5 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ | ᠲᠥᠪ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ | ᠠᠵᠢᠯ ᠤᠨ ᠲᠣᠭᠲᠠᠭᠠᠯ︾ ᠢ ᠨᠡᠶᠢᠲᠡᠯᠡᠵᠦ᠂ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ | 6 ᠳ᠋ᠤᠭᠠᠷ ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠂ ᠡᠯ᠎ᠡ ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ | ᠲᠤᠬᠢᠷᠠᠭᠤᠯᠤᠯᠳᠠ ᠪᠤᠯ᠄ 6 ᠳ᠋ᠤᠭᠠᠷ ᠰᠠᠷ᠎ᠠ ᠶᠢᠨ 7 ᠤ ᠡᠳᠦᠷ ᠤᠨ 9᠄ 00 ᠴᠠᠭ ᠠᠴᠠ 11᠄ 30 ᠮᠢᠨᠦ᠋ᠲ ᠪᠣᠯᠲᠠᠯ᠎ᠠ ᠬᠡᠯᠡ ᠪᠢᠴᠢᠭ ᠰᠢᠯᠭᠠᠵᠦ᠂ 15᠄ 00 | ᠴᠠᠭ ᠠᠴᠠ 17᠄ 00 ᠪᠣᠯᠲᠠᠯ᠎ᠠ ᠲᠣᠭᠠᠨ ᠤ ᠤᠬᠠᠭᠠᠨ ᠰᠢᠯᠭᠠᠨ᠎ᠠ︔ 6 ᠰᠠᠷ᠎ᠠ ᠶᠢᠨ8 ᠤ ᠡᠳᠦᠷ ᠤᠨ 9᠄ 00 ᠴᠠᠭ ᠠᠴᠠ 11᠄ 30 ᠮᠢᠨᠦ᠋ᠲ | ᠪᠣᠯᠲᠠᠯ᠎ᠠ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠢ ᠰᠢᠯᠭᠠᠵᠤ᠂ | 15᠄ 00 ᠴᠠᠭ ᠠᠴᠠ 17᠄ 00 ᠴᠠᠭ ᠪᠤᠯᠳᠠᠯ᠎ᠠ ᠭᠠᠳᠠᠭᠠᠳᠤ ᠬᠡᠯᠡ ᠰᠢᠯᠭᠠᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠡᠯ᠎ᠡ ᠲᠥᠷᠥᠯ ᠤᠨ ᠰᠢᠯᠭᠠᠯᠲᠠ ᠶᠢ 6 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ | ᠶᠠᠪᠤᠭᠳᠠᠭᠤᠯᠤᠨ᠎ᠠ᠃ ᠮᠣᠩᠭᠤᠯ ᠬᠡᠯᠡ ᠪᠢᠴᠢᠭ ︵ᠬᠥᠬᠡ︶ ᠤᠨ ᠰᠢᠯᠭᠠᠯᠲᠠ ᠶᠢᠨ ᠴᠠᠭ ᠢ 6 ᠳ᠋ᠤᠭᠠᠷ ᠰᠠᠷ᠎ᠠ ᠶᠢᠨ 7 ᠤ ᠡᠳᠦᠷ ᠤᠨ 9᠄ 00 ᠴᠠᠭ ᠠᠴᠠ 11᠄ | 30 ᠮᠢᠨᠦ᠋ᠲ ᠲᠤ ᠲᠤᠬᠢᠷᠠᠭᠤᠯᠵᠤ᠂ ᠮᠣᠩᠭᠤᠯ ᠬᠡᠯᠡ ᠪᠢᠴᠢᠭ ︵ᠬᠥᠬᠡᠭᠴᠢᠨ︶ ᠤᠨ ᠰᠢᠯᠭᠠᠯᠲᠠ ᠶᠢᠨ ᠴᠠᠭ ᠢ 6 ᠳ᠋ᠤᠭᠠᠷ ᠰᠠᠷ᠎ᠠ ᠶᠢᠨ 9 ᠤ ᠡᠳᠦᠷ ᠤᠨ 9᠄ | 00 ᠴᠠᠭ ᠠᠴᠠ 11᠄30 ᠮᠢᠨᠦ᠋ᠲ ᠲᠤ ᠲᠣᠬᠢᠷᠠᠭᠤᠯᠪᠠ᠃ | ᠲᠣᠭᠲᠠᠭᠠᠯ ᠶᠣᠰᠣᠭᠠᠷ᠂ ᠡᠩ ᠤᠨ ᠲᠥᠷᠥᠯ᠂ ᠤᠷᠠᠯᠢᠭ ᠤᠨ ᠲᠥᠷᠥᠯ ᠪᠠ ᠪᠡᠶ᠎ᠡ ᠶᠢᠨ ᠲᠠᠮᠢᠷ ᠤᠨ ᠲᠥᠷᠥᠯ ᠤᠨ ᠰᠢᠯᠭᠠᠭᠤᠯᠤᠭᠴᠢ ᠨᠢ ᠰᠣᠶᠣᠯ ᠤᠨ | ᠬᠢᠴᠢᠶᠡᠯ ᠤᠨ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠡᠯ᠎ᠡ ᠲᠥᠷᠥᠯ ᠤᠨ ᠰᠢᠯᠭᠠᠭᠤᠯᠤᠭᠴᠢ ᠨᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠰᠣᠶᠣᠯ ᠤᠨ ᠬᠢᠴᠢᠶᠡᠯ ᠤᠨ ᠰᠢᠯᠭᠠᠯᠲᠠ ᠳᠤ ᠤᠷᠤᠨ᠎ᠠ᠃ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠲᠥᠷᠥᠯ᠂ ᠤᠷᠠᠯᠢᠭ ᠤᠨ ᠲᠥᠷᠥᠯ ᠪᠣᠯᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ | ᠤᠷᠠᠨ ᠵᠢᠷᠤᠭ ᠵᠢᠷᠤᠭ ᠲᠥᠯᠥᠪᠯᠡᠭᠡ ᠶᠢᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠳᠤ ᠰᠢᠯᠭᠠᠭᠤᠯᠤᠭᠴᠢ ᠨᠢ ᠰᠣᠶᠣᠯ ᠤᠨ ᠬᠢᠴᠢᠶᠡᠯ ᠤᠨ ᠰᠢᠯᠭᠠᠯᠲᠠ ᠳᠤ | ᠤᠷᠤᠬᠤ ᠠᠴᠠ ᠭᠠᠳᠠᠨ᠎ᠠ᠂ ᠪᠠᠰᠠ ᠬᠠᠷᠠᠭᠠᠯᠵᠠᠬᠰᠠᠨ ᠲᠤᠰᠬᠠᠶ ᠮᠡᠷᠭᠡᠵᠢᠯ ᠤᠨ ᠰᠢᠯᠭᠠᠯᠲᠠ ᠳᠤ ᠤᠷᠤᠨ᠎ᠠ ᠬᠡᠪᠡ᠃ | |