ᠸᠠᠩ ᠰᠢᠤᠸᠠᠢ ᠹᠧᠩ ᠴᠢᠬᠤᠯᠠ ᠶᠡᠭᠡ ᠠᠵᠢᠯᠯᠠᠭ᠎ᠠ ᠶᠢᠨ ᠪᠠᠲᠤᠯᠠᠭ᠎ᠠ ᠶᠢᠨ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/16
        5 ᠰᠠᠷ᠎ᠠ ᠶᠢᠨ 11 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠴᠢᠬᠤᠯᠠ ᠶᠡᠭᠡ ᠠᠵᠢᠯᠯᠠᠭ᠎ᠠ ᠶᠢᠨ ᠪᠠᠲᠤᠯᠠᠭ᠎ᠠ ᠶᠢᠨ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠺᠠᠩ ᠫᠢᠩ᠂ ᠳ᠋ᠦ᠋ ᠵᠢᠶᠠ ᠪᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
1.jpg
        ᠤᠯᠠᠭᠠᠨᠮᠥ᠋ᠷᠡᠨ ᠨᠠᠭᠤᠷ ᠤᠨ ︽ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾  ᠤ ᠲᠡᠮᠦᠷ ᠬᠥᠮᠥᠨ ᠤ ᠭᠤᠷᠪᠠᠨ ᠵᠦᠢᠯ ᠤᠨ ᠪᠠᠶ᠎ᠡ ᠶᠢᠨ ᠲᠠᠮᠢᠷ ᠤᠨ ᠭᠦᠳᠡᠯᠭᠡᠭᠡᠨ ᠤ ᠤᠷᠤᠯᠳᠤᠭᠠᠨ ᠤ ᠲᠠᠯᠠᠪᠤᠷ᠂ ᠪᠡᠶ᠎ᠡ ᠶᠢᠨ ᠲᠠᠮᠢᠷ ᠤᠨ ᠲᠠᠯᠠᠪᠤᠷ ᠤᠨ ᠡᠷᠬᠢᠨ ᠲᠣᠭᠤᠷᠢᠨ ᠵᠢᠴᠢ ᠶᠡᠭᠡ ᠵᠤᠤ ᠣᠪᠣᠭ᠎ᠠ ᠳᠤ᠂ ᠸᠠᠩ ᠰᠢᠤᠸᠠᠢ ᠹᠧᠩ ᠲᠠᠯᠠᠪᠤᠷ ᠤᠨ ᠪᠡᠯᠡᠳᠬᠡᠯ᠂ ᠣᠷᠴᠢᠨ ᠲᠣᠭᠤᠷᠢᠨ ᠤ ᠪᠠᠲᠤᠯᠠᠭ᠎ᠠ ᠪᠣᠯᠣᠨ ᠲᠡᠰ ᠳᠡᠪᠰᠢᠭᠦᠯᠦᠨ ᠥᠭᠡᠷᠡᠴᠢᠯᠡᠭᠰᠡᠨ ᠪᠠᠶᠢᠳᠠᠯ ᠢ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠭᠰᠡᠨ ᠪᠥᠭᠡᠳ ᠲᠤᠬᠠᠢ ᠶᠢᠨ ᠲᠠᠯᠠᠪᠤᠷ ᠲᠤ ᠢᠯᠡᠷᠡᠭᠦᠯᠦᠭᠰᠡᠨ ᠠᠰᠠᠭᠤᠳᠠᠯ ᠳᠤ ᠪᠣᠳᠠᠲᠠᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃ ᠲᠡᠷᠡ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠨᠠᠷᠢᠨ ᠵᠦᠢᠯᠡᠰ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠲᠠᠯᠠᠪᠤᠷ ᠭᠠᠵᠠᠷ ᠤᠨ ᠣᠷᠴᠢᠨ ᠲᠣᠭᠤᠷᠢᠨ ᠵᠢᠴᠢ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠨᠠᠷᠢᠯᠢᠭ ᠣᠨᠣᠴᠠᠲᠠᠢ ᠪᠠᠷ ᠪᠠᠶᠢᠴᠠᠭᠠᠵᠤ ᠳᠤᠲᠠᠭᠤᠳᠠᠯ ᠢᠶᠠᠨ ᠨᠥᠬᠦᠪᠦᠷᠢᠯᠡᠨ᠂ ᠲᠡᠷᠢᠭᠦᠨ ᠤ ᠦᠢᠯᠡᠴᠢᠯᠡᠭᠡ ᠪᠠᠷ ᠲᠠᠮᠢᠷᠴᠢᠳ ᠲᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠬᠢᠶ᠎ᠠ ᠪᠠᠭᠰᠢ ᠲᠣᠭᠤᠷᠢᠭ ᠤᠨ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠦᠨ᠂ ︽ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾ ᠤ ᠲᠡᠭᠦᠰ ᠠᠮᠵᠢᠯᠲᠠ ᠣᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃
2.jpg
        ᠬᠤᠶᠠᠷ ᠵᠠᠭᠠᠯ ᠠᠭᠤᠳᠠᠮ ᠲᠠᠯᠠᠪᠠᠢ ᠳᠤ᠂ ᠸᠠᠩ ᠰᠢᠤᠸᠠᠢ ᠹᠧᠩ 2023 ᠣᠨ ᠤ ︽5 · 19· ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠠᠵᠢᠯᠯᠠᠭ᠎ᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ ᠬᠠᠮᠢᠶ᠎ᠠ ᠪᠦᠬᠦᠢ ᠠᠵᠢᠯᠯᠠᠭ᠎ᠠ ᠶᠢ ᠵᠣᠯᠭᠠᠭᠤᠯᠬᠤ ᠪᠠ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠢᠯᠯᠠᠭ᠎ᠠ ᠶᠢᠨ ᠶᠠᠪᠤᠴᠠ᠂ ᠬᠦᠯᠢᠶᠡᠨ ᠠᠪᠬᠤ ᠦᠢᠯᠡᠴᠢᠯᠡᠭᠡ ᠵᠡᠷᠭᠡ ᠲᠠᠯ᠎ᠠ ᠪᠠᠷ ᠭᠦᠨᠵᠡᠭᠡᠢ ᠨᠠᠷᠢᠨ ᠨᠢᠭᠲᠠ ᠵᠠᠭᠠᠯᠳᠤᠭᠤᠯᠪᠠ᠃ ᠲᠡᠷᠡ᠂ ᠵᠣᠷᠢᠭᠲᠠᠢ ᠪᠠᠷ ᠰᠢᠨ᠎ᠡ ᠶᠢ ᠡᠭᠦᠳᠦᠨ᠂ ᠤᠬᠠᠭᠤᠯᠭ᠎ᠠ ᠪᠠᠨ ᠴᠢᠩᠭᠠᠳᠬᠠᠵᠤ᠂ ᠲᠣᠰ ᠤᠳᠠᠭᠠᠨ ᠤ ᠠᠵᠢᠯᠯᠠᠭ᠎ᠠ ᠶᠢ ᠨᠠᠩ ᠪᠦᠲᠦᠭᠡᠯᠴᠢ ᠴᠢᠨᠠᠷᠲᠠᠢ᠂ ᠨᠠᠩ ᠬᠠᠶᠢᠷ᠎ᠠ ᠰᠡᠳᠬᠢᠯᠭᠡ ᠲᠠᠢ ᠪᠣᠯᠭᠠᠬᠤ ᠬᠡᠷᠡᠭᠲᠡᠢ᠃ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠨᠢᠭᠲᠠ ᠬᠠᠮᠵᠢᠯᠴᠠᠵᠤ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠡᠯ᠎ᠡ ᠵᠦᠢᠯ ᠤᠨ ᠠᠵᠢᠯ ᠢᠶᠠᠨ ᠨᠠᠷᠢᠯᠢᠭ ᠪᠣᠳᠠᠲᠠᠢ ᠬᠢᠵᠦ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠠᠵᠢᠯᠯᠠᠭ᠎ᠠ ᠳᠤ ᠬᠡᠷᠡᠯ ᠭᠢᠯᠪᠠᠭ᠎ᠠ ᠣᠯᠭᠤᠬᠤ︾ ᠬᠠᠷᠠᠯᠲᠠ ᠳᠤ ᠬᠦᠷᠴᠦ᠂ ᠨᠢᠭᠡ ᠬᠤᠪᠢ ᠬᠠᠨᠤᠮᠵᠢᠲᠠᠢ ᠬᠢᠶ᠎ᠠ ᠪᠠᠭᠰᠢ ᠶᠢᠨ ᠬᠠᠷᠢᠭᠤᠯᠲᠠ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃ 
ᠢᠷᠡᠯᠲᠡ᠄ ᠳᠣᠰ ᠰᠦᠯᠵᠢᠶ᠎ᠡ