ᠮᠠᠨ ᠤ ᠤᠯᠤᠰ ᠤᠨ ᠤᠯᠤᠰ ᠤᠨ ᠠᠮᠤᠷ ᠲᠦᠪᠰᠢᠨ ᠢ ᠨᠥᠯᠥᠭᠡᠯᠡᠵᠦ ᠪᠠᠶᠢᠨ᠎ᠠ᠂ ᠬᠤᠳᠠᠯᠳᠤᠨ ᠠᠪᠬᠤ ᠪᠠᠨ ᠵᠤᠬᠰᠤᠭᠠᠴᠢ ︕
ᠨᠡᠶᠢᠲᠡᠯᠡᠭᠰᠡᠨ ᠴᠠᠭ᠄
2023/5/23
        ︽ᠢᠨᠲ᠋ᠧᠷ ᠰᠦᠯᠵᠢᠶᠡᠨ ᠤ ᠮᠡᠳᠡᠭᠡ ᠵᠠᠩᠭᠢᠳᠦ ᠳᠤᠮᠳᠠᠳᠤ ᠤᠯᠤᠰ︾ ᠸᠢᠴᠠᠲ ᠤᠨ ᠣᠯᠠᠨ  ᠨᠡᠶᠢᠲᠡ ᠶᠢᠨ  ᠳ᠋ᠤᠭᠠᠷ ᠤᠨ 21 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠲᠦᠷᠦᠭᠦᠬᠡᠨ ᠰᠦᠯᠵᠢᠶᠡᠨ ᠤ  ᠠᠮᠤᠷ ᠲᠦᠪᠰᠢᠨ ᠢ  ᠬᠢᠨᠠᠨ  ᠪᠠᠶᠢᠴᠠᠭᠠᠬᠤ ᠠᠯᠪᠠᠨ ᠬᠡᠷ ᠤᠨ ᠬᠢᠨ ᠬᠠᠤᠯᠢ ᠶᠣᠰᠣᠭᠠᠷ ᠮᠧᠶ ᠭᠤᠸᠠᠩ  ᠺᠣᠮᠫᠠᠨᠢ ᠶᠢᠨ ᠳᠤᠮᠳᠠᠳᠤ ᠤᠯᠤᠰ ᠲᠤ  ᠪᠣᠷᠣᠯᠠᠭᠤᠯᠵᠤ  ᠪᠠᠶᠢᠭ᠎ᠠ ᠦᠢᠯᠡᠳᠬᠦᠨ ᠳᠤ ᠰᠦᠯᠵᠢᠶᠡᠨ ᠤ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠪᠠ᠃                ᠬᠢᠨᠠᠨ ᠪᠠᠶᠢᠴᠠᠭᠠᠯᠲᠠ ᠬᠢᠬᠦ ᠪᠠᠷ ᠲᠠᠮᠵᠢᠭᠠᠳ᠂ ᠮᠧᠶ ᠭᠤᠸᠠᠩ ᠺᠣᠮᠫᠠᠨᠢ ᠶᠢᠨ  ᠦᠢᠯᠡᠳᠬᠦᠨ ᠳᠤ  ᠨᠡᠯᠢᠶᠡᠳ  ᠬᠦᠨᠳᠦ ᠨᠣᠴᠢᠲᠠᠶ ᠰᠦᠯᠵᠢᠶᠡᠨ ᠤ ᠠᠮᠤᠷ ᠲᠦᠪᠰᠢᠨ ᠤ ᠠᠰᠠᠭᠤᠳᠠᠯ ᠤᠨ ᠳᠠᠯᠳᠠ ᠬᠡᠮ ᠤᠷᠤᠰᠢᠵᠤ ᠪᠠᠶᠢᠬᠤ ᠶᠢ ᠤᠯᠵᠤ ᠮᠡᠳᠡᠵᠡᠢ᠂  ᠡᠨᠡ ᠨᠢ ᠮᠠᠨ ᠤ ᠤᠯᠤᠰ ᠤᠨ ᠵᠠᠩᠭᠢᠯᠠᠭ᠎ᠠ ᠶᠢᠨ ᠮᠡᠳᠡᠭᠡ ᠵᠠᠩᠭᠢ ᠶᠢᠨ  ᠰᠠᠭᠤᠷᠢ  ᠲᠥᠬᠦᠭᠡᠷᠦᠮᠵᠢ ᠶᠢᠨ  ᠬᠠᠩᠭᠠᠯᠭ᠎ᠠ ᠶᠢᠨ  ᠬᠡᠯᠬᠢᠶ᠎ᠡ ᠳᠤ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠤᠴᠠᠷᠠᠭᠤᠯᠵᠤ᠂ ᠮᠠᠨ ᠤ ᠤᠯᠤᠰ ᠤᠨ ᠤᠯᠤᠰ ᠤᠨ ᠠᠮᠤᠷ ᠲᠦᠪᠰᠢᠨ ᠢ ᠨᠥᠯᠥᠭᠡᠯᠡᠵᠦ ᠪᠠᠶᠢᠨ᠎ᠠ᠃ ᠡᠶᠢᠮᠦ ᠠᠴᠠ᠂ ᠰᠦᠯᠵᠢᠶᠡᠨ ᠤ ᠠᠮᠤᠷ ᠲᠦᠪᠰᠢᠨ ᠢ  ᠬᠢᠨᠠᠨ  ᠪᠠᠶᠢᠴᠠᠭᠠᠬᠤ  ᠠᠯᠪᠠᠨ  ᠬᠡᠷ  ᠠᠴᠠ ᠰᠦᠯᠵᠢᠶᠡᠨ ᠤ ᠠᠮᠤᠷ ᠲᠦᠪᠰᠢᠨ ᠤ ᠬᠢᠨᠠᠨ ᠪᠠᠶᠢᠴᠠᠭᠠᠯᠲᠠ ᠳᠤ ᠦᠯᠦ  ᠬᠢᠷᠢ  ᠲᠡᠩᠴᠡᠪᠡ  ᠭᠡᠰᠡᠨ  ᠳ᠋ᠦᠩᠨᠡᠯᠲᠡ  ᠶᠢ  ᠬᠠᠤᠯᠢ ᠶᠣᠰᠣᠭᠠᠷ ᠭᠠᠷᠭᠠᠪᠠ᠃ ︽ᠰᠦᠯᠵᠢᠶᠡᠨ ᠤ ᠠᠮᠤᠷ ᠲᠦᠪᠰᠢᠨ ᠤ ᠬᠠᠤᠯᠢ︾  ᠵᠡᠷᠭᠡ  ᠬᠠᠤᠯᠢ  ᠲᠣᠭᠲᠠᠭᠠᠯ  ᠶᠣᠰᠣᠭᠠᠷ᠂  ᠮᠠᠨ ᠤ ᠤᠯᠤᠰ ᠤᠨ ᠳᠣᠲᠣᠭᠠᠳᠤ ᠶᠢᠨ ᠵᠠᠩᠭᠢᠯᠠᠭ᠎ᠠ ᠶᠢᠨ ᠮᠡᠳᠡᠭᠡ ᠵᠠᠩᠭᠢ ᠶᠢᠨ  ᠰᠠᠭᠤᠷᠢ  ᠲᠥᠬᠦᠭᠡᠷᠦᠮᠵᠢ ᠶᠢᠨ  ᠡᠵᠡᠩᠨᠡᠭᠴᠢ  ᠨᠢ  ᠮᠧᠶ ᠭᠤᠸᠠᠩ ᠺᠣᠮᠫᠠᠨᠢ ᠶᠢᠨ ᠦᠢᠯᠡᠳᠬᠦᠨ ᠢ ᠬᠤᠳᠠᠯᠳᠤᠨ ᠠᠪᠬᠤ ᠪᠠᠨ ᠵᠤᠬᠰᠤᠪᠡᠯ ᠵᠤᠬᠢᠨ᠎ᠠ᠃         ᠡᠨᠡ ᠤᠳᠠᠭ᠎ᠠ  ᠮᠧᠶ  ᠭᠤᠸᠠᠩ  ᠺᠣᠮᠫᠠᠨᠢ ᠶᠢᠨ  ᠦᠢᠯᠡᠳᠭᠦᠨ ᠳᠤ  ᠰᠦᠯᠵᠢᠶᠡᠨ ᠤ  ᠠᠮᠤᠷ  ᠲᠦᠪᠰᠢᠨ ᠤ  ᠬᠢᠨᠠᠨ ᠪᠠᠶᠢᠴᠠᠭᠠᠯᠲᠠ ᠬᠢᠭᠰᠡᠨ ᠤ ᠵᠣᠷᠢᠯᠭ᠎ᠠ ᠪᠣᠯ ᠦᠢᠯᠡᠳᠭᠦᠨ ᠤ ᠰᠦᠯᠵᠢᠶᠡᠨ ᠤ ᠠᠮᠤᠷ  ᠲᠦᠪᠰᠢᠨ ᠤ ᠠᠰᠠᠭᠤᠳᠠᠯ ᠨᠢ ᠤᠯᠤᠰ ᠤᠨ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠳᠤ ᠬᠤᠤᠷ ᠬᠥᠨᠥᠭᠡᠯ  ᠤᠴᠠᠷᠠᠭᠤᠯᠬᠤ ᠶᠢ ᠰᠡᠷᠭᠡᠶᠢᠯᠡᠬᠦ ᠶᠢᠨ ᠲᠥᠯᠥᠭᠡ ᠶᠤᠮ᠂ ᠡᠨᠡ ᠪᠣᠯ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠪᠥᠬᠦᠶ ᠠᠷᠭ᠎ᠠ ᠬᠡᠮᠵᠢᠶ᠎ᠡ ᠮᠥᠨ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ  ᠭᠠᠳᠠᠭᠠᠳᠤ  ᠨᠡᠭᠡᠭᠡᠯᠳᠠ ᠶᠢ  ᠭᠤᠶᠢᠪᠢᠰᠢ  ᠦᠭᠡᠢ  ᠠᠬᠢᠭᠤᠯᠤᠨ᠎ᠠ᠂ ᠳᠤᠮᠳᠠᠳᠤ ᠤᠯᠤᠰ ᠤᠨ ᠬᠠᠤᠯᠢ ᠴᠠᠭᠠᠵᠠ ᠬᠠᠤᠯᠢ ᠲᠦᠷᠢᠮ ᠤᠨ ᠱᠠᠭᠠᠷᠳᠠᠯᠭ᠎ᠠ ᠶᠢ ᠵᠢᠷᠤᠮᠯᠠᠳᠠᠭ ᠯᠠ ᠶᠤᠮ ᠪᠣᠯ ᠡᠯ᠎ᠡ  ᠤᠯᠤᠰ ‍ᠤᠨ‌ᠠᠵᠤ  ᠠᠬᠤᠶᠢᠯᠠᠯ᠂  ᠡᠯ᠎ᠡ  ᠲᠦᠷᠦᠯ ᠤᠨ  ᠲᠠᠪᠴᠠᠩ ᠤᠨ  ᠦᠢᠯᠡᠳᠬᠦᠨ ᠤ  ᠦᠢᠯᠡᠴᠢᠯᠡᠭᠡ  ᠳᠤᠮᠳᠠᠳᠤ  ᠤᠯᠤᠰ ᠤᠨ  ᠵᠠᠬ᠎ᠠ ᠳᠡᠯᠭᠡᠭᠦᠷ ᠲᠤ ᠣᠷᠣᠬᠤ ᠶᠢ ᠪᠠᠶᠠᠷᠯᠠᠨ ᠤᠭᠲᠤᠨ᠎ᠠ ᠬᠡᠪᠡ᠃
ᠢᠷᠡᠯᠲᠡ᠄ ᠠᠷᠠᠳ ᠤᠨ ᠰᠦᠯᠵᠢᠶ᠎ᠡ