ᠰᠤ᠋ ᠵᠥᠩ ᠱᠧᠩ ᠣᠲᠤᠭ ᠬᠤᠰᠢᠭᠤᠨ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/3
       ᠤᠶᠢᠷ᠎ᠠ ᠶᠢᠨ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠳᠤᠭᠤᠶᠢᠯᠠᠩ ᠤᠨ ᠱᠦᠵᠢ ᠰᠤ᠋ ᠵᠦᠩ ᠱᠧᠩ ᠤᠳᠤᠭ ᠬᠤᠰᠢᠭᠤᠨ ᠳᠤ ᠬᠦᠷᠴᠦ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠤᠳ ᠢ ᠪᠠᠶᠢᠴᠠᠭᠠᠨ ᠰᠤᠳᠤᠯᠪᠠ᠃             ᠣᠲᠤᠭ ᠬᠤᠰᠢᠭᠤᠨ ᠤ ᠠᠷᠪᠠᠰ ᠰᠤᠮᠤᠨ ᠤ ᠣᠷᠳᠣᠰ · ᠮᠠᠯᠵᠢᠯ ᠤᠨ ᠲᠠᠯᠠᠪᠠᠢ᠂ ᠮᠥ ᠶᠦᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ ᠳᠤ᠂ ᠰᠤ ᠵᠥᠩ ᠱᠧᠩ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠰᠤ᠋ ᠵᠦᠩ ᠱᠧᠩ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠬᠦᠯᠵᠦ᠂ ᠲᠥᠯᠥᠪᠵᠢᠭᠦᠯᠭᠡ ᠶᠢ ᠤᠷᠢᠳ ᠢᠶᠠᠷ ᠭᠡᠷᠡᠭᠵᠢᠬᠦᠯᠤᠨ᠂ ᠲᠠᠭᠤᠷᠢᠶᠠᠯ ᠦᠵᠡᠭᠦᠯᠦᠨ ᠳᠠᠶᠢᠴᠢᠯᠠᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠡᠶᠢᠯᠡᠬᠦᠯᠬᠦ ᠶᠢ ᠰᠠᠶᠢᠲᠤᠷ ᠬᠢᠵᠦ᠂ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠭᠦᠢᠴᠡᠳ ᠰᠤᠷᠤᠯᠴᠠᠨ ᠲᠤᠯᠢᠳᠠᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠪᠠᠷ ᠰᠠᠭᠤᠷᠢ ᠪᠣᠯᠭᠠᠵᠤ᠂ ᠴᠢᠨᠠᠷ ᠰᠠᠶᠢᠲᠠᠢ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠤᠲᠤᠭ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠬᠡᠪᠡ᠃             ᠤᠲᠤᠭ ᠬᠤᠰᠢᠭᠤᠨ ᠤ ᠤᠷᠠᠨᠳᠦ᠋ᠰᠢ ᠶᠢᠨ ᠵᠠᠩ ᠦᠢᠯᠡ ᠶᠢᠨ ᠰᠣᠶᠣᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠳᠤ᠂ ᠰᠤ᠋ ᠵᠦᠩ ᠱᠧᠩ ᠵᠠᠩ ᠦᠢᠯᠡ ᠶᠢᠨ ᠡᠳ᠋ ᠪᠣᠳᠠᠰ ᠤᠨ ᠦᠵᠡᠭᠦᠯᠭᠡ ᠶᠢᠨ ᠣᠷᠳᠣᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃  ᠰᠤ᠋ ᠵᠥᠩ ᠱᠧᠩ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠠᠮᠠᠭᠠᠯᠠᠯᠲᠠ ᠶᠢᠨ ᠣᠷᠣᠨ ᠤ ᠥᠪᠡᠷᠮᠢᠴᠡ ᠣᠨᠴᠠᠯᠢᠭ ᠪᠥᠬᠦᠶ ᠡᠷᠲᠡᠨ ᠤ ᠭᠠᠵᠠᠷ ᠵᠦᠶ ᠶᠢᠨ ᠣᠷᠴᠢᠨ ᠲᠤᠭᠤᠷᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠠᠢ᠃              ᠰᠤ᠋ ᠵᠦᠩ ᠱᠧᠩ ᠨᠡᠷ ᠪᠠᠰᠠ ᠮᠤᠤᠷ ᠤᠨ ᠭᠤᠤᠯ ᠵᠡᠷᠭᠡ ᠭᠠᠵᠠᠷ ᠲᠤ ᠬᠦᠷᠴᠦ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ