ᠳ᠋ᠦᠡᠭᠱᠧᠩ ᠲᠤᠭᠤᠷᠢᠭ ᠤᠨ ᠴᠡᠴᠡᠷᠯᠢᠭ ᠵᠡᠭᠡᠯᠢ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2023/4/4
        ᠳ᠋ᠦᠩᠱᠧᠩ ᠤᠨ ᠮᠡᠳᠡᠭᠡ 2022 ᠣᠨ ᠠᠴᠠ ᠨᠠᠭᠠᠰᠢ᠂ ᠳ᠋ᠦᠩᠱᠧᠩ ᠲᠣᠭᠤᠷᠢᠭ ᠤᠨ ᠴᠡᠴᠡᠷᠯᠢᠭ ᠵᠡᠭᠡᠯᠢ ᠬᠦᠴᠦᠨ ᠪᠦᠬᠦᠢ ᠠᠷᠭ᠎ᠠ ᠭᠡᠮᠵᠢᠶ᠎ᠡ ᠠᠪᠴᠤ᠂ ᠦᠢᠯᠡᠴᠢᠯᠡᠭᠡ ᠪᠠᠨ ᠰᠠᠶᠢᠵᠢᠷᠠᠭᠤᠯᠤᠨ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠪᠡ᠃            ᠴᠡᠴᠡᠷᠯᠢᠭ ᠵᠡᠭᠡᠯᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ︽ᠨᠢᠭᠡ ᠥᠷᠲᠡᠭᠡᠴᠢᠯᠡᠭᠰᠡᠨ ᠦᠢᠯᠡᠴᠢᠯᠡᠭᠡ︾ ᠪᠠ ︽ ᠬᠡᠷ ᠲᠤᠨᠢ ᠬᠦᠷᠴᠦ ᠦᠢᠯᠡᠴᠢᠯᠡᠬᠦ︾ ‍ᠦ᠋ᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠭᠡᠬᠦ 6 ᠴᠡᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠨᠡᠶᠢᠯᠡᠭᠦᠯᠵᠦ᠂ 11 ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠶᠢ ᠨᠡᠭᠡᠭᠡᠪᠡ᠃ 2022 ᠣᠨ ᠳᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 39 ᠵᠦᠢᠯᠡᠰ ᠢ ᠡᠮᠬᠢᠯᠡᠨ ᠨᠡᠶᠢᠯᠡᠬᠦᠯᠵᠦ᠂ ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠢ 3.3 ᠲᠦᠮᠡ ᠭᠠᠷᠤᠶ ᠭᠦᠢᠴᠡᠳᠭᠡᠪᠡ᠃           ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠢ ᠪᠤᠯᠭᠠᠨ ᠦᠢᠯᠡᠳᠦᠯᠭᠡᠵᠢᠭᠦᠯᠬᠦ ᠪᠠᠷ ᠭᠤᠣᠯ ᠰᠢᠵᠢᠮ ᠪᠣᠯᠭᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶ ᠲᠤ ᠲᠦᠰᠢᠭᠯᠡᠨ᠂ ᠮᠡᠳᠡᠯᠭᠡ ᠶᠢᠨ ᠲᠠᠶᠢᠯᠤᠮᠵᠢ ᠬᠢᠬᠦ᠂ ᠲᠤᠰᠬᠠᠢ ᠮᠡᠷᠭᠡᠵᠢᠯᠲᠡᠨ ᠬᠢᠴᠢᠶᠡᠯᠯᠡᠬᠦ᠂ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠤᠯᠠᠨ ᠺᠠᠳ᠋ᠷ ᠠᠵᠢᠯᠳᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠤᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠪᠡ᠃ ᠤᠯᠠᠨ ᠲᠦᠮᠡᠨ ᠤ ᠰᠤᠷᠤᠯᠴᠠᠯᠭ᠎ᠠ ᠶᠢᠨ ᠠᠷᠭ᠎ᠠ ᠵᠠᠮ ᠢ ᠥᠷᠭᠡᠳᠭᠡᠵᠦ᠂ ᠤᠯᠠᠨ ᠲᠦᠮᠡᠨ ᠤ ᠡᠯ᠎ᠡ ᠲᠦᠷᠦᠯ ᠤᠨ ᠪᠣᠯᠪᠠᠰᠤᠷᠠᠯ ᠳᠤ ᠣᠷᠣᠯᠴᠠᠬᠤ ᠶᠢ ᠵᠣᠷᠢᠭᠵᠢᠭᠤᠯᠤᠨ᠂ ᠺᠠᠳ᠋ᠷ ᠢ ᠬᠥᠮᠦᠵᠢᠭᠦᠯᠦᠭᠰᠡᠨ ᠦᠷ᠎ᠡ ᠪᠦᠲᠦᠭᠡᠯ ᠤᠨ ᠲᠡᠮᠳᠡᠭᠯᠡᠯ ᠢ ᠪᠠᠶᠢᠭᠤᠯᠵᠤ᠂ ᠪᠣᠯᠪᠠᠰᠤᠷᠠᠯ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠳᠡᠭᠡᠭᠰᠢᠯᠡᠭᠦᠯᠪᠡ᠃ 2022 ᠣᠨ ᠠᠴᠠ ᠨᠠᠭᠠᠰᠢ᠂ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢ 13 ᠤᠳᠠᠭ᠎ᠠ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠵᠢᠯ ᠢ 9 ᠤᠳᠠᠭ᠎ᠠ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ 2 ᠤᠳᠠᠭ᠎ᠠ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ ᠮᠠᠲ᠋ᠧᠷᠢᠶᠠᠯ ᠢ 10 ᠬᠤᠪᠢ ᠪᠦᠷᠢᠯᠳᠦᠭᠦᠯᠵᠦ᠂ ᠠᠵᠢᠯ ᠤᠨ ᠪᠠᠶᠢᠷᠢ ᠶᠢᠨ ᠪᠣᠯᠪᠠᠰᠤᠷᠠᠯ ᠢ 24 ᠤᠳᠠᠭ᠎ᠠ ᠥᠷᠨᠢᠭᠦᠯᠵᠡᠢ᠃             ᠴᠡᠴᠡᠷᠯᠢᠭ ᠵᠡᠭᠡᠯᠢ ᠭᠤᠳᠤᠮᠵᠢ ᠶᠢᠨ ᠬᠤᠳᠠᠯᠳᠤᠭᠠᠴᠢᠳ ᠤᠨ ᠡᠪᠯᠡᠯ ᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠪᠣᠳᠠᠲᠠᠶ ᠠᠵᠢᠯ ᠬᠢᠵᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠬᠤᠳᠠᠯᠳᠤᠭᠠᠴᠢᠳ ᠤᠨ ᠡᠪᠯᠡᠯ ᠤᠨ ᠦᠢᠯᠡᠰ ᠪᠠ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠴᠡᠴᠡᠷᠯᠢᠭ ᠵᠡᠭᠡᠯᠢ ᠭᠤᠳᠤᠮᠵᠢ ᠬᠦᠬᠦᠷᠬᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠳᠠᠯᠳᠤᠭᠠᠴᠢᠳ ᠤᠨ ᠡᠪᠯᠡᠯ ᠤᠨ ᠥᠪᠡᠷᠮᠢᠴᠡ ᠳᠠᠪᠠᠭᠤᠯᠢᠭ ᠢ ᠠᠰᠢᠭᠯᠠᠨ᠂ ᠬᠠᠷᠢᠶ᠎ᠠ ᠲᠤᠭᠤᠷᠢᠭ ᠤᠨ ᠡᠬᠢ ᠪᠠᠶᠠᠯᠢᠭ ᠢᠶᠠᠨ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ ᠶᠢ 44 ᠲᠠᠯᠠᠪᠠᠢ ᠤᠳᠠᠭ᠎ᠠ ᠥᠷᠨᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠲᠡᠭᠡᠭᠰᠢᠯᠡᠬᠦᠯᠪᠡ ᠃ ︵ᠭᠤᠸᠠᠨ ᠯᠧ︶
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ