ᠠᠵᠢᠯᠲᠠᠨ ᠡᠯᠰᠡᠨ᠎ᠡ︕ ᠵᠢᠯ ᠤᠨ ᠴᠠᠯᠢᠩ ᠨᠢ 35 ︱ 45 ᠲᠦᠮᠡ +︕
ᠨᠡᠶᠢᠲᠡᠯᠡᠭᠰᠡᠨ ᠴᠠᠭ᠄
2023/5/19
1.jpg
        ᠰᠢᠨᠵᠢᠯᠡᠬᠦ  ᠤᠬᠠᠭᠠᠨ ᠤ  ᠰᠤᠳᠤᠯᠭᠠᠨ ᠤ  ᠠᠵᠢᠯ ᠤᠨ  ᠬᠡᠷᠡᠭᠴᠡᠭᠡ ᠠᠴᠠ  ᠪᠣᠯᠵᠤ  ᠥᠪᠥᠷ  ᠮᠣᠩᠭᠤᠯ ᠤᠨ ᠶᠡᠭᠡ ᠰᠤᠷᠭᠠᠭᠤᠯᠢ ᠰᠠᠭᠤᠷᠢ ᠨᠢ ᠪᠠᠲᠤᠲᠠᠢ ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠰᠢᠯᠢᠳᠡᠭ ᠵᠠᠯᠠᠭᠤ ᠡᠷᠳᠡᠮᠲᠡᠨ ᠢ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠤᠷᠢᠵᠤ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯ ᠬᠢᠯᠭᠡᠬᠦ ᠢᠶᠠᠷ ᠪᠠᠶᠢᠨ᠎ᠠ᠃               ᠨᠠᠷᠢᠨ ᠪᠠᠶᠢᠳᠠᠯ ᠨᠢ ᠬᠦᠰᠦᠨᠦᠭᠲᠦ ᠳᠤ ᠬᠠᠷᠠᠭᠤᠯᠤᠭᠰᠠᠨ ᠮᠡᠲᠦ᠄                ︵1︶ ᠳᠡᠭᠡᠷᠡᠬᠢ ᠴᠠᠯᠢᠩ ᠬᠥᠯᠥᠰᠦ ᠨᠢ ᠴᠥᠮ ᠭᠠᠶᠢᠯᠢ ᠲᠤᠰᠢᠶᠠᠬᠤ ᠠᠴᠠ ᠡᠮᠦᠨᠡᠬᠢ ᠣᠷᠣᠯᠭ᠎ᠠ ᠮᠦᠨ᠂  ᠲᠠᠪᠤᠨ ᠳᠠᠭᠠᠳᠬᠠᠯ ᠨᠢᠭᠡ ᠮᠥᠩᠭᠦ ᠶᠢ ᠪᠠᠭᠲᠠᠭᠠᠨ᠎ᠠ︔                ︵2︶ ᠰᠤᠷᠭᠠᠭᠤᠯᠢ ᠠᠴᠠ ᠳᠡᠭᠡᠳᠦ ᠰᠤᠷᠭᠠᠭᠤᠯᠢ᠂ ᠰᠢᠨᠵᠢᠯᠡᠭᠡᠨ ᠤ ᠰᠠᠯᠠᠭ᠎ᠠ᠂  ᠲᠥᠷᠥᠯ ᠵᠦᠢᠯ᠂  ᠲᠠᠪᠴᠠᠩ ᠵᠢᠴᠢ ᠬᠠᠮᠲᠤᠷᠠᠨ ᠠᠵᠢᠯᠯᠠᠬᠤ ᠵᠢᠯᠣᠭᠤᠳᠤᠭᠴᠢ ᠪᠠᠭᠰᠢ ᠶᠢᠨ ᠰᠢᠯᠢᠳᠡᠭ ᠫᠤᠰᠲ ᠳ᠋ᠣᠺᠲ᠋ᠣᠷ ᠲᠤ ᠢᠯᠡᠭᠦᠴᠡ  ᠨᠥᠬᠦᠪᠦᠷᠢ  ᠪᠤᠶᠤ  ᠱᠠᠩᠨᠠᠯ ᠣᠯᠭᠤᠬᠤ ᠶᠢ ᠵᠣᠷᠢᠭᠵᠢᠭᠤᠯᠤᠨ᠎ᠠ︔                ︵3︶ ᠰᠤᠷᠭᠠᠭᠤᠯᠢ ᠠᠴᠠ ᠳᠡᠭᠡᠳᠦ ᠰᠤᠷᠭᠠᠭᠤᠯᠢ  ︵ᠨᠡᠭᠦᠳᠡᠯ  ᠥᠷᠲᠡᠭᠡ︶᠂  ᠬᠠᠮᠲᠤᠷᠠᠯᠴᠠᠭᠠᠨ ᠤ  ᠵᠢᠯᠣᠭᠤᠳᠤᠭᠴᠢ ᠪᠠᠭᠰᠢ ᠪᠣᠯᠣᠨ ᠰᠤᠷᠭᠠᠭᠤᠯᠢ ᠶᠢᠨ ᠭᠠᠳᠠᠨᠠᠬᠢ ᠰᠢᠨ᠎ᠡ ᠶᠢ ᠡᠭᠦᠳᠬᠦ ᠠᠴᠢᠶᠠᠯᠠᠪᠤᠷᠢ ᠲᠠᠢ ᠬᠠᠮᠲᠤᠷᠠᠨ ᠫᠤᠰᠲ ᠳ᠋ᠣᠺᠲ᠋ᠣᠷ ᠢ ᠡᠯᠰᠡᠵᠦ᠂ ᠫᠤᠰᠲ ᠳ᠋ᠣᠺᠲ᠋ᠣᠷ ᠲᠤ ᠨᠠᠩ ᠰᠠᠶᠢᠨ ᠰᠢᠨᠵᠢᠯᠡᠬᠦ  ᠤᠬᠠᠭᠠᠨ ᠤ  ᠰᠤᠳᠤᠯᠭᠠᠨ ᠤ  ᠲᠠᠪᠴᠠᠩ  ᠪᠠ  ᠨᠠᠩ  ᠳᠠᠪᠠᠭᠤᠯᠢᠭ  ᠴᠠᠯᠢᠩ ᠣᠯᠭᠤᠮᠵᠢ ᠶᠢ ᠬᠠᠩᠭᠠᠬᠤ ᠶᠢ ᠵᠣᠷᠢᠭᠵᠢᠭᠤᠯᠤᠨ᠎ᠠ᠃                ︵4︶ ᠥᠷᠲᠡᠭᠡᠨ ᠠᠴᠠ ᠭᠠᠷᠤᠭᠰᠠᠨ ᠤ  ᠳᠠᠷᠠᠭ᠎ᠠ  ᠥᠪᠥᠷ  ᠮᠣᠩᠭᠤᠯ ᠤᠨ  ᠥᠪᠡᠷᠲᠡᠭᠡᠨ  ᠵᠠᠰᠠᠬᠤ  ᠣᠷᠣᠨ ᠳ᠋ᠤ᠋‌ᠦᠯᠡᠳᠡᠵᠦ ᠠᠵᠢᠯᠯᠠᠭᠰᠠᠳ ᠲᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠢ ᠡᠬᠢᠯᠡᠭᠦᠯᠬᠦ ᠵᠠᠷᠤᠳᠠᠯ ᠢ‌ᠠᠰ ᠲᠤᠨᠢ 30 ᠲᠦᠮᠡᠨ ᠲᠥᠭᠦᠷᠢᠭ ᠣᠯᠭᠤᠨ᠎ᠠ᠃
ᠢᠷᠡᠯᠲᠡ᠄ ᠠᠷᠠᠳ ᠤᠨ ᠰᠦᠯᠵᠢᠶ᠎ᠡ