ᠭᠡᠷ ᠲᠡᠭᠡᠨ ᠫᠤᠤᠳᠠᠵᠤ ᠦᠵᠡᠪᠡ
ᠨᠡᠶᠢᠲᠡᠯᠡᠭᠰᠡᠨ ᠴᠠᠭ᠄
2023/4/26
        ᠣᠶᠢᠷ᠎ᠡ ᠳᠤ᠂ ᠪᠡᠭᠡᠵᠢᠩ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠪᠡᠭᠡᠵᠢᠩ ᠤᠨ ᠢᠷᠬᠡᠨ ᠭᠦᠸᠧ ᠱᠧᠩ ︵ᠪᠤᠷᠤᠭᠤᠯᠠᠭᠰᠠᠨ ᠨᠡᠷ᠎ᠡ︶ ᠢ ᠬᠠᠤᠯᠢ ᠪᠤᠰᠤ ᠪᠠᠷ ᠫᠤᠤ ᠵᠡᠪᠰᠡᠭ ᠬᠤᠳᠠᠯᠳᠤᠵᠤ ᠠᠪᠤᠭᠰᠠᠨ  ᠶᠠᠯ᠎ᠠ ᠪᠠᠷ 1 ᠵᠢᠯ ‍ᠤᠨ‌ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠡᠢ᠃ ᠬᠠᠷᠠᠬᠠᠨ ᠪᠠᠭ᠎ᠠ  ᠠᠴᠠ ᠪᠠᠨ ᠫᠤᠤ  ᠵᠡᠪᠰᠡᠭ ᠲᠤ ᠳᠤᠷ᠎ᠠ ᠰᠣᠨᠢᠷᠬᠠᠯ ᠲᠠᠢ‌‍ᠪᠠᠶᠢᠳᠠᠭ ᠲᠡᠷᠡ ᠪᠠᠷ ᠫᠣᠣ ᠵᠡᠪᠰᠡᠭ ᠤᠨ ᠬᠠᠮᠢᠶᠠᠳᠠᠢ QQ ᠴᠤᠭᠯᠠᠷᠠᠯ ᠳᠤ ᠣᠷᠣᠵᠤ᠂ ᠬᠢᠯᠢ ᠶᠢᠨ ᠭᠠᠳᠠᠨᠠᠬᠢ ᠫᠤᠤ ᠵᠡᠪᠰᠡᠭ ᠫᠠᠨᠽᠠᠯᠠᠭᠴᠢ ᠠᠴᠠ 2 ᠫᠤᠤ ᠶᠢ ᠲᠦᠮᠡ 7000 ᠲᠥᠭᠦᠷᠢᠭ  ᠢᠶᠠᠷ ᠬᠤᠳᠠᠯᠳᠤᠵᠤ ᠠᠪᠤᠭᠰᠠᠨ ᠪᠠᠶᠢᠨ᠎ᠠ᠃ ᠬᠤᠳᠠᠯᠳᠤᠵᠤ ᠠᠪᠤᠭᠰᠠᠨ ᠫᠤᠤ ᠪᠠᠨ ᠲᠡᠷᠡ ᠥᠪᠡᠷ ᠢᠶᠠᠨ ᠤᠭᠰᠠᠷᠠᠵᠤ᠂ ᠪᠠᠰᠠ ᠭᠡᠷ ᠲᠡᠭᠡᠨ ᠫᠤᠤᠳᠠᠵᠤ ᠦᠵᠡᠭᠰᠡᠨ ᠪᠠᠶᠢᠯ᠎ᠠ᠃
ᠢᠷᠡᠯᠲᠡ᠄ ᠠᠷᠠᠳ ᠤᠨ ᠰᠦᠯᠵᠢᠶ᠎ᠡ