5 ᠰᠠᠷ᠎ᠠ ᠶᠢᠨ 16 ᠤ ᠡᠳᠦᠷ᠂ ᠨᠠᠨᠵᠢᠩ ᠤᠨ ᠴᠠᠭᠳᠠᠭᠠᠨ ᠤ ᠲᠠᠯ᠎ᠠ ᠶᠢᠨ ᠬᠢᠨ ᠪᠠᠴᠢᠮ ᠰᠡᠷᠡᠮᠵᠢᠯᠡᠭᠦᠯᠦᠯ ᠨᠡᠶᠢᠲᠡᠯᠡᠵᠦ ᠬᠡᠯᠡᠬᠦ ᠳᠡᠭᠡᠨ᠄ ᠬᠡᠦᠬᠡᠳ ᠤᠨ | ᠴᠢᠨᠢ ᠬᠡᠷᠡᠭᠯᠡᠵᠦ ᠪᠠᠶᠢᠭ᠎ᠠ ᠲᠥᠬᠦᠭᠡᠷᠦᠮᠵᠢ ᠳᠤ ᠡᠯ᠎ᠡ ᠵᠦᠢᠯ ᠤᠨ ᠨᠢᠭᠤᠴᠠ ᠪᠠᠷ ᠶᠠᠷᠢᠯᠴᠠᠬᠤ ᠵᠥᠭᠡᠯᠡᠨ ᠲᠣᠨᠤᠭ ᠤᠭᠰᠠᠷᠠᠭᠰᠠᠨ ᠡᠰᠡᠬᠦ ᠶᠢ ᠭᠡᠷ ᠤᠨ ᠠᠬᠠᠮᠠᠳ | ᠨᠠᠷ ᠲᠦᠷᠭᠡᠨ ᠪᠠᠶᠢᠴᠠᠭᠠᠵᠦ ᠦᠵᠡ ᠬᠡᠪᠡ᠃ | ᠨᠢᠭᠤᠴᠠ ᠪᠠᠷ ᠶᠠᠷᠢᠯᠴᠠᠬᠤ ᠵᠥᠭᠡᠯᠡᠨ ᠲᠤᠨᠤᠭ ᠨᠢ ᠨᠢᠭᠤᠴᠠᠯᠠᠭᠰᠠᠨ ᠮᠡᠳᠡᠭᠡ ᠬᠤᠯᠪᠣᠭᠠᠨ ᠤ ᠨᠢᠭᠤᠴᠠᠯᠠᠬᠤ ᠴᠢᠨᠠᠷ ᠨᠢ ᠴᠢᠩᠭ᠎ᠠ ᠪᠠᠶᠢᠳᠠᠭ ᠪᠦᠭᠡᠳ | ᠢᠯᠠᠩᠭᠤᠶ᠎ᠠ ︽ᠤᠩᠰᠢᠭᠰᠠᠨ ᠤ ᠲᠠᠷᠠᠭ᠎ᠠ ᠰᠢᠲᠠᠭᠠᠬᠤ︾ ᠴᠢᠳᠠᠮᠵᠢ ᠨᠢ ᠶᠠᠯᠠᠲᠤ ᠡᠲᠡᠭᠡᠳ ᠤᠨ ᠶᠠᠯ᠎ᠠ ᠬᠢᠭᠰᠡᠨ ᠭᠡᠷᠡᠴᠢ ᠪᠠᠷᠢᠮᠲᠠ ᠶᠢ ᠤᠰᠠᠳᠬᠠᠬᠤ ᠳᠤ ᠲᠦᠬᠦᠮ | ᠦᠵᠡᠭᠦᠯᠵᠦ᠂ ᠨᠢᠭᠤᠴᠠ ᠪᠠᠷ ᠶᠠᠷᠢᠯᠴᠠᠬᠤ ᠵᠥᠭᠡᠯᠡᠨ ᠲᠤᠨᠤᠭ ᠢ ︽ᠪᠤᠳᠤᠩᠭᠤᠢ ᠣᠷᠣᠨ ᠪᠦᠰᠡ︾ ᠪᠣᠯᠭᠠᠭᠰᠠᠨ ᠪᠠᠶᠢᠨ᠎ᠠ᠃ | ᠣᠳᠣᠬᠠᠨ ᠳᠤ᠂ ᠶᠠᠯᠠᠲᠤ ᠡᠲᠡᠭᠡᠳ ᠦᠢᠯᠡᠴᠢᠯᠡᠭᠦᠷ ᠢᠶᠠᠨ ᠬᠢᠯᠢ ᠶᠢᠨ ᠳᠣᠲᠣᠷ᠎ᠠ ᠠᠴᠠ ᠬᠢᠯᠢ ᠶᠢᠨ ᠭᠠᠳᠠᠨᠠᠰ᠊ ᠵᠯᠵᠢᠭᠦᠯᠵᠦ᠂ ᠮᠡᠳᠡᠭᠡ | ᠬᠤᠯᠪᠣᠭᠠᠨ ᠤ ᠪᠠᠭᠠᠵᠢ ᠶᠢ ᠤᠯᠠᠨ ᠨᠡᠶᠢᠲᠡ ᠶᠢᠨ ᠵᠥᠭᠡᠯᠡᠨ ᠲᠤᠨᠤᠭ ᠪᠠᠶᠢᠬᠰᠠᠨ ᠠᠴᠠ ᠨᠢ ᠬᠢᠯᠢ ᠶᠢᠨ ᠭᠠᠳᠠᠨᠠᠬᠢ ᠨᠢᠭᠤᠴᠠ ᠪᠠᠷ ᠶᠠᠷᠢᠯᠴᠠᠬᠤ ᠵᠥᠭᠡᠯᠡᠨ ᠲᠤᠨᠤᠭ | ᠪᠤᠶᠤ ᠬᠢᠯᠢ ᠶᠢᠨ ᠳᠣᠲᠣᠷᠠᠬᠢ ᠤᠯᠠᠨ ᠨᠡᠶᠢᠲᠡ ᠶᠢᠨ ᠨᠢᠭᠤᠴᠠ ᠪᠠᠷ ᠶᠠᠷᠢᠯᠴᠠᠬᠤ ᠵᠥᠭᠡᠯᠡᠨ ᠲᠤᠨᠤᠭ ᠪᠣᠯᠭᠠᠨ ᠥᠭᠡᠷᠡᠴᠢᠯᠡᠵᠦ᠂ ᠬᠡᠷᠡᠭ ᠦᠢᠯᠡᠳᠬᠦ ᠲᠤᠨᠤᠭ | ᠲᠥᠬᠦᠭᠡᠷᠦᠮᠵᠢ ᠶᠢ ᠤᠯᠠᠮᠵᠢᠯᠠᠯᠲᠤ ︽ᠬᠠᠭᠤᠷᠮᠠᠭ ᠰᠠᠭᠤᠷᠢ ᠦᠷᠳᠡᠭᠡ︾ ᠪᠠᠶᠢᠬᠰᠠᠨ ᠠᠴᠠ ᠨᠢ ︽ᠮᠤᠤ ᡂᠢ︾ ︵Modem pool︶᠂ GOIP | ᠂ᠳ᠋ᠤᠺᠠᠪᠤᠤ᠂ VoIP ᠪᠣᠯᠭᠠᠨ ᠥᠭᠡᠷᠡᠴᠢᠯᠡᠪᠡ᠂ ᠡᠶᠢᠮᠦᠷᠬᠦ ᠰᠢᠨ᠎ᠡ ᠣᠷᠣᠨ ᠵᠠᠢ᠂ ᠰᠢᠨ᠎ᠡ ᠲᠤᠨᠤᠭ ᠲᠥᠬᠦᠭᠡᠷᠦᠮᠵᠢ ᠶᠢ ᠠᠰᠢᠭᠯᠠᠨ ᠬᠢᠭᠰᠡᠨ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠮᠡᠷᠭᠡᠵᠢᠯ ᠤᠨ ᠴᠢᠨᠠᠷ ᠨᠢ ᠲᠦᠢᠯ ᠤᠨ ᠴᠢᠩᠭ᠎ᠠ ᠪᠦᠭᠡᠳ ᠬᠡᠷᠡᠭ ᠢ ᠪᠠᠶᠢᠴᠠᠭᠠᠨ ᠰᠢᠢᠳᠪᠦᠷᠢᠯᠡᠬᠦ ᠬᠦᠴᠢᠷᠳᠡᠯ ᠢ | ᠨᠡᠮᠡᠭᠳᠡᠭᠦᠯᠦᠭᠰᠡᠨ ᠪᠠᠶᠢᠨ᠎ᠠ᠃ | ᠨᠠᠰᠤᠨ ᠳᠤ ᠥᠯᠥ ᠭᠦᠷᠦᠭᠰᠡᠳ ᠨᠡᠶᠢᠭᠡᠮ ᠤᠨ ᠣᠷᠣᠯᠴᠠᠭ᠎ᠠ ᠬᠦᠶᠦᠭᠡᠨ ᠶᠠᠮᠠᠷ ᠴᠤ ᠲᠤᠷᠰᠢᠯᠭ᠎ᠠ ᠦᠭᠡᠢ ᠪᠤᠯᠬᠤᠷ ᠬᠠᠤᠯᠢ ᠪᠤᠰᠤ ᠡᠲᠡᠭᠡᠳ | ᠨᠢᠭᠤᠴᠠ ᠪᠠᠷ ᠶᠠᠷᠢᠯᠴᠠᠬᠤ ᠵᠥᠭᠡᠯᠡᠨ ᠲᠣᠨᠤᠭ ᠳᠡᠭᠡᠷ᠎ᠡ ᠤᠷᠠᠨ ᠰᠠᠶᠢᠬᠠᠨ ᠦᠭᠡ ᠪᠠᠷ ᠢᠶᠠᠨ ᠨᠠᠰᠤᠨ ᠳᠤ ᠥᠯᠥ ᠭᠦᠷᠦᠭᠰᠡᠳ ᠢ ᠮᠡᠬᠡᠯᠡᠨ ᠬᠤᠪᠢ ᠬᠥᠮᠦᠨ ᠤ ᠮᠡᠳᠡᠭᠡ | ᠵᠠᠩᠭᠢ ᠬᠠᠩᠭᠠᠯᠭᠠᠬᠤ ᠵᠡᠷᠭᠡ ᠠᠭᠤᠯᠭ᠎ᠠ ᠪᠠᠷ ᠲᠡᠭᠦᠨ ᠢ ᠬᠠᠤᠯᠢ ᠶᠢ ᠵᠥᠷᠢᠴᠡᠬᠦ ᠶᠠᠯᠠᠲᠤ ᠠᠵᠢᠯᠯᠠᠭ᠎ᠠ ᠶᠢᠨ ︽ᠬᠠᠮᠰᠠᠭᠠᠲᠠᠨ︾ ᠪᠣᠯᠭᠠᠵᠤ ᠪᠠᠶᠢᠬᠤ ᠪᠦᠭᠡᠳ | ᠴᠢᠨᠠᠭᠰᠢᠯᠠᠪᠠᠯ ︽ᠮᠡᠳᠡᠭᠡ ᠵᠠᠩᠭᠢ ᠵᠢᠨᠰᠦ᠋ᠯᠵᠢᠶᠡᠨ ᠤ ᠶᠠᠯᠠᠲᠤ ᠠᠵᠢᠯᠯᠠᠭ᠎ᠠ ᠶᠢ ᠬᠠᠪᠰᠤᠷᠤᠭᠰᠠᠨ ᠶᠠᠯ᠎ᠠ︾ ᠬᠢᠯᠭᠡᠵᠦ ᠪᠠᠶᠢᠨ᠎ᠠ᠃ | |