ᠳᠡᠯᠡᠬᠡᠢ ᠶᠢᠨ ᠬᠥᠳᠡᠯᠮᠥᠷᠢᠴᠢᠦᠨ ᠤᠨ ᠪᠠᠶᠠᠷ ᠤᠨ ᠢᠷᠡᠯᠲᠡ
ᠨᠡᠶᠢᠲᠡᠯᠡᠭᠰᠡᠨ ᠴᠠᠭ᠄
2023/4/26
        ︽ᠲᠠᠪᠤᠨ ᠰᠠᠷ᠎ᠠ ᠶᠢᠨ ᠨᠢᠭᠡᠨ︾ ᠤ ᠳᠡᠯᠡᠬᠡᠢ ᠶᠢᠨ ᠬᠥᠳᠡᠯᠮᠥᠷᠢᠴᠢᠦᠨ ᠤᠨ ᠪᠠᠶᠠᠷ ᠤᠨ ᠡᠳᠦᠷ ᠤᠳᠠᠯ  ᠦᠭᠡᠢ ᠪᠣᠯᠬᠤ ᠭᠡᠵᠦ ᠪᠤᠢ᠃ ᠡᠨᠡ ᠬᠦ ᠪᠠᠶᠠᠷ ᠤᠨ ᠡᠳᠦᠷ  ᠢ ᠳᠡᠯᠡᠬᠡᠢ ᠶᠢᠨ  80  ᠭᠠᠷᠤᠢ  ᠤᠯᠤᠰ   ᠪᠦᠬᠦ  ᠤᠯᠤᠰ ᠤᠨ ᠴᠢᠨᠠᠷᠲᠠᠢ ᠪᠠᠶᠠᠷ ᠳᠤᠷᠠᠰᠬᠠᠯ ᠤᠨ ᠡᠳᠦᠷ ᠢᠶᠠᠨ ᠪᠣᠯᠭᠠᠳᠠᠭ᠃                                 ᠶᠠᠭᠠᠬᠢᠭᠠᠤᠨ ᠳᠡᠯᠡᠬᠡᠢ ᠶᠢᠨ ᠡᠶᠢᠮᠤ ᠣᠯᠠᠨ ᠤᠯᠤᠰ ︿ 5.1﹀ ᠢ  ᠬᠥᠳᠡᠯᠮᠥᠷᠢᠴᠢᠦᠨ ᠤᠨ  ᠪᠠᠶᠠᠷ ᠤᠨ  ᠡᠳᠦᠷ ᠢᠶᠠᠨ ᠪᠣᠯᠭᠠᠭᠰᠠᠨ ᠪᠤᠢ︖                                1886 ᠣᠨ ᠤ 5 ᠳ᠋ᠤᠭᠠᠷ ᠰᠠᠷ᠎ᠠ ᠶᠢᠨ1 ᠤ ᠡᠳᠦᠷ ᠠᠮᠧᠷᠢᠺᠠ ᠶᠢᠨ ᠴᠢᠺᠠᠭᠤ᠋ ᠬᠤᠲᠠ ᠶᠢᠨ200000 ᠠᠵᠢᠯᠴᠢᠨ 8 ᠴᠠᠭ ᠠᠵᠢᠯᠯᠠᠬᠤ ᠡᠷᠬᠡ ᠶᠢ ᠲᠡᠮᠡᠴᠡᠵᠦ ᠣᠯᠬᠤ ᠶᠢᠨ ᠲᠥᠯᠦᠭᠡ ᠶᠡᠭᠡ ᠬᠡᠪᠴᠢᠶᠡᠨ ᠤ ᠠᠵᠢᠯ ᠬᠠᠶᠠᠯᠲᠠ ᠶᠠᠪᠤᠭᠤᠯᠵᠤ ᠠᠮᠵᠢᠯᠲᠠ ᠣᠯᠣᠭᠰᠠᠨ ᠪᠠᠶᠢᠨ᠎ᠠ᠃                                ᠲᠡᠭᠡᠭᠡᠦᠨ ᠡᠨᠡ ᠬᠥᠳᠡᠯᠭᠡᠭᠡᠨ ᠢ ᠳᠤᠷᠠᠰᠬᠠᠵᠤ᠂1890 ᠣᠨ ᠳᠤ ᠡᠩᠭᠧᠯᠰ ᠤᠨ  ᠤᠳᠤᠷᠢᠳᠤᠭᠰᠠᠨ  ᠬᠤᠶᠠᠳᠤᠭᠠᠷ ᠢᠨᠲ᠋ᠧᠷᠨᠠᠼᠢᠤᠨᠠᠯ ᠤᠨ ᠫᠠᠷᠢᠰ ᠤᠨ ᠬᠤᠷᠠᠯ ᠢᠶᠠᠷ ᠳᠠᠮᠵᠢᠨ ︿5.1 ﹀ ᠢ  ᠪᠦᠬᠦ  ᠳᠡᠯᠡᠬᠡᠢ ᠶᠢᠨ  ᠬᠥᠳᠡᠯᠮᠥᠷᠢᠴᠢᠦᠨ ᠤᠨ  ᠪᠠᠶᠠᠷ ᠳᠤᠷᠠᠰᠬᠠᠯ ᠤᠨ ᠡᠳᠦᠷ ᠪᠣᠯᠭᠠᠵᠠᠢ᠃                                  ᠰᠢᠨ᠎ᠡ ᠳᠤᠮᠳᠠᠳᠤ ᠤᠯᠤᠰ ᠪᠠᠶᠢᠭᠤᠯᠤᠭᠳᠠᠰᠠᠭᠨ ᠤ ᠳᠠᠷᠠᠭ᠎ᠠ᠂1949 ᠣᠨ ᠤ12 ᠳ᠋ᠤᠭᠠᠷ ᠰᠠᠷ᠎ᠠ ᠳᠤ 5 ᠳ᠋ᠤᠭᠠᠷ ᠰᠠᠷ᠎ᠠ ᠶᠢᠨ1 ᠤ ᠡᠳᠦᠷ ᠢ ᠬᠥᠳᠡᠯᠮᠥᠷᠢᠴᠢᠦᠨ ᠤᠨ ᠪᠠᠶᠠᠷ ᠤᠨ ᠡᠳᠦᠷ ᠭᠡᠵᠦ ᠠᠯᠪᠠᠨ ᠶᠤᠰᠤᠭᠠᠷ ᠲᠣᠭᠲᠠᠭᠠᠭᠰᠠᠨ ᠶᠤᠮ᠃
ᠢᠷᠡᠯᠲᠡ᠄ ᠠᠷᠠᠳ ᠤᠨ ᠰᠦᠯᠵᠢᠶ᠎ᠡ