠯᠡᠨ ᠳᠡᠭᠡᠷ᠎ᠡ ᠳᠤᠷᠠᠳᠤᠭᠰᠠᠨ ᠬᠡᠪᠴᠢᠶᠡᠨ ᠳᠤ ᠲᠣᠬᠢᠷᠠᠭᠤᠯᠤᠨ᠎ᠠ᠃        ᠨᠠᠢᠮᠠᠳᠤᠭᠠᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠡᠲᠡᠭᠡᠳ ᠨᠢ ᠡᠷᠬᠡᠪᠰᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠢᠭᠡᠨᠲᠡ ᠮᠠᠭᠠᠳᠯᠠᠨ ᠲᠣᠭᠲᠠᠭᠠᠭᠰᠠᠨ ᠠᠵᠢᠯ ᠣᠯᠬᠤ ᠳᠤ ᠬᠦᠴᠢᠷᠲᠡᠢ ᠬᠥᠮᠥᠰ ᠪᠠᠶᠢᠬᠤ ᠬᠡᠷᠡᠭᠲᠡᠢ᠂ ᠡᠨᠡ ᠨᠢ ᠬᠢᠶ᠎ᠠ ᠪᠠᠭᠰᠢ ᠲᠣᠭᠤᠷᠢᠭ ᠤᠨ ᠪᠠᠶᠢᠩᠭᠤ ᠰᠠᠭᠤᠭ᠎ᠠ ᠬᠥᠮᠥᠰ ᠤᠨ ᠳᠣᠲᠣᠷᠠᠬᠢ ᠬᠠᠤᠯᠢ ᠳᠤ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠮᠥᠷᠲᠡᠭᠡᠨ ᠠᠵᠢᠯ ᠣᠯᠬᠤ ᠬᠦᠰᠡᠯ ᠲᠠᠢ ᠪᠥᠭᠡᠳ ᠨᠢᠭᠡᠨᠲᠡ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠳᠣᠣᠷᠠᠬᠢ 6 ᠲᠥᠷᠥᠯ ᠤᠨ ᠬᠥᠮᠥᠰ ᠢ ᠵᠢᠭᠠᠵᠤ ᠪᠣᠶ᠄        ︵ᠨᠢᠭᠡ︶ ᠨᠠᠰᠤ ᠠᠬᠢᠭᠰᠠᠨ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠠᠭᠠᠨ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠰᠠᠭᠤᠭᠰᠠᠨ ᠪᠥᠭᠡᠳ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠠᠳ 1 ᠵᠢᠯ ᠠᠴᠠ ᠳᠡᠭᠡᠭᠰᠢ ᠪᠣᠯᠤᠭᠰᠠᠨ ᠪᠦᠬᠦᠯᠢ 40 ᠨᠠᠰᠤ ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠨᠠᠰᠣᠳᠠᠢ ᠡᠮᠡᠭᠲᠡᠢ᠂ ᠪᠦᠬᠦᠯᠢ 50 ᠨᠠᠰᠤ ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠨᠠᠰᠣᠳᠠᠢ ᠡᠷᠡᠭᠲᠡᠢ ᠠᠵᠢᠯ ᠠᠯᠳᠠᠭᠰᠠᠳ ᠢ ᠵᠢᠭᠠᠵᠤ ᠪᠣᠶ᠃        ︵ᠬᠤᠶᠠᠷ︶ ᠵᠡᠮᠳᠡᠭ ᠬᠥᠮᠥᠰ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠲᠠᠢ ᠵᠡᠮᠳᠡᠭ ᠬᠥᠮᠥᠰ᠃         ︵ᠭᠤᠷᠪᠠ︶ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠪᠦᠷᠢᠯᠳᠦᠭᠦᠨ᠃ ᠠᠳᠠᠯᠢ ᠨᠢᠭᠡ ᠭᠡᠷ ᠪᠦᠯᠢ ᠶᠢᠨ ᠡᠷᠦᠬᠡ ᠠᠮᠠ ᠶᠢᠨ ᠲᠠᠩᠰᠠᠨ ᠳᠤ 2 ᠪᠤᠶᠤ 2 ᠠᠴᠠ ᠳᠡᠭᠡᠭᠰᠢ ᠬᠠᠮᠲᠤ ᠠᠮᠢᠳᠤᠷᠠᠵᠤ ᠪᠠᠶᠢᠭ᠎ᠠ ᠪᠦᠷᠢᠯᠳᠦᠭᠦᠨ ᠲᠠᠢ ᠪᠥᠭᠡᠳ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠱᠠᠭᠠᠷᠳᠠᠯᠭ᠎ᠠ ᠲᠠᠢ ᠭᠡᠷ ᠪᠦᠯᠢ ᠶᠢᠨ ᠪᠦᠷᠢᠯᠳᠦᠭᠦᠨ ᠨᠢ ᠴᠥᠮ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠮᠥᠷᠲᠡᠭᠡᠨ ᠡᠵᠡᠩᠨᠡᠯᠲᠡ ᠶᠢᠨ ᠴᠢᠨᠠᠷᠲᠠᠢ᠂ ᠪᠡᠯᠡ ᠣᠷᠣᠭᠤᠯᠤᠯᠲᠠ ᠶᠢᠨ ᠴᠢᠨᠠᠷᠲᠠᠢ ᠣᠷᠣᠯᠭ᠎ᠠ ᠦᠭᠡᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠪᠦᠷᠢᠯᠳᠦᠭᠦᠨ ᠢ ᠵᠢᠭᠠᠵᠤ ᠪᠣᠶ᠃        ︵ᠳᠥᠷᠪᠡ︶ ᠭᠠᠵᠠᠷ ᠲᠠᠷᠢᠶ᠎ᠠ ᠪᠠᠨ ᠠᠯᠳᠠᠭᠰᠠᠨ ᠲᠠᠷᠢᠶᠠᠴᠢᠨ᠃ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠭᠠᠵᠠᠷ ᠰᠢᠷᠣᠢ ᠶᠢ ᠲᠠᠲᠠᠪᠤᠷᠢᠯᠠᠭᠰᠠᠨ ᠤ ᠳᠠᠷᠠᠭ᠎ᠠ᠂ ᠤᠤᠯ ᠤᠨ ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠨᠤᠲᠤᠭ ᠪᠡᠯᠴᠢᠭᠡᠷ ᠢᠶᠠᠨ ᠪᠦᠷᠢᠮᠦᠰᠦᠨ ᠠᠯᠳᠠᠭᠰᠠᠨ᠂ ᠪᠦᠬᠦᠯᠢ 40 ᠨᠠᠰᠤᠨ ᠳᠤ ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠨᠠᠰᠣᠳᠠᠢ ᠡᠮᠡᠭᠲᠡᠢ᠂ ᠪᠦᠬᠦᠯᠢ 50 ᠨᠠᠰᠤᠨ ᠳᠤ ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠨᠠᠰᠣᠳᠠᠢ ᠡᠷᠡᠭᠲᠡᠢ ᠮᠠᠯᠴᠢᠨ ᠲᠠᠷᠢᠶᠠᠴᠢᠨ ᠢ ᠵᠢᠭᠠᠵᠤ ᠪᠣᠶ᠃ ᠶᠠᠭ ᠰᠠᠶᠢᠬᠠᠨ ᠡᠳ᠋ᠯᠡᠵᠦ ᠪᠠᠶᠢᠭ᠎ᠠ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠢ ᠶᠢᠨ ᠭᠠᠵᠠᠷ ᠤᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠠᠶᠢᠬᠤ ᠬᠥᠮᠥᠨ ᠨᠢ ᠡᠨᠡ ᠲᠦᠷᠦᠯ ᠳᠤ ᠪᠠᠭᠲᠠᠬᠤ ᠦᠭᠡᠢ᠃        ︵ᠲᠠᠪᠤ︶ ᠤᠷᠳᠤ ᠬᠤᠭᠤᠴᠠᠭ᠎ᠠ ᠪᠠᠷ ᠠᠵᠢᠯ ᠠᠯᠳᠠᠭᠰᠠᠳ᠃ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠦ ᠪᠠᠶᠢᠭ᠎ᠠ ᠮᠥᠷᠲᠡᠭᠡᠨ ᠵᠠᠯᠭᠠᠭ᠎ᠠ ᠪᠠᠷ 1 ᠵᠢᠯ ᠠᠴᠠ ᠳᠡᠭᠡᠭᠰᠢ ᠠᠵᠢᠯ ᠠᠯᠳᠠᠭᠰᠠᠨ ᠢᠶᠠᠷ ᠳᠠᠩᠰᠠᠯᠠᠭᠤᠯᠤᠭᠠᠳ ᠪᠦᠬᠦᠯᠢ 35 ᠨᠠᠰᠤᠨ ᠳᠤ ᠬᠦᠷᠦᠭᠰᠡᠨ ᠡᠮᠡᠭᠲᠡᠢ᠂ ᠪᠦᠬᠦᠯᠢ 45 ᠨᠠᠰᠤᠨ ᠳᠤ ᠬᠦᠷᠦᠭᠰᠡᠨ ᠡᠷᠡᠭᠲᠡᠢ ᠠᠵᠢᠯ ᠠᠯᠳᠠᠭᠰᠠᠳ ᠢ ᠵᠢᠭᠠᠵᠤ ᠪᠣᠶ᠃        ︵ᠵᠢᠷᠭᠤᠭ᠎ᠠ︶ ᠠᠵᠢᠯ ᠣᠯᠬᠤ ᠳᠤ ᠬᠦᠴᠢᠷᠲᠡᠢ ᠳᠡᠭᠡᠳᠦ ᠰᠤᠷᠭᠠᠭᠤᠯᠢ   ᠠᠴᠠ ᠲᠡᠭᠦᠰᠦᠭᠰᠡᠳ᠃ ᠰᠤᠷᠭᠠᠭᠤᠯᠢ ᠠᠴᠠ ᠪᠠᠨ ᠲᠡᠭᠦᠰᠦᠭᠡᠳ 2 ᠵᠢᠯ ᠪᠤᠶᠤ 2 ᠵᠢᠯ ᠠᠴᠠ ᠳᠡᠭᠡᠭᠰᠢ ᠪᠣᠯᠲᠠᠯ᠎ᠠ ᠶᠡᠷᠦ ᠠᠴᠠ ᠠᠵᠢᠯ ᠣᠯᠣᠭᠰᠠᠨ ᠦᠭᠡᠢ ᠳᠡᠭᠡᠳᠦ ᠰᠤᠷᠭᠠᠭᠤᠯᠢ ᠶᠢᠨ ᠲᠡᠭᠦᠰᠦᠭᠰᠡᠳ ︵ᠳᠡᠭᠡᠳᠦ ᠰᠤᠷᠭᠠᠭᠤᠯᠢ ᠲᠡᠭᠦᠰᠦᠭᠰᠡᠳ ᠭᠤᠣᠯᠳᠠᠭᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠶᠢ ᠵᠢᠭᠠᠵᠤ ᠪᠣᠶ︶ ᠢ ᠵᠢᠭᠠᠵᠤ ᠪᠣᠶ᠃         ᠭᠤᠷᠪᠠᠳᠤᠭᠠᠷ ᠪᠦᠯᠦᠭ   ᠠᠵᠢᠯ ᠤᠨ ᠪᠠᠶᠢᠷᠢ ᠶᠢ ᠨᠠᠭᠡᠭᠡᠨ  ᠭᠦᠭᠵᠢᠭᠦᠯᠬᠦ᠂ ᠮᠡᠳᠡᠭᠦᠯᠬᠦ ᠪᠠ ᠬᠢᠨᠠᠨ ᠵᠥᠪᠰᠢᠶᠡᠷᠡᠬᠦ         ᠶᠢᠰᠦᠳᠦᠭᠡᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠭᠦᠭᠵᠢᠭᠦᠯᠬᠦ ᠳᠤ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠪᠣᠯᠣᠨ ᠬᠥᠮᠥᠨ ᠬᠡᠷᠡᠭᠯᠡᠬᠦ ᠨᠢᠭᠡᠴᠢ ᠠᠴᠠ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ ᠨᠡᠭᠡᠭᠡᠨ ᠭᠦᠭᠵᠢᠭᠦᠯᠬᠦ ᠲᠥᠰᠥᠯ ᠢ ᠬᠠᠮᠲᠤ ᠪᠠᠷ ᠲᠣᠭᠲᠠᠭᠠᠬᠤ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠨ᠎ᠠ᠃ ᠬᠦᠮᠦᠨ ᠬᠡᠷᠡᠭᠯᠡᠬᠦ ᠨᠢᠭᠡᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠭᠦᠭᠵᠢᠭᠦᠯᠬᠦ ᠳᠤ ᠡᠷᠬᠡᠪᠰᠢ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠯ ᠭᠠᠷᠭᠠᠬᠤ ᠶᠢᠨ ᠬᠠᠮᠲᠤ᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 1︶ ᠶᠢ ᠲᠠᠭᠯᠠᠵᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠪᠠᠷ ᠠᠩᠬ᠎ᠠ ᠬᠢᠨᠠᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ ᠬᠥᠮᠥᠨ ᠬᠡᠷᠡᠭᠯᠡᠬᠦ ᠨᠢᠭᠡᠴᠢ ᠲᠠᠢ ᠬᠠᠮᠲᠤᠷᠠᠨ ᠨᠡᠶᠢᠭᠡᠮ ᠳᠤ ᠬᠠᠨᠳᠤᠭᠤᠯᠤᠨ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠮᠡᠳᠡᠭᠡ ᠵᠠᠩᠭᠢ ᠶᠢ ᠨᠡᠶᠢᠲᠡᠯᠡᠨ᠎ᠡ᠃        ᠠᠷᠪᠠᠳᠤᠭᠠᠷ ᠵᠦᠢᠯ   ᠠᠵᠢᠯ ᠣᠯᠬᠤ ᠳᠤ ᠬᠦᠴᠢᠷᠲᠡᠢ ᠬᠥᠮᠥᠰ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠠᠵᠢᠯ ᠣᠯᠬᠤ ᠪᠠᠷ ᠭᠤᠶᠤᠴᠢᠯᠠᠪᠠᠯ᠂ ᠲᠤᠰ ᠬᠥᠮᠥᠨ ᠤ ᠪᠡᠶ᠎ᠡ ᠶᠢᠨ ᠦᠨᠡᠮᠯᠡᠯ᠂ ︽ᠠᠵᠢᠯ ᠣᠯᠬᠤ ᠪᠠ ᠠᠵᠢᠯ ᠠᠯᠳᠠᠬᠤ ᠶᠢ ᠳᠠᠩᠰᠠᠯᠠᠭᠤᠯᠤᠭᠰᠠᠨ ᠦᠨᠡᠮᠯᠡᠯ︾ ᠵᠢᠴᠢ ᠠᠵᠢᠯ ᠤᠨ ᠪᠠᠶᠢᠷᠢ ᠶᠢᠨ ᠬᠠᠩᠭᠠᠬᠤ ᠴᠢᠬᠤᠯᠠᠲᠠᠢ ᠪᠤᠰᠤᠳ ᠮᠠᠲ᠋ᠧᠷᠢᠶᠠᠯ ᠢᠶᠠᠨ ᠠᠪᠴᠤ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯ ᠣᠯᠬᠤ ᠰᠠᠨᠠᠮᠵᠢ ᠶᠢᠨ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 2︶ ᠶᠢ ᠲᠠᠭᠯᠠᠵᠤ᠂ ᠬᠥᠮᠥᠨ ᠬᠡᠷᠡᠭᠯᠡᠬᠦ ᠨᠢᠭᠡᠴᠢ ᠳᠤ ᠭᠤᠶᠤᠴᠢᠯᠠᠯ ᠭᠠᠷᠭᠠᠨ᠎ᠠ᠃        ᠨᠡᠷ᠎ᠡ ᠮᠡᠳᠡᠭᠦᠯᠬᠦ ᠬᠤᠭᠤᠴᠠᠭᠠᠨ ᠳᠤ ᠠᠵᠢᠯ ᠣᠯᠬᠤ ᠳᠤ ᠬᠦᠴᠢᠷᠲᠡᠢ ᠬᠥᠮᠥᠨ ᠭᠤᠶᠤᠴᠢᠯᠠᠯ ᠭᠠᠷᠭᠠᠭᠰᠠᠨ ᠦᠭᠡᠢ ᠠᠴᠠ ᠪᠣᠯᠵᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠰᠤᠯᠠ ᠣᠷᠣ ᠭᠠᠷᠤᠭᠰᠠᠨ ᠪᠠᠶᠢᠪᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠢᠯᠡᠳᠬᠡᠪᠦᠷᠢ ᠶᠢ ᠬᠤᠷᠢᠶᠠᠨ ᠠᠪᠤᠨ᠎ᠠ᠃        ᠨᠡᠶᠢᠭᠡᠮ ᠳᠤ ᠬᠠᠨᠳᠤᠭᠤᠯᠤᠨ ᠢᠯᠡ ᠪᠠᠷ ᠤᠷᠢᠨ ᠬᠡᠷᠡᠭᠯᠡᠭᠰᠡᠨ ᠰᠠᠭᠤᠷᠢᠨ ᠳᠡᠭᠡᠷ᠎ᠡ᠂ ᠬᠥᠮᠥᠨ ᠬᠡᠷᠡᠭᠯᠡᠬᠦ ᠨᠢᠭᠡᠴᠢ ᠠᠴᠠ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠤᠨ᠂ ᠵᠣᠬᠢᠶᠠᠨ ᠪᠠᠶᠢᠭᠤᠯᠤᠨ ᠨᠡᠷ᠎ᠡ ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠰᠢᠯᠭᠠᠨ ᠪᠠᠶᠢᠴᠠᠭᠠᠵᠤ ᠬᠢᠨᠠᠬᠤ᠂ ᠰᠢᠯᠢᠳᠡᠭ ᠢ ᠨᠢ ᠰᠣᠩᠭᠤᠵᠤ ᠡᠯᠰᠡᠨ ᠬᠡᠷᠡᠭᠯᠡᠬᠦ ᠵᠡᠷᠭᠡ ᠠᠵᠢᠯ ᠢ ᠰᠠᠶᠢᠲᠤᠷ ᠬᠢᠵᠦ᠂ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠢ ᠠᠩᠬ᠎ᠠ ᠠᠯᠬᠤᠮ ᠲᠣᠭᠲᠠᠭᠠᠨ᠎ᠠ᠃ ᠬᠢᠨᠠᠨ ᠵᠥᠪᠰᠢᠶᠡᠷᠡᠭᠡᠳ  ᠠᠯᠳᠠᠭ᠎ᠠ ᠦᠭᠡᠢ ᠪᠣᠯ ᠬᠥᠮᠥᠨ ᠬᠡᠷᠡᠭᠯᠡᠬᠦ ᠨᠢᠭᠡᠴᠢ ᠠᠴᠠ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠤᠨ ᠪᠠᠶᠢᠭ᠎ᠠ ᠨᠡᠶᠢᠭᠡᠮ ᠲᠣᠭᠤᠷᠢᠭ ᠲᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠴᠠᠭ ᠨᠢ 7 ᠡᠳᠦᠷ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ ᠰᠠᠶ᠋ᠢ ᠤᠷᠢᠨ ᠬᠡᠷᠡᠭᠯᠡᠬᠦ ᠬᠥᠮᠥᠰ ᠢ ᠵᠢᠩᠬᠢᠨᠢ ᠪᠠᠷ ᠲᠣᠭᠲᠠᠭᠠᠵᠤ ᠪᠣᠯᠣᠨ᠎ᠠ᠃ ᠣᠨᠳᠣᠣ ᠰᠠᠨᠠᠯ ᠳᠤᠷᠠᠳᠤᠭᠰᠠᠨ ᠪᠠᠶᠢᠪᠠᠯ᠂ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠰᠠᠨᠠᠯ ᠢᠶᠠᠨ ᠰᠠᠨᠠᠯ ᠳᠤᠷᠠᠳᠤᠭᠰᠠᠨ ᠬᠥᠮᠥᠰ ᠲᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃         ᠳᠥᠷᠪᠡᠳᠦᠭᠡᠷ ᠪᠦᠯᠦᠭ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤ ᠬᠠᠮᠢᠶᠠᠷᠤᠯᠲᠠ         ᠠᠷᠪᠠᠨ ᠨᠢᠭᠡᠳᠦᠭᠡᠷ ᠵᠦᠢᠯ   ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠵᠢᠯ ᠣᠯᠬᠤ ᠳᠤ ᠬᠦᠴᠢᠷᠲᠡᠢ ᠬᠥᠮᠥᠰ   ᠤᠨ ᠪᠠᠶᠢᠳᠠᠯ ᠢ ︽ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠠᠵᠢᠯ ᠣᠯᠭᠤᠯᠲᠠ ᠶᠢᠨ ᠭᠤᠣᠯᠯᠠᠬᠤ ᠲᠤᠬᠠᠶᠢᠯᠠᠭᠰᠠᠨ ᠠᠵᠢᠯ ᠤᠨ ᠬᠤᠪᠢᠶᠠᠷᠢ ᠰᠢᠰᠲ᠋ᠧᠮ︾ ᠲᠤ ᠣᠷᠣᠭᠤᠯᠵᠤ᠂ ᠦᠨᠡᠨ ᠨᠡᠷ᠎ᠡ ᠶᠢᠨ ᠳᠦᠷᠢᠮ ᠤᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠨᠡᠮᠡᠭᠳᠡᠵᠦ ᠬᠠᠰᠤᠭᠳᠠᠬᠤ ᠬᠤᠪᠢᠷᠠᠯᠲᠠ ᠪᠣᠯᠣᠨ ᠬᠥᠳᠡᠯᠮᠦᠷᠢ ᠶᠢᠨ ᠬᠥᠯᠥᠰᠦ ᠣᠯᠭᠤᠮᠵᠢ᠂ ᠠᠵᠢᠯ ᠤᠨ ᠪᠠᠶᠢᠷᠢ ᠶᠢᠨ ᠨᠥᠬᠦᠪᠦᠷᠢ᠂ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠣᠯᠭᠤᠬᠤ ᠵᠡᠷᠭᠡ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠬᠡᠷᠡᠭᠲᠡᠢ᠃        ᠠᠷᠪᠠᠨ ᠬᠤᠶᠠᠳᠤᠭᠠᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ︽ᠬᠡᠨ ᠬᠡᠷᠡᠭᠯᠡᠪᠡᠯ ᠲᠡᠷᠡ ᠬᠠᠷᠢᠭᠤᠴᠠᠬᠤ︾ ᠬᠠᠮᠢᠶᠠᠷᠤᠯᠲᠠ ᠶᠢᠨ ᠵᠠᠷᠴᠢᠮ ᠢ ᠵᠢᠷᠤᠮᠯᠠᠨ᠎ᠠ᠃ ᠡᠯ᠎ᠡ ᠬᠥᠮᠥᠨ ᠬᠡᠷᠡᠭᠯᠡᠬᠦ ᠨᠢᠭᠡᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠵᠢᠯ ᠳᠤ ᠭᠠᠷᠬᠤ ᠶᠢ ᠲᠡᠮᠳᠡᠭᠯᠡᠬᠦ ᠳᠦᠷᠢᠮ ᠢ ᠬᠡᠷᠡᠭᠵᠢᠭᠦᠯᠵᠦ᠂ ᠡᠳᠦᠷ ᠲᠤᠲᠤᠮ ᠤᠨ ᠬᠠᠮᠢᠶᠠᠷᠤᠯᠲᠠ ᠪᠠ ᠬᠢᠨᠠᠨ ᠰᠢᠯᠭᠠᠵᠤ ᠱᠠᠩᠨᠠᠵᠤ ᠲᠣᠷᠭᠠᠬᠤ ᠠᠷᠭ᠎ᠠ ᠶᠢ ᠲᠣᠭᠲᠠᠭᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠮᠡᠳᠡᠭᠡ ᠵᠠᠩᠭᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ  ᠠᠵᠢᠯ ᠤᠨ ᠪᠠᠶᠢᠷᠢ ᠳᠤ ᠭᠠᠷᠴᠤ ᠠᠵᠢᠯᠯᠠᠭᠰᠠᠨ ᠪᠠᠶᠢᠳᠠᠯ  ᠢ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠢ ᠳᠤᠨᠢ ᠦᠨᠡᠨ ᠮᠥᠨ ᠢᠶᠠᠷ ᠨᠢ ᠮᠡᠳᠡᠭᠦᠯᠦᠨ ᠬᠦᠷᠭᠡᠬᠦ ᠬᠡᠷᠡᠭᠲᠡᠢ᠃        ᠠᠷᠪᠠᠨ ᠭᠤᠷᠪᠠᠳᠤᠭᠠᠷ ᠵᠦᠢᠯ   ᠰᠤᠯᠠ ᠪᠠᠶᠢᠭ᠎ᠠ ᠠᠵᠢᠯ ᠤᠨ ᠪᠠᠶᠢᠷᠢ ᠲᠤᠲᠠᠭᠳᠠᠵᠤ ᠪᠠᠶᠢᠭ᠎ᠠ ᠠᠵᠢᠯ ᠤᠨ ᠪᠠᠶᠢᠷᠢ ᠶᠢᠨ ᠪᠠᠶᠢᠳᠠᠯ ᠢ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠃ ᠲᠤᠰᠢᠶᠠᠯ ᠠᠴᠠ ᠪᠠᠨ ᠪᠠᠭᠤᠬᠤ᠂ ᠠᠵᠢᠯ ᠠᠴᠠ ᠨᠢ ᠵᠣᠭᠰᠤᠭᠠᠬᠤ᠂ ᠬᠥᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠣᠯᠭᠠᠬᠤ ᠵᠡᠷᠭᠡ ᠬᠤᠪᠢᠷᠠᠯᠲᠠ ᠭᠠᠷᠪᠠᠯ᠂ ᠬᠥᠮᠥᠨ ᠬᠡᠷᠡᠭᠯᠡᠬᠦ ᠨᠢᠭᠡᠴᠢ 5 ᠠᠵᠢᠯᠯᠠᠬᠤ ᠡᠳᠦᠷ ᠤᠨ ᠳᠣᠲᠣᠷ᠎ᠠ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠰᠤᠯᠠ ᠪᠠᠶᠢᠭ᠎ᠠ ᠠᠵᠢᠯ ᠤᠨ ᠪᠠᠶᠢᠷᠢ ᠲᠤᠲᠠᠭᠳᠠᠵᠤ ᠪᠠᠶᠢᠭ᠎ᠠ ᠠᠵᠢᠯ ᠤᠨ ᠪᠠᠶᠢᠷᠢ ᠶᠢᠨ ᠪᠠᠶᠢᠳᠠᠯ ᠤᠨ ᠪᠤᠳᠠᠳᠤ ᠪᠠᠶᠢᠳᠠᠯ ᠢ ᠮᠡᠳᠡᠭᠦᠯᠬᠦ ᠬᠡᠷᠡᠭᠲᠡᠢ᠃ ᠰᠤᠯᠠ ᠪᠠᠶᠢᠭ᠎ᠠ ᠠᠵᠢᠯ ᠤᠨ ᠪᠠᠶᠢᠷᠢ ᠳᠤ ᠠᠵᠢᠯ ᠣᠯᠬᠤ ᠳᠤ ᠬᠦᠴᠢᠷᠲᠡᠢ ᠬᠥᠮᠥᠰ ᠢ ᠦᠷᠭᠦᠯᠵᠢᠯᠡᠨ ᠬᠡᠷᠡᠭᠯᠡᠬᠦ ᠴᠢᠬᠤᠯᠠᠲᠠᠢ ᠪᠠᠶᠢᠪᠠᠯ᠂ ᠬᠥᠮᠥᠨ ᠬᠡᠷᠡᠭᠯᠡᠬᠦ ᠨᠢᠭᠡᠴᠢ ᠨᠢ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠰᠤᠯᠠ ᠪᠠᠶᠢᠭ᠎ᠠ ᠠᠵᠢᠯ ᠤᠨ ᠪᠠᠶᠢᠷᠢ ᠶᠢᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 3︶ ᠶᠢ ᠲᠠᠭᠯᠠᠨ ᠪᠢᠴᠢᠬᠦ ᠶᠢᠨ ᠬᠠᠮᠲᠤ᠂ ᠲᠣᠰ ᠠᠷᠭ᠎ᠠ ᠶᠢᠨ ᠠᠷᠪᠠᠳᠤᠭᠠᠷ ᠵᠦᠢᠯ ᠳᠠᠬᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠨ ᠡᠯᠰᠡᠬᠦ ᠲᠠᠰ ᠳᠠᠷᠠᠭᠠᠯᠠᠯ ᠤᠨ ᠶᠣᠰᠣᠭᠠᠷ ᠰᠤᠯᠠ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠨᠥᠬᠦᠨ ᠡᠯᠰᠡᠬᠦ ᠪᠤᠶᠤ ᠪᠤᠰᠤᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯ ᠤᠨ ᠪᠠᠶᠢᠷᠢ ᠳᠤ ᠭᠠᠷᠬᠤ ᠨᠥᠬᠦᠴᠡᠯ ᠳᠤ ᠨᠡᠶᠢᠴᠡᠬᠦ ᠬᠥᠮᠥᠰ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠨ ᠨᠥᠬᠦᠪᠦᠷᠢᠯᠡᠬᠦ ᠬᠡᠷᠡᠭᠲᠡᠢ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠬᠡᠷᠡᠭᠰᠡᠬᠦ ᠦᠭᠡᠢ ᠪᠣᠯᠤᠭᠰᠠᠨ ᠪᠠᠶᠢᠪᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠢᠯᠡᠳᠬᠡᠪᠦᠷᠢ ᠶᠢ ᠬᠤᠷᠢᠶᠠᠨ ᠠᠪᠬᠤ ᠶᠢᠨ ᠬᠠᠮᠲᠤ ᠵᠠᠰᠠᠭ ᠤᠨ ᠣᠷᠳᠣᠨ ᠤ ᠨᠥᠬᠦᠪᠦᠷᠢ  ᠬᠤᠪᠢᠶᠠᠬᠤ ᠶᠢ ᠨᠢ ᠵᠤᠭᠰᠤᠭᠠᠨ᠎ᠠ᠃       ᠠᠷᠪᠠᠨ ᠳᠥᠷᠪᠡᠳᠦᠭᠡᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠳᠦᠷᠢᠮ ᠢ ᠬᠠᠤᠯᠢ ᠶᠣᠰᠣᠭᠠᠷ ᠡᠳ᠋ᠯᠡᠨ᠎ᠡ᠃        ᠠᠷᠪᠠᠨ ᠲᠠᠪᠤᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠢ ᠥᠪᠡᠰᠦᠪᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠡᠪᠴᠢᠶ᠎ᠡ ᠠᠴᠠ ᠭᠠᠳᠠᠨᠠᠬᠢ ᠠᠵᠢᠯ ᠤᠨ ᠪᠠᠶᠢᠷᠢ ᠳᠤ ᠲᠣᠬᠢᠷᠠᠭᠤᠯᠤᠭᠰᠠᠨ ᠢ ᠪᠠᠶᠢᠴᠠᠭᠠᠨ ᠲᠣᠳᠣᠯᠠᠮᠠᠭᠴᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠢᠯᠡᠳᠬᠡᠪᠦᠷᠢ ᠶᠢ ᠬᠤᠷᠢᠶᠠᠨ ᠠᠪᠬᠤ ᠶᠢᠨ ᠬᠠᠮᠲᠤ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠨᠥᠬᠦᠪᠦᠷᠢ ᠭᠥᠷᠳᠡᠬᠦ ᠶᠢ ᠵᠣᠭᠰᠣᠭᠠᠨ᠎ᠠ᠃ ᠬᠡᠷᠪᠡ ᠬᠥᠮᠥᠨ ᠬᠡᠷᠡᠭᠯᠡᠬᠦ ᠨᠢᠭᠡᠴᠢ ᠲᠤᠰ ᠬᠥᠮᠥᠨ ᠢ ᠦᠷᠭᠦᠯᠵᠢᠯᠡᠨ ᠬᠡᠷᠡᠭᠯᠡᠬᠦ ᠳᠤ ᠬᠦᠷᠪᠡᠯ᠂ ᠬᠤᠯᠪᠣᠭᠳᠠᠯ ᠪᠦᠬᠦᠢ ᠵᠠᠷᠤᠳᠠᠯ ᠢ ᠬᠥᠮᠥᠨ ᠬᠡᠷᠡᠭᠯᠡᠬᠦ ᠨᠢᠭᠡᠴᠢ ᠥᠪᠡᠰᠦᠪᠡᠨ ᠡᠭᠦᠷᠭᠡᠯᠡᠨ᠎ᠡ᠃        ᠠᠷᠪᠠᠨ ᠵᠢᠷᠭᠤᠳᠤᠭᠠᠷ ᠵᠦᠢᠯ   ᠬᠥᠳᠡᠯᠦᠩᠭᠦᠢ ᠪᠠᠷ ᠬᠠᠮᠢᠶᠠᠷᠬᠤ᠂ ᠡᠮᠬᠢ ᠵᠢᠷᠤᠮ ᠲᠠᠢ ᠪᠠᠷ ᠰᠢᠯᠵᠢᠬᠦ᠂ ᠬᠢᠨᠠᠨ ᠰᠢᠯᠭᠠᠵᠤ ᠭᠠᠷᠭᠠᠬᠤ ᠲᠣᠭᠲᠠᠴᠠ ᠶᠢ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠬᠥᠳᠡᠯᠮᠦᠷᠢ ᠶᠢᠨ ᠭᠡᠷ᠎ᠡ ᠶᠢᠨ ᠬᠤᠭᠤᠴᠠᠭᠠᠨ ᠤ ᠳᠣᠲᠣᠷ᠎ᠠ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ ᠡᠷᠬᠡᠪᠰᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠠᠴᠠ ᠪᠠᠭᠤᠬᠤ ᠬᠡᠷᠡᠭᠲᠡᠢ᠄        ︵ᠨᠢᠭᠡ︶ ᠰᠢᠯᠭᠠᠨ ᠡᠯᠰᠡᠬᠦ ᠰᠢᠯᠭᠠᠯᠲᠠ ᠪᠠᠷ ᠳᠠᠮᠵᠢᠭᠠᠳ ᠠᠯᠪᠠᠲᠠᠨ ᠪᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠡᠯᠰᠡᠭᠳᠡᠭᠰᠡᠨ︔        ︵ᠬᠤᠶᠠᠷ︶ ᠵᠣᠬᠢᠬᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠ ᠠᠵᠢᠯ ᠤᠨ ᠲᠤᠷᠰᠢᠯᠭ᠎ᠠ ᠲᠠᠢ ᠪᠠᠶᠢᠵᠤ᠂ ᠬᠥᠮᠥᠨ ᠬᠡᠷᠡᠭᠯᠡᠬᠦ ᠨᠢᠭᠡᠴᠢ ᠬᠥᠳᠡᠯᠮᠦᠷᠢ ᠶᠢᠨ ᠭᠡᠷ᠎ᠡ ᠶᠢᠨ ᠲᠦᠷᠢᠮ ᠤᠨ ᠠᠵᠢᠯᠲᠠᠨ ᠢᠶᠠᠷ ᠡᠯᠰᠡᠭᠳᠡᠭᠰᠡᠨ︔        ︵ᠭᠤᠷᠪᠠ︶ ᠬᠠᠤᠯᠢ ᠶᠣᠰᠣᠨ ᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠠᠵᠢᠯ ᠣᠯᠣᠭᠰᠠᠨ ᠪᠥᠭᠡᠳ ᠲᠣᠭᠲᠠᠪᠤᠷᠢᠲᠠᠢ ᠣᠷᠣᠯᠭ᠎ᠠ ᠣᠯᠣᠭᠰᠠᠨ︔        ︵ᠳᠥᠷᠪᠡ︶ ᠲᠤᠰ ᠬᠥᠮᠥᠨ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤ ᠪᠡᠶ᠎ᠡ ᠬᠡᠮ ᠢᠶᠠᠨ ᠰᠠᠶᠢᠨ ᠳᠤᠷ᠎ᠠ ᠠᠴᠠ ᠪᠠᠨ ᠬᠠᠶᠠᠬᠤ ᠪᠠᠷ ᠠᠮᠠᠯᠳᠠᠭᠰᠠᠨ︔        ︵ᠲᠠᠪᠤ︶ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠦᠨᠡᠨ ᠨᠡᠷ᠎ᠡ ᠪᠠᠷ ᠢᠶᠠᠨ ᠳᠠᠩᠰᠠᠯᠠᠭᠤᠯᠵᠤ ᠡᠵᠡᠩᠨᠡᠯᠲᠡ ᠶᠢᠨ ᠠᠵᠢᠯᠯᠠᠭ᠎ᠠ ᠬᠢᠭᠰᠡᠨ᠂ ᠡᠰᠡᠬᠦᠯ᠎ᠡ ᠪᠠᠭ᠎ᠠ ᠲᠣᠭᠠᠨ ᠤ ᠳᠠᠭᠠᠭᠠᠯᠲᠠ ᠲᠠᠢ ᠵᠢᠭᠡᠯᠡᠯᠭᠡ ᠪᠠᠷ ᠳᠠᠮᠵᠢᠭᠤᠯᠤᠨ ᠡᠵᠡᠩᠨᠡᠯᠲᠡ ᠶ᠋᠊ ᠵᠨ ᠠᠵᠢᠯᠯᠠᠭ᠎ᠠ ᠬᠢᠭᠰᠡᠨ︔        ︵ᠵᠢᠷᠭᠤᠭ᠎ᠠ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠠᠵᠢᠯ ᠡᠷᠬᠢᠯᠡᠬᠦ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ  ᠭᠦᠷᠦᠭᠰᠡᠨ︔        ︵ᠲᠤᠯᠤᠭ᠎ᠠ︶ ᠬᠥᠮᠥᠨ ᠬᠡᠷᠡᠭᠯᠡᠬᠦ ᠨᠢᠭᠡᠴᠢ ᠶᠢᠨ ᠬᠠᠮᠢᠶᠠᠷᠤᠯᠲᠠ ᠶᠢᠨ ᠳᠦᠷᠢᠮ ᠢ ᠬᠦᠨᠳᠦ ᠨᠣᠴᠢᠲᠠᠢ ᠵᠥᠷᠢᠴᠡᠭᠰᠡᠨ︔        ︵ᠨᠠᠢᠮᠠ︶ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ︔        ︵ᠶᠢᠰᠦ︶ ᠬᠡᠪ ᠤᠨ ᠠᠵᠢᠯ ᠢᠶᠠᠨ ᠪᠠᠷᠢᠮᠲᠠᠯᠠᠵᠤ ᠴᠢᠳᠠᠬᠤ ᠦᠭᠡᠢ ᠪᠣᠯᠤᠭᠰᠠᠨ︔        ︵ᠠᠷᠪᠠ︶ ᠬᠠᠤᠯᠢ ᠳᠤ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠰᠡᠠ ᠪᠤᠶᠤ ᠦᠭᠦᠭᠰᠡᠨ︔        ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠭᠥᠷᠳᠡᠬᠦ ᠨᠠᠰᠤᠨ ᠳᠤ ᠬᠦᠷᠴᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠨᠢᠭᠡᠨᠲᠡ ᠭᠥᠷᠳᠡᠭᠰᠡᠨ︔        ︵ᠠᠷᠪᠠᠨ ᠬᠤᠶᠠᠷ︶ ᠪᠠᠶᠢᠳᠠᠯ ᠳᠤ ᠬᠤᠪᠢᠷᠠᠯᠲᠠ ᠭᠠᠷᠤᠭᠰᠠᠨ ᠠᠴᠠ ᠪᠣᠯᠵᠤ᠂ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ ᠨᠥᠬᠦᠴᠡᠯ ᠳᠤ ᠳᠠᠭᠢᠵᠤ ᠨᠡᠶᠢᠴᠡᠬᠦ ᠦᠭᠡᠢ ᠪᠣᠯᠤᠭᠰᠠᠨ᠃        ︵ᠠᠷᠪᠠᠨ ᠭᠤᠷᠪᠠ︶ ᠲᠥᠷᠥ ᠶᠢᠨ ᠪᠣᠳᠣᠯᠭ᠎ᠠ ᠶᠢᠨ ᠴᠢᠨᠠᠷᠲᠠᠢ ᠰᠢᠯᠲᠠᠭᠠᠨ ᠠᠴᠠ ᠪᠣᠯᠵᠤ᠂ ᠵᠠᠰᠠᠭ ᠤᠨ ᠣᠷᠳᠣᠨ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠳᠠᠭᠢᠵᠤ ᠲᠣᠬᠢᠷᠠᠭᠤᠯᠬᠤ ᠦᠭᠡᠢ᠂ ᠲᠣᠰ ᠵᠥᠪᠯᠡᠯᠴᠡᠭᠡᠷ ᠢ ᠠᠶᠠᠨᠳᠠᠭᠠᠨ ᠵᠣᠭᠰᠣᠭᠠᠨ᠎ᠠ᠃       ᠠᠷᠪᠠᠨ ᠳᠣᠯᠣᠳᠤᠭᠠᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠠᠵᠢᠯ ᠠᠴᠠ ᠪᠠᠨ ᠪᠠᠭᠤᠭᠰᠠᠨ ᠤ ᠲᠠᠷᠠᠭ᠎ᠠ᠂ ᠬᠥᠮᠥᠨ ᠬᠡᠷᠡᠭᠯᠡᠬᠦ ᠨᠢᠭᠡᠴᠢ ᠨᠢ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠢ ᠳᠤᠨᠢ ᠳᠠᠩᠰᠠᠯᠠᠭᠤᠯᠬᠤ ᠶᠢᠨ ᠬᠠᠮᠲᠤ ᠡᠯ᠎ᠡ ᠵᠦᠢᠯ ᠤᠨ ᠨᠥᠬᠦᠪᠦᠷᠢ ᠬᠤᠪᠢᠶᠠᠬᠤ ᠪᠠᠨ ᠵᠣᠭᠰᠤᠭᠠᠬᠤ ᠬᠡᠷᠡᠭᠲᠡᠢ᠃        ᠲᠠᠪᠤᠳᠤᠭᠠᠷ ᠪᠦᠯᠦᠭ   ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠪᠠ ᠭᠦᠴᠦᠨ ᠦᠭᠡᠢ ᠪᠤᠯᠭᠠᠬᠤ        ᠠᠷᠪᠠᠨ ᠨᠠᠢᠮᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠲᠠᠢ ᠪᠢᠴᠢᠭ ᠢᠶᠠᠷ ᠬᠥᠳᠡᠯᠮᠦᠷᠢ ᠶᠢᠨ ᠭᠡᠷ᠎ᠡ ᠲᠣᠭᠲᠠᠭᠠᠵᠤ᠂ ᠬᠥᠮᠥᠨ ᠬᠡᠷᠡᠭᠯᠡᠬᠦ ᠨᠢᠭᠡᠴᠢ᠂ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠲᠤᠰ ᠲᠤᠰ ᠨᠢᠭᠡ ᠬᠤᠪᠢ ᠶᠢ ᠠᠪᠬᠤ ᠬᠡᠷᠡᠭᠲᠡᠢ᠃ᠬᠥᠳᠡᠯᠮᠦᠷᠢ ᠶᠢᠨ ᠭᠡᠷ᠎ᠡ ᠶᠢ ᠵᠢᠯ ᠳᠤ ᠨᠢᠭᠡ ᠤᠳᠠᠭ᠎ᠠ ᠲᠣᠭᠲᠠᠭᠠᠬᠤ ᠶᠢ ᠬᠡᠷᠡᠭᠵᠢᠭᠦᠯᠦᠨ᠎ᠡ᠃ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠭᠦᠷᠦᠭᠰᠡᠨ ᠤ ᠲᠠᠷᠠᠭ᠎ᠠ᠂ ᠬᠥᠮᠥᠨ ᠬᠡᠷᠡᠭᠯᠡᠬᠦ ᠨᠢᠭᠡᠴᠢ ᠠᠴᠠ ᠵᠢᠯ ᠤᠨ ᠬᠢᠨᠠᠨ ᠰᠢᠯᠭᠠᠯᠲᠠ ᠬᠢᠵᠦ᠂ ᠬᠢᠨᠠᠨ ᠰᠢᠯᠭᠠᠭᠠᠳ ᠬᠢᠷᠢ ᠲᠡᠩᠴᠡᠭᠰᠡᠳ ᠲᠠᠷᠠᠭ᠎ᠠ ᠵᠢᠯ ᠤᠨ ᠬᠥᠳᠡᠯᠮᠦᠷᠢ ᠶᠢᠨ ᠭᠡᠷ᠎ᠡ ᠶᠢ ᠦᠷᠭᠦᠯᠵᠢᠯᠡᠨ ᠲᠣᠭᠲᠠᠭᠠᠵᠤ ᠪᠣᠯᠣᠨ᠎ᠠ︔ ᠵᠢᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠬᠥᠮᠥᠰ ᠤᠨ ᠬᠥᠳᠡᠯᠮᠦᠷᠢ ᠶᠢᠨ ᠬᠠᠷᠢᠴᠠᠭ᠎ᠠ ᠶᠢ ᠵᠤᠭᠰᠣᠭᠠᠵᠤ ᠪᠣᠯᠣᠨ᠎ᠠ᠃       ᠠᠷᠪᠠ ᠶᠢᠰᠦᠳᠦᠭᠡᠷ ᠵᠦᠢᠯ   ᠬᠥᠳᠡᠯᠮᠦᠷᠢ ᠶᠢᠨ ᠭᠡᠷ᠎ᠡ ᠶᠢ ᠦᠷᠭᠦᠯᠵᠢᠯᠡᠨ ᠲᠣᠭᠲᠠᠭᠠᠬᠤ ᠴᠠᠭ ᠢ ᠵᠠᠷᠴᠢᠮ ᠳᠡᠭᠡᠷ᠎ᠡ ᠪᠠᠨ ᠭᠤᠷᠪᠠᠨ ᠵᠢᠯ ᠠᠴᠠ ᠬᠡᠲᠦᠷᠡᠭᠦᠯᠵᠦ ᠪᠣᠯᠬᠤ ᠦᠭᠡᠢ᠃ ᠭᠡᠪᠡᠴᠦ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠨᠠᠰᠤ ᠨᠢ 5 ᠵᠢᠯ ︵5 ᠵᠢᠯ ᠪᠠᠭᠲᠠᠨ᠎ᠠ︶ ᠬᠦᠷᠬᠦ ᠦᠭᠡᠢ ᠪᠠᠶᠢᠪᠠᠯ᠂ ᠬᠥᠳᠡᠯᠮᠦᠷᠢ ᠶᠢᠨ ᠭᠡᠷ᠎ᠡ ᠶᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠨᠠᠰᠤ ᠬᠦᠷᠲᠡᠯ᠎ᠡ ᠤᠷᠲᠤᠳᠬᠠᠵᠤ ᠪᠣᠯᠣᠨ᠎ᠠ᠃       ᠬᠤᠷᠢᠳᠤᠭᠠᠷ ᠵᠦᠢᠯ   ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠥᠮᠥᠨ ᠬᠡᠷᠡᠭᠯᠡᠬᠦ ᠨᠢᠭᠡᠴᠢ ᠬᠥᠳᠡᠯᠮᠦᠷᠢ ᠶᠢᠨ ᠭᠡᠷ᠎ᠡ ᠶᠢ  ᠵᠤᠭᠰᠣᠭᠠᠵᠤ ᠪᠣᠯᠬᠤ ᠪᠥᠭᠡᠳ ᠲᠤᠬᠠᠢ ᠶᠢᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠵᠦ᠂ ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠥᠭᠬᠦ ᠶᠢ ᠵᠣᠭᠰᠣᠭᠠᠵᠤ ᠪᠣᠯᠣᠨ᠎ᠠ᠄ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠨᠢᠭᠡᠨᠲᠡ ᠠᠵᠢᠯ ᠣᠯᠣᠭᠰᠠᠨ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ ᠣᠯᠬᠤ ᠬᠤᠭᠤᠴᠠᠭ᠎ᠠ ᠨᠢ ᠭᠦᠷᠦᠭᠰᠡᠨ︔ ᠬᠠᠤᠯᠢ ᠳᠤ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠰᠡᠨ ᠪᠤᠶᠤ ᠦᠬᠦᠭᠰᠡᠨ︔ᠬᠡᠪ ᠤᠨ ᠶᠣᠰᠣᠭᠠᠷ ᠠᠵᠢᠯᠯᠠᠵᠤ ᠴᠢᠳᠠᠬᠤ ᠦᠭᠡᠢ ᠪᠠᠶᠢᠬᠤ︔ ᠬᠥᠮᠥᠨ ᠬᠡᠷᠡᠭᠯᠡᠬᠦ ᠨᠢᠭᠡᠴᠢ ᠶᠢᠨ ᠬᠠᠮᠢᠶᠠᠷᠤᠯᠲᠠ ᠶᠢᠨ ᠳᠦᠷᠢᠮ ᠢ ᠬᠦᠨᠳᠦ ᠨᠣᠴᠢᠲᠠᠢ ᠵᠥᠷᠢᠴᠡᠭᠰᠡᠨ︔ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ︔ ᠦᠷᠭᠦᠯᠵᠢᠯᠡᠨ ᠠᠵᠢᠯᠯᠠᠬᠤ ᠳᠤ ᠲᠣᠬᠢᠷᠠᠮᠵᠢ ᠦᠭᠡᠢ ᠬᠠᠤᠯᠢ ᠪᠠᠷ ᠲᠣᠭᠲᠠᠭᠠᠭᠰᠠᠨ ᠪᠤᠰᠤᠳ ᠪᠠᠶᠢᠳᠠᠯ ᠤᠳ᠃       ᠬᠤᠷᠢᠨ ᠨᠢᠭᠡᠳᠦᠭᠡᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠠᠴᠠ ᠬᠥᠳᠡᠯᠦᠩᠭᠦᠢ ᠪᠠᠷ ᠭᠠᠷᠬᠤ ᠲᠣᠭᠲᠠᠴᠠ ᠶᠢ ᠪᠠᠶᠢᠭᠤᠯᠤᠨ᠎ᠠ᠃ ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢᠨ ᠭᠤᠴᠢᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠠᠵᠢᠯ ᠣᠯᠬᠤ ᠳᠤ ᠬᠦᠴᠢᠷᠲᠡᠢ ᠬᠥᠮᠥᠰ ᠪᠠ ᠬᠥᠮᠥᠨ ᠬᠡᠷᠡᠭᠯᠡᠬᠦ ᠨᠢᠭᠡᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠥᠳᠡᠯᠮᠦᠷᠢ ᠶᠢᠨ ᠭᠡᠷ᠎ᠡ ᠶᠢ ᠬᠦᠴᠤᠨ ᠦᠭᠡᠢ ᠪᠤᠯᠭᠠᠬᠤ ᠪᠤᠶᠤ ᠵᠤᠭᠰᠣᠭᠠᠵᠤ ᠪᠣᠯᠣᠨ᠎ᠠ᠃ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠭᠡᠷ᠎ᠡ ᠶᠢᠨ ᠬᠤᠭᠤᠴᠠᠭᠠᠨ ᠳᠤ ᠬᠥᠮᠥᠨ ᠬᠡᠷᠡᠭᠯᠡᠬᠦ ᠨᠢᠭᠡᠴᠢ ᠲᠠᠢ ᠬᠥᠳᠡᠯᠮᠦᠷᠢ ᠶᠢᠨ ᠭᠡᠷ᠎ᠡ  ᠶᠢ ᠬᠦᠴᠦᠨ ᠦᠭᠡᠢ ᠪᠤᠯᠭᠠᠬᠤ ᠳᠤ 30 ᠡᠳᠦᠷ ᠤᠨ ᠡᠮᠦᠨ᠎ᠡ ᠬᠥᠮᠥᠨ ᠬᠡᠷᠡᠭᠯᠡᠬᠦ ᠨᠢᠭᠡᠴᠢ ᠳᠤ ᠪᠢᠴᠢᠭ ᠤᠨ ᠬᠡᠯᠪᠡᠷᠢ ᠪᠠᠷ ᠮᠡᠳᠡᠭᠳᠡᠬᠦ ᠬᠡᠷᠡᠭᠲᠡᠢ︔ ᠬᠥᠮᠥᠨ ᠬᠡᠷᠡᠭᠯᠡᠬᠦ ᠨᠢᠭᠡᠴᠢ  ᠭᠡᠷ᠎ᠡ ᠶᠢᠨ ᠳᠣᠲᠣᠷᠠᠬᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠲᠠᠢ ᠬᠥᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠳᠤ 30 ᠡᠳᠦᠷ ᠤᠨ ᠡᠮᠦᠨ᠎ᠡ ᠪᠢᠴᠢᠭ ᠤᠨ ᠬᠡᠯᠪᠡᠷᠢ ᠪᠠᠷ ᠲᠤᠰ ᠬᠥᠮᠥᠨ ᠳᠤᠨᠢ ᠮᠡᠳᠡᠭᠳᠡᠬᠦ ᠬᠡᠷᠡᠭᠲᠡᠢ᠃       ᠬᠥᠮᠥᠨ ᠬᠡᠷᠡᠭᠯᠡᠬᠦ ᠨᠢᠭᠡᠴᠡ ᠨᠢ ᠠᠵᠢᠯᠳᠠᠨ ᠤ ᠬᠥᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠣᠯᠭᠠᠭᠰᠠᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ᠂ ᠬᠥᠮᠥᠰ ᠤᠨ ᠨᠡᠷᠡᠰ ᠢ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠵᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠢ ᠬᠥᠮᠥᠨ ᠬᠡᠷᠡᠭᠯᠡᠬᠦ ᠨᠢᠭᠡᠴᠢ ᠶᠢᠨ ᠰᠠᠨᠠᠯ ᠪᠣᠯᠣᠨ ᠠᠵᠢᠯ ᠤᠨ ᠪᠠᠶᠢᠷᠢ ᠶᠢᠨ ᠰᠣᠯᠠ ᠪᠠᠶᠢᠭ᠎ᠠ ᠪᠠᠶᠢᠳᠠᠯ ᠢ ᠦᠨᠳᠦᠰᠦᠯᠡᠨ ᠂ ᠠᠵᠢᠯ ᠣᠯᠬᠤ ᠳᠤ ᠬᠦᠴᠢᠷᠲᠡᠢ ᠪᠤᠰᠤᠳ ᠬᠥᠮᠥᠰ ᠢ ᠲᠠᠨᠢᠯᠴᠠᠭᠤᠯᠬᠤ ᠪᠠᠷ ᠳᠠᠮᠵᠢᠭᠤᠯᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠪᠠᠨ ᠨᠥᠬᠦᠪᠦᠷᠢᠯᠡᠬᠦ ᠪᠤᠶᠤ ᠳᠠᠭᠢᠵᠤ ᠨᠡᠶᠢᠲᠡᠯᠡᠬᠦ ᠪᠠᠷ ᠳᠠᠮᠵᠢᠭᠤᠯᠤᠨ ᠢᠯᠡ ᠪᠠᠷ ᠡᠯᠰᠡᠨ ᠬᠡᠷᠡᠭᠯᠡᠬᠦ ᠬᠡᠷᠡᠭᠲᠡᠢ᠃       ᠬᠤᠷᠢᠨ ᠬᠤᠶᠠᠳᠤᠭᠠᠷ ᠵᠦᠢᠯ    ᠠᠵᠢᠯ ᠣᠯᠬᠤ ᠳᠤ ᠬᠦᠴᠢᠷᠲᠡᠢ ᠬᠥᠮᠥᠰ ᠢ ᠲᠥᠪᠬᠢᠨᠡᠭᠦᠯᠬᠦ ᠳᠤ ᠬᠠᠩᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠥᠭᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠥᠳᠡᠯᠮᠦᠷᠢ ᠶᠢᠨ ᠭᠡᠷ᠎ᠡ ᠳᠤ ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢᠨ ᠲᠣᠭᠲᠠᠮᠠᠯ ᠬᠤᠭᠤᠴᠠᠭ᠎ᠠ ᠦᠭᠡᠢ ᠬᠥᠳᠡᠯᠮᠦᠷᠢ ᠶᠢᠨ ᠭᠡᠷ᠎ᠡ ᠶᠢᠨ ᠬᠤᠯᠪᠣᠭᠳᠠᠯ ᠪᠦᠬᠦᠢ ᠲᠣᠭᠲᠠᠭᠠᠯ ᠵᠢᠴᠢ ᠠᠵᠤ ᠠᠬᠤᠢ ᠶᠢᠨ ᠨᠥᠬᠦᠪᠦᠷᠢ ᠥᠭᠬᠦ ᠲᠣᠭᠲᠠᠭᠠᠯ ᠢ ᠬᠡᠷᠡᠭᠯᠡᠬᠦ ᠦᠭᠡᠢ᠃        ᠵᠢᠷᠭᠤᠳᠤᠭᠠᠷ ᠪᠦᠯᠦᠭ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠵᠠᠰᠠᠭ ᠤᠨ ᠣᠷᠳᠣᠨ ᠤ ᠨᠥᠬᠦᠪᠦᠷᠢ ᠶᠢᠨ ᠪᠠᠷᠢᠮᠵᠢᠶ᠎ᠠ᠂ ᠭᠤᠶᠤᠴᠢᠯᠠᠬᠤ ᠪᠠ ᠰᠠᠯᠭᠠᠨ ᠥᠭᠬᠦ        ᠬᠤᠷᠢᠨ ᠭᠤᠷᠪᠠᠳᠤᠭᠠᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠵᠠᠰᠠᠭ ᠤᠨ ᠣᠷᠳᠣᠨ ᠤ ᠨᠥᠬᠦᠪᠦᠷᠢ ᠨᠢ ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠬᠤᠶᠠᠷ ᠬᠡᠰᠡᠭ ᠢᠶᠠᠷ ᠪᠦᠷᠢᠯᠳᠦᠵᠦ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠳᠤ ᠬᠥᠮᠥᠨ ᠬᠡᠷᠡᠭᠯᠡᠬᠦ ᠨᠢᠭᠡᠴᠢ ᠶᠢᠨ ᠲᠤᠰᠢᠶᠠᠭᠰᠠᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠵᠠᠷᠤᠳᠠᠯ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠵᠠᠷᠤᠳᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠪᠠᠭᠲᠠᠨ᠎ᠠ᠃       ᠬᠥᠮᠥᠨ ᠬᠡᠷᠡᠭᠯᠡᠬᠦ ᠨᠢᠭᠡᠴᠢ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠲᠠᠢ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠤ ᠲᠠᠷᠠᠭ᠎ᠠ ᠬᠥᠳᠡᠯᠮᠦᠷᠢ ᠶᠢᠨ ᠭᠡᠷ᠎ᠡ ᠳᠤ ᠪᠣᠯᠵᠣᠨ ᠲᠣᠭᠲᠠᠭᠰᠠᠨ ᠤᠴᠢᠷ ᠶᠠᠪᠤᠳᠠᠯ ᠢ ᠦᠨᠳᠦᠰᠦᠯᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠥᠮᠥᠰ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢᠨ ᠬᠠᠮᠲᠤ ᠨᠡᠶᠢᠭᠡᠮ ᠤᠨ ᠳᠠᠭᠠᠳᠬᠠᠯ ᠢ ᠬᠠᠤᠯᠢ ᠶᠣᠰᠣᠭᠠᠷ ᠲᠤᠰᠢᠶᠠᠬᠤ ᠬᠡᠷᠡᠭᠲᠡᠢ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ  ᠶᠢᠨ ᠠᠵᠢᠯᠳᠠᠨ ᠲᠣᠭᠲᠠᠭᠠᠯ ᠶᠣᠰᠣᠭᠠᠷ ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠬᠦᠷᠳᠡᠵᠦ᠂ ᠬᠥᠮᠥᠨ ᠬᠡᠷᠡᠭᠯᠡᠬᠦ ᠨᠢᠭᠡᠴᠢ ᠠᠴᠠ ᠣᠷᠣᠯᠠᠨ ᠮᠡᠳᠡᠭᠦᠯᠦᠨ᠎ᠡ᠃       ᠬᠤᠷᠢᠨ ᠳᠥᠷᠪᠡᠳᠦᠭᠡᠷ ᠵᠦᠢᠯ   ᠠᠵᠢᠯ ᠤᠨ ᠪᠠᠶᠢᠷᠢ ᠶᠢᠨ ᠨᠥᠬᠦᠪᠦᠷᠢ ᠶᠢᠨ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠲᠣᠰ ᠵᠢᠯ ᠤᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠠᠴᠠ ᠦᠨᠳᠦᠷ ᠪᠠᠶᠢᠵᠣ ᠪᠤᠯᠬᠤ ᠦᠭᠡᠢ᠃ ᠲᠤᠬᠠᠢ ᠶᠢᠨ ᠭᠠᠵᠠᠷ ᠤᠨ ᠲᠣᠰ ᠵᠢᠯ ᠤᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠳᠡᠭᠡᠨ᠂ ᠠᠵᠢᠯ ᠤᠨ ᠪᠠᠶᠢᠷᠢ ᠶᠢᠨ ᠨᠥᠬᠦᠪᠦᠷᠢ ᠶᠢᠨ ᠪᠠᠷᠢᠮᠵᠢᠶ᠎ᠠ ᠳᠤ ᠴᠠᠭ ᠳᠣᠬᠠᠢ ᠳᠤᠨᠢ ᠲᠤᠬᠢᠷᠠᠭᠤᠯᠤᠯᠳᠠ ᠬᠢᠬᠦ ᠬᠡᠷᠡᠭᠳᠡᠢ᠃       ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ  ᠶᠢᠨ ᠠᠵᠢᠯᠳᠠᠨ ᠤ ᠵᠠᠰᠠᠭ ᠤᠨ ᠣᠷᠳᠣᠨ ᠤ ᠨᠥᠬᠦᠪᠦᠷᠢ ᠶᠢ ᠰᠠᠷ᠎ᠠ ᠪᠠᠷ ᠲᠤᠭ᠎ᠠ ᠶᠣᠰᠣᠭᠠᠷ ᠬᠤᠪᠢᠶᠠᠬᠤ ᠬᠡᠷᠡᠭᠳᠡᠢ᠃       ᠬᠤᠷᠢᠨ ᠲᠠᠪᠤᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠲᠣᠭᠲᠠᠭᠠᠯ ᠶᠣᠰᠣᠭᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠳᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠭᠦᠢᠴᠡᠳᠬᠡᠵᠦ ᠥᠭᠭᠦᠨ᠎ᠡ᠃       ᠲᠣᠭᠲᠠᠭᠠᠯ ᠶᠣᠰᠣᠭᠠᠷ ᠬᠤᠪᠢ ᠬᠥᠮᠥᠨ ᠤ ᠲᠤᠰᠢᠶᠠᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠥᠪᠡᠷ ᠢᠶᠠᠨ ᠡᠭᠦᠷᠭᠡᠯᠡᠨ᠎ᠡ᠃ ᠬᠤᠪᠢ ᠬᠥᠮᠥᠨ ᠤ ᠲᠤᠰᠢᠶᠠᠬᠤ ᠶᠣᠰᠣᠲᠠᠢ ᠬᠡᠰᠡᠭ ᠢ ᠬᠥᠮᠥᠨ ᠬᠡᠷᠡᠭᠯᠡᠬᠦ ᠨᠢᠭᠡᠴᠢ ᠠᠴᠠ ᠣᠷᠣᠯᠠᠨ ᠰᠠᠭᠤᠯᠭᠠᠨ ᠠᠪᠴᠤ ᠣᠷᠣᠯᠠᠨ ᠲᠤᠰᠢᠶᠠᠨ᠎ᠠ᠃       ᠬᠤᠷᠢᠨ ᠵᠢᠷᠭᠤᠳᠤᠭᠠᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠳᠤ ᠠᠵᠢᠯ ᠠᠴᠠ ᠪᠣᠯᠤᠭᠰᠠᠨ ᠭᠡᠮᠲᠦᠯ ᠤᠨ ᠡ᠊ᠨᠳᠡᠯ ᠭᠠᠷᠤᠭᠰᠠᠨ ᠤ ᠲᠠᠷᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠠᠷᠠᠭᠠᠯᠵᠠᠯ ᠢ ᠬᠦᠷᠳᠡᠨ᠎ᠠ︔ ᠠᠵᠢᠯ ᠠᠯᠳᠠᠭᠰᠠᠨ ᠤ ᠲᠠᠷᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠲᠣᠭᠲᠠᠭᠠᠯ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠤᠨ ᠬᠠᠷᠠᠭᠠᠯᠵᠠᠯ ᠢ ᠬᠦᠷᠳᠡᠨ᠎ᠠ᠃ ᠡᠪᠡᠳᠴᠢᠨ ᠢᠶᠠᠷ ᠪᠤᠶᠤ ᠠᠵᠢᠯ ᠤᠨ ᠪᠤᠰᠤ ᠰᠢᠯᠲᠠᠭᠠᠨ ᠢᠶᠠᠷ ᠦᠬᠦᠭᠰᠡᠨ ᠪᠥᠭᠡᠳ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠣᠷᠣᠰᠢᠭᠤᠯᠭ᠎ᠠ ᠶᠢᠨ ᠨᠥᠬᠦᠪᠦᠷᠢ ᠪᠠ ᠨᠢᠭᠡ ᠤᠳᠠᠭ᠎ᠠ ᠶᠢᠨ ᠴᠢᠨᠠᠷᠲᠠᠢ ᠠᠰᠠᠷᠠᠮᠵᠢ ᠶᠢᠨ ᠵᠠᠷᠤᠳᠠᠯ ᠥᠭᠭᠦᠨ᠎ᠡ᠃       ᠬᠤᠷᠢᠨ ᠳᠣᠯᠣᠳᠤᠭᠠᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠬᠤᠭᠤᠴᠠᠭ᠎ᠠ ᠶᠢ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤ ᠬᠦᠷᠲᠡᠯ᠎ᠡ 5 ᠵᠢᠯ ᠬᠦᠷᠬᠦ ᠦᠭᠡᠢ ᠬᠥᠮᠥᠰ ᠢ ᠠᠵᠢᠯ ᠠᠴᠠ ᠪᠠᠭᠤᠵᠤ ᠠᠮᠠᠷᠠᠬᠤ ᠪᠣᠯᠲᠠᠯ᠎ᠠ ᠤᠷᠲᠤᠳᠬᠠᠵᠤ ᠪᠣᠯᠬᠤ ᠠᠴᠠ ᠭᠠᠳᠠᠨ᠎ᠠ᠂ ᠪᠤᠰᠤᠳ ᠬᠥᠮᠥᠰ ᠤᠨ ᠠᠵᠢᠯ ᠤᠨ ᠪᠠᠶᠢᠷᠢ ᠶᠢᠨ ᠨᠥᠬᠦᠪᠦᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠬᠤᠭᠤᠴᠠᠭ᠎ᠠ ᠶᠢ ᠬᠠᠮᠤᠭ ᠤᠨ ᠤᠷᠳᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠵᠠᠰᠠᠭ ᠤᠨ ᠣᠷᠳᠣᠨ ᠤ ᠨᠥᠬᠦᠪᠦᠷᠢ ᠳᠤ ᠤᠷᠢᠳᠠᠪᠠᠷ ᠲᠤᠰᠢᠶᠠᠵᠤ ᠳᠠᠷᠠᠭ᠎ᠠ ᠨᠢ ᠨᠥᠬᠦᠪᠦᠷᠢᠯᠡᠬᠦ ᠶᠢ ᠬᠡᠷᠡᠭᠵᠢᠭᠦᠯᠵᠦ᠂ ᠬᠥᠮᠥᠨ ᠬᠡᠷᠡᠭᠯᠡᠬᠦ ᠨᠢᠭᠡᠴᠢ ᠠᠴᠠ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠤᠨ ᠶᠣᠰᠣᠭᠠᠷ ᠰᠠᠷ᠎ᠠ ᠪᠦᠷᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠨᠢᠭᠡᠳᠦᠯᠲᠡᠢ ᠭᠤᠶᠤᠴᠢᠯᠠᠵᠤ ᠬᠠᠷᠭᠤᠭᠤᠯᠤᠨ ᠣᠯᠭᠤᠨ᠎ᠠ᠃       ᠡᠭᠦᠨ ᠤ ᠬᠠᠮᠲᠤ᠂ ᠠᠵᠢᠯ ᠣᠯᠬᠤ ᠳᠤ ᠬᠦᠴᠢᠷᠲᠡᠢ ᠬᠥᠮᠥᠰ ᠤᠨ ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢ ᠡᠳ᠋ ᠤᠨ ᠵᠠᠰᠠᠭ ᠤᠨ ᠶᠠᠮᠤᠨ ᠂ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ︽ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠡᠳ᠋ ᠤᠨ ᠵᠠᠰᠠᠭ ᠬᠦᠮᠦᠨ ᠨᠡᠶᠢᠬᠡᠮ ﹇2017﹈ 164 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠤᠶᠠᠳᠤᠭᠠᠷ ᠪᠦᠯᠦᠭ ᠤᠨ ᠳᠥᠷᠪᠡᠳᠦᠭᠡᠷ ᠵᠦᠢᠯ ︽ᠠᠵᠢᠯ ᠣᠯᠬᠤ ᠳᠤ ᠬᠦᠴᠢᠷᠲᠡᠢ ᠬᠥᠮᠥᠰ ᠤᠨ ᠠᠳᠠᠯᠢ ᠨᠢᠭᠡᠨ ᠲᠥᠷᠥᠯ ᠵᠦᠢᠯ ᠤᠨ ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ  ᠶᠢᠨ ᠨᠥᠬᠦᠪᠦᠷᠢ ᠬᠢᠭᠡᠳ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠲᠠᠢ ᠳᠠᠪᠬᠤᠷᠳᠠᠵᠤ ᠪᠠᠶᠢᠪᠠᠯ᠂ ᠬᠤᠪᠢ ᠬᠥᠮᠥᠨ ᠪᠠ ᠨᠢᠭᠡᠴᠢ  ᠳᠠᠪᠬᠤᠷ ᠡᠳ᠋ᠯᠡᠵᠦ ᠪᠣᠯᠬᠤ ᠦᠭᠡᠢ︾ ᠱᠠᠭᠠᠷᠳᠠᠯᠭ᠎ᠠ ᠶᠢ ᠬᠡᠷᠡᠭᠵᠢᠬᠦᠯᠬᠦ ᠬᠡᠷᠡᠭᠳᠡᠢ᠃       ᠬᠤᠷᠢᠨ ᠨᠠᠢᠮᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠵᠠᠰᠠᠭ ᠤᠨ ᠣᠷᠳᠣᠨ ᠤ ᠨᠥᠬᠦᠪᠦᠷᠢ ᠶᠢ ᠭᠤᠶᠤᠴᠢᠯᠠᠬᠤ ᠳᠠᠭᠠᠨ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄       ︵ᠨᠢᠭᠡ︶ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠪᠠ ᠠᠵᠢᠯ ᠤᠨ ᠪᠠᠶᠢᠷᠢ ᠶᠢᠨ ᠨᠥᠬᠦᠪᠦᠷᠢ ᠶᠢᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 4︶︔       ︵ᠬᠤᠶᠠᠷ︶ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠪᠠ ᠠᠵᠢᠯ ᠤᠨ ᠪᠠᠶᠢᠷᠢ ᠶᠢᠨ ᠨᠥᠬᠦᠪᠦᠷᠢ ᠶᠢᠨ ᠨᠡᠷᠡᠰ ᠤᠨ ᠪᠦᠷᠢᠳᠬᠡᠯ︾ ︵ᠳᠠᠭᠠᠯᠳᠤᠭᠤᠯᠤᠯ 5︶︔       ︵ᠭᠤᠷᠪᠠ︶ ᠨᠥᠬᠦᠪᠦᠷᠢ ᠥᠭᠬᠦ ᠡᠲᠡᠭᠡᠳ ᠤᠨ ᠲᠤᠰ ᠬᠥᠮᠥᠨ ᠤ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠵᠢᠴᠢ ︽ᠠᠵᠢᠯ ᠣᠯᠭᠤᠯᠲᠠ ᠠᠵᠢᠯ ᠠᠯᠳᠠᠯᠲᠠ ᠶᠢᠨ ᠳᠠᠩᠰᠠᠯᠠᠯᠲᠠ ᠶᠢᠨ ᠦᠨᠡᠮᠯᠡᠯ︾ ᠤᠨ ᠬᠠᠭᠤᠯᠪᠤᠷᠢ︔       ︵ᠳᠥᠷᠪᠡ︶ ᠬᠥᠳᠡᠯᠮᠦᠷᠢ ᠶᠢᠨ ᠭᠡᠷ᠎ᠡ ᠶᠢᠨ ᠪᠢᠴᠢᠭ ᠵᠢᠴᠢ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠠᠵᠢᠯ ᠤᠨ ᠪᠠᠶᠢᠷᠢ ᠶᠢᠨ ᠨᠥᠬᠦᠪᠦᠷᠢ ᠣᠯᠭᠤᠬᠤ ᠬᠦᠰᠦᠨᠦᠭᠲᠦ︔       ︵ᠲᠠᠪᠤ︶ ᠨᠡᠶᠢᠭᠡᠮ ᠤᠨ ᠳᠠᠭᠠᠳᠬᠠᠯ ᠭᠦᠢᠴᠡᠳᠬᠡᠭᠰᠡᠨ ᠮᠡᠳᠡᠭᠦᠯᠬᠦ ᠬᠦᠰᠦᠨᠦᠭᠲᠦ ᠪᠠ ᠬᠢᠨᠠᠨ ᠳᠣᠭᠳᠠᠭᠠᠭᠰᠠᠨ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ︔       ︵ᠵᠢᠷᠭᠤᠭ᠎ᠠ︶ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠱᠠᠭᠠᠷᠳᠠᠭᠰᠠᠨ ᠪᠤᠰᠤᠳ ᠮᠠᠲ᠋ᠧᠷᠢᠶᠠᠯ᠃       ᠬᠤᠷᠢ ᠶᠢᠰᠦᠳᠦᠭᠡᠷ ᠵᠦᠢᠯ   ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠢ ᠬᠥᠮᠥᠨ ᠬᠡᠷᠡᠭᠯᠡᠬᠦ ᠨᠢᠭᠡᠴᠢ ᠶᠢᠨ ᠮᠡᠳᠡᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠵᠠᠰᠠᠭ ᠤᠨ ᠣᠷᠳᠣᠨ ᠤ ᠨᠥᠬᠦᠪᠦᠷᠢ ᠶᠢᠨ ᠭᠤᠶᠤᠴᠢᠯᠠᠯ ᠳᠤ ᠠᠩᠬᠠᠨ ᠤ ᠬᠢᠨᠠᠯᠲᠠ ᠬᠢᠬᠦ ᠶᠢᠨ ᠬᠠᠮᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠵᠠᠰᠠᠭ ᠤᠨ ᠣᠷᠳᠣᠨ ᠤ ᠨᠥᠬᠦᠪᠦᠷᠢ ᠶᠢ ᠬᠥᠮᠥᠨ ᠬᠡᠷᠡᠭᠯᠡᠬᠦ ᠨᠢᠭᠡᠴᠢ ᠳᠤ ᠥᠭᠬᠦᠨ᠎ᠡ᠃        ᠳᠣᠯᠣᠳᠤᠭᠠᠷ ᠪᠦᠯᠦᠭ   ᠬᠢᠨᠠᠯᠳᠠ ᠳᠠᠯᠪᠢᠵᠤ ᠬᠠᠮᠢᠶᠠᠷᠬᠤ        ᠭᠤᠴᠢᠳᠤᠭᠠᠷ ᠵᠦᠢᠯ   ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠢᠨᠠᠯᠳᠠ ᠳᠠᠯᠪᠢᠵᠤ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠬᠥᠮᠥᠨ ᠬᠡᠷᠡᠭᠯᠡᠬᠦ ᠨᠢᠭᠡᠴᠢ ᠶᠢᠨ ᠬᠡᠷᠡᠭᠯᠡᠯᠲᠡ᠂ ᠬᠥᠳᠡᠯᠮᠦᠷᠢ ᠶᠢᠨ ᠭᠡᠷ᠎ᠡ ᠲᠣᠭᠲᠠᠭᠰᠠᠨ᠂ ᠣᠯᠭᠤᠮᠵᠢ ᠶᠢ ᠨᠠᠶᠢᠳᠠᠪᠤᠷᠢᠵᠢᠭᠤᠯᠤᠭᠰᠠᠨ ᠵᠢᠴᠢ ᠠᠵᠢᠯ ᠤᠨ ᠪᠠᠶᠢᠷᠢ ᠳᠤ ᠪᠠᠶᠢᠬᠤ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ ᠦᠭᠡᠢ ᠪᠠᠶᠢᠪᠠᠯ᠂ ᠠᠵᠢᠯ ᠤᠨ ᠪᠠᠶᠢᠷᠢ ᠶᠢᠨ ᠢᠯᠡᠳᠬᠡᠪᠦᠷᠢ ᠶᠢ ᠨᠢ ᠬᠤᠷᠢᠶᠠᠨ ᠠᠪᠤᠨ᠎ᠠ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠰᠢᠨᠵᠢ ᠴᠢᠨᠠᠷ ᠲᠤ ᠨᠡᠶᠢᠴᠡᠬᠦ ᠦᠭᠡᠢ ᠶᠢ ᠪᠤᠴᠠᠭᠠᠨ᠎ᠠ᠃       ᠭᠤᠴᠢᠨ ᠨᠢᠭᠡᠳᠦᠭᠡᠷ ᠵᠦᠢᠯ   ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠠᠰᠢᠭᠯᠠᠬᠤ ᠬᠠᠮᠢᠶᠠᠷᠬᠤ᠂ ᠬᠢᠨᠠᠨ ᠪᠠᠶᠢᠴᠠᠭᠠᠵᠤ ᠬᠢᠨᠠᠨ ᠰᠢᠯᠭᠠᠬᠤ᠂ ᠵᠠᠷᠯᠠᠨ ᠤᠷᠢᠵᠤ ᠬᠡᠷᠡᠭᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠬᠤ ᠬᠠᠮᠢᠶ᠎ᠠ ᠪᠦᠬᠦᠢ ᠨᠢᠭᠡᠴᠢ ᠪᠣᠯᠣᠨ ᠭᠠᠷᠳᠠᠨ ᠬᠢᠭᠰᠡᠨ ᠠᠵᠢᠯᠳᠠᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠯᠪᠠᠨ ᠲᠤᠰᠢᠶᠠᠯ ᠳᠠᠭᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠣᠯ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃       ᠭᠤᠴᠢᠨ ᠬᠤᠶᠠᠳᠤᠭᠠᠷ ᠵᠦᠢᠯ   ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠬᠥᠮᠥᠨ ᠬᠡᠷᠡᠭᠯᠡᠬᠦ ᠨᠢᠭᠡᠴᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠳᠠᠨ ᠤ ᠵᠠᠰᠠᠭ ᠤᠨ ᠣᠷᠳᠣᠨ ᠤ ᠨᠥᠬᠦᠪᠦᠷᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠤᠳᠠᠯ ᠬᠡᠯᠡᠵᠦ ᠬᠠᠭᠤᠷᠮᠠᠭᠯᠠᠨ ᠵᠤᠬᠢᠶᠠᠭᠰᠠᠨ᠂ ᠨᠡᠷ᠎ᠡ ᠣᠷᠣᠯᠠᠭᠰᠠᠨ᠂ ᠲᠥᠷᠥ ᠶᠢᠨ ᠪᠣᠳᠣᠯᠭ᠎ᠠ ᠶᠢ ᠵᠥᠷᠢᠴᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠭᠠᠷᠬᠤ ᠬᠢᠷᠢ ᠬᠡᠮ᠂ ᠠᠵᠢᠯ ᠤᠨ ᠪᠠᠶᠢᠷᠢ ᠶᠢᠨ ᠣᠷᠣᠨ ᠲᠤᠭ᠎ᠠ ᠶᠢ ᠣᠯᠣᠭᠰᠠᠨ ᠪᠠᠶᠢᠪᠠᠯ᠂ ᠲᠡᠳᠡᠨ ᠤ ᠠᠵᠢᠯ ᠤᠨ ᠪᠠᠶᠢᠷᠢ ᠳᠤ ᠭᠠᠷᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ︔ ᠵᠠᠰᠠᠭ ᠤᠨ ᠣᠷᠳᠣᠨ ᠤ ᠨᠥᠬᠦᠪᠦᠷᠢ ᠶᠢ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠳᠠᠯᠳᠠᠭᠤᠷ ᠬᠤᠪᠢᠶᠠᠯᠴᠠᠵᠤ ᠨᠡᠭᠦᠯᠭᠡᠨ ᠬᠡᠷᠡᠭᠯᠡᠭᠰᠡᠨ᠂ ᠮᠡᠬᠡᠯᠡᠨ ᠠᠪᠤᠭᠰᠠᠨ ᠪᠠᠶᠢᠪᠠᠯ᠂ ᠪᠡᠯᠡ ᠮᠥᠩᠭᠦ ᠶᠢ ᠨᠡᠬᠡᠮᠵᠢᠯᠡᠨ ᠠᠪᠴᠢᠷᠠᠬᠤ ᠠᠴᠠ ᠭᠠᠳᠠᠨ᠎ᠠ ᠪᠠᠰᠠ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃       ᠭᠤᠴᠢᠨ ᠭᠤᠷᠪᠠᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠵᠠᠰᠠᠭ ᠤᠨ ᠣᠷᠳᠣᠨ ᠤ ᠨᠥᠬᠦᠪᠦᠷᠢ ᠶᠢᠨ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠵᠦ᠂ ᠲᠣᠭᠲᠠᠭᠠᠯ ᠶᠣᠰᠣᠭᠠᠷ ᠬᠡᠷᠡᠭᠯᠡᠬᠦ ᠶᠢᠨ ᠬᠠᠮᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠬᠢᠨᠠᠨ ᠪᠤᠳᠤᠬᠤ ᠪᠠ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃ᠭᠤᠴᠢᠨ ᠳᠥᠷᠪᠡᠳᠦᠭᠡᠷ ᠵᠦᠢᠯ   ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ   ᠭᠦᠭᠵᠢᠭᠦᠯᠦᠭᠰᠡᠨ᠂ ᠡᠯᠰᠡᠨ ᠬᠡᠷᠡᠭᠯᠡᠭᠰᠡᠨ ᠪᠠ ᠨᠥᠬᠦᠪᠦᠷᠢ ᠪᠡᠯᠡ ᠮᠥᠩᠭᠦ ᠲᠠᠷᠬᠠᠭᠠᠭᠰᠠᠨ ᠪᠠᠶᠢᠳᠠᠯ ᠢ ᠪᠦᠬᠦᠨ ᠢ ᠠᠵᠢᠯ ᠣᠯᠭᠤᠯᠲᠠ ᠠᠵᠢᠯ ᠠᠯᠳᠠᠯᠲᠠ ᠪᠠ ᠬᠥᠳᠡᠯᠮᠦᠷᠢ ᠠᠵᠢᠯᠴᠢᠨ ᠬᠡᠷᠡᠭᠯᠡᠬᠦ ᠶᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠦᠨᠡᠨ ᠨᠡᠷ᠎ᠡ ᠶᠢᠨ ᠳᠦᠷᠢᠮ ᠤᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃        ᠨᠠᠢᠮᠠᠳᠤᠭᠠᠷ ᠪᠦᠯᠦᠭ    ᠳᠠᠭᠠᠯᠳᠣᠭᠤᠯᠤᠭᠰᠠᠨ ᠳᠦᠷᠢᠮ        ᠭᠤᠴᠢᠨ ᠲᠠᠪᠤᠳᠤᠭᠠᠷ ᠵᠦᠢᠯ   ᠲᠣᠰ ᠠᠷᠭ᠎ᠠ ᠶᠢ ᠬᠢᠶ᠎ᠠ ᠪᠠᠭᠰᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃       ᠭᠤᠴᠢᠨ ᠵᠢᠷᠭᠤᠳᠤᠭᠠᠷ ᠵᠦᠢᠯ   ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  
ᠢᠷᠡᠯᠲᠡ᠄ ᠳᠣᠰ ᠰᠦᠯᠵᠢᠶ᠎ᠡ