ᠰᠤᠷᠭᠠᠨ ᠬᠥᠮᠦᠵᠢᠯ ᠤᠨ ᠶᠠᠮᠤᠨ᠄ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠰᠢᠨᠵᠢᠯᠡᠭᠡᠨ ᠤ ᠲᠥᠷᠥᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠪᠣᠯᠬᠤ ᠥᠬᠡᠶ
ᠨᠡᠶᠢᠲᠡᠯᠡᠭᠰᠡᠨ ᠴᠠᠭ᠄
2023/5/18
         ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ  ᠤᠨ  ᠬᠢᠨ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ︿ᠠᠮᠤᠷ ᠲᠦᠪᠰᠢᠨ ᠬᠡᠷᠡᠭᠯᠡᠭᠡ﹀ ᠶᠢᠨ  ᠲᠤᠰᠬᠠᠶ  ᠠᠵᠢᠯᠯᠠᠭ᠎ᠠ  ᠥᠷᠨᠢᠭᠦᠯᠬᠦ ᠲᠤᠬᠠᠶ ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠡᠨᠡ ᠵᠢᠯ ᠤᠨ  5  ᠰᠠᠷ᠎ᠠ ᠠᠴᠠ  6  ᠰᠠᠷ᠎ᠠ  ᠪᠣᠯᠲᠠᠯ᠎ᠠ  ᠪᠥᠬᠦ  ᠤᠯᠤᠰ ᠲᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ︽ᠠᠮᠤᠷ ᠲᠦᠪᠰᠢᠨ ᠬᠡᠷᠡᠭᠯᠡᠭᠡ︾ ᠶᠢᠨ  ᠲᠤᠰᠬᠠᠶ  ᠠᠵᠢᠯᠯᠠᠭ᠎ᠠ  ᠥᠷᠨᠢᠭᠦᠯᠬᠦ ᠪᠠᠷ ᠪᠠᠶᠢᠨ᠎ᠠ᠃ ᠮᠡᠳᠡᠭᠳᠡᠯ ᠳᠤ᠂  ᠰᠤᠷᠭᠠᠭᠤᠯᠢ ᠶᠢᠨ  ᠭᠠᠳᠠᠨᠠᠬᠢ  ᠪᠣᠯᠪᠠᠰᠤᠷᠠᠯ ᠤᠨ  ᠪᠠᠶᠢᠭᠤᠯᠤᠮᠵᠢ  ᠨᠢ  ᠤᠯᠤᠰ ᠤᠨ  ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂  ᠠᠮᠠᠷᠠᠯᠲᠠ ᠶᠢᠨ  ᠡᠳᠦᠷ ᠢ  ᠡᠵᠡᠯᠡᠨ  ᠬᠡᠷᠡᠭᠯᠡᠵᠦ  ᠰᠢᠨᠵᠢᠯᠡᠭᠡᠨ ‍ᠤ‌‍ᠲ᠋ᠥ᠋ᠷᠥᠯ ᠤᠨ ᠪᠣᠯᠪᠠᠰᠤᠷᠠᠯ ᠬᠢᠵᠦ ᠪᠣᠯᠬᠤ ᠥᠬᠡᠶ ᠭᠡᠵᠦ ᠲᠤᠳᠤᠷᠬᠠᠶᠢᠯᠠᠪᠠ᠃        ︽ᠬᠤᠶᠠᠷ ᠢ ᠬᠦᠡᠭᠭᠡᠷᠡᠬᠦᠯᠬᠦ︾ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠡᠯ᠎ᠡ ᠭᠠᠵᠠᠷ ᠤᠨ ᠬᠢᠨ  ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠵᠠᠰᠠᠯᠲᠠ ᠶᠢ ᠲᠠᠰᠤᠷᠠᠯᠲᠠ  ᠥᠬᠡᠶ  ᠭᠦᠨᠵᠡᠭᠡᠶᠢᠷᠡᠭᠦᠯᠦᠭᠰᠡᠨ  ᠪᠥᠭᠡᠳ  ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃  ᠭᠡᠪᠡᠴᠦ  ᠵᠠᠷᠢᠮ  ᠪᠣᠯᠪᠠᠰᠤᠷᠠᠯ ᠤᠨ  ᠪᠠᠶᠢᠭᠤᠯᠤᠮᠵᠢ  ᠨᠢ  ᠤᠷᠢᠳᠴᠢᠯᠠᠨ ᠬᠤᠷᠢᠶᠠᠭᠰᠠᠨ ᠰᠦᠢᠳᠭᠡᠯ ᠤᠨ ᠮᠥᠩᠭᠦ  ᠳᠤ  ᠬᠢᠨᠠᠯᠲᠠ  ᠲᠠᠯᠪᠢᠵᠦ  ᠬᠠᠮᠢᠶᠠᠷᠬᠤ ᠠᠴᠠ  ᠮᠠᠭᠤ  ᠰᠠᠨᠠᠭ᠎ᠠ ᠲᠠᠢ ᠪᠠᠷ  ᠵᠠᠶᠢᠯᠠᠵᠤ᠂ ︽ᠰᠦᠢᠳᠭᠡᠯ ᠪᠤᠴᠠᠭᠠᠬᠤ ᠳᠤ ᠬᠦᠴᠢᠷᠲᠡᠶ ᠪᠠᠶᠢᠬᠤ︾᠂ ︽ᠵᠣᠭᠤᠰ ᠮᠦᠡᠭᠭᠦ ᠶᠢ  ᠨᠢ  ᠠᠪᠤᠭᠠᠳ  ᠳᠤᠲᠠᠭᠠᠬᠤ︾  ᠠᠰᠠᠭᠤᠳᠠᠯ ᠢ ᠭᠠᠷᠭᠠᠵᠤ ᠪᠠᠶᠢᠨ᠎ᠠ ᠃ ᠵᠠᠷᠢᠮ ᠭᠠᠵᠠᠷ ᠣᠷᠣᠨ ᠤ ᠬᠢᠨ  ᠰᠢᠨᠵᠢᠯᠡᠭᠡᠨ ᠤ  ᠲᠥᠷᠥᠯ ᠤᠨ  ᠲᠠᠯᠳᠠ  ᠴᠢᠨᠠᠷᠳᠠᠢ  ᠬᠡᠯᠪᠡᠷᠢ  ᠶᠢ  ᠨᠢ ᠬᠤᠪᠢᠷᠠᠭᠤᠯᠤᠬᠰᠠᠨ ᠪᠣᠯᠪᠠᠰᠤᠷᠠᠯ  ᠢ ᠲᠠᠰᠤᠷᠠᠯᠲᠠ ᠥᠬᠡᠶ ᠬᠢᠵᠦ᠂ ᠶᠡᠭᠡ ᠬᠡᠮᠵᠢᠶᠡᠨ ᠤ ᠪᠣᠯᠪᠠᠰᠤᠷᠠᠯ ᠤᠨ ᠰᠦᠢᠳᠭᠡᠯ ᠬᠤᠷᠢᠶᠠᠵᠤ᠂ ᠬᠢᠨᠠᠯᠲᠠ ᠬᠠᠮᠢᠶᠠᠷᠤᠯᠲᠠ ᠠᠴᠠ ᠰᠠᠯᠤᠩᠭᠢᠷᠠᠵᠦ᠂ ᠰᠣᠷᠣᠭᠴᠢ ᠵᠢᠴᠢ ᠬᠡᠷ ᠤᠨ ᠠᠬᠠᠮᠠᠳ ᠤᠨ ᠠᠰᠢᠭ ᠲᠤᠰᠠ ᠶᠢ  ᠬᠤᠬᠢᠷᠠᠭᠤᠯᠵᠤ᠂ ᠶᠠᠰᠤ ᠴᠢᠨᠠᠷ ᠪᠠ ᠠᠮᠤᠷ ᠲᠦᠪᠰᠢᠨ ᠤ ᠳᠠᠯᠳᠠ  ᠬᠡᠮ  ᠠᠪᠴᠢᠷᠠᠵᠤ  ᠪᠠᠶᠢᠨ᠎ᠠ᠃  ᠲᠤᠰᠬᠠᠶ  ᠠᠵᠢᠯᠯᠠᠭ᠎ᠠ ᠨᠢ  ᠰᠤᠷᠭᠠᠭᠤᠯᠢ ᠵᠢᠨ‌ᠭᠠᠳᠠᠨᠠᠬᠢ ᠪᠣᠯᠪᠠᠰᠤᠷᠠᠯ ᠤᠨ ᠰᠦᠢᠳᠭᠡᠯ ᠲᠤᠰᠢᠶᠠᠬᠤ ᠠᠮᠤᠷ ᠲᠦᠪᠰᠢᠨ ᠪᠠ ᠪᠣᠯᠪᠠᠰᠤᠷᠠᠯ ᠤᠨ ᠲᠠᠯᠠᠪᠤᠷ ᠤᠨ ᠠᠮᠤᠷ  ᠲᠦᠪᠰᠢᠨ ᠢ‌ᠬᠠᠮᠠᠭᠠᠯᠠᠬᠤ ᠪᠠᠷ   ᠭᠤᠤᠯ   ᠬᠠᠷᠠᠯᠲᠠ   ᠪᠣᠯᠭᠠᠵᠤ᠂   ᠰᠤᠷᠭᠠᠭᠤᠯᠢ ᠶᠢᠨ   ᠭᠠᠳᠠᠨᠠᠬᠢ   ᠪᠣᠯᠪᠠᠰᠤᠷᠠᠯ ᠤᠨ   ᠠᠵᠢᠯᠯᠠᠭ᠎ᠠ ᠵᠢ‌ᠵᠢᠷᠤᠮᠵᠢᠭᠤᠯᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠬᠡᠷᠡᠭᠯᠡᠭᠡ ᠶᠢᠨ ᠤᠶᠢᠯᠠᠭᠠᠬᠳᠠᠬᠤᠨ ᠢ ᠤᠬᠠᠭᠤᠯᠵᠤ᠂ ᠬᠡᠷᠡᠭᠯᠡᠭᠡ ᠵᠢᠨ‌‍ᠬᠥ᠋ᠮᠦᠵᠢᠯ ᠵᠢᠯᠣᠭᠤᠳᠣᠯᠭ᠎ᠠ ᠶᠢ ᠴᠢᠩᠭᠠᠳᠬᠠᠵᠤ᠂ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ  ᠠᠵᠢᠯᠯᠠᠭ᠎ᠠ ᠶᠢ  ᠴᠢᠩᠭ᠎ᠠ ᠰᠢᠢᠳᠪᠦᠷᠢᠯᠡᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢ ᠤᠯᠠᠮ ᠴᠢᠨᠠᠬᠰᠢᠳᠠ ᠠᠬᠢᠭᠤᠯᠬᠤ ᠪᠤᠯᠤᠨ᠎ᠠ᠃       
ᠢᠷᠡᠯᠲᠡ᠄ ᠠᠷᠠᠳ ᠤᠨ ᠰᠥᠯᠵᠢᠶ᠎ᠡ