ᠮᠠᠨ ᠤ ᠬᠤᠲᠠ ᠶᠢᠨ ᠠᠩᠬᠠᠳᠠᠭᠴᠢ ᠡᠮ ᠤᠨ ᠤᠬᠠᠭᠠᠨ ᠤ ᠡᠭᠦᠳᠡᠨ ᠡᠮᠨᠡᠯᠭᠡ ᠡᠮᠴᠢᠯᠡᠭᠡ ᠬᠢᠵᠦ ᠡᠬᠢᠯᠡᠯ᠎ᠡ
ᠨᠡᠶᠢᠲᠡᠯᠡᠭᠰᠡᠨ ᠴᠠᠭ᠄
2023/4/19
        ᠣᠶᠢᠷ᠎ᠠ ᠳᠤ᠂ ᠣᠷᠳᠣᠰ ᠬᠤᠲᠠ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶᠠᠨ ᠤ ᠳ᠋ᠦᠩᠱᠧᠩ ᠤᠨ ᠬᠡᠯᠲᠡᠰ ᠲᠤ ᠡᠮ ᠤᠨ ᠤᠬᠠᠭᠠᠨ ᠤ ᠡᠭᠦᠳᠡᠨ ᠡᠮᠨᠡᠯᠭᠡ ᠪᠠᠶᠢᠭᠤᠯᠤᠭᠳᠠᠨ᠂ ᠲᠤᠰᠬᠠᠶᠢᠯᠠᠨ ᠬᠤᠲᠠ ᠶᠢᠨ ᠠᠷᠠᠳ ᠤᠨ ᠡᠳᠦᠷ ᠲᠤᠲᠤᠮ ᠤᠨ ᠠᠮᠢᠳᠤᠷᠠᠯ ᠳᠠᠭᠠᠨ ᠡᠮ ᠢ ᠰᠢᠨᠵᠢᠯᠡᠬᠦ ᠤᠬᠠᠭᠠᠨᠴᠢ ᠪᠤᠰᠤ ᠪᠠᠷ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ᠂ ᠡᠪᠡᠳᠴᠢᠲᠡᠨ ᠢ ᠬᠠᠪᠰᠤᠷᠤᠨ ᠵᠦᠶ ᠵᠣᠬᠢᠰᠲᠠᠶ᠂ ᠠᠮᠤᠷ ᠲᠦᠪᠰᠢᠨ ᠢᠶᠠᠷ ᠡᠮ ᠬᠡᠷᠡᠭᠯᠡᠭᠦᠯᠬᠦ ᠪᠠᠷ ᠪᠠᠶᠢᠨ᠎ᠠ᠃              ᠣᠶᠢᠯᠠᠭᠠᠭᠰᠠᠨ ᠢᠶᠠᠷ᠂ ᠬᠤᠲᠠ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶᠠᠨ ᠤ ᠳ᠋ᠦᠩᠱᠧᠩ ᠤᠨ ᠬᠡᠯᠲᠡᠰ ᠲᠤ ᠡᠮ ᠤᠨ ᠤᠬᠠᠭᠠᠨ ᠤ ᠡᠭᠦᠳᠡᠨ ᠡᠮᠨᠡᠯᠭᠡ ᠭᠠᠷᠭᠠᠭᠰᠠᠨ ᠨᠢ ᠬᠤᠲᠠ ᠶᠢᠨ ᠠᠷᠠᠳ ᠤᠨ ᠠᠮᠤᠷ ᠲᠦᠪᠰᠢᠨ ᠢᠶᠠᠷ ᠡᠮ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠵᠦ᠂ ᠠᠮᠢᠳᠤᠷᠠᠯ ᠤᠨ ᠳᠤᠮᠳᠠᠬᠢ ᠵᠦᠶ ᠵᠣᠬᠢᠰ ᠥᠬᠡᠶ ᠡᠮ ᠬᠡᠷᠡᠭᠯᠡᠬᠦ ᠦᠵᠡᠭᠳᠡᠯ ᠢ ᠬᠤᠷᠢᠭᠯᠠᠬᠤ ᠶᠢᠨ ᠲᠥᠯᠥᠭᠡ ᠶᠤᠮ᠃ ᠡᠮ ᠤᠨ ᠤᠬᠠᠭᠠᠨ ᠤ ᠡᠭᠦᠳᠡᠨ ᠡᠮᠨᠡᠯᠭᠡ ᠨᠢ ᠭᠤᠣᠯᠳᠠᠭᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠠᠭᠰᠠᠭ᠎ᠠ ᠡᠪᠡᠳᠴᠢᠨ + ᠠᠭᠤᠰᠬᠢᠨ ᠤ ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ᠂ ᠬᠠᠪᠤᠳᠠᠷ ᠪᠠ ᠡᠪᠡᠳᠬᠦ ᠵᠡᠷᠭᠡ ᠳᠣᠯᠣᠭᠠᠨ ᠬᠦᠷᠢᠶ᠎ᠠ ᠴᠠᠷᠠᠭᠠᠨ ᠤ ᠡᠮᠴᠢᠯᠡᠭᠦᠯᠬᠦ ᠪᠠᠷ ᠭᠤᠶᠤᠴᠢᠯᠠᠭᠰᠠᠳ ᠲᠤ ᠡᠮ ᠬᠡᠷᠡᠭᠯᠡᠬᠦ ᠵᠢᠯᠣᠭᠤᠳᠣᠯᠭ᠎ᠠ᠂ ᠡᠮ ᠬᠡᠷᠡᠭᠯᠡᠬᠦ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠢᠴᠢ ᠡᠮ ᠬᠡᠷᠡᠭᠯᠡᠬᠦ ᠠᠮᠤᠷ ᠲᠦᠪᠰᠢᠨ ᠤ ᠬᠥᠮᠦᠵᠢᠯ ᠤᠨ ᠯᠠᠪᠯᠠᠯᠲᠠ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠵᠢᠷᠮᠦᠰᠦᠨ᠂ ᠬᠥᠬᠦᠭᠦᠯ ᠤᠨ ᠬᠤᠭᠤᠴᠠᠭᠠᠨ ᠤ ᠡᠮᠡᠭᠲᠡᠶᠢᠴᠦᠳ ᠪᠠ ᠬᠡᠦᠬᠡᠳ ᠲᠤ ᠬᠠᠨᠳᠤᠭᠤᠯᠤᠨ ᠲᠤᠰᠠᠭᠠᠷ ᠡᠮ ᠬᠡᠷᠡᠭᠯᠡᠬᠦ ᠲᠥᠰᠦᠯ ᠭᠠᠷᠭᠠᠬᠤ ᠪᠤᠯᠤᠨ᠎ᠠ᠃             ᠣᠷᠳᠣᠰ ᠬᠤᠲᠠ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶᠠᠨ ᠤ ᠳ᠋ᠦᠩᠱᠧᠩ ᠤᠨ ᠬᠡᠯᠳᠡᠰ ᠤᠨ ᠡᠮ ᠤᠨ ᠤᠬᠠᠭᠠᠨ ᠤ ᠡᠭᠦᠳᠡᠨ ᠡᠮᠨᠡᠯᠭᠡ ᠪᠣᠯ ᠣᠷᠳᠣᠰ ᠬᠤᠲᠠ ᠶᠢᠨ ᠠᠩᠬᠠᠳᠠᠭᠴᠢ ᠡᠮ ᠤᠨ ᠤᠬᠠᠭᠠᠨ ᠤ ᠡᠭᠦᠳᠡᠨ ᠡᠮᠨᠡᠯᠭᠡ ᠪᠣᠯᠤᠨ᠎ᠠ᠂ ᠡᠮᠨᠡᠯᠭᠡ ᠶᠢᠨ ᠬᠤᠷᠢᠶ᠎ᠠ ᠠᠴᠠ ᠨᠡᠷ᠎ᠡ ᠬᠦᠨᠳᠦ ᠲᠠᠢ ᠡᠮ ᠨᠠᠶᠢᠷᠠᠭᠴᠢ ᠶᠢ ᠲᠣᠬᠢᠷᠠᠭᠤᠯᠤᠨ ᠡᠮᠴᠢᠯᠡᠭᠡ ᠬᠢᠯᠭᠡᠨ᠎ᠠ᠂ ᠡᠮᠴᠢᠯᠡᠬᠦ ᠴᠠᠭ ᠨᠢ ᠭᠠᠷᠠᠭ ᠤᠨ ᠨᠢᠭᠡᠨ᠂ ᠭᠠᠷᠠᠭ ᠤᠨ ᠲᠠᠪᠤᠨ ᠤ ᠦᠳᠡ ᠶᠢᠨ ᠡᠮᠦᠨ᠎ᠠ᠂ ᠭᠠᠷᠠᠭ ᠤᠨ ᠬᠤᠶᠠᠷ᠂ ᠭᠠᠷᠠᠭ ᠤᠨ ᠭᠤᠷᠪᠠᠨ᠂ ᠭᠠᠷᠠᠭ ᠤᠨ ᠳᠥᠷᠪᠡᠨ ᠤ ᠪᠦᠬᠦᠯᠢ ᠡᠳᠦᠷ ᠢᠶᠠᠷ ᠡᠮᠴᠢᠯᠡᠭᠡ ᠬᠢᠵᠤ᠂ ᠰᠦᠯᠵᠢᠶᠡᠨ ᠳᠡᠭᠡᠷ᠎ᠡ ᠤᠷᠢᠳᠴᠢᠯᠠᠨ ᠳ᠋ᠤᠭᠠᠷᠯᠠᠬᠤ ᠪᠤᠶᠤ ᠴᠣᠩᠬᠤᠪᠴᠢ᠂ ᠳ᠋ᠤᠭᠠᠷᠯᠠᠬᠤ ᠮᠠᠰᠢᠨ ᠢᠶᠠᠷ ᠳ᠋ᠤᠭᠠᠷᠯᠠᠵᠤ ᠪᠣᠯᠤᠨ᠎ᠠ᠃
ᠢᠷᠡᠯᠲᠡ᠄ ᠣᠷᠳᠣᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ