ᠬᠢᠶ᠎ᠠ ᠪᠠᠭᠰᠢ ᠶᠢᠨ ᠲᠤᠤᠷᠵᠢᠯ ᠤᠨ ᠬᠠᠮᠢᠶᠠᠷᠤᠭᠴᠢ ᠶᠢᠨ ᠳᠡᠭᠡᠳᠦ ᠰᠤᠷᠭᠠᠭᠤᠯᠢ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2023/4/27
         4  ᠳ᠋ᠤᠭᠡᠷ ᠰᠠᠷ᠎ᠠ ᠶᠢᠨ 24 ᠤ ᠡᠳᠦᠷ᠂ ᠬᠢᠶ᠎ᠠ ᠪᠠᠭᠰᠢ  ᠶᠢᠨ ᠲᠤᠤᠷᠵᠢᠯ ᠤᠨ ᠬᠠᠮᠢᠶᠠᠷᠤᠭᠴᠢ ᠶᠢᠨ ᠳᠡᠭᠡᠳᠦ ᠰᠤᠷᠭᠠᠭᠤᠯᠢ ᠶᠢᠨ ᠫᠠᠶᠢᠰᠠ ᠰᠡᠬᠦᠬᠦ ᠶᠣᠰᠣᠯᠠᠯ ᠵᠢᠴᠢ ᠬᠢᠶ᠎ᠠ ᠪᠠᠭᠰᠢ  ᠶᠢᠨ ᠲᠤᠤᠷᠵᠢᠯ ᠤᠨ ᠬᠠᠮᠢᠶᠠᠷᠤᠭᠴᠢ ᠶᠢᠨ ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠥᠪ ᠲᠤ ᠶᠠᠪᠤᠭᠳᠠᠪᠠ᠃
1.jpg
         ᠶᠣᠰᠣᠯᠠᠯ ᠳᠡᠭᠡᠷ᠎ᠡ᠂ 2022 ᠣᠨ ᠤ  19 ᠰᠢᠯᠢᠳᠡᠭ ᠲᠤᠤᠷᠵᠢᠯ ᠤᠨ ᠬᠠᠮᠢᠶᠠᠷᠤᠭᠴᠢ  ᠶᠢ ᠰᠠᠶᠢᠰᠢᠶᠠᠵᠤ᠂ ᠲᠤᠤᠷᠵᠢᠯ ᠤᠨ ᠬᠠᠮᠢᠶᠠᠷᠤᠭᠴᠢ ᠶᠢᠨ ᠲᠥᠯᠥᠭᠡᠯᠡᠭᠴᠢ  ᠢᠯᠡᠳᠬᠡᠯ ᠬᠢᠪᠡ᠃
2.jpg
3.jpg
         ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠢᠶ᠎ᠠ ᠪᠠᠭᠰᠢ  ᠶᠢᠨ ᠲᠤᠤᠷᠵᠢᠯ ᠤᠨ ᠬᠠᠮᠢᠶᠠᠷᠤᠭᠴᠢ ᠶᠢᠨ ᠳᠡᠭᠡᠳᠦ ᠰᠤᠷᠭᠠᠭᠤᠯᠢ ᠶᠢ ᠬᠤᠲᠠ ᠲᠣᠭᠤᠷᠢᠭ ᠬᠤᠶᠠᠷ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠬᠠᠮᠲᠤᠷᠠᠨ ᠪᠠᠶᠢᠭᠤᠯᠵᠤ᠂ ᠲᠤᠤᠷᠵᠢᠯ ᠤᠨ ᠬᠠᠮᠢᠶᠠᠷᠤᠭᠴᠢ ᠶᠢᠨ ᠳᠠᠷᠤᠭ᠎ᠠ  ᠪᠠ ᠲᠤᠰᠬᠠᠢ ᠲᠤᠰᠢᠶᠠᠯᠲᠤ ᠲᠤᠤᠷᠵᠢᠯ ᠤᠨ ᠬᠠᠮᠢᠶᠠᠷᠤᠭᠴᠢ  ᠪᠠᠷ  ᠪᠣᠯᠪᠠᠰᠤᠷᠠᠭᠤᠯᠤᠯ ᠤᠨ ᠭᠤᠣᠯ ᠴᠣᠭᠴᠠ ᠪᠣᠯᠭᠠᠵᠤ᠂ ᠠᠵᠢᠯ ᠲᠥᠷᠥᠯ ᠤᠨ ᠲᠤᠤᠷᠵᠢᠯ ᠤᠨ ᠬᠠᠮᠢᠶᠠᠷᠤᠭᠴᠢ ᠪᠠ ᠲᠤᠰᠢᠶᠠᠯ ᠬᠠᠪᠰᠤᠷᠭᠠᠭᠰᠠᠨ ᠲᠤᠤᠷᠵᠢᠯ ᠤᠨ ᠬᠠᠮᠢᠶᠠᠷᠤᠭᠴᠢ  ᠶᠢ ᠬᠠᠮᠲᠤ ᠳᠤᠨᠢ ᠬᠠᠷᠠᠭᠠᠯᠵᠠᠨ᠎ᠠ᠃ᠳᠡᠭᠡᠳᠦ ᠰᠤᠷᠭᠠᠭᠤᠯᠢ ᠨᠢ 1+4+X ᠰᠤᠷᠭᠠᠨ ᠬᠥᠮᠦᠵᠢᠯ ᠤᠨ ᠪᠣᠯᠪᠠᠰᠤᠷᠠᠯ ᠤᠨ  ᠰᠢᠰᠲ᠋ᠧᠮ ᠢ ᠪᠠᠶᠢᠭᠤᠯᠵᠤ᠂ 1 ᠭᠤᠣᠯ  ᠹᠷᠤᠨᠲ ᠢ ᠣᠷᠳᠣᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠲᠤ ᠲᠣᠬᠢᠷᠠᠭᠤᠯᠵᠤ᠂ 4 ᠬᠤᠪᠢᠶᠠᠷᠢ ᠰᠤᠷᠭᠠᠭᠤᠯᠢ ᠶᠢ ᠲᠤᠰ ᠲᠤᠰ ᠳᠦᠷᠪᠡᠨ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠲᠤ ᠲᠣᠬᠢᠷᠠᠭᠤᠯᠵᠤ᠂ X ᠰᠤᠷᠭᠠᠨ ᠬᠥᠮᠦᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ  ᠢᠶᠠᠷ ᠳᠠᠮᠵᠢᠭᠤᠯᠵᠤ᠂ ᠲᠤᠤᠷᠵᠢᠯ ᠤᠨ ᠬᠠᠮᠢᠶᠠᠷᠤᠭᠴᠢ ᠶᠢᠨ ᠨᠠᠮᠴᠢ ᠴᠢᠨᠠᠷ ᠤᠨ ᠬᠥᠮᠦᠵᠢᠯ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ᠂ ᠬᠤᠪᠢ ᠬᠥᠮᠥᠨ ᠤ ᠬᠡᠪ ᠪᠣᠯᠪᠠᠰᠤᠷᠠᠯ ᠤᠨ ᠬᠥᠮᠦᠵᠢᠯ ᠤᠨ  ᠪᠣᠯᠪᠠᠰᠤᠷᠠᠭᠤᠯᠤᠯ ᠤᠨ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠡᠢ᠃
4.jpg
5.jpg
        ᠳᠡᠭᠡᠳᠦ ᠰᠤᠷᠭᠠᠭᠤᠯᠢ ᠨᠢ ᠪᠠᠭᠰᠢ ᠶᠢᠨ ᠬᠥᠮᠥᠷᠭᠡ᠂ ᠬᠢᠴᠢᠶᠡᠯ ᠤᠨ ᠬᠥᠮᠥᠷᠭᠡ᠂ ᠵᠢᠭᠠᠬᠤ ᠮᠠᠲ᠋ᠧᠷᠢᠶᠠᠯ ᠤᠨ ᠬᠥᠮᠥᠷᠭᠡ ᠶᠢᠨ ︽ᠭᠤᠷᠪᠠᠨ ᠬᠥᠮᠥᠷᠭᠡ︾ ᠶᠢᠨ ᠪᠦᠲᠦᠭᠡᠨ ᠪᠠᠶᠢᠭᠤᠯᠤᠯᠲᠠ  ᠪᠠᠷ ᠪᠠᠲᠤᠯᠠᠭ᠎ᠠ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠦᠨᠳᠦᠰᠦᠨ  ᠱᠠᠲᠤ ᠶᠢ ᠵᠠᠰᠠᠬᠤ ᠂ ᠠᠷᠠᠳ ᠲᠦᠮᠡᠨ ᠳᠤ ᠦᠢᠯᠡᠴᠢᠯᠡᠬᠦ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠤᠨ ︽ᠳᠥᠷᠪᠡᠨ ᠶᠡᠭᠡ ᠬᠢᠴᠢᠶᠡᠯ ᠤᠨ ᠬᠡᠰᠡᠭ︾ ᠢᠶᠠᠷ ᠲᠤᠯᠭᠠᠭᠤᠷᠢᠯᠠᠯ ᠪᠣᠯᠭᠠᠵᠤ᠂ ᠬᠠᠷᠢᠯᠴᠠᠨ ᠬᠤᠪᠢᠶᠠᠯᠴᠠᠨ ᠡᠳ᠋ᠯᠡᠬᠦ᠂ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ᠂ ᠬᠡᠷᠡᠭ ᠤᠨ ᠵᠢᠱᠢᠶ᠎ᠡ ᠳᠠᠲᠠᠨ ᠵᠢᠭᠠᠨ ᠰᠤᠷᠭᠠᠬᠤ ᠂ ᠠᠬᠤᠢ ᠪᠠᠶᠢᠳᠠᠯ ᠤᠨ ᠳᠠᠭᠤᠷᠢᠶᠠᠮᠠᠯ᠂ ᠣᠶᠤᠨᠲᠤ ᠬᠢᠴᠢᠶᠡᠯ ᠤᠨ ᠲᠠᠩᠬᠢᠮ ᠵᠡᠷᠭᠡ ︽ᠲᠠᠪᠤᠨ ᠶᠡᠭᠡ ᠵᠢᠭᠠᠨ ᠰᠤᠷᠭᠠᠯᠲᠠ ᠶᠢᠨ ᠵᠠᠭᠪᠤᠷ︾ ᠢ ᠲᠣᠬᠢᠷᠠᠭᠤᠯᠵᠤ᠂ ᠰᠦᠯᠵᠢᠶᠡᠨ ᠤ ᠪᠠ ᠰᠦᠯᠵᠢᠶᠡᠨ ᠤ ᠭᠠᠳᠠᠨᠠᠬᠢ ᠬᠤᠶᠠᠷ ᠶᠡᠭᠡ ᠪᠣᠯᠪᠠᠰᠤᠷᠠᠭᠤᠯᠤᠯ ᠤᠨ ᠰᠢᠰᠲ᠋ᠧᠮ ᠢ ᠨᠡᠭᠡᠭᠡᠵᠦ᠂ ᠲᠤᠤᠷᠵᠢᠯ ᠤᠨ ᠬᠠᠮᠢᠶᠠᠷᠤᠭᠴᠢ ᠶᠢᠨ ᠬᠥᠮᠦᠵᠢᠯ ᠪᠣᠯᠪᠠᠰᠤᠷᠠᠭᠤᠯᠤᠯ ᠪᠠ   ᠲᠤᠤᠷᠯᠢᠭᠵᠢᠭᠤᠯᠤᠭᠰᠠᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠳᠤ ᠨᠢᠭᠡᠨ ᠬᠤᠷᠠᠮᠠᠯ ᠮᠠᠶ᠋ᠢᠭ ᠤᠨ ᠰᠢᠨ᠎ᠡ ᠲᠠᠪᠴᠠᠩ ᠬᠠᠩᠭᠠᠵᠤ᠂ ᠥᠷᠭᠡᠨ ᠣᠯᠠᠨ ᠦᠨᠳᠦᠰᠦᠨ ᠱᠠᠲᠤᠨ ᠤ ᠲᠤᠤᠷᠵᠢᠯ ᠤᠨ ᠬᠠᠮᠢᠶᠠᠷᠤᠭᠴᠢ ᠶᠢᠨ ᠠᠵᠢᠯ ᠤᠨ ᠦᠷ᠎ᠡ ᠪᠦᠲᠦᠮᠵᠢ ᠶᠢ ᠨᠠᠩ ᠰᠠᠶᠢᠨ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠦᠢᠯᠡᠴᠢᠯᠡᠨ᠂ ᠠᠵᠢᠯ ᠮᠡᠷᠭᠡᠵᠢᠯ ᠤᠨ ᠢᠲᠡᠭᠡᠯ ᠢ ᠨᠡᠮᠡᠭᠳᠡᠭᠦᠯᠵᠦ᠂ ᠥᠪᠡᠷ ᠤᠨ ᠦᠰᠦᠨ ᠪᠣᠶᠢᠵᠢᠯᠲᠠ ᠶᠢ ᠪᠡᠶᠡᠯᠡᠭᠦᠯᠦᠨ᠎ᠡ᠃
6.jpg
        ᠡᠭᠦᠨ ᠤ ᠬᠠᠮᠲᠤ᠂ ᠬᠢᠶ᠎ᠠ ᠪᠠᠭᠰᠢ ᠲᠣᠭᠤᠷᠢᠭ ᠤᠨ ᠬᠢᠨ ᠳᠡᠭᠡᠳᠦ ᠰᠤᠷᠭᠠᠭᠤᠯᠢ ᠳᠤ ᠲᠦᠰᠢᠭᠯᠡᠨ ᠬᠢᠶ᠎ᠠ ᠪᠠᠭᠰᠢ  ᠶᠢᠨ ᠲᠤᠤᠷᠵᠢᠯ ᠤᠨ ᠬᠠᠮᠢᠶᠠᠷᠤᠭᠴᠢ ᠶᠢᠨ ᠰᠣᠶᠣᠯ ᠤᠨ ᠨᠠᠶᠢᠷ ᠢ ᠡᠷᠭᠢᠯᠡᠵᠦ᠂  ᠲᠤᠤᠷᠵᠢᠯ ᠤᠨ ᠬᠠᠮᠢᠶᠠᠷᠤᠭᠴᠢ ᠶᠢᠨ  ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠡᠯᠪᠡᠷᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂  ᠲᠤᠤᠷᠵᠢᠯ ᠤᠨ ᠬᠠᠮᠢᠶᠠᠷᠤᠭᠴᠢ ᠶᠢᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠰᠣᠶᠣᠯ ᠤᠨ ᠨᠠᠶᠢᠷ ᠤᠨ ᠠᠷᠪᠠᠨ ᠶᠡᠭᠡ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂  ᠲᠤᠤᠷᠵᠢᠯ ᠤᠨ ᠬᠠᠮᠢᠶᠠᠷᠤᠭᠴᠢ ᠶᠢᠨ ᠠᠵᠢᠯ ᠮᠡᠷᠭᠡᠵᠢᠯ ᠤᠨ ᠢᠷᠠᠭᠤ  ᠠᠯᠳᠠᠷᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃        ᠶᠣᠰᠣᠯᠠᠯ  ᠠᠴᠠ ᠡᠮᠦᠨ᠎ᠡ ᠪᠠᠰᠠ ᠬᠢᠶ᠎ᠠ ᠪᠠᠭᠰᠢ  ᠶᠢᠨ ᠲᠤᠤᠷᠵᠢᠯ ᠤᠨ ᠬᠠᠮᠢᠶᠠᠷᠤᠭᠴᠢ  ᠶᠢᠨ ᠠᠩᠬᠠᠨ ᠤ ᠵᠣᠬᠢᠶᠠᠨ  ᠪᠦᠲᠤᠭᠡᠭᠰᠡᠨ ᠺᠠᠷᠲ᠋ᠣᠨ IP ᠳᠦᠷᠢ ᠵᠢᠴᠢ ᠬᠢᠶ᠎ᠠ ᠪᠠᠭᠰᠢ  ᠲᠤᠤᠷᠵᠢᠯ ᠤᠨ ᠬᠠᠮᠢᠶᠠᠷᠤᠭᠴᠢ ᠶᠢᠨ  ᠰᠣᠶᠣᠯ ᠤᠨ ᠨᠠᠶᠢᠷ ᠤᠨ MV  ᠶᠢ ᠨᠡᠶᠢᠲᠡᠯᠡᠵᠡᠢ᠃ 
ᠢᠷᠡᠯᠲᠡ᠄ ᠲᠤᠰ ᠰᠦᠯᠵᠢᠶ᠎ᠡ