ᠣᠶᠢᠷ᠎ᠠ ᠶᠢᠨ ᠡᠳᠦᠷ᠂ ᠦᠦᠰᠢᠨ ᠬᠤᠰᠢᠭᠤ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭᠠᠨ ᠳᠠᠬᠢ 41 ᠲᠥᠷᠥᠯ ᠵᠦᠢᠯ ᠢ ᠲᠥᠪᠯᠡᠷᠡᠭᠦᠯᠦᠨ ᠠᠵᠢᠯ | ᠡᠬᠢᠯᠡᠭᠦᠯᠵᠦ᠂ ᠶᠡᠷᠦᠩᠬᠡᠢ ᠪᠡᠯᠡ ᠣᠷᠤᠭᠤᠯᠤᠯᠲᠠ ᠨᠢ 59.5 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠵᠢᠯ ᠳᠤ 16.2 ᠳ᠋ᠦᠩᠰᠢᠭᠤᠷ ᠲᠥᠭᠦᠷᠢᠭ ᠤᠨ | ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ︽ᠪᠢᠳᠡ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠪᠠᠷ ᠠᠵᠠ ᠲᠣᠬᠢᠶᠠᠯ ᠪᠣᠯᠭᠠᠨ᠂ ᠬᠥᠭᠵᠢᠯᠲᠡ ᠶᠢᠨ ᠶᠡᠭᠡ ᠰᠠᠶᠢᠨ ᠴᠠᠭ ᠲᠣᠬᠢᠶᠠᠯ ᠢ ᠴᠢᠩᠭ᠎ᠠ | ᠠᠳᠬᠤᠵᠤ᠂ ᠨᠡᠩ ᠴᠢᠩᠭ᠎ᠠ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠨᠡᠩ ᠥᠨᠳᠥᠷ ᠪᠦᠲᠦᠮᠵᠢᠲᠡᠢ ᠦᠢᠯᠡᠴᠢᠯᠡᠭᠡᠨ ᠤ ᠦᠷ᠎ᠡ | ᠪᠦᠲᠦᠮᠵᠢ ᠪᠠᠷ ᠰᠢᠨ᠎ᠡ ᠨᠢᠭᠡ ᠡᠭᠡᠯᠵᠢ ᠶᠢᠨ ᠪᠦᠬᠦ ᠠᠵᠢᠯᠲᠠᠨ ᠲᠦᠷᠦᠯ ᠵᠦᠢᠯ ᠢ ᠴᠢᠷᠮᠠᠶᠢᠨ ᠬᠢᠬᠦ᠂ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠰᠢᠪᠲᠤᠯᠬᠤ᠂ ᠪᠦᠬᠦ | ᠰᠡᠳᠬᠢᠯ ᠢᠶᠠᠷ ᠢᠶᠠᠨ ᠲᠦᠷᠦᠯ ᠵᠦᠢᠯ ᠢ ᠳᠡᠮᠵᠢᠬᠦ ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠪᠤᠢ ᠪᠣᠯᠭᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ | ᠲᠦᠷᠦᠯ ᠵᠦᠢᠯ ᠢ ᠠᠬᠢᠭᠤᠯᠬᠤ ᠲᠠᠯ᠎ᠠ ᠪᠠᠷ ᠨᠡᠩ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠨᠣᠮᠢᠨ ᠲᠠᠩᠰᠤᠭ ᠦᠦᠰᠢᠨ ᠤ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ︾ ᠭᠡᠵᠦ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠲᠣᠪᠴᠢᠶᠠᠨ ᠳᠠᠷᠤᠭ᠎ᠠ ᠰᠢᠦᠢ ᠹᠧᠩ ᠶᠠᠷᠢᠨ᠎ᠠ᠃ | ᠣᠶᠢᠯᠠᠭᠠᠭᠰᠠᠨ ᠢᠶᠠᠷ᠂ ᠡᠲᠡᠭᠡᠷ ᠲᠥᠷᠥᠯ ᠵᠦᠢᠯ ᠢ ᠪᠦᠲᠦᠭᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠨᠢ ᠬᠤᠲᠠ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ | ᠬᠤᠲᠠ ᠶᠢᠨ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠵᠦ ᠦᠦᠰᠢᠨ ᠬᠤᠰᠢᠭᠤᠨ ᠤ ᠥᠪᠡᠷᠮᠢᠴᠡ ᠣᠨᠴᠠᠯᠢᠭ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ | ᠣᠷᠣᠰᠢᠨ ᠠᠮᠢᠳᠤᠷᠠᠵᠤ ᠦᠢᠯᠡᠰ ᠪᠦᠲᠦᠭᠡᠬᠦ ᠳᠤ ᠲᠣᠬᠢᠷᠠᠮᠵᠢᠲᠠᠢ ᠣᠳᠣᠬᠢᠴᠢᠯᠠᠭᠰᠠᠨ ᠰᠢᠶᠠᠨ ᠤ ᠣᠷᠣᠨ ᠪᠦᠰᠡ ᠶᠢᠨ ᠬᠤᠲᠠ ᠶᠢ ᠪᠦᠲᠦᠭᠡᠨ ᠪᠠᠶᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃ | ᠡᠨᠡ ᠬᠤᠭᠤᠴᠠᠭᠠᠨ ᠳᠤ ᠦᠦᠰᠢᠨ ᠬᠤᠰᠢᠭᠤ ᠪᠠᠰᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭᠠᠨ ᠳᠠᠬᠢ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠵᠥᠪᠳᠡᠯᠴᠡᠭᠡᠷ ᠲᠣᠭᠲᠠᠵᠤ᠂ ᠨᠡᠶᠢᠳᠡ 11 ᠠᠵᠤ ᠠᠬᠤᠶᠢᠯᠠᠯ ᠲᠠᠢ ᠵᠥᠪᠳᠡᠯᠴᠡᠭᠡᠷ ᠲᠣᠭᠲᠠᠵᠤ᠂ | 9 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢᠨ ᠭᠡᠷ᠎ᠡ ᠲᠣᠭᠲᠠᠵᠠᠢ᠃ |