ᠥᠪᠥᠷ ᠮᠣᠩᠭᠤᠯ 2023 ᠣᠨ ᠤ ᠨᠠᠮᠤᠷ ᠴᠡᠴᠡᠷᠯᠢᠭ ᠲᠤ ᠣᠷᠣᠬᠤ ᠰᠤᠷᠭᠠᠭᠤᠯᠢ ᠳᠤ ᠣᠷᠣᠬᠤ ᠳᠤ ᠡᠨᠡ ᠶᠠᠪᠤᠳᠠᠯ ᠢ ᠬᠢᠨ᠎ᠡ ᠭᠡᠵᠦ ᠲᠣᠳᠣᠷᠬᠠᠶ ᠲᠣᠭᠲᠠᠭᠠᠪᠠ
ᠨᠡᠶᠢᠲᠡᠯᠡᠭᠰᠡᠨ ᠴᠠᠭ᠄
2023/4/18
        ᠬᠡᠤᠬᠡᠳ ᠤᠨ ᠴᠡᠴᠡᠷᠯᠢᠭ ᠲᠤ ᠣᠷᠣᠬᠤ ᠰᠤᠷᠭᠠᠭᠤᠯᠢ ᠳᠤ ᠣᠷᠣᠬᠤ ᠪᠠᠷ ᠨᠡᠷ᠎ᠡ  ᠮᠡᠳᠡᠭᠦᠯᠬᠦ  ᠶᠠᠪᠤᠴᠠ  ᠳᠤ  ᠭᠡᠷ ‍ᠤᠨ‌ᠠᠬᠠᠮᠠᠳᠴᠤᠳ ᠤᠨ ᠣᠯᠠᠨ ᠭᠠᠵᠠᠷ ᠢᠶᠠᠷ ᠭᠦᠶᠦᠬᠦ᠂ ᠣᠯᠠᠨᠲᠠ ᠭᠦᠶᠦᠬᠦ᠂  ᠮᠠᠲ᠋ᠧᠷᠢᠶᠠᠯ  ᠠᠷᠪᠢᠨ  ᠪᠡᠯᠡᠳᠭᠡᠬᠦ᠂  ᠶᠠᠪᠤᠴᠠ  ᠨᠢ‌‍ᠪᠤᠳᠤᠯᠢᠶᠠᠨᠲᠠᠶ ᠪᠠᠶᠢᠬᠤ  ᠵᠡᠷᠭᠡ  ᠠᠰᠠᠭᠤᠳᠠᠯ  ᠢ  ᠰᠶᠢᠳᠪᠦᠷᠢᠯᠡᠬᠦ   ᠶᠢᠨ  ᠲᠦᠯᠦᠭᠡ᠂  ᠣᠶᠢᠷ᠎ᠠ ᠳᠤ᠂  ᠥᠪᠥᠷ  ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ  ᠰᠤᠷᠭᠠᠨ  ᠬᠥᠮᠦᠵᠢᠯ ᠤᠨ  ᠲᠢᠩᠬᠢᠮ  ᠥᠪᠡᠷᠲᠡᠭᠡᠨ  ᠵᠠᠰᠠᠬᠤ  ᠣᠷᠣᠨ ᠤ  ᠳᠣᠲᠣᠭᠠᠳᠤ ᠵᠢ‌ᠬᠠᠮᠠᠭᠠᠯᠠᠬᠤ ᠲᠢᠩᠬᠢᠮ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ  ᠲᠢᠩᠬᠢᠮ᠂  ᠪᠠᠶᠢᠭᠠᠯᠢ ᠵᠢᠨ‌ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂  ᠵᠠᠬ᠎ᠠ‌‍ᠲ᠋ᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ  ᠶᠠᠪᠤᠳᠠᠯ ᠤᠨ  ᠦᠢᠯᠡᠴᠢᠯᠡᠭᠡᠨ  ᠤ  ᠲᠣᠪᠴᠢᠶ᠎ᠠ  ᠵᠡᠷᠭᠡ‌‍ᠲ᠋ᠤᠯᠤᠭᠠᠨ  ᠰᠠᠯᠠᠭ᠎ᠠ  ᠮᠥᠴᠢᠷ  ᠬᠠᠮᠲᠤᠷᠠᠨ  ︽ᠥᠪᠥᠷ  ᠮᠣᠩᠭᠤᠯ ᠤᠨ  ᠥᠪᠡᠷᠲᠡᠭᠡᠨ  ᠵᠠᠰᠠᠬᠤ  ᠣᠷᠣᠨ ᠤ   ᠬᠡᠦᠬᠡᠳ ‍ᠤᠨ‌‍ᠴᠡᠴᠡᠷᠯᠢᠭ ᠲᠤ ᠤᠷᠤᠬᠤ ᠰᠤᠷᠭᠠᠭᠤᠯᠢ ᠳᠤ ᠣᠷᠣᠬᠤ ᠤᠴᠢᠷ ᠤᠨ ᠭᠠᠷᠳᠠᠮ ᠢ ᠬᠦᠢᠴᠡᠳᠭᠡᠬᠦ  ᠲᠤᠬᠠᠢ  ᠵᠢᠯᠣᠭᠤᠳᠬᠤ  ᠰᠠᠨᠠᠯ︾︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠦ᠂ ᠥᠪᠥᠷ ᠮᠣᠩᠭᠤᠯ ᠤᠨ ᠥᠪᠡᠷᠲᠡᠭᠡᠨ‌ᠵᠠᠰᠠᠬᠤ ᠣᠷᠣᠨ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ  ᠬᠤᠭᠤᠴᠠᠭ᠎ᠠ ᠠᠴᠠ  ᠡᠬᠢᠯᠡᠨ  ︽ᠠᠯᠪᠠᠨ ᠡᠴᠠ‌ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠬᠤ︾ ᠪᠠ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ  ᠰᠤᠷᠭᠠᠭᠤᠯᠢ  ᠳ᠋ᠤ᠋‌ᠤᠷᠤᠬᠤ︾ ᠭᠠᠷᠳᠠᠮ ᠢ ᠨᠢᠭᠡ ᠰᠦᠯᠵᠢᠶ᠎ᠡ ᠪᠠᠷ ᠪᠦᠬᠦᠨ ᠢ ᠬᠦᠢᠴᠡᠳᠭᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ ᠭᠡᠵᠦ ᠲᠣᠳᠣᠷᠬᠠᠶ‌‍ᠲ᠋ᠣᠭᠲᠠᠭᠠᠪᠠ᠂ ᠵᠢᠱᠢᠯᠲᠡ ᠪᠠᠷ ᠡᠨᠡ ᠵᠢᠯ ᠤᠨ ᠨᠠᠮᠤᠷ ᠤᠨ  ᠤᠯᠠᠷᠢᠯ ᠳᠤ  ᠥᠪᠥᠷ  ᠮᠣᠩᠭᠤᠯ  ᠨᠢ  ᠠᠯᠪᠠᠨ ᠠᠴᠠ  ᠡᠷᠭᠢᠯᠡᠭᠰᠡᠨ‌‍ᠬᠡᠦᠬᠡᠳ ᠤᠨ ᠴᠡᠴᠡᠷᠯᠢᠭ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ  ᠠᠩᠬᠠᠨ ᠤ  ᠣᠨ ᠤ  44  ᠲᠦᠮᠡᠨ‌‍ᠰᠣᠷᠣᠭᠴᠢ ᠶᠢᠨ ᠰᠤᠷᠭᠠᠭᠤᠯᠢ ᠳᠤ ᠣᠷᠣᠬᠤ ᠭᠤᠶᠤᠴᠢᠯᠠᠯ ᠤᠨ ᠭᠠᠷᠳᠠᠮ ᠢ ᠬᠦᠢᠴᠡᠳᠭᠡᠬᠦ  ᠳᠤ ᠦᠢᠯᠡᠴᠢᠯᠡᠬᠦ ᠪᠣᠯᠤᠨ᠎ᠠ᠃        ᠵᠢᠯᠣᠭᠤᠳᠬᠤ ᠰᠠᠨᠠᠯ ᠳᠤ ᠨᠡᠷ᠎ᠡ ᠮᠡᠳᠡᠭᠦᠯᠬᠦ  ᠪᠠᠷ  ᠪᠡᠯᠡᠳᠭᠡᠬᠦ᠂  ᠲᠤᠭ᠎ᠠ  ᠪᠠᠷᠢᠮᠲᠠ ᠶᠢ  ᠬᠠᠮᠲᠤ ᠪᠠᠷ  ᠬᠤᠪᠢᠶᠠᠯᠴᠠᠨ‌ᠡᠳ᠋ᠯᠡᠬᠦ᠂ ᠰᠣᠷᠣᠭᠴᠢ ᠡᠯᠰᠡᠬᠦ ᠶᠢ ᠬᠡᠷᠡᠭᠵᠢᠭᠦᠯᠬᠦ᠂ ᠰᠦᠯᠵᠢᠶᠡᠨ ᠭᠠᠳᠠᠨ᠎ᠠ ᠨᠡᠷ᠎ᠡ ᠮᠡᠳᠡᠭᠦᠯᠬᠦ ᠵᠡᠷᠭᠡ ᠰᠣᠷᠣᠭᠴᠢ ᠡᠯᠰᠡᠬᠦ  ᠠᠵᠢᠯ ᠤᠨ4 ᠱᠠᠲᠤ ᠦᠶ᠎ᠡ ᠠᠴᠠ ᠰᠤᠷᠭᠠᠨ ᠬᠥᠮᠦᠵᠢᠯ ᠬᠢᠭᠡᠳ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ  ᠪᠠᠶᠠᠯᠢᠭ᠂  ᠣᠷᠣᠨ‌‍ᠰᠠᠭᠤᠴᠠ ᠪᠠ ᠪᠥᠲᠥᠭᠡᠨ ᠪᠠᠶᠢᠭᠤᠯᠤᠯᠲᠠ᠂ ᠬᠥᠮᠦᠨ ᠤ ᠬᠦᠴᠦᠨ ᠤ  ᠡᠬᠢ  ᠪᠠᠶᠠᠯᠢᠭ  ᠪᠠ  ᠨᠡᠶᠢᠭᠡᠮ ᠤᠨ  ᠪᠠᠲᠤᠯᠠᠭ᠎ᠠ᠂  ᠵᠠᠬ᠎ᠠ‌‍ᠲ᠋ᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ  ᠵᠡᠷᠭᠡ  ᠰᠠᠯᠠᠭ᠎ᠠ  ᠮᠥᠴᠢᠷ ᠤᠨ  ᠠᠵᠢᠯ ‍ᠤᠨ‌ᠬᠤᠪᠢᠶᠠᠷᠢᠯᠠᠯ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠪᠠ᠃        ᠪᠡᠯᠡᠳᠬᠡᠯ ᠤᠨ  ᠱᠠᠳᠤᠨ ᠳᠤ᠂  ᠰᠤᠷᠭᠠᠭᠤᠯᠢ  ᠳᠤ  ᠤᠷᠤᠬᠤ  ᠨᠠᠰᠤᠨ ᠠᠴᠠ  ᠡᠮᠦᠨᠡᠬᠢ  ᠰᠤᠷᠭᠠᠨ  ᠬᠥᠮᠦᠵᠢᠯ ‍ᠤᠨ‌ᠥᠩᠭᠡᠷᠡᠯᠲᠡ᠂ ᠲᠥᠯᠥᠪᠯᠡᠭᠡᠲᠦ ᠦᠷᠡᠵᠢᠯ ᠤᠨ ᠭᠡᠷᠡᠴᠢ᠂ ᠰᠤᠷᠭᠠᠭᠤᠯᠢ ᠳᠤ ᠣᠷᠣᠬᠤ  ᠬᠡᠪ ᠤᠨ  ᠨᠠᠰᠤᠨ  ᠠᠴᠠ  ᠭᠡᠳᠦᠷᠡᠭᠰᠡᠨ‌‍ᠭᠡᠷᠡᠴᠢ ᠵᠡᠷᠭᠡ ᠬᠡᠷᠡᠭ ᠥᠬᠡᠶ ᠭᠡᠷᠡᠴᠢ ᠮᠠᠲ᠋ᠧᠷᠢᠶᠠᠯ ᠤᠳ ᠢ ᠪᠦᠬᠦᠳᠡ  ᠶᠢ ᠬᠦᠴᠦᠨ ᠥᠬᠡᠶ  ᠪᠣᠯᠭᠠᠵᠤ᠂  ᠰᠡᠷᠭᠡᠶᠢᠯᠡᠬᠦ  ᠲᠠᠷᠢᠯᠭ᠎ᠠ‌‍ᠲ᠋ᠠᠷᠢᠬᠰᠠᠨ ᠭᠡᠷᠡᠴᠢ ᠪᠠᠷᠢᠮᠲᠠ ᠶᠢ ᠰᠤᠷᠭᠠᠭᠤᠯᠢ ᠳᠤ ᠣᠷᠣᠬᠤ ᠨᠡᠷ᠎ᠡ ᠮᠡᠳᠡᠭᠦᠯᠬᠦ ᠶᠢᠨ  ᠤᠷᠢᠳᠠᠴᠢ  ᠨᠥᠬᠦᠴᠡᠯ  ᠪᠣᠯᠭᠠᠵᠤ  ᠪᠣᠯᠬᠤ‌ᠥᠬᠡᠶ᠂ ᠰᠤᠷᠭᠠᠭᠤᠯᠢ ᠡᠬᠢᠯᠡᠭᠰᠡᠨ ᠤ ᠳᠠᠷᠠᠭ᠎ᠠ ᠰᠤᠷᠤᠭᠴᠢᠳ  ᠲᠤ  ᠭᠡᠷᠡᠴᠢ  ᠪᠠᠷᠢᠮᠲᠠ  ᠬᠠᠩᠭᠠᠬᠤ  ᠶᠢ  ᠴᠠᠭ  ᠲᠤᠬᠠᠶ ᠳ᠋ᠤᠨᠢ‌‍ᠱᠠᠭᠠᠷᠳᠠᠵᠤ ᠪᠣᠯᠤᠨ᠎ᠠ᠃        ᠲᠤᠭ᠎ᠠ ᠪᠠᠷᠢᠮᠲᠠ ᠶᠢ ᠬᠠᠮᠲᠤ ᠪᠠᠷ ᠬᠤᠪᠢᠶᠠᠯᠴᠠᠨ ᠡᠳ᠋ᠯᠡᠬᠦ ᠱᠠᠲᠤᠨ ᠳᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ  ᠨᠢ‌ᠡᠷᠦᠬᠡ ᠠᠮᠠ ᠶᠢᠨ ᠲᠠᠩᠰᠠ᠂ ᠥᠯᠥ ᠬᠥᠳᠡᠯᠬᠦ ᠬᠥᠷᠥᠩᠭᠡ᠂ ᠬᠡᠷ  ᠪᠠᠶᠢᠰᠢᠩ ᠤᠨ  ᠠᠷᠠᠯᠵᠢᠶ᠎ᠠ᠂  ᠨᠡᠶᠢᠭᠡᠮ ᠤᠨ  ᠳᠠᠭᠠᠳᠬᠠᠯ ‍ᠤᠨ‌‍ᠭᠡᠷᠡᠴᠢ ᠵᠡᠷᠭᠡ ᠲᠤᠭ᠎ᠠ ᠪᠠᠷᠢᠮᠲᠠ ᠶᠢ ᠬᠠᠮᠲᠤ ᠪᠠᠷ ᠬᠤᠪᠢᠶᠠᠯᠴᠠᠨ  ᠡᠳ᠋ᠯᠡᠬᠦ  ᠪᠤᠶᠤ  ᠵᠣᠯᠭᠠᠭᠤᠯᠬᠤ  ᠠᠷᠭ᠎ᠠ  ᠮᠠᠶ᠋ᠢᠭ ᠢ  ᠠᠪᠴᠤ᠂ᠬᠡᠷ ᠤᠨ ᠠᠬᠠᠮᠠᠳ ᠤᠨ ᠭᠡᠤᠭᠡᠳ ᠤᠨ ᠢᠶᠠᠨ  ᠰᠤᠷᠭᠠᠭᠤᠯᠢ ᠳᠤ  ᠣᠷᠣᠬᠤ  ᠭᠠᠷᠳᠠᠮ  ᠬᠦᠢᠴᠡᠳᠭᠡᠬᠦ  ᠦᠶ᠎ᠡ ᠳᠤ  ᠰᠦᠯᠵᠢᠶᠡᠨ‌ᠭᠠᠳᠠᠨᠠᠬᠢ ᠣᠯᠠᠨ ᠰᠠᠯᠠᠭ᠎ᠠ ᠮᠥᠴᠢᠷ ᠲᠤ ᠬᠦᠷᠴᠦ ᠨᠣᠮᠧᠷ ᠠᠪᠬᠤ ᠪᠠᠷ ᠮᠥᠷᠯᠡᠵᠦ᠂  ᠲᠤᠬᠠᠶ ᠶᠢᠨ  ᠲᠠᠯᠠᠪᠤᠷ ᠲᠤ  ᠮᠠᠲ᠋ᠧᠷᠢᠶᠠᠯ ᠢ‌‍ᠬᠢᠨᠠᠨ ᠬᠠᠷᠭᠤᠭᠤᠯᠵᠦ ᠪᠠᠶᠢᠬᠰᠠᠨ ᠢ ᠰᠦᠯᠵᠢᠶᠡᠨ ᠳᠡᠭᠡᠷ᠎ᠡ ᠨᠢᠭᠡ ᠯᠡ ᠳᠠᠷᠤᠪᠴᠢ ᠪᠠᠷ ᠨᠡᠷ᠎ᠡ ᠮᠡᠳᠡᠭᠦᠯᠵᠦ ᠦᠷ᠎ᠡ  ᠳ᠋ᠦᠩ  ᠢ  ᠨᠢ‌‍ᠬᠦ᠋ᠯᠢᠶᠡᠬᠦ ᠪᠣᠯᠭᠠᠨ ᠬᠤᠪᠢᠷᠠᠭᠤᠯᠵᠤ᠂ ᠬᠡᠷ ᠤᠨ ᠠᠬᠠᠮᠠᠳ ᠨᠠᠷ ᠭᠡᠤᠭᠡᠳ ᠳᠡᠭᠡᠨ ᠨᠡᠷ᠎ᠡ ᠮᠡᠳᠡᠭᠦᠯᠬᠦ ᠳᠤ ︽ᠭᠠᠷ ᠤᠳᠠᠰᠤ ᠪᠠᠷ ᠵᠢᠨᠨ‌ᠮᠡᠳᠡᠬᠦᠯᠬᠦ︾᠂ ︽ᠰᠠᠨᠠᠭ᠎ᠠ ᠠᠮᠤᠷ ᠭᠠᠷᠳᠠᠮ ᠬᠦᠢᠴᠡᠳᠭᠡᠬᠦ︾ ᠶᠢ ᠪᠡᠶᠡᠯᠡᠭᠦᠯᠬᠦ ᠪᠣᠯᠤᠨ᠎ᠠ᠃        ᠰᠣᠷᠣᠭᠴᠢ ᠡᠯᠰᠡᠬᠦ ᠶᠢ ᠬᠡᠷᠡᠭᠵᠢᠭᠦᠯᠬᠦ ᠱᠠᠲᠤᠨ ᠳᠤ᠂ ᠥᠪᠥᠷ  ᠮᠣᠩᠭᠤᠯ ᠤᠨ  ᠡᠯ᠎ᠡ  ᠭᠠᠵᠠᠷ ᠤᠨ ᠬᠢᠨ  ᠰᠦᠯᠵᠢᠶᠡᠨ‌‍ᠲ᠋ᠡᠭᠡᠷ᠎ᠡ ᠨᠡᠷ᠎ᠡ ᠮᠡᠳᠡᠭᠦᠯᠬᠦ ᠵᠢᠯᠣᠭᠤᠳᠣᠯᠭ᠎ᠠ᠂ ᠪᠣᠯᠪᠠᠰᠤᠷᠠᠯ᠂ ᠰᠣᠷᠢᠯᠲᠠ ᠪᠠ  ᠤᠬᠠᠭᠤᠯᠭ᠎ᠠ ᠶᠢᠨ  ᠠᠵᠢᠯ ᠢ  ᠰᠠᠶᠢᠲᠤᠷ  ᠬᠢᠬᠦ ᠵᠢᠨ‌ᠬᠠᠮᠲᠤ  ᠰᠤᠷᠭᠠᠭᠤᠯᠢ ᠳᠤ  ᠰᠦᠯᠵᠢᠶᠡᠨ  ᠭᠠᠳᠠᠨᠠᠬᠢ  ᠣᠷᠣᠯᠠᠨ   ᠬᠦᠢᠴᠡᠳᠭᠡᠬᠦ   ᠭᠠᠵᠠᠷ   ᠭᠠᠷᠭᠠᠵᠤ   ᠭᠠᠷ   ᠤᠲᠠᠰᠤ᠂ᠺᠣᠮᠫᠢᠦ᠋ᠲ᠋ᠧᠷ ᠰᠠᠶᠢᠨ ᠬᠡᠷᠡᠭᠯᠡᠵᠦ ᠴᠢᠳᠠᠬᠤ ᠥᠬᠡᠶ ᠬᠡᠰᠡᠭ ᠣᠯᠠᠨ  ᠲᠦᠮᠡᠨ ᠤ  ᠡᠯᠧᠺᠲᠷᠣᠨ  ᠨᠡᠷ᠎ᠡ  ᠮᠡᠳᠡᠭᠦᠯᠬᠦ  ᠠᠰᠠᠭᠤᠳᠠᠯ ᠢ‌‍ᠰᠢᠢᠳᠪᠦᠷᠢᠯᠡᠵᠦ ᠦᠭᠭᠦ ᠬᠡᠷᠡᠭᠲᠡᠶ ᠭᠡᠵᠦ ᠱᠠᠭᠠᠷᠳᠠᠪᠠ᠃ ᠡᠭᠦᠨ ᠠᠴᠠ ᠭᠠᠳᠠᠨ᠎ᠠ᠂ ᠡᠯ᠎ᠡ  ᠭᠠᠵᠠᠷ ᠤᠨ  ᠰᠤᠷᠭᠠᠨ  ᠬᠥᠮᠦᠵᠢᠯ ‍ᠤᠨ‌‍ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠨᠢ ᠰᠦᠯᠵᠢᠶᠡᠨ ᠳᠡᠭᠡᠷ᠎ᠡ ᠨᠡᠷ᠎ᠡ  ᠮᠡᠳᠡᠭᠦᠯᠦᠭᠰᠡᠨ  ᠥᠬᠡᠶ  ᠰᠤᠷᠭᠠᠭᠤᠯᠢ  ᠳ᠋ᠤ᠋‌ᠤᠷᠤᠬᠤ ᠨᠠᠰᠤᠨ ᠤ ᠬᠡᠦᠬᠡᠳ ᠤᠨ  ᠰᠦᠯᠵᠢᠶᠡᠨ  ᠭᠠᠳᠠᠨ᠎ᠠ  ᠨᠡᠷ᠎ᠡ  ᠮᠡᠳᠡᠭᠦᠯᠬᠦ  ᠠᠵᠢᠯ ᠢ  ᠰᠠᠶᠢᠲᠤᠷ  ᠬᠢᠬᠦ  ᠬᠡᠷᠡᠭᠲᠡᠶ  ᠭᠡᠵᠦ‌‍ᠱᠠᠭᠠᠷᠳᠠᠵᠠᠢ᠃        ᠨᠢᠭᠡ ᠰᠦᠯᠵᠢᠶ᠎ᠡ ᠪᠠᠷ ᠪᠦᠬᠦᠨ ᠢ ᠬᠦᠢᠴᠡᠳᠭᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠤ  ᠳᠠᠷᠠᠭ᠎ᠠ᠂  ᠭᠤᠶᠤᠴᠢᠯᠠᠨ‌ᠮᠡᠳᠡᠭᠦᠯᠬᠦ ᠮᠠᠲ᠋ᠧᠷᠢᠶᠠᠯ ᠢ ᠴᠦᠭᠡᠳᠭᠡᠬᠦ᠂ ᠬᠢᠨᠠᠨ ᠵᠥᠪᠰᠢᠶᠡᠷᠡᠬᠦ ᠴᠤᠪᠤᠷᠠᠯ ᠢ ᠵᠢᠷᠤᠮᠵᠢᠭᠤᠯᠬᠤ᠂ ᠲᠤᠭ᠎ᠠ  ᠪᠠᠷᠢᠮᠲᠠ ᠶᠢ  ᠬᠠᠮᠲᠤ ᠪᠠᠷ‌ᠬᠤᠪᠢᠶᠠᠯᠴᠠᠨ ᠭᠥᠷᠳᠡᠬᠦ ᠶᠢ ᠴᠢᠩᠭᠠᠷᠠᠭᠤᠯᠬᠤ ᠵᠡᠷᠭᠡ ᠠᠷᠭ᠎ᠠ  ᠮᠠᠶ᠋ᠢᠭ ᠢᠶᠠᠷ  ᠳᠠᠮᠵᠢᠭᠤᠯᠤᠨ᠂  ᠲᠤᠭ᠎ᠠ  ᠪᠠᠷᠢᠮᠲᠠ ᠶᠢ  ᠢᠯᠡᠭᠦᠬᠡᠨ‌‍ᠭᠦ᠋ᠶᠦᠯᠭᠡᠵᠦ᠂ ᠬᠡᠷ ᠤᠨ ᠠᠬᠠᠮᠠᠳ ᠢ ᠳᠤᠲᠠᠭᠤ  ᠭᠦᠶᠦᠯᠭᠡᠵᠦ᠂  ᠬᠡᠤᠬᠡᠳ  ᠤᠨ  ᠴᠡᠴᠡᠷᠯᠢᠭ ᠲᠤ  ᠣᠷᠣᠬᠤ  ᠰᠤᠷᠭᠠᠭᠤᠯᠢ ᠳ᠋ᠤ᠋‌ᠣᠷᠣᠬᠤ ᠳᠤ ᠭᠠᠷ ᠤᠳᠠᠰᠤ ᠪᠠᠷ ᠭᠠᠷᠳᠠᠮ ᠬᠦᠢᠴᠡᠳᠭᠡᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ  ᠣᠷᠣᠨ ᠤ  ᠠᠯᠪᠠᠨ ᠡᠴᠠ‌ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠬᠤ  ᠪᠠ  ᠠᠯᠪᠠᠨ  ᠵᠢᠷᠤᠮ ᠤᠨ  ᠰᠤᠷᠭᠠᠨ  ᠬᠥᠮᠦᠵᠢᠯ ᠤᠨ  ᠰᠤᠷᠭᠠᠭᠤᠯᠢ ᠳ᠋ᠤ᠋‌ᠣᠷᠣᠬᠤ ᠭᠠᠷᠳᠠᠮ ᠬᠦᠢᠴᠡᠳᠭᠡᠬᠦ ᠳᠤ ᠨᠠᠩ ᠳᠥᠭᠦᠮ ᠳᠥᠲᠡ᠂ ᠨᠠᠩ ᠥᠨᠳᠥᠷ  ᠪᠦᠲᠦᠮᠵᠢᠲᠡᠶ  ᠰᠠᠯᠠᠭ᠎ᠠ  ᠮᠥᠴᠢᠷ  ᠠᠯᠤᠰᠯᠠᠨ‌ᠬᠠᠮᠲᠤᠷᠠᠨ ᠬᠦᠢᠴᠡᠳᠭᠡᠬᠦ  ᠵᠠᠭᠪᠤᠷ ᠢ ᠠᠩᠬ᠎ᠠ ᠠᠯᠬᠤᠮ ᠪᠠᠶᠢᠭᠤᠯᠵᠤ᠂ ᠬᠡᠦᠬᠡᠳ ᠤᠨ ᠴᠡᠴᠡᠷᠯᠢᠭ ᠲᠤ ᠣᠷᠣᠬᠤ  ᠰᠤᠷᠭᠠᠭᠤᠯᠢ ᠳ᠋ᠤ᠋‌ᠣᠷᠣᠬᠤ ᠪᠠᠷ ᠨᠡᠷ᠎ᠡ ᠮᠡᠳᠡᠭᠦᠯᠬᠦ ᠶᠢᠨ ᠲᠥᠪ ᠭᠤᠤᠯᠴᠢ ᠶᠢᠨ ᠬᠡᠮᠵᠢᠶ᠎ᠡ᠂ ᠳᠥᠭᠦᠮ ᠳᠥᠲᠡ ᠶᠢᠨ ᠬᠡᠮᠵᠢᠶ᠎ᠡ ᠪᠠ  ᠥᠨᠳᠥᠷ  ᠦᠷ᠎ᠡ‌‍ᠪᠦ᠋ᠲᠦᠮᠵᠢ ᠶᠢ ᠳᠡᠭᠡᠭᠰᠢᠯᠡᠭᠦᠯᠬᠦ ᠪᠤᠯᠦᠨ᠎ᠡ᠃
ᠢᠷᠡᠯᠲᠡ᠄ ᠠᠷᠠᠳ ᠤᠨ ᠰᠥᠯᠵᠢᠶ᠎ᠡ