ᠲᠥᠪ ᠤᠨ ᠡᠳ᠋ ᠤᠨ ᠵᠠᠰᠠᠭ ᠠᠴᠠ  ᠪᠤᠳᠠᠲᠠᠢ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠶ 100 ᠳ᠋ᠦᠩᠰᠢᠭᠤᠷ ᠲᠥᠭᠦᠷᠢᠭ ᠤᠨ ᠨᠥᠬᠦᠪᠥᠷᠢ ᠪᠠᠭᠤᠯᠭᠠᠵᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠳᠡᠮᠵᠢᠵᠦ ᠪᠤᠢ
ᠨᠡᠶᠢᠲᠡᠯᠡᠭᠰᠡᠨ ᠴᠠᠭ᠄
2023/4/19
        ᠡᠳ᠋ ᠤᠨ ᠵᠠᠰᠠᠭ ᠤᠨ ᠶᠠᠮᠤᠨ ᠠᠴᠠ ᠣᠶᠢᠯᠠᠭᠠᠭᠰᠠᠨ ᠢᠶᠠᠷ᠂ ᠨᠠᠮ ᠤᠨ ᠲᠥᠪ  ᠬᠤᠷᠢᠶ᠎ᠠ᠂  ᠲᠥᠷᠥ ᠶᠢᠨ  ᠶᠠᠪᠤᠳᠠᠯ ‍ᠤᠨ‌ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠠᠷᠢᠶᠠᠯᠠᠩ ᠤᠨ ᠡᠳ᠋ ᠪᠠᠷᠠᠭ᠎ᠠ ᠶᠢᠨ  ᠵᠠᠬ᠎ᠠ‌‍ᠲ᠋ᠡᠯᠭᠡᠭᠦᠷ ᠤᠨ ᠦᠨ᠎ᠡ ᠬᠠᠩᠰᠢ ᠶᠢᠨ ᠬᠠᠨᠳᠤᠰᠢ ᠪᠠ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠢ ᠨᠢᠭᠡᠳᠦᠯᠲᠡᠶ  ᠲᠥᠯᠥᠪᠯᠡᠨ‌‍ᠪᠣᠳᠣᠯᠬᠢᠯᠠᠭᠠᠳ᠂ ᠲᠥᠪ ᠤᠨ ᠡᠳ᠋ ᠤᠨ ᠵᠠᠰᠠᠭ ᠠᠴᠠ  ᠣᠶᠢᠷ᠎ᠠ ᠳᠤ  100  ᠳ᠋ᠦᠩᠰᠢᠭᠤᠷ  ᠲᠥᠭᠦᠷᠢᠭ ᠤᠨ  ᠪᠠᠯᠠ  ᠮᠥᠩᠭᠦ‌‍ᠪᠠᠭᠤᠯᠭᠠᠵᠤ᠂ ᠪᠣᠳᠠᠲᠠᠶ  ᠠᠮᠤ  ᠪᠤᠳᠠᠭ᠎ᠠ  ᠳᠠᠷᠢᠭᠰᠠᠨ  ᠲᠠᠷᠢᠶᠠᠴᠢᠳ ᠲᠤ  ᠨᠢᠭᠡ  ᠯᠡ  ᠤᠳᠠᠭ᠎ᠠ ᠶᠢᠨ  ᠴᠢᠨᠠᠷᠲᠠᠶ  ᠨᠥᠬᠦᠪᠥᠷᠢ‌ᠣᠯᠭᠤᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠨᠢᠭᠡᠳᠦᠯᠲᠡᠶ ᠲᠥᠯᠥᠪᠯᠡᠨ ᠳᠡᠮᠵᠢᠵᠦ᠂  ᠲᠠᠷᠢᠶᠠᠴᠢᠳ ᠤᠨ  ᠠᠮᠤ‌‍ᠪᠤᠳᠠᠭ᠎ᠠ ᠳᠠᠷᠢᠬᠤ ᠢᠳᠡᠪᠬᠢᠵᠢᠯ ᠢ ᠴᠢᠨᠠᠭᠰᠢᠳᠠ ᠳᠠᠶᠢᠴᠢᠯᠠᠵᠤ ᠪᠤᠢ᠃                ᠲᠣᠰ ᠤᠳᠠᠭᠠᠨ ᠤ ᠨᠥᠬᠦᠪᠥᠷᠢ ᠣᠯᠭᠤᠬᠤ ᠡᠲᠡᠭᠡᠳ ᠪᠣᠯ ᠪᠤᠲᠠᠳᠠᠢ ᠠᠮᠤ ᠪᠤᠳᠠᠭ᠎ᠠ ᠲᠠᠷᠢᠭᠰᠠᠳ ᠪᠣᠯᠤᠨ᠎ᠠ᠂ ᠡᠭᠦᠨ ᠳ᠋ᠤ᠋‌ᠥᠪᠡᠷ ᠤᠨ ᠳᠠᠭᠠᠭᠠᠴᠢᠯᠠᠭᠰᠠᠨ ᠭᠠᠵᠠᠷ ᠢᠶᠠᠨ ᠠᠰᠢᠭᠯᠠᠨ ᠠᠮᠤ ᠪᠤᠳᠠᠭ᠎ᠠ ᠲᠠᠷᠢᠵᠤ ᠪᠠᠶᠢᠭ᠎ᠠ  ᠲᠠᠷᠢᠶᠠᠴᠢᠳ᠂  ᠭᠠᠵᠠᠷ  ᠰᠢᠷᠣᠶ ᠵᠢ‌‍ᠰᠢᠯᠵᠢᠭᠦᠯᠦᠨ ᠠᠮᠤ ᠪᠤᠳᠠᠭ᠎ᠠ ᠲᠠᠷᠢᠵᠤ ᠪᠠᠶᠢᠭ᠎ᠠ ᠲᠣᠮᠣ ᠡᠷᠦᠬᠡ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂  ᠲᠠᠷᠢᠶᠠᠴᠢᠳ ‍ᠤᠨ‌ᠬᠤᠷᠰᠢᠶ᠎ᠠ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ‌ᠵᠢᠴᠢ ᠠᠮᠤ ᠪᠤᠳᠠᠭ᠎ᠠ ᠳᠠᠷᠢᠵᠤ ᠬᠤᠷᠢᠶᠠᠬᠤ ᠪᠥᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠵᠦ ᠪᠠᠶᠢᠭ᠎ᠠ  ᠬᠤᠪᠢ‌‍ᠬᠥ᠋ᠮᠦᠨ ᠪᠠ ᠵᠣᠬᠢᠶᠠᠨ ᠪᠠᠶᠢᠭᠤᠯᠤᠯᠲᠠ ᠶᠢ ᠪᠠᠭᠲᠠᠭᠠᠵᠤ᠂ ᠨᠥᠬᠦᠪᠥᠷᠢ ᠪᠠᠯᠠ ᠮᠥᠩᠭᠦ ᠶᠢ ᠪᠤᠳᠠᠲᠠᠢ ᠠᠮᠤ ᠪᠤᠳᠠᠭ᠎ᠠ ᠲᠠᠷᠢᠵᠤ ᠪᠠᠶᠢᠭ᠎ᠠ‌ᠦᠢᠯᠡᠳᠪᠦᠷᠢᠯᠡᠭᠴᠢ ᠶᠢᠨ ᠭᠠᠷ ᠲᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ‌ᠬᠤᠯᠪᠣᠭᠳᠠᠯ  ᠪᠦᠬᠦᠢ  ᠪᠠᠶᠢᠳᠠᠯ ᠲᠠᠢ  ᠤᠶᠠᠯᠳᠤᠭᠤᠯᠤᠨ  ᠨᠥᠬᠦᠪᠥᠷᠢ ᠶᠢᠨ  ᠪᠠᠷᠢᠮᠵᠢᠶ᠎ᠠ ᠶᠢ   ᠶᠡᠷᠦᠩᠬᠡᠶᠢᠯᠡᠨ   ᠲᠣᠭᠲᠠᠭᠠᠵᠤ᠂ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ  ᠪᠠᠷᠢᠯ ᠢ  ᠭᠦᠢᠴᠡᠳ  ᠬᠡᠷᠡᠭᠯᠡᠨ᠂  ︽ᠪᠦᠬᠦᠨ ᠳᠤ  ᠲᠣᠬᠢᠷᠠᠬᠤ‌‍ᠺᠠᠷᠲ︾ ᠢᠶᠠᠷ ᠥᠭᠬᠦ ᠵᠡᠷᠭᠡ ᠠᠷᠭ᠎ᠠ ᠮᠠᠶ᠋ᠢᠭ ᠢ ᠦᠷᠭᠦᠯᠵᠢᠯᠡᠨ ᠠᠪᠴᠤ᠂ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳ᠋ᠤᠨᠢ‌‍ᠭᠦ᠋ᠢᠴᠡᠳ ᠲᠤᠭ᠎ᠠ ᠪᠠᠷ ᠨᠢ ᠪᠣᠳᠠᠲᠠᠶᠢᠵᠢᠭᠤᠯᠤᠨ ᠣᠯᠭᠤᠬᠤ ᠬᠡᠷᠡᠭᠲᠡᠶ᠃
ᠢᠷᠡᠯᠲᠡ᠄ ᠠᠷᠠᠳ ᠤᠨ ᠰᠦᠯᠵᠢᠶ᠎ᠡ