ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ 〔2022〕 68 ᠳ᠋ᠤᠭᠠᠷ ᠲᠣᠭᠠᠲᠤ | | | ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ | ᠬᠡᠷᠡᠭᠵᠢᠭᠦᠯᠬᠦ ᠲᠥᠰᠥᠯ ︵2022 ︱ 2024 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ | ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠭᠤᠷᠪᠠᠨ ᠵᠢᠯ ᠤᠨ | ᠠᠵᠢᠯᠯᠠᠭᠠᠨ ᠤ ᠬᠡᠷᠡᠭᠵᠢᠭᠦᠯᠬᠦ ᠲᠥᠰᠥᠯ ︵2022 ︱ 2024 ᠣᠨ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | 2022 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠢ | ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠥᠯ ︵2022 ︱ 2024 ᠣᠨ︶ | | | | ︽ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2022 ︱ 2024 ᠣᠨ︶ ᠢ | ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 6 | ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠠᠵᠢᠯ | ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠢᠯ | ᠣᠯᠭᠤᠯᠲᠠ ᠶᠢ ᠠᠬᠢᠭᠤᠯᠬᠤ ᠲᠥᠯᠦᠪᠵᠢᠭᠦᠯᠭᠡ︾ ︽︿ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭᠠᠨ﹀ ᠤ ᠬᠡᠷᠡᠭᠵᠢᠭᠦᠯᠬᠦ ᠲᠥᠰᠥᠯ ︵2022 ︱ | 2025 ᠣᠨ︶︾ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠵᠡᠮᠳᠡᠭᠴᠦᠳ ᠲᠤ ᠭᠦᠢᠴᠡᠳ ᠠᠵᠢᠯ ᠣᠯᠭᠤᠬᠤ ᠶᠢ ᠲᠦᠷᠭᠡᠳᠬᠡᠨ | ᠠᠬᠢᠭᠤᠯᠵᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ | ᠲᠣᠭᠲᠠᠭᠠᠪᠠ᠃ | ᠨᠢᠭᠡ᠂ ᠭᠤᠣᠯ ᠬᠠᠷᠠᠯᠲᠠ | 2022 ︱ 2024 ᠣᠨ ᠳᠤ᠂ ᠪᠥᠬᠦ ᠣᠷᠣᠨ ᠤ ᠬᠤᠲᠠ ᠬᠥᠳᠡᠭᠡ ᠶᠢᠨ 2.4 ᠲᠦᠮᠡᠨ ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠵᠤ᠂ | ᠠᠵᠢᠯ ᠣᠯᠬᠤ ᠬᠦᠰᠡᠯ ᠪᠠ ᠴᠢᠳᠠᠪᠤᠷᠢ ᠲᠠᠢ ︽ᠭᠡᠷ ᠪᠦᠯᠢ ᠪᠠᠷ ᠢᠶᠠᠨ ᠠᠵᠢᠯ ᠦᠭᠡᠢ︾ ᠵᠡᠮᠳᠡᠭᠴᠦᠳ ᠤᠨ ᠭᠡᠷ ᠪᠦᠯᠢ ᠳᠤ ᠨᠠᠭᠠᠲᠤ ᠵᠠᠬ᠎ᠠ ᠳᠤ ᠪᠠᠨ 1 ᠬᠥᠮᠥᠨ ᠳᠤ ᠨᠢ | ᠠᠵᠢᠯ ᠣᠯᠭᠤᠬᠤ ᠶᠢ ᠪᠠᠲᠤᠯᠠᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠪᠣᠳᠠᠲᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠢ 3 ᠲᠦᠮᠡᠨ | ᠬᠥᠮᠥᠨ ᠤᠳᠠᠭ᠎ᠠ ᠥᠷᠨᠢᠭᠦᠯᠦᠨ᠎ᠡ᠃ ᠠᠵᠢᠯ ᠣᠯᠬᠤ ᠬᠦᠰᠡᠯ ᠪᠠ ᠴᠢᠳᠠᠪᠤᠷᠢ ᠲᠠᠢ ᠵᠡᠮᠳᠡᠭᠴᠦᠳ ᠲᠤ ᠤᠯᠠᠮ ᠰᠢᠯᠢᠳᠡᠭ ᠠᠵᠢᠯ ᠣᠯᠭᠤᠯᠲᠠ ᠶᠢᠨ ᠦᠢᠯᠡᠴᠢᠯᠡᠭᠡ | ᠬᠠᠩᠭᠠᠨ᠂ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠡᠮᠳᠡᠭᠴᠦᠳ ᠤᠨ ᠠᠵᠢᠯ ᠣᠯᠬᠤ ᠡᠷᠬᠡ | ᠠᠰᠢᠭ ᠢ ᠤᠯᠠᠮ ᠰᠠᠶᠢᠲᠤᠷ ᠪᠠᠲᠤᠯᠠᠨ᠂ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠤᠯᠠᠮ | ᠲᠡᠭᠦᠯᠳᠡᠷᠵᠢᠭᠦᠯᠦᠨ᠂ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠣᠶᠢᠯᠠᠭᠠᠬᠤ᠂ ᠬᠠᠯᠠᠮᠵᠢᠯᠠᠬᠤ᠂ ᠳᠡᠮᠵᠢᠬᠦ ᠰᠠᠶᠢᠨ ᠰᠠᠶᠢᠬᠠᠨ ᠨᠡᠶᠢᠭᠡᠮ ᠤᠨ ᠣᠷᠴᠢᠨ | ᠨᠥᠬᠦᠴᠡᠯ ᠢ ᠪᠣᠶ ᠪᠣᠯᠭᠠᠬᠤ ᠶᠢ ᠠᠬᠢᠭᠤᠯᠤᠨ᠎ᠠ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠲᠦᠷᠦᠭᠦᠯᠡᠨ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠬᠤ ᠠᠵᠢᠯᠯᠠᠭᠠᠨ ᠢ | ᠬᠡᠷᠡᠭᠵᠢᠭᠦᠯᠦᠨ᠎ᠡ᠃ ᠡᠯ᠎ᠡ ᠱᠠᠲᠤᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠭᠰᠠᠨ ᠪᠠᠶᠢᠳᠠᠯ ᠢ ᠪᠦᠷᠢᠳᠬᠡᠬᠦ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠵᠡᠮᠳᠡᠭᠴᠦᠳ ᠢ ᠬᠠᠷᠢᠴᠠᠯ ᠶᠣᠰᠣᠭᠠᠷ ᠲᠣᠬᠢᠷᠠᠭᠤᠯᠤᠨ ᠠᠵᠢᠯ ᠣᠯᠭᠤᠬᠤ | ᠠᠵᠢᠯ ᠤᠨ ᠲᠥᠷᠥᠯ ᠵᠦᠢᠯ ᠢ ᠠᠬᠢᠭᠤᠯᠬᠤ ᠲᠥᠯᠥᠪᠯᠡᠭᠡ ᠶᠢ ᠲᠣᠭᠲᠠᠭᠠᠬᠤ ᠬᠡᠷᠡᠭᠲᠡᠢ᠃ 2024 ᠣᠨ ᠪᠣᠯᠬᠤ ᠳᠤ᠂ ᠣᠷᠣᠨ ᠲᠤᠭ᠎ᠠ ᠨᠢ 50 ᠬᠥᠮᠥᠨ ︵ᠪᠠᠭᠲᠠᠨ᠎ᠠ︶ | ᠠᠴᠠ ᠳᠡᠭᠡᠭᠰᠢᠬᠢ ᠥᠪᠡᠷᠲᠡᠭᠡᠨ ᠵᠠᠰᠠᠬᠤ ᠣᠷᠣᠨ ᠤ ᠱᠠᠲᠤ᠂ ᠠᠶᠢᠮᠠᠭ ᠬᠤᠳᠠ ᠶᠢᠨ ᠱᠠᠲᠤᠨ ᠤ ᠪᠠᠶᠢᠭᠤᠯᠭ᠎ᠠ ᠪᠠ ᠣᠷᠣᠨ ᠲᠤᠭ᠎ᠠ ᠨᠢ 67 ᠬᠥᠮᠥᠨ ︵ᠪᠠᠭᠲᠠᠨ᠎ᠠ︶ | ᠠᠴᠠ ᠳᠡᠭᠡᠭᠰᠢᠬᠢ ᠠᠵᠢᠯ ᠦᠢᠯᠡᠰ ᠤᠨ ᠨᠢᠭᠡᠴᠢ ︵ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠠᠴᠠ ᠭᠠᠳᠠᠨ᠎ᠠ︶ ᠶᠢᠨ ᠲᠣᠬᠢᠷᠠᠭᠤᠯᠤᠭᠰᠠᠨ | ᠵᠡᠮᠳᠡᠭᠴᠦᠳ ᠨᠢ ᠲᠣᠭᠲᠠᠭᠰᠠᠨ ᠬᠠᠷᠢᠴᠠᠯ ᠳᠤ ᠬᠥᠷᠥᠭᠰᠡᠨ ᠦᠭᠡᠢ ᠪᠣᠯ ᠨᠠᠭᠠᠲᠤ ᠵᠠᠬ᠎ᠠ ᠳᠤ ᠪᠠᠨ 1 ᠵᠡᠮᠳᠡᠭ ᠬᠥᠮᠥᠨ ᠢ ᠲᠣᠬᠢᠷᠠᠭᠤᠯᠵᠤ ᠠᠵᠢᠯ ᠣᠯᠭᠤᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠪᠠ ᠰᠢᠶᠠᠩ ᠪᠠᠯᠭᠠᠰᠤᠨ ᠤ ᠱᠠᠲᠤᠨ ᠤ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠨᠢ ᠣᠷᠣᠨ ᠲᠣᠭᠠᠨ ᠤ ᠶᠡᠷᠦᠩᠬᠡᠢ | ᠲᠤᠭ᠎ᠠ ᠪᠠᠨ ᠦᠨᠳᠦᠰᠦᠯᠡᠨ᠂ ᠨᠢᠭᠡᠳᠦᠯᠲᠡᠢ ᠲᠥᠯᠥᠪᠯᠡᠨ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠬᠡᠷᠡᠭᠲᠡᠢ᠃ ᠡᠯ᠎ᠡ ᠱᠠᠲᠤᠨ ᠤ | ᠵᠡᠮᠳᠡᠭᠴᠦᠳ ᠤᠨ ᠬᠤᠯᠪᠣᠭᠠᠲᠤ ᠬᠤᠷᠠᠯ ᠨᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠭᠰᠠᠨ ᠪᠠᠶᠢᠳᠠᠯ ᠢ ᠣᠨ ᠵᠢᠯ᠂ | ᠲᠡᠰ ᠳᠠᠪᠬᠤᠷᠭ᠎ᠠ ᠬᠤᠪᠢᠶᠠᠨ ᠪᠦᠷᠢᠳᠬᠡᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢ ᠰᠢᠮᠳᠠᠭᠤᠯᠵᠤ ᠪᠠᠶᠢᠭᠠᠳ | ᠵᠡᠮᠳᠡᠭᠴᠦᠳ ᠢ ᠳᠥᠪᠬᠢᠨᠡᠭᠦᠯᠦᠨ ᠠᠵᠢᠯ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ | ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠠᠯᠪᠠᠨ ᠭᠡᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠵᠡᠮᠳᠡᠭᠴᠦᠳ ᠤᠨ ᠬᠤᠯᠪᠣᠭᠠᠲᠤ ᠬᠤᠷᠠᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ᠃ ᠳᠠᠷᠠᠭᠠᠬᠢ ᠠᠭᠤᠯᠭ᠎ᠠ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ | ᠨᠠᠶᠢᠳᠠᠪᠤᠷᠢᠵᠢᠭᠤᠯᠬᠤ ᠪᠣᠯᠬᠤᠷ ᠳᠠᠭᠢᠵᠤ ᠵᠢᠭᠰᠠᠭᠠᠬᠤ ᠦᠭᠡᠢ︶ | ︵ᠬᠤᠶᠠᠷ︶ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠬᠤ ᠠᠵᠢᠯᠯᠠᠭᠠᠨ ᠢ ᠬᠡᠷᠡᠭᠵᠢᠭᠦᠯᠦᠨ᠎ᠡ᠃ | ᠡᠯ᠎ᠡ ᠭᠠᠵᠠᠷ ᠣᠷᠣᠨ ᠨᠢ ᠵᠢᠯ ᠪᠦᠷᠢ 1 ︱ 2 ᠤᠳᠠᠭᠠᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠮᠳᠡᠭᠴᠦᠳ ᠢ ᠲᠤᠰᠠᠯᠠᠨ ᠠᠵᠢᠯ ᠣᠯᠭᠤᠬᠤ ᠲᠤᠰᠬᠠᠢ | ᠲᠠᠯᠠᠪᠤᠷ ᠤᠨ ᠠᠵᠢᠯᠲᠠᠨ ᠤᠷᠢᠬᠤ ᠠᠵᠢᠯᠯᠠᠭ᠎ᠠ ᠶᠢ ᠲᠥᠪᠯᠡᠷᠡᠭᠦᠯᠵᠦ ᠵᠣᠬᠢᠶᠠᠨ ᠪᠠᠶᠢᠭᠤᠯᠵᠤ ᠥᠷᠨᠢᠭᠦᠯᠦᠨ᠂ ᠠᠵᠢᠯ ᠤᠨ ᠪᠠᠶᠢᠷᠢ ᠪᠠᠷ ᠨᠡᠯᠢᠶᠡᠳ ᠣᠯᠠᠨ ᠨᠢᠭᠡ ᠪᠦᠯᠦᠭ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠣᠩᠭᠤᠵᠤ᠂ ᠵᠢᠯ ᠪᠦᠷᠢ ᠨᠢᠭᠡ ᠪᠦᠯᠦᠭ ᠠᠵᠢᠯ ᠤᠨ ᠪᠠᠶᠢᠷᠢ ᠭᠠᠷᠭᠠᠵᠤ ᠪᠠᠶᠢᠭᠠᠳ ᠵᠡᠮᠳᠡᠭᠴᠦᠳ ᠢ | ᠬᠠᠨᠳᠤᠯᠭ᠎ᠠ ᠲᠠᠢ ᠪᠠᠷ ᠤᠷᠢᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠬᠠᠷᠢᠴᠠᠯ ᠶᠣᠰᠣᠭᠠᠷ ᠵᠡᠮᠳᠡᠭᠴᠦᠳ ᠢ ᠲᠣᠬᠢᠷᠠᠭᠤᠯᠵᠤ ᠠᠵᠢᠯ | ᠣᠯᠭᠤᠭᠰᠠᠨ ᠪᠠᠶᠢᠳᠠᠯ ᠢᠶᠠᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠮᠡᠳᠡᠭᠦᠯᠦᠯᠲᠡ ᠳᠤ ᠪᠠᠨ ᠣᠷᠣᠭᠤᠯᠵᠤ᠂ ᠬᠠᠷᠢᠴᠠᠯ ᠶᠣᠰᠣᠭᠠᠷ ᠵᠡᠮᠳᠡᠭᠴᠦᠳ ᠢ | ᠲᠣᠬᠢᠷᠠᠭᠤᠯᠤᠨ ᠠᠵᠢᠯ ᠣᠯᠭᠤᠭᠰᠠᠨ ᠦᠭᠡᠢ ᠪᠠᠶᠢᠪᠠᠯ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠴᠠᠭ ᠲᠤᠬᠠᠢ ᠳᠤ ᠨᠢ ᠭᠦᠢᠴᠡᠳ | ᠲᠤᠭ᠎ᠠ ᠪᠠᠷ ᠲᠤᠰᠢᠶᠠᠬᠤ ᠬᠡᠷᠡᠭᠲᠡᠢ᠃ ᠨᠠᠪᠴᠢᠨ ᠲᠠᠮᠠᠬᠢᠨ ᠪᠦᠲᠦᠭᠡᠭᠳᠡᠬᠦᠨ ᠢ ᠵᠢᠵᠢᠭᠯᠡᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠭᠰᠠᠨ | ᠵᠡᠮᠳᠡᠭᠴᠦᠳ ᠲᠤ ᠡᠯ᠎ᠡ ᠭᠠᠵᠠᠷ ᠣᠷᠣᠨ ᠤ ᠨᠠᠪᠴᠢᠨ ᠲᠠᠮᠠᠬᠢ ᠲᠤᠰᠬᠠᠢ ᠬᠤᠳᠠᠯᠳᠤᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠬᠠᠢ ᠶᠢᠨ ᠭᠠᠵᠠᠷ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ᠂ ᠨᠠᠪᠴᠢᠨ ᠲᠠᠮᠠᠬᠢᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠴᠡᠭ ᠤᠨ ᠲᠤᠭ᠎ᠠ ᠬᠡᠮᠵᠢᠶ᠎ᠡ ᠪᠠ ᠬᠤᠭᠤᠷᠣᠨᠳᠣᠬᠢ ᠵᠠᠢ ᠶᠢᠨ | ᠱᠠᠭᠠᠷᠳᠠᠯᠭ᠎ᠠ ᠶᠢ ᠵᠣᠬᠢᠰᠲᠠᠢ ᠪᠠᠷ ᠠᠭᠤᠵᠢᠭᠤ ᠲᠠᠯᠪᠢᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠮᠳᠡᠭᠴᠦᠳ ᠲᠤ ᠬᠦᠴᠦᠨ ᠨᠡᠮᠡᠷᠢᠯᠡᠵᠦ ᠠᠵᠢᠯ ᠣᠯᠭᠤᠬᠤ ᠠᠵᠢᠯᠯᠠᠭᠠᠨ ᠢ | ᠬᠡᠷᠡᠭᠵᠢᠭᠦᠯᠦᠨ᠎ᠡ᠃ ᠨᠢᠭᠡ ᠪᠦᠯᠦᠭ ᠲᠦᠷᠦᠭᠦᠦ ᠲᠠᠪᠴᠠᠩ᠂ ᠡᠯᠧᠺᠲᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠵᠡᠷᠭᠡ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ | ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠵᠡᠮᠳᠡᠭᠴᠦᠳ ᠤᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠬᠤ ᠬᠡᠷᠡᠭᠲᠡᠢ᠃ ᠬᠥᠮᠥᠨ ᠬᠡᠷᠡᠭᠯᠡᠬᠦ | ᠨᠢᠭᠡᠴᠢ ᠶᠢᠨ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠭᠰᠠᠨ ᠳᠤ ᠬᠦᠷᠲᠡᠭᠡᠬᠦ ᠱᠠᠩᠨᠠᠯ ᠵᠢᠴᠢ ᠬᠠᠮᠢᠶ᠎ᠠ ᠪᠦᠬᠦᠢ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠴᠠᠭ | ᠲᠤᠬᠠᠢ ᠳᠤ ᠨᠢ ᠭᠦᠢᠴᠡᠳ ᠲᠤᠭ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠪᠥᠬᠦ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠠᠵᠤ ᠠᠬᠤᠶᠢᠯᠠᠯ ᠤᠨ ᠬᠤᠯᠪᠣᠭᠠᠲᠤ ᠵᠣᠬᠢᠶᠠᠨ | ᠪᠠᠶᠢᠭᠤᠯᠤᠯᠲᠠ ᠵᠢᠴᠢ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ | ᠵᠡᠷᠭᠡ ᠯᠦᠭᠡ ᠬᠠᠮᠲᠤᠷᠠᠯᠴᠠᠭ᠎ᠠ ᠪᠠᠨ ᠴᠢᠩᠭᠠᠳᠬᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠵᠡᠮᠳᠡᠭᠴᠦᠳ ᠢ ᠲᠤᠰᠠᠯᠠᠨ ᠠᠵᠢᠯ ᠣᠯᠭᠤᠬᠤ ᠲᠠᠪᠴᠠᠩ | ᠪᠠᠶᠢᠭᠤᠯᠤᠨ᠂ ᠵᠡᠮᠳᠡᠭᠴᠦᠳ ᠢ ᠰᠢᠩᠭᠡᠬᠡᠨ ᠠᠪᠴᠤ ᠠᠵᠢᠯ ᠣᠯᠭᠤᠭᠤᠯᠬᠤ ᠬᠡᠷᠡᠭᠲᠡᠢ᠃ ᠵᠡᠮᠳᠡᠭᠴᠦᠳ ᠤᠨ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠵᠤ ᠪᠠᠶᠢᠭ᠎ᠠ ᠠᠵᠤ | ᠠᠬᠤᠶᠢᠯᠠᠯ ᠵᠢᠴᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠵᠢᠯᠤᠭᠤᠳᠬᠤ ᠪᠠ ᠲᠡᠳᠬᠦᠬᠦ ᠪᠠᠨ ᠴᠢᠩᠭᠠᠳᠬᠠᠵᠤ᠂ ᠬᠥᠳᠡᠯᠮᠦᠷᠢ ᠶᠢᠨ ᠲᠥᠷᠥᠯ | ᠵᠦᠢᠯ ᠬᠠᠷᠢᠯᠴᠠᠵᠤ ᠥᠭᠬᠦ᠂ ᠠᠵᠢᠯ ᠣᠯᠭᠤᠵᠤ ᠦᠢᠯᠡᠰ ᠴᠣᠭᠴᠠᠯᠠᠬᠤ ᠪᠣᠯᠪᠠᠰᠤᠷᠠᠯ ᠪᠠ ᠬᠥᠯᠥᠰᠦᠯᠡᠭᠴᠢ ᠶᠢᠨ ᠪᠣᠯᠪᠠᠰᠤᠷᠠᠯ ᠥᠷᠨᠢᠭᠦᠯᠬᠦ ᠵᠡᠷᠭᠡ ᠦᠢᠯᠡᠴᠢᠯᠡᠭᠡ | ᠬᠠᠩᠭᠠᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠵᠡᠮᠳᠡᠭᠴᠦᠳ ᠢ ᠲᠤᠰᠠᠯᠠᠨᠠᠵᠢᠯ ᠣᠯᠭᠤᠭᠰᠠᠨ᠂ ᠬᠠᠷᠢᠴᠠᠯ ᠶᠣᠰᠣᠭᠠᠷ ᠵᠡᠮᠳᠡᠭᠴᠦᠳ ᠢ | ᠲᠣᠬᠢᠷᠠᠭᠤᠯᠤᠨ ᠠᠵᠢᠯ ᠣᠯᠭᠤᠭᠰᠠᠨ ᠪᠠᠶᠢᠳᠠᠯ ᠢᠶᠠᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠮᠡᠳᠡᠭᠦᠯᠦᠯᠲᠡ ᠳᠤ ᠪᠠᠨ ᠣᠷᠣᠭᠤᠯᠬᠤ ᠪᠤᠶᠤ | ᠨᠡᠶᠢᠭᠡᠮ ᠤᠨ ᠬᠠᠷᠢᠭᠤᠴᠠᠯᠭ᠎ᠠ ᠶᠢᠨ ᠲᠤᠰᠬᠠᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠵᠤ | ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠠᠴᠠ ᠵᠡᠮᠳᠡᠭᠴᠦᠳ ᠲᠤ ᠠᠵᠢᠯ ᠣᠯᠭᠤᠬᠤ ᠳᠤ ᠬᠦᠴᠦᠨ ᠨᠡᠮᠡᠷᠢᠯᠡᠬᠦ ᠠᠵᠢᠯᠯᠠᠭᠠᠨ ᠢ | ᠬᠡᠷᠡᠭᠵᠢᠭᠦᠯᠦᠨ᠎ᠡ᠃ ᠵᠡᠮᠳᠡᠭᠴᠦᠳ ᠤᠨ ᠲᠤᠰᠬᠠᠢ ᠨᠡᠶᠢᠭᠡᠮᠯᠢᠭ᠂ ᠵᠡᠮᠳᠡᠭᠴᠦᠳ ᠢ ᠲᠤᠰᠠᠯᠠᠬᠤ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ | ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠲᠠᠯ᠎ᠠ ᠪᠠᠷ ᠬᠢ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ᠂ ᠨᠢᠭᠡ ᠪᠦᠯᠦᠭ ᠵᠠᠬ᠎ᠠ ᠳᠡᠯᠭᠡᠭᠦᠷ ᠤᠨ | ᠠᠯᠤᠰ ᠤᠨ ᠲᠥᠯᠥᠪ ᠲᠠᠢ᠂ ᠠᠮᠢᠵᠢᠷᠠᠯ ᠤᠨ ᠬᠦᠴᠦᠨ ᠢᠶᠠᠷ ᠴᠢᠩᠭ᠎ᠠ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠲᠥᠷᠥᠯ ᠵᠦᠢᠯ ᠢ ᠪᠣᠶᠢᠵᠢᠭᠤᠯᠬᠤ | ᠬᠡᠷᠡᠭᠲᠡᠢ᠃ ︽ᠬᠠᠶᠢᠷ᠎ᠠ ᠢᠪᠡᠭᠡᠭᠰᠡᠨ ᠤᠮᠠᠷᠠᠲᠤ ᠬᠢᠯᠢ︾ ︱ ᠦᠢᠯᠡᠰ ᠢ ᠨᠢ ᠲᠤᠰᠠᠯᠠᠬᠤ ᠪᠠ ᠥᠪᠡᠰᠦᠪᠡᠨ ᠬᠦᠴᠦᠷᠬᠡᠭᠵᠢᠬᠦ ᠨᠡᠶᠢᠲᠡ ᠶᠢᠨ ᠠᠰᠠᠷᠠᠮᠵᠢ ᠶᠢᠨ | ᠵᠡᠮᠳᠡᠭᠴᠦᠳ ᠲᠤ ᠲᠤᠰᠠᠯᠠᠬᠤ ᠠᠵᠢᠯᠯᠠᠭᠠᠨ ᠢ ᠥᠷᠨᠢᠭᠦᠯᠵᠦ᠂ ᠠᠵᠢᠯ ᠣᠯᠬᠤ ᠬᠦᠰᠡᠯ ᠪᠠ ᠴᠢᠳᠠᠪᠤᠷᠢ ᠲᠠᠢ ᠵᠡᠮᠳᠡᠭᠴᠦᠳ ᠲᠤ ᠠᠵᠢᠯ ᠣᠯᠭᠤᠯᠲᠠ ᠶᠢᠨ | ᠬᠠᠪᠰᠤᠷᠤᠯᠭ᠎ᠠ ᠳᠡᠮᠵᠢᠯᠭᠡ ᠬᠠᠩᠭᠠᠬᠤ ᠬᠡᠷᠡᠭᠲᠡᠢ᠃ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ᠂ ᠵᠡᠮᠳᠡᠭᠴᠦᠳ ᠤᠨ ᠨᠠᠶᠢᠳᠠᠨ | ᠠᠰᠠᠷᠠᠭᠤᠯᠬᠤ ᠪᠠᠶᠢᠭᠤᠯᠤᠮᠵᠢ᠂ ᠵᠡᠮᠳᠡᠭᠴᠦᠳ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠠᠶᠢᠭᠤᠯᠤᠮᠵᠢ᠂ ᠰᠣᠬᠤᠷ ᠬᠥᠮᠥᠨ ᠤ ᠢᠯᠢᠯᠭᠡ ᠶᠢᠨ ᠪᠠᠶᠢᠭᠤᠯᠤᠮᠵᠢ᠂ | ︽ᠬᠠᠯᠠᠭᠤᠨ ᠳᠣᠲᠣᠨᠣᠰᠤᠭ ᠭᠡᠷ ᠣᠷᠣᠨ︾᠂ ᠵᠡᠮᠳᠡᠭᠴᠦᠳ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠤᠨ ᠲᠠᠰᠤᠭ ᠵᠡᠷᠭᠡ ᠪᠠᠶᠢᠭᠤᠯᠤᠮᠵᠢ ᠶᠢᠨ ᠵᠡᠷᠭᠡ | ᠳᠡᠰ ᠢ ᠦᠨᠡᠯᠡᠨ ᠲᠣᠭᠲᠠᠭᠠᠬᠤ ᠵᠢᠴᠢ ᠱᠠᠩᠨᠠᠵᠤ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠴᠢᠯᠡᠭᠡᠨ ᠤ | ᠪᠠᠲᠤᠯᠠᠭ᠎ᠠ ᠶᠢᠨ ᠡᠯ᠎ᠡ ᠲᠥᠷᠥᠯ ᠤᠨ ᠪᠠᠶᠢᠭᠤᠯᠤᠮᠵᠢ ᠶᠢᠨ ᠣᠷᠳᠣ ᠬᠤᠭᠤᠴᠠᠭ᠎ᠠ ᠪᠠᠷ᠂ ᠲᠣᠭᠲᠠᠭᠤᠨ ᠢᠶᠠᠷ᠂ ᠵᠢᠷᠤᠮᠵᠢᠯ ᠲᠠᠢ ᠠᠵᠢᠯᠯᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠡᠷᠬᠢᠯᠡᠵᠦ ᠪᠠᠶᠢᠭ᠎ᠠ | ᠵᠡᠮᠳᠡᠭᠴᠦᠳ ᠨᠢ ᠨᠥᠬᠦᠴᠡᠯ ᠳᠤ ᠨᠡᠶᠢᠴᠡᠭᠰᠡᠨ ᠪᠠᠶᠢᠪᠠᠯ ᠲᠣᠭᠲᠠᠭᠠᠯ ᠶᠣᠰᠣᠭᠠᠷ ᠦᠢᠯᠡᠰ ᠴᠣᠭᠴᠠᠯᠠᠬᠤ ᠨᠡᠮᠡᠭᠦᠷᠢ ᠣᠯᠭᠤᠬᠤ ᠬᠡᠷᠡᠭᠲᠡᠢ᠃ ᠵᠡᠮᠳᠡᠭᠴᠦᠳ ᠤᠨ ᠦᠢᠯᠡᠰ | ᠴᠣᠭᠴᠠᠯᠠᠬᠤ ᠳᠤ ᠵᠢᠭᠡᠯᠡᠯᠭᠡ ᠶᠢᠨ ᠳᠠᠮ ᠬᠦᠦ ᠬᠠᠩᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠡᠮᠳᠡᠭᠴᠦᠳ ᠤᠨ ᠦᠢᠯᠡᠰ ᠴᠣᠭᠴᠠᠯᠠᠬᠤ ᠲᠤᠰᠬᠠᠢ | ᠵᠢᠭᠡᠯᠡᠯᠭᠡ ᠶᠢᠨ ᠲᠥᠷᠥᠯ ᠵᠦᠢᠯ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠳ᠋ ᠤᠨ ᠵᠠᠰᠠᠭ ᠤᠨ ᠲᠢᠩᠬᠢᠮ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠠᠵᠢᠯ ᠣᠯᠬᠤ ᠳᠤ ᠬᠦᠴᠢᠷᠲᠡᠢ ᠵᠡᠮᠳᠡᠭᠴᠦᠳ ᠤᠨ ᠠᠵᠢᠯ ᠣᠯᠬᠤ ᠳᠤ ᠨᠢ ᠬᠠᠪᠰᠤᠷᠤᠨ ᠲᠡᠳᠬᠦᠬᠦ ᠠᠵᠢᠯᠯᠠᠭᠠᠨ ᠢ ᠬᠡᠷᠡᠭᠵᠢᠭᠦᠯᠦᠨ᠎ᠡ᠃ | ︽ᠬᠠᠶᠢᠷᠠᠯᠠᠨ ᠬᠠᠯᠠᠮᠵᠢᠯᠠᠬᠤ ᠭᠡᠷ ᠣᠷᠣᠨ︾ ︽ᠬᠠᠯᠠᠭᠤᠨ ᠳᠣᠲᠣᠨᠣᠰᠤᠭ ᠭᠡᠷ ᠣᠷᠣᠨ︾᠂ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ᠂ ᠵᠡᠮᠳᠡᠭᠴᠦᠳ ᠤᠨ | ᠨᠠᠶᠢᠳᠠᠨ ᠠᠰᠠᠷᠠᠭᠤᠯᠬᠤ ᠪᠠᠶᠢᠭᠤᠯᠤᠮᠵᠢ ᠵᠡᠷᠭᠡ ᠵᠡᠮᠳᠡᠭᠴᠦᠳ ᠢ ᠲᠤᠰᠠᠯᠠᠬᠤ ᠪᠠᠶᠢᠭᠤᠯᠤᠮᠵᠢ ᠪᠠᠷ ᠳᠠᠮᠵᠢᠭᠤᠯᠤᠨ᠂ ᠵᠣᠬᠢᠬᠤ ᠬᠡᠮᠵᠢᠶᠡᠨ ᠤ ᠬᠥᠳᠡᠯᠮᠦᠷᠢᠯᠡᠬᠦ | ᠴᠢᠳᠠᠪᠤᠷᠢ ᠲᠠᠢ ᠪᠣᠯᠪᠠᠴᠤ ᠥᠷᠢᠰᠦᠯᠳᠦᠭᠡᠨ ᠤ ᠴᠢᠨᠠᠷᠲᠠᠢ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠤ ᠣᠷᠣᠬᠤ ᠳᠤ ᠪᠡᠷᠬᠡᠲᠡᠢ ᠣᠶᠤᠨ ᠤᠬᠠᠭᠠᠨ᠂ ᠣᠶᠤᠨ | ᠮᠡᠳᠡᠷᠡᠯ ᠪᠠ ᠦᠶ᠎ᠡ ᠭᠡᠰᠢᠭᠦᠨ ᠨᠢ ᠬᠦᠨᠳᠦ ᠠᠷᠬᠠᠭ ᠲᠠᠢ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠪᠠᠨ ᠴᠢᠩᠭᠠᠳᠬᠠᠵᠤ᠂ ᠨᠠᠭᠠᠲᠤ ᠵᠠᠬ᠎ᠠ ᠶᠢᠨ | ᠪᠠᠲᠤᠯᠠᠭ᠎ᠠ ᠬᠦᠷᠲᠡᠭᠡᠬᠦ ᠬᠡᠪᠴᠢᠶᠡᠨ ᠠᠴᠠ ᠠᠭᠠᠵᠢᠮ ᠢᠶᠠᠷ ᠪᠤᠴᠠᠭᠠᠨ ᠭᠠᠷᠭᠠᠬᠤ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠂ ᠲᠡᠳᠡᠨ ᠢ | ᠬᠠᠪᠰᠤᠷᠴᠤ ᠪᠠᠶᠢᠭᠠᠳ ᠳᠣᠲᠣᠭᠠᠳᠤ ᠬᠥᠭᠵᠢᠯᠲᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠵᠡᠮᠳᠡᠭᠴᠦᠳ ᠤᠨ ᠲᠤᠰᠬᠠᠢ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠨᠥᠬᠦᠴᠡᠯ ᠳᠤ ᠨᠡᠶᠢᠴᠡᠬᠦ᠂ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠳᠡᠮᠵᠢᠨ ᠠᠵᠢᠯ ᠣᠯᠬᠤ ᠶᠢ ᠪᠡᠶᠡᠯᠡᠭᠦᠯᠬᠦ ᠳᠤ | ᠬᠦᠴᠢᠷᠲᠡᠢ ᠵᠡᠮᠳᠡᠭᠴᠦᠳ ᠢ ᠦᠨᠳᠦᠰᠦ ᠠᠴᠠ ᠨᠢ ᠪᠠᠲᠤᠯᠠᠨ ᠲᠥᠪᠬᠢᠨᠡᠭᠦᠯᠵᠦ᠂ ᠨᠡᠮᠡᠭᠦᠷᠢ ᠥᠭᠬᠦ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠮᠥᠨ ᠬᠦ ᠪᠤᠰᠤᠳ | ᠠᠷᠭ᠎ᠠ ᠵᠠᠮ ᠢᠶᠠᠷ ᠠᠵᠢᠯ ᠣᠯᠬᠤ ᠶᠢ ᠪᠡᠶᠡᠯᠡᠭᠦᠯᠬᠦ ᠳᠤ ᠬᠦᠴᠢᠷᠲᠡᠢ ᠪᠠᠶᠢᠭ᠎ᠠ ᠬᠦᠨᠳᠦ ᠵᠡᠮᠳᠡᠭᠴᠦᠳ ᠢ ᠳᠠᠬᠢᠨ ᠲᠠᠰ ᠳᠠᠷᠠᠭᠠᠯᠠᠯ ᠶᠣᠰᠣᠭᠠᠷ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠡᠮᠵᠢᠨ ᠲᠥᠪᠬᠢᠨᠡᠭᠦᠯᠵᠦ᠂ ᠨᠡᠶᠢᠲᠡ ᠲᠥᠪᠬᠢᠨᠡᠭᠦᠯᠬᠦ ᠤᠳᠠᠭ᠎ᠠ ᠶᠢ ᠵᠠᠷᠴᠢᠮ ᠳᠡᠭᠡᠷ᠎ᠡ ᠪᠠᠨ 2 ᠤᠳᠠᠭ᠎ᠠ ᠠᠴᠠ | ᠬᠡᠲᠦᠷᠡᠭᠦᠯᠵᠦ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠵᠡᠮᠳᠡᠭᠴᠦᠳ ᠤᠨ ᠠᠵᠢᠯ ᠣᠯᠬᠤ ᠳᠤ ᠨᠢ ᠬᠠᠪᠰᠤᠷᠤᠨ ᠲᠡᠳᠬᠦᠬᠦ ᠠᠵᠢᠯᠯᠠᠭᠠᠨ ᠢ | ᠬᠡᠷᠡᠭᠵᠢᠭᠦᠯᠦᠨ᠎ᠡ᠃ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠪᠦᠷᠢᠯᠳᠦᠭᠦᠨ ᠤ ᠲᠠᠷᠢᠵᠦ | ᠵᠠᠶᠢᠯᠠᠬᠤ᠂ ᠲᠡᠵᠢᠭᠡᠨ ᠦᠷᠡᠵᠢᠭᠦᠯᠬᠦ᠂ ᠪᠣᠯᠪᠠᠰᠤᠷᠠᠭᠤᠯᠵᠤ ᠡᠳ᠋ᠰᠢᠭᠦᠯᠬᠦ᠂ ᠡᠯᠧᠺᠲᠷᠣᠨ ᠬᠤᠳᠠᠯᠳᠤᠭ᠎ᠠ ᠵᠡᠷᠭᠡ ᠠᠵᠢᠯ ᠲᠥᠷᠥᠯ ᠡᠷᠭᠢᠯᠡᠬᠦ ᠶᠢ ᠨᠢ ᠲᠡᠳᠬᠦᠵᠦ᠂ ᠲᠠᠷᠢᠶᠠᠯᠠᠬᠤ | ᠮᠠᠯᠵᠢᠬᠤ ᠣᠷᠣᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠲᠥᠷᠥᠯ ᠵᠦᠢᠯ ᠢ ᠬᠡᠷᠡᠭᠵᠢᠭᠦᠯᠦᠨ᠂ ᠲᠣᠭᠲᠠᠭᠠᠯ ᠶᠣᠰᠣᠭᠠᠷ ᠵᠣᠬᠢᠮᠵᠢᠲᠠᠢ | ᠨᠡᠮᠡᠭᠦᠷᠢ ᠥᠭᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠲᠥᠴᠢ ᠠᠵᠤ ᠠᠬᠤᠶᠢᠯᠠᠯ ᠬᠢᠭᠡᠳ ᠶᠠᠳᠠᠭᠤ ᠠᠴᠠ ᠠᠩᠭᠢᠵᠢᠷᠠᠭᠤᠯᠬᠤ | ᠵᠡᠮᠳᠡᠭᠴᠦᠳ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠵᠡᠮᠳᠡᠭᠴᠦᠳ ᠤᠨ ᠣᠷᠣᠯᠭ᠎ᠠ ᠶᠢ | ᠨᠡᠮᠡᠭᠳᠡᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠵᠡᠮᠳᠡᠭᠴᠦᠳ ᠢ ᠬᠠᠪᠰᠤᠷᠤᠨ ᠲᠡᠳᠬᠦᠬᠦ ᠬᠠᠮᠵᠢᠯᠴᠠᠭ᠎ᠠ ᠶᠢ ᠦᠷᠭᠦᠯᠵᠢᠯᠡᠨ ᠠᠬᠢᠭᠤᠯᠵᠤ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠪᠣᠯᠬᠤ ᠬᠠᠪᠰᠤᠷᠤᠨ ᠲᠡᠳᠬᠦᠬᠦ ᠬᠤᠰᠢᠭᠤ ᠰᠢᠶᠠᠨ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠡᠮᠳᠡᠭᠴᠦᠳ ᠲᠤ ᠠᠵᠢᠯ ᠣᠯᠭᠤᠵᠤ ᠬᠠᠪᠰᠤᠷᠤᠨ ᠲᠡᠳᠬᠦᠬᠦ ᠲᠥᠷᠥᠯ ᠵᠦᠢᠯ ᠳᠤ ᠳᠡᠮᠵᠢᠯᠭᠡ ᠦᠵᠡᠬᠦᠯᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠵᠡᠮᠳᠡᠭ ᠣᠶᠤᠲᠠᠳ ᠤᠨ ᠠᠵᠢᠯ ᠣᠯᠬᠤ ᠶᠢ ᠨᠢ ᠬᠠᠪᠰᠤᠷᠤᠨ ᠲᠡᠳᠬᠦᠬᠦ ᠠᠵᠢᠯᠯᠠᠭᠠᠨ ᠢ ᠬᠡᠷᠡᠭᠵᠢᠭᠦᠯᠦᠨ᠎ᠡ᠃ ᠰᠠᠯᠠᠭ᠎ᠠ ᠮᠥᠴᠢᠷ | ᠬᠤᠭᠤᠷᠣᠨᠳᠤ ᠪᠠᠨ ᠵᠡᠮᠳᠡᠭ ᠣᠶᠤᠲᠠᠳ ᠤᠨ ᠮᠡᠳᠡᠭᠡ ᠵᠠᠩᠭᠢ ᠶᠢ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠪᠥᠬᠦ ᠣᠷᠣᠨ ᠤ ᠰᠤᠷᠭᠠᠭᠤᠯᠢ ᠳᠤ ᠪᠠᠶᠢᠭ᠎ᠠ ᠵᠡᠮᠳᠡᠭ | ᠣᠶᠤᠲᠠᠳ ᠤᠨ ᠲᠤᠭ᠎ᠠ ᠪᠠᠷᠢᠮᠲᠠ ᠶᠢ ᠣᠨᠣᠪᠴᠢᠲᠠᠢ ᠡᠵᠡᠮᠰᠢᠨ᠂ ︽ᠨᠢᠭᠡ ᠬᠥᠮᠥᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠠᠵᠢᠯ ᠣᠯᠭᠤᠬᠤ ᠦᠢᠯᠡᠴᠢᠯᠡᠭᠡᠨ ᠤ ᠡᠬᠡ | ᠲᠠᠩᠰᠠ ᠶᠢ ᠪᠠᠶᠢᠭᠤᠯᠵᠤ᠂ ︽ᠨᠢᠭᠡ ᠳᠤ ᠨᠢᠭᠡ ᠶᠢ ᠴᠢᠭᠯᠡᠭᠦᠯᠬᠦ︾ ᠣᠨᠣᠴᠠᠲᠠᠢ ᠦᠢᠯᠡᠴᠢᠯᠡᠭᠡᠨ ᠢ ᠥᠷᠨᠢᠭᠦᠯᠬᠦ ᠬᠡᠷᠡᠭᠲᠡᠢ᠃ ᠲᠣᠮᠣ ᠳ᠋ᠠᠶᠢᠲ᠋ᠠ ᠶᠢᠨ ᠲᠠᠪᠴᠠᠩ ᠳᠤ | ᠲᠦᠰᠢᠭᠯᠡᠨ ᠠᠵᠤ ᠠᠬᠤᠶᠢᠯᠠᠯ ᠪᠠ ᠵᠡᠮᠳᠡᠭ ᠣᠶᠤᠲᠠᠳ ᠲᠤ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠲᠣᠭᠲᠠᠴᠠ ᠶᠢ ᠪᠠᠶᠢᠭᠤᠯᠤᠨ ᠥᠭᠴᠦ᠂ ᠬᠥᠮᠥᠨ ᠬᠡᠷᠡᠭᠯᠡᠬᠦ | ᠨᠢᠭᠡᠴᠢ ᠬᠢᠭᠡᠳ ᠵᠡᠮᠳᠡᠭ ᠣᠶᠤᠲᠠᠳ ᠤᠨ ᠬᠤᠭᠤᠷᠣᠨᠳᠣᠬᠢ ᠮᠡᠳᠡᠭᠡ ᠵᠠᠩᠭᠢ ᠨᠡᠪᠲᠡᠷᠡᠯᠴᠡᠬᠦ ᠵᠠᠮ ᠮᠥᠷ ᠢ ᠨᠢ ᠰᠢᠯᠤᠭᠤᠳᠬᠠᠬᠤ ᠬᠡᠷᠡᠭᠲᠡᠢ᠃ ᠵᠡᠮᠳᠡᠭ ᠣᠶᠤᠲᠠᠳ ᠲᠤ | ᠠᠵᠢᠯ ᠣᠯᠭᠤᠯᠲᠠ ᠶᠢᠨ ᠵᠢᠯᠣᠭᠤᠳᠤᠯᠭ᠎ᠠ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ ᠤᠷ᠎ᠠ ᠮᠡᠷᠭᠡᠵᠢᠯ ᠤᠨ ᠪᠣᠯᠪᠠᠰᠤᠷᠠᠯ ᠪᠠ ᠲᠤᠰᠬᠠᠢ ᠲᠠᠯᠠᠪᠤᠷ ᠤᠨ ᠠᠵᠢᠯᠲᠠᠨ | ᠤᠷᠢᠬᠤ ᠠᠵᠢᠯᠯᠠᠭ᠎ᠠ ᠵᠡᠷᠭᠡ ᠬᠠᠨᠳᠤᠯᠭᠠᠲᠤ ᠴᠢᠨᠠᠷᠲᠠᠢ ᠦᠢᠯᠡᠴᠢᠯᠡᠭᠡ ᠶᠢ ᠥᠷᠨᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠡᠮᠳᠡᠭᠴᠦᠳ ᠤᠨ ᠬᠤᠯᠪᠣᠭᠠᠲᠤ ᠬᠤᠷᠠᠯ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠨᠠᠢᠮᠠ︶ ᠰᠣᠬᠤᠷ ᠬᠥᠮᠥᠨ ᠤ ᠢᠯᠢᠯᠭᠡ ᠪᠠᠷ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ ᠥᠪᠥᠷ ᠮᠣᠩᠭᠤᠯ ᠤᠨ | ᠰᠣᠬᠤᠷ ᠬᠥᠮᠥᠨ ᠤ ᠢᠯᠢᠯᠭᠡ ᠶᠢᠨ ᠡᠮᠨᠡᠯᠭᠡ ᠶᠢᠨᠬᠤᠷᠢᠶᠠᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ | ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠬᠡᠪᠴᠢᠶᠡᠨ ᠳᠤ ᠰᠣᠬᠤᠷ ᠬᠥᠮᠥᠨ ᠤ ᠢᠯᠢᠯᠭᠡ ᠶᠢᠨ ᠪᠠᠶᠢᠭᠤᠯᠤᠮᠵᠢ ︵ᠡᠮᠴᠢᠯᠡᠭᠡᠨ ᠤ ᠪᠤᠰᠤ ᠪᠠᠶᠢᠭᠤᠯᠤᠮᠵᠢ︶ ᠡᠷᠭᠢᠯᠡᠬᠦ | ᠬᠢᠵᠠᠭᠠᠷᠯᠠᠯ ᠢ ᠨᠢ ᠪᠠᠭᠠᠰᠬᠠᠬᠤ ᠬᠡᠷᠡᠭᠲᠡᠢ᠃ ᠰᠣᠬᠤᠷ ᠬᠥᠮᠥᠨ ᠤ ᠡᠮᠴᠢᠯᠡᠭᠡᠨ ᠤ ᠢᠯᠢᠯᠭᠡ ᠶᠢᠨ ᠠᠵᠢᠯᠲᠠᠳ ᠤᠨ ᠡᠮᠴᠢᠯᠡᠭᠡᠨ ᠤ ᠢᠯᠢᠯᠭᠡ ᠶᠢᠨ ᠭᠠᠵᠠᠷ ᠡᠷᠬᠢᠯᠡᠬᠦ ᠶᠢ | ᠲᠡᠮᠵᠢᠨ᠎ᠡ᠃ ᠨᠡᠶᠢᠭᠡᠮ ᠤᠨ ᠬᠦᠴᠦᠨ ᠢ ᠳᠠᠲᠡᠨ ᠣᠷᠣᠭᠤᠯᠵᠤ᠂ ᠡᠯ᠎ᠡ ᠭᠠᠵᠠᠷ ᠣᠷᠣᠨ ᠤ ᠰᠣᠬᠤᠷ ᠬᠥᠮᠥᠨ ᠤ ᠢᠯᠢᠯᠭᠡ ᠶᠢᠨ ᠪᠠᠶᠢᠭᠤᠯᠤᠮᠵᠢ ᠶᠢᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠰᠣᠬᠤᠷ ᠬᠥᠮᠥᠨ ᠤ ᠢᠯᠢᠯᠭᠡ ᠶᠢᠨ ᠨᠡᠷᠡᠳᠦ ᠲᠡᠮᠳᠡᠭ ᠢ ᠡᠭᠦᠳᠦᠨ᠂ ᠰᠣᠬᠤᠷ ᠬᠥᠮᠥᠨ ᠤ ᠢᠯᠢᠯᠭᠡ ᠶᠢᠨ ᠠᠵᠢᠯ ᠲᠦᠷᠦᠯ ᠤᠨ ᠡᠷᠡᠭᠦᠯ | ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ | ᠨᠥᠯᠥᠭᠡᠯᠡᠯ ᠢ ᠢᠳᠡᠪᠬᠢᠲᠡᠢ ᠠᠷᠭᠠᠴᠠᠭᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠰᠣᠬᠤᠷ ᠬᠥᠮᠥᠨ ᠤ ᠢᠯᠢᠯᠭᠡ ᠶᠢᠨ ᠪᠠᠶᠢᠭᠤᠯᠤᠮᠵᠢ ᠶᠢᠨ ᠬᠥᠭᠵᠢᠯᠲᠡ ᠶᠢ ᠲᠡᠳᠬᠦᠬᠦ | ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠨᠥᠬᠦᠴᠡᠯ ᠳᠤ ᠨᠡᠶᠢᠴᠡᠬᠦ ᠰᠣᠬᠤᠷ ᠬᠥᠮᠥᠨ ᠤ ᠡᠮᠴᠢᠯᠡᠭᠡᠨ ᠤ ᠢᠯᠢᠯᠭᠡ ᠶᠢᠨ ᠪᠠᠶᠢᠭᠤᠯᠤᠮᠵᠢ ᠶᠢ | ᠴᠠᠭ ᠲᠤᠬᠠᠢ ᠳᠤ ᠨᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠡᠪᠴᠢᠶᠡᠨ ᠳᠤ ᠣᠷᠣᠭᠤᠯᠬᠤ ᠬᠡᠷᠡᠭᠲᠡᠢ᠃ ᠰᠣᠬᠤᠷ ᠬᠥᠮᠥᠰ ᠤᠨ ᠰᠣᠶᠣᠯ ᠤᠷᠠᠯᠢᠭ᠂ | ᠰᠡᠳᠬᠢᠴᠡ ᠶᠢᠨ ᠡᠷᠡᠭᠦᠯ ᠬᠠᠮᠠᠭᠠᠯᠠᠯ ᠪᠠ ᠮᠡᠳᠡᠭᠡ ᠵᠠᠩᠭᠢᠴᠢᠯᠠᠯᠲᠠ ᠶᠢᠨ ᠬᠡᠷᠡᠭᠯᠡᠭᠡᠨ ᠵᠡᠷᠭᠡ ᠬᠦᠷᠢᠶᠡᠨ ᠳᠤ ᠠᠵᠢᠯ ᠣᠯᠬᠤ ᠶᠢ ᠳᠡᠮᠵᠢᠬᠦ ᠬᠡᠷᠡᠭᠲᠡᠢ᠃ ︵ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ | ᠲᠣᠪᠴᠢᠶ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ᠃ ᠡᠯ᠎ᠡ ᠱᠠᠲᠤᠨ ᠤ | ᠵᠡᠮᠳᠡᠭᠴᠦᠳ ᠤᠨ ᠬᠤᠯᠪᠣᠭᠠᠲᠤ ᠬᠤᠷᠠᠯ ᠨᠢ ︽ᠳᠥᠷᠪᠡᠨ ᠨᠢᠭᠡ︾ ᠠᠵᠢᠯ ᠣᠯᠭᠤᠬᠤ ᠦᠢᠯᠡᠴᠢᠯᠡᠭᠡᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠣᠯᠬᠤ | ᠨᠠᠰᠤᠨ ᠳᠤ ᠪᠠᠨ ᠠᠵᠢᠯ ᠣᠯᠣᠭᠠᠳᠤᠢ ᠵᠡᠮᠳᠡᠭᠴᠦᠳ ᠲᠤ ᠨᠠᠭᠠᠲᠤ ᠵᠠᠬ᠎ᠠ ᠳᠤ ᠪᠠᠨ ᠨᠢᠭᠡ ᠤᠳᠠᠭᠠᠨ ᠤ ᠰᠠᠭᠤᠷᠢ ᠮᠡᠳᠡᠭᠡ ᠵᠠᠩᠭᠢ ᠶᠢᠨ ᠬᠠᠷᠭᠤᠭᠤᠯᠤᠯᠲᠠ ᠬᠢᠵᠦ᠂ ᠨᠢᠭᠡ | ᠤᠳᠠᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠯᠡᠨ ᠵᠢᠱᠢᠯᠲᠡ ᠥᠷᠨᠢᠭᠦᠯᠵᠦ᠂ ᠨᠢᠭᠡ ᠤᠳᠠᠭᠠᠨ ᠤ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢᠨ | ᠪᠦᠷᠢᠳᠬᠡᠨ ᠳᠠᠩᠰᠠᠯᠠᠯᠲᠠ ᠬᠢᠵᠦ᠂ ᠨᠢᠭᠡ ᠤᠳᠠᠭᠠᠨ ᠤ ᠠᠵᠢᠯ ᠣᠯᠭᠤᠬᠤ ᠦᠢᠯᠡᠴᠢᠯᠡᠭᠡᠨ ᠢ ᠥᠷᠨᠢᠭᠦᠯᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠲᠠᠯ᠎ᠠ ᠪᠠᠷ | ᠬᠢ ᠬᠠᠪᠰᠤᠷᠤᠨ ᠵᠢᠯᠣᠭᠤᠳᠤᠭᠴᠢ ᠶᠢᠨ ᠡᠩᠨᠡᠭᠡᠨ ᠤ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠢ ᠵᠢᠷᠤᠮᠵᠢᠭᠰᠠᠨ ᠪᠠᠶᠢᠭᠤᠯᠤᠯᠲᠠ ᠪᠠᠨ ᠪᠡᠶᠡᠯᠡᠭᠦᠯᠬᠦ ᠬᠡᠷᠡᠭᠲᠡᠢ᠃ ᠡᠯ᠎ᠡ | ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠠᠵᠢᠯ ᠣᠯᠭᠤᠵᠤ ᠦᠢᠯᠡᠰ ᠴᠣᠭᠴᠠᠯᠠᠬᠤ ᠪᠦᠲᠦᠭᠡᠯᠴᠢ ᠰᠡᠳᠬᠢᠮᠵᠢ ᠶᠢᠨ ᠤᠷᠤᠯᠳᠤᠭᠠᠨ | ᠪᠠ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠲᠤᠰᠬᠠᠶᠢᠵᠢᠭᠰᠠᠨ ᠬᠢᠷᠢ ᠬᠡᠮᠵᠢᠶ᠎ᠡ ᠥᠨᠳᠥᠷ᠂ ᠦᠢᠯᠡᠴᠢᠯᠡᠬᠦ ᠴᠢᠳᠠᠪᠤᠷᠢ ᠰᠠᠶᠢᠲᠠᠢ ᠵᠡᠮᠳᠡᠭᠴᠦᠳ ᠢ | ᠲᠤᠰᠠᠯᠠᠬᠤ ᠨᠡᠶᠢᠭᠡᠮ ᠤᠨ ᠪᠠᠶᠢᠭᠤᠯᠤᠮᠵᠢ ᠶᠢ ᠪᠣᠶᠢᠵᠢᠭᠤᠯᠵᠤ᠂ ᠵᠡᠮᠳᠡᠭᠴᠦᠳ ᠲᠤ ᠠᠵᠢᠯ ᠣᠯᠭᠤᠵᠤ ᠦᠢᠯᠡᠰ ᠴᠣᠭᠴᠠᠯᠠᠬᠤ ᠲᠠᠯ᠎ᠠ ᠪᠠᠷ ᠬᠢ ᠨᠢᠭᠡ ᠪᠦᠯᠦᠭ | ᠵᠢᠷᠤᠮᠯᠠᠨ ᠳᠠᠭᠤᠷᠢᠶᠠᠵᠤ ᠪᠣᠯᠬᠤᠶᠢᠴᠠ ᠳᠡᠯᠭᠡᠷᠡᠭᠦᠯᠬᠦ ᠳᠤ ᠬᠢᠯᠪᠠᠷ ᠲᠥᠷᠥᠯ ᠵᠦᠢᠯ ᠢ ᠰᠣᠩᠭᠤᠨ ᠳᠡᠪᠰᠢᠭᠦᠯᠵᠦ᠂ ᠨᠢᠭᠡ ᠪᠦᠯᠦᠭ ᠵᠡᠮᠳᠡᠭᠴᠦᠳ ᠤᠨ ᠤᠷ᠎ᠠ | ᠴᠢᠳᠠᠪᠤᠷᠢ ᠶᠢᠨ ᠮᠠᠰᠲ᠋ᠧᠷ ᠪᠠ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠤᠨ ᠲᠠᠰᠤᠭ ᠢ ᠲᠡᠳᠬᠦᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠬᠤᠯᠪᠣᠭᠠᠲᠤ ᠬᠤᠷᠠᠯ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ᠃ ᠵᠡᠮᠳᠡᠭᠴᠦᠳ ᠲᠤ | ᠪᠣᠯᠪᠠᠰᠤᠷᠠᠯ ᠬᠢᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠬᠤ ᠬᠦᠰᠡᠯ ᠪᠠ ᠪᠣᠯᠪᠠᠰᠤᠷᠠᠯ ᠭᠦᠷᠲᠡᠬᠦ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠢ ᠬᠠᠪᠰᠤᠷᠴᠤ | ᠪᠠᠶᠢᠭᠠᠳ ᠵᠣᠬᠢᠬᠤ ᠠᠵᠢᠯ ᠣᠯᠵᠤ ᠦᠢᠯᠡᠰ ᠴᠣᠭᠴᠠᠯᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠨᠡᠶᠢᠳᠡᠮ ᠬᠦᠷᠲᠡᠭᠡᠬᠦ ᠬᠡᠷᠡᠭᠲᠡᠢ᠃ ᠣᠯᠠᠨ ᠨᠡᠶᠢᠲᠡ ᠶᠢᠨ | ᠪᠣᠯᠪᠠᠰᠤᠷᠠᠯ ᠤᠨ ᠪᠠᠶᠢᠭᠤᠯᠤᠮᠵᠢ ᠳᠤ ᠲᠦᠰᠢᠭᠯᠡᠨ᠂ ᠵᠡᠮᠳᠡᠭᠴᠦᠳ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠪᠡᠯᠡ ᠮᠥᠩᠭᠦ ᠪᠠᠨ ᠨᠢᠭᠡᠳᠦᠯᠲᠡᠢ ᠲᠥᠯᠥᠪᠯᠡᠵᠦ ᠪᠠᠶᠢᠭᠠᠳ ᠰᠠᠭᠠᠳ ᠦᠭᠡᠢ ᠪᠠᠷ | ᠥᠭᠡᠷᠡᠴᠢᠯᠡᠬᠦ᠂ ᠪᠡᠯᠡᠳᠬᠡᠮᠵᠢ ᠲᠥᠬᠦᠭᠡᠷᠦᠮᠵᠢ᠂ ᠪᠣᠯᠪᠠᠰᠤᠷᠠᠯ ᠤᠨ ᠵᠠᠷᠤᠳᠠᠯ ᠵᠡᠷᠭᠡ ᠲᠠᠯ᠎ᠠ ᠪᠠᠷ ᠵᠣᠬᠢᠮᠵᠢᠲᠠᠢ ᠳᠡᠮᠵᠢᠯᠭᠡ ᠦᠵᠡᠬᠦᠯᠬᠦ ᠬᠡᠷᠡᠭᠲᠡᠢ᠃ ᠨᠥᠬᠦᠴᠡᠯ ᠲᠠᠢ | ᠥᠪᠡᠷᠲᠡᠭᠡᠨ ᠵᠠᠰᠠᠬᠤ ᠣᠷᠣᠨ ᠤ ᠳᠤᠮᠳᠠ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠡᠮᠳᠡᠭ ᠰᠣᠷᠣᠭᠴᠢ ᠡᠯᠰᠡᠬᠦ ᠬᠡᠪᠴᠢᠶ᠎ᠡ ᠪᠠᠨ | ᠠᠯᠬᠤᠮ ᠠᠯᠬᠤᠮ ᠢᠶᠠᠷ ᠥᠷᠭᠡᠳᠬᠡᠬᠦ ᠶᠢ ᠨᠢ ᠵᠣᠷᠢᠭᠵᠢᠭᠤᠯᠵᠤ᠂ ᠠᠩᠬ᠎ᠠ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ | ᠵᠡᠮᠳᠡᠭᠴᠦᠳ ᠢ ᠬᠠᠪᠰᠤᠷᠤᠨ ᠳᠤᠮᠳᠠ ᠪᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠭᠡᠵᠦ᠂ ᠲᠣᠭᠲᠠᠭᠠᠯ ᠶᠣᠰᠣᠭᠠᠷ ᠰᠣᠷᠣᠭᠴᠢ ᠶᠢ ᠲᠤᠰᠠᠯᠠᠬᠤ ᠲᠥᠷᠥ ᠶᠢᠨ | ᠪᠣᠳᠣᠯᠭ᠎ᠠ ᠶᠢ ᠬᠦᠷᠲᠡᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ | ︵ᠨᠢᠭᠡ︶ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ | ᠠᠵᠢᠯ ᠤᠨ ᠵᠥᠪᠯᠡᠯ ᠠᠴᠠ ᠲᠦᠷᠦᠭᠦᠯᠡᠵᠦ ᠨᠠᠶᠢᠳᠠᠪᠤᠷᠢᠵᠢᠭᠤᠯᠬᠤ ᠶᠢ ᠠᠳᠬᠤᠵᠤ᠂ ᠡᠯ᠎ᠡ ᠠᠶᠢᠮᠠᠭ ᠬᠤᠲᠠ ᠶᠢᠨ ᠵᠡᠮᠳᠡᠭᠴᠦᠳ ᠤᠨ ᠠᠵᠢᠯ ᠤᠨ ᠵᠥᠪᠯᠡᠯ ᠨᠢ | ᠢᠳᠡᠪᠬᠢᠲᠡᠢ ᠬᠠᠮᠵᠢᠯᠴᠠᠨ᠂ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠶᠢᠷᠢᠰᠢᠯ ᠢ ᠪᠣᠶ ᠪᠣᠯᠭᠠᠬᠤ | ᠬᠡᠷᠡᠭᠲᠡᠢ᠃ ᠮᠠᠨ ᠤ ᠣᠷᠣᠨ ᠤ ᠵᠡᠮᠳᠡᠭᠴᠦᠳ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠡᠮᠦᠨ᠎ᠡ ᠳᠤᠷᠠᠳᠤᠭᠰᠠᠨ ᠠᠷᠪᠠᠨ ᠵᠦᠢᠯ ᠤᠨ ᠠᠵᠢᠯᠯᠠᠭᠠᠨ ᠲᠠᠢ | ᠬᠠᠷᠭᠤᠭᠤᠯᠵᠤ ᠵᠣᠬᠢᠬᠤ ᠲᠥᠷᠥ ᠶᠢᠨ ᠪᠣᠳᠣᠯᠭ᠎ᠠ ᠲᠣᠭᠲᠠᠭᠠᠨ ᠨᠡᠶᠢᠲᠡᠯᠡᠬᠦ ᠬᠡᠷᠡᠭᠲᠡᠢ᠃ ᠠᠵᠢᠯ ᠤᠨ ᠨᠠᠷᠢᠨ ᠬᠠᠭᠤᠳᠠᠰᠤ ᠶᠢ ᠵᠢᠭᠰᠠᠭᠠᠵᠤ᠂ ᠬᠠᠷᠢᠭᠤᠴᠠᠯᠭᠠᠲᠤ ᠰᠠᠯᠠᠭ᠎ᠠ | ᠮᠥᠴᠢᠷ᠂ ᠡᠭᠦᠷᠭᠡ ᠬᠠᠷᠠᠯᠲᠠ᠂ ᠪᠡᠶᠡᠯᠡᠭᠦᠯᠬᠦ ᠴᠠᠭ ᠬᠤᠭᠤᠴᠠᠭ᠎ᠠ ᠪᠠᠨ ᠲᠣᠳᠣᠷᠬᠠᠶᠢᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ | ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠵᠣᠬᠢᠴᠠᠯᠳᠤᠨ ᠬᠠᠮᠵᠢᠯᠴᠠᠵᠤ᠂ ᠨᠡᠶᠢᠯᠡᠮᠡᠯ ᠬᠦᠴᠦᠨ ᠢ ᠪᠤᠢ ᠪᠣᠯᠭᠠᠨ᠂ ᠵᠡᠮᠳᠡᠭᠴᠦᠳ ᠲᠤ ᠠᠵᠢᠯ ᠣᠯᠭᠤᠬᠤ ᠠᠵᠢᠯ ᠢ | ᠢᠳᠡᠪᠬᠢᠲᠡᠢ ᠪᠠᠷ ᠠᠬᠢᠭᠤᠯᠬᠤ ᠬᠡᠷᠡᠭᠲᠡᠢ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠᠨ ᠲᠡᠭᠦᠯᠳᠡᠷᠵᠢᠭᠦᠯᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ | ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠲᠦᠷᠦᠭᠦᠯᠡᠨ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ | ᠠᠷᠭ᠎ᠠ︾ ᠶᠢᠨ ᠶᠣᠰᠣᠭᠠᠷ᠂ ᠵᠡᠮᠳᠡᠭᠴᠦᠳ ᠤᠨ ᠡᠯᠰᠡᠨ ᠬᠡᠷᠡᠭᠯᠡᠬᠦ ︵ᠤᠷᠢᠬᠤ︶ ᠰᠢᠯᠭᠠᠯᠲᠠ ᠳᠤ ᠣᠷᠤᠯᠴᠠᠬᠤ ᠳᠤ ᠵᠦᠢ ᠵᠣᠬᠢᠰᠲᠠᠢ ᠲᠥᠬᠦᠮ ᠦᠵᠡᠭᠦᠯᠵᠦ᠂ | ᠵᠡᠮᠳᠡᠭᠴᠦᠳ ᠤᠨ ᠠᠵᠢᠯ ᠤᠨ ᠪᠠᠶᠢᠷᠢ ᠳᠤ ᠭᠠᠷᠬᠤ ᠪᠡᠶ᠎ᠡ ᠶᠢᠨ ᠪᠠᠶᠢᠴᠠᠭᠠᠯᠲᠠ ᠶᠢᠨ ᠠᠷᠭ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠵᠡᠮᠳᠡᠭᠴᠦᠳ ᠲᠤ | ᠬᠠᠷᠢᠴᠠᠯ ᠶᠣᠰᠣᠭᠠᠷ ᠠᠵᠢᠯ ᠣᠯᠭᠤᠬᠤ ᠬᠡᠯᠪᠡᠷᠢ ᠳᠤ ᠰᠢᠨ᠎ᠡ ᠶᠢ ᠡᠭᠦᠳᠬᠦ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠡᠯ᠎ᠡ ᠲᠥᠷᠥᠯ ᠤᠨ ᠦᠢᠯᠡᠴᠢᠯᠡᠭᠡᠨ ᠪᠠ | ᠠᠵᠢᠯ ᠮᠡᠷᠭᠡᠵᠢᠯ ᠤᠨ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠪᠡᠭᠡᠵᠢᠩ ᠥᠪᠥᠷ ᠮᠣᠩᠭᠤᠯ ᠵᠡᠮᠳᠡᠭᠴᠦᠳ ᠲᠤ ᠠᠵᠢᠯ ᠣᠯᠭᠤᠬᠤ ᠬᠠᠮᠵᠢᠯᠴᠠᠭ᠎ᠠ ᠪᠠᠨ | ᠴᠢᠩᠭᠠᠳᠬᠠᠬᠤ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠠᠵᠢᠯ ᠠᠴᠠ ᠪᠣᠯᠵᠤ ᠭᠡᠮᠲᠦᠭᠰᠡᠨ ᠵᠡᠮᠳᠡᠭ ᠠᠵᠢᠯᠲᠠᠨ ᠠᠵᠢᠯᠴᠢᠨ ᠢ ᠵᠡᠮᠳᠡᠭᠴᠦᠳ ᠲᠤ ᠠᠵᠢᠯ ᠣᠯᠭᠤᠬᠤ | ᠦᠢᠯᠡᠴᠢᠯᠡᠭᠡᠨ ᠤ ᠲᠣᠭᠲᠠᠯᠴᠠᠭ᠎ᠠ ᠳᠤ ᠤᠷᠤᠭᠤᠯᠬᠤ ᠬᠡᠷᠡᠭᠲᠡᠢ᠃ | ︵ᠭᠤᠷᠪᠠ︶ ᠰᠠᠭᠤᠷᠢ ᠮᠡᠳᠡᠭᠡ ᠵᠠᠩᠭᠢ ᠶᠢ ᠪᠠᠶᠢᠴᠠᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ | ᠬᠤᠷᠠᠯ ᠢᠶᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠪᠠᠨ ᠬᠠᠷᠢᠴᠠᠭᠤᠯᠵᠤ᠂ ᠠᠯᠪᠠᠨ ᠪᠠᠶᠢᠭᠤᠯᠭ᠎ᠠ᠂ ᠠᠵᠢᠯ ᠦᠢᠯᠡᠰ ᠤᠨ | ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ᠂ ᠬᠡᠪᠴᠢᠶ᠎ᠡ ᠵᠢᠴᠢ ᠵᠡᠮᠳᠡᠭᠴᠦᠳ ᠲᠤ | ᠠᠵᠢᠯ ᠣᠯᠭᠤᠭᠰᠠᠨ ᠪᠠᠶᠢᠳᠠᠯ ᠢ ᠣᠶᠢᠯᠠᠭᠠᠨ᠂ ᠨᠢᠭᠡ ᠪᠦᠯᠦᠭ ᠬᠥᠮᠥᠨ ᠬᠡᠷᠡᠭᠯᠡᠬᠦ ᠬᠡᠪᠴᠢᠶ᠎ᠡ ᠪᠠᠷ ᠥᠷᠭᠡᠨ᠂ ᠵᠡᠮᠳᠡᠭᠴᠦᠳ ᠲᠤ ᠠᠵᠢᠯ ᠣᠯᠭᠤᠬᠤ ᠨᠢᠭᠤᠭᠳᠠᠮᠠᠯ | ᠬᠦᠴᠦᠨ ᠢᠶᠠᠷ ᠭᠦᠢᠴᠡᠳ ᠬᠥᠮᠥᠨ ᠬᠡᠷᠡᠭᠯᠡᠬᠦ ᠨᠢᠭᠡᠴᠢ ᠶᠢ ᠰᠣᠩᠭᠤᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠭᠤᠣᠯᠳᠠᠯᠭ᠎ᠠ ᠪᠣᠯᠬᠤ ᠡᠲᠡᠭᠡᠳ | ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠢ ᠵᠣᠬᠢᠶᠠᠨ ᠪᠠᠶᠢᠭᠤᠯᠤᠨ ᠪᠥᠬᠦ ᠣᠷᠣᠨ ᠤ ᠠᠵᠢᠯ ᠣᠯᠬᠤ | ᠨᠠᠰᠤᠨ ᠳᠤ ᠪᠠᠨ ᠠᠵᠢᠯ ᠣᠯᠣᠭᠠᠳᠤᠢ ᠵᠡᠮᠳᠡᠭᠴᠦᠳ ᠤᠨ ᠰᠠᠭᠤᠷᠢ ᠮᠡᠳᠡᠭᠡ ᠵᠠᠩᠭᠢ ᠶᠢᠨ ᠪᠠᠶᠢᠳᠠᠯ ᠢ ᠣᠶᠢᠯᠠᠭᠠᠨ ᠪᠠᠶᠢᠴᠠᠭᠠᠬᠤ ᠶᠢᠨ ᠬᠠᠮᠲᠤ ᠪᠠᠶᠢᠴᠠᠭᠠᠭᠰᠠᠨ ᠲᠤᠭ᠎ᠠ | ᠪᠠᠷᠢᠮᠲᠠ ᠪᠠᠨ ᠬᠤᠷᠢᠶᠠᠩᠭᠤᠶᠢᠯᠠᠨ ᠵᠠᠳᠠᠯᠵᠤ᠂ ᠠᠵᠢᠯ ᠮᠡᠷᠭᠡᠵᠢᠯ ᠤᠨ ᠴᠢᠳᠠᠪᠤᠷᠢ ᠶᠢ ᠦᠨᠡᠯᠡᠨ ᠵᠢᠱᠢᠬᠦ᠂ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢ ᠪᠦᠷᠢᠳᠬᠡᠨ | ᠳᠠᠩᠰᠠᠯᠠᠬᠤ ᠪᠠ ᠠᠵᠢᠯ ᠣᠯᠭᠤᠬᠤ ᠦᠢᠯᠡᠴᠢᠯᠡᠭᠡ ᠵᠡᠷᠭᠡ ᠠᠵᠢᠯ ᠢ ᠥᠷᠨᠢᠭᠦᠯᠬᠦ ᠬᠡᠷᠡᠭᠲᠡᠢ᠃ | ︵ᠳᠥᠷᠪᠡ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠵᠡᠮᠳᠡᠭᠴᠦᠳ ᠲᠤ ᠠᠵᠢᠯ ᠣᠯᠭᠤᠬᠤ ᠪᠣᠯᠪᠠᠰᠤᠷᠠᠯ᠂ ᠠᠵᠢᠯ | ᠣᠯᠭᠤᠬᠤ ᠦᠢᠯᠡᠴᠢᠯᠡᠭᠡᠨ᠂ ᠨᠡᠮᠡᠭᠦᠷᠢ ᠥᠭᠴᠦ ᠱᠠᠩᠨᠠᠬᠤ ᠵᠡᠷᠭᠡ ᠬᠠᠮᠢᠶ᠎ᠠ ᠪᠦᠬᠦᠢ ᠪᠡᠯᠡ ᠮᠥᠩᠭᠦᠨ ᠤ ᠣᠷᠤᠭᠤᠯᠤᠯᠲᠠ ᠶᠢ ᠪᠠᠲᠤᠯᠠᠵᠤ᠂ ᠨᠡᠮᠡᠭᠦᠷᠢ ᠥᠭᠬᠦ ᠪᠠ ᠱᠠᠩᠨᠠᠬᠤ | ᠪᠠᠷᠢᠮᠵᠢᠶ᠎ᠠ᠂ ᠨᠥᠬᠦᠴᠡᠯ ᠵᠡᠷᠭᠡ ᠠᠭᠤᠯᠭ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠲᠡᠳᠬᠦᠨ | ᠳᠡᠮᠵᠢᠬᠦ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠰᠣᠯᠪᠢᠴᠠᠭᠤᠯᠤᠨ ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠢ᠃ | ᠵᠡᠮᠳᠡᠭᠴᠦᠳ ᠲᠤ ᠠᠵᠢᠯ ᠣᠯᠭᠤᠬᠤ ᠲᠠᠯ᠎ᠠ ᠪᠠᠷ ᠬᠢ ᠡᠯ᠎ᠡ ᠲᠥᠷᠥᠯ ᠤᠨ ᠬᠠᠪᠰᠤᠷᠤᠨ ᠲᠡᠳᠬᠦᠬᠦ ᠪᠠ ᠪᠣᠯᠪᠠᠰᠤᠷᠠᠯ ᠬᠦᠷᠲᠡᠭᠡᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠣᠭᠲᠠᠭᠠᠯ ᠶᠣᠰᠣᠭᠠᠷ ᠲᠡᠳᠬᠦᠬᠦ ᠬᠡᠷᠡᠭᠲᠡᠢ᠃ ᠬᠠᠷᠢᠴᠠᠯ ᠠᠴᠠ ᠳᠠᠪᠠᠭᠤᠯᠵᠤ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠭᠰᠠᠨ ᠬᠥᠮᠥᠨ | ᠬᠡᠷᠡᠭᠯᠡᠬᠦ ᠨᠢᠭᠡᠴᠢ ᠶᠢ ᠱᠠᠩᠨᠠᠨ ᠬᠥᠬᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ︵ᠲᠠᠪᠤ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ︽ᠵᠡᠮᠳᠡᠭᠴᠦᠳ ᠲᠤ ᠠᠵᠢᠯ ᠣᠯᠭᠤᠬᠤ ᠤᠬᠠᠭᠤᠯᠭ᠎ᠠ ᠶᠢᠨ ᠣᠨ︾ ᠤ | ᠠᠵᠢᠯᠯᠠᠭᠠᠨ ᠲᠠᠢ ᠤᠶᠠᠯᠳᠤᠭᠤᠯᠤᠨ᠂ ᠵᠡᠮᠳᠡᠭᠴᠦᠳ ᠲᠤ ᠠᠵᠢᠯ ᠣᠯᠭᠤᠬᠤ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠲᠥᠬᠦᠮ ᠣᠶᠢᠯᠠᠭᠠᠮᠵᠢᠲᠠᠢ᠂ | ᠲᠣᠪᠴᠢ ᠠᠪᠰᠠᠷᠬᠠᠨ ᠥᠰᠥᠭ ᠪᠢᠴᠢᠭ᠂ ᠬᠡᠷᠡᠯ ᠵᠢᠷᠤᠭ᠂ ᠸᠢᠳᠢᠤ᠋ ᠬᠡᠯᠪᠡᠷᠢ ᠪᠠᠷ ᠷᠠᠳᠢᠣ᠋ ᠲᠧᠯᠸᠢᠰ᠂ ᠰᠣᠨᠢᠨ᠂ ᠰᠦᠯᠵᠢᠶ᠎ᠡ ᠪᠠ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ | ᠳᠠᠮᠵᠢᠭᠤᠯᠤᠨ ᠵᠡᠮᠳᠡᠭᠴᠦᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠬᠥᠮᠥᠨ ᠬᠡᠷᠡᠭᠯᠡᠬᠦ | ᠨᠢᠭᠡᠴᠢ ᠶᠢᠨ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠵᠡᠮᠳᠡᠭᠴᠦᠳ ᠤᠨ ᠠᠵᠢᠯ ᠣᠯᠵᠤ | ᠦᠢᠯᠡᠰ ᠴᠣᠭᠴᠠᠯᠠᠭᠰᠠᠨ ᠨᠡᠶᠢᠲᠡᠯᠢᠭ ᠲᠤᠷᠰᠢᠯᠭ᠎ᠠ ᠵᠡᠷᠭᠡ ᠶᠢ ᠳᠡᠯᠭᠡᠷᠡᠭᠦᠯᠬᠦ ᠬᠡᠷᠡᠭᠲᠡᠢ᠃ | ︵ᠵᠢᠷᠭᠤᠭ᠎ᠠ︶ ᠬᠢᠨᠠᠨ ᠰᠢᠨᠵᠢᠵᠦ ᠦᠨᠡᠯᠡᠨ ᠵᠢᠱᠢᠬᠦ ᠠᠵᠢᠯ ᠢ ᠥᠷᠨᠢᠭᠦᠯᠬᠦ ᠬᠡᠷᠡᠭᠲᠡᠢ᠃ ᠲᠣᠰ ᠲᠥᠰᠥᠯ ᠢ ᠬᠡᠷᠡᠭᠵᠢᠭᠦᠯᠬᠦ ᠬᠤᠭᠤᠴᠠᠭᠠᠨ ᠳᠤ᠂ | ᠥᠪᠡᠷᠲᠡᠭᠡᠨ ᠵᠠᠰᠠᠬᠤ ᠣᠷᠣᠨ ᠠᠴᠠ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠠᠬᠢᠴᠠ ᠶᠢᠨ ᠪᠠᠶᠢᠳᠠᠯ ᠢ ᠲᠣᠬᠢᠷᠠᠭᠤᠯᠬᠤ ᠬᠡᠷᠡᠭᠲᠡᠢ᠃ ᠡᠯ᠎ᠡ ᠠᠶᠢᠮᠠᠭ | ᠬᠤᠳᠠ ᠶᠢᠨ ᠵᠡᠮᠳᠡᠭᠴᠦᠳ ᠤᠨ ᠠᠵᠢᠯ ᠤᠨ ᠵᠥᠪᠯᠡᠯ ᠨᠢ ᠵᠢᠯ ᠪᠦᠷᠢ ᠶᠢᠨ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠠᠵᠢᠯ ᠤᠨ ᠵᠥᠪᠯᠡᠯ ᠳᠤ ᠠᠵᠢᠯ ᠢᠶᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ 2024 ᠣᠨ ᠤ ᠡᠴᠦᠰ ᠲᠤ᠂ | ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠥᠰᠥᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠪᠥᠬᠦ ᠲᠠᠯ᠎ᠠ ᠶᠢᠨ ᠳ᠋ᠦᠩᠨᠡᠯᠲᠡ ᠪᠠ ᠦᠨᠡᠯᠡᠨ ᠵᠢᠱᠢᠯᠲᠡ ᠬᠢᠬᠦ ᠬᠡᠷᠡᠭᠲᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 9 ᠳ᠋ᠦ᠋ᠭᠡᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ | |