ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/4/25
ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠳᠤ᠄         ᠰᠣᠶᠣᠯ ᠤᠨ ᠵᠤᠭᠠᠴᠠᠯ ᠤᠨ ᠰᠢᠯᠢᠳᠡᠭ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠰᠣᠶᠣᠯ ᠤᠨ ᠵᠤᠭᠠᠴᠠᠯ ᠤᠨ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠰᠣᠶᠣᠯ ᠤᠨ ᠵᠤᠭᠠᠴᠠᠯ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠣᠨ᠂ ᠬᠢᠶ᠎ᠠ ᠪᠠᠭᠰᠢ ᠲᠣᠭᠤᠷᠢᠭ ᠤᠨ ᠰᠣᠶᠣᠯ ᠤᠨ ᠠᠵᠤ ᠦᠢᠯᠡᠰ ᠪᠣᠯᠤᠨ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠨ ᠴᠢᠨᠠᠷ ᠰᠠᠶᠢᠲᠠᠢ ᠬᠥᠭᠵᠢᠬᠦ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠬᠢᠶ᠎ᠠ ᠪᠠᠭᠰᠢ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠲᠣᠭᠲᠠᠭᠠᠪᠠ᠃        ᠨᠢᠭᠡ᠂ ᠵᠢᠯᠣᠭᠤᠳᠬᠤ ᠦᠵᠡᠯ ᠰᠠᠨᠠᠭ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠣᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠬᠦᠷᠢᠶᠡᠨ ᠤ ᠠᠵᠢᠯ ᠤᠨ ᠲᠤᠬᠠᠶ ᠰᠢᠷᠢᠰ ᠴᠢᠬᠤᠯᠠ ᠶᠠᠷᠢᠶ᠎ᠠ᠂ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠨ᠂ ᠴᠢᠨᠠᠷ ᠰᠠᠶᠢᠲᠠᠶ ᠬᠥᠭᠵᠢᠯᠲᠡ ᠪᠠᠷ ᠬᠠᠷᠠᠯᠲᠠ ᠪᠣᠯᠭᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠨ ᠵᠠᠯᠭᠠᠮᠵᠢᠯᠠᠵᠤ᠂ ᠰᠢᠯᠢᠳᠡᠭ ᠰᠣᠶᠣᠯ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠣᠲᠣ ᠦᠶ᠎ᠡ ᠶᠢᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠪᠦᠷᠢᠨ ᠲᠡᠭᠦᠯᠳᠡᠷ ᠵᠢᠭᠤᠯᠴᠢᠯᠠᠯ ᠤᠨ ᠭᠤᠤᠯ ᠲᠠᠲᠠᠬᠤ ᠬᠦᠴᠦᠨ ᠤ ᠰᠢᠰᠲ᠋ᠧᠮᠵᠢ ᠶᠢ ᠪᠠᠶᠢᠭᠤᠯᠤᠨ᠂ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠴᠢᠷᠮᠠᠶᠢᠨ ᠪᠠᠶᠢᠭᠤᠯᠵᠤ᠂ ᠰᠣᠶᠣᠯ ᠤᠨ ᠬᠦᠴᠦᠷᠬᠡᠭ ᠬᠤᠲᠠ ᠪᠠ ᠤᠯᠤᠰ ᠤᠨ ᠳᠣᠲᠣᠭᠠᠳᠤ ᠶᠢᠨ ᠲᠡᠷᠢᠭᠦᠨ ᠲᠡᠰ ᠤᠨ ᠵᠢᠭᠤᠯᠴᠢᠯᠠᠯ ᠰᠡᠯᠡᠭᠦᠴᠡᠯ ᠤᠨ ᠬᠤᠲᠠ ᠶᠢ ᠴᠣᠭᠴᠠᠯᠠᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃        ᠬᠤᠶᠠᠷ᠂ ᠭᠤᠣᠯ ᠬᠠᠷᠠᠯᠲᠠ        ᠣᠳᠣ ᠦᠶ᠎ᠡ ᠶᠢᠨ ᠰᠣᠶᠣᠯ ᠵᠤᠭᠠᠴᠠᠯ ᠤᠨ ᠠᠭᠤᠰᠤᠯᠴᠠᠯ ᠤᠨ ᠠᠵᠤ ᠦᠢᠯᠡᠰ ᠤᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠠᠵᠤ ᠦᠢᠯᠡᠰ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠨ᠂ ᠦᠢᠯᠡᠳᠬᠦᠨ ᠤ ᠬᠠᠩᠭᠠᠯᠭ᠎ᠠ ᠨᠡᠩ ᠡᠯᠪᠡᠭ ᠳᠡᠯᠪᠡᠭ ᠪᠣᠯᠵᠤ᠂ ᠴᠢᠨᠠᠷ ᠴᠢᠨᠰᠠᠭ᠎ᠠ ᠨᠢ ᠢᠯᠡᠳᠲᠡ ᠳᠡᠭᠡᠭᠰᠢᠯᠡᠨ᠂ ᠤᠯᠤᠰ ᠤᠨ ᠰᠣᠶᠣᠯ ᠤᠨ ᠠᠵᠤ ᠦᠢᠯᠡᠰ ᠪᠣᠯᠤᠨ ᠵᠤᠭᠠᠴᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ  ᠵᠢᠱᠢᠶ᠎ᠡ ᠦᠵᠡᠭᠦᠯᠬᠦ ᠲᠣᠭᠤᠷᠢᠭ᠂ ᠤᠯᠤᠰ ᠤᠨ ᠲᠡᠰ ᠤᠨ ᠵᠤᠭᠠᠴᠠᠯ ᠰᠡᠯᠡᠭᠦᠴᠡᠯ ᠤᠨ ᠬᠤᠳᠠ ᠵᠢᠴᠢ ᠤᠯᠤᠰ ᠤᠨ ᠲᠡᠰ ᠤᠨ ᠲᠦᠷᠦᠯ ᠲᠡᠮᠳᠡᠭ ᠢᠶᠠᠷ ᠬᠦᠳᠦᠯᠦᠨ ᠳᠠᠭᠠᠭᠤᠯᠤᠭᠰᠠᠨ ᠰᠣᠶᠣᠯ ᠪᠣᠯᠤᠨ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠨᠡᠷᠡᠲᠦ ᠲᠡᠮᠳᠡᠭ ᠤᠨ ᠨᠡᠷ᠎ᠡ ᠠᠯᠳᠠᠷ ᠤᠨ ᠬᠡᠮᠵᠢᠶ᠎ᠡ ᠪᠠ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠠᠮᠠᠷᠠᠯᠲᠠ ᠬᠤᠨᠤᠭ ᠪᠠᠭᠤᠳᠠᠯ ᠤᠨ ᠠᠵᠤ ᠦᠢᠯᠡᠰ ᠤᠨ ᠪᠦᠯᠦᠭᠯᠡᠯ᠂ ᠵᠢᠭᠤᠯᠴᠢᠯᠠᠯ ᠰᠡᠯᠡᠭᠦᠴᠡᠯ ᠵᠤᠭᠠᠴᠠᠯ ᠤᠨ ᠠᠵᠤ ᠦᠢᠯᠡᠰ ᠤᠨ ᠪᠦᠯᠦᠭᠯᠡᠯ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠣᠭᠠᠴᠢᠯᠠᠭᠰᠠᠨ ᠪᠦᠯᠦᠭᠯᠡᠯ ᠢ ᠪᠤᠶᠢᠵᠢᠭᠤᠯᠵᠤ᠂ ᠰᠣᠶᠣᠯ ᠤᠨ ᠰᠦᠭ ᠰᠦᠨᠡᠰᠦ ᠶᠢ ᠱᠤᠭᠤᠬᠤ᠂ ᠰᠣᠶᠣᠯ ᠤᠨ ᠴᠢᠳᠠᠪᠤᠷᠢ ᠣᠯᠭᠤᠬᠤ  ᠦᠢᠯᠡᠳᠦᠯ ᠢ ᠪᠥᠬᠦ ᠲᠠᠯ᠎ᠠ ᠪᠠᠷ ᠳᠣᠪᠤᠶᠢᠯᠭᠠᠨ᠂ ᠰᠣᠶᠣᠯ ᠵᠢᠭᠤᠯᠴᠢᠯᠠᠯ ᠤᠨ  ᠦᠢᠯᠡᠰ ᠢ ᠪᠥᠬᠦ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠲᠤᠯᠭᠠᠭᠤᠷᠢ ᠠᠵᠤ ᠦᠢᠯᠡᠰ ᠪᠠ ᠶᠡᠷᠦᠩᠬᠡᠶᠢᠯᠡᠭᠰᠡᠨ ᠴᠢᠨᠠᠷᠲᠠᠶ ᠵᠣᠯ ᠵᠢᠷᠭᠠᠯᠲᠤ ᠠᠵᠤ ᠦᠢᠯᠡᠰ ᠪᠣᠯᠭᠠᠨ᠎ᠠ᠃        ᠭᠤᠷᠪᠠ᠂ ᠬᠥᠭᠵᠢᠯᠲᠡ ᠶᠢᠨ ᠡᠭᠦᠷᠭᠡ        ︵ᠨᠢᠭᠡ︶ ᠰᠣᠶᠣᠯ ᠤᠨ ᠵᠢᠭᠤᠯᠴᠢᠯᠠᠯ ᠬᠢᠭᠡᠳ ᠬᠤᠲᠠ ᠶᠢᠨ ᠰᠣᠶᠣᠯ ᠤᠨ ᠵᠡᠭᠡᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠬᠠᠷᠢᠯᠴᠠᠨ ᠠᠭᠤᠰᠤᠯᠴᠠᠭᠤᠯᠤᠨ᠎ᠠ᠃        1. ᠴᠠᠭ ᠤᠨ ᠦᠩᠭᠡᠲᠤ ᠬᠤᠲᠠ ᠶᠢᠨ ᠰᠣᠶᠣᠯ ᠵᠢᠭᠤᠯᠴᠢᠯᠠᠯ ᠤᠨ ᠣᠨᠴᠠᠯᠢᠭ ᠢ ᠳᠣᠪᠤᠶᠢᠯᠭᠠᠨ᠎ᠠ᠃ ᠬᠢᠶ᠎ᠠ ᠪᠠᠭᠰᠢ ᠲᠣᠭᠤᠷᠢᠭ ᠤᠨ ᠤᠳᠤ ᠦᠶ᠎ᠡ ᠶᠢᠨ ᠴᠡᠴᠡᠷᠯᠢᠭ ᠤᠨ ᠬᠤᠳᠠ ᠶᠢᠨ ᠰᠣᠶᠣᠯ ᠢ ᠠᠭᠤᠳᠠᠯᠵᠤ᠂ ᠬᠢᠶ᠎ᠠ ᠪᠠᠭᠰᠢ ᠶᠢᠨ ᠬᠤᠳᠠ ᠶᠢᠨ ᠦᠯᠢᠭᠡᠷ ᠢ ᠰᠠᠶᠢᠲᠤᠷ ᠶᠠᠷᠢᠨ᠂ ᠠᠷᠠᠳ ᠤᠨ ᠵᠤᠭᠠᠴᠠᠯ ᠤᠨ ᠠᠵᠢᠯᠯᠠᠭᠠᠨ ᠤ ᠣᠷᠣᠨ ᠵᠠᠢ ᠶᠢ ᠥᠷᠭᠡᠳᠬᠡᠵᠦ᠂ ᠭᠠᠳᠠᠨ᠎ᠠ ᠠᠴᠠ ᠢᠷᠡᠭᠰᠡᠨ ᠵᠤᠭᠠᠴᠠᠭᠰᠠᠳ ᠢ ᠲᠠᠲᠠᠵᠤ᠂ ᠬᠢᠶ᠎ᠠ ᠪᠠᠭᠰᠢ ᠲᠣᠭᠤᠷᠢᠭ ᠤᠨ ᠬᠤᠳᠠ ᠶᠢᠨ ᠵᠤᠭᠠᠴᠠᠯ ᠤᠨ ᠲᠦᠷᠢ ᠲᠥᠷᠬᠦ ᠶᠢ ᠳᠡᠭᠡᠭᠰᠢᠯᠡᠭᠦᠯᠦᠨ᠎ᠡ᠃ ᠬᠤᠲᠠ ᠶᠢᠨ ᠵᠢᠭᠤᠯᠴᠢᠯᠠᠯ ᠢ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠭᠤᠤᠯᠳᠠᠯᠭ᠎ᠠ ᠪᠣᠯᠭᠠᠨ ᠪᠤᠶᠢᠵᠢᠭᠤᠯᠵᠤ᠂ ᠵᠢᠭᠤᠯᠴᠢᠯᠠᠯ ᠬᠢᠭᠡᠳ ᠮᠦᠽᠧᠶ᠂ ᠨᠣᠮ ᠤᠨ ᠰᠠᠩ᠂ ᠱᠤᠭᠤᠮᠠᠯ ᠤᠨ ᠪᠠᠷᠢᠯᠭ᠎ᠠ ᠵᠡᠷᠭᠡ ᠣᠲᠣ ᠦᠶ᠎ᠡ ᠶᠢᠨ ᠬᠤᠲᠠ ᠶᠢᠨ ᠰᠣᠶᠣᠯ ᠤᠨ ᠦᠵᠡᠮᠵᠢ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠣᠨ᠂ ︽ᠬᠥᠮᠦᠨ ᠨᠢ ᠬᠤᠲᠠ ᠶᠢᠨ ᠳᠤᠮᠳᠠ᠂ ᠬᠤᠲᠠ ᠨᠢ ᠴᠡᠴᠡᠷᠯᠢᠭ ᠤᠨ ᠳᠤᠮᠳᠠ᠂ ᠴᠡᠴᠡᠷᠯᠢᠭ ᠨᠢ ᠦᠵᠡᠮᠵᠢ ᠶᠢᠨ ᠳᠤᠮᠳᠠ︾ ᠬᠤᠲᠠ ᠶᠢᠨ ᠦᠵᠡᠮᠵᠢ ᠶᠢ ᠪᠣᠶ ᠪᠣᠯᠭᠠᠨ᠎ᠠ᠃        2. ᠴᠢᠨᠠᠷ ᠰᠠᠶᠢᠲᠠᠶ ᠰᠣᠶᠣᠯ ᠵᠢᠭᠤᠯᠴᠢᠯᠠᠯ ᠤᠨ ᠵᠡᠭᠡᠯᠢ ᠲᠣᠭᠤᠷᠢᠭ ᠢ ᠴᠣᠭᠴᠠᠯᠠᠨ ᠪᠠᠶᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠤᠳᠠᠯᠳᠤᠭᠠᠨ ᠤ ᠵᠡᠭᠡᠯᠢ ᠲᠣᠭᠤᠷᠢᠭ᠂ ᠰᠣᠶᠣᠯ ᠤᠨ ᠵᠡᠭᠡᠯᠢ ᠲᠣᠭᠤᠷᠢᠭ ᠵᠡᠷᠭᠡ ᠵᠤᠭᠠᠴᠠᠭᠰᠠᠳ ᠤᠨ ᠴᠤᠭᠯᠠᠷᠠᠯ ᠤᠨ ᠲᠣᠭᠤᠷᠢᠭ ᠲᠤ᠂ ᠺᠢᠨᠣ᠋ ᠶᠢᠨ ᠣᠷᠳᠣᠨ᠂ ᠲᠢᠶᠠᠲᠷ᠂ ᠰᠡᠯᠡᠭᠦᠴᠡᠯ ᠤᠨ ᠨᠣᠮ ᠤᠨ ᠳᠡᠯᠭᠡᠭᠦᠷ᠂ ᠤᠷᠠᠯᠢᠭ ᠤᠨ ᠣᠷᠳᠣᠨ᠂ ᠭᠠᠷ ᠤᠷᠠᠯᠠᠯ ᠤᠨ ᠪᠦᠲᠦᠭᠡᠭᠳᠡᠬᠦᠨ ᠤ ᠠᠵᠢᠯ ᠤᠨ ᠭᠠᠵᠠᠷ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠳᠡᠯᠭᠡᠭᠦᠷ ᠵᠡᠷᠭᠡ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ᠂ ᠰᠣᠶᠣᠯ ᠤᠨ ᠰᠡᠯᠡᠭᠦᠴᠡᠯ ᠤᠨ ᠵᠡᠭᠡᠯᠢ ᠲᠣᠭᠤᠷᠢᠭ ᠢ ᠪᠣᠶ ᠪᠣᠯᠭᠠᠨ᠎ᠠ᠃ ᠵᠡᠭᠡᠯᠢ ᠲᠣᠭᠤᠷᠢᠭ᠂ ᠨᠡᠶᠢᠭᠡᠮ ᠲᠣᠭᠤᠷᠢᠭ ᠲᠤ ᠪᠦᠲᠦᠭᠡᠯᠴᠢ ᠡᠯᠧᠮᠧᠨ᠋ᠲ᠂ ᠰᠣᠶᠣᠯ ᠤᠨ ᠬᠦᠴᠦᠨ ᠢ ᠣᠷᠣᠭᠤᠯᠤᠨ ᠠᠪᠴᠢᠷᠠᠵᠤ ᠨᠡᠶᠢᠭᠡᠮ ᠲᠣᠭᠤᠷᠢᠭ ᠤᠨ ᠵᠠᠰᠠᠯᠲᠠ ᠶᠢ ᠰᠠᠶᠢᠵᠢᠷᠠᠭᠤᠯᠬᠤ ᠶᠢ ᠰᠦᠪᠡᠭᠴᠢᠯᠡᠵᠦ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠤᠯᠠᠮᠵᠢᠯᠠᠨ ᠳᠡᠯᠭᠡᠨ ᠦᠵᠡᠭᠦᠯᠬᠦ᠂ ᠮᠡᠳᠡᠯᠭᠡ ᠶᠢᠨ ᠦᠢᠯᠡᠴᠢᠯᠡᠭᠡ ᠵᠡᠷᠭᠡ ᠶᠡᠷᠦᠩᠬᠡᠶᠢᠯᠡᠭᠰᠡᠨ ᠴᠢᠳᠠᠮᠵᠢ ᠲᠡᠶᠢᠰᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠪᠥᠬᠦ ᠲᠣᠭᠤᠷᠢᠭ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠠᠳᠠᠯᠢ ᠪᠤᠰᠤ ᠲᠠᠰ ᠳᠠᠪᠬᠤᠷᠭ᠎ᠠ ᠶᠢᠨ ᠬᠥᠭᠵᠢᠯᠲᠡ ᠶᠢ ᠠᠬᠢᠭᠤᠯᠵᠤ᠂ ᠬᠦᠴᠦᠷᠬᠡᠭ ᠢ ᠪᠠᠲᠤᠳᠬᠠᠨ ᠪᠠᠭᠤᠷᠠᠶ ᠶᠢ ᠨᠥᠬᠦᠪᠥᠷᠢᠯᠡᠵᠦ᠂ ᠠᠷᠠᠳ ᠣᠯᠠᠨ ᠤ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠎ᠠ᠃        3. ᠭᠠᠵᠠᠷ ᠬᠥᠷᠥᠩᠭᠡ ᠶᠢᠨ ᠨᠦᠬᠡᠴᠡ ᠶᠢ ᠠᠮᠢᠯᠠᠭᠤᠯᠵᠤ ᠣᠯᠠᠨ ᠵᠦᠢᠯ ᠤᠨ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠨ᠎ᠠ᠃ ᠤᠳᠤ ᠪᠠᠶᠢᠭ᠎ᠠ ᠬᠤᠳᠠᠯᠳᠤᠭᠠᠨ ᠤ ᠭᠡᠷ ᠬᠥᠷᠥᠩᠭᠡ ᠶᠢ ᠠᠮᠢᠯᠠᠭᠤᠯᠵᠤ᠂ ᠬᠤᠳᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠵᠡᠷᠭᠡ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠤ ᠲᠦᠰᠢᠭᠯᠡᠨ᠂ ᠤᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢ ᠵᠦᠢ ᠵᠣᠬᠢᠰᠲᠠᠶ ᠪᠠᠶᠢᠷᠢᠰᠢᠭᠤᠯᠵᠤ᠂ ᠬᠡᠷᠡᠭᠵᠢᠭᠦᠯᠵᠦ ᠪᠣᠯᠬᠤ ᠣᠷᠣᠨ ᠪᠦᠰᠡ ᠲᠤ ᠰᠣᠶᠣᠯ ᠤᠨ ᠪᠠ ᠬᠤᠳᠠᠯᠳᠤᠭ᠎ᠠ ᠵᠢᠭᠤᠯᠴᠢᠯᠠᠯ ᠤᠨ ᠴᠣᠭᠴᠠ ᠶᠢᠨ ᠶᠡᠷᠦᠩᠬᠡᠶᠢᠯᠡᠭᠰᠡᠨ ᠴᠣᠭᠴᠠ᠂ ᠬᠤᠳᠠ ᠶᠢᠨ ᠰᠣᠶᠣᠯ ᠤᠨ ᠪᠠ ᠵᠢᠭᠤᠯᠴᠢᠯᠠᠯ ᠤᠨ ᠬᠡᠷᠡᠭᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠥᠳᠥᠭᠡᠨ ᠪᠠᠶᠢᠭᠤᠯᠤᠨ᠎ᠠ᠃         4᠂ ᠰᠣᠶᠣᠯ ᠤᠷᠠᠯᠢᠭ ᠤᠨ ᠬᠤᠳᠠᠯᠳᠤᠭᠠᠨ ᠤ ᠲᠣᠭᠤᠷᠢᠭ᠂ ᠵᠡᠭᠡᠯᠢ ᠲᠣᠭᠤᠷᠢᠭ᠂ ᠨᠡᠶᠢᠭᠡᠮ ᠲᠣᠭᠤᠷᠢᠭ᠂ ᠦᠵᠡᠮᠵᠢ ᠶᠢᠨ ᠣᠷᠣᠨ ᠳᠤ ᠣᠷᠣᠬᠤ ᠶᠢ ᠵᠣᠷᠢᠭᠵᠢᠭᠤᠯᠤᠨ᠎ᠠ᠃ ᠡᠯ᠎ᠡ ᠲᠥᠷᠥᠯ ᠤᠨ ᠨᠡᠶᠢᠭᠡᠮ ᠤᠨ ᠰᠣᠶᠣᠯ ᠤᠨ ᠭᠤᠣᠯ ᠴᠣᠭᠴᠠ ᠶᠢᠨ ᠬᠤᠳᠠᠯᠳᠤᠭᠠᠨ ᠤ ᠲᠣᠭᠤᠷᠢᠭ ᠲᠤ ᠣᠷᠣᠬᠤ᠂ ᠵᠡᠭᠡᠯᠢ ᠲᠣᠭᠤᠷᠢᠭ ᠲᠤ ᠣᠷᠣᠬᠤ᠂ ᠨᠡᠶᠢᠭᠡᠮ ᠲᠣᠭᠤᠷᠢᠭ ᠲᠤ ᠣᠷᠣᠬᠤ᠂ ᠦᠵᠡᠮᠵᠢ ᠶᠢᠨ ᠣᠷᠣᠨ ᠳᠤ ᠣᠷᠣᠬᠤ ᠶᠢ ᠵᠣᠷᠢᠭᠵᠢᠭᠤᠯᠵᠤ᠂ ᠳᠠᠭᠤᠤ ᠬᠥᠭᠵᠢᠮ᠂ ᠪᠥᠵᠢᠭ᠂ ᠰᠢ ᠵᠦᠴᠦᠭᠡ᠂ ᠲᠠᠭᠤᠷᠢᠯᠢᠭ᠂ ᠤᠷᠠᠨ ᠵᠢᠷᠤᠭ ᠤᠨ ᠪᠠᠶᠢᠯᠳᠤᠬᠤ ᠪᠣᠳᠣᠯᠭ᠎ᠠ ᠵᠡᠷᠭᠡ ᠡᠯ᠎ᠡ ᠵᠦᠢᠯ ᠤᠨ ᠰᠣᠶᠣᠯ ᠤᠨ ᠬᠡᠯᠪᠡᠷᠢ ᠳᠤ ᠲᠦᠰᠢᠭᠯᠡᠨ᠂ ᠲᠣᠭᠯᠠᠯᠲᠠ᠂ ᠲᠠᠶᠢᠯᠤᠮᠵᠢ ᠶᠢᠨ ᠴᠤᠭᠯᠠᠭᠠᠨ᠂ ᠭᠠᠷ ᠤᠷᠠᠯᠠᠯ᠂ ᠤᠷᠠᠯᠢᠭ ᠤᠨ ᠴᠤᠭᠯᠠᠭ᠎ᠠ ᠮᠠᠶᠢᠮᠠᠶ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠠᠰᠢᠭᠯᠠᠨ᠂ ᠦᠨᠳᠦᠰᠦᠲᠡᠨ ᠤ ᠰᠣᠶᠣᠯ ᠪᠠ ᠭᠠᠵᠠᠷ ᠣᠷᠣᠨ ᠤ ᠰᠣᠶᠣᠯ ᠢ ᠳᠡᠯᠭᠡᠷᠡᠭᠦᠯᠦᠨ ᠪᠠᠳᠠᠷᠠᠭᠤᠯᠬᠤ ᠰᠢᠯᠢᠳᠡᠭ ᠤᠨᠴᠠᠯᠢᠭᠳᠤ ᠰᠣᠶᠣᠯ ᠤᠨ ᠲᠥᠷᠥᠯ ᠵᠦᠢᠯ ᠢ ᠳᠡᠯᠭᠡᠨ ᠦᠵᠡᠭᠦᠯᠵᠦ᠂ ᠰᠠᠭᠤᠭᠠᠯᠢ ᠠᠷᠠᠳ ᠪᠠ ᠵᠢᠭᠤᠯᠴᠢᠯᠠᠭᠴᠢᠳ ᠢ ᠲᠡᠳᠡᠨ ᠰᠠᠭᠤᠯᠭᠠᠵᠤ᠂ ᠰᠠᠭᠤᠭᠠᠯᠢ ᠠᠷᠠᠳ ᠪᠠ ᠵᠢᠭᠤᠯᠴᠢᠯᠠᠭᠴᠢᠳ ᠲᠤ ᠭᠤᠸ᠎ᠠ ᠰᠠᠶᠢᠬᠠᠨ ᠤ ᠬᠥᠮᠦᠵᠢᠯ ᠤᠨ ᠲᠠᠪᠴᠠᠩ ᠢ ᠬᠠᠩᠭᠠᠨ᠎ᠠ᠃        ︵ᠬᠤᠶᠠᠷ︶ ᠰᠣᠶᠣᠯ ᠤᠨ ᠵᠢᠭᠤᠯᠴᠢᠯᠠᠯ ᠬᠢᠭᠡᠳ ᠬᠤᠳᠠ ᠶᠢᠨ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢ ᠬᠠᠷᠢᠯᠴᠠᠨ ᠠᠭᠤᠰᠤᠯᠴᠠᠭᠤᠯᠤᠨ᠎ᠠ᠃        1. ᠡᠬᠢ ᠪᠠᠶᠠᠯᠢᠭ ᠣᠷᠴᠢᠨ ᠲᠣᠭᠤᠷᠢᠨ ᠬᠢᠭᠡᠳ ᠬᠤᠲᠠ ᠶᠢᠨ ᠵᠢᠭᠤᠯᠴᠢᠯᠠᠯ ᠤᠨ ᠬᠠᠮᠵᠢᠯᠴᠠᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠬᠢᠵᠠᠭᠠᠷ ᠢᠶᠠᠷ ᠭᠠᠷᠳᠠᠴᠠ ᠪᠣᠯᠭᠠᠨ᠂ ᠡᠬᠢ ᠪᠠᠶᠠᠯᠢᠭ ᠣᠷᠴᠢᠨ ᠲᠣᠭᠤᠷᠢᠨ ᠬᠢᠭᠡᠳ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠬᠠᠮᠵᠢᠯᠴᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠢᠶ᠎ᠠ ᠪᠠᠭᠰᠢ ᠲᠣᠭᠤᠷᠢᠭ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠭᠤᠤᠯᠯᠠᠬᠤ ᠳᠠᠪᠠᠭᠤᠯᠢᠭ ᠪᠣᠯᠭᠠᠨ᠎ᠠ᠃        2. ︽ᠠᠮᠢ ᠠᠬᠤᠶ ᠶᠢᠨ ᠴᠡᠴᠡᠷᠯᠢᠭ ᠤᠨ ᠬᠤᠲᠠ︾ ᠶᠢᠨ IP ᠶᠢ ᠪᠠᠶᠢᠭᠤᠯᠤᠨ᠎ᠠ᠃ ᠬᠤᠲᠠ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠪᠠ ᠬᠥᠮᠦᠨ ᠨᠡᠶᠢᠭᠡᠮ᠂ ᠪᠣᠬᠢᠷᠲᠤᠯ ᠥᠬᠡᠶ ᠠᠮᠢ ᠠᠬᠤᠶ ᠶᠢᠨ ᠣᠷᠴᠢᠨ ᠲᠣᠭᠤᠷᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠢᠶ᠎ᠠ ᠪᠠᠭᠰᠢ ᠲᠣᠭᠤᠷᠢᠭ ᠤᠨ ︽ᠬᠤᠲᠠ ᠶᠢ ᠲᠣᠭᠤᠷᠢᠨ ᠬᠥᠬᠡᠷᠡᠨ ᠨᠣᠭᠤᠭᠠᠷᠠᠵᠤ᠂ ᠳᠥᠷᠪᠡᠨ ᠤᠯᠠᠷᠢᠯ ᠳᠤ ᠮᠥᠩᠬᠡ ᠨᠣᠭᠤᠭᠠᠷᠠᠨ᠂ ᠭᠤᠷᠪᠠᠨ ᠤᠯᠠᠷᠢᠯ ᠳᠤ ᠴᠡᠴᠡᠭ ᠳᠡᠯᠭᠡᠷᠡᠭᠰᠡᠨ︾ ᠬᠤᠲᠠ ᠶᠢᠨ ᠦᠵᠡᠮᠵᠢ ᠶᠢ ︽ᠴᠡᠴᠡᠷᠯᠢᠭ ᠤᠨ ᠬᠤᠲᠠ︾ ᠶᠢᠨ ᠭᠢᠯᠠᠯᠵᠠᠭᠰᠠᠨ ᠨᠡᠷ᠎ᠡ ᠶᠢᠨ ᠬᠠᠭᠤᠳᠠᠰᠤ ᠪᠣᠯᠭᠠᠨ ᠪᠥᠲᠥᠭᠡᠨ ᠪᠠᠶᠢᠭᠤᠯᠵᠤ᠂ ᠭᠠᠵᠠᠷ ᠣᠷᠣᠨ ᠤ ᠬᠡᠪ ᠨᠠᠮᠪᠠ ᠶᠢ ᠳᠣᠪᠤᠶᠢᠯᠭᠠᠭᠰᠠᠨ᠂ ᠢᠯᠡ ᠲᠣᠳᠣ ᠴᠠᠭ ᠦᠶ᠎ᠡ ᠶᠢᠨ ᠣᠨᠴᠠᠯᠢᠭ ᠲᠠᠢ᠂ ᠪᠦᠷᠢᠨ ᠲᠡᠭᠦᠯᠳᠡᠷ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠲᠠᠢ ︽ᠴᠡᠴᠡᠷᠯᠢᠭ ᠤᠨ ᠬᠤᠲᠠ︾ ᠶᠢᠨ IP ᠪᠣᠯᠭᠠᠨ ᠪᠥᠲᠥᠭᠡᠨ ᠪᠠᠶᠢᠭᠤᠯᠤᠨ᠎ᠠ᠃        3. ︽ᠴᠡᠴᠡᠷᠯᠢᠭ ᠤᠨ ᠬᠤᠲᠠ︾ ᠶᠢᠨ ᠴᠡᠴᠡᠭ ᠰᠣᠨᠢᠷᠬᠠᠬᠤ ᠰᠡᠯᠡᠭᠦᠴᠡᠯ ᠤᠨ ᠠᠵᠢᠯᠯᠠᠭ᠎ᠠ ᠶᠢ ᠬᠦᠴᠦᠯᠡᠨ ᠠᠬᠢᠭᠤᠯᠤᠨ᠎ᠠ᠃ ᠬᠤᠲᠠ ᠶᠢᠨ ᠴᠡᠴᠡᠷᠯᠢᠭ᠂ ᠬᠤᠲᠠ ᠶᠢᠨ ᠨᠣᠭᠤᠭᠠᠨ ᠵᠠᠮ᠂ ᠬᠤᠲᠠ ᠶᠢᠨ ᠠᠭᠤᠳᠠᠮ ᠲᠠᠯᠠᠪᠠᠶ ᠳᠤ ᠴᠡᠴᠡᠭ ᠰᠣᠨᠢᠷᠬᠠᠬᠤ ᠰᠡᠯᠡᠭᠦᠴᠡᠯ ᠤᠨ ᠠᠵᠢᠯᠯᠠᠭ᠎ᠠ ᠥᠷᠨᠢᠭᠦᠯᠬᠦ ᠠᠴᠠ ᠭᠠᠳᠠᠨ᠎ᠠ᠂ ᠨᠢᠭᠡᠨᠲᠡ ᠨᠡᠯᠢᠶᠡᠳ ᠶᠡᠭᠡ ᠬᠡᠪᠴᠢᠶ᠎ᠡ ᠲᠠᠢ ᠪᠣᠯᠤᠭᠰᠠᠨ᠂ ᠵᠣᠬᠢᠬᠤ ᠨᠠᠷᠠᠲᠤ ᠲᠥᠷᠥᠯ ᠲᠡᠮᠳᠡᠭᠲᠦ ᠶᠢᠨ ᠤᠷᠢᠶᠠᠯᠠᠬᠤ ᠬᠦᠴᠦᠨ ᠲᠠᠢ ᠶᠡᠭᠡ ᠣᠪᠣᠭ᠎ᠠ᠂ 2 ᠳ᠋ᠤᠭᠠᠷ ᠬᠥᠭᠦᠷᠭᠡ ᠶᠢᠨ ᠡᠮᠦᠨ᠎ᠡ ᠲᠠᠯ᠎ᠠ᠂ ᠲᠣᠭᠤᠷᠢᠭ ᠤᠨ ᠵᠠᠰᠠᠭ ᠤᠨ ᠣᠷᠳᠣᠨ ᠤ ᠪᠠᠷᠠᠭᠤᠨ ᠲᠠᠯ᠎ᠠ᠂ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠴᠡᠴᠡᠷᠯᠢᠭ ᠤᠨ ᠡᠮᠦᠨ᠎ᠡ ᠲᠠᠯ᠎ᠠ ᠳᠤ ᠦᠷᠭᠦᠯᠵᠢᠯᠡᠨ ᠦᠵᠡᠮᠦᠷᠢ ᠶᠢᠨ ᠴᠡᠴᠡᠭ ᠳᠠᠷᠢᠬᠤ ᠶᠢᠨ ᠬᠠᠮᠲᠤ ᠦᠵᠡᠮᠵᠢ ᠶᠢᠨ ᠵᠠᠭᠭᠢᠯᠠᠭ᠎ᠠ ᠶᠢᠨ ᠴᠡᠭ ᠲᠣᠭᠢᠷᠠᠭᠤᠯᠣᠨ᠂ ᠰᠠᠭᠤᠭᠠᠯᠢ ᠠᠷᠠᠳ ᠪᠠ ᠵᠤᠭᠠᠴᠠᠭᠰᠠᠳ ᠲᠤ ᠴᠡᠴᠡᠭ ᠰᠣᠨᠢᠷᠬᠠᠬᠤ᠂ ᠭᠤᠸ᠎ᠠ ᠰᠠᠶᠢᠬᠠᠨ ᠤ ᠵᠤᠭ᠎ᠠ ᠴᠡᠩᠭᠡᠯ ᠤᠨ ᠣᠷᠣᠨ ᠵᠠᠶ ᠶᠢ ᠪᠣᠶ ᠪᠣᠯᠭᠠᠵᠤ ᠥᠭᠭᠦᠨ᠎ᠡ᠃ ᠠᠳᠠᠯᠢ ᠪᠤᠰᠤ ᠤᠯᠠᠷᠢᠯ ᠳᠤ ᠠᠳᠠᠯᠢ ᠪᠤᠰᠤ ᠴᠡᠴᠡᠭ ᠰᠣᠨᠢᠷᠬᠠᠬᠤ ᠭᠤᠣᠯ ᠰᠡᠳᠦᠪᠲᠦ ᠵᠤᠭᠠᠴᠠᠯ ᠤᠨ ᠱᠤᠭᠤᠮ᠂ ᠥᠪᠡᠷ ᠢᠶᠠᠨ ᠵᠢᠯᠣᠭᠤᠳᠬᠤ ᠵᠤᠭᠠᠴᠠᠯ ᠤᠨ ᠱᠤᠭᠤᠮ᠂ ᠭᠦᠨᠵᠡᠭᠡᠢ ᠴᠡᠴᠡᠭ ᠰᠣᠨᠢᠷᠬᠠᠬᠤ ᠲᠤᠷᠰᠢᠯᠲᠠ ᠶᠢᠨ ᠭᠠᠵᠠᠷ ᠵᠡᠷᠭᠡ ᠵᠢᠯᠤᠭᠤᠳᠤᠯᠭ᠎ᠠ ᠶᠢᠨ ᠴᠢᠨᠠᠷᠲᠠᠢ ᠪᠣᠷᠣᠯᠠᠭᠤᠯᠭ᠎ᠠ ᠶᠢᠨ ᠲᠥᠰᠦᠯ ᠢ ᠭᠠᠷᠭᠠᠨ᠎ᠠ᠃ ᠠᠳᠠᠯᠢ ᠪᠤᠰᠤ ᠴᠡᠴᠡᠭ ᠤᠨ ᠤᠯᠠᠷᠢᠯ ᠳᠤ ᠠᠳᠠᠯᠢ ᠪᠤᠰᠤ ᠶᠢᠨ ᠤᠬᠠᠭᠤᠯᠤᠨ ᠳᠡᠯᠭᠡᠷᠡᠭᠦᠯᠬᠦ ᠰᠠᠷ᠎ᠠ ᠪᠤᠶᠤ ᠭᠤᠤᠯ ᠰᠡᠳᠦᠪᠲᠦ ᠪᠠᠶᠠᠷ ᠳᠤᠷᠠᠰᠬᠠᠯ ᠤᠨ ᠡᠳᠦᠷ ᠢ ᠡᠷᠭᠢᠯᠡᠵᠦ᠂ ᠵᠤᠭᠠᠴᠠᠭᠰᠠᠳ ᠪᠠ ᠰᠠᠭᠤᠭᠠᠯᠢ ᠠᠷᠠᠳ ᠢ ᠲᠡᠳᠡᠨ ᠣᠷᠣᠯᠴᠠᠭᠤᠯᠵᠤ᠂ ᠴᠡᠴᠡᠭ ᠰᠣᠨᠢᠷᠬᠠᠬᠤ ᠵᠤᠭᠠᠴᠠᠯ ᠤᠨ ᠬᠥᠮᠦᠰ ᠤᠨ ᠬᠦᠷᠢᠶᠡᠯᠡᠯ ᠢ ᠭᠦᠶ᠋ᠴᠡᠳ ᠠᠰᠢᠭᠯᠠᠨ᠂ ︽ᠴᠡᠴᠡᠷᠯᠢᠭ ᠤᠨ ᠬᠤᠲᠠ︾ ᠶᠢᠨ IP ᠶᠢ ᠤᠯᠠᠮᠵᠢᠯᠠᠨ ᠳᠡᠯᠭᠡᠷᠡᠭᠦᠯᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠤᠨ᠎ᠠ᠃        ︵ᠭᠤᠷᠪᠠ︶ ᠰᠣᠶᠣᠯ ᠵᠢᠭᠤᠯᠴᠢᠯᠠᠯ ᠬᠢᠭᠡᠳ ᠠᠷᠠᠳ ᠤᠨ ᠵᠠᠩ ᠦᠶ᠋ᠯᠡ ᠶᠢ ᠬᠠᠷᠢᠯᠴᠠᠨ ᠠᠭᠤᠰᠤᠯᠴᠠᠭᠤᠯᠤᠨ᠎ᠠ᠃        1. ᠬᠠᠩᠭᠠᠯᠭ᠎ᠠ ᠶᠢᠨ ᠦᠶ᠋ᠯᠡᠳᠬᠦᠨ ᠢ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠤᠨ᠎ᠠ᠃ ᠬᠠᠩᠭᠠᠯᠭ᠎ᠠ ᠶᠢᠨ ᠲᠠᠯ᠎ᠠ ᠪᠠᠷ ᠤᠯᠠᠮᠵᠢᠯᠠᠯᠲᠤ ᠰᠣᠶᠣᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠤᠨᠴᠠᠯᠢᠬᠳᠤ ᠰᠣᠶᠣᠯ ᠤᠨ ᠵᠢᠭᠤᠯᠴᠢᠯᠠᠯ ᠤᠨ ᠵᠡᠭᠡᠯᠢ ᠲᠣᠭᠤᠷᠢᠭ᠂ ᠪᠣᠳᠠᠰ ᠤᠨ ᠪᠤᠰᠤ ᠰᠣᠶᠣᠯ ᠤᠨ ᠥᠪ᠂ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠵᠡᠷᠭᠡ ᠨᠢᠭᠡ ᠪᠦᠯᠦᠭ ᠳᠠᠶᠢᠴᠢᠯᠠᠬᠤ ᠴᠢᠨᠠᠷᠲᠠᠶ᠂ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ ᠬᠠᠩᠭᠠᠯᠭ᠎ᠠ ᠶᠢᠨ ᠦᠶ᠋ᠯᠡᠳᠬᠦᠨ ᠢ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠢ ᠢᠳᠡᠪᠬᠢᠲᠡᠶ ᠠᠬᠢᠭᠤᠯᠤᠨ᠎ᠠ         2. ᠰᠣᠶᠣᠯ ᠤᠨ ᠴᠣᠩᠬᠤᠪᠴᠢ ᠶᠢᠨ ᠦᠶ᠋ᠯᠡᠳᠦᠯ ᠢ ᠪᠠᠳᠠᠷᠠᠭᠤᠯᠤᠨ᠎ᠠ᠃ ᠣᠷᠳᠣᠰ ᠤᠨ ᠮᠣᠩᠭᠤᠯ ᠦᠨᠳᠦᠰᠦᠲᠡᠨ ᠤ ᠲᠡᠦᠬᠡ ᠰᠣᠶᠣᠯ᠂ ᠤᠯᠠᠮᠵᠢᠯᠠᠯᠲᠤ ᠶᠣᠰᠣᠯᠠᠯ᠂ ᠠᠮᠢᠳᠤᠷᠠᠯ ᠤᠨ ᠵᠠᠩ ᠳᠠᠳᠬᠠᠯ ᠢ ᠬᠠᠮᠤᠭ ᠤᠨ ᠪᠦᠷᠢᠨ ᠪᠦᠲᠦᠨ ᠬᠠᠳᠠᠭᠠᠯᠠᠭᠰᠠᠨ ᠭᠠᠵᠠᠷ ᠣᠷᠣᠨ ᠪᠣᠯᠬᠤ ᠶᠢ ᠲᠥᠰᠢᠭᠯᠡᠨ᠂ ᠦᠨᠳᠦᠰᠦᠲᠡᠨ ᠤ ᠣᠨᠴᠠᠯᠢᠭ ᠪᠠ ᠬᠥᠮᠦᠨ ᠨᠡᠶᠢᠭᠡᠮ ᠤᠨ ᠲᠡᠤᠬᠡ ᠶᠢ  ᠭᠦᠢᠴᠡᠳ ᠬᠠᠶᠢᠨ ᠰᠦᠪᠡᠭᠴᠢᠯᠡᠵᠦ᠂ ᠬᠢᠶ᠎ᠠ ᠪᠠᠭᠰᠢ ᠲᠣᠭᠤᠷᠢᠭ ᠤᠨ ᠣᠷᠳᠣᠰ ᠬᠤᠲᠠ ᠶᠢᠨ ᠭᠤᠤᠯ ᠲᠣᠭᠤᠷᠢᠭ ᠪᠣᠯᠬᠤ ᠦᠶ᠋ᠯᠡᠳᠦᠯ ᠢ ᠪᠠᠳᠠᠷᠠᠭᠤᠯᠤᠨ᠂ ᠬᠢᠶ᠎ᠠ ᠪᠠᠭᠰᠢ ᠲᠣᠭᠤᠷᠢᠭ ᠢ ᠣᠷᠳᠣᠰ ᠤᠨ ᠭᠠᠵᠠᠷ ᠣᠷᠣᠨ ᠤ ᠰᠣᠶᠣᠯ ᠪᠠ ᠮᠣᠩᠭᠤᠯ ᠦᠨᠳᠦᠰᠦᠲᠡᠨ ᠤ ᠰᠣᠶᠣᠯ ᠢ ᠳᠡᠯᠭᠡᠨ ᠦᠵᠡᠭᠦᠯᠬᠦ ᠴᠣᠩᠬᠤ ᠪᠠ ᠲᠠᠲᠠᠬᠤ ᠬᠦᠴᠦᠨ ᠢᠶᠠᠷ ᠪᠢᠯᠬᠠᠮ᠎ᠠ ᠲᠠᠯ᠎ᠠ ᠨᠤᠲᠤᠭ ᠤᠨ ᠰᠣᠶᠣᠯ ᠪᠠ ᠠᠷᠠᠳ ᠤᠨ ᠵᠠᠩ ᠦᠢᠯᠡ ᠶᠢ ᠣᠶᠢᠯᠠᠭᠠᠬᠤ ᠭᠠᠵᠠᠷ ᠣᠷᠣᠨ ᠪᠣᠯᠭᠠᠨ ᠪᠦᠲᠦᠭᠡᠨ ᠪᠠᠶᠢᠭᠤᠯᠤᠨ᠎ᠠ᠃         3. ᠦᠨᠳᠦᠰᠦᠲᠡᠨ ᠤ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠲᠣᠰ ᠭᠠᠵᠠᠷ ᠣᠷᠣᠨ ᠤ ᠳᠠᠭᠤᠤ ᠪᠥᠵᠢᠭ᠂ ᠢᠳᠡᠭᠡᠨ ᠤᠮᠳᠠᠭᠠᠨ᠂ ᠰᠣᠶᠣᠯ᠂ ᠶᠣᠰᠣᠯᠠᠯ᠂ ᠵᠠᠩ ᠳᠠᠳᠬᠠᠯ ᠢ ᠨᠢᠭᠡ ᠴᠣᠠᠠᠴᠠᠵᠢᠭᠤᠯᠥᠠᠠᠰᠠᠨ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠣᠷᠳᠣᠰ ᠤᠨ ᠬᠤᠷᠢᠮ ᠤᠨ ᠶᠣᠰᠣᠯᠠᠯ᠂ ᠨᠠᠭᠠᠳᠤᠮ ᠤᠨ ᠬᠤᠷᠠᠯ ᠵᠡᠷᠭᠡ ᠦᠨᠳᠦᠰᠦᠲᠡᠨ ᠤ ᠰᠣᠶᠣᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠠᠷᠠᠳ ᠤᠨ ᠵᠠᠩ ᠦᠶ᠋ᠯᠡ ᠲᠠᠢ ᠭᠠᠷ ᠤᠷᠠᠯᠠᠯ ᠤᠨ ᠪᠦᠲᠦᠭᠡᠭᠳᠡᠬᠦᠨ ᠪᠠ ᠰᠣᠶᠣᠯ ᠤᠨ ᠪᠦᠲᠦᠭᠡᠯᠴᠢ ᠲᠥᠰᠦᠪᠯᠡᠯ ᠤᠨ ᠲᠠᠸᠠᠷ ᠢ ᠰᠤᠳᠤᠯᠤᠨ ᠨᠡᠭᠡᠭᠡᠬᠦ ᠶᠢᠨ ᠬᠠᠮᠲᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃        ︵ᠳᠥᠷᠪᠡ︶ ᠰᠣᠶᠣᠯ ᠤᠨ ᠵᠢᠭᠤᠯᠴᠢᠯᠠᠯ ᠪᠠ ᠡᠷᠡᠭᠦᠯ ᠮᠡᠨᠳᠦ ᠰᠤᠪᠢᠯᠠᠯᠲᠠ ᠶᠢ ᠬᠠᠷᠢᠯᠴᠠᠨ ᠠᠭᠤᠰᠤᠯᠴᠠᠭᠤᠯᠤᠨ᠎ᠠ᠃       ᠡᠷᠡᠭᠦᠯ ᠮᠡᠨᠳᠦ ᠬᠢᠭᠡᠳ ᠨᠠᠰᠤᠵᠢᠯ ᠤᠨ ᠠᠰᠠᠷᠠᠮᠵᠢ᠂ ᠵᠢᠭᠤᠯᠴᠢᠯᠠᠯ᠂ ᠢᠨᠲ᠋ᠤᠷ ᠰᠦᠯᠵᠢᠶ᠎ᠡ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ ᠵᠡᠷᠭᠡ ᠶᠢᠨ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠡᠷᠡᠭᠦᠯ ᠮᠡᠨᠳᠦ ᠶᠢᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠪᠣᠶ ᠪᠣᠯᠭᠠᠨ᠂ ᠡᠷᠡᠭᠦᠯᠵᠢᠯ ᠨᠠᠰᠤᠵᠢᠯ ᠤᠨ ᠵᠢᠭᠤᠯᠴᠢᠯᠠᠯ ᠬᠢᠭᠡᠳ ᠪᠡᠶ᠎ᠡ ᠶᠢᠨ ᠲᠠᠮᠢᠷ ᠤᠨ ᠵᠢᠭᠤᠯᠴᠢᠯᠠᠯ ᠢ ᠵᠡᠷᠭᠡᠪᠡᠷ ᠤᠷᠤᠭᠰᠢᠯᠠᠭᠤᠯᠵᠤ᠂ ᠬᠢᠶ᠎ᠠ ᠪᠠᠭᠰᠢ ᠲᠣᠭᠤᠷᠢᠭ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃ ᠣᠲᠣ ᠦᠶ᠎ᠡ ᠶᠢᠨ ᠵᠢᠭᠤᠯᠴᠢᠯᠠᠯ ᠤᠨ ᠰᠣᠶᠣᠯ ᠤᠨ ᠠᠵᠤ ᠦᠢᠯᠡᠰ ᠢ ᠲᠣᠮᠣ ᠡᠷᠡᠭᠦᠯ ᠮᠡᠨᠳᠦ ᠶᠢᠨ ᠠᠵᠤ ᠦᠢᠯᠡᠰ ᠯᠦᠭᠡ ᠠᠵᠤ ᠦᠢᠯᠡᠰ ᠤᠨ ᠠᠭᠤᠰᠤᠯᠴᠠᠯ ᠢ ᠪᠣᠶ ᠪᠣᠯᠭᠠᠵᠤ᠂ ᠨᠠᠩ ᠲᠣᠬᠢᠷᠠᠮᠵᠢᠲᠠᠶ ᠲᠥᠷᠥᠯ ᠵᠦᠢᠯ ᠪᠠ ᠦᠶ᠋ᠯᠡᠳᠬᠦᠨ ᠢ ᠲᠥᠯᠥᠪᠵᠢᠭᠦᠯᠦᠨ ᠲᠥᠯᠥᠪᠵᠢᠭᠦᠯᠦᠨ᠎ᠡ᠃        1. ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯᠵᠢᠯ ᠤᠨ ᠵᠢᠭᠤᠯᠴᠢᠯᠠᠯ ᠢ ᠬᠥᠭᠵᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠡᠬᠢ ᠪᠠᠶᠠᠯᠢᠭ ᠪᠠ ᠰᠣᠶᠣᠯ ᠢ ᠭᠦᠢᠴᠡᠳ ᠠᠭᠤᠳᠠᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠪᠠᠶᠢᠭᠤᠯᠤᠮᠵᠢ᠂ ᠮᠣᠩᠭᠤᠯ ᠬᠢᠲᠠᠳ ᠡᠮᠨᠡᠯᠭᠡ ᠶᠢᠨ ᠮᠦᠽᠧᠶ᠂ ᠪᠡᠶ᠎ᠡ ᠰᠤᠪᠢᠯᠠᠬᠤ ᠣᠷᠳᠣᠨ᠂ ᠡᠮᠲᠦ ᠬᠤᠭᠤᠯᠠᠨ ᠭᠡᠷ ᠵᠡᠷᠭᠡ ᠪᠣᠳᠠᠲᠤ ᠴᠣᠭᠴᠠ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠤᠨ᠂ ᠬᠢᠲᠠᠳ ᠮᠣᠩᠭᠤᠯ ᠡᠮᠨᠡᠯᠭᠡ ᠶᠢᠨ ᠰᠢᠮ᠎ᠡ ᠲᠡᠵᠢᠭᠡᠯ ᠲᠠᠢ ᠢᠳᠡᠭᠡᠨ ᠤᠮᠳᠠᠭᠠᠨ᠂ ᠡᠷᠡᠭᠦᠯ ᠮᠡᠡᠳᠦ ᠶᠢ ᠵᠣᠬᠢᠴᠠᠭᠤᠯᠬᠤ᠂ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠤᠨᠴᠠᠯᠢᠬᠳᠦ ᠡᠮᠴᠢᠯᠡᠭᠡ ᠪᠠ ᠬᠢᠲᠠᠳ ᠡᠮ ᠡᠮᠨᠡᠯᠭᠡ ᠶᠢᠨ ᠪᠡᠶ᠎ᠡ ᠰᠤᠪᠢᠯᠠᠬᠤ ᠡᠷᠡᠭᠦᠯ ᠮᠡᠡᠳᠦ ᠶᠢ ᠬᠠᠮᠠᠭᠠᠯᠠᠬᠤ ᠦᠢᠯᠡᠴᠢᠯᠡᠭᠡ ᠶᠢ ᠬᠥᠭᠵᠢᠭᠦᠯᠦᠨ᠎ᠡ᠃        2. ᠤᠨᠴᠠᠯᠢᠬᠳᠤ ᠡᠷᠡᠭᠦᠯᠵᠢᠯ ᠰᠣᠪᠢᠯᠠᠯᠲᠠ ᠶᠢᠨ ᠲᠥᠪ ᠢ ᠪᠠᠶᠢᠭᠤᠯᠤᠨ᠎ᠠ᠃ ᠳᠡᠭᠡᠳᠦ ᠳᠡᠰ ᠤᠨ ᠡᠮ ᠡᠮᠨᠡᠯᠭᠡ ᠶᠢᠨ ᠦᠢᠯᠡᠴᠢᠯᠡᠭᠡ᠂ ᠦᠨᠳᠦᠰᠦᠲᠡᠨ ᠤ ᠡᠷᠡᠭᠦᠯ ᠮᠡᠨᠳᠦ ᠶᠢᠨ ᠰᠣᠶᠣᠯ᠂ ᠵᠣᠬᠢᠬᠤ ᠬᠡᠮᠵᠢᠶᠡᠨ ᠤ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠂ ᠨᠡᠭᠦᠳᠡᠯ ᠤᠨ ᠰᠢᠪᠠᠭᠤ ᠮᠠᠶ᠋ᠢᠭ ᠤᠨ ᠪᠡᠶ᠎ᠡ ᠰᠤᠪᠢᠯᠠᠯᠲᠠ ᠨᠠᠰᠤᠵᠢᠯ ᠤᠨ ᠠᠰᠠᠷᠠᠮᠵᠢ᠂ ᠡᠷᠡᠭᠦᠯ ᠮᠡᠨᠳᠦ ᠶᠢᠨ ᠪᠦᠲᠦᠭᠡᠭᠳᠡᠬᠦᠨ ᠦᠢᠯᠡᠳᠬᠦ ᠵᠡᠷᠭᠡ ᠲᠠᠪᠤᠨ ᠤᠨᠴᠠᠯᠢᠭᠳᠤ ᠡᠷᠡᠭᠦᠯᠵᠢᠯ ᠰᠣᠪᠢᠯᠠᠯᠲᠠ ᠶᠢᠨ ᠲᠥᠪ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠡᠷᠡᠭᠦᠯᠵᠢᠯ ᠰᠣᠪᠢᠯᠠᠯᠲᠠ ᠪᠠ ᠬᠢᠶ᠎ᠠ ᠪᠠᠭᠰᠢ ᠲᠣᠭᠤᠷᠢᠭ ᠤᠨ ᠦᠵᠡᠮᠵᠢ ᠶᠢᠨ ᠣᠷᠣᠨ ᠢ ᠨᠢᠭᠡ ᠪᠦᠬᠦᠯᠢ ᠴᠣᠭᠴᠠ ᠪᠣᠯᠭᠠᠨ᠂ ᠦᠵᠡᠮᠵᠢ ᠳᠤ ᠭᠦᠢᠴᠡᠳ ᠠᠭᠤᠰᠤᠯᠴᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠤ ᠶᠢᠨ ᠰᠦᠢ ᠡᠷᠡᠭᠦᠯᠵᠢᠯ ᠰᠣᠪᠢᠯᠠᠯᠲᠠ ᠶᠢᠨ ᠲᠦᠷᠦᠯ ᠵᠦᠢᠯ᠂ ᠲᠠᠢ ᠹᠠ ᠰᠢᠶᠠᠩ ᠡᠷᠡᠭᠦᠯᠵᠢᠯ ᠰᠣᠪᠢᠯᠠᠯᠲᠠ ᠶᠢᠨ ᠪᠠᠯᠭᠠᠰᠤᠨ ᠤ ᠲᠦᠷᠦᠯ ᠵᠦᠢᠯ ᠵᠡᠷᠭᠡ ᠳᠤ ᠲᠦᠰᠢᠭᠯᠡᠨ᠂ ᠡᠷᠡᠭᠦᠯᠵᠢᠯ ᠰᠣᠪᠢᠯᠠᠯᠲᠠ ᠶᠢᠨ ᠵᠠᠬ᠎ᠠ ᠳᠡᠯᠭᠡᠭᠦᠷ ᠢ ᠳᠠᠬᠢᠨᠲᠠ ᠬᠥᠭᠵᠢᠭᠡᠵᠦ᠂ ᠬᠢᠶ᠎ᠠ ᠪᠠᠭᠰᠢ ᠲᠣᠭᠤᠷᠢᠭ ᠢ ᠥᠪᠥᠷ ᠮᠣᠩᠭᠤᠯ ᠤᠨ ᠪᠠᠷᠠᠭᠤᠨ ᠬᠡᠰᠡᠭ ᠤᠨ ᠬᠠᠮᠤᠭ ᠤᠨ ᠨᠥᠯᠥᠭᠡᠯᠡᠬᠦ ᠬᠦᠴᠦᠨ ᠲᠠᠢ ᠡᠷᠡᠭᠦᠯᠵᠢᠯ ᠰᠣᠪᠢᠯᠠᠯᠲᠠ ᠶᠢᠨ ᠬᠤᠳᠠ ᠪᠣᠯᠭᠠᠨ ᠪᠦᠳᠦᠭᠡᠨ ᠪᠠᠶᠢᠭᠤᠯᠣᠨ᠎ᠠ᠃        3. ᠪᠡᠶ᠎ᠡ ᠶᠢᠨ ᠲᠠᠮᠢᠷ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠴᠢᠩ ᠴᠦᠨ ᠱᠠᠨ ᠠᠭᠤᠯᠠ᠂ ᠪᠡᠶ᠎ᠡ ᠶᠢᠨ ᠲᠠᠮᠢᠷ ᠤᠨ ᠲᠥᠪ᠂ ᠣᠯᠠᠨ ᠤᠯᠤᠰ ᠤᠨ ᠲᠡᠷᠭᠡᠨ ᠤᠷᠤᠯᠳᠤᠭᠠᠨ ᠤ ᠬᠤᠲᠠ᠂ ᠺᠠᠩ ᠵᠧᠨ ᠪᠠᠯᠭᠠᠰᠤ ᠵᠡᠷᠭᠡ ᠵᠤᠭᠠᠴᠠᠯ ᠤᠨ ᠡᠬᠢ ᠪᠠᠶᠠᠯᠢᠭ ᠢ ᠠᠰᠢᠭᠯᠡᠨ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠠᠭᠢᠭᠤᠯᠵᠣ᠂ ᠣᠷᠳᠣᠰ ᠤᠨ ᠪᠡᠶ᠎ᠡ ᠶᠢᠨ ᠲᠠᠮᠢᠷ ᠤᠨ ᠲᠥᠪ᠂ ᠤᠯᠠᠭᠠᠨᠮᠥᠷᠡᠨ ᠦᠵᠡᠮᠵᠢ ᠶᠢᠨ ᠨᠠᠭᠤᠷ ᠤᠨ ᠣᠷᠣᠨ᠂ ᠣᠯᠠᠨ ᠤᠯᠤᠰ ᠤᠨ ᠲᠡᠷᠭᠡᠨ ᠤᠷᠤᠯᠳᠤᠭᠠᠨ ᠤ ᠬᠤᠲᠠ᠂ ᠯᠤ᠋ ᠱᠦᠶ ᠸᠠᠨ ᠵᠡᠷᠭᠡ ᠤᠨᠴᠠᠯᠢᠬᠳᠤ ᠵᠤᠭᠠᠴᠠᠯ ᠤᠨ ᠦᠵᠡᠮᠵᠢ ᠶᠢᠨ ᠣᠷᠣᠨ ᠪᠠ ᠵᠤᠭᠠᠴᠠᠯ ᠤᠨ ᠠᠮᠠᠷᠠᠯᠲᠠ ᠶᠢᠨ ᠣᠷᠣᠨ ᠲᠠᠢ ᠤᠶᠠᠯᠳᠤᠭᠤᠯᠤᠨ᠂ ᠤᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ᠂ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠳᠣᠤᠷ᠎ᠠ ᠠᠭᠠᠷ ᠤᠨ ᠨᠢᠰᠦᠯᠲᠡ ᠵᠡᠷᠭᠡ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠬᠢᠶ᠎ᠠ ᠪᠠᠭᠰᠢ ᠲᠣᠭᠤᠷᠢᠭ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠡᠷᠡᠭᠦᠯ ᠮᠡᠨᠳᠦ ᠶᠢᠨ ᠵᠢᠭᠤᠯᠴᠢᠯᠠᠯ ᠤᠨ ᠲᠥᠷᠥᠯ ᠵᠦᠢᠯ᠂ ᠬᠡᠷ ᠤᠨ ᠭᠠᠳᠠᠨᠠᠬᠢ ᠴᠢᠳᠠᠪᠣᠷᠢ ᠶᠢᠨ ᠦᠷᠭᠡᠳᠭᠡᠯ ᠤᠨ ᠰᠠᠭᠤᠷᠢᠨ ᠭᠠᠵᠠᠷ ᠵᠡᠷᠭᠡ ᠡᠷᠡᠭᠦᠯ ᠮᠡᠨᠳᠦ ᠶᠢᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠲᠠᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠢᠳᠡᠪᠬᠢᠲᠡᠶ ᠪᠠᠷ ᠪᠤᠶᠢᠵᠢᠭᠤᠯᠵᠤ᠂ ᠰᠣᠶᠣᠯ ᠵᠤᠭᠠᠴᠠᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃           ︵ᠲᠠᠪᠤ︶ ᠰᠣᠶᠣᠯ ᠤᠨ ᠵᠢᠭᠤᠯᠴᠢᠯᠠᠯ ᠬᠢᠭᠡᠳ ᠰᠣᠶᠣᠯ ᠤᠨ ᠲᠣᠭᠯᠠᠯᠲᠠ ᠤᠷᠠᠯᠢᠭ ᠢ ᠬᠠᠷᠢᠯᠴᠠᠨ ᠠᠭᠤᠰᠤᠯᠴᠠᠭᠤᠯᠤᠨ᠎ᠠ᠃        1᠂ ᠨᠢᠭᠡ ᠪᠦᠯᠦᠭ ᠤᠨᠴᠠᠯᠢᠬᠳᠤ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠣᠳᠣᠨ ᠪᠦᠲᠦᠭᠡᠯ ᠢ ᠡᠭᠦᠳᠦᠨ ᠪᠠᠶᠢᠭᠤᠯᠤᠨ᠎ᠠ᠃ ᠵᠢᠭᠤᠯᠴᠢᠯᠠᠯ ᠤᠨ ᠲᠣᠭᠯᠠᠯᠲᠠ ᠶᠢᠨ ᠵᠣᠬᠢᠶᠠᠨ ᠪᠦᠲᠦᠭᠡᠬᠦ ᠪᠠ ᠲᠣᠭᠯᠠᠯᠲᠠ ᠭᠠᠷᠭᠠᠬᠤ ᠶᠢ ᠴᠢᠬᠤᠯᠠᠴᠢᠯᠠᠨ᠂ ᠵᠢᠭᠤᠯᠴᠢᠯᠠᠯ ᠤᠨ ᠪᠣᠳᠠᠲᠤ ᠦᠵᠡᠮᠵᠢ ᠶᠢᠨ ᠲᠣᠭᠯᠠᠯᠲᠠ ᠶᠢᠨ ᠲᠦᠷᠦᠯ ᠵᠦᠢᠯ ᠪᠣᠯᠤᠨ ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ ᠤᠷᠠᠨ ᠰᠠᠶᠢᠬᠠᠨ ᠤ ᠲᠣᠭᠯᠠᠯᠲᠠ ᠶᠢᠨ ᠰᠢᠨ᠎ᠡ ᠠᠷᠭ᠎ᠠ ᠵᠠᠮ ᠪᠣᠯᠤᠨ ᠪᠠᠶᠢᠩᠭᠤᠵᠢᠭᠤᠯᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠪᠠ ᠡᠭᠦᠳᠴᠦ᠂ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠠᠵᠤ ᠠᠬᠤᠶᠢᠯᠠᠯ ᠣᠷᠣᠯᠴᠠᠬᠤ︾ ᠵᠠᠷᠴᠢᠮ ᠤᠨ ᠶᠣᠰᠣᠭᠠᠷ᠂ ᠰᠣᠶᠣᠯ ᠤᠨ ᠲᠣᠭᠯᠠᠯᠲᠠ ᠶᠢᠨ ᠵᠠᠬ᠎ᠠ ᠳᠡᠯᠭᠡᠭᠦᠷ ᠢ ᠶᠡᠬᠡᠪᠡᠷ ᠪᠤᠶᠢᠵᠢᠭᠤᠯᠤᠨ᠎ᠠ᠃ ︽ᠬᠢᠶ᠎ᠠ ᠪᠠᠭᠰᠢ ᠶᠢᠨ ᠥᠯᠢᠭᠡᠷ︾ ᠢᠶᠠᠷ ᠭᠤᠤᠯ ᠰᠡᠳᠦᠪ ᠪᠣᠯᠭᠠᠭᠰᠠᠨ᠂ ᠣᠷᠳᠣᠰ ᠤᠨ ᠮᠣᠩᠭᠤᠯ ᠦᠨᠳᠦᠰᠦᠲᠡᠨ ᠤ ᠲᠡᠤᠬᠡ ᠰᠣᠶᠣᠯ ᠢᠶᠠᠷ ᠠᠭᠤᠯᠤᠭᠳᠠᠬᠤᠨ ᠪᠣᠯᠭᠠᠵᠤ᠂ ᠦᠨᠳᠦᠰᠦᠲᠡᠨ ᠤ ᠲᠡᠤᠬᠡ ᠬᠢᠭᠡᠳ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠢᠯᠡᠷᠡᠭᠦᠯᠦᠭᠰᠡᠨ᠂ ᠬᠦᠴᠦᠷᠬᠡᠭ ᠶᠡᠭᠡ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠲᠠᠢ ᠨᠢᠭᠡ ᠪᠦᠯᠦᠭ ᠰᠣᠶᠣᠯ ᠤᠨ ᠤᠷᠠᠨ ᠰᠠᠶᠢᠬᠠᠨ ᠤ ᠰᠣᠳᠣᠨ ᠪᠦᠲᠦᠭᠡᠯ ᠢ ᠵᠣᠬᠢᠶᠠᠨ ᠪᠦᠲᠦᠭᠡᠨ᠎ᠡ᠃ ᠦᠵᠡᠮᠵᠢ ᠶᠢᠨ ᠣᠷᠣᠨ ᠨᠢ ᠲᠤᠰᠬᠠᠶ ᠲᠥᠷᠥᠯ ᠤᠨ ᠲᠣᠭᠯᠠᠯᠲᠠ ᠶᠢᠨ ᠤᠷᠠᠯᠢᠭ ᠤᠨ ᠲᠥᠷᠥᠯ ᠵᠦᠢᠯ ᠢ ᠨᠡᠭᠡᠭᠡᠨ ᠬᠦᠭᠵᠢᠭᠦᠯᠦᠨ᠂ ᠠᠵᠤ ᠠᠬᠤᠶᠢᠯᠠᠯ ᠨᠢ ᠴᠠᠭ ᠤᠨ ᠦᠡᠭᠭᠡ ᠶᠢ ᠳᠠᠭᠠᠵᠤ᠂ ︽ᠣᠣᠭᠠᠨ ᠲᠣᠭᠯᠠᠯᠲᠠ ᠶᠢᠨ ᠠᠵᠤ ᠠᠬᠤᠶ︾ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃        2᠂ ᠤᠷᠠᠨ ᠰᠠᠶᠢᠬᠠᠨ ᠤ ᠲᠣᠭᠯᠠᠯᠲᠠ ᠶᠢᠨ ᠲᠠᠯᠠᠪᠤᠷ ᠪᠠ ᠤᠷᠠᠨ ᠰᠠᠶᠢᠬᠠᠨ ᠤ ᠵᠦᠴᠦᠭᠡ ᠶᠢᠨ ᠪᠦᠲᠦᠭᠡᠯ ᠢ ᠵᠠᠪᠰᠠᠷ ᠦᠭᠡᠢ ᠵᠠᠯᠭᠠᠯᠳᠤᠭᠤᠯᠤᠨ᠎ᠠ᠃ ᠡᠯ᠎ᠡ ᠲᠥᠷᠥᠯ ᠤᠨ ᠤᠷᠠᠨ ᠰᠠᠶᠢᠬᠠᠨ ᠤ ᠪᠠᠶᠢᠭᠤᠯᠤᠮᠵᠢ ᠶᠢᠨ ᠦᠵᠡᠮᠵᠢ ᠶᠢᠨ ᠣᠷᠣᠨ ᠳᠤ ᠣᠷᠣᠬᠤ᠂ ᠨᠡᠶᠢᠭᠡᠮ ᠲᠣᠭᠤᠷᠢᠭ ᠲᠤ ᠣᠷᠣᠬᠤ ᠶᠢ ᠵᠣᠷᠢᠭᠵᠢᠭᠤᠯᠵᠤ᠂ ᠰᠠᠭᠤᠭᠠᠯᠢ ᠠᠷᠠᠳ ᠬᠢᠭᠡᠳ ᠵᠢᠭᠤᠯᠴᠢᠯᠠᠭᠴᠢᠳ ᠤᠨ ᠰᠣᠶᠣᠯ ᠤᠷᠠᠯᠢᠭ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠡᠯ᠎ᠡ ᠲᠥᠷᠥᠯ ᠤᠨ ᠤᠷᠠᠨ ᠰᠠᠶᠢᠬᠠᠨ ᠤ ᠲᠣᠭᠯᠠᠯᠲᠠ ᠶᠢᠨ ᠪᠠᠶᠢᠭᠤᠯᠤᠮᠵᠢ ᠶᠢ ᠵᠣᠷᠢᠭᠵᠢᠭᠤᠯᠣᠨ ᠣᠷᠳᠣᠰ ᠤᠨ ᠲᠣᠮᠣ ᠲᠢᠶᠠᠲᠷ ᠵᠡᠷᠭᠡ ᠤᠷᠠᠨ ᠰᠠᠶᠢᠬᠠᠨ ᠤ ᠲᠣᠭᠯᠠᠯᠲᠠ ᠶᠢᠨ ᠲᠠᠯᠠᠪᠤᠷ ᠭᠠᠵᠠᠷ ᠲᠤ ᠲᠦᠰᠢᠭᠯᠡᠨ ᠂ ᠣᠷᠣᠨ ᠨᠤᠲᠤᠭ ᠤᠨ ᠣᠨᠴᠠᠯᠢᠭ ᠲᠠᠢ ᠲᠣᠮᠣ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠶᠢᠨ ᠵᠦᠴᠦᠭᠡ ᠶᠢ ᠵᠣᠬᠢᠶᠠᠨ ᠪᠦᠲᠦᠭᠡᠬᠦ ᠶᠢᠨ ᠬᠠᠮᠲᠤ ᠲᠣᠭᠯᠠᠭᠤᠯᠤᠨ᠎ᠠ᠃ ︽ᠪᠣᠭᠤᠷᠠᠯ ᠲᠠᠦᠬᠡ ᠶᠢᠨ ᠬᠦᠯᠦᠭ ᠤᠨ ᠮᠠᠭᠲᠠᠭᠠᠯ︾ ︽ᠣᠷᠳᠣᠰ ᠬᠤᠷᠢᠮ︾ ᠵᠡᠷᠭᠡ ᠠᠯᠳᠠᠷᠲᠤ ᠲᠣᠭᠯᠠᠯᠲᠠ ᠶᠢᠨ ᠤᠷᠠᠯᠢᠭ ᠤᠨ ᠪᠦᠲᠦᠭᠡᠭᠳᠡᠬᠦᠨ ᠢ ᠣᠷᠣᠭᠤᠯᠤᠨ ᠲᠣᠬᠠᠢ ᠶᠢᠨ ᠲᠠᠯᠠᠪᠠᠢ ᠳᠤᠨᠢ ᠰᠠᠭᠤᠷᠢᠰᠢᠵᠦ ᠲᠣᠭᠯᠠᠯᠲᠠ ᠭᠠᠷᠭᠠᠬᠤ ᠶᠢ ᠵᠣᠷᠢᠭᠵᠢᠭᠤᠯᠤᠨ᠎ᠠ᠃        3᠂ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠬᠡᠯᠪᠡᠷᠢ ᠤᠨ ᠰᠢᠨ᠎ᠡ ᠶᠢ ᠡᠭᠦᠳᠦᠨ᠎ᠡ᠃ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠢᠯᠡᠷᠡᠭᠦᠯᠦᠯ ᠤᠨ ᠬᠡᠯᠪᠡᠷᠢ ᠶᠢᠨ ᠰᠢᠨ᠎ᠡ ᠶᠢ ᠡᠭᠦᠳᠴᠦ ᠬᠢᠶ᠎ᠠ ᠪᠠᠭᠰᠢ ᠶᠢᠨ ᠦᠯᠢᠭᠡᠷ ᠢ ᠰᠠᠶᠢᠲᠤᠷ ᠶᠠᠷᠢᠨ᠎ᠠ᠃ 3D᠂ 4D᠂ 5G᠂ ᠵᠣᠬᠢᠶᠠᠮᠠᠯ ᠣᠶᠤᠨ᠂ ᠬᠡᠶᠢᠰᠪᠦᠷᠢ ᠪᠠ ᠪᠣᠳᠠᠲᠤ ᠠᠬᠤᠶ ᠶᠢ ᠴᠢᠩᠭᠠᠳᠬᠠᠬᠤ᠂ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠵᠢᠴᠢ ᠪᠦᠷᠢᠨ ᠵᠠᠩᠭᠢ ᠶᠢᠨ ᠮᠡᠷᠭᠡᠵᠢᠯ ᠵᠡᠷᠭᠡ ᠲᠣᠭᠠᠴᠢᠯᠠᠭᠰᠠᠨ ᠮᠡᠷᠭᠡᠵᠢᠯ ᠢ ᠬᠡᠷᠡᠭᠯᠡᠬᠦ ᠶᠢ ᠵᠣᠷᠢᠭᠵᠢᠭᠤᠯᠵᠤ᠂ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠵᠢᠭᠰᠠᠭᠠᠯ ᠪᠠ ᠪᠥᠭᠡᠮᠨᠡᠷᠡᠯ ᠢ ᠡᠭᠦᠳᠴᠦ᠂ ᠳᠤᠮᠳᠠ ᠵᠢᠵᠢᠭ ᠬᠡᠯᠪᠡᠷᠢ ᠶᠢᠨ᠂ ᠭᠤᠤᠯ ᠰᠡᠳᠦᠪᠲᠦ ᠴᠢᠨᠠᠷᠲᠠᠶ᠂ ᠤᠨᠴᠠᠯᠢᠭᠳᠤ ᠲᠥᠷᠥᠯ ᠤᠨ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠪᠦᠲᠦᠭᠡᠭᠳᠡᠬᠦᠨ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠵᠦ᠂ ︽ᠪᠢᠴᠢᠯ ᠲᠣᠭᠯᠠᠯᠲᠠ ᠶᠢᠨ ᠤᠷᠠᠯᠢᠭ︾ ᠢ ᠣᠷᠣᠭᠤᠯᠤᠨ᠎ᠠ᠃ ᠰᠣᠶᠣᠯ ᠤᠨ ᠤᠷᠠᠨ ᠰᠠᠶᠢᠬᠠᠨ ᠤ ᠰᠢᠨ᠎ᠡ ᠣᠷᠣᠨ ᠵᠠᠶ ᠶᠢ ᠬᠠᠶᠢᠨ ᠰᠦᠪᠡᠭᠴᠢᠯᠡᠵᠦ᠂ ᠰᠥᠨᠢ ᠶᠢᠨ ᠠᠵᠤ ᠠᠬᠤᠶ᠂ ᠮᠥᠰᠥ ᠴᠠᠰᠤᠨ ᠤ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠯᠤᠭ᠎ᠠ ᠶᠢᠨ ᠠᠭᠤᠰᠤᠯᠴᠠᠯ ᠢ ᠴᠢᠩᠭᠠᠳᠬᠠᠵᠤ᠂ ᠤᠷᠠᠨ ᠰᠠᠶᠢᠬᠠᠨ ᠤ ᠲᠣᠭᠯᠠᠯᠲᠠ ᠬᠢᠭᠡᠳ ᠨᠣᠮ ᠤᠨ ᠰᠠᠩ᠂ ᠮᠦᠽᠧᠶ ᠵᠡᠷᠭᠡ ᠤᠯᠠᠨ ᠨᠡᠶᠢᠲᠡ ᠶᠢᠨ ᠰᠣᠶᠣᠯ ᠤᠨ ᠣᠷᠣᠨ ᠵᠠᠶ ᠶᠢᠨ ᠬᠤᠯᠪᠣᠭᠠᠯᠠᠯ ᠢ ᠴᠢᠩᠭᠠᠳᠬᠠᠵᠤ᠂ ᠪᠡᠯᠡ ᠣᠷᠣᠭᠤᠯᠤᠯᠲᠠ ᠶᠢ ᠲᠠᠲᠠᠬᠤ᠂ ᠵᠠᠬ᠎ᠠ ᠳᠡᠯᠭᠡᠭᠦᠷ ᠢ ᠨᠡᠭᠡᠭᠡᠬᠦ ᠪᠠ ᠦᠢᠯᠡᠳᠬᠦᠨ ᠤ ᠰᠢᠨ᠎ᠡ ᠶᠢ ᠡᠭᠦᠳᠬᠦ ᠲᠠᠯ᠎ᠠ ᠪᠠᠷ ᠠᠷᠭ᠎ᠠ ᠵᠠᠮ ᠢ ᠥᠷᠭᠡᠳᠬᠡᠨ᠎ᠡ᠃        4᠂ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠨ᠎ᠠ᠃ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ ᠡᠵᠡᠩᠨᠡᠬᠦ ᠶᠠᠪᠤᠴᠠ ᠳᠤ᠂ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠲᠤ ᠲᠦᠰᠢᠭᠯᠡᠭᠰᠡᠨ ᠰᠣᠶᠣᠯ ᠤᠨ ᠡᠬᠢ ᠪᠠᠶᠠᠯᠢᠭ ᠢ ᠬᠢᠨᠠᠨ ᠦᠵᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠵᠤ ᠳᠡᠶᠢᠯᠬᠦ ᠮᠥᠷᠲᠡᠭᠡᠨ ᠣᠨᠴᠠᠯᠢᠭ ᠢᠶᠠᠷ ᠢᠯᠡ ᠲᠣᠳᠣ᠂ ᠢᠯᠭᠠᠨ ᠲᠠᠨᠢᠬᠤ ᠬᠡᠮᠵᠢᠶ᠎ᠡ ᠪᠠᠷ ᠥᠨᠳᠥᠷ ᠬᠢᠶ᠎ᠠ ᠪᠠᠭᠰᠢ ᠲᠣᠭᠤᠷᠢᠭ ᠤᠨ ᠰᠣᠶᠣᠯ ᠤᠨ ᠳᠣᠲᠣᠭᠠᠳᠤ ᠴᠥᠮ᠎ᠡ ᠶᠢ ᠪᠣᠯᠪᠠᠰᠤᠷᠠᠭᠤᠯᠤᠨ ᠭᠠᠷᠭᠠᠵᠤ᠂ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠲᠣᠭᠯᠠᠯᠲᠠ ᠶᠢᠨ ᠠᠭᠤᠯᠭ᠎ᠠ᠂ ᠲᠣᠭᠯᠠᠯᠲᠠ ᠶᠢᠨ ᠠᠬᠤᠶ ᠪᠠᠶᠢᠳᠠᠯ᠂ ᠲᠣᠭᠯᠠᠯᠲᠠ ᠪᠠ ᠵᠢᠭᠤᠯᠴᠢᠯᠠᠯ ᠤᠨ ᠦᠶ᠋ᠯᠡᠴᠢᠯᠡᠭᠡ ᠵᠢᠴᠢ ᠪᠡᠶᠡᠴᠢᠯᠡᠨ ᠣᠶᠢᠯᠠᠭᠠᠬᠤ ᠵᠢᠷᠤᠭ ᠲᠥᠯᠥᠪᠯᠡᠭᠡ ᠶᠢ ᠨᠠᠷᠢᠯᠢᠬᠵᠢᠭᠤᠯᠤᠨ ᠳᠣᠭᠢᠷᠠᠭᠤᠯᠤᠨ᠎ᠠ᠃ ᠡᠨᠡᠬᠦ ᠶᠠᠪᠤᠴᠠ ᠶᠢ ᠲᠠᠬᠢᠨ ᠳᠠᠪᠲᠠᠨ ᠦᠨᠡᠯᠡᠨ ᠵᠢᠱᠢᠬᠦ ᠶᠢᠨ ᠬᠠᠮᠲᠤ ᠲᠦᠷᠭᠡᠨ ᠳᠠᠪᠲᠠᠨ ᠣᠷᠣᠯᠠᠭᠤᠯᠵᠤ᠂ ᠰᠠᠶᠢᠨ ᠰᠠᠶᠢᠬᠠᠨ ᠬᠠᠷᠢᠭᠤ ᠳᠤᠰᠬᠠᠯ ᠢ ᠰᠢᠯᠢᠳᠡᠭᠵᠢᠭᠦᠯᠬᠦ ᠲᠣᠭᠲᠠᠴᠠ ᠶᠢ ᠪᠠᠶᠢᠭᠤᠯᠵᠤ᠂ ᠰᠣᠶᠣᠯ ᠵᠤᠭᠠᠴᠠᠯ ᠤᠨ ᠲᠣᠭᠯᠠᠯᠲᠠ ᠶᠢᠨ ᠤᠷᠠᠯᠢᠭ ᠤᠨ ᠪᠦᠲᠦᠭᠡᠭᠳᠡᠬᠦᠨ ᠤ ᠰᠢᠨᠡᠴᠢᠯᠡᠯᠲᠡ ᠶᠢ ᠠᠬᠢᠭᠤᠯᠬᠤ ᠬᠡᠷᠡᠭᠲᠡᠢ᠃        5᠂ ᠰᠥᠨᠢ ᠶᠢᠨ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠣᠳᠣᠨ ᠪᠦᠲᠦᠭᠡᠯ ᠢ ᠭᠠᠷᠭᠠᠨ᠎ᠠ᠃ ᠲᠣᠭᠯᠠᠯᠲᠠ ᠶᠢᠨ ᠤᠷᠠᠯᠢᠭ ᠤᠨ ᠠᠵᠤ ᠦᠢᠯᠡᠰ ᠤᠨ ᠳᠡᠭᠡᠳᠦ ᠲᠠᠰ ᠤᠨ ᠬᠦᠴᠦᠨ ᠵᠦᠢᠯ ᠢ ᠲᠥᠪᠯᠡᠷᠡᠭᠦᠯᠦᠨ᠂ ᠲᠣᠭᠯᠠᠯᠲᠠ ᠶᠢᠨ ᠤᠷᠠᠯᠢᠭ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠰᠣᠶᠣᠯ ᠤᠨ ᠵᠡᠭᠡᠯᠢ ᠲᠣᠭᠤᠷᠢᠭ᠂ ᠰᠣᠶᠣᠯ ᠤᠨ ᠡᠭᠦᠳᠦᠯᠲᠡ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠤᠨ ᠰᠥᠨᠢ ᠶᠢᠨ ᠲᠣᠭᠯᠠᠯᠲᠠ ᠶᠢᠨ ᠤᠷᠠᠯᠢᠭ ᠤᠨ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠰᠣᠶᠣᠯ ᠤᠨ ᠲᠣᠭᠯᠠᠯᠲᠠ ᠶᠢᠨ ᠤᠷᠠᠯᠢᠭ ᠬᠢᠭᠡᠳ ᠬᠤᠳᠠᠯᠳᠤᠭ᠎ᠠ᠂ ᠵᠢᠭᠤᠯᠴᠢᠯᠠᠯ ᠠᠭᠤᠰᠤᠯᠴᠠᠭᠰᠠᠨ ᠰᠥᠨᠢ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠲᠠᠯᠠᠪᠤᠷ ᠭᠠᠵᠠᠷ ᠢ ᠭᠠᠷᠭᠠᠨ᠎ᠠ᠃        6᠂ ᠤᠯᠠᠨ ᠲᠦᠮᠡᠨᠴᠢ ᠴᠢᠨᠠᠷᠲᠠᠶ ᠤᠷᠠᠨ ᠰᠠᠶᠢᠬᠠᠨ ᠤ ᠲᠣᠭᠯᠠᠯᠲᠠ ᠶᠢᠨ ᠬᠠᠭᠤᠴᠢᠨ ᠢ ᠤᠷᠬᠢᠵᠤ ᠰᠢᠨ᠎ᠡ ᠶᠢ ᠡᠭᠦᠳᠬᠦ ᠶᠢ ᠲᠡᠮᠵᠢᠨ᠎ᠡ᠃ ᠤᠯᠠᠨ ᠲᠦᠮᠡᠨᠴᠢ ᠴᠢᠨᠠᠷᠲᠠᠶ ᠤᠷᠠᠨ ᠰᠠᠶᠢᠬᠠᠨ ᠤ ᠲᠣᠭᠯᠠᠯᠲᠠ ᠶᠢᠨ ᠰᠢᠨ᠎ᠡ ᠶᠢ ᠡᠭᠦᠳᠬᠦ ᠶᠢ ᠲᠡᠮᠵᠢᠵᠤ᠂ ᠤᠯᠠᠨ ᠲᠦᠮᠡᠨ ᠤ ᠰᠣᠶᠣᠯ ᠪᠠ ᠤᠯᠠᠨ ᠨᠡᠶᠢᠲᠡ ᠶᠢᠨ ᠰᠣᠶᠣᠯ ᠢ ᠬᠥᠭᠵᠢᠭᠦᠯᠦᠨ᠎ᠡ᠃ ᠤᠯᠠᠨ ᠨᠡᠶᠢᠲᠡ ᠶᠢᠨ ᠴᠢᠨᠠᠷᠲᠠᠶ᠂ ᠢᠳᠡᠪᠬᠢᠲᠡᠶ ᠪᠥᠭᠡᠳ ᠡᠷᠡᠭᠦᠯ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ᠂ ᠲᠣᠭᠯᠠᠯᠲᠠ ᠶᠢᠨ ᠡᠩᠨᠡᠭᠡ᠂ ᠤᠷᠠᠨ ᠰᠠᠶᠢᠬᠠᠨ ᠤ ᠴᠢᠳᠠᠪᠤᠷᠢᠲᠠᠨ᠂ ᠤᠷᠠᠨ ᠰᠠᠶᠢᠬᠠᠨ ᠤ ᠲᠠᠪᠴᠠᠩ᠂ ᠤᠷᠠᠨ ᠰᠠᠶᠢᠬᠠᠨ ᠤ ᠲᠠᠯᠠᠪᠤᠷ ᠭᠠᠵᠠᠷ᠂ ᠤᠷᠠᠨ ᠰᠠᠶᠢᠬᠠᠨ ᠤ ᠤᠷᠤᠯᠳᠤᠭᠠᠨ᠂ ᠤᠷᠠᠨ ᠰᠠᠶᠢᠬᠠᠨ ᠤ ᠪᠠᠶᠠᠷ ᠳᠤᠷᠠᠰᠬᠠᠯ ᠤᠨ ᠬᠥᠭᠵᠢᠯᠲᠡ ᠶᠢ ᠲᠡᠮᠵᠢᠵᠤ᠂ ᠰᠣᠶᠣᠯ ᠵᠢᠭᠤᠯᠴᠢᠯᠠᠯ ᠤᠨ ᠡᠶ᠎ᠡ ᠵᠣᠬᠢᠴᠠᠯ ᠲᠠᠢ ᠬᠥᠭᠵᠢᠯᠲᠡ ᠶᠢᠨ ᠠᠭᠤᠷ ᠠᠮᠢᠰᠬᠤᠯ ᠢ ᠪᠤᠢ ᠪᠣᠯᠭᠠᠨ᠎ᠠ᠃        ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ        ︵ᠨᠢᠭᠡ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠭᠤᠷᠢᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢ ᠪᠥᠬᠦ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠥᠬᠦ ᠲᠣᠭᠤᠷᠢᠭ ᠤᠨ ︽ᠨᠢᠭᠡ ᠬᠥᠯᠭᠡ ᠰᠢᠲᠠᠷ᠎ᠠ︾ ᠶᠢ ᠪᠠᠷᠢᠮᠲᠠᠯᠠᠵᠤ᠂ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃        ︵ᠬᠤᠶᠠᠷ︶ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢ ᠴᠢᠩᠭᠠᠳᠬᠠᠨ᠎ᠠ᠃ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠬᠦᠴᠢᠷᠳᠡᠯ ᠢ ᠰᠢᠢᠳᠪᠦᠷᠢᠯᠡᠬᠦ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠡᠳ᠋ ᠤᠨ ᠵᠠᠰᠠᠭ ᠤᠨ ᠣᠷᠤᠭᠤᠯᠤᠯᠲᠠ ᠶᠢ ᠨᠡᠮᠡᠭᠳᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ ᠠᠵᠤ ᠦᠢᠯᠡᠰ ᠤᠨ ᠰᠠᠭᠤᠷᠢ ᠮᠥᠩᠭᠦ ᠶᠢᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠣᠨ᠎ᠠ᠃        ︵ᠭᠤᠷᠪᠠ︶ ᠠᠵᠢᠯ ᠤᠨ ᠠᠮᠵᠢᠯᠲᠠ ᠪᠦᠲᠦᠮᠵᠢ ᠪᠠᠷ ᠤᠷᠮᠠᠰᠢᠭᠤᠯᠬᠤ ᠶᠢ ᠬᠡᠷᠡᠭᠵᠢᠭᠦᠯᠦᠨ᠎ᠡ᠃ ᠲᠣᠭᠤᠷᠢᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠬᠤᠲᠠ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠭᠤᠣᠯᠳᠠᠯᠭ᠎ᠠ ᠲᠠᠢ ᠬᠦᠴᠦᠨ ᠵᠦᠢᠯ ᠪᠣᠯᠭᠠᠨ᠎ᠠ᠃ ᠰᠣᠶᠣᠯ ᠤᠨ ᠠᠵᠢᠯ ᠦᠢᠯᠡᠰ ᠤᠨ ᠨᠢᠭᠡᠴᠡ ᠶᠢᠨ ᠲᠡᠳᠬᠦᠨ ᠳᠡᠮᠵᠢᠵᠦ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠠᠶᠢᠨ ᠰᠦᠪᠡᠭᠴᠢᠯᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠣᠶᠣᠯ ᠤᠨ ᠠᠵᠢᠯ ᠦᠢᠯᠡᠰ ᠤᠨ ᠨᠢᠭᠡᠴᠡ ᠶᠢᠨ ᠰᠣᠶᠣᠯ ᠤᠨ ᠡᠭᠦᠳᠦᠯᠲᠡ ᠶᠢᠨ ᠡᠯ᠎ᠡ ᠲᠥᠷᠥᠯ ᠤᠨ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠲᠣᠭᠯᠠᠯᠲᠠ ᠦᠢᠯᠡᠳᠬᠦ ᠪᠠ ᠲᠣᠭᠯᠠᠯᠲᠠ ᠶᠢᠨ ᠵᠠᠭᠤᠴᠢ ᠪᠠᠶᠢᠭᠤᠯᠤᠮᠵᠢ᠂ ᠲᠣᠭᠯᠠᠯᠲᠠ ᠶᠢᠨ ᠲᠠᠯᠠᠪᠤᠷ ᠵᠡᠷᠭᠡ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠣᠭᠯᠠᠯᠲᠠ ᠶᠢᠨ ᠤᠷᠠᠯᠢᠭ ᠤᠨ ᠲᠥᠷᠥᠯ ᠵᠦᠢᠯ ᠳᠤ ᠣᠷᠣᠯᠴᠠᠬᠤ ᠶᠢ ᠳᠡᠮᠵᠢᠨ ᠵᠣᠷᠢᠭᠵᠢᠭᠤᠯᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢᠶᠠᠷ ᠢᠯᠡᠷᠬᠡᠢ ᠲᠥᠷᠥᠯ ᠵᠦᠢᠯ ᠳᠤ ᠲᠣᠭᠲᠠᠭᠠᠯ ᠶᠣᠰᠣᠭᠠᠷ ᠲᠡᠳᠬᠦᠮᠵᠢ ᠦᠵᠡᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ︵ᠬᠠᠭᠤᠴᠢᠨ ᠠᠵᠤ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠡᠷ ᠪᠠᠶᠢᠰᠢᠩ ᠵᠢᠴᠢ ᠬᠠᠮᠢᠶ᠎ᠠ ᠪᠦᠬᠦᠢ ᠠᠵᠤ ᠦᠢᠯᠡᠳᠪᠦᠷᠢ ᠶᠢᠨ ᠲᠥᠬᠦᠭᠡᠷᠦᠮᠵᠢ︶ ᠵᠡᠷᠭᠡ ᠶᠢ ᠵᠦᠢ ᠵᠣᠬᠢᠰᠲᠠᠢ ᠠᠰᠢᠭᠯᠠᠬᠤ ᠶᠢ ᠵᠣᠷᠢᠭᠵᠢᠭᠤᠯᠤᠨ᠎ᠠ᠃ ᠭᠤᠣᠯ ᠴᠣᠭᠴᠠ ᠶᠢᠨ ᠪᠦᠲᠦᠴᠡ ᠶᠢ ᠦᠯᠦ ᠬᠤᠪᠢᠷᠠᠭᠤᠯᠬᠤ᠂ ᠪᠠᠷᠢᠯᠭ᠎ᠠ ᠶᠢᠨ ᠠᠮᠤᠷ ᠲᠦᠪᠰᠢᠨ ᠪᠠ ᠭᠠᠯ ᠤᠨᠲᠠᠷᠠᠭᠠᠬᠤ ᠶᠢᠨ ᠠᠮᠤᠷ ᠲᠦᠪᠰᠢᠨ ᠢ ᠪᠠᠲᠤᠯᠠᠬᠤ ᠤᠷᠢᠲᠠᠯ ᠳᠣᠣᠷ᠎ᠠ᠂ ᠬᠠᠤᠯᠢ ᠲᠣᠭᠲᠠᠭᠠᠯ ᠶᠣᠰᠣᠭᠠᠷ ᠤᠯᠤᠰ ᠠᠴᠠ ᠳᠡᠮᠵᠢᠭᠰᠡᠨ ᠰᠣᠶᠣᠯ ᠤᠨ ᠠᠵᠤ ᠦᠢᠯᠡᠰ ᠢ ᠬᠥᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠣᠷᠣᠨ ᠵᠠᠢ ᠶᠢ ᠥᠷᠭᠡᠳᠬᠡᠵᠦ᠂ ᠤᠯᠤᠰ ᠤᠨ ᠲᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠪᠦᠲᠦᠭᠡᠯᠴᠢ ᠲᠥᠰᠥᠪᠯᠡᠯ ᠤᠨ ᠠᠵᠤ ᠦᠢᠯᠡᠰ ᠤᠨ ᠬᠦᠷᠢᠶᠡᠯᠡᠩ ᠪᠣᠯᠭᠠᠨ ᠪᠠᠶᠢᠭᠤᠯᠤᠭᠰᠠᠨ ᠲᠦᠷᠦᠯ ᠵᠦᠢᠯ ᠳᠤ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠣᠯᠭᠤᠨ᠎ᠠ᠃ ᠪᠦᠲᠦᠮᠵᠢᠲᠡᠢ ᠪᠡᠯᠡ ᠣᠷᠤᠭᠤᠯᠤᠯᠲᠠ ᠶᠢ ᠥᠷᠭᠡᠳᠬᠡᠵᠦ᠂ ᠴᠢᠬᠤᠯᠠ ᠶᠡᠭᠡ ᠰᠣᠶᠣᠯ ᠤᠨ ᠪᠠ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠣᠬᠢᠬᠤ ᠪᠡᠯᠡ ᠣᠷᠤᠭᠤᠯᠤᠯᠲᠠ ᠶᠢᠨ ᠲᠤᠭ᠎ᠠ ᠬᠡᠮᠵᠢᠶ᠎ᠡ ᠳᠤ ᠬᠦᠷᠦᠭᠰᠡᠨ ᠴᠢᠬᠤᠯᠠ ᠶᠡᠭᠡ ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠳᠤ ᠭᠠᠵᠠᠷ ᠰᠢᠷᠣᠢ᠂ ᠪᠡᠯᠡ ᠮᠥᠩᠭᠦ ᠶᠢᠨ ᠬᠦᠴᠦᠨ ᠵᠦᠢᠯ ᠢ ᠤᠷᠢᠳᠠᠪᠠᠷ ᠪᠠᠲᠤᠯᠠᠨ᠎ᠠ᠃        ︵ᠳᠥᠷᠪᠡ︶ ᠲᠥᠷᠥᠯ ᠵᠦᠢᠯ ᠤᠨ ᠬᠡᠷᠡᠭᠯᠡᠬᠦ ᠭᠠᠵᠠᠷ ᠢ ᠪᠠᠲᠤᠯᠠᠨ᠎ᠠ᠃ ᠰᠣᠶᠣᠯ ᠤᠨ ᠪᠠ ᠵᠢᠭᠤᠯᠴᠢᠯᠠᠯ ᠤᠨ ᠴᠢᠬᠤᠯᠠ ᠶᠡᠭᠡ ᠵᠦᠢᠯᠡᠰ ᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ ᠳᠤ ᠤᠷᠢᠳᠠᠪᠠᠷ ᠣᠷᠣᠭᠤᠯᠤᠨ᠎ᠠ᠃ ᠠᠲᠠᠷ ᠭᠠᠵᠠᠷ᠂ ᠠᠲᠠᠷ ᠬᠥᠲᠥᠯ᠂ ᠠᠲᠠᠷ ᠲᠠᠩ ᠢ ᠠᠰᠢᠭᠯᠠᠨ᠂ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠬᠤᠲᠠ ᠶᠢᠨ ᠬᠠᠳᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠬᠤ ᠶᠢ ᠢᠳᠡᠪᠬᠢᠲᠡᠢ ᠪᠠᠷ ᠠᠬᠢᠭᠤᠯᠵᠤ᠂ ᠬᠤᠲᠠ ᠪᠠᠯᠭᠠᠰᠤᠨ ᠤ ᠳᠣᠣᠷ᠎ᠠ ᠠᠰᠢᠭᠯᠠᠮᠵᠢ ᠲᠠᠢ ᠭᠠᠵᠠᠷ ᠢ ᠳᠠᠬᠢᠨ ᠨᠡᠭᠡᠭᠡᠨ ᠬᠥᠭᠵᠢᠭᠦᠯᠬᠦ ᠶᠢ ᠠᠬᠢᠭᠤᠯᠣᠨ᠂ ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠱᠠᠲᠤᠨ ᠳᠤ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠣᠷᠣᠭᠤᠯᠵᠤ᠂ ︽ᠭᠦᠢᠴᠡᠳᠬᠡᠯ ᠲᠤᠭ᠎ᠠ ᠨᠢ ᠲᠥᠷᠥᠯ ᠵᠦᠢᠯ ᠢ ᠳᠠᠭᠠᠬᠤ︾ ᠵᠠᠷᠴᠢᠮ ᠶᠣᠰᠣᠭᠠᠷ᠂ ᠲᠣᠭᠤᠷᠢᠭ ᠤᠨ ᠭᠠᠵᠠᠷ ᠰᠢᠷᠣᠢ ᠶᠢᠨ ᠠᠰᠢᠭᠯᠠᠯᠲᠠ ᠶᠢᠨ ᠲᠥᠯᠥᠪᠯᠡᠭᠡ ᠶᠢ ᠤᠷᠢᠳ ᠢᠶᠠᠷ ᠲᠣᠬᠢᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢᠨ ᠥᠨᠳᠥᠷ ᠪᠦᠲᠦᠮᠵᠢᠲᠡᠢ ᠪᠠᠲᠤᠯᠠᠭ᠎ᠠ ᠲᠠᠢ ᠪᠣᠯᠬᠤ ᠶᠢ ᠦᠨᠡᠨ ᠬᠦ ᠪᠠᠲᠤᠯᠠᠨ᠎ᠠ ᠭᠡᠵᠦ ᠠᠮᠠᠯᠳᠠᠪᠠ᠃         ︵ᠲᠠᠪᠤ︶ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠵᠢᠴᠢ ᠲᠥᠷᠥᠯ ᠵᠦᠢᠯ ᠲᠠᠢ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠰᠣᠶᠣᠯ ᠵᠢᠭᠤᠯᠴᠢᠯᠠᠯ ᠤᠨ ᠠᠵᠢᠯ ᠲᠥᠷᠥᠯ ᠳᠠᠬᠢ ᠨᠡᠶᠢᠳᠡᠮ ᠠᠰᠢᠭ ᠬᠦᠷᠲᠡᠭᠡᠬᠦ ᠵᠢᠵᠢᠭ ᠪᠢᠴᠢᠯ ᠭᠤᠣᠯ ᠴᠣᠭᠴᠠ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠵᠢᠵᠢᠭ ᠪᠢᠴᠢᠯ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠳᠠᠬᠢ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠣᠯᠣᠭᠰᠠᠨ ᠢᠷᠠᠭᠤ ᠠᠯᠳᠠᠷ ᠢ ᠢᠲᠡᠭᠡᠮᠵᠢ ᠣᠯᠭᠤᠬᠤ ᠦᠨᠡᠯᠡᠯᠲᠡ ᠳᠤ ᠣᠷᠣᠭᠤᠯᠬᠤ ᠶᠢ ᠵᠣᠷᠢᠭᠵᠢᠭᠤᠯᠵᠤ᠂ ᠴᠢᠨᠠᠷ ᠰᠠᠶᠢᠲᠠᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠵᠦ᠂ ᠬᠠᠷᠠᠭᠠᠯᠵᠠᠯ ᠤᠨ ᠬᠦᠦ ᠶᠢᠨ ᠨᠣᠷᠮ᠎ᠠ ᠶᠢ ᠣᠯᠭᠤᠨ᠎ᠠ᠃ ᠰᠣᠶᠣᠯ ᠬᠢᠭᠡᠳ ᠮᠥᠩᠭᠦᠨ ᠭᠦᠢᠯᠭᠡᠭᠡᠨ ᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠬᠢᠶ᠎ᠠ ᠪᠠᠭᠰᠢ ᠲᠣᠭᠤᠷᠢᠭ ᠤᠨ ᠰᠠᠭᠤᠷᠢᠰᠢᠭᠰᠠᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠲᠦᠷᠦᠯ ᠵᠦᠢᠯ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠬᠤ ᠶᠢ ᠢᠳᠡᠪᠬᠢᠲᠡᠢ ᠪᠠᠷ ᠬᠥᠲᠥᠯᠥᠨ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ ᠨᠥᠬᠦᠴᠡᠯ ᠳᠤ ᠨᠡᠶᠢᠴᠡᠬᠦ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠪᠦᠬᠦ ᠤᠯᠤᠰ ᠤᠨ ᠰᠣᠶᠣᠯ ᠵᠢᠭᠤᠯᠴᠢᠯᠠᠯ ᠤᠨ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠲᠦᠷᠦᠯ ᠵᠦᠢᠯ ᠤᠨ ᠬᠥᠮᠥᠷᠭᠡ ᠳᠤ ᠣᠷᠣᠭᠤᠯᠤᠨ᠎ᠠ᠃        ︵ᠵᠢᠷᠭᠤᠭ᠎ᠠ︶ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠷᠠᠭᠤᠯᠤᠨ᠎ᠠ᠃ ᠪᠠᠴᠢᠮ ᠳᠤᠲᠠᠭᠳᠠᠵᠤ ᠪᠠᠶᠢᠭ᠎ᠠ ᠪᠠ ᠣᠷᠣᠶᠢᠯᠠᠭᠰᠠᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠨᠢᠭᠡ ᠬᠡᠷᠡᠭ ᠢ ᠨᠢᠭᠡ ᠵᠥᠪᠯᠡᠬᠦ︾ ︽ᠨᠢᠭᠡ ᠬᠥᠮᠥᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠳᠦᠷᠢᠮ ᠢ ᠰᠠᠶᠢᠲᠤᠷ ᠬᠡᠷᠡᠭᠯᠡᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠷᠤᠳᠠᠯ᠂ ᠭᠡᠷ ᠪᠦᠯᠢ ᠶᠢᠨ ᠨᠥᠬᠦᠪᠦᠷᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠱᠠᠩᠨᠠᠨ ᠬᠥᠬᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠬᠢᠭᠡᠳ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠳᠠᠭᠠᠭᠤᠯᠤᠭᠴᠢ ᠴᠢᠳᠠᠪᠤᠷᠢᠲᠠᠨ᠂ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠣᠶᠤᠨᠴᠢ ᠵᠢᠭᠤᠯᠴᠢᠯᠠᠯ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠪᠦᠲᠦᠭᠡᠯᠴᠢ ᠲᠥᠰᠥᠪᠯᠡᠯ᠂ ᠡᠵᠡᠩᠨᠡᠯᠲᠡ ᠬᠠᠮᠢᠶᠠᠷᠤᠯᠲᠠ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠬᠦᠷᠢᠶᠡᠨ ᠳᠠᠬᠢ ᠲᠤᠰᠬᠠᠢ ᠮᠡᠷᠭᠡᠵᠢᠯ ᠤᠨ ᠬᠡᠯᠪᠡᠷᠢ ᠶᠢᠨ᠂ ᠬᠠᠮ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ ᠵᠢᠭᠤᠯᠴᠢᠯᠠᠯ ᠤᠨ ᠬᠥᠲᠥᠴᠢ ᠶᠢᠨ ᠠᠵᠢᠯ ᠡᠷᠭᠢᠯᠡᠬᠦ ᠥᠭᠡᠷᠡᠴᠢᠯᠡᠯᠲᠡ ᠶᠢ ᠥᠷᠨᠢᠭᠦᠯᠵᠦ᠂ ᠣᠨᠴᠠ ᠲᠠᠰ᠂ ᠳᠡᠭᠡᠳᠦ ᠲᠠᠰ ᠤᠨ ᠵᠢᠭᠤᠯᠴᠢᠯᠠᠯ ᠤᠨ ᠬᠥᠲᠥᠴᠢ ︵ᠲᠠᠶᠢᠯᠪᠤᠷᠢᠯᠠᠭᠴᠢ︶ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃                                 ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                2023 ᠣᠨ ᠤ 3 ᠰᠠᠷ᠎ᠠ ᠶᠢᠨ 1 ᠤ ᠡᠳᠦᠷ 
ᠢᠷᠡᠯᠲᠡ᠄ ᠲᠣᠰ ᠰᠥᠯᠵᠢᠶ᠎ᠡ