ᠪᠡᠭᠡᠵᠢᠩ ᠳᠤ ᠡᠪᠡᠳᠴᠢᠨ ᠢᠶᠠᠨ ᠦᠵᠡᠭᠦᠯᠬᠦ ᠬᠥᠮᠥᠰ ᠠᠩᠬᠠᠷ
ᠨᠡᠶᠢᠲᠡᠯᠡᠭᠰᠡᠨ ᠴᠠᠭ᠄
2023/4/26
        4 ᠳ᠋ᠦ᠋ᠭᠡᠷ  ᠰᠠᠷ᠎ᠠ ᠶᠢᠨ  23 ᠤ  ᠡᠳᠦᠷ  ᡁᠢ  ᠹᠦ᠋  ᠪᠣᠣ  ᠠᠴᠠ  ᠰᠤᠷᠪᠤᠯᠵᠢᠯᠠᠭᠴᠢ ᠶᠢᠨ  ᠣᠶᠢᠯᠠᠭᠠᠭᠰᠠᠨ ᠢᠶᠠᠷ᠂ᠪᠡᠭᠡᠵᠢᠩ ᠤᠨ ᠠᠯᠪᠠᠨ ᠠᠴᠠ ᠡᠷᠭᠢᠯᠡᠭᠰᠡᠨ 200 ᠰᠢᠬᠠᠮ ᠡᠮᠨᠡᠯᠭᠡ ᠶᠢᠨ  ᠬᠤᠷᠢᠶ᠎ᠠ ᠳᠤ  ᡁᠢ  ᠹᠦ᠋  ᠪᠣᠣ ᠶᠢᠨ  ᠤᠷᠢᠳᠴᠢᠯᠠᠨ ᠪᠣᠯᠵᠣᠬᠤ ᠦᠢᠯᠡᠴᠢᠯᠡᠭᠡ ᠶᠢ ᠡᠬᠢᠯᠡᠭᠦᠯᠵᠡᠢ᠃ ᠬᠤᠲᠠ ᠶᠢᠨ ᠠᠷᠠᠳ ᡁᠢ ᠹᠦ᠋ ᠪᠣᠣ ᠶᠢᠨ App ᠶᠢᠨ ᠡᠬᠢᠨ ᠤ ᠨᠢᠭᠤᠷ ᠲᠠᠬᠢ ︽ᠡᠮᠴᠢᠯᠡᠭᠡ ᠡᠷᠡᠭᠦᠯ ᠮᠡᠨᠳᠦ︾ ᠭᠡᠬᠦ ᠳᠠᠷᠤᠪᠴᠢ ᠶᠢ ᠰᠢᠭᠤᠳ ᠳᠠᠷᠤᠵᠤ ︽ᠳ᠋ᠤᠭᠠᠷᠯᠠᠨ ᠡᠮᠴᠢᠯᠡᠭᠦᠯᠬᠦ︾ ᠶᠢ  ᠰᠣᠩᠭᠤᠪᠠᠯ᠂  ᠪᠥᠬᠦ ᠬᠤᠲᠠ ᠶᠢᠨ 200 ᠰᠢᠬᠠᠮ ᠠᠯᠪᠠᠨ ᠠᠴᠠ ᠡᠷᠭᠢᠯᠡᠭᠰᠡᠨ  ᠡᠮᠨᠡᠯᠭᠡ ᠶᠢᠨ  ᠬᠤᠷᠢᠶ᠎ᠠ ᠶᠢᠨ  ᠳ᠋ᠤᠭᠠᠷ ᠢ  ᠤᠷᠢᠳᠴᠢᠯᠠᠨ  ᠪᠣᠯᠵᠤᠵᠤ ᠪᠣᠯᠤᠨ᠎ᠠ᠃                                     ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ  ᠴᠢᠯᠥᠭᠡᠯᠡᠬᠦ ᠴᠡᠷᠢᠭ ‍ᠦᠨ‌‍ᠶᠡᠷᠦᠩᠬᠡᠶ ᠡᠮᠨᠡᠯᠭᠡ ᠶᠢᠨ ᠬᠤᠷᠢᠶ᠎ᠠ ︵301 ᠡᠮᠨᠡᠯᠭᠡ ᠶᠢᠨ ᠬᠤᠷᠢᠶ᠎ᠠ︶᠂ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠬᠠᠷᠢᠶᠠᠲᠤ ᠪᠠ ᠬᠤᠲᠠ ᠶᠢᠨ ᠬᠠᠷᠢᠶᠠᠲᠤ ᠭᠤᠣᠯᠳᠠᠯᠭ᠎ᠠ ᠲᠠᠢ ᠡᠮᠨᠡᠯᠭᠡ ᠶᠢᠨ ᠬᠤᠷᠢᠶ᠎ᠠ ᠶᠢᠨ  ᠡᠮᠴᠢᠯᠡᠭᠡᠨ ᠤ  ᠳ᠋ᠤᠭᠠᠷ ᠢ ᠪᠦᠷ ᠤᠷᠢᠳᠴᠢᠯᠠᠨ ᠪᠣᠯᠵᠤᠵᠤ ᠪᠣᠯᠣᠨ᠎ᠠ᠃                ᠰᠦᠯᠵᠢᠶᠡᠨ ᠳᠡᠭᠡᠷ᠎ᠡ ᠳ᠋ᠤᠭᠠᠷᠯᠠᠵᠤ ᠤᠷᠢᠳᠴᠢᠯᠠᠨ ᠪᠣᠯᠵᠣᠬᠤ ᠠᠴᠠ ᠭᠠᠳᠠᠨ᠎ᠠ᠂ ᠪᠡᠭᠡᠵᠢᠩ ᠬᠤᠲᠠ ᠶᠢᠨ ᠠᠷᠠᠳ  ᠪᠠᠰᠠ ᡁᠢ ᠹᠦ᠋ ᠪᠣᠣ ᠶᠢᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠠᠷ ᠪᠡᠭᠡᠵᠢᠩ ᠬᠤᠲᠠ ᠶᠢᠨ 200 ᠭᠠᠷᠤᠶ ᠡᠮᠨᠡᠯᠭᠡ ᠶᠢᠨ ᠬᠤᠷᠢᠶ᠎ᠠ ᠳᠤ ᠡᠮᠴᠢᠯᠡᠭᠦᠯᠵᠤ᠂ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠴᠤ ᠪᠣᠯᠣᠨ᠎ᠠ᠃ ᠭᠠᠳᠠᠷ ᠣᠷᠣᠨ ᠤ ᠡᠪᠡᠳᠴᠢᠲᠡᠨ ᠪᠡᠭᠡᠵᠢᠩ ᠳᠤ ᠢᠷᠡᠵᠦ ᠡᠮᠴᠢᠯᠡᠭᠦᠯᠬᠦ ᠳᠡᠭᠡᠨ ᠪᠠᠰᠠ ᡁᠢ ᠹᠦ᠋ ᠪᠣᠣ ᠶᠢᠨ ᠣᠨᠳᠣᠣ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ  ᠳᠠᠩᠰᠠᠯᠠᠯᠲᠠ ᠬᠢᠬᠦ ᠪᠠ ᠪᠡᠭᠡᠵᠢᠩ ᠲᠢᠶᠠᠨᠵᠢᠨ ᠡᡁᠧᠪᠸᠢ ᠶᠢᠨ ᠡᠪᠡᠳᠴᠢᠨ ᠦᠵᠡᠭᠦᠯᠬᠦ ᠶᠢ ᠨᠢᠭᠡ ᠴᠤᠬᠴᠠᠵᠢᠭᠤᠯᠤᠬᠰᠠᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠪᠡᠶᠡᠴᠢᠯᠡᠨ ᠣᠶᠢᠯᠠᠭᠠᠵᠤ ᠪᠣᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ