ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠰᠣᠶᠣᠯ ᠤᠨ ᠵᠤᠭᠠᠴᠠᠯ ᠤᠨ ᠰᠢᠯᠢᠳᠡᠭ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠰᠣᠶᠣᠯ ᠤᠨ ᠵᠤᠭᠠᠴᠠᠯ ᠤᠨ ᠬᠡᠷᠡᠭᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠰᠣᠶᠣᠯ ᠤᠨ ᠵᠤᠭᠠᠴᠠᠯ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠣᠷᠴᠢᠨ | ᠲᠣᠭᠤᠷᠢᠨ ᠢ ᠰᠠᠶᠢᠵᠢᠷᠠᠭᠤᠯᠣᠨ᠂ ᠬᠢᠶ᠎ᠠ ᠪᠠᠭᠰᠢ ᠲᠣᠭᠤᠷᠢᠭ ᠤᠨ ᠰᠣᠶᠣᠯ ᠤᠨ ᠠᠵᠤ ᠦᠢᠯᠡᠰ ᠪᠣᠯᠤᠨ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠨ ᠴᠢᠨᠠᠷ | ᠰᠠᠶᠢᠲᠠᠢ ᠬᠥᠭᠵᠢᠬᠦ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠬᠢᠶ᠎ᠠ ᠪᠠᠭᠰᠢ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ ᠳᠣᠣᠷᠠᠬᠢ ᠮᠡᠲᠦ ᠬᠡᠷᠡᠭᠵᠢᠭᠦᠯᠬᠦ | ᠰᠠᠨᠠᠯ ᠢ ᠲᠣᠭᠲᠠᠭᠠᠪᠠ᠃ | | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠣᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠤᠨ ᠠᠵᠢᠯ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠬᠦᠷᠢᠶᠡᠨ ᠤ | ᠠᠵᠢᠯ ᠤᠨ ᠲᠤᠬᠠᠶ ᠰᠢᠷᠢᠰ ᠴᠢᠬᠤᠯᠠ ᠶᠠᠷᠢᠶ᠎ᠠ᠂ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ ᠠᠮᠢ ᠠᠬᠤᠶ ᠶᠢ ᠲᠡᠷᠢᠭᠦᠨ ᠳᠤ ᠲᠠᠯᠪᠢᠵ᠊᠂ | ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠨ᠂ ᠴᠢᠨᠠᠷ ᠰᠠᠶᠢᠲᠠᠶ ᠬᠥᠭᠵᠢᠯᠲᠡ ᠪᠠᠷ ᠬᠠᠷᠠᠯᠲᠠ ᠪᠣᠯᠭᠠᠵᠤ᠂ ᠰᠢᠯᠢᠳᠡᠭ ᠤᠯᠠᠮᠵᠢᠯᠠᠯᠲᠤ ᠰᠣᠶᠣᠯ ᠢ | ᠬᠠᠮᠠᠭᠠᠯᠠᠨ ᠵᠠᠯᠭᠠᠮᠵᠢᠯᠠᠵᠤ᠂ ᠰᠢᠯᠢᠳᠡᠭ ᠰᠣᠶᠣᠯ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠣᠲᠣ ᠦᠶ᠎ᠡ ᠶᠢᠨ ᠰᠣᠶᠣᠯ ᠤᠨ ᠠᠵᠤ ᠦᠢᠯᠡᠰ ᠪᠠ | ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠪᠦᠷᠢᠨ ᠲᠡᠭᠦᠯᠳᠡᠷ ᠵᠢᠭᠤᠯᠴᠢᠯᠠᠯ ᠤᠨ ᠭᠤᠤᠯ ᠲᠠᠲᠠᠬᠤ ᠬᠦᠴᠦᠨ ᠤ ᠰᠢᠰᠲ᠋ᠧᠮᠵᠢ ᠶᠢ ᠪᠠᠶᠢᠭᠤᠯᠤᠨ᠂ ᠤᠯᠤᠰ ᠤᠨ ᠲᠠᠰ ᠤᠨ ᠵᠢᠭᠤᠯᠴᠢᠯᠠᠯ | ᠠᠮᠠᠷᠠᠯᠲᠠ ᠶᠢᠨ ᠣᠷᠣᠨ ᠢ ᠴᠢᠷᠮᠠᠶᠢᠨ ᠪᠠᠶᠢᠭᠤᠯᠵᠤ᠂ ᠰᠣᠶᠣᠯ ᠤᠨ ᠬᠦᠴᠦᠷᠬᠡᠭ ᠬᠤᠲᠠ ᠪᠠ ᠤᠯᠤᠰ ᠤᠨ ᠳᠣᠲᠣᠭᠠᠳᠤ ᠶᠢᠨ ᠲᠡᠷᠢᠭᠦᠨ ᠲᠡᠰ ᠤᠨ ᠵᠢᠭᠤᠯᠴᠢᠯᠠᠯ | ᠰᠡᠯᠡᠭᠦᠴᠡᠯ ᠤᠨ ᠬᠤᠲᠠ ᠶᠢ ᠴᠣᠭᠴᠠᠯᠠᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃ | | ᠬᠤᠶᠠᠷ᠂ ᠭᠤᠣᠯ ᠬᠠᠷᠠᠯᠲᠠ | ᠣᠳᠣ ᠦᠶ᠎ᠡ ᠶᠢᠨ ᠰᠣᠶᠣᠯ ᠵᠤᠭᠠᠴᠠᠯ ᠤᠨ ᠠᠭᠤᠰᠤᠯᠴᠠᠯ ᠤᠨ ᠠᠵᠤ ᠦᠢᠯᠡᠰ ᠤᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠠᠵᠤ | ᠦᠢᠯᠡᠰ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠨ᠂ ᠦᠢᠯᠡᠳᠬᠦᠨ ᠤ ᠬᠠᠩᠭᠠᠯᠭ᠎ᠠ ᠨᠡᠩ ᠡᠯᠪᠡᠭ ᠳᠡᠯᠪᠡᠭ ᠪᠣᠯᠵᠤ᠂ ᠴᠢᠨᠠᠷ ᠴᠢᠨᠰᠠᠭ᠎ᠠ ᠨᠢ ᠢᠯᠡᠳᠲᠡ | ᠳᠡᠭᠡᠭᠰᠢᠯᠡᠨ᠂ ᠤᠯᠤᠰ ᠤᠨ ᠰᠣᠶᠣᠯ ᠤᠨ ᠠᠵᠤ ᠦᠢᠯᠡᠰ ᠪᠣᠯᠤᠨ ᠵᠤᠭᠠᠴᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ | ᠲᠣᠭᠤᠷᠢᠭ᠂ ᠤᠯᠤᠰ ᠤᠨ ᠲᠡᠰ ᠤᠨ ᠵᠤᠭᠠᠴᠠᠯ ᠰᠡᠯᠡᠭᠦᠴᠡᠯ ᠤᠨ ᠬᠤᠳᠠ ᠵᠢᠴᠢ ᠤᠯᠤᠰ ᠤᠨ ᠲᠡᠰ ᠤᠨ ᠲᠦᠷᠦᠯ ᠲᠡᠮᠳᠡᠭ ᠢᠶᠠᠷ ᠬᠦᠳᠦᠯᠦᠨ ᠳᠠᠭᠠᠭᠤᠯᠤᠭᠰᠠᠨ | ᠰᠣᠶᠣᠯ ᠪᠣᠯᠤᠨ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠲᠣᠭᠤᠷᠢᠭ ᠤᠨ ᠨᠡᠷᠡᠲᠦ ᠲᠡᠮᠳᠡᠭ ᠤᠨ ᠨᠡᠷ᠎ᠡ ᠠᠯᠳᠠᠷ ᠤᠨ ᠬᠡᠮᠵᠢᠶ᠎ᠡ ᠪᠠ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠠᠮᠠᠷᠠᠯᠲᠠ ᠬᠤᠨᠤᠭ ᠪᠠᠭᠤᠳᠠᠯ ᠤᠨ ᠠᠵᠤ ᠦᠢᠯᠡᠰ ᠤᠨ ᠪᠦᠯᠦᠭᠯᠡᠯ᠂ ᠵᠢᠭᠤᠯᠴᠢᠯᠠᠯ ᠰᠡᠯᠡᠭᠦᠴᠡᠯ ᠵᠤᠭᠠᠴᠠᠯ ᠤᠨ ᠠᠵᠤ | ᠦᠢᠯᠡᠰ ᠤᠨ ᠪᠦᠯᠦᠭᠯᠡᠯ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠣᠭᠠᠴᠢᠯᠠᠭᠰᠠᠨ ᠪᠦᠯᠦᠭᠯᠡᠯ ᠢ ᠪᠤᠶᠢᠵᠢᠭᠤᠯᠵᠤ᠂ ᠰᠣᠶᠣᠯ ᠤᠨ ᠰᠦᠭ ᠰᠦᠨᠡᠰᠦ ᠶᠢ | ᠱᠤᠭᠤᠬᠤ᠂ ᠰᠣᠶᠣᠯ ᠤᠨ ᠴᠢᠳᠠᠪᠤᠷᠢ ᠣᠯᠭᠤᠬᠤ ᠦᠢᠯᠡᠳᠦᠯ ᠢ ᠪᠥᠬᠦ ᠲᠠᠯ᠎ᠠ ᠪᠠᠷ ᠳᠣᠪᠤᠶᠢᠯᠭᠠᠨ᠂ ᠰᠣᠶᠣᠯ ᠵᠢᠭᠤᠯᠴᠢᠯᠠᠯ ᠤᠨ ᠦᠢᠯᠡᠰ ᠢ ᠪᠥᠬᠦ ᠲᠣᠭᠤᠷᠢᠭ ᠤᠨ | ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠲᠤᠯᠭᠠᠭᠤᠷᠢ ᠠᠵᠤ ᠦᠢᠯᠡᠰ ᠪᠠ ᠶᠡᠷᠦᠩᠬᠡᠶᠢᠯᠡᠭᠰᠡᠨ ᠴᠢᠨᠠᠷᠲᠠᠶ ᠵᠣᠯ ᠵᠢᠷᠭᠠᠯᠲᠤ ᠠᠵᠤ ᠦᠢᠯᠡᠰ ᠪᠣᠯᠭᠠᠨ᠎ᠠ᠃ | | ᠭᠤᠷᠪᠠ᠂ ᠬᠥᠭᠵᠢᠯᠲᠡ ᠶᠢᠨ ᠡᠭᠦᠷᠭᠡ | ︵ᠨᠢᠭᠡ︶ ᠰᠣᠶᠣᠯ ᠤᠨ ᠵᠢᠭᠤᠯᠴᠢᠯᠠᠯ ᠬᠢᠭᠡᠳ ᠬᠤᠲᠠ ᠶᠢᠨ ᠰᠣᠶᠣᠯ ᠤᠨ ᠵᠡᠭᠡᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠬᠠᠷᠢᠯᠴᠠᠨ | ᠠᠭᠤᠰᠤᠯᠴᠠᠭᠤᠯᠤᠨ᠎ᠠ᠃ | 1. ᠴᠠᠭ ᠤᠨ ᠦᠩᠭᠡᠲᠤ ᠬᠤᠲᠠ ᠶᠢᠨ ᠰᠣᠶᠣᠯ ᠵᠢᠭᠤᠯᠴᠢᠯᠠᠯ ᠤᠨ ᠣᠨᠴᠠᠯᠢᠭ ᠢ ᠳᠣᠪᠤᠶᠢᠯᠭᠠᠨ᠎ᠠ᠃ ᠬᠢᠶ᠎ᠠ ᠪᠠᠭᠰᠢ ᠲᠣᠭᠤᠷᠢᠭ ᠤᠨ ᠤᠳᠤ ᠦᠶ᠎ᠡ ᠶᠢᠨ | ᠴᠡᠴᠡᠷᠯᠢᠭ ᠤᠨ ᠬᠤᠳᠠ ᠶᠢᠨ ᠰᠣᠶᠣᠯ ᠢ ᠠᠭᠤᠳᠠᠯᠵᠤ᠂ ᠬᠢᠶ᠎ᠠ ᠪᠠᠭᠰᠢ ᠶᠢᠨ ᠬᠤᠳᠠ ᠶᠢᠨ ᠦᠯᠢᠭᠡᠷ ᠢ ᠰᠠᠶᠢᠲᠤᠷ ᠶᠠᠷᠢᠨ᠂ ᠠᠷᠠᠳ ᠤᠨ ᠵᠤᠭᠠᠴᠠᠯ ᠤᠨ ᠠᠵᠢᠯᠯᠠᠭᠠᠨ ᠤ | ᠣᠷᠣᠨ ᠵᠠᠢ ᠶᠢ ᠥᠷᠭᠡᠳᠬᠡᠵᠦ᠂ ᠭᠠᠳᠠᠨ᠎ᠠ ᠠᠴᠠ ᠢᠷᠡᠭᠰᠡᠨ ᠵᠤᠭᠠᠴᠠᠭᠰᠠᠳ ᠢ ᠲᠠᠲᠠᠵᠤ᠂ ᠬᠢᠶ᠎ᠠ ᠪᠠᠭᠰᠢ ᠲᠣᠭᠤᠷᠢᠭ ᠤᠨ ᠬᠤᠳᠠ ᠶᠢᠨ ᠵᠤᠭᠠᠴᠠᠯ ᠤᠨ ᠲᠦᠷᠢ | ᠲᠥᠷᠬᠦ ᠶᠢ ᠳᠡᠭᠡᠭᠰᠢᠯᠡᠭᠦᠯᠦᠨ᠎ᠡ᠃ ᠬᠤᠲᠠ ᠶᠢᠨ ᠵᠢᠭᠤᠯᠴᠢᠯᠠᠯ ᠢ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠭᠤᠤᠯᠳᠠᠯᠭ᠎ᠠ ᠪᠣᠯᠭᠠᠨ ᠪᠤᠶᠢᠵᠢᠭᠤᠯᠵᠤ᠂ ᠵᠢᠭᠤᠯᠴᠢᠯᠠᠯ | ᠬᠢᠭᠡᠳ ᠮᠦᠽᠧᠶ᠂ ᠨᠣᠮ ᠤᠨ ᠰᠠᠩ᠂ ᠱᠤᠭᠤᠮᠠᠯ ᠤᠨ ᠪᠠᠷᠢᠯᠭ᠎ᠠ ᠵᠡᠷᠭᠡ ᠣᠲᠣ ᠦᠶ᠎ᠡ ᠶᠢᠨ ᠬᠤᠲᠠ ᠶᠢᠨ ᠰᠣᠶᠣᠯ ᠤᠨ ᠦᠵᠡᠮᠵᠢ ᠶᠢ ᠣᠷᠭᠠᠨᠢᠭ ᠢᠶᠠᠷ | ᠤᠶᠠᠯᠳᠤᠭᠤᠯᠬᠤ ᠶᠢ ᠠᠬᠢᠭᠤᠯᠣᠨ᠂ ︽ᠬᠥᠮᠦᠨ ᠨᠢ ᠬᠤᠲᠠ ᠶᠢᠨ ᠳᠤᠮᠳᠠ᠂ ᠬᠤᠲᠠ ᠨᠢ ᠴᠡᠴᠡᠷᠯᠢᠭ ᠤᠨ ᠳᠤᠮᠳᠠ᠂ ᠴᠡᠴᠡᠷᠯᠢᠭ ᠨᠢ ᠦᠵᠡᠮᠵᠢ ᠶᠢᠨ ᠳᠤᠮᠳᠠ︾ | ᠬᠤᠲᠠ ᠶᠢᠨ ᠦᠵᠡᠮᠵᠢ ᠶᠢ ᠪᠣᠶ ᠪᠣᠯᠭᠠᠨ᠎ᠠ᠃ | 2. ᠴᠢᠨᠠᠷ ᠰᠠᠶᠢᠲᠠᠶ ᠰᠣᠶᠣᠯ ᠵᠢᠭᠤᠯᠴᠢᠯᠠᠯ ᠤᠨ ᠵᠡᠭᠡᠯᠢ ᠲᠣᠭᠤᠷᠢᠭ ᠢ ᠴᠣᠭᠴᠠᠯᠠᠨ ᠪᠠᠶᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ | ᠬᠤᠳᠠᠯᠳᠤᠭᠠᠨ ᠤ ᠵᠡᠭᠡᠯᠢ ᠲᠣᠭᠤᠷᠢᠭ᠂ ᠰᠣᠶᠣᠯ ᠤᠨ ᠵᠡᠭᠡᠯᠢ ᠲᠣᠭᠤᠷᠢᠭ ᠵᠡᠷᠭᠡ ᠵᠤᠭᠠᠴᠠᠭᠰᠠᠳ ᠤᠨ ᠴᠤᠭᠯᠠᠷᠠᠯ ᠤᠨ ᠲᠣᠭᠤᠷᠢᠭ ᠲᠤ᠂ ᠺᠢᠨᠣ᠋ ᠶᠢᠨ ᠣᠷᠳᠣᠨ᠂ | ᠲᠢᠶᠠᠲᠷ᠂ ᠰᠡᠯᠡᠭᠦᠴᠡᠯ ᠤᠨ ᠨᠣᠮ ᠤᠨ ᠳᠡᠯᠭᠡᠭᠦᠷ᠂ ᠤᠷᠠᠯᠢᠭ ᠤᠨ ᠣᠷᠳᠣᠨ᠂ ᠭᠠᠷ ᠤᠷᠠᠯᠠᠯ ᠤᠨ ᠪᠦᠲᠦᠭᠡᠭᠳᠡᠬᠦᠨ ᠤ ᠠᠵᠢᠯ ᠤᠨ ᠭᠠᠵᠠᠷ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠤ ᠳᠡᠯᠭᠡᠭᠦᠷ ᠵᠡᠷᠭᠡ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ᠂ ᠰᠣᠶᠣᠯ ᠤᠨ ᠰᠡᠯᠡᠭᠦᠴᠡᠯ ᠤᠨ ᠵᠡᠭᠡᠯᠢ | ᠲᠣᠭᠤᠷᠢᠭ ᠢ ᠪᠣᠶ ᠪᠣᠯᠭᠠᠨ᠎ᠠ᠃ ᠵᠡᠭᠡᠯᠢ ᠲᠣᠭᠤᠷᠢᠭ᠂ ᠨᠡᠶᠢᠭᠡᠮ ᠲᠣᠭᠤᠷᠢᠭ ᠲᠤ ᠪᠦᠲᠦᠭᠡᠯᠴᠢ ᠡᠯᠧᠮᠧᠨ᠋ᠲ᠂ ᠰᠣᠶᠣᠯ ᠤᠨ ᠬᠦᠴᠦᠨ ᠢ ᠣᠷᠣᠭᠤᠯᠤᠨ ᠠᠪᠴᠢᠷᠠᠵᠤ | ᠨᠡᠶᠢᠭᠡᠮ ᠲᠣᠭᠤᠷᠢᠭ ᠤᠨ ᠵᠠᠰᠠᠯᠲᠠ ᠶᠢ ᠰᠠᠶᠢᠵᠢᠷᠠᠭᠤᠯᠬᠤ ᠶᠢ ᠰᠦᠪᠡᠭᠴᠢᠯᠡᠵᠦ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠤᠯᠠᠮᠵᠢᠯᠠᠨ ᠳᠡᠯᠭᠡᠨ | ᠦᠵᠡᠭᠦᠯᠬᠦ᠂ ᠮᠡᠳᠡᠯᠭᠡ ᠶᠢᠨ ᠦᠢᠯᠡᠴᠢᠯᠡᠭᠡ ᠵᠡᠷᠭᠡ ᠶᠡᠷᠦᠩᠬᠡᠶᠢᠯᠡᠭᠰᠡᠨ ᠴᠢᠳᠠᠮᠵᠢ ᠲᠡᠶᠢᠰᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠪᠥᠬᠦ ᠲᠣᠭᠤᠷᠢᠭ᠂ ᠵᠡᠭᠡᠯᠢ | ᠭᠤᠳᠤᠮᠵᠢ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠠᠳᠠᠯᠢ ᠪᠤᠰᠤ ᠲᠠᠰ ᠳᠠᠪᠬᠤᠷᠭ᠎ᠠ ᠶᠢᠨ ᠬᠥᠭᠵᠢᠯᠲᠡ ᠶᠢ ᠠᠬᠢᠭᠤᠯᠵᠤ᠂ ᠬᠦᠴᠦᠷᠬᠡᠭ ᠢ | ᠪᠠᠲᠤᠳᠬᠠᠨ ᠪᠠᠭᠤᠷᠠᠶ ᠶᠢ ᠨᠥᠬᠦᠪᠥᠷᠢᠯᠡᠵᠦ᠂ ᠠᠷᠠᠳ ᠣᠯᠠᠨ ᠤ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠎ᠠ᠃ | 3. ᠭᠠᠵᠠᠷ ᠬᠥᠷᠥᠩᠭᠡ ᠶᠢᠨ ᠨᠦᠬᠡᠴᠡ ᠶᠢ ᠠᠮᠢᠯᠠᠭᠤᠯᠵᠤ ᠣᠯᠠᠨ ᠵᠦᠢᠯ ᠤᠨ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠨ᠎ᠠ᠃ | ᠤᠳᠤ ᠪᠠᠶᠢᠭ᠎ᠠ ᠬᠤᠳᠠᠯᠳᠤᠭᠠᠨ ᠤ ᠭᠡᠷ ᠬᠥᠷᠥᠩᠭᠡ ᠶᠢ ᠠᠮᠢᠯᠠᠭᠤᠯᠵᠤ᠂ ᠬᠤᠳᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠵᠠᠩᠭᠢᠯᠠᠭ᠎ᠠ ᠵᠡᠷᠭᠡ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠤ ᠲᠦᠰᠢᠭᠯᠡᠨ᠂ ᠤᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢ ᠵᠦᠢ | ᠵᠣᠬᠢᠰᠲᠠᠶ ᠪᠠᠶᠢᠷᠢᠰᠢᠭᠤᠯᠵᠤ᠂ ᠬᠡᠷᠡᠭᠵᠢᠭᠦᠯᠵᠦ ᠪᠣᠯᠬᠤ ᠣᠷᠣᠨ ᠪᠦᠰᠡ ᠲᠤ ᠰᠣᠶᠣᠯ ᠤᠨ ᠪᠠ ᠬᠤᠳᠠᠯᠳᠤᠭ᠎ᠠ ᠵᠢᠭᠤᠯᠴᠢᠯᠠᠯ ᠤᠨ ᠴᠣᠭᠴᠠ ᠶᠢᠨ ᠶᠡᠷᠦᠩᠬᠡᠶᠢᠯᠡᠭᠰᠡᠨ | ᠴᠣᠭᠴᠠ᠂ ᠬᠤᠳᠠ ᠶᠢᠨ ᠰᠣᠶᠣᠯ ᠤᠨ ᠪᠠ ᠵᠢᠭᠤᠯᠴᠢᠯᠠᠯ ᠤᠨ ᠬᠡᠷᠡᠭᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠥᠳᠥᠭᠡᠨ ᠪᠠᠶᠢᠭᠤᠯᠤᠨ᠎ᠠ᠃ | 4᠂ ᠰᠣᠶᠣᠯ ᠤᠷᠠᠯᠢᠭ ᠤᠨ ᠬᠤᠳᠠᠯᠳᠤᠭᠠᠨ ᠤ ᠲᠣᠭᠤᠷᠢᠭ᠂ ᠵᠡᠭᠡᠯᠢ ᠲᠣᠭᠤᠷᠢᠭ᠂ ᠨᠡᠶᠢᠭᠡᠮ ᠲᠣᠭᠤᠷᠢᠭ᠂ ᠦᠵᠡᠮᠵᠢ ᠶᠢᠨ ᠣᠷᠣᠨ ᠳᠤ ᠣᠷᠣᠬᠤ ᠶᠢ | ᠵᠣᠷᠢᠭᠵᠢᠭᠤᠯᠤᠨ᠎ᠠ᠃ ᠡᠯ᠎ᠡ ᠲᠥᠷᠥᠯ ᠤᠨ ᠨᠡᠶᠢᠭᠡᠮ ᠤᠨ ᠰᠣᠶᠣᠯ ᠤᠨ ᠭᠤᠣᠯ ᠴᠣᠭᠴᠠ ᠶᠢᠨ ᠬᠤᠳᠠᠯᠳᠤᠭᠠᠨ ᠤ ᠲᠣᠭᠤᠷᠢᠭ ᠲᠤ ᠣᠷᠣᠬᠤ᠂ ᠵᠡᠭᠡᠯᠢ ᠲᠣᠭᠤᠷᠢᠭ ᠲᠤ | ᠣᠷᠣᠬᠤ᠂ ᠨᠡᠶᠢᠭᠡᠮ ᠲᠣᠭᠤᠷᠢᠭ ᠲᠤ ᠣᠷᠣᠬᠤ᠂ ᠦᠵᠡᠮᠵᠢ ᠶᠢᠨ ᠣᠷᠣᠨ ᠳᠤ ᠣᠷᠣᠬᠤ ᠶᠢ ᠵᠣᠷᠢᠭᠵᠢᠭᠤᠯᠵᠤ᠂ ᠳᠠᠭᠤᠤ ᠬᠥᠭᠵᠢᠮ᠂ ᠪᠥᠵᠢᠭ᠂ ᠰᠢ ᠵᠦᠴᠦᠭᠡ᠂ | ᠲᠠᠭᠤᠷᠢᠯᠢᠭ᠂ ᠤᠷᠠᠨ ᠵᠢᠷᠤᠭ ᠤᠨ ᠪᠠᠶᠢᠯᠳᠤᠬᠤ ᠪᠣᠳᠣᠯᠭ᠎ᠠ ᠵᠡᠷᠭᠡ ᠡᠯ᠎ᠡ ᠵᠦᠢᠯ ᠤᠨ ᠰᠣᠶᠣᠯ ᠤᠨ ᠬᠡᠯᠪᠡᠷᠢ ᠳᠤ ᠲᠦᠰᠢᠭᠯᠡᠨ᠂ ᠲᠣᠭᠯᠠᠯᠲᠠ᠂ ᠲᠠᠶᠢᠯᠤᠮᠵᠢ ᠶᠢᠨ | ᠴᠤᠭᠯᠠᠭᠠᠨ᠂ ᠭᠠᠷ ᠤᠷᠠᠯᠠᠯ᠂ ᠤᠷᠠᠯᠢᠭ ᠤᠨ ᠴᠤᠭᠯᠠᠭ᠎ᠠ ᠮᠠᠶᠢᠮᠠᠶ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠠᠰᠢᠭᠯᠠᠨ᠂ ᠦᠨᠳᠦᠰᠦᠲᠡᠨ ᠤ ᠰᠣᠶᠣᠯ ᠪᠠ ᠭᠠᠵᠠᠷ | ᠣᠷᠣᠨ ᠤ ᠰᠣᠶᠣᠯ ᠢ ᠳᠡᠯᠭᠡᠷᠡᠭᠦᠯᠦᠨ ᠪᠠᠳᠠᠷᠠᠭᠤᠯᠬᠤ ᠰᠢᠯᠢᠳᠡᠭ ᠤᠨᠴᠠᠯᠢᠭᠳᠤ ᠰᠣᠶᠣᠯ ᠤᠨ ᠲᠥᠷᠥᠯ ᠵᠦᠢᠯ ᠢ ᠳᠡᠯᠭᠡᠨ ᠦᠵᠡᠭᠦᠯᠵᠦ᠂ ᠰᠠᠭᠤᠭᠠᠯᠢ ᠠᠷᠠᠳ ᠪᠠ | ᠵᠢᠭᠤᠯᠴᠢᠯᠠᠭᠴᠢᠳ ᠢ ᠲᠡᠳᠡᠨ ᠰᠠᠭᠤᠯᠭᠠᠵᠤ᠂ ᠰᠠᠭᠤᠭᠠᠯᠢ ᠠᠷᠠᠳ ᠪᠠ ᠵᠢᠭᠤᠯᠴᠢᠯᠠᠭᠴᠢᠳ ᠲᠤ ᠭᠤᠸ᠎ᠠ ᠰᠠᠶᠢᠬᠠᠨ ᠤ ᠬᠥᠮᠦᠵᠢᠯ ᠤᠨ ᠲᠠᠪᠴᠠᠩ ᠢ ᠬᠠᠩᠭᠠᠨ᠎ᠠ᠃ | | ︵ᠬᠤᠶᠠᠷ︶ ᠰᠣᠶᠣᠯ ᠤᠨ ᠵᠢᠭᠤᠯᠴᠢᠯᠠᠯ ᠬᠢᠭᠡᠳ ᠬᠤᠳᠠ ᠶᠢᠨ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢ ᠬᠠᠷᠢᠯᠴᠠᠨ ᠠᠭᠤᠰᠤᠯᠴᠠᠭᠤᠯᠤᠨ᠎ᠠ᠃ | 1. ᠡᠬᠢ ᠪᠠᠶᠠᠯᠢᠭ ᠣᠷᠴᠢᠨ ᠲᠣᠭᠤᠷᠢᠨ ᠬᠢᠭᠡᠳ ᠬᠤᠲᠠ ᠶᠢᠨ ᠵᠢᠭᠤᠯᠴᠢᠯᠠᠯ ᠤᠨ ᠬᠠᠮᠵᠢᠯᠴᠠᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ | ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ | ᠳᠡᠭᠡᠳᠦ ᠬᠢᠵᠠᠭᠠᠷ ᠢᠶᠠᠷ ᠭᠠᠷᠳᠠᠴᠠ ᠪᠣᠯᠭᠠᠨ᠂ ᠡᠬᠢ ᠪᠠᠶᠠᠯᠢᠭ ᠣᠷᠴᠢᠨ ᠲᠣᠭᠤᠷᠢᠨ ᠬᠢᠭᠡᠳ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠬᠠᠮᠵᠢᠯᠴᠠᠬᠤ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠢᠶ᠎ᠠ ᠪᠠᠭᠰᠢ ᠲᠣᠭᠤᠷᠢᠭ ᠤᠨ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠬᠥᠭᠵᠢᠯᠲᠡ ᠶᠢᠨ ᠭᠤᠤᠯᠯᠠᠬᠤ ᠳᠠᠪᠠᠭᠤᠯᠢᠭ ᠪᠣᠯᠭᠠᠨ᠎ᠠ᠃ | 2. ︽ᠠᠮᠢ ᠠᠬᠤᠶ ᠶᠢᠨ ᠴᠡᠴᠡᠷᠯᠢᠭ ᠤᠨ ᠬᠤᠲᠠ︾ ᠶᠢᠨ IP ᠶᠢ ᠪᠠᠶᠢᠭᠤᠯᠤᠨ᠎ᠠ᠃ ᠬᠤᠲᠠ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠪᠠ | ᠬᠥᠮᠦᠨ ᠨᠡᠶᠢᠭᠡᠮ᠂ ᠪᠣᠬᠢᠷᠲᠤᠯ ᠥᠬᠡᠶ ᠠᠮᠢ ᠠᠬᠤᠶ ᠶᠢᠨ ᠣᠷᠴᠢᠨ ᠲᠣᠭᠤᠷᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠢᠶ᠎ᠠ ᠪᠠᠭᠰᠢ ᠲᠣᠭᠤᠷᠢᠭ ᠤᠨ ︽ | ᠬᠤᠲᠠ ᠶᠢ ᠲᠣᠭᠤᠷᠢᠨ ᠬᠥᠬᠡᠷᠡᠨ ᠨᠣᠭᠤᠭᠠᠷᠠᠵᠤ᠂ ᠳᠥᠷᠪᠡᠨ ᠤᠯᠠᠷᠢᠯ ᠳᠤ ᠮᠥᠩᠬᠡ ᠨᠣᠭᠤᠭᠠᠷᠠᠨ᠂ ᠭᠤᠷᠪᠠᠨ ᠤᠯᠠᠷᠢᠯ ᠳᠤ ᠴᠡᠴᠡᠭ ᠳᠡᠯᠭᠡᠷᠡᠭᠰᠡᠨ︾ ᠬᠤᠲᠠ ᠶᠢᠨ | ᠦᠵᠡᠮᠵᠢ ᠶᠢ ︽ᠴᠡᠴᠡᠷᠯᠢᠭ ᠤᠨ ᠬᠤᠲᠠ︾ ᠶᠢᠨ ᠭᠢᠯᠠᠯᠵᠠᠭᠰᠠᠨ ᠨᠡᠷ᠎ᠡ ᠶᠢᠨ ᠬᠠᠭᠤᠳᠠᠰᠤ ᠪᠣᠯᠭᠠᠨ ᠪᠥᠲᠥᠭᠡᠨ ᠪᠠᠶᠢᠭᠤᠯᠵᠤ᠂ ᠭᠠᠵᠠᠷ ᠣᠷᠣᠨ ᠤ ᠬᠡᠪ ᠨᠠᠮᠪᠠ ᠶᠢ | ᠳᠣᠪᠤᠶᠢᠯᠭᠠᠭᠰᠠᠨ᠂ ᠢᠯᠡ ᠲᠣᠳᠣ ᠴᠠᠭ ᠦᠶ᠎ᠡ ᠶᠢᠨ ᠣᠨᠴᠠᠯᠢᠭ ᠲᠠᠢ᠂ ᠪᠦᠷᠢᠨ ᠲᠡᠭᠦᠯᠳᠡᠷ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠲᠠᠢ ︽ᠴᠡᠴᠡᠷᠯᠢᠭ ᠤᠨ | ᠬᠤᠲᠠ︾ ᠶᠢᠨ IP ᠪᠣᠯᠭᠠᠨ ᠪᠥᠲᠥᠭᠡᠨ ᠪᠠᠶᠢᠭᠤᠯᠤᠨ᠎ᠠ᠃ | 3. ︽ᠴᠡᠴᠡᠷᠯᠢᠭ ᠤᠨ ᠬᠤᠲᠠ︾ ᠶᠢᠨ ᠴᠡᠴᠡᠭ ᠰᠣᠨᠢᠷᠬᠠᠬᠤ ᠰᠡᠯᠡᠭᠦᠴᠡᠯ ᠤᠨ ᠠᠵᠢᠯᠯᠠᠭ᠎ᠠ ᠶᠢ ᠬᠦᠴᠦᠯᠡᠨ ᠠᠬᠢᠭᠤᠯᠤᠨ᠎ᠠ᠃ ᠬᠤᠲᠠ ᠶᠢᠨ ᠴᠡᠴᠡᠷᠯᠢᠭ᠂ | ᠬᠤᠲᠠ ᠶᠢᠨ ᠨᠣᠭᠤᠭᠠᠨ ᠵᠠᠮ᠂ ᠬᠤᠲᠠ ᠶᠢᠨ ᠠᠭᠤᠳᠠᠮ ᠲᠠᠯᠠᠪᠠᠶ ᠳᠤ ᠴᠡᠴᠡᠭ ᠰᠣᠨᠢᠷᠬᠠᠬᠤ ᠰᠡᠯᠡᠭᠦᠴᠡᠯ ᠤᠨ ᠠᠵᠢᠯᠯᠠᠭ᠎ᠠ ᠥᠷᠨᠢᠭᠦᠯᠬᠦ ᠠᠴᠠ ᠭᠠᠳᠠᠨ᠎ᠠ᠂ ᠨᠢᠭᠡᠨᠲᠡ | ᠨᠡᠯᠢᠶᠡᠳ ᠶᠡᠭᠡ ᠬᠡᠪᠴᠢᠶ᠎ᠡ ᠲᠠᠢ ᠪᠣᠯᠤᠭᠰᠠᠨ᠂ ᠵᠣᠬᠢᠬᠤ ᠨᠠᠷᠠᠲᠤ ᠲᠥᠷᠥᠯ ᠲᠡᠮᠳᠡᠭᠲᠦ ᠶᠢᠨ ᠤᠷᠢᠶᠠᠯᠠᠬᠤ ᠬᠦᠴᠦᠨ ᠲᠠᠢ ᠶᠡᠭᠡ ᠣᠪᠣᠭ᠎ᠠ᠂ 2 ᠳ᠋ᠤᠭᠠᠷ ᠬᠥᠭᠦᠷᠭᠡ ᠶᠢᠨ | ᠡᠮᠦᠨ᠎ᠡ ᠲᠠᠯ᠎ᠠ᠂ ᠲᠣᠭᠤᠷᠢᠭ ᠤᠨ ᠵᠠᠰᠠᠭ ᠤᠨ ᠣᠷᠳᠣᠨ ᠤ ᠪᠠᠷᠠᠭᠤᠨ ᠲᠠᠯ᠎ᠠ᠂ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠴᠡᠴᠡᠷᠯᠢᠭ ᠤᠨ ᠡᠮᠦᠨ᠎ᠡ | ᠲᠠᠯ᠎ᠠ ᠳᠤ ᠦᠷᠭᠦᠯᠵᠢᠯᠡᠨ ᠦᠵᠡᠮᠦᠷᠢ ᠶᠢᠨ ᠴᠡᠴᠡᠭ ᠳᠠᠷᠢᠬᠤ ᠶᠢᠨ ᠬᠠᠮᠲᠤ ᠦᠵᠡᠮᠵᠢ ᠶᠢᠨ ᠵᠠᠭᠭᠢᠯᠠᠭᠠ ᠶᠢᠨ ᠴᠡᠭ ᠲᠣᠭᠢᠷᠠᠭᠤᠯᠣᠨ᠂ ᠰᠠᠭᠤᠭᠠᠯᠢ ᠠᠷᠠᠳ ᠪᠠ | ᠵᠤᠭᠠᠴᠠᠭᠰᠠᠳ ᠲᠤ ᠴᠡᠴᠡᠭ ᠰᠣᠨᠢᠷᠬᠠᠬᠤ᠂ ᠭᠤᠸ᠎ᠠ ᠰᠠᠶᠢᠬᠠᠨ ᠤ ᠵᠤᠭ᠎ᠠ ᠴᠡᠩᠭᠡᠯ ᠤᠨ ᠣᠷᠣᠨ ᠵᠠᠶ ᠶᠢ ᠪᠣᠶ ᠪᠣᠯᠭᠠᠵᠤ ᠥᠭᠭᠦᠨ᠎ᠡ᠃ ᠠᠳᠠᠯᠢ ᠪᠤᠰᠤ ᠤᠯᠠᠷᠢᠯ ᠳᠤ | ᠠᠳᠠᠯᠢ ᠪᠤᠰᠤ ᠴᠡᠴᠡᠭ ᠰᠣᠨᠢᠷᠬᠠᠬᠤ ᠭᠤᠣᠯ ᠰᠡᠳᠦᠪᠲᠦ ᠵᠤᠭᠠᠴᠠᠯ ᠤᠨ ᠱᠤᠭᠤᠮ᠂ ᠥᠪᠡᠷ ᠢᠶᠠᠨ ᠵᠢᠯᠣᠭᠤᠳᠬᠤ ᠵᠤᠭᠠᠴᠠᠯ ᠤᠨ ᠱᠤᠭᠤᠮ᠂ ᠭᠦᠨᠵᠡᠭᠡᠢ ᠴᠡᠴᠡᠭ | ᠰᠣᠨᠢᠷᠬᠠᠬᠤ ᠲᠤᠷᠰᠢᠯᠲᠠ ᠶᠢᠨ ᠭᠠᠵᠠᠷ ᠵᠡᠷᠭᠡ ᠵᠢᠯᠤᠭᠤᠳᠤᠯᠭ᠎ᠠ ᠶᠢᠨ ᠴᠢᠨᠠᠷᠲᠠᠢ ᠪᠣᠷᠣᠯᠠᠭᠤᠯᠭ᠎ᠠ ᠶᠢᠨ ᠲᠥᠰᠦᠯ ᠢ ᠭᠠᠷᠭᠠᠨ᠎ᠠ᠃ ᠠᠳᠠᠯᠢ ᠪᠤᠰᠤ ᠴᠡᠴᠡᠭ ᠤᠨ | ᠤᠯᠠᠷᠢᠯ ᠳᠤ ᠠᠳᠠᠯᠢ ᠪᠤᠰᠤ ᠶᠢᠨ ᠤᠬᠠᠭᠤᠯᠤᠨ ᠳᠡᠯᠭᠡᠷᠡᠭᠦᠯᠬᠦ ᠰᠠᠷ᠎ᠠ ᠪᠤᠶᠤ ᠭᠤᠤᠯ ᠰᠡᠳᠦᠪᠲᠦ ᠪᠠᠶᠠᠷ ᠳᠤᠷᠠᠰᠬᠠᠯ ᠤᠨ ᠡᠳᠦᠷ ᠢ ᠡᠷᠭᠢᠯᠡᠵᠦ᠂ ᠵᠤᠭᠠᠴᠠᠭᠰᠠᠳ ᠪᠠ | ᠰᠠᠭᠤᠭᠠᠯᠢ ᠠᠷᠠᠳ ᠢ ᠲᠡᠳᠡᠨ ᠣᠷᠣᠯᠴᠠᠭᠤᠯᠵᠤ᠂ ᠴᠡᠴᠡᠭ ᠰᠣᠨᠢᠷᠬᠠᠬᠤ ᠵᠤᠭᠠᠴᠠᠯ ᠤᠨ ᠬᠥᠮᠦᠰ ᠤᠨ ᠬᠦᠷᠢᠶᠡᠯᠡᠯ ᠢ ᠭᠦᠶ᠋ᠴᠡᠳ ᠠᠰᠢᠭᠯᠠᠨ᠂ ︽ᠴᠡᠴᠡᠷᠯᠢᠭ ᠤᠨ | ᠬᠤᠲᠠ︾ ᠶᠢᠨ IP ᠶᠢ ᠤᠯᠠᠮᠵᠢᠯᠠᠨ ᠳᠡᠯᠭᠡᠷᠡᠭᠦᠯᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠤᠨ᠎ᠠ᠃ | | ︵ᠭᠤᠷᠪᠠ︶ ᠰᠣᠶᠣᠯ ᠵᠢᠭᠤᠯᠴᠢᠯᠠᠯ ᠬᠢᠭᠡᠳ ᠠᠷᠠᠳ ᠤᠨ ᠵᠠᠩ ᠦᠶ᠋ᠯᠡ ᠶᠢ ᠬᠠᠷᠢᠯᠴᠠᠨ ᠠᠭᠤᠰᠤᠯᠴᠠᠭᠤᠯᠤᠨ᠎ᠠ᠃ | 1. ᠬᠠᠩᠭᠠᠯᠭ᠎ᠠ ᠶᠢᠨ ᠦᠶ᠋ᠯᠡᠳᠬᠦᠨ ᠢ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠤᠨ᠎ᠠ᠃ ᠬᠠᠩᠭᠠᠯᠭ᠎ᠠ ᠶᠢᠨ ᠲᠠᠯ᠎ᠠ ᠪᠠᠷ ᠤᠯᠠᠮᠵᠢᠯᠠᠯᠲᠤ ᠰᠣᠶᠣᠯ ᠤᠨ | ᠵᠢᠭᠤᠯᠴᠢᠯᠠᠯ ᠤᠨ ᠦᠵᠡᠮᠵᠢ ᠶᠢᠨ ᠣᠷᠣᠨ᠂ ᠤᠨᠴᠠᠯᠢᠬᠳᠤ ᠰᠣᠶᠣᠯ ᠤᠨ ᠵᠢᠭᠤᠯᠴᠢᠯᠠᠯ ᠤᠨ ᠵᠡᠭᠡᠯᠢ ᠲᠣᠭᠤᠷᠢᠭ᠂ ᠪᠣᠳᠠᠰ ᠤᠨ ᠪᠤᠰᠤ ᠰᠣᠶᠣᠯ ᠤᠨ ᠥᠪ᠂ ᠰᠣᠶᠣᠯ | ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠵᠡᠷᠭᠡ ᠨᠢᠭᠡ ᠪᠦᠯᠦᠭ ᠳᠠᠶᠢᠴᠢᠯᠠᠬᠤ ᠴᠢᠨᠠᠷᠲᠠᠶ᠂ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ ᠬᠠᠩᠭᠠᠯᠭ᠎ᠠ ᠶᠢᠨ | ᠦᠶ᠋ᠯᠡᠳᠬᠦᠨ ᠢ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠢ ᠢᠳᠡᠪᠬᠢᠲᠡᠶ ᠠᠬᠢᠭᠤᠯᠤᠨ᠎ᠠ᠃ | 2. ᠰᠣᠶᠣᠯ ᠤᠨ ᠴᠣᠩᠬᠤᠪᠴᠢ ᠶᠢᠨ ᠦᠶ᠋ᠯᠡᠳᠦᠯ ᠢ ᠪᠠᠳᠠᠷᠠᠭᠤᠯᠤᠨ᠎ᠠ᠃ ᠣᠷᠳᠣᠰ ᠤᠨ ᠮᠣᠩᠭᠤᠯ ᠦᠨᠳᠦᠰᠦᠲᠡᠨ ᠤ ᠲᠡᠦᠬᠡ ᠰᠣᠶᠣᠯ᠂ ᠤᠯᠠᠮᠵᠢᠯᠠᠯᠲᠤ | ᠶᠣᠰᠣᠯᠠᠯ᠂ ᠠᠮᠢᠳᠤᠷᠠᠯ ᠤᠨ ᠵᠠᠩ ᠳᠠᠳᠬᠠᠯ ᠢ ᠬᠠᠮᠤᠭ ᠤᠨ ᠪᠦᠷᠢᠨ ᠪᠦᠲᠦᠨ ᠬᠠᠳᠠᠭᠠᠯᠠᠭᠰᠠᠨ ᠭᠠᠵᠠᠷ ᠣᠷᠣᠨ ᠪᠣᠯᠬᠤ ᠶᠢ ᠲᠥᠰᠢᠭᠯᠡᠨ᠂ ᠦᠨᠳᠦᠰᠦᠲᠡᠨ ᠤ | ᠣᠨᠴᠠᠯᠢᠭ ᠪᠠ ᠬᠥᠮᠦᠨ ᠨᠡᠶᠢᠭᠡᠮ ᠤᠨ ᠲᠡᠤᠬᠡ ᠶᠢ ᠭᠦᠢᠴᠡᠳ ᠬᠠᠶᠢᠨ ᠰᠦᠪᠡᠭᠴᠢᠯᠡᠵᠦ᠂ ᠬᠢᠶ᠎ᠠ ᠪᠠᠭᠰᠢ ᠲᠣᠭᠤᠷᠢᠭ ᠤᠨ ᠣᠷᠳᠣᠰ ᠬᠤᠲᠠ ᠶᠢᠨ ᠭᠤᠤᠯ ᠲᠣᠭᠤᠷᠢᠭ | ᠪᠣᠯᠬᠤ ᠦᠶ᠋ᠯᠡᠳᠦᠯ ᠢ ᠪᠠᠳᠠᠷᠠᠭᠤᠯᠤᠨ᠂ ᠬᠢᠶ᠎ᠠ ᠪᠠᠭᠰᠢ ᠲᠣᠭᠤᠷᠢᠭ ᠢ ᠣᠷᠳᠣᠰ ᠤᠨ ᠭᠠᠵᠠᠷ ᠣᠷᠣᠨ ᠤ ᠰᠣᠶᠣᠯ ᠪᠠ ᠮᠣᠩᠭᠤᠯ ᠦᠨᠳᠦᠰᠦᠲᠡᠨ ᠤ ᠰᠣᠶᠣᠯ ᠢ ᠳᠡᠯᠭᠡᠨ | ᠦᠵᠡᠭᠦᠯᠬᠦ ᠴᠣᠩᠬᠤ ᠪᠠ ᠲᠠᠲᠠᠬᠤ ᠬᠦᠴᠦᠨ ᠢᠶᠠᠷ ᠪᠢᠯᠬᠠᠮ᠎ᠠ ᠲᠠᠯ᠎ᠠ ᠨᠤᠲᠤᠭ ᠤᠨ ᠰᠣᠶᠣᠯ ᠪᠠ ᠠᠷᠠᠳ ᠤᠨ ᠵᠠᠩ ᠦᠢᠯᠡ ᠶᠢ ᠣᠶᠢᠯᠠᠭᠠᠬᠤ ᠭᠠᠵᠠᠷ ᠣᠷᠣᠨ ᠪᠣᠯᠭᠠᠨ | ᠪᠦᠲᠦᠭᠡᠨ ᠪᠠᠶᠢᠭᠤᠯᠤᠨ᠎ᠠ᠃ | 3. ᠦᠨᠳᠦᠰᠦᠲᠡᠨ ᠤ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠲᠣᠰ ᠭᠠᠵᠠᠷ ᠣᠷᠣᠨ ᠤ ᠳᠠᠭᠤᠤ ᠪᠥᠵᠢᠭ᠂ ᠢᠳᠡᠭᠡᠨ | ᠤᠮᠳᠠᠭᠠᠨ᠂ ᠰᠣᠶᠣᠯ᠂ ᠶᠣᠰᠣᠯᠠᠯ᠂ ᠵᠠᠩ ᠳᠠᠳᠬᠠᠯ ᠢ ᠨᠢᠭᠡ ᠴᠣᠠᠠᠴᠠᠵᠢᠭᠤᠯᠥᠠᠠᠰᠠᠨ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ | ᠪᠣᠯᠭᠠᠵᠤ᠂ ᠣᠷᠳᠣᠰ ᠤᠨ ᠬᠤᠷᠢᠮ ᠤᠨ ᠶᠣᠰᠣᠯᠠᠯ᠂ ᠨᠠᠭᠠᠳᠤᠮ ᠤᠨ ᠬᠤᠷᠠᠯ ᠵᠡᠷᠭᠡ ᠦᠨᠳᠦᠰᠦᠲᠡᠨ ᠤ ᠰᠣᠶᠣᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ | ᠮᠣᠩᠭᠤᠯ ᠦᠨᠳᠦᠰᠦᠲᠡᠨ ᠤ ᠤᠯᠠᠮᠵᠢᠯᠠᠯᠲᠤ ᠠᠷᠠᠳ ᠤᠨ ᠵᠠᠩ ᠦᠶ᠋ᠯᠡ ᠲᠠᠢ ᠭᠠᠷ ᠤᠷᠠᠯᠠᠯ ᠤᠨ ᠪᠦᠲᠦᠭᠡᠭᠳᠡᠬᠦᠨ ᠪᠠ ᠰᠣᠶᠣᠯ ᠤᠨ ᠪᠦᠲᠦᠭᠡᠯᠴᠢ ᠲᠥᠰᠦᠪᠯᠡᠯ ᠤᠨ | ᠲᠠᠸᠠᠷ ᠢ ᠰᠤᠳᠤᠯᠤᠨ ᠨᠡᠭᠡᠭᠡᠬᠦ ᠶᠢᠨ ᠬᠠᠮᠲᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ | | ︵ᠳᠥᠷᠪᠡ︶ ᠰᠣᠶᠣᠯ ᠤᠨ ᠵᠢᠭᠤᠯᠴᠢᠯᠠᠯ ᠪᠠ ᠡᠷᠡᠭᠦᠯ ᠮᠡᠨᠳᠦ ᠰᠤᠪᠢᠯᠠᠯᠲᠠ ᠶᠢ ᠬᠠᠷᠢᠯᠴᠠᠨ ᠠᠭᠤᠰᠤᠯᠴᠠᠭᠤᠯᠤᠨ᠎ᠠ᠃ | ᠡᠷᠡᠭᠦᠯ ᠮᠡᠨᠳᠦ ᠬᠢᠭᠡᠳ ᠨᠠᠰᠤᠵᠢᠯ ᠤᠨ ᠠᠰᠠᠷᠠᠮᠵᠢ᠂ ᠵᠢᠭᠤᠯᠴᠢᠯᠠᠯ᠂ ᠢᠨᠲ᠋ᠤᠷ ᠰᠦᠯᠵᠢᠶ᠎ᠡ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ ᠵᠡᠷᠭᠡ ᠶᠢᠨ | ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠡᠷᠡᠭᠦᠯ ᠮᠡᠨᠳᠦ ᠶᠢᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠪᠣᠶ | ᠪᠣᠯᠭᠠᠨ᠂ ᠡᠷᠡᠭᠦᠯᠵᠢᠯ ᠨᠠᠰᠤᠵᠢᠯ ᠤᠨ ᠵᠢᠭᠤᠯᠴᠢᠯᠠᠯ ᠬᠢᠭᠡᠳ ᠪᠡᠶ᠎ᠡ ᠶᠢᠨ ᠲᠠᠮᠢᠷ ᠤᠨ ᠵᠢᠭᠤᠯᠴᠢᠯᠠᠯ ᠢ ᠵᠡᠷᠭᠡᠪᠡᠷ ᠤᠷᠤᠭᠰᠢᠯᠠᠭᠤᠯᠵᠤ᠂ ᠬᠢᠶ᠎ᠠ ᠪᠠᠭᠰᠢ ᠲᠣᠭᠤᠷᠢᠭ ᠤᠨ | ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃ ᠣᠲᠣ ᠦᠶ᠎ᠡ ᠶᠢᠨ ᠵᠢᠭᠤᠯᠴᠢᠯᠠᠯ ᠤᠨ ᠰᠣᠶᠣᠯ ᠤᠨ ᠠᠵᠤ ᠦᠢᠯᠡᠰ ᠢ ᠲᠣᠮᠣ | ᠡᠷᠡᠭᠦᠯ ᠮᠡᠨᠳᠦ ᠶᠢᠨ ᠠᠵᠤ ᠦᠢᠯᠡᠰ ᠯᠦᠭᠡ ᠠᠵᠤ ᠦᠢᠯᠡᠰ ᠤᠨ ᠠᠭᠤᠰᠤᠯᠴᠠᠯ ᠢ ᠪᠣᠶ ᠪᠣᠯᠭᠠᠵᠤ᠂ ᠨᠠᠩ ᠲᠣᠬᠢᠷᠠᠮᠵᠢᠲᠠᠶ ᠲᠥᠷᠥᠯ ᠵᠦᠢᠯ ᠪᠠ ᠦᠶ᠋ᠯᠡᠳᠬᠦᠨ ᠢ | ᠲᠥᠯᠥᠪᠵᠢᠭᠦᠯᠦᠨ ᠲᠥᠯᠥᠪᠵᠢᠭᠦᠯᠦᠨ᠎ᠡ᠃ | 1. ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯᠵᠢᠯ ᠤᠨ ᠵᠢᠭᠤᠯᠴᠢᠯᠠᠯ ᠢ ᠬᠥᠭᠵᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠡᠬᠢ ᠪᠠᠶᠠᠯᠢᠭ ᠪᠠ | ᠰᠣᠶᠣᠯ ᠢ ᠭᠦᠢᠴᠡᠳ ᠠᠭᠤᠳᠠᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠪᠠᠶᠢᠭᠤᠯᠤᠮᠵᠢ᠂ ᠮᠣᠩᠭᠤᠯ ᠬᠢᠲᠠᠳ ᠡᠮᠨᠡᠯᠭᠡ ᠶᠢᠨ ᠮᠦᠽᠧᠶ᠂ ᠪᠡᠶ᠎ᠡ ᠰᠤᠪᠢᠯᠠᠬᠤ | ᠣᠷᠳᠣᠨ᠂ ᠡᠮᠲᠦ ᠬᠤᠭᠤᠯᠠᠨ ᠭᠡᠷ ᠵᠡᠷᠭᠡ ᠪᠣᠳᠠᠲᠤ ᠴᠣᠭᠴᠠ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠤᠨ᠂ ᠬᠢᠲᠠᠳ ᠮᠣᠩᠭᠤᠯ ᠡᠮᠨᠡᠯᠭᠡ ᠶᠢᠨ ᠰᠢᠮ᠎ᠡ | ᠲᠡᠵᠢᠭᠡᠯ ᠲᠠᠢ ᠢᠳᠡᠭᠡᠨ ᠤᠮᠳᠠᠭᠠᠨ᠂ ᠡᠷᠡᠭᠦᠯ ᠮᠡᠡᠳᠦ ᠶᠢ ᠵᠣᠬᠢᠴᠠᠭᠤᠯᠬᠤ᠂ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠤᠨᠴᠠᠯᠢᠬᠳᠦ ᠡᠮᠴᠢᠯᠡᠭᠡ | ᠪᠠ ᠬᠢᠲᠠᠳ ᠡᠮ ᠡᠮᠨᠡᠯᠭᠡ ᠶᠢᠨ ᠪᠡᠶ᠎ᠡ ᠰᠤᠪᠢᠯᠠᠬᠤ ᠡᠷᠡᠭᠦᠯ ᠮᠡᠡᠳᠦ ᠶᠢ ᠬᠠᠮᠠᠭᠠᠯᠠᠬᠤ ᠦᠢᠯᠡᠴᠢᠯᠡᠭᠡ ᠶᠢ ᠬᠥᠭᠵᠢᠭᠦᠯᠦᠨ᠎ᠡ᠃ | 2. ᠤᠨᠴᠠᠯᠢᠬᠳᠤ ᠡᠷᠡᠭᠦᠯᠵᠢᠯ ᠰᠣᠪᠢᠯᠠᠯᠲᠠ ᠶᠢᠨ ᠲᠥᠪ ᠢ ᠪᠠᠶᠢᠭᠤᠯᠤᠨ᠎ᠠ᠃ ᠳᠡᠭᠡᠳᠦ ᠳᠡᠰ ᠤᠨ ᠡᠮ ᠡᠮᠨᠡᠯᠭᠡ ᠶᠢᠨ ᠦᠢᠯᠡᠴᠢᠯᠡᠭᠡ᠂ ᠦᠨᠳᠦᠰᠦᠲᠡᠨ ᠤ | ᠡᠷᠡᠭᠦᠯ ᠮᠡᠨᠳᠦ ᠶᠢᠨ ᠰᠣᠶᠣᠯ᠂ ᠵᠣᠬᠢᠬᠤ ᠬᠡᠮᠵᠢᠶᠡᠨ ᠤ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠂ ᠨᠡᠭᠦᠳᠡᠯ ᠤᠨ ᠰᠢᠪᠠᠭᠤ ᠮᠠᠶ᠋ᠢᠭ ᠤᠨ ᠪᠡᠶ᠎ᠡ ᠰᠤᠪᠢᠯᠠᠯᠲᠠ | ᠨᠠᠰᠤᠵᠢᠯ ᠤᠨ ᠠᠰᠠᠷᠠᠮᠵᠢ᠂ ᠡᠷᠡᠭᠦᠯ ᠮᠡᠨᠳᠦ ᠶᠢᠨ ᠪᠦᠲᠦᠭᠡᠭᠳᠡᠬᠦᠨ ᠦᠢᠯᠡᠳᠬᠦ ᠵᠡᠷᠭᠡ ᠲᠠᠪᠤᠨ ᠤᠨᠴᠠᠯᠢᠭᠳᠤ ᠡᠷᠡᠭᠦᠯᠵᠢᠯ ᠰᠣᠪᠢᠯᠠᠯᠲᠠ ᠶᠢᠨ ᠲᠥᠪ ᠢ ᠪᠦᠬᠦ | ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠡᠷᠡᠭᠦᠯᠵᠢᠯ ᠰᠣᠪᠢᠯᠠᠯᠲᠠ ᠪᠠ ᠬᠢᠶ᠎ᠠ ᠪᠠᠭᠰᠢ ᠲᠣᠭᠤᠷᠢᠭ ᠤᠨ ᠦᠵᠡᠮᠵᠢ ᠶᠢᠨ ᠣᠷᠣᠨ ᠢ ᠨᠢᠭᠡ ᠪᠦᠬᠦᠯᠢ ᠴᠣᠭᠴᠠ | ᠪᠣᠯᠭᠠᠨ᠂ ᠦᠵᠡᠮᠵᠢ ᠳᠤ ᠭᠦᠢᠴᠡᠳ ᠠᠭᠤᠰᠤᠯᠴᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠤ ᠶᠢᠨ ᠰᠦᠢ ᠡᠷᠡᠭᠦᠯᠵᠢᠯ ᠰᠣᠪᠢᠯᠠᠯᠲᠠ ᠶᠢᠨ | ᠲᠦᠷᠦᠯ ᠵᠦᠢᠯ᠂ ᠲᠠᠢ ᠹᠠ ᠰᠢᠶᠠᠩ ᠡᠷᠡᠭᠦᠯᠵᠢᠯ ᠰᠣᠪᠢᠯᠠᠯᠲᠠ ᠶᠢᠨ ᠪᠠᠯᠭᠠᠰᠤᠨ ᠤ ᠲᠦᠷᠦᠯ ᠵᠦᠢᠯ ᠵᠡᠷᠭᠡ ᠳᠤ ᠲᠦᠰᠢᠭᠯᠡᠨ᠂ ᠡᠷᠡᠭᠦᠯᠵᠢᠯ ᠰᠣᠪᠢᠯᠠᠯᠲᠠ ᠶᠢᠨ ᠵᠠᠬ᠎ᠠ | ᠳᠡᠯᠭᠡᠭᠦᠷ ᠢ ᠳᠠᠬᠢᠨᠲᠠ ᠬᠥᠭᠵᠢᠭᠡᠵᠦ᠂ ᠬᠢᠶ᠎ᠠ ᠪᠠᠭᠰᠢ ᠲᠣᠭᠤᠷᠢᠭ ᠢ ᠥᠪᠥᠷ ᠮᠣᠩᠭᠤᠯ ᠤᠨ ᠪᠠᠷᠠᠭᠤᠨ ᠬᠡᠰᠡᠭ ᠤᠨ ᠬᠠᠮᠤᠭ ᠤᠨ ᠨᠥᠯᠥᠭᠡᠯᠡᠬᠦ ᠬᠦᠴᠦᠨ ᠲᠠᠢ | ᠡᠷᠡᠭᠦᠯᠵᠢᠯ ᠰᠣᠪᠢᠯᠠᠯᠲᠠ ᠶᠢᠨ ᠬᠤᠳᠠ ᠪᠣᠯᠭᠠᠨ ᠪᠦᠳᠦᠭᠡᠨ ᠪᠠᠶᠢᠭᠤᠯᠣᠨ᠎ᠠ᠃ | 3. ᠪᠡᠶ᠎ᠡ ᠶᠢᠨ ᠲᠠᠮᠢᠷ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠴᠢᠩ ᠴᠦᠨ ᠱᠠᠨ ᠠᠭᠤᠯᠠ᠂ ᠪᠡᠶ᠎ᠡ ᠶᠢᠨ ᠲᠠᠮᠢᠷ ᠤᠨ ᠲᠥᠪ᠂ ᠣᠯᠠᠨ ᠤᠯᠤᠰ ᠤᠨ ᠲᠡᠷᠭᠡᠨ ᠤᠷᠤᠯᠳᠤᠭᠠᠨ ᠤ ᠬᠤᠲᠠ᠂ ᠺᠠᠩ ᠵᠧᠨ ᠪᠠᠯᠭᠠᠰᠤ ᠵᠡᠷᠭᠡ ᠵᠤᠭᠠᠴᠠᠯ ᠤᠨ | ᠡᠬᠢ ᠪᠠᠶᠠᠯᠢᠭ ᠢ ᠠᠰᠢᠭᠯᠡᠨ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠠᠭᠢᠭᠤᠯᠵᠣ᠂ ᠣᠷᠳᠣᠰ ᠤᠨ | ᠪᠡᠶ᠎ᠡ ᠶᠢᠨ ᠲᠠᠮᠢᠷ ᠤᠨ ᠲᠥᠪ᠂ ᠤᠯᠠᠭᠠᠨᠮᠥᠷᠡᠨ ᠦᠵᠡᠮᠵᠢ ᠶᠢᠨ ᠨᠠᠭᠤᠷ ᠤᠨ ᠣᠷᠣᠨ᠂ ᠣᠯᠠᠨ ᠤᠯᠤᠰ ᠤᠨ ᠲᠡᠷᠭᠡᠨ ᠤᠷᠤᠯᠳᠤᠭᠠᠨ ᠤ ᠬᠤᠲᠠ᠂ ᠯᠤ᠋ ᠱᠦᠶ ᠸᠠᠨ | ᠵᠡᠷᠭᠡ ᠤᠨᠴᠠᠯᠢᠬᠳᠤ ᠵᠤᠭᠠᠴᠠᠯ ᠤᠨ ᠦᠵᠡᠮᠵᠢ ᠶᠢᠨ ᠣᠷᠣᠨ ᠪᠠ ᠵᠤᠭᠠᠴᠠᠯ ᠤᠨ ᠠᠮᠠᠷᠠᠯᠲᠠ ᠶᠢᠨ ᠣᠷᠣᠨ ᠲᠠᠢ ᠤᠶᠠᠯᠳᠤᠭᠤᠯᠤᠨ᠂ ᠤᠰᠤᠨ ᠳᠡᠭᠡᠷᠡᠬᠢ ᠪᠡᠶ᠎ᠡ ᠶᠢᠨ | ᠲᠠᠮᠢᠷ ᠤᠨ ᠬᠥᠳᠡᠯᠭᠡᠭᠡᠨ᠂ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠳᠣᠤᠷ᠎ᠠ | ᠠᠭᠠᠷ ᠤᠨ ᠨᠢᠰᠦᠯᠲᠡ ᠵᠡᠷᠭᠡ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠬᠢᠶ᠎ᠠ ᠪᠠᠭᠰᠢ ᠲᠣᠭᠤᠷᠢᠭ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠡᠷᠡᠭᠦᠯ ᠮᠡᠨᠳᠦ ᠶᠢᠨ ᠵᠢᠭᠤᠯᠴᠢᠯᠠᠯ ᠤᠨ ᠲᠥᠷᠥᠯ ᠵᠦᠢᠯ᠂ ᠬᠡᠷ ᠤᠨ ᠭᠠᠳᠠᠨᠠᠬᠢ ᠴᠢᠳᠠᠪᠣᠷᠢ ᠶᠢᠨ ᠦᠷᠭᠡᠳᠭᠡᠯ ᠤᠨ ᠰᠠᠭᠤᠷᠢᠨ | ᠭᠠᠵᠠᠷ ᠵᠡᠷᠭᠡ ᠡᠷᠡᠭᠦᠯ ᠮᠡᠨᠳᠦ ᠶᠢᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠲᠠᠰ ᠤᠨ ᠪᠡᠶ᠎ᠡ ᠶᠢᠨ | ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠢᠳᠡᠪᠬᠢᠲᠡᠶ ᠪᠠᠷ ᠪᠤᠶᠢᠵᠢᠭᠤᠯᠵᠤ᠂ ᠰᠣᠶᠣᠯ ᠵᠤᠭᠠᠴᠠᠯ ᠤᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ | | ︵ᠲᠠᠪᠤ︶ ᠰᠣᠶᠣᠯ ᠤᠨ ᠵᠢᠭᠤᠯᠴᠢᠯᠠᠯ ᠬᠢᠭᠡᠳ ᠰᠣᠶᠣᠯ ᠤᠨ ᠲᠣᠭᠯᠠᠯᠲᠠ ᠤᠷᠠᠯᠢᠭ ᠢ ᠬᠠᠷᠢᠯᠴᠠᠨ ᠠᠭᠤᠰᠤᠯᠴᠠᠭᠤᠯᠤᠨ᠎ᠠ᠃ | 1᠂ ᠨᠢᠭᠡ ᠪᠦᠯᠦᠭ ᠤᠨᠴᠠᠯᠢᠬᠳᠤ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠣᠳᠣᠨ ᠪᠦᠲᠦᠭᠡᠯ ᠢ ᠡᠭᠦᠳᠦᠨ ᠪᠠᠶᠢᠭᠤᠯᠤᠨ᠎ᠠ᠃ | ᠵᠢᠭᠤᠯᠴᠢᠯᠠᠯ ᠤᠨ ᠲᠣᠭᠯᠠᠯᠲᠠ ᠶᠢᠨ ᠵᠣᠬᠢᠶᠠᠨ ᠪᠦᠲᠦᠭᠡᠬᠦ ᠪᠠ ᠲᠣᠭᠯᠠᠯᠲᠠ ᠭᠠᠷᠭᠠᠬᠤ ᠶᠢ ᠴᠢᠬᠤᠯᠠᠴᠢᠯᠠᠨ᠂ ᠵᠢᠭᠤᠯᠴᠢᠯᠠᠯ ᠤᠨ ᠪᠣᠳᠠᠲᠤ ᠦᠵᠡᠮᠵᠢ ᠶᠢᠨ | ᠲᠣᠭᠯᠠᠯᠲᠠ ᠶᠢᠨ ᠲᠦᠷᠦᠯ ᠵᠦᠢᠯ ᠪᠣᠯᠤᠨ ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ ᠤᠷᠠᠨ ᠰᠠᠶᠢᠬᠠᠨ ᠤ ᠲᠣᠭᠯᠠᠯᠲᠠ ᠶᠢᠨ ᠰᠢᠨ᠎ᠡ ᠠᠷᠭ᠎ᠠ ᠵᠠᠮ ᠪᠣᠯᠤᠨ | ᠪᠠᠶᠢᠩᠭᠤᠵᠢᠭᠤᠯᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠪᠠ ᠡᠭᠦᠳᠴᠦ᠂ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ | ᠠᠵᠢᠯᠯᠠᠭᠤᠯᠬᠤ᠂ ᠠᠵᠤ ᠠᠬᠤᠶᠢᠯᠠᠯ ᠣᠷᠣᠯᠴᠠᠬᠤ︾ ᠵᠠᠷᠴᠢᠮ ᠤᠨ ᠶᠣᠰᠣᠭᠠᠷ᠂ ᠰᠣᠶᠣᠯ ᠤᠨ ᠲᠣᠭᠯᠠᠯᠲᠠ ᠶᠢᠨ ᠵᠠᠬ᠎ᠠ ᠳᠡᠯᠭᠡᠭᠦᠷ ᠢ ᠶᠡᠬᠡᠪᠡᠷ ᠪᠤᠶᠢᠵᠢᠭᠤᠯᠤᠨ᠎ᠠ᠃ ︽ | ᠬᠢᠶ᠎ᠠ ᠪᠠᠭᠰᠢ ᠶᠢᠨ ᠥᠯᠢᠭᠡᠷ︾ ᠢᠶᠠᠷ ᠭᠤᠤᠯ ᠰᠡᠳᠦᠪ ᠪᠣᠯᠭᠠᠭᠰᠠᠨ᠂ ᠣᠷᠳᠣᠰ ᠤᠨ ᠮᠣᠩᠭᠤᠯ ᠦᠨᠳᠦᠰᠦᠲᠡᠨ ᠤ ᠲᠡᠤᠬᠡ ᠰᠣᠶᠣᠯ ᠢᠶᠠᠷ ᠠᠭᠤᠯᠤᠭᠳᠠᠬᠤᠨ ᠪᠣᠯᠭᠠᠵᠤ᠂ | ᠦᠨᠳᠦᠰᠦᠲᠡᠨ ᠤ ᠲᠡᠤᠬᠡ ᠬᠢᠭᠡᠳ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠢᠯᠡᠷᠡᠭᠦᠯᠦᠭᠰᠡᠨ᠂ ᠬᠦᠴᠦᠷᠬᠡᠭ ᠶᠡᠭᠡ ᠵᠠᠬ᠎ᠠ | ᠳᠡᠯᠭᠡᠭᠦᠷ ᠤᠨ ᠨᠥᠯᠥᠭᠡᠯᠡᠬᠦ ᠬᠦᠴᠦᠨ ᠲᠠᠢ ᠨᠢᠭᠡ ᠪᠦᠯᠦᠭ ᠰᠣᠶᠣᠯ ᠤᠨ ᠤᠷᠠᠨ ᠰᠠᠶᠢᠬᠠᠨ ᠤ ᠰᠣᠳᠣᠨ ᠪᠦᠲᠦᠭᠡᠯ ᠢ ᠵᠣᠬᠢᠶᠠᠨ ᠪᠦᠲᠦᠭᠡᠨ᠎ᠡ᠃ ᠦᠵᠡᠮᠵᠢ ᠶᠢᠨ | ᠣᠷᠣᠨ ᠨᠢ ᠲᠤᠰᠬᠠᠶ ᠲᠥᠷᠥᠯ ᠤᠨ ᠲᠣᠭᠯᠠᠯᠲᠠ ᠶᠢᠨ ᠤᠷᠠᠯᠢᠭ ᠤᠨ ᠲᠥᠷᠥᠯ ᠵᠦᠢᠯ ᠢ ᠨᠡᠭᠡᠭᠡᠨ ᠬᠦᠭᠵᠢᠭᠦᠯᠦᠨ᠂ ᠠᠵᠤ ᠠᠬᠤᠶᠢᠯᠠᠯ ᠨᠢ ᠴᠠᠭ ᠤᠨ ᠦᠡᠭᠭᠡ ᠶᠢ | ᠳᠠᠭᠠᠵᠤ᠂ ︽ᠣᠣᠭᠠᠨ ᠲᠣᠭᠯᠠᠯᠲᠠ ᠶᠢᠨ ᠠᠵᠤ ᠠᠬᠤᠶ︾ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | 2᠂ ᠤᠷᠠᠨ ᠰᠠᠶᠢᠬᠠᠨ ᠤ ᠲᠣᠭᠯᠠᠯᠲᠠ ᠶᠢᠨ ᠲᠠᠯᠠᠪᠤᠷ ᠪᠠ ᠤᠷᠠᠨ ᠰᠠᠶᠢᠬᠠᠨ ᠤ ᠵᠦᠴᠦᠭᠡ ᠶᠢᠨ ᠪᠦᠲᠦᠭᠡᠯ ᠢ ᠵᠠᠪᠰᠠᠷ ᠦᠭᠡᠢ ᠵᠠᠯᠭᠠᠯᠳᠤᠭᠤᠯᠤᠨ᠎ᠠ᠃ ᠡᠯ᠎ᠡ | ᠲᠥᠷᠥᠯ ᠤᠨ ᠤᠷᠠᠨ ᠰᠠᠶᠢᠬᠠᠨ ᠤ ᠪᠠᠶᠢᠭᠤᠯᠤᠮᠵᠢ ᠶᠢᠨ ᠦᠵᠡᠮᠵᠢ ᠶᠢᠨ ᠣᠷᠣᠨ ᠳᠤ ᠣᠷᠣᠬᠤ᠂ ᠨᠡᠶᠢᠭᠡᠮ ᠲᠣᠭᠤᠷᠢᠭ ᠲᠤ ᠣᠷᠣᠬᠤ ᠶᠢ ᠵᠣᠷᠢᠭᠵᠢᠭᠤᠯᠵᠤ᠂ | ᠰᠠᠭᠤᠭᠠᠯᠢ ᠠᠷᠠᠳ ᠬᠢᠭᠡᠳ ᠵᠢᠭᠤᠯᠴᠢᠯᠠᠭᠴᠢᠳ ᠤᠨ ᠰᠣᠶᠣᠯ ᠤᠷᠠᠯᠢᠭ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠡᠯ᠎ᠡ ᠲᠥᠷᠥᠯ ᠤᠨ ᠤᠷᠠᠨ ᠰᠠᠶᠢᠬᠠᠨ ᠤ | ᠲᠣᠭᠯᠠᠯᠲᠠ ᠶᠢᠨ ᠪᠠᠶᠢᠭᠤᠯᠤᠮᠵᠢ ᠶᠢ ᠵᠣᠷᠢᠭᠵᠢᠭᠤᠯᠣᠨ ᠣᠷᠳᠣᠰ ᠤᠨ ᠲᠣᠮᠣ ᠲᠢᠶᠠᠲᠷ ᠵᠡᠷᠭᠡ ᠤᠷᠠᠨ ᠰᠠᠶᠢᠬᠠᠨ ᠤ ᠲᠣᠭᠯᠠᠯᠲᠠ ᠶᠢᠨ ᠲᠠᠯᠠᠪᠤᠷ ᠭᠠᠵᠠᠷ ᠲᠤ ᠲᠦᠰᠢᠭᠯᠡᠨ | ᠂ ᠣᠷᠣᠨ ᠨᠤᠲᠤᠭ ᠤᠨ ᠣᠨᠴᠠᠯᠢᠭ ᠲᠠᠢ ᠲᠣᠮᠣ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠶᠢᠨ ᠵᠦᠴᠦᠭᠡ ᠶᠢ ᠵᠣᠬᠢᠶᠠᠨ ᠪᠦᠲᠦᠭᠡᠬᠦ ᠶᠢᠨ ᠬᠠᠮᠲᠤ | ᠲᠣᠭᠯᠠᠭᠤᠯᠤᠨ᠎ᠠ᠃ ︽ᠪᠣᠭᠤᠷᠠᠯ ᠲᠠᠦᠬᠡ ᠶᠢᠨ ᠬᠦᠯᠦᠭ ᠤᠨ ᠮᠠᠭᠲᠠᠭᠠᠯ︾ ︽ᠣᠷᠳᠣᠰ ᠬᠤᠷᠢᠮ︾ ᠵᠡᠷᠭᠡ ᠠᠯᠳᠠᠷᠲᠤ ᠲᠣᠭᠯᠠᠯᠲᠠ ᠶᠢᠨ ᠤᠷᠠᠯᠢᠭ ᠤᠨ | ᠪᠦᠲᠦᠭᠡᠭᠳᠡᠬᠦᠨ ᠢ ᠣᠷᠣᠭᠤᠯᠤᠨ ᠲᠣᠬᠠᠢ ᠶᠢᠨ ᠲᠠᠯᠠᠪᠠᠢ ᠳᠤᠨᠢ ᠰᠠᠭᠤᠷᠢᠰᠢᠵᠦ ᠲᠣᠭᠯᠠᠯᠲᠠ ᠭᠠᠷᠭᠠᠬᠤ ᠶᠢ ᠵᠣᠷᠢᠭᠵᠢᠭᠤᠯᠤᠨ᠎ᠠ᠃ | 3᠂ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠬᠡᠯᠪᠡᠷᠢ ᠤᠨ ᠰᠢᠨ᠎ᠡ ᠶᠢ ᠡᠭᠦᠳᠦᠨ᠎ᠡ᠃ ᠰᠣᠶᠣᠯ ᠵᠢᠭᠤᠯᠴᠢᠯᠠᠯ ᠤᠨ ᠲᠣᠭᠯᠠᠯᠲᠠ ᠶᠢᠨ | ᠤᠷᠠᠯᠢᠭ ᠤᠨ ᠢᠯᠡᠷᠡᠭᠦᠯᠦᠯ ᠤᠨ ᠬᠡᠯᠪᠡᠷᠢ ᠶᠢᠨ ᠰᠢᠨ᠎ᠡ ᠶᠢ ᠡᠭᠦᠳᠴᠦ ᠬᠢᠶ᠎ᠠ ᠪᠠᠭᠰᠢ ᠶᠢᠨ ᠦᠯᠢᠭᠡᠷ ᠢ ᠰᠠᠶᠢᠲᠤᠷ ᠶᠠᠷᠢᠨ᠎ᠠ᠃ 3D᠂ 4D᠂ 5G᠂ ᠵᠣᠬᠢᠶᠠᠮᠠᠯ | ᠣᠶᠤᠨ᠂ ᠬᠡᠶᠢᠰᠪᠦᠷᠢ ᠪᠠ ᠪᠣᠳᠠᠲᠤ ᠠᠬᠤᠶ ᠶᠢ ᠴᠢᠩᠭᠠᠳᠬᠠᠬᠤ᠂ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠵᠢᠴᠢ ᠪᠦᠷᠢᠨ ᠵᠠᠩᠭᠢ ᠶᠢᠨ ᠮᠡᠷᠭᠡᠵᠢᠯ ᠵᠡᠷᠭᠡ | ᠲᠣᠭᠠᠴᠢᠯᠠᠭᠰᠠᠨ ᠮᠡᠷᠭᠡᠵᠢᠯ ᠢ ᠬᠡᠷᠡᠭᠯᠡᠬᠦ ᠶᠢ ᠵᠣᠷᠢᠭᠵᠢᠭᠤᠯᠵᠤ᠂ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ | ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠵᠢᠭᠰᠠᠭᠠᠯ ᠪᠠ ᠪᠥᠭᠡᠮᠨᠡᠷᠡᠯ ᠢ ᠡᠭᠦᠳᠴᠦ᠂ ᠳᠤᠮᠳᠠ ᠵᠢᠵᠢᠭ ᠬᠡᠯᠪᠡᠷᠢ ᠶᠢᠨ᠂ ᠭᠤᠤᠯ ᠰᠡᠳᠦᠪᠲᠦ ᠴᠢᠨᠠᠷᠲᠠᠶ᠂ | ᠤᠨᠴᠠᠯᠢᠭᠳᠤ ᠲᠥᠷᠥᠯ ᠤᠨ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠪᠦᠲᠦᠭᠡᠭᠳᠡᠬᠦᠨ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠵᠦ᠂ ︽ᠪᠢᠴᠢᠯ | ᠲᠣᠭᠯᠠᠯᠲᠠ ᠶᠢᠨ ᠤᠷᠠᠯᠢᠭ︾ ᠢ ᠣᠷᠣᠭᠤᠯᠤᠨ᠎ᠠ᠃ ᠰᠣᠶᠣᠯ ᠤᠨ ᠤᠷᠠᠨ ᠰᠠᠶᠢᠬᠠᠨ ᠤ ᠰᠢᠨ᠎ᠡ ᠣᠷᠣᠨ ᠵᠠᠶ ᠶᠢ ᠬᠠᠶᠢᠨ ᠰᠦᠪᠡᠭᠴᠢᠯᠡᠵᠦ᠂ ᠰᠥᠨᠢ ᠶᠢᠨ ᠠᠵᠤ ᠠᠬᠤᠶ᠂ | ᠮᠥᠰᠥ ᠴᠠᠰᠤᠨ ᠤ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠯᠤᠭ᠎ᠠ ᠶᠢᠨ ᠠᠭᠤᠰᠤᠯᠴᠠᠯ ᠢ ᠴᠢᠩᠭᠠᠳᠬᠠᠵᠤ᠂ ᠤᠷᠠᠨ ᠰᠠᠶᠢᠬᠠᠨ ᠤ | ᠲᠣᠭᠯᠠᠯᠲᠠ ᠬᠢᠭᠡᠳ ᠨᠣᠮ ᠤᠨ ᠰᠠᠩ᠂ ᠮᠦᠽᠧᠶ ᠵᠡᠷᠭᠡ ᠤᠯᠠᠨ ᠨᠡᠶᠢᠲᠡ ᠶᠢᠨ ᠰᠣᠶᠣᠯ ᠤᠨ ᠣᠷᠣᠨ ᠵᠠᠶ ᠶᠢᠨ ᠬᠤᠯᠪᠣᠭᠠᠯᠠᠯ ᠢ ᠴᠢᠩᠭᠠᠳᠬᠠᠵᠤ᠂ ᠪᠡᠯᠡ | ᠣᠷᠣᠭᠤᠯᠤᠯᠲᠠ ᠶᠢ ᠲᠠᠲᠠᠬᠤ᠂ ᠵᠠᠬ᠎ᠠ ᠳᠡᠯᠭᠡᠭᠦᠷ ᠢ ᠨᠡᠭᠡᠭᠡᠬᠦ ᠪᠠ ᠦᠢᠯᠡᠳᠬᠦᠨ ᠤ ᠰᠢᠨ᠎ᠡ ᠶᠢ ᠡᠭᠦᠳᠬᠦ ᠲᠠᠯ᠎ᠠ ᠪᠠᠷ ᠠᠷᠭ᠎ᠠ ᠵᠠᠮ ᠢ ᠥᠷᠭᠡᠳᠬᠡᠨ᠎ᠡ᠃ | 4᠂ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠨ᠎ᠠ᠃ ᠵᠢᠭᠤᠯᠴᠢᠯᠠᠯ ᠤᠨ ᠲᠣᠭᠯᠠᠯᠲᠠ ᠶᠢᠨ | ᠤᠷᠠᠯᠢᠭ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ ᠡᠵᠡᠩᠨᠡᠬᠦ ᠶᠠᠪᠤᠴᠠ ᠳᠤ᠂ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠲᠤ ᠲᠦᠰᠢᠭᠯᠡᠭᠰᠡᠨ ᠰᠣᠶᠣᠯ ᠤᠨ | ᠡᠬᠢ ᠪᠠᠶᠠᠯᠢᠭ ᠢ ᠬᠢᠨᠠᠨ ᠦᠵᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠵᠤ ᠳᠡᠶᠢᠯᠬᠦ ᠮᠥᠷᠲᠡᠭᠡᠨ ᠣᠨᠴᠠᠯᠢᠭ ᠢᠶᠠᠷ ᠢᠯᠡ ᠲᠣᠳᠣ᠂ ᠢᠯᠭᠠᠨ ᠲᠠᠨᠢᠬᠤ | ᠬᠡᠮᠵᠢᠶ᠎ᠡ ᠪᠠᠷ ᠥᠨᠳᠥᠷ ᠬᠢᠶ᠎ᠠ ᠪᠠᠭᠰᠢ ᠲᠣᠭᠤᠷᠢᠭ ᠤᠨ ᠰᠣᠶᠣᠯ ᠤᠨ ᠳᠣᠲᠣᠭᠠᠳᠤ ᠴᠥᠮ᠎ᠡ ᠶᠢ ᠪᠣᠯᠪᠠᠰᠤᠷᠠᠭᠤᠯᠤᠨ ᠭᠠᠷᠭᠠᠵᠤ᠂ ᠵᠢᠭᠤᠯᠴᠢᠯᠠᠯ ᠤᠨ ᠲᠣᠭᠯᠠᠯᠲᠠ ᠶᠢᠨ | ᠤᠷᠠᠯᠢᠭ ᠤᠨ ᠲᠣᠭᠯᠠᠯᠲᠠ ᠶᠢᠨ ᠠᠭᠤᠯᠭ᠎ᠠ᠂ ᠲᠣᠭᠯᠠᠯᠲᠠ ᠶᠢᠨ ᠠᠬᠤᠶ ᠪᠠᠶᠢᠳᠠᠯ᠂ ᠲᠣᠭᠯᠠᠯᠲᠠ ᠪᠠ ᠵᠢᠭᠤᠯᠴᠢᠯᠠᠯ ᠤᠨ ᠦᠶ᠋ᠯᠡᠴᠢᠯᠡᠭᠡ ᠵᠢᠴᠢ ᠪᠡᠶᠡᠴᠢᠯᠡᠨ ᠣᠶᠢᠯᠠᠭᠠᠬᠤ | ᠵᠢᠷᠤᠭ ᠲᠥᠯᠥᠪᠯᠡᠭᠡ ᠶᠢ ᠨᠠᠷᠢᠯᠢᠬᠵᠢᠭᠤᠯᠤᠨ ᠳᠣᠭᠢᠷᠠᠭᠤᠯᠤᠨ᠎ᠠ᠃ ᠡᠨᠡᠬᠦ ᠶᠠᠪᠤᠴᠠ ᠶᠢ ᠲᠠᠬᠢᠨ ᠳᠠᠪᠲᠠᠨ ᠦᠨᠡᠯᠡᠨ ᠵᠢᠱᠢᠬᠦ ᠶᠢᠨ ᠬᠠᠮᠲᠤ ᠲᠦᠷᠭᠡᠨ ᠳᠠᠪᠲᠠᠨ | ᠣᠷᠣᠯᠠᠭᠤᠯᠵᠤ᠂ ᠰᠠᠶᠢᠨ ᠰᠠᠶᠢᠬᠠᠨ ᠬᠠᠷᠢᠭᠤ ᠳᠤᠰᠬᠠᠯ ᠢ ᠰᠢᠯᠢᠳᠡᠭᠵᠢᠭᠦᠯᠬᠦ ᠲᠣᠭᠲᠠᠴᠠ ᠶᠢ ᠪᠠᠶᠢᠭᠤᠯᠵᠤ᠂ ᠰᠣᠶᠣᠯ ᠵᠤᠭᠠᠴᠠᠯ ᠤᠨ ᠲᠣᠭᠯᠠᠯᠲᠠ ᠶᠢᠨ ᠤᠷᠠᠯᠢᠭ ᠤᠨ | ᠪᠦᠲᠦᠭᠡᠭᠳᠡᠬᠦᠨ ᠤ ᠰᠢᠨᠡᠴᠢᠯᠡᠯᠲᠡ ᠶᠢ ᠠᠬᠢᠭᠤᠯᠬᠤ ᠬᠡᠷᠡᠭᠲᠡᠢ᠃ | 5᠂ ᠰᠥᠨᠢ ᠶᠢᠨ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠣᠳᠣᠨ ᠪᠦᠲᠦᠭᠡᠯ ᠢ ᠭᠠᠷᠭᠠᠨ᠎ᠠ᠃ ᠲᠣᠭᠯᠠᠯᠲᠠ ᠶᠢᠨ ᠤᠷᠠᠯᠢᠭ ᠤᠨ ᠠᠵᠤ | ᠦᠢᠯᠡᠰ ᠤᠨ ᠳᠡᠭᠡᠳᠦ ᠲᠠᠰ ᠤᠨ ᠬᠦᠴᠦᠨ ᠵᠦᠢᠯ ᠢ ᠲᠥᠪᠯᠡᠷᠡᠭᠦᠯᠦᠨ᠂ ᠲᠣᠭᠯᠠᠯᠲᠠ ᠶᠢᠨ ᠤᠷᠠᠯᠢᠭ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ | ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠰᠣᠶᠣᠯ ᠤᠨ ᠵᠡᠭᠡᠯᠢ ᠲᠣᠭᠤᠷᠢᠭ᠂ ᠰᠣᠶᠣᠯ ᠤᠨ ᠡᠭᠦᠳᠦᠯᠲᠡ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ | ᠵᠡᠷᠭᠡ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠤᠨ ᠰᠥᠨᠢ ᠶᠢᠨ ᠲᠣᠭᠯᠠᠯᠲᠠ ᠶᠢᠨ ᠤᠷᠠᠯᠢᠭ ᠤᠨ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ | ᠵᠣᠷᠢᠭᠵᠢᠭᠤᠯᠵᠤ᠂ ᠰᠣᠶᠣᠯ ᠤᠨ ᠲᠣᠭᠯᠠᠯᠲᠠ ᠶᠢᠨ ᠤᠷᠠᠯᠢᠭ ᠬᠢᠭᠡᠳ ᠬᠤᠳᠠᠯᠳᠤᠭ᠎ᠠ᠂ ᠵᠢᠭᠤᠯᠴᠢᠯᠠᠯ ᠠᠭᠤᠰᠤᠯᠴᠠᠭᠰᠠᠨ ᠰᠥᠨᠢ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ | ᠲᠠᠯᠠᠪᠤᠷ ᠭᠠᠵᠠᠷ ᠢ ᠭᠠᠷᠭᠠᠨ᠎ᠠ᠃ | 6᠂ ᠤᠯᠠᠨ ᠲᠦᠮᠡᠨᠴᠢ ᠴᠢᠨᠠᠷᠲᠠᠶ ᠤᠷᠠᠨ ᠰᠠᠶᠢᠬᠠᠨ ᠤ ᠲᠣᠭᠯᠠᠯᠲᠠ ᠶᠢᠨ ᠬᠠᠭᠤᠴᠢᠨ ᠢ ᠤᠷᠬᠢᠵᠤ ᠰᠢᠨ᠎ᠡ ᠶᠢ ᠡᠭᠦᠳᠬᠦ ᠶᠢ ᠲᠡᠮᠵᠢᠨ᠎ᠡ᠃ ᠤᠯᠠᠨ ᠲᠦᠮᠡᠨᠴᠢ | ᠴᠢᠨᠠᠷᠲᠠᠶ ᠤᠷᠠᠨ ᠰᠠᠶᠢᠬᠠᠨ ᠤ ᠲᠣᠭᠯᠠᠯᠲᠠ ᠶᠢᠨ ᠰᠢᠨ᠎ᠡ ᠶᠢ ᠡᠭᠦᠳᠬᠦ ᠶᠢ ᠲᠡᠮᠵᠢᠵᠤ᠂ ᠤᠯᠠᠨ ᠲᠦᠮᠡᠨ ᠤ ᠰᠣᠶᠣᠯ ᠪᠠ ᠤᠯᠠᠨ ᠨᠡᠶᠢᠲᠡ ᠶᠢᠨ ᠰᠣᠶᠣᠯ ᠢ | ᠬᠥᠭᠵᠢᠭᠦᠯᠦᠨ᠎ᠡ᠃ ᠤᠯᠠᠨ ᠨᠡᠶᠢᠲᠡ ᠶᠢᠨ ᠴᠢᠨᠠᠷᠲᠠᠶ᠂ ᠢᠳᠡᠪᠬᠢᠲᠡᠶ ᠪᠥᠭᠡᠳ ᠡᠷᠡᠭᠦᠯ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ᠂ ᠲᠣᠭᠯᠠᠯᠲᠠ ᠶᠢᠨ | ᠡᠩᠨᠡᠭᠡ᠂ ᠤᠷᠠᠨ ᠰᠠᠶᠢᠬᠠᠨ ᠤ ᠴᠢᠳᠠᠪᠤᠷᠢᠲᠠᠨ᠂ ᠤᠷᠠᠨ ᠰᠠᠶᠢᠬᠠᠨ ᠤ ᠲᠠᠪᠴᠠᠩ᠂ ᠤᠷᠠᠨ ᠰᠠᠶᠢᠬᠠᠨ ᠤ ᠲᠠᠯᠠᠪᠤᠷ ᠭᠠᠵᠠᠷ᠂ ᠤᠷᠠᠨ ᠰᠠᠶᠢᠬᠠᠨ ᠤ ᠤᠷᠤᠯᠳᠤᠭᠠᠨ᠂ | ᠤᠷᠠᠨ ᠰᠠᠶᠢᠬᠠᠨ ᠤ ᠪᠠᠶᠠᠷ ᠳᠤᠷᠠᠰᠬᠠᠯ ᠤᠨ ᠬᠥᠭᠵᠢᠯᠲᠡ ᠶᠢ ᠲᠡᠮᠵᠢᠵᠤ᠂ ᠰᠣᠶᠣᠯ ᠵᠢᠭᠤᠯᠴᠢᠯᠠᠯ ᠤᠨ ᠡᠶ᠎ᠡ ᠵᠣᠬᠢᠴᠠᠯ ᠲᠠᠢ ᠬᠥᠭᠵᠢᠯᠲᠡ ᠶᠢᠨ ᠠᠭᠤᠷ ᠠᠮᠢᠰᠬᠤᠯ ᠢ | ᠪᠤᠢ ᠪᠣᠯᠭᠠᠨ᠎ᠠ᠃ | | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠭᠤᠷᠢᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠤᠳᠤᠷᠢᠳᠬᠤ | ᠳᠤᠭᠤᠶᠢᠯᠠᠩ ᠨᠢ ᠪᠥᠬᠦ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ | ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠥᠬᠦ ᠲᠣᠭᠤᠷᠢᠭ ᠤᠨ ︽ᠨᠢᠭᠡ ᠬᠥᠯᠭᠡ ᠰᠢᠲᠠᠷ᠎ᠠ︾ | ᠶᠢ ᠪᠠᠷᠢᠮᠲᠠᠯᠠᠵᠤ᠂ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ | ︵ᠬᠤᠶᠠᠷ︶ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢ ᠴᠢᠩᠭᠠᠳᠬᠠᠨ᠎ᠠ᠃ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠬᠦᠴᠢᠷᠳᠡᠯ ᠢ | ᠰᠢᠢᠳᠪᠦᠷᠢᠯᠡᠬᠦ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠡᠳ᠋ ᠤᠨ ᠵᠠᠰᠠᠭ ᠤᠨ | ᠣᠷᠤᠭᠤᠯᠤᠯᠲᠠ ᠶᠢ ᠨᠡᠮᠡᠭᠳᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ ᠠᠵᠤ ᠦᠢᠯᠡᠰ ᠤᠨ ᠰᠠᠭᠤᠷᠢ ᠮᠥᠩᠭᠦ ᠶᠢᠨ ᠰᠢᠨ᠎ᠡ ᠶᠢ ᠡᠭᠦᠳᠬᠦ ᠶᠢᠨ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠣᠨ᠎ᠠ᠃ | ︵ᠭᠤᠷᠪᠠ︶ ᠠᠵᠢᠯ ᠤᠨ ᠠᠮᠵᠢᠯᠲᠠ ᠪᠦᠲᠦᠮᠵᠢ ᠪᠠᠷ ᠤᠷᠮᠠᠰᠢᠭᠤᠯᠬᠤ ᠶᠢ ᠬᠡᠷᠡᠭᠵᠢᠭᠦᠯᠦᠨ᠎ᠡ᠃ ᠲᠣᠭᠤᠷᠢᠭ ᠤᠨ ᠰᠣᠶᠣᠯ ᠵᠢᠭᠤᠯᠴᠢᠯᠠᠯ ᠤᠨ | ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ | ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠬᠤᠲᠠ ᠵᠡᠷᠭᠡ ᠶᠢᠨ ᠪᠦᠲᠦᠭᠡᠨ | ᠪᠠᠶᠢᠭᠤᠯᠤᠯᠲᠠ ᠶᠢ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠭᠤᠣᠯᠳᠠᠯᠭ᠎ᠠ ᠲᠠᠢ ᠬᠦᠴᠦᠨ ᠵᠦᠢᠯ ᠪᠣᠯᠭᠠᠨ᠎ᠠ᠃ ᠰᠣᠶᠣᠯ ᠤᠨ ᠠᠵᠢᠯ ᠦᠢᠯᠡᠰ ᠤᠨ ᠨᠢᠭᠡᠴᠡ ᠶᠢᠨ | ᠲᠡᠳᠬᠦᠨ ᠳᠡᠮᠵᠢᠵᠦ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠠᠶᠢᠨ ᠰᠦᠪᠡᠭᠴᠢᠯᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠣᠶᠣᠯ ᠤᠨ ᠠᠵᠢᠯ | ᠦᠢᠯᠡᠰ ᠤᠨ ᠨᠢᠭᠡᠴᠡ ᠶᠢᠨ ᠰᠣᠶᠣᠯ ᠤᠨ ᠡᠭᠦᠳᠦᠯᠲᠡ ᠶᠢᠨ ᠡᠯ᠎ᠡ ᠲᠥᠷᠥᠯ ᠤᠨ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠲᠣᠭᠯᠠᠯᠲᠠ ᠦᠢᠯᠡᠳᠬᠦ ᠪᠠ | ᠲᠣᠭᠯᠠᠯᠲᠠ ᠶᠢᠨ ᠵᠠᠭᠤᠴᠢ ᠪᠠᠶᠢᠭᠤᠯᠤᠮᠵᠢ᠂ ᠲᠣᠭᠯᠠᠯᠲᠠ ᠶᠢᠨ ᠲᠠᠯᠠᠪᠤᠷ ᠵᠡᠷᠭᠡ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠣᠭᠯᠠᠯᠲᠠ ᠶᠢᠨ ᠤᠷᠠᠯᠢᠭ ᠤᠨ | ᠲᠥᠷᠥᠯ ᠵᠦᠢᠯ ᠳᠤ ᠣᠷᠣᠯᠴᠠᠬᠤ ᠶᠢ ᠳᠡᠮᠵᠢᠨ ᠵᠣᠷᠢᠭᠵᠢᠭᠤᠯᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢᠶᠠᠷ ᠢᠯᠡᠷᠬᠡᠢ ᠲᠥᠷᠥᠯ | ᠵᠦᠢᠯ ᠳᠤ ᠲᠣᠭᠲᠠᠭᠠᠯ ᠶᠣᠰᠣᠭᠠᠷ ᠲᠡᠳᠬᠦᠮᠵᠢ ᠦᠵᠡᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ︵ | ᠬᠠᠭᠤᠴᠢᠨ ᠠᠵᠤ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠡᠷ ᠪᠠᠶᠢᠰᠢᠩ ᠵᠢᠴᠢ ᠬᠠᠮᠢᠶ᠎ᠠ ᠪᠦᠬᠦᠢ ᠠᠵᠤ ᠦᠢᠯᠡᠳᠪᠦᠷᠢ ᠶᠢᠨ | ᠲᠥᠬᠦᠭᠡᠷᠦᠮᠵᠢ︶ ᠵᠡᠷᠭᠡ ᠶᠢ ᠵᠦᠢ ᠵᠣᠬᠢᠰᠲᠠᠢ ᠠᠰᠢᠭᠯᠠᠬᠤ ᠶᠢ ᠵᠣᠷᠢᠭᠵᠢᠭᠤᠯᠤᠨ᠎ᠠ᠃ ᠭᠤᠣᠯ ᠴᠣᠭᠴᠠ ᠶᠢᠨ ᠪᠦᠲᠦᠴᠡ ᠶᠢ ᠦᠯᠦ ᠬᠤᠪᠢᠷᠠᠭᠤᠯᠬᠤ᠂ ᠪᠠᠷᠢᠯᠭ᠎ᠠ ᠶᠢᠨ | ᠠᠮᠤᠷ ᠲᠦᠪᠰᠢᠨ ᠪᠠ ᠭᠠᠯ ᠤᠨᠲᠠᠷᠠᠭᠠᠬᠤ ᠶᠢᠨ ᠠᠮᠤᠷ ᠲᠦᠪᠰᠢᠨ ᠢ ᠪᠠᠲᠤᠯᠠᠬᠤ ᠤᠷᠢᠲᠠᠯ ᠳᠣᠣᠷ᠎ᠠ᠂ ᠬᠠᠤᠯᠢ ᠲᠣᠭᠲᠠᠭᠠᠯ ᠶᠣᠰᠣᠭᠠᠷ ᠤᠯᠤᠰ ᠠᠴᠠ ᠳᠡᠮᠵᠢᠭᠰᠡᠨ | ᠰᠣᠶᠣᠯ ᠤᠨ ᠠᠵᠤ ᠦᠢᠯᠡᠰ ᠢ ᠬᠥᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠣᠷᠣᠨ ᠵᠠᠢ ᠶᠢ ᠥᠷᠭᠡᠳᠬᠡᠵᠦ᠂ ᠤᠯᠤᠰ ᠤᠨ ᠲᠡᠰ᠂ ᠥᠪᠡᠷᠲᠡᠭᠡᠨ | ᠵᠠᠰᠠᠬᠤ ᠣᠷᠣᠨ ᠤ ᠲᠡᠰ ᠤᠨ ᠰᠣᠶᠣᠯ ᠤᠨ ᠪᠦᠲᠦᠭᠡᠯᠴᠢ ᠲᠥᠰᠥᠪᠯᠡᠯ ᠤᠨ ᠠᠵᠤ ᠦᠢᠯᠡᠰ ᠤᠨ ᠬᠦᠷᠢᠶᠡᠯᠡᠩ ᠪᠣᠯᠭᠠᠨ ᠪᠠᠶᠢᠭᠤᠯᠤᠭᠰᠠᠨ ᠲᠦᠷᠦᠯ ᠵᠦᠢᠯ ᠳᠤ 100 | ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠣᠯᠭᠤᠨ᠎ᠠ᠃ ᠪᠦᠲᠦᠮᠵᠢᠲᠡᠢ ᠪᠡᠯᠡ ᠣᠷᠤᠭᠤᠯᠤᠯᠲᠠ ᠶᠢ ᠥᠷᠭᠡᠳᠬᠡᠵᠦ᠂ ᠴᠢᠬᠤᠯᠠ | ᠶᠡᠭᠡ ᠰᠣᠶᠣᠯ ᠤᠨ ᠪᠠ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠣᠬᠢᠬᠤ ᠪᠡᠯᠡ ᠣᠷᠤᠭᠤᠯᠤᠯᠲᠠ ᠶᠢᠨ ᠲᠤᠭ᠎ᠠ | ᠬᠡᠮᠵᠢᠶ᠎ᠡ ᠳᠤ ᠬᠦᠷᠦᠭᠰᠡᠨ ᠴᠢᠬᠤᠯᠠ ᠶᠡᠭᠡ ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠳᠤ ᠭᠠᠵᠠᠷ ᠰᠢᠷᠣᠢ᠂ ᠪᠡᠯᠡ ᠮᠥᠩᠭᠦ ᠶᠢᠨ ᠬᠦᠴᠦᠨ ᠵᠦᠢᠯ ᠢ ᠤᠷᠢᠳᠠᠪᠠᠷ | ᠪᠠᠲᠤᠯᠠᠨ᠎ᠠ᠃ | ︵ᠳᠥᠷᠪᠡ︶ ᠲᠥᠷᠥᠯ ᠵᠦᠢᠯ ᠤᠨ ᠬᠡᠷᠡᠭᠯᠡᠬᠦ ᠭᠠᠵᠠᠷ ᠢ ᠪᠠᠲᠤᠯᠠᠨ᠎ᠠ᠃ ᠰᠣᠶᠣᠯ ᠤᠨ ᠪᠠ ᠵᠢᠭᠤᠯᠴᠢᠯᠠᠯ ᠤᠨ ᠴᠢᠬᠤᠯᠠ ᠶᠡᠭᠡ ᠵᠦᠢᠯᠡᠰ ᠢ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ ᠳᠤ ᠤᠷᠢᠳᠠᠪᠠᠷ ᠣᠷᠣᠭᠤᠯᠤᠨ᠎ᠠ᠃ ᠠᠲᠠᠷ | ᠭᠠᠵᠠᠷ᠂ ᠠᠲᠠᠷ ᠬᠥᠲᠥᠯ᠂ ᠠᠲᠠᠷ ᠲᠠᠩ ᠢ ᠠᠰᠢᠭᠯᠠᠨ᠂ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠬᠤᠲᠠ ᠶᠢᠨ | ᠬᠠᠳᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠬᠤ ᠶᠢ ᠢᠳᠡᠪᠬᠢᠲᠡᠢ ᠪᠠᠷ ᠠᠬᠢᠭᠤᠯᠵᠤ᠂ ᠬᠤᠲᠠ ᠪᠠᠯᠭᠠᠰᠤᠨ ᠤ ᠳᠣᠣᠷ᠎ᠠ | ᠠᠰᠢᠭᠯᠠᠮᠵᠢ ᠲᠠᠢ ᠭᠠᠵᠠᠷ ᠢ ᠳᠠᠬᠢᠨ ᠨᠡᠭᠡᠭᠡᠨ ᠬᠥᠭᠵᠢᠭᠦᠯᠬᠦ ᠶᠢ ᠠᠬᠢᠭᠤᠯᠣᠨ᠂ ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠱᠠᠲᠤᠨ ᠳᠤ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠰᠣᠶᠣᠯ ᠤᠨ ᠵᠢᠭᠤᠯᠴᠢᠯᠠᠯ ᠤᠨ ᠠᠵᠤ | ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠳᠤ ᠣᠷᠣᠭᠤᠯᠵᠤ᠂ ︽ᠭᠦᠢᠴᠡᠳᠬᠡᠯ ᠲᠤᠭ᠎ᠠ ᠨᠢ ᠲᠥᠷᠥᠯ ᠵᠦᠢᠯ ᠢ ᠳᠠᠭᠠᠬᠤ︾ ᠵᠠᠷᠴᠢᠮ ᠶᠣᠰᠣᠭᠠᠷ᠂ ᠲᠣᠭᠤᠷᠢᠭ ᠤᠨ ᠭᠠᠵᠠᠷ ᠰᠢᠷᠣᠢ ᠶᠢᠨ | ᠠᠰᠢᠭᠯᠠᠯᠲᠠ ᠶᠢᠨ ᠲᠥᠯᠥᠪᠯᠡᠭᠡ ᠶᠢ ᠤᠷᠢᠳ ᠢᠶᠠᠷ ᠲᠣᠬᠢᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠣᠶᠣᠯ ᠤᠨ ᠵᠢᠭᠤᠯᠴᠢᠯᠠᠯ ᠤᠨ ᠠᠵᠤ | ᠦᠢᠯᠡᠰ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢᠨ ᠥᠨᠳᠥᠷ ᠪᠦᠲᠦᠮᠵᠢᠲᠡᠢ ᠪᠠᠲᠤᠯᠠᠭ᠎ᠠ ᠲᠠᠢ ᠪᠣᠯᠬᠤ ᠶᠢ ᠦᠨᠡᠨ ᠬᠦ ᠪᠠᠲᠤᠯᠠᠨ᠎ᠠ ᠭᠡᠵᠦ ᠠᠮᠠᠯᠳᠠᠪᠠ᠃ | ︵ᠲᠠᠪᠤ︶ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠡᠯᠡ | ᠣᠷᠤᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠰᠣᠶᠣᠯ | ᠵᠢᠭᠤᠯᠴᠢᠯᠠᠯ ᠤᠨ ᠠᠵᠤ ᠠᠬᠤᠶᠢᠯᠠᠯ ᠵᠢᠴᠢ ᠲᠥᠷᠥᠯ ᠵᠦᠢᠯ ᠲᠠᠢ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ | ᠰᠣᠶᠣᠯ ᠵᠢᠭᠤᠯᠴᠢᠯᠠᠯ ᠤᠨ ᠠᠵᠢᠯ ᠲᠥᠷᠥᠯ ᠳᠠᠬᠢ ᠨᠡᠶᠢᠳᠡᠮ ᠠᠰᠢᠭ ᠬᠦᠷᠲᠡᠭᠡᠬᠦ ᠵᠢᠵᠢᠭ ᠪᠢᠴᠢᠯ ᠭᠤᠣᠯ ᠴᠣᠭᠴᠠ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ | ᠨᠡᠮᠡᠭᠳᠡᠭᠦᠯᠵᠦ᠂ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠪᠠᠶᠢᠭᠤᠯᠤᠮᠵᠢ ᠶᠢᠨ ᠵᠢᠵᠢᠭ ᠪᠢᠴᠢᠯ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠳᠠᠬᠢ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠡᠷᠴᠢᠮ ᠢ | ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠣᠯᠣᠭᠰᠠᠨ ᠢᠷᠠᠭᠤ ᠠᠯᠳᠠᠷ ᠢ ᠢᠲᠡᠭᠡᠮᠵᠢ | ᠣᠯᠭᠤᠬᠤ ᠦᠨᠡᠯᠡᠯᠲᠡ ᠳᠤ ᠣᠷᠣᠭᠤᠯᠬᠤ ᠶᠢ ᠵᠣᠷᠢᠭᠵᠢᠭᠤᠯᠵᠤ᠂ ᠴᠢᠨᠠᠷ ᠰᠠᠶᠢᠲᠠᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠢᠲᠡᠭᠡᠮᠵᠢ ᠣᠯᠭᠤᠬᠤ ᠲᠤᠭ᠎ᠠ | ᠬᠡᠮᠵᠢᠶ᠎ᠡ ᠶᠢ ᠳᠡᠭᠡᠭᠰᠢᠯᠡᠭᠦᠯᠵᠦ᠂ ᠬᠠᠷᠠᠭᠠᠯᠵᠠᠯ ᠤᠨ ᠬᠦᠦ ᠶᠢᠨ ᠨᠣᠷᠮ᠎ᠠ ᠶᠢ ᠣᠯᠭᠤᠨ᠎ᠠ᠃ ᠰᠣᠶᠣᠯ ᠬᠢᠭᠡᠳ ᠮᠥᠩᠭᠦᠨ ᠭᠦᠢᠯᠭᠡᠭᠡᠨ ᠤ ᠬᠠᠮᠲᠤᠷᠠᠯᠴᠠᠭᠠᠨ ᠤ ᠵᠢᠱᠢᠶ᠎ᠡ | ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠬᠢᠶ᠎ᠠ ᠪᠠᠭᠰᠢ ᠲᠣᠭᠤᠷᠢᠭ ᠤᠨ ᠰᠠᠭᠤᠷᠢᠰᠢᠭᠰᠠᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ᠂ | ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠲᠦᠷᠦᠯ ᠵᠦᠢᠯ ᠳᠤ ᠮᠥᠩᠭᠦᠨ ᠭᠦᠢᠯᠭᠡᠭᠡᠨ ᠤ | ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠬᠤ ᠶᠢ ᠢᠳᠡᠪᠬᠢᠲᠡᠢ ᠪᠠᠷ ᠬᠥᠲᠥᠯᠥᠨ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠰᠢᠯᠢᠳᠡᠭᠵᠢᠭᠦᠯᠦᠨ᠂ ᠨᠥᠬᠦᠴᠡᠯ ᠳᠤ ᠨᠡᠶᠢᠴᠡᠬᠦ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠪᠦᠬᠦ ᠤᠯᠤᠰ ᠤᠨ ᠰᠣᠶᠣᠯ ᠵᠢᠭᠤᠯᠴᠢᠯᠠᠯ ᠤᠨ ᠪᠡᠯᠡ ᠣᠷᠤᠭᠤᠯᠤᠯᠲᠠ | ᠪᠡᠯᠡ ᠲᠣᠬᠢᠷᠠᠭᠤᠯᠭ᠎ᠠ ᠶᠢᠨ ᠲᠦᠷᠦᠯ ᠵᠦᠢᠯ ᠤᠨ ᠬᠥᠮᠥᠷᠭᠡ ᠳᠤ ᠣᠷᠣᠭᠤᠯᠤᠨ᠎ᠠ᠃ | ︵ᠵᠢᠷᠭᠤᠭ᠎ᠠ︶ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠷᠠᠭᠤᠯᠤᠨ᠎ᠠ᠃ ᠪᠠᠴᠢᠮ ᠳᠤᠲᠠᠭᠳᠠᠵᠤ ᠪᠠᠶᠢᠭ᠎ᠠ ᠪᠠ ᠣᠷᠣᠶᠢᠯᠠᠭᠰᠠᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ︽ᠨᠢᠭᠡ ᠬᠡᠷᠡᠭ ᠢ ᠨᠢᠭᠡ ᠵᠥᠪᠯᠡᠬᠦ︾ ︽ᠨᠢᠭᠡ ᠬᠥᠮᠥᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠳᠦᠷᠢᠮ ᠢ ᠰᠠᠶᠢᠲᠤᠷ ᠬᠡᠷᠡᠭᠯᠡᠵᠦ᠂ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠷᠤᠳᠠᠯ᠂ ᠭᠡᠷ ᠪᠦᠯᠢ ᠶᠢᠨ ᠨᠥᠬᠦᠪᠦᠷᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠱᠠᠩᠨᠠᠨ | ᠬᠥᠬᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠬᠢᠭᠡᠳ ᠪᠠᠴᠢᠮ | ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠳᠠᠭᠠᠭᠤᠯᠤᠭᠴᠢ ᠴᠢᠳᠠᠪᠤᠷᠢᠲᠠᠨ᠂ | ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠣᠶᠤᠨᠴᠢ | ᠵᠢᠭᠤᠯᠴᠢᠯᠠᠯ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠪᠦᠲᠦᠭᠡᠯᠴᠢ ᠲᠥᠰᠥᠪᠯᠡᠯ᠂ ᠡᠵᠡᠩᠨᠡᠯᠲᠡ ᠬᠠᠮᠢᠶᠠᠷᠤᠯᠲᠠ᠂ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠵᠡᠷᠭᠡ ᠬᠦᠷᠢᠶᠡᠨ ᠳᠠᠬᠢ ᠲᠤᠰᠬᠠᠢ ᠮᠡᠷᠭᠡᠵᠢᠯ ᠤᠨ ᠬᠡᠯᠪᠡᠷᠢ ᠶᠢᠨ᠂ ᠬᠠᠮ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ | ᠬᠥᠮᠥᠵᠢᠭᠦᠯᠬᠦ ᠶᠢ ᠴᠢᠩᠭᠠᠳᠬᠠᠨ᠎ᠠ᠃ ᠵᠢᠭᠤᠯᠴᠢᠯᠠᠯ ᠤᠨ ᠬᠥᠲᠥᠴᠢ ᠶᠢᠨ ᠠᠵᠢᠯ ᠡᠷᠭᠢᠯᠡᠬᠦ ᠥᠭᠡᠷᠡᠴᠢᠯᠡᠯᠲᠡ ᠶᠢ ᠥᠷᠨᠢᠭᠦᠯᠵᠦ᠂ ᠣᠨᠴᠠ ᠲᠠᠰ᠂ ᠳᠡᠭᠡᠳᠦ ᠲᠠᠰ ᠤᠨ | ᠵᠢᠭᠤᠯᠴᠢᠯᠠᠯ ᠤᠨ ᠬᠥᠲᠥᠴᠢ ︵ᠲᠠᠶᠢᠯᠪᠤᠷᠢᠯᠠᠭᠴᠢ︶ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ | | | | ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2023 ᠣᠨ ᠤ 3 ᠰᠠᠷ᠎ᠠ ᠶᠢᠨ 1 ᠤ ᠡᠳᠦᠷ | | |