ᠬᠤᠶᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/26
        4 ᠰᠠᠷ᠎ᠠ ᠶᠢᠨ 25 ᠤ ᠡᠳᠦᠷ᠂ ᠬᠤᠶᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠨ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠨ᠎ᠡ ᠵᠣᠷᠢᠭ ᠰᠠᠨᠠᠭ᠎ᠠ ᠪᠣᠯᠣᠨ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠨ᠎ᠡ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠠᠶᠢᠳᠠᠪᠤᠷᠢᠵᠢᠭᠤᠯᠵᠤ᠂ ᠬᠤᠶᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠢ᠃
1.jpg
        ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠠᠶᠤᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ  ᠼᠦᠢ ᠬᠤᠣ ᠬᠤᠷᠠᠯ ᠳᠤ ᠣᠷᠣᠯᠴᠠᠪᠠ᠃
2.jpg
        ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ  ᠳᠡᠭᠡᠭᠰᠢᠯᠡᠭᠦᠯᠦᠨ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ   ᠪᠡᠶᠡᠯᠡᠭᠦᠯᠦᠨ᠂ ᠠᠷᠠᠳ ᠲᠦᠮᠡᠨ ᠤ ᠵᠣᠭᠰᠣᠯᠲᠠ ᠶᠢ ᠪᠠᠲᠤ ᠪᠤᠢ ᠪᠣᠯᠭᠠᠵᠤ᠂  ᠲᠤᠭᠤᠷᠢᠨ ᠪᠠᠶᠢᠴᠠᠭᠠᠬᠤ ᠠᠵᠢᠯ ᠤᠨ ᠤᠯᠤᠰ ᠲᠦᠷᠦ ᠶᠢᠨ ᠬᠢᠨᠠᠯᠲᠠ᠂ ᠤᠯᠤᠰ ᠲᠦᠷᠦ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠃ ᠲᠤᠭᠤᠷᠢᠨ ᠪᠠᠶᠢᠴᠠᠭᠠᠬᠤ ᠠᠵᠢᠯ ᠤᠨ ᠪᠠᠶᠢᠷᠢ ᠲᠣᠭᠲᠠᠭᠠᠯᠲᠠ ᠶᠢ ᠪᠠᠲᠤ ᠰᠠᠬᠢᠨ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠬᠢᠨᠠᠯᠲᠠ ᠪᠠᠶᠢᠴᠠᠭᠠᠯᠲᠠ ᠶᠢ ᠪᠣᠳᠠᠲᠠᠢ ᠨᠠᠷᠢᠯᠢᠭ ᠰᠠᠶᠢᠲᠤᠷ ᠬᠢᠬᠦ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠥᠨᠳᠥᠷ ᠶᠠᠰᠤ ᠴᠢᠨᠠᠷ ᠥᠨᠳᠥᠷ ᠪᠦᠲᠦᠮᠵᠢᠲᠡᠢ ᠥᠷᠨᠢᠬᠦ ᠶᠢ ᠪᠠᠲᠤᠯᠠᠵᠤ᠂ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠨ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠠᠵᠢᠯ ᠢᠶᠠᠨ ᠠᠬᠢᠭᠤᠯᠬᠤ ᠬᠡᠷᠡᠭᠲᠡᠢ᠃       ᠬᠤᠷᠠᠯ ᠠᠴᠠ᠂ ᠲᠣᠭᠤᠷᠢᠨ ᠪᠠᠶᠢᠴᠠᠭᠠᠬᠤ ᠴᠢᠭᠯᠡᠯ ᠢ ᠣᠨᠣᠪᠴᠢᠲᠠᠢ  ᠡᠷᠢᠨ᠂ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠢᠨᠠᠨ ᠪᠠᠶᠢᠴᠠᠭᠠᠬᠤ ᠶᠢ ᠥᠷᠨᠢᠭᠦᠯᠬᠦ ᠬᠡᠷᠡᠭᠲᠡᠢ᠃ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠬᠢᠨᠠᠯᠲᠠ ᠲᠠᠯᠪᠢᠵᠤ ᠨᠡᠪᠲᠡᠷᠡᠯᠴᠡᠨ ᠬᠠᠮᠵᠢᠯᠴᠠᠬᠤ ᠠᠵᠢᠯ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠪᠦᠬᠦᠯᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠬᠤ ᠠᠵᠢᠯ ᠤᠨ ᠶᠠᠰᠤ ᠴᠢᠨᠠᠷ ᠪᠣᠯᠣᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠪᠠᠨ ᠡᠷᠡᠰ ᠪᠡᠶᠡᠯᠡᠭᠦᠯᠬᠦ ᠬᠡᠷᠡᠭᠲᠡᠢ᠃
3.jpg
        ᠬᠤᠷᠠᠯ ᠠᠴᠠ ︽2022 ᠣᠨ ᠤ ᠰᠢᠯᠢᠳᠡᠭ ᠲᠣᠭᠤᠷᠢᠨ ᠪᠠᠶᠢᠴᠠᠭᠠᠬᠤ ᠺᠠᠳ᠋ᠷ ᠪᠣᠯᠣᠨ ᠰᠢᠯᠢᠳᠡᠭ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠡᠳᠡᠭᠡ ᠵᠠᠩᠭᠢᠴᠢ ᠶᠢ ᠬᠥᠬᠢᠭᠦᠯᠦᠨ ᠰᠠᠶᠢᠰᠢᠶᠠᠬᠤ ᠲᠤᠬᠠᠢ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠭᠲᠠᠭᠠᠯ︾ ᠵᠢᠴᠢ ︽ᠬᠤᠶᠠᠳᠤᠭᠠᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠬᠤᠪᠢᠶᠠᠷᠢᠯᠠᠯ ᠤᠨ ᠲᠤᠬᠠᠢ ᠲᠣᠭᠲᠠᠭᠠᠯ︾ ᠢ ᠤᠩᠰᠢᠨ ᠨᠡᠶᠢᠲᠡᠯᠡᠭᠰᠡᠨ ᠪᠥᠭᠡᠳ ᠰᠢᠯᠢᠳᠡᠭ ᠲᠣᠭᠤᠷᠢᠨ ᠪᠠᠶᠢᠴᠠᠭᠠᠬᠤ ᠺᠠᠳ᠋ᠷ᠂ ᠰᠢᠯᠢᠳᠡᠭ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠡᠳᠡᠭᠡ ᠵᠠᠩᠬᠢᠴᠢ᠂ ᠰᠢᠯᠢᠳᠡᠭ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠶᠢ ᠬᠥᠬᠢᠭᠦᠯᠦᠨ ᠰᠠᠶᠢᠰᠢᠶᠠᠪᠠ᠃        ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢᠨ ᠪᠦᠷᠢᠯᠳᠦᠭᠦᠨ ᠨᠢᠭᠡᠴᠢ᠂ ᠲᠤᠰ ᠡᠭᠡᠯᠵᠢ ᠶᠢᠨ  ᠲᠤᠭᠤᠷᠢᠨ ᠪᠠᠶᠢᠴᠠᠭᠠᠭᠳᠠᠬᠤ ᠨᠢᠭᠡᠴᠢ ᠵᠢᠴᠢ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ᠂ 2022 ᠣᠨ ᠤ ᠰᠢᠯᠢᠳᠡᠭ ᠲᠤᠭᠤᠷᠢᠨ ᠪᠠᠶᠢᠴᠠᠭᠠᠬᠤ ᠺᠠᠳ᠋ᠷ᠂ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠲᠤᠭᠤᠷᠢᠨ ᠪᠠᠶᠢᠴᠠᠭᠠᠬᠤ ᠳᠤᠭᠤᠶᠢᠯᠠᠩ ᠵᠢᠴᠢ ᠲᠤᠭᠤᠷᠢᠨ ᠪᠠᠶᠢᠴᠠᠭᠠᠬᠤ ᠠᠯᠪᠠᠨ ᠭᠡᠷ ᠤᠨ ᠪᠦᠬᠦ ᠺᠠᠳ᠋ᠷ ᠬᠤᠷᠠᠯ ᠳᠤ ᠣᠷᠣᠯᠴᠠᠪᠠ᠃  
ᠢᠷᠡᠯᠲᠡ᠄ ᠳᠣᠰ ᠰᠦᠯᠵᠢᠶ᠎ᠡ