ᠤᠨᠳᠤᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠲᠤᠭᠠᠴᠠᠭ᠎ᠠ ᠬᠢᠬᠦ ᠲᠤᠬᠠᠢ ᠬᠠᠷᠢᠭᠤᠯᠳᠠ
ᠨᠡᠶᠢᠲᠡᠯᠡᠭᠰᠡᠨ ᠴᠠᠭ᠄
2023/5/19
        ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠨᠡᠶᠢᠳᠡᠯᠡᠭᠰᠡᠨ ᠲᠤᠭ᠎ᠠ ᠪᠠᠷᠢᠮᠳᠠ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ 2023 ᠤᠨ ᠤ ᠨᠢᠬᠡᠳᠦᠬᠡᠷ ᠤᠯᠠᠷᠢᠯ ᠳᠤ ᠤᠯᠤᠰ ᠤᠨ ᠨᠢᠬᠡᠳᠦᠯᠳᠡᠢ ᠰᠦᠯᠵᠢᠶᠡᠨ ᠲᠡᠭᠡᠷ᠎ᠡ ᠲᠠᠩᠰᠠᠯᠠᠭᠤᠯᠬᠤ ᠠᠷᠭ᠎ᠠ ᠵᠠᠮ ᠢᠶᠠᠷ 171.05 ᠲᠦᠮᠡᠨ ᠬᠦᠮᠦᠨ ᠤᠳᠠᠭ᠎ᠠ ᠶᠢᠨ ᠲᠠᠩᠰᠠᠯᠠᠭᠤᠯᠤᠯᠳᠠ ᠶᠢ ᠠᠮᠵᠢᠯᠳᠠ ᠲᠠᠢ ᠬᠦᠢᠴᠡᠳᠬᠡᠭᠰᠡᠨ ᠪᠠᠶᠢᠨ᠎ᠠ᠃ ᠤᠳᠤᠬᠠᠨ ᠳᠤ ᠪᠤᠢ ᠪᠦᠬᠦᠢ ᠠᠵᠢᠯᠳᠠᠨ ᠠᠵᠢᠯᠴᠢᠨ ᠤ ᠡᠮᠴᠢᠯᠡᠬᠡᠨ ᠤ ᠪᠠᠳᠤᠯᠠᠭ᠎ᠠ ᠪᠠ ᠰᠠᠭᠤᠭᠠᠯᠢ ᠠᠷᠠᠳ ᠤᠨ ᠡᠮᠴᠢᠯᠡᠬᠡᠨ ᠤ ᠪᠠᠳᠤᠯᠠᠭ᠎ᠠ ᠳᠤ ᠤᠷᠤᠯᠴᠠᠭᠰᠠᠨ ᠬᠦᠮᠦᠰ ᠴᠦᠮ ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠦᠢᠯᠡᠴᠢᠯᠡᠬᠡᠨ ᠤ ᠲᠠᠪᠴᠡᠩ ᠤᠨ APP ᠪᠠ ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠵᠢᠷᠬᠢᠶ᠎ᠠ ᠶᠢᠨ ᠨᠡᠶᠢᠳᠡ ᠶᠢᠨ ᠳ᠋ᠤᠭᠠᠷ ᠢᠶᠠᠷ ᠮᠤᠵᠢ ᠠᠯᠤᠰᠯᠠᠨ ᠤᠨᠳᠤᠤ ᠭᠠᠵᠠᠷ ᠲᠤ ᠡᠮᠴᠢᠯᠡᠬᠦᠯᠬᠦ ᠰᠦᠯᠵᠢᠶᠡᠨ ᠲᠡᠭᠡᠷᠡᠬᠢ ᠲᠠᠩᠰᠠᠯᠠᠭᠤᠯᠤᠯᠳᠠ ᠶᠢ ᠪᠡᠶᠡᠯᠡᠬᠦᠯᠵᠦ ᠪᠤᠯᠤᠨ᠎ᠠ᠃        ᠵᠠᠷᠢᠮ ᠡᠪᠡᠳᠴᠢᠳᠡᠨ ᠤᠨᠳᠤᠤ ᠭᠠᠵᠠᠷ ᠲᠤ ᠡᠮᠴᠢᠯᠡᠬᠦᠯᠬᠦ ᠪᠠᠨ ᠲᠠᠩᠰᠠᠯᠠᠭᠤᠯᠬᠤ᠂ ᠡᠬᠦᠳᠡᠨ ᠡᠮᠨᠡᠯᠬᠡ ᠶᠢᠨ ᠠᠷᠬᠠᠭ ᠡᠪᠡᠳᠴᠢᠨ ᠢ ᠳ᠋ᠥᠡᠭᠨᠡᠨ ᠪᠤᠳᠤᠬᠤ ᠵᠡᠷᠬᠡ ᠲᠠᠯ᠎ᠠ ᠪᠠᠷ ᠮᠠᠳᠠᠭ ᠲᠠᠢ ᠠᠰᠠᠭᠤᠳᠠᠯ ᠲᠤᠷᠠᠳᠴᠠᠢ᠃ ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠲᠤᠪᠴᠢᠶ᠎ᠠ ᠤᠶᠢᠷ᠎ᠠ ᠳᠤ ᠵᠠᠷᠢᠮ ᠪᠠᠶᠢᠡᠭᠭᠤ ᠲᠤᠬᠢᠶᠠᠯᠳᠤᠳᠠᠭ ᠠᠰᠠᠭᠤᠳᠠᠯ ᠢ ᠦᠨᠳᠦᠰᠦᠯᠡᠨ ᠬᠠᠷᠢᠭᠤᠯᠳᠠ ᠦᠭᠪᠡ᠃        ᠠᠰᠠᠭᠤᠯᠳᠠ᠄ ᠤᠨᠳᠤᠤ ᠭᠠᠵᠠᠷ ᠲᠤ ᠡᠮᠴᠢᠯᠡᠬᠦᠯᠬᠦ ᠶᠢ ᠲᠠᠩᠰᠠᠯᠠᠭᠤᠯᠬᠤ ᠦᠶ᠎ᠡ ᠳᠤ᠂ ︽ᠨᠢᠬᠡᠨᠳᠡ ᠲᠠᠩᠰᠠᠯᠠᠭᠤᠯᠤᠭᠰᠠᠨ ᠮᠡᠳᠡᠭᠡ ᠵᠠᠩᠭᠢ ᠲᠠᠢ ᠪᠤᠯᠤᠭᠰᠠᠨ ᠪᠤᠯᠬᠤᠷ ᠲᠠᠬᠢᠵᠤ ᠲᠠᠩᠰᠠᠯᠠᠭᠤᠯᠬᠤ ᠴᠢᠬᠤᠯᠠ ᠦᠬᠡᠢ︾ ᠬᠡᠵᠦ ᠰᠠᠨᠠᠭᠤᠯᠤᠨ᠎ᠠ᠃ ᠬᠡᠪᠡᠴᠦ ᠡᠮᠴᠢᠯᠡᠬᠡᠨ ᠤ ᠪᠠᠳᠤᠯᠠᠭ᠎ᠠ ᠳᠤ ᠤᠷᠤᠭᠰᠠᠳ ᠶᠡᠷᠦ ᠠᠴᠠ ᠰᠦᠯᠵᠢᠶᠡᠨ ᠲᠡᠭᠡᠷ᠎ᠡ ᠲᠠᠩᠰᠠᠯᠠᠭᠤᠯᠵᠤ ᠦᠡᠭᠭᠡᠷᠡᠭᠰᠡᠨ ᠦᠬᠡᠢ᠂ ᠠᠯᠢ ᠡᠷᠳᠡ ᠲᠦᠷᠦᠯ ᠰᠠᠳᠤᠨ ᠨᠠᠶᠢᠵᠠ ᠨᠦᠬᠦᠳ ᠨᠢ ᠬᠠᠪᠰᠤᠷᠴᠤ ᠰᠶᠢᠳᠪᠦᠷᠢᠯᠡᠵᠦ ᠦᠡᠭᠭᠡᠷᠡᠭᠰᠡᠨ ᠪᠠᠶᠢᠪᠠᠯ᠂ ᠲᠡᠲᠡ ᠲᠠᠩᠰᠠᠯᠠᠭᠤᠯᠤᠭᠰᠠᠨ ᠮᠡᠳᠡᠭᠡ ᠵᠠᠩᠭᠢ ᠪᠠᠨ ᠬᠠᠮᠢᠭ᠎ᠠ ᠠᠴᠠ ᠡᠷᠢᠵᠤ ᠤᠯᠵᠤ ᠴᠢᠳᠠᠬᠤ ᠪᠤᠢ︖        ᠬᠠᠷᠢᠭᠤᠯᠳᠠ᠄ ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠦᠢᠯᠡᠴᠢᠯᠡᠬᠡᠨ ᠤ ᠲᠠᠪᠴᠡᠩ ᠤᠨ APP ᠪᠤᠶᠤ ᠤᠯᠤᠰ ᠤᠨ ᠤᠨᠳᠤᠤ ᠭᠠᠵᠠᠷ ᠲᠤ ᠡᠮᠴᠢᠯᠡᠬᠦᠯᠬᠦ ᠶᠢ ᠲᠠᠩᠰᠠᠯᠠᠭᠤᠯᠬᠤ ᠵᠢᠷᠬᠢᠶ᠎ᠠ ᠶᠢᠨ ᠵᠢᠵᠢᠭ ᠫᠷᠣᠭ᠍ᠷᠡᠮ ᠳᠤ ᠤᠷᠤᠵᠤ᠂ ᠰᠦᠯᠵᠢᠶᠡᠨ ᠲᠡᠭᠡᠷ᠎ᠡ ︽ᠤᠨᠳᠤᠤ ᠭᠠᠵᠠᠷ ᠲᠤ ᠡᠮᠴᠢᠯᠡᠬᠦᠯᠬᠦ ᠶᠢ ᠲᠠᠩᠰᠠᠯᠠᠭᠤᠯᠬᠤ ︾ ᠶᠢ ᠲᠤᠪᠴᠢᠳᠠᠨ ᠤᠷᠤᠵᠤ᠂ ᠲᠠᠬᠢᠭᠠᠳ ᠨᠢᠭᠤᠷ ᠤᠨ ᠲᠤᠤᠷ᠎ᠠ ᠲᠠᠯ᠎ᠠ ᠶᠢᠨ ︽ᠲᠠᠩᠰᠠᠯᠠᠨ ᠲᠡᠮᠳᠡᠭᠯᠡᠬᠦ︾ ᠶᠢ ᠲᠤᠪᠴᠢᠳᠠᠵᠤ᠂ ᠤᠨᠳᠤᠤ ᠭᠠᠵᠠᠷ ᠲᠤ ᠡᠮᠴᠢᠯᠡᠬᠦᠯᠬᠦ ᠶᠢ ᠲᠠᠩᠰᠠᠯᠠᠭᠤᠯᠬᠤ ᠬᠠᠭᠤᠳᠠᠰᠤᠨ ᠳᠤ ᠤᠷᠤᠪᠠᠯ ᠤᠨᠳᠤᠤ ᠭᠠᠵᠠᠷ ᠲᠤ ᠡᠮᠴᠢᠯᠡᠬᠦᠯᠬᠦ ᠶᠢ ᠲᠠᠩᠰᠠᠯᠠᠭᠤᠯᠤᠭᠰᠠᠨ ᠪᠠᠶᠢᠳᠠᠯ ᠢᠶᠠᠨ ᠯᠠᠪᠯᠠᠵᠤ ᠪᠤᠯᠤᠨ᠎ᠠ᠃ ᠨᠢᠭᠤᠷ ᠤᠨ ᠲᠡᠭᠡᠷ᠎ᠡ ᠲᠠᠯ᠎ᠠ ᠳᠤ ᠭᠤᠷᠪᠠᠨ ᠰᠤᠩᠭᠤᠯᠳᠠ ᠲᠠᠢ᠂ ᠡᠮᠦᠨᠡᠬᠢ ᠬᠤᠶᠠᠷ ᠰᠤᠩᠭᠤᠯᠳᠠ — ︽ᠲᠦᠷᠬᠡᠨ ᠲᠠᠩᠰᠠᠯᠠᠭᠤᠯᠬᠤ︾ ᠪᠠ ︽ᠦᠪᠡᠰᠦᠪᠡᠨ ᠨᠡᠪᠳᠡᠷᠡᠬᠦᠯᠬᠦ︾ ᠪᠤᠯ ᠤᠯᠤᠰ ᠤᠨ ᠨᠢᠬᠡᠳᠦᠯᠳᠡᠢ ᠲᠠᠩᠰᠠᠯᠠᠭᠤᠯᠬᠤ ᠠᠷᠭ᠎ᠠ ᠵᠠᠮ ︵ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠦᠢᠯᠡᠴᠢᠯᠡᠬᠡᠨ ᠤ ᠲᠠᠪᠴᠡᠩ ᠤᠨ APP᠂ ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠵᠢᠷᠬᠢᠶ᠎ᠠ ᠶᠢᠨ ᠨᠡᠶᠢᠳᠡ ᠶᠢᠨ ᠳ᠋ᠤᠭᠠᠷ ᠵᠡᠷᠬᠡ ᠪᠠᠭᠳᠠᠨ᠎ᠠ︶ ᠳᠤ ᠲᠠᠩᠰᠠᠯᠠᠭᠤᠯᠬᠤ ᠶᠢ ᠬᠦᠢᠴᠡᠳᠬᠡᠬᠦ ᠪᠠᠶᠢᠴᠠᠭᠠᠨ ᠯᠠᠪᠯᠠᠬᠤ ᠰᠤᠩᠭᠤᠯᠳᠠ ᠮᠦᠨ᠃ ᠤᠤᠯ ᠤᠨ ᠰᠦᠯᠵᠢᠶᠡᠨ ᠲᠡᠭᠡᠷ᠎ᠡ ᠲᠠᠩᠰᠠᠯᠠᠭᠤᠯᠤᠭᠰᠠᠨ ᠠᠬᠢᠴᠠ ᠪᠠ ᠦᠷ᠎ᠠ ᠳ᠋ᠥᠡᠭ ᠢ ᠯᠠᠪᠯᠠᠵᠤ ᠪᠤᠯᠤᠨ᠎ᠠ᠂ ᠭᠤᠷᠪᠠᠳᠤᠭᠠᠷ ᠰᠤᠩᠭᠤᠯᠳᠠ — ︽ᠤᠷᠤᠨ ᠨᠤᠳᠤᠭ ᠤᠨ ᠲᠠᠪᠴᠡᠩ︾ ᠪᠤᠯ ᠤᠷᠤᠨ ᠨᠤᠳᠤᠭ ᠤᠨ ᠡᠮᠴᠢᠯᠡᠬᠡᠨ ᠤ ᠪᠠᠳᠤᠯᠠᠭ᠎ᠠ ᠶᠢᠨ ᠰᠠᠯᠠᠭ᠎ᠠ ᠮᠦᠴᠢᠷ ᠤᠨ ᠦᠪᠡᠰᠦᠪᠡᠨ ᠨᠡᠬᠡᠬᠡᠭᠰᠡᠨ ᠰᠦᠯᠵᠢᠶᠡᠨ ᠲᠡᠭᠡᠷ᠎ᠡ ᠲᠠᠩᠰᠠᠯᠠᠭᠤᠯᠬᠤ ᠠᠷᠭ᠎ᠠ ᠵᠠᠮ ᠪᠤᠶᠤ ᠲᠠᠭᠠᠳᠬᠠᠯ ᠳᠤ ᠤᠷᠤᠯᠴᠠᠭᠰᠠᠨ ᠭᠠᠵᠠᠷ ᠤᠨ ᠡᠮᠴᠢᠯᠡᠬᠡᠨ ᠤ ᠪᠠᠳᠤᠯᠠᠭ᠎ᠠ ᠶᠢᠨ ᠭᠠᠷᠳᠠᠨ ᠬᠦᠢᠴᠡᠳᠬᠡᠬᠦ ᠪᠠᠶᠢᠭᠤᠯᠤᠮᠵᠢ ᠶᠢᠨ ᠲᠤᠬᠠᠢ ᠶᠢᠨ ᠲᠠᠯᠠᠪᠤᠷ ᠲᠤ ᠬᠦᠢᠴᠡᠳᠬᠡᠭᠰᠡᠨ ᠪᠠᠶᠢᠴᠠᠭᠠᠨ ᠯᠠᠪᠯᠠᠬᠤ ᠰᠤᠩᠭᠤᠯᠳᠠ ᠮᠦᠨ᠂ ᠪᠠᠶᠢᠴᠠᠭᠠᠨ ᠯᠠᠪᠯᠠᠭᠰᠠᠨ ᠬᠦᠴᠦᠨ ᠪᠦᠬᠦᠢ ᠲᠠᠩᠰᠠᠯᠠᠭᠤᠯᠤᠭᠰᠠᠨ ᠪᠠᠶᠢᠳᠠᠯ ᠢ ᠰᠤᠩᠭᠤᠵᠤ ᠪᠤᠯᠤᠨ᠎ᠠ᠂ ᠡᠬᠦᠨ ᠳᠤ ᠲᠠᠩᠰᠠᠯᠠᠭᠤᠯᠤᠭᠰᠠᠨ ᠭᠠᠵᠠᠷ ᠪᠠ ᠲᠠᠩᠰᠠᠯᠠᠭᠤᠯᠬᠤ ᠬᠦᠴᠦᠨ ᠲᠠᠢ ᠬᠤᠭᠤᠴᠠᠭ᠎ᠠ ᠶᠢ ᠪᠠᠭᠳᠠᠭᠠᠨ᠎ᠠ᠃        ᠲᠠᠭᠠᠳᠬᠠᠯ ᠳᠤ ᠤᠷᠤᠭᠰᠠᠳ ᠰᠦᠯᠵᠢᠶᠡᠨ ᠲᠡᠭᠡᠷ᠎ᠡ ᠲᠠᠩᠰᠠᠯᠠᠭᠤᠯᠬᠤ ᠠᠴᠠ ᠡᠮᠦᠨ᠎ᠡ ᠪᠤᠶᠤ ᠰᠦᠯᠵᠢᠶᠡᠨ ᠲᠡᠭᠡᠷ᠎ᠡ ᠲᠡᠩᠰᠠᠯᠠᠭᠤᠯᠤᠭᠰᠠᠨ ᠰᠠᠨᠠᠭᠤᠯᠭ᠎ᠠ ᠶᠢ ᠨᠢᠬᠡᠨᠳᠡ ᠲᠡᠩᠰᠠᠯᠠᠭᠤᠯᠤᠭᠰᠠᠨ ᠦᠶ᠎ᠡ ᠳᠤ᠂ ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠦᠢᠯᠡᠴᠢᠯᠡᠬᠡᠨ ᠤ ᠲᠠᠪᠴᠡᠩ ᠤᠨ APP ᠲᠤᠲᠤᠷ᠎ᠠ ᠠᠴᠠ ︽ᠤᠷᠤᠨ ᠨᠤᠳᠤᠭ ᠤᠨ ᠲᠠᠪᠴᠡᠩ︾  ᠤᠨ ᠲᠠᠩᠰᠠᠯᠠᠭᠤᠯᠤᠭᠰᠠᠨ ᠲᠡᠮᠳᠡᠭᠯᠡᠯ ᠢ ᠤᠯᠵᠤ᠂ ᠦᠪᠡᠷ ᠤᠨ ᠪᠦᠲᠦᠮᠵᠢᠳᠡᠢ ᠲᠠᠩᠰᠠᠯᠠᠭᠤᠯᠤᠭᠰᠠᠨ ᠪᠠᠶᠢᠳᠠᠯ ᠢᠶᠠᠨ ᠤᠶᠢᠯᠠᠭᠠᠵᠦ ᠪᠤᠯᠤᠨ᠎ᠠ᠃        ᠠᠰᠠᠭᠤᠯᠳᠠ᠄ ᠴᠢᠰᠤᠨ ᠲᠠᠷᠤᠯᠳᠠ ᠦᠨᠳᠦᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠤᠷᠳᠤ ᠬᠠᠪᠤᠳᠠᠷ ᠤᠨ ᠡᠬᠦᠳᠡᠨ ᠡᠮᠨᠡᠯᠬᠡ ᠶᠢᠨ ᠰᠠᠴᠤᠷᠠᠭ ᠬᠢᠮᠢ ᠶᠢᠨ ᠵᠠᠰᠠᠯ᠂ ᠰᠢᠬᠡᠰᠦᠨ ᠬᠤᠤᠷᠳᠠᠯᠭ᠎ᠠ ᠶᠢᠨ ᠡᠪᠡᠳᠴᠢᠨ ᠢ ᠨᠡᠪᠴᠢᠭᠦᠯᠤᠨ ᠢᠯᠭᠠᠷᠠᠭᠤᠯᠬᠤ ᠵᠠᠰᠠᠯ᠂ ᠡᠷᠬᠡᠳᠡᠨ ᠰᠢᠯᠵᠢᠬᠦᠯᠬᠦ ᠮᠡᠰᠨ ᠵᠠᠰᠠᠯ ᠤᠨ ᠲᠠᠷᠠᠭᠠᠬᠢ ᠤᠨᠳᠤᠤᠰᠢᠯ ᠢ ᠡᠰᠡᠷᠬᠦᠴᠡᠬᠦ ᠡᠮᠴᠢᠯᠡᠭᠡ ᠵᠡᠷᠬᠡ 5 ᠵᠦᠢᠯ ᠤᠨ ᠡᠬᠦᠳᠡᠨ ᠡᠮᠨᠡᠯᠬᠡ ᠶᠢᠨ ᠤᠳᠠᠭᠠᠨ ᠴᠢᠨᠠᠷᠳᠠᠢ ᠡᠪᠡᠳᠴᠢᠨ ᠠᠴᠠ ᠭᠠᠳᠠᠨ᠎ᠠ᠂ ᠬᠡᠷᠪᠡ ᠲᠠᠭᠠᠳᠬᠠᠯ ᠳᠤ ᠤᠷᠤᠭᠰᠠᠳ ᠨᠢ ᠪᠠᠰᠠ ᠪᠤᠰᠤᠳ ᠡᠬᠦᠳᠡᠨ ᠡᠮᠨᠡᠯᠬᠡ ᠶᠢᠨ ᠤᠳᠠᠭᠠᠨ ᠴᠢᠨᠠᠷᠳᠠᠢ ᠡᠪᠡᠳᠴᠢᠨ ᠤ ᠬᠠᠷᠠᠭᠠᠯᠵᠠᠯ ᠤᠨ ᠬᠢᠷᠢ ᠬᠡᠮ ᠲᠠᠢ ᠪᠠᠶᠢᠪᠠᠯ᠂ ᠤᠨᠳᠤᠤ ᠭᠠᠵᠠᠷ ᠲᠤ ᠡᠮᠴᠢᠯᠡᠭᠦᠯᠦᠭᠰᠡᠨ ᠬᠠᠮᠢᠶ᠎ᠠ ᠪᠦᠬᠦᠢ ᠡᠪᠡᠳᠴᠢᠨ ᠢ ᠬᠡᠷᠬᠢᠨ ᠳ᠋ᠥᠡᠭᠨᠡᠨ ᠪᠤᠳᠤᠬᠤ ᠪᠤᠢ︖        ᠬᠠᠷᠢᠭᠤᠯᠳᠠ᠄ ᠤᠳᠤᠬᠠᠨ ᠳᠤ᠂ ᠡ᠊ᠡᠭ ᠤᠨ ᠡᠬᠦᠳᠡᠨ ᠡᠮᠨᠡᠯᠬᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠥᠡᠭᠨᠡᠨ ᠪᠤᠳᠤᠬᠤ ᠨᠢᠬᠡᠳᠦᠯᠳᠡᠢ  ᠲᠦᠯᠦᠪᠯᠡᠬᠦ ᠭᠠᠵᠠᠷ ᠤᠷᠤᠨ ᠳᠤ ᠪᠦᠬᠦᠨ ᠢ ᠬᠠᠮᠤᠷᠤᠭᠰᠠᠨ ᠰᠠᠭᠤᠷᠢᠨ ᠲᠡᠭᠡᠷ᠎ᠡ᠂ ᠪᠦᠬᠦ ᠤᠯᠤᠰ ᠤᠨ ᠪᠤᠢ ᠪᠦᠬᠦᠢ ᠨᠢᠬᠡᠳᠦᠯᠳᠡᠢ ᠲᠦᠯᠦᠪᠯᠡᠬᠦ ᠭᠠᠵᠠᠷ ᠤᠷᠤᠨ ᠳᠤ ᠴᠢᠰᠤᠨ ᠲᠠᠷᠤᠯᠳᠠ ᠦᠨᠳᠦᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠤᠷᠳᠤ ᠬᠠᠪᠤᠳᠠᠷ ᠤᠨ ᠡᠬᠦᠳᠡᠨ ᠡᠮᠨᠡᠯᠬᠡ ᠶᠢᠨ ᠰᠠᠴᠤᠷᠠᠭ ᠬᠢᠮᠢ ᠶᠢᠨ ᠵᠠᠰᠠᠯ᠂ ᠰᠢᠬᠡᠰᠦᠨ ᠬᠤᠤᠷᠳᠠᠯᠭ᠎ᠠ ᠶᠢᠨ ᠡᠪᠡᠳᠴᠢᠨ ᠢ ᠨᠡᠪᠴᠢᠭᠦᠯᠤᠨ ᠢᠯᠭᠠᠷᠠᠭᠤᠯᠬᠤ᠂ ᠡᠷᠬᠡᠳᠡᠨ ᠰᠢᠯᠵᠢᠬᠦᠯᠬᠦ ᠮᠡᠰᠨ ᠵᠠᠰᠠᠯ ᠤᠨ ᠲᠠᠷᠠᠭᠠᠬᠢ ᠤᠨᠳᠤᠤᠰᠢᠯ ᠢ ᠡᠰᠡᠷᠬᠦᠴᠡᠬᠦ ᠡᠮᠴᠢᠯᠡᠭᠡ ᠵᠡᠷᠬᠡ 5 ᠵᠦᠢᠯ ᠤᠨ ᠡᠬᠦᠳᠡᠨ ᠡᠮᠨᠡᠯᠬᠡ ᠶᠢᠨ ᠤᠳᠠᠭᠠᠨ ᠴᠢᠨᠠᠷᠳᠠᠢ ᠡᠪᠡᠳᠴᠢᠨ ᠤ ᠬᠤᠯᠪᠤᠭᠳᠠᠯ ᠪᠦᠬᠦᠢ ᠡᠮᠴᠢᠯᠡᠬᠡᠨ ᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠥᠡᠭᠨᠡᠨ ᠪᠤᠳᠤᠬᠤ ᠶᠢ ᠪᠡᠶᠡᠯᠡᠬᠦᠯᠵᠡᠢ᠃ ᠬᠡᠷᠪᠡ ᠲᠠᠭᠠᠳᠬᠠᠯ ᠳᠤ ᠤᠷᠤᠭᠰᠠᠳ ᠲᠡᠭᠡᠷᠡᠬᠢ 5 ᠵᠦᠢᠯ ᠠᠴᠠ ᠭᠠᠳᠠᠨᠠᠬᠢ ᠡᠬᠦᠳᠡᠨ ᠡᠮᠨᠡᠯᠬᠡ ᠶᠢᠨ ᠤᠳᠠᠭᠠᠨ ᠴᠢᠨᠠᠷᠳᠠᠢ ᠤᠨᠴᠠ ᠡᠪᠡᠳᠴᠢᠨ ᠤ ᠬᠠᠷᠠᠭᠠᠯᠵᠠᠯ ᠤᠨ ᠬᠢᠷᠢ ᠬᠡᠮ ᠲᠠᠢ ᠪᠠᠶᠢᠪᠠᠯ᠂ ᠤᠨᠳᠤᠤ ᠭᠠᠵᠠᠷ ᠲᠤ ᠡᠮᠴᠢᠯᠡᠭᠦᠯᠦᠭᠰᠡᠨ ᠬᠠᠮᠢᠶ᠎ᠠ ᠪᠦᠬᠦᠢ ᠡᠪᠡᠳᠴᠢᠨ ᠡᠮᠬᠡᠭ ᠢ ᠡ᠊ᠡᠭ ᠤᠨ ᠡᠬᠦᠳᠡᠨ ᠡᠮᠨᠡᠯᠬᠡ ᠶᠢᠨ ᠵᠠᠷᠤᠳᠠᠯ ᠢᠶᠠᠷ ᠮᠤᠵᠢ ᠠᠯᠤᠰᠯᠠᠨ ᠰᠢᠭᠤᠳ ᠳ᠋ᠥᠡᠭᠨᠡᠨ ᠪᠤᠳᠤᠬᠤ ᠦᠬᠡᠢ ᠪᠠᠶᠢᠬᠤ ᠶᠢ ᠠᠩᠬᠠᠷᠴᠤ᠂ ᠲᠠᠭᠠᠳᠬᠠᠯ ᠳᠤ ᠤᠷᠤᠯᠴᠠᠭᠰᠠᠨ ᠭᠠᠵᠠᠷ ᠤᠨ ᠲᠤᠭᠳᠠᠭᠠᠯ ᠶᠤᠰᠤᠭᠠᠷ ᠲᠤᠭᠳᠠᠭᠰᠠᠨ ᠡᠮᠴᠢᠯᠡᠬᠡᠨ ᠤ ᠪᠠᠶᠢᠭᠤᠯᠤᠮᠵᠢ ᠳᠤ ᠪᠦᠬᠦ ᠲᠤᠭ᠎ᠠ ᠪᠠᠷ ᠦᠪᠡᠷ ᠤᠨ ᠵᠠᠷᠤᠳᠠᠯ ᠢᠶᠠᠷ ᠳ᠋ᠥᠡᠭᠨᠡᠨ ᠪᠤᠳᠤᠭᠰᠠᠨ ᠤ ᠲᠠᠷᠠᠭ᠎ᠠ᠂ ᠲᠠᠭᠠᠳᠬᠠᠯ ᠳᠤ ᠤᠷᠤᠯᠴᠠᠭᠰᠠᠨ ᠭᠠᠵᠠᠷ ᠲᠠᠭᠠᠨ ᠪᠤᠴᠠᠵᠤ ᠲᠠᠩᠰᠠ ᠲᠠᠶᠢᠯᠬᠤ ᠬᠡᠷᠡᠭᠳᠡᠢ᠃        ᠬᠡᠷᠪᠡ ᠦᠪᠡᠷ ᠤᠨ ᠡᠬᠦᠳᠡᠨ ᠡᠮᠨᠡᠯᠬᠡ ᠶᠢᠨ ᠤᠳᠠᠭᠠᠨ ᠴᠢᠨᠠᠷᠳᠠᠢ ᠤᠨᠴᠠ ᠡᠪᠡᠳᠴᠢᠨ ᠤ ᠬᠠᠷᠠᠭᠠᠯᠵᠠᠯ ᠤᠨ ᠬᠢᠷᠢ ᠬᠡᠮ ᠢᠶᠠᠨ ᠤᠶᠢᠯᠠᠭᠠᠶ᠎ᠠ ᠬᠡᠪᠡᠯ᠂ ᠤᠯᠤᠰ ᠤᠨ ᠡᠮᠴᠢᠯᠡᠬᠡᠨ ᠤ ᠪᠠᠳᠤᠯᠠᠭ᠎ᠠ ᠶᠢᠨ ᠦᠢᠯᠡᠴᠢᠯᠡᠬᠡᠨ ᠤ ᠲᠠᠪᠴᠡᠩ ᠤᠨ APP ︵国家医保服务平台︶ ᠳᠤ ᠬᠦᠷᠴᠦ ᠪᠠᠶᠢᠴᠠᠭᠠᠨ ᠯᠠᠪᠯᠠᠵᠤ ᠪᠤᠯᠤᠨ᠎ᠠ᠃                      ︵︽ᠰᠢᠨᠬᠤᠸᠠ ᠬᠤᠷᠢᠶ᠎ᠠ︾ ᠠᠴᠠ︶ 
ᠢᠷᠡᠯᠲᠡ᠄ ᠤᠷᠳᠤᠰ ᠤᠨ ᠡᠳᠤᠷ ᠤᠨ ᠰᠤᠨᠢᠨ