ᠸᠠᠩ ᠰᠢᠤᠸᠠᠢ ᠹᠧᠩ ︽5 · 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠶ ᠶᠢᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/19
      5 ᠳ᠋ᠤᠭᠠᠷ ᠰᠠᠷ᠎ᠠ ᠶᠢᠨ 18 ᠤ ᠡᠳᠦᠷ᠂  ᠲᠤᠭᠤᠷᠢᠭ  ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ  ︽5 · 19  ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠶ ᠶᠢᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠳᠤ ᠳᠤᠰᠬᠠᠢ ᠰᠡᠳᠦᠪᠲᠦ  ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠺᠠᠩ ᠫᠢᠩ᠂ ᠳ᠋ᠦ᠋ ᠵᠢᠶᠠ ᠪᠢᠨ᠂ ᠬᠤᠤ ᠵᠢᠢ ᠵᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
未标题-1.jpg
      ᠸᠠᠩ ᠰᠢᠤᠸᠠᠢ ᠹᠧᠩ  ᠬᠤᠶᠠᠷ ᠵᠠᠭᠠᠯ ᠠᠭᠤᠳᠠᠮ ᠲᠠᠯᠠᠪᠠᠶ ᠶᠢᠨ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠶ ᠶᠢᠨ ᠪᠡᠯᠡᠳᠬᠡᠯ᠂ ᠤᠯᠠᠭᠠᠨᠮᠦ᠋ᠷᠡᠨ ᠨᠠᠭᠤᠷ ᠤᠨ  ᠲᠤᠭᠤᠷᠢᠭ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠲᠤᠯᠠᠭ᠎ᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠠᠵᠢᠯ ᠤᠨ ᠠᠬᠢᠴᠠ ᠶᠢ ᠲᠣᠬᠢᠷᠠᠭᠤᠯᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠠᠮᠤᠷ ᠢ ᠬᠠᠮᠠᠭᠠᠯᠠᠬᠤ᠂ ᠵᠠᠮ ᠬᠠᠷᠢᠯᠴᠠᠭ᠎ᠠ᠂ ᠭᠠᠯ  ᠰᠡᠷᠭᠡᠶᠢᠯᠡᠯᠲᠡ ᠶᠢᠨ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠶᠢᠨ ᠪᠠᠲᠤᠯᠠᠭ᠎ᠠ᠂ ᠠᠵᠢᠯᠯᠠᠭ᠎ᠠ ᠶᠢᠨ ᠳᠡᠯᠭᠡᠨ ᠦᠵᠡᠭᠦᠯᠬᠦ ᠪᠠᠶᠢᠷᠢ ᠶᠢ ᠪᠠᠶᠢᠷᠢᠯᠠᠭᠤᠯᠬᠤ᠂ ᠠᠵᠢᠯᠯᠠᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠳᠤ ᠴᠢᠭᠯᠡᠭᠦᠯᠦᠨ ᠵᠦᠢᠯ ᠳᠠᠷᠠᠭᠠᠯᠠᠨ ᠰᠤᠳᠤᠯᠬᠤ ᠶᠢᠨ ᠬᠠᠮᠲᠤ ᠲᠤᠬᠠᠢ ᠶᠢᠨ ᠲᠠᠯᠠᠪᠠᠶ ᠳᠤᠨᠢ ᠲᠣᠬᠢᠷᠠᠭᠤᠯᠤᠨ  ᠪᠠᠶᠢᠷᠢᠯᠠᠭᠤᠯᠪᠠ ᠃      ᠸᠠᠩ ᠰᠢᠤᠸᠠᠢ ᠹᠧᠩ ᠠᠵᠢᠯᠯᠠᠭ᠎ᠠ ᠶᠢᠨ ᠭᠤᠣᠯ ᠰᠡᠳᠦᠪ ᠪᠠ ᠶᠡᠷᠦᠩᠬᠡᠢ ᠱᠠᠭᠠᠷᠳᠠᠯᠭ᠎ᠠ ᠶᠢ ᠡᠵᠡᠮᠳᠡᠵᠦ᠂ ᠡᠯ᠎ᠡ ᠭᠤᠭᠴᠤᠭ᠎ᠠ ᠶᠢ ᠶᠡᠷᠦᠩᠬᠡᠶᠢᠯᠡᠨ ᠪᠣᠳᠣᠯᠬᠢᠯᠠᠵᠤ᠂ ᠠᠵᠢᠯᠯᠠᠭ᠎ᠠ ᠶᠢᠨ ᠲᠥᠰᠥᠯ ᠢ ᠨᠠᠷᠢᠯᠢᠭᠵᠢᠭᠤᠯᠵᠤ᠂ ᠠᠵᠢᠯᠯᠠᠭ᠎ᠠ ᠶᠢ ᠥᠪᠡᠷᠮᠢᠴᠡ ᠣᠨᠴᠠᠯᠢᠭ ᠲᠠᠢ᠂ ᠦᠷ᠎ᠡ ᠪᠦᠲᠦᠮᠵᠢ ᠲᠠᠢ᠂ ᠨᠦᠯᠦᠭᠡᠯᠡᠬᠦ ᠬᠦᠴᠦᠨ ᠲᠠᠢ ᠪᠣᠯᠭᠠᠬᠤ ᠬᠡᠷᠡᠭᠲᠡᠢ᠃ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠢᠭᠲᠠ ᠬᠠᠮᠵᠢᠯᠴᠠᠵᠤ᠂ ᠪᠠᠲᠤ ᠪᠠᠬᠢ ᠠᠮᠤᠷ ᠲᠦᠪᠰᠢᠨ ᠤ ᠤᠬᠠᠮᠰᠠᠷ ᠪᠣᠯᠣᠨ ᠬᠠᠷᠢᠭᠤᠴᠠᠯᠭ᠎ᠠ ᠶᠢᠨ ᠤᠬᠠᠮᠰᠠᠷ ᠢ ᠪᠤᠢ ᠪᠣᠯᠭᠠᠵᠤ᠂  ᠳᠠᠯᠳᠠ ᠭᠡᠮ ᠤᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ︽5·19  ᠤ  ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾  ᠤᠨ ᠠᠵᠢᠯᠯᠠᠭ᠎ᠠ ᠶᠢᠨ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠃ ︽5·19  ᠤ  ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾  ᠤᠨ ᠠᠵᠢᠯᠯᠠᠭ᠎ᠠ ᠶᠢ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ᠨᠢᠭᠡ ᠪᠦᠯᠦᠭ  ᠵᠢᠭᠤᠯᠴᠢᠯᠠᠯ  ᠤᠨ ᠲᠦᠷᠦᠯ ᠵᠦᠢᠯ ᠢ ᠨᠠᠷᠢᠨ ᠨᠢᠮᠪᠠᠢ ᠲᠥᠯᠥᠪᠯᠡᠵᠦ᠂ ᠬᠢᠶ᠎ᠠ ᠪᠠᠭᠰᠢ ᠲᠣᠭᠤᠷᠢᠭ ᠢ ᠪᠦᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠤ᠂ ᠬᠢᠶ᠎ᠠ ᠪᠠᠭᠰᠢ ᠲᠣᠭᠤᠷᠢᠭ ᠤᠨ ᠵᠢᠭᠤᠯᠴᠢᠯᠠᠯ ᠤᠨ  ᠨᠡᠷᠡᠲᠤ  ᠬᠠᠭᠤᠳᠠᠰᠤ ᠶᠢ ᠨᠡᠩ ᠭᠢᠯᠠᠶᠢᠲᠠᠯ᠎ᠠ ᠠᠷᠴᠢᠵᠤ᠂ ᠨᠡᠩ ᠬᠠᠩᠭᠢᠨᠠᠲᠠᠯ᠎ᠠ ᠬᠠᠰᠬᠢᠷᠬᠤ ᠬᠡᠷᠡᠭᠲᠡᠢ ᠭᠡᠵᠦ ᠬᠡᠯᠡᠪᠡ᠃ 
ᠢᠷᠡᠯᠲᠡ᠄ ᠲᠤᠰ ᠰᠦᠯᠵᠢᠶ᠎ᠡ