︽ᠨᠢᠭᠡ ᠬᠥᠮᠦᠨ ᠠᠬᠠᠳᠠᠬᠤ ᠳᠠᠭᠠᠨ ᠨᠠᠢᠮᠠ ᠤᠳᠠᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ  ᠬᠠᠯᠳᠠᠪᠤᠷᠢᠯᠠᠭᠳᠠᠬᠤ ᠶᠢ ᠲᠠᠭᠠᠭᠠᠵᠤ ᠲᠡᠶᠢᠯᠦᠨ᠎ᠡ ᠂ ᠬᠡᠷᠪᠡ ᠶᠢᠰᠦᠳᠡᠬᠢ ᠤᠳᠠᠭ᠎ᠠ ᠪᠤᠯᠪᠠᠯ ᠠᠮᠢ ᠨᠠᠰᠤ ᠪᠠᠨ ᠠᠯᠳᠠᠨ᠎ᠡ︾ ᠭᠡᠵᠢ ᠤᠤ︖ ᠡᠭᠦᠨ ᠤ ᠲᠤᠬᠠᠢ ᠲᠤᠰᠬᠠᠶ ᠮᠡᠷᠭᠡᠵᠢᠯᠲᠡᠨ ᠬᠠᠷᠢᠭᠤ ᠦᠭᠪᠡ
ᠨᠡᠶᠢᠲᠡᠯᠡᠭᠰᠡᠨ ᠴᠠᠭ᠄
2023/5/23
        ︽ᠨᠢᠭᠡ  ᠬᠥᠮᠦᠨ  ᠠᠬᠠᠳᠠᠬᠤ ᠳᠠᠭᠠᠨ  ᠨᠠᠢᠮᠠ  ᠤᠳᠠᠭ᠎ᠠ   ᠰᠢᠨ᠎ᠡ   ᠲᠢᠲᠢᠮᠯᠢᠭ   ᠠᠭᠤᠰᠬᠢᠨ   ᠦᠷᠪᠢᠰᠦᠯ ᠳᠤ ᠬᠠᠯᠳᠠᠪᠤᠷᠢᠯᠠᠭᠳᠠᠬᠤ ᠶᠢ ᠲᠠᠭᠠᠭᠠᠵᠤ ᠲᠡᠶᠢᠯᠦᠨ᠎ᠡ᠂ ᠬᠡᠷᠪᠡ ᠶᠢᠰᠦᠳᠡᠬᠢ ᠤᠳᠠᠭ᠎ᠠ ᠪᠤᠯᠪᠠᠯ ᠠᠮᠢ  ᠨᠠᠰᠤ  ᠪᠠᠨ  ᠠᠯᠳᠠᠨ᠎ᠡ︾  ᠭᠡᠵᠢ ᠤᠤ︖ ᠡᠭᠦᠨ ᠤ ᠲᠤᠬᠠᠢ ᠲᠤᠰᠬᠠᠶ ᠮᠡᠷᠭᠡᠵᠢᠯᠲᠡᠨ ᠬᠠᠷᠢᠭᠤ ᠦᠭᠪᠡ                ︽ᠨᠢᠭᠡ ᠬᠥᠮᠦᠨ ᠬᠡᠳᠦᠢ ᠡᠷᠡᠭᠦᠯ ᠴᠢᠭᠢᠷᠠᠭ᠂ ᠬᠡᠳᠦᠢ ᠢᠳᠡᠷᠡᠭᠦᠨ ᠪᠠᠶᠢᠬᠰᠠᠨ ᠴᠤ ᠲᠡᠷᠡ᠂  ᠠᠬᠠᠳᠠᠬᠤ ᠳᠠᠭᠠᠨ ᠨᠠᠢᠮᠠ ᠤᠳᠠᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠬᠤ ᠶᠢ ᠲᠠᠭᠠᠭᠠᠵᠤ ᠲᠡᠶᠢᠯᠦᠨ᠎ᠡ᠂ ᠬᠡᠷᠪᠡ  ᠶᠢᠰᠦᠳᠡᠬᠢ ᠤᠳᠠᠭ᠎ᠠ ᠪᠤᠯᠪᠠᠯ ᠠᠮᠢ ᠨᠠᠰᠤ ᠪᠠᠨ ᠠᠯᠳᠠᠨ᠎ᠡ︾ ᠬᠡᠰᠡᠨ ᠡᠨᠡᠬᠦ ᠬᠡᠯᠡᠯᠭᠡ ᠶᠢᠨ ᠲᠤᠬᠠᠢ ᠤᠢᠢᠷ᠎ᠠ ᠳᠤ ᠶᠠᠷᠢᠯᠴᠠᠭ᠎ᠠ  ᠪᠤᠯᠵᠤ  ᠪᠤᠢ᠃ ᠡᠶᠢᠮᠦᠷᠬᠦ ᠬᠡᠯᠡᠯᠭᠡ ᠨᠢ ᠥᠴᠦᠬᠡᠨ  ᠴᠦ  ᠰᠢᠨᠵᠢᠯᠡᠬᠦ  ᠤᠬᠠᠭᠠᠨ ᠤ  ᠦᠨᠳᠦᠰᠦᠯᠡᠯ  ᠥᠬᠡᠶ  ᠶᠤᠮ  ᠭᠡᠵᠦ  ᠣᠯᠠᠨ  ᠲᠤᠰᠬᠠᠶ ᠮᠡᠷᠭᠡᠵᠢᠯᠲᠡᠨ ᠢᠯᠡᠷᠬᠡᠶᠢᠯᠡᠵᠡᠭᠡᠪᠡ᠂᠃                ᠮᠡᠳᠡᠭᠡᠯᠡᠭᠰᠡᠨ ᠢᠶᠠᠷ᠂  ᠵᠧᠵᠢᠶᠠᠩ  ᠶᠡᠭᠡ  ᠰᠤᠷᠭᠠᠭᠤᠯᠢ ᠶᠢᠨ  ᠠᠨᠠᠭᠠᠬᠤ  ᠤᠬᠠᠭᠠᠨ ᠤ  ᠳᠡᠭᠡᠳᠦ  ᠰᠤᠷᠭᠠᠭᠤᠯᠢ ᠶᠢᠨ ᠬᠠᠷᠢᠶᠠᠲᠤ ᠨᠢᠭᠡᠳᠦᠭᠡᠷ ᠡᠮᠨᠡᠯᠭᠡ ᠶᠢᠨ ᠬᠤᠷᠢᠶᠠᠨ ᠤ ᠤᠯᠤᠰ ᠤᠨ ᠬᠠᠯᠳᠠᠪᠤᠷᠢᠲᠤ ᠡᠪᠡᠳᠴᠢᠨ ᠤ ᠠᠨᠠᠭᠠᠬᠤ ᠤᠬᠠᠭᠠᠨ ᠤ ᠲᠥᠪ ᠤᠨ ᠳᠡᠳ᠋ ᠡᠷᠬᠢᠯᠡᠭᠴᠢ ᠡᠮᠴᠢ ᠯᠢ ᠶᠦᠩ ᠲᠤᠤ ᠡᠨᠡ  ᠬᠦ  ᠬᠡᠯᠡᠯᠭᠡ ᠳᠤ  ᠴᠢᠭᠯᠡᠭᠦᠯᠦᠨ  ᠭᠡᠯᠡᠬᠦ  ᠳᠡᠭᠡᠨ᠂  ᠣᠳᠣᠬᠠᠨ ᠳᠤ ᠰᠠᠭᠤᠷᠢ ᠡᠪᠡᠳᠴᠢᠨ ᠥᠬᠡᠶ ᠡᠷᠡᠭᠦᠯ ᠬᠥᠮᠦᠨ ᠳᠤ ᠠᠪᠴᠤ ᠬᠡᠯᠡᠪᠡᠯ᠂ ︽ᠠᠬᠠᠳᠠᠬᠤ ᠳᠠᠭᠠᠨ  ᠨᠠᠢᠮᠠᠨ  ᠤᠳᠠᠭ᠎ᠠ  ᠬᠠᠯᠳᠠᠪᠤᠷᠢᠯᠠᠭᠳᠠᠬᠤ  ᠶᠢ ᠲᠠᠭᠠᠭᠠᠵᠤ ᠲᠡᠶᠢᠯᠦᠨ᠎ᠡ︾ ᠭᠡᠰᠡᠨ ᠬᠡᠯᠡᠯᠭᠡ ᠨᠢ ᠥᠴᠦᠬᠡᠨ ᠴᠦ ᠰᠢᠨᠵᠢᠯᠡᠬᠦ  ᠤᠬᠠᠭᠠᠨᠴᠢ  ᠴᠢᠨᠠᠷ  ᠥᠬᠡᠶ  ᠶᠤᠮ᠂  ᠲᠡᠷᠡᠴᠢᠯᠡᠨ ᠬᠦᠮᠦᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠳᠠᠬᠢᠨ ᠬᠠᠯᠳᠠᠪᠤᠷᠢᠯᠠᠬᠳᠠᠬᠰᠠᠨ ᠤ ᠳᠠᠷᠠᠭ᠎ᠠ ᠡᠪᠡᠳᠴᠢᠨ ᠤ  ᠪᠠᠶᠢᠳᠠᠯ ᠨᠢ ᠨᠡᠶᠢᠳᠡᠮ ᠳᠡᠭᠡᠨ ᠨᠡᠯᠢᠶᠡᠳ ᠬᠥᠩᠭᠡᠨ ᠪᠠᠶᠢᠨ᠎ᠠ᠂ ᠣᠯᠠᠨ ᠢᠶᠠᠷ ᠢᠶᠠᠨ ᠳᠡᠩᠳᠡᠭᠦᠦ ᠰᠠᠨᠠᠭ᠎ᠠ ᠵᠣᠪᠠᠭᠰᠠᠨ ᠤ ᠬᠡᠷᠡᠭ ᠥᠬᠡᠶ ᠭᠡᠵᠡᠶ᠃                ᠡᠮᠦᠨᠡᠲᠦ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠰᠤᠳᠤᠯᠭᠠᠨ ᠤ ᠲᠥᠪ ᠤᠨ ᠡᠷᠬᠢᠯᠡᠭᠴᠢ ᠵᠣᠣ  ᠸᠧᠶ  ᠬᠡᠯᠡᠬᠦ ᠳᠡᠭᠡᠨ᠂ ᠣᠳᠣᠬᠠᠨ ᠳᠤ ᠬᠡᠳᠦ᠋ᠢᠪᠡᠷ ᠬᠡᠳᠦᠢ ᠤᠳᠠᠭ᠎ᠠ ᠬᠠᠯᠳᠠᠪᠤᠷᠢᠯᠠᠭᠳᠠᠭᠰᠠᠨ ᠲᠤᠬᠠᠢ ᠨᠤᠳᠠᠯᠠᠯᠳᠠ  ᠥᠬᠡᠶ  ᠪᠣᠯᠪᠠᠴᠤ  ᠨᠢᠭᠡ  ᠬᠥᠮᠦᠨ ᠣᠯᠠᠨ ᠤᠳᠠᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠳᠠᠬᠢᠨ ᠳᠠᠪᠲᠠᠨ ᠬᠠᠯᠳᠠᠪᠤᠷᠢᠯᠠᠭᠳᠠᠬᠤ ᠪᠣᠯᠤᠯᠴᠠᠭ᠎ᠠ ᠦᠨᠡᠨ ᠬᠦ ᠣᠷᠣᠰᠢᠵᠤ ᠪᠠᠶᠢᠨ᠎ᠠ᠃ ᠣᠳᠣᠬᠠᠨ ᠤ ᠠᠵᠢᠭᠯᠠᠯᠲᠠ ᠰᠤᠳᠤᠯᠭᠠᠨ ᠠᠴᠠ ᠦᠵᠡᠪᠡᠯ᠂ ᠳᠠᠬᠢᠨ ᠬᠠᠯᠳᠠᠪᠤᠷᠢᠯᠠᠭᠰᠠᠨ ᠤ ᠳᠠᠷᠠᠭᠠᠬᠢ ᠡᠪᠡᠳᠴᠢᠨ ᠤ ᠢᠯᠡᠷᠡᠯ ᠤᠯᠠᠮ ᠠᠴᠠ ᠤᠯᠠᠮ ᠬᠥᠩᠭᠡᠨ ᠪᠤᠯᠵᠤ ᠪᠤᠢ᠃ ︽ᠨᠢᠭᠡ ᠲᠠᠯ᠎ᠠ ᠪᠠᠷ ᠪᠡᠶ᠎ᠡ ᠴᠤᠬᠴᠠᠰ  ᠠᠩᠬ᠎ᠠ ᠤᠳᠠᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠬᠳᠠᠬᠰᠠᠨ ᠤ ᠳᠠᠷᠠᠭ᠎ᠠ  ᠡᠪᠡᠳᠴᠢᠨ  ᠡᠭᠦᠰᠭᠡᠭᠴᠢ ᠳᠤ  ᠡᠭᠡᠯᠢᠯᠡᠬᠦ ᠴᠢᠳᠠᠪᠤᠷᠢ ᠡᠭᠦᠰᠳᠡᠭ᠃ ᠨᠥᠭᠦᠭᠡ ᠲᠠᠯ᠎ᠠ ᠪᠠᠷ᠂ ᠡᠪᠡᠳᠴᠢᠨ ᠡᠭᠦᠰᠭᠡᠭᠴᠢ ᠬᠠᠯᠳᠠᠪᠤᠷᠢᠯᠠᠬᠤ  ᠶᠠᠪᠤᠴᠠ ᠳᠤ᠂  ᠶᠡᠷᠦ ᠳᠡᠭᠡᠨ  ᠲᠣᠰ ᠪᠡᠶ᠎ᠡ ᠨᠢ ᠴᠤ ᠡᠪᠡᠳᠴᠢᠯᠡᠬᠦᠯᠬᠦ ᠴᠢᠨᠠᠷ ᠢᠲᠡᠭ ᠢᠲᠡᠭ ᠢᠶᠠᠷ ᠪᠠᠭᠤᠷᠠᠵᠤ᠂  ᠬᠠᠯᠳᠠᠪᠤᠷᠢᠯᠠᠬᠤ  ᠴᠢᠳᠠᠪᠤᠷᠢ  ᠢᠲᠡᠭ  ᠢᠲᠡᠭ  ᠢᠶᠠᠷ ᠴᠢᠩᠭᠠᠷᠠᠬᠤ ᠲᠡᠶᠢᠰᠢ ᠬᠤᠪᠢᠰᠤᠨ ᠰᠢᠯᠵᠢᠳᠡᠭ︾ ᠬᠡᠪᠡ᠃                ᠵᠣᠣ ᠸᠧᠶ᠄ ᠬᠡᠷᠪᠡ ᠳᠠᠬᠢᠨ ᠳᠠᠪᠲᠠᠨ  ᠬᠠᠯᠳᠠᠪᠤᠷᠢᠯᠠᠬᠤ  ᠠᠰᠠᠭᠤᠳᠠᠯ  ᠤᠨ  ᠲᠤᠬᠠᠢ  ᠦᠨᠡᠨ  ᠰᠠᠨᠠᠭ᠎ᠠ ᠵᠤᠪᠠᠭᠠᠳ ᠪᠠᠶᠢᠪᠠᠯ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠰᠠᠭᠤᠷᠢ  ᠡᠪᠡᠳᠴᠢᠨ ᠲᠠᠢ  ᠬᠥᠮᠦᠰ  ᠸᠠᠺᠼᠢᠨ  ᠳᠠᠷᠢᠭᠤᠯᠵᠤ ᠪᠣᠯᠤᠨ᠎ᠠ᠃ ᠲᠠᠬᠢᠪᠠᠯ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ᠂ ᠢᠯᠠᠩᠭᠤᠶ᠎ᠠ ᠡᠮᠨᠡᠯᠭᠡ ᠶᠢᠨ ᠬᠤᠷᠢᠶ᠎ᠠ ᠳᠤ ᠣᠴᠢᠬᠤ ᠳᠤ᠂ ᠪᠥᠬᠦ ᠶᠠᠪᠤᠴᠠ ᠳᠤ ᠠᠮᠠᠪᠴᠢ ᠵᠡᠭᠦᠵᠦ᠂ ᠬᠡᠷ ᠲᠡᠭᠡᠨ ᠬᠠᠷᠢᠭᠰᠠᠨ ᠤ ᠳᠠᠷᠠᠭ᠎ᠠ ᠴᠠᠭ ᠲᠤᠬᠠᠶ ᠳᠤᠨᠢ ᠭᠠᠷ ᠢᠶᠠᠨ ᠤᠬᠢᠶᠠᠵᠤ ᠠᠷᠢᠭᠤᠳᠬᠠᠬᠤ ᠬᠡᠷᠡᠭᠳᠡᠢ ᠭᠡᠵᠦ ᠰᠠᠨᠠᠭᠤᠯᠵᠠᠢ᠃
ᠢᠷᠡᠯᠲᠡ᠄ ᠠᠷᠠᠳ ᠤᠨ ᠰᠦᠯᠵᠢᠶ᠎ᠡ