ᠳᠠᠷᠠᠭ᠎ᠠ ᠰᠠᠷ᠎ᠠ ᠠᠴᠠ ᠴᠠᠯᠢᠩ ᠳᠤ ᠴᠢᠨᠢ ᠢᠯᠡᠭᠦᠦ ᠨᠢᠭᠡ ᠪᠦᠯᠦᠭ ᠵᠣᠭᠤᠰ ᠤᠷᠤᠵᠤ ᠢᠷᠡᠵᠦ ᠮᠡᠳᠡᠨ᠎ᠡ᠂ ᠵᠠᠯᠭᠠᠭᠠᠳ 3 ᠰᠠᠷ᠎ᠠ ᠥᠭᠭᠦᠨ᠎ᠡ ᠰᠢᠦ︕
ᠨᠡᠶᠢᠲᠡᠯᠡᠭᠰᠡᠨ ᠴᠠᠭ᠄
2023/5/19
        6 ᠰᠠᠷ᠎ᠠ ᠠᠴᠠ ᠡᠬᠢᠯᠡᠨ ᠴᠠᠯᠢᠩ ᠳᠤ ᠴᠢᠨᠢ ᠢᠯᠡᠭᠦᠦ ᠨᠢᠭᠡ ᠪᠦᠯᠦᠭ ᠵᠤᠭᠤᠰ ᠤᠷᠤᠵᠤ ᠢᠷᠡᠨ᠎ᠠ᠂ ᠲᠡᠷᠡ ᠨᠢ  ᠳᠠᠷᠤᠶ ᠥᠨᠳᠥᠷ ᠬᠠᠯᠠᠭᠤᠨ ᠤ ᠨᠥᠬᠦᠪᠥᠷᠢ ᠪᠤᠯᠤᠨ᠎ᠠ︕                ︽ᠠᠯᠪᠠᠨ ᠭᠡᠷ ᠲᠤ ᠰᠠᠭᠤᠵᠤ ᠠᠵᠢᠯᠯᠠᠳᠠᠭ ᠬᠦᠮᠦᠰ︾ ᠲᠤ ᠥᠨᠳᠥᠷ ᠬᠠᠯᠠᠭᠤᠨ ᠤ ᠨᠥᠬᠦᠪᠥᠷᠢ ᠪᠠᠶᠢᠨ᠎ᠠ ᠤᠤ︖                ᠭᠠᠳᠠᠨ᠎ᠠ ᠠᠵᠢᠯᠯᠠᠳᠠᠭ ᠬᠦᠮᠦᠰ ᠠᠴᠠ ᠭᠠᠳᠠᠨ᠎ᠠ᠂ ᠠᠵᠤ ᠠᠬᠤᠶᠢᠯᠠᠯ ᠨᠢ ᠠᠯᠪᠠᠨ ᠬᠡᠷ ᠪᠤᠶᠤ ᠬᠡᠷ ᠲᠤᠳᠤᠷ᠎ᠠ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠳᠤ ᠪᠠᠰᠠ ᠦᠨᠳᠦᠷ ᠬᠠᠯᠠᠭᠤᠨ ᠤ ᠨᠥᠬᠦᠪᠥᠷᠢ ᠥᠭᠬᠦ ᠴᠢᠬᠤᠯᠠᠲᠠᠶ ᠪᠠᠶᠢᠵᠤ ᠮᠡᠳᠡᠨ᠎ᠡ᠂ ᠬᠡᠯᠡᠯᠭᠡᠨ ᠥᠬᠡᠶ ᠡᠭᠦᠨ ᠤ ᠤᠷᠢᠳᠠᠯ ᠪᠤᠯ ᠪᠦᠲᠦᠮᠵᠢᠲᠡᠶ ᠠᠷᠭ᠎ᠠ ᠬᠡᠮᠵᠢᠶ᠎ᠡ  ᠠᠪᠴᠤ  ᠪᠠᠶᠢᠭᠠᠳ  ᠠᠵᠢᠯᠯᠠᠬᠤ  ᠭᠠᠵᠠᠷ ᠤᠨ  ᠬᠠᠯᠠᠭᠤᠨ ᠤ ᠬᠡᠮᠵᠢᠶ᠎ᠡ ᠶᠢ 33 °C ᠠᠴᠠ ᠳᠣᠷᠣᠭᠰᠢ ᠪᠣᠯᠭᠠᠵᠤ ᠪᠣᠯᠬᠤ ᠥᠬᠡᠶ ︵33 °C ᠪᠠᠭᠲᠠᠬᠤ ᠥᠬᠡᠶ︶᠃                ᠤᠮᠳᠠᠭᠠᠨ ᠲᠠᠷᠬᠠᠭᠠᠨ ᠦᠭᠭᠦ ᠪᠠᠷ ᠦᠨᠳᠦᠷ ᠬᠠᠯᠠᠭᠤᠨ ᠤ ᠨᠥᠬᠦᠪᠥᠷᠢ ᠶᠢ ᠤᠷᠤᠯᠠᠭᠤᠯᠵᠤ ᠪᠣᠯᠤᠨ᠎ᠠ ᠦᠦ︖                ᠲᠣᠭᠲᠠᠭᠠᠯ ᠢ ᠦᠨᠳᠦᠰᠦᠯᠡᠪᠡᠯ᠂ ᠬᠥᠮᠦᠨ ᠬᠡᠷᠡᠭᠯᠡᠬᠦ ᠨᠢᠭᠡᠴᠡ ᠨᠢ  ᠥᠨᠳᠥᠷ  ᠬᠠᠯᠠᠭᠤᠨ  ᠤᠷᠴᠢᠨ ᠳᠤ ᠠᠵᠢᠯᠯᠠᠵᠤ ᠪᠠᠶᠢᠭ᠎ᠠ ᠪᠠ ᠥᠨᠳᠥᠷ ᠬᠠᠯᠠᠭᠤᠨ ᠡᠳᠦᠷ ᠠᠵᠢᠯᠯᠠᠵᠤ ᠪᠠᠶᠢᠭ᠎ᠠ  ᠬᠥᠳᠡᠯᠮᠦᠷᠢᠴᠢᠨ ᠳᠤ᠂ ᠨᠠᠷᠠᠰᠢᠬᠤ ᠠᠴᠠ  ᠰᠡᠷᠭᠡᠶᠢᠯᠡᠬᠦ  ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠭᠰᠡᠨ ᠭᠦᠢᠴᠡᠳ ᠬᠡᠮᠵᠢᠶᠡᠨ ᠤ  ᠤᠮᠳᠠᠭᠠᠨ  ᠵᠢᠴᠢ  ᠴᠢᠬᠤᠯᠠ  ᠪᠦᠬᠦᠢ  ᠡᠮ  ᠲᠠᠩ ᠢ ᠬᠠᠩᠭᠠᠬᠤ ᠬᠡᠷᠡᠭᠲᠡᠢ᠃ ᠠᠩᠬᠠᠷᠬᠤ ᠴᠢᠬᠤᠯᠠᠲᠠᠶ  ᠵᠦᠢᠯ  ᠭᠡᠪᠡᠯ᠂ ᠨᠠᠷᠠᠰᠢᠬᠤ ᠶᠢ ᠰᠡᠷᠭᠡᠶᠢᠯᠡᠵᠦ  ᠬᠠᠯᠠᠭᠤᠨ ᠢ  ᠪᠠᠭᠤᠷᠠᠭᠤᠯᠬᠤ ᠤᠮᠳᠠᠭᠠᠨ᠂ ᠨᠣᠭᠤᠭᠠᠨ ᠪᠤᠷᠴᠠᠭ ᠤᠨ ᠰᠥᠮᠥᠰᠦ᠂ ᠡᠳ᠋ ᠪᠣᠳᠠᠰ ᠵᠡᠷᠭᠡ ᠪᠠᠷ ᠬᠠᠯᠠᠭᠤᠨ ᠤ ᠨᠥᠬᠦᠪᠥᠷᠢ ᠶᠢ ᠣᠷᠣᠯᠠᠭᠤᠯᠵᠤ ᠪᠣᠯᠬᠤ ᠥᠬᠡᠶ᠃                 ᠥᠨᠳᠥᠷ ᠬᠠᠯᠠᠭᠤᠨ ᠤ ᠨᠥᠬᠦᠪᠥᠷᠢ ᠪᠣᠯᠤᠨ ᠨᠠᠷᠠᠰᠢᠬᠤ ᠠᠴᠠ ᠰᠡᠷᠭᠡᠶᠢᠯᠡᠬᠦ ᠵᠠᠷᠤᠳᠠᠯ ᠨᠢ ᠠᠳᠠᠯᠢ ᠦᠦ︖                ᠨᠠᠷᠠᠰᠢᠬᠤ ᠶᠢ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠵᠠᠷᠤᠳᠠᠯ ᠨᠢ ᠥᠨᠳᠥᠷ ᠳᠤᠯᠠᠭᠠᠨ ᠤ ᠨᠥᠬᠦᠪᠥᠷᠢ ᠲᠠᠢ ᠠᠳᠠᠯᠢ ᠥᠬᠡᠶ ᠶᠤᠮ᠃                ᠥᠨᠳᠥᠷ  ᠬᠠᠯᠠᠭᠤᠨ ᠤ  ᠨᠥᠬᠦᠪᠥᠷᠢ  ᠪᠣᠯ  ᠬᠥᠳᠡᠯᠮᠦᠷᠢᠴᠢᠳ ᠤᠨ  ᠵᠤᠨ ᠤ  ᠤᠯᠠᠷᠢᠯ ᠤᠨ  ᠥᠨᠳᠥᠷ  ᠬᠠᠯᠠᠭᠤᠨ ᠣᠷᠴᠢᠨ ᠳᠤ ᠠᠵᠢᠯᠯᠠᠬᠤ ᠳᠤ ᠵᠠᠷᠤᠴᠠᠭᠤᠯᠬᠤ ᠬᠡᠪ ᠠᠴᠠ  ᠲᠠᠪᠠᠭᠰᠠᠨ  ᠬᠥᠳᠡᠯᠮᠦᠷᠢ ᠶᠢᠨ  ᠬᠤᠷᠣᠭᠳᠠᠯ ᠤᠨ  ᠨᠢᠭᠡ  ᠵᠦᠢᠯ ᠤᠨ ᠢᠯᠡᠭᠦᠴᠡ ᠨᠥᠬᠦᠪᠥᠷᠢ  ᠪᠣᠯᠤᠨ᠎ᠠ᠃ ᠥᠨᠳᠥᠷ ᠬᠠᠯᠠᠭᠤᠨ ᠤ ᠨᠥᠬᠦᠪᠥᠷᠢ ᠥᠭᠬᠦ ᠪᠣᠯ ᠬᠥᠮᠦᠨ ᠬᠡᠷᠡᠭᠯᠡᠬᠦ ᠨᠢᠭᠡᠴᠡ ᠶᠢᠨ ᠬᠠᠤᠯᠢ ᠪᠠᠷ‌‍ᠲ᠋ᠣᠭᠲᠠᠭᠠᠭᠰᠠᠨ ᠡᠭᠦᠷᠭᠡ ᠮᠥᠨ᠃                ᠨᠠᠷᠠᠰᠢᠬᠤ ᠶᠢ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠵᠠᠷᠤᠳᠠᠯ ᠪᠣᠯ ᠠᠵᠢᠯᠳᠠᠨ ᠠᠵᠢᠯᠴᠢᠨ ᠤ ᠠᠰᠠᠷᠠᠮᠵᠢ  ᠮᠥᠨ᠂ ᠨᠠᠷᠠᠰᠢᠬᠤ ᠶᠢ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠵᠠᠷᠤᠳᠠᠯ ᠤᠨ ᠮᠦᠡᠭᠭᠦ ᠥᠭᠬᠦ  ᠡᠰᠡᠬᠦ  ᠵᠢᠴᠢ  ᠥᠭᠬᠦ  ᠪᠠᠷᠢᠮᠵᠢᠶ᠎ᠠ ᠶᠢ ᠴᠥᠮ ᠬᠥᠮᠦᠨ ᠬᠡᠷᠡᠭᠯᠡᠵᠦ ᠪᠠᠶᠢᠭ᠎ᠠ ᠨᠢᠭᠡᠴᠡ ᠲᠦᠷᠢᠮ ᠲᠣᠭᠲᠠᠭᠠᠯ᠂  ᠬᠠᠮᠲᠤ ᠶᠢᠨ  ᠭᠡᠷ᠎ᠡ  ᠪᠤᠶᠤ  ᠬᠥᠳᠡᠯᠮᠦᠷᠢ ᠶᠢᠨ  ᠭᠡᠷ᠎ᠡ ᠳᠤ ᠲᠣᠭᠲᠠᠭᠠᠬᠤ ᠪᠤᠶᠤ ᠪᠣᠯᠵᠣᠨ ᠲᠣᠭᠲᠠᠭᠠᠨ᠎ᠠ᠃                ᠪᠠᠶᠢᠭᠤᠯᠤᠯᠭ᠎ᠠ ᠨᠢᠭᠡᠴᠡ ᠨᠢ ᠥᠨᠳᠥᠷ ᠬᠠᠯᠠᠭᠤᠨ ᠤ ᠨᠥᠬᠦᠪᠥᠷᠢ ᠥᠭᠬᠦ ᠦᠭᠡᠢ ᠪᠤᠯ ᠶᠠᠭᠠᠬᠢᠬᠤ ᠪᠤᠢ︖                ᠬᠡᠷᠪᠡ ᠬᠥᠮᠦᠨ ᠬᠡᠷᠡᠭᠯᠡᠵᠦ ᠪᠠᠶᠢᠭ᠎ᠠ ᠨᠢᠭᠡᠴᠡ ᠨᠢ ᠥᠨᠳᠥᠷ ᠬᠠᠯᠠᠭᠤᠨ ᠤ ᠨᠥᠬᠦᠪᠥᠷᠢ ᠥᠭᠬᠦ ᠲᠠᠯ᠎ᠠ ᠪᠠᠷ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠥᠳᠡᠯᠮᠦᠷᠢᠴᠢᠨ ᠠᠵᠢᠯᠴᠢᠨ ᠤ ᠡᠪᠯᠡᠯ ᠠᠴᠠ ᠲᠤᠰᠠᠯᠠᠮᠵᠢ ᠡᠷᠢᠵᠦ ᠪᠣᠯᠤᠨ᠎ᠠ᠂ ᠠᠵᠢᠯᠴᠢᠨ ᠤ  ᠡᠪᠯᠡᠯ ᠤᠨ ᠵᠣᠬᠢᠶᠠᠨ ᠪᠠᠶᠢᠭᠤᠯᠤᠯᠲᠠ ᠨᠢ ᠬᠥᠮᠦᠨ ᠬᠡᠷᠡᠭᠯᠡᠵᠦ ᠪᠠᠶᠢᠭ᠎ᠠ ᠨᠢᠭᠡᠴᠡ ᠶᠢ ᠴᠠᠭ ᠲᠤᠬᠠᠢ ᠳᠤᠨᠢ ᠵᠠᠯᠠᠷᠠᠭᠤᠯᠤᠭᠤᠯᠬᠤ ᠪᠠᠷ ᠱᠠᠭᠠᠷᠳᠠᠬᠤ ᠡᠷᠬᠡ ᠲᠠᠢ᠃                ᠡᠭᠦᠨ ᠠᠴᠠ ᠭᠠᠳᠠᠨ᠎ᠠ᠂ ᠬᠥᠳᠡᠯᠮᠦᠷᠢᠴᠢᠨ ᠪᠠᠰᠠ ᠨᠡᠶᠢᠭᠡᠮ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠵᠡᠷᠭᠡ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠥᠮᠦᠨ ᠬᠡᠷᠡᠭᠯᠡᠵᠦ ᠪᠠᠶᠢᠭ᠎ᠠ ᠨᠢᠭᠡᠴᠡ ᠶᠢ ᠵᠠᠷᠯᠢᠭᠳᠠᠨ ᠴᠡᠭᠴᠡᠯᠡᠨ ᠥᠭᠡᠷᠡᠴᠢᠯᠡᠭᠦᠯᠬᠦ ᠂ ᠵᠠᠰᠠᠭ ᠵᠠᠬᠢᠷᠭᠠᠨ ᠤ ᠰᠢᠢᠳᠭᠡᠯ ᠥᠭᠬᠦ ᠵᠡᠷᠭᠡ ᠠᠷᠭ᠎ᠠ  ᠬᠡᠮᠵᠢᠶ᠎ᠡ ᠠᠪᠴᠤ ᠪᠠᠶᠢᠭᠠᠳ ᠬᠦᠳᠡᠯᠮᠦᠷᠢᠴᠢᠳ ᠤᠨ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠪᠣᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ