ᠰᠤᠷᠭᠠᠨ ᠬᠥᠮᠦᠵᠢᠯ ᠤᠨ ᠶᠠᠮᠤᠨ᠄ ᠨᠥᠬᠦᠴᠡᠯ ᠲᠠᠢ ᠭᠠᠵᠠᠷ ᠣᠷᠣᠨ ᠨᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶ᠎ᠡ ᠳᠤ ᠣᠷᠣᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2023/5/23
        ᠰᠤᠷᠪᠤᠯᠵᠢᠯᠠᠭᠴᠢ 5 ᠰᠠᠷ᠎ᠠ ᠶᠢᠨ 19 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠡᠨᠡ‌ᠵᠢᠯ ᠤᠨ 5 ᠰᠠᠷ᠎ᠠ ᠠᠴᠠ 12 ᠰᠠᠷ᠎ᠠ ᠪᠣᠯᠲᠠᠯ᠎ᠠ᠂  ᠰᠤᠷᠭᠠᠨ  ᠬᠥᠮᠦᠵᠢᠯ ᠤᠨ  ᠶᠠᠮᠤᠨ  ᠨᠠᠢᠮᠠᠳᠤᠭᠠᠷ  ᠬᠤᠭᠤᠴᠠᠭᠠᠨ ᠤ  ᠪᠥᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ  ᠬᠠᠤᠯᠢ ᠶᠢ  ᠡᠷᠬᠢᠮᠯᠡᠬᠦ ︾  ᠰᠢᠷᠢᠰ ᠠᠵᠢᠯᠯᠠᠭ᠎ᠠ ᠶᠢ ᠡᠷᠭᠢᠯᠡᠬᠦ ᠪᠠᠷ ᠪᠤᠢ᠂ ᠰᠤᠷᠭᠠᠨ ᠬᠥᠮᠦᠵᠢᠯ ᠤᠨ ᠶᠠᠮᠤᠨ᠄ ᠡᠯ᠎ᠡ ᠭᠠᠵᠠᠷ  ᠡᠯ᠎ᠡ  ᠰᠤᠷᠭᠠᠭᠤᠯᠢ ᠳᠤ  ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂  ᠨᠥᠬᠦᠴᠡᠯ ᠲᠠᠢ  ᠭᠠᠵᠠᠷ  ᠣᠷᠣᠨ ᠨᠢ  ᠬᠠᠤᠯᠢ ᠪᠠᠷ  ᠵᠠᠰᠠᠬᠤ  ᠦᠢᠯᠡᠳᠦᠯᠭᠡ  ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠵᠢᠯ ᠪᠦᠷᠢ ᠰᠤᠷᠤᠭᠴᠢᠳ ᠲᠤ 2 ᠬᠢᠴᠢᠶᠡᠯ ᠤᠨ ᠴᠠᠭ ᠠᠴᠠ ᠲᠡᠭᠡᠭᠰᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠬᠦᠷᠳᠡᠭᠡᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃                ᠰᠤᠷᠭᠠᠨ ᠬᠥᠮᠦᠵᠢᠯ ᠤᠨ ᠶᠠᠮᠤᠨ᠄ ᠡᠯ᠎ᠡ ᠭᠠᠵᠠᠷ ᠡᠯ᠎ᠡ ᠰᠤᠷᠭᠠᠭᠤᠯᠢ ᠨᠢ ᠪᠣᠳᠠᠲᠤ ᠪᠠᠶᠢᠳᠠᠯ ᠢᠶᠠᠨ  ᠦᠨᠳᠦᠰᠦᠯᠡᠨ ᠂ ᠡᠳᠦᠷ ᠲᠤᠲᠤᠮ ᠤᠨ ᠰᠤᠷᠭᠠᠨ ᠬᠥᠮᠦᠵᠢᠯ ᠪᠣᠯᠤᠨ ᠲᠥᠪᠯᠡᠷᠡᠩᠭᠦᠶ  ᠰᠤᠷᠭᠠᠨ  ᠬᠥᠮᠦᠵᠢᠯ ᠢ  ᠤᠶᠠᠯᠳᠤᠭᠤᠯᠬᠤ ᠂  ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠪᠣᠯᠤᠨ ᠰᠦᠯᠵᠢᠶᠡᠨ ᠭᠠᠳᠠᠨᠠᠬᠢ ᠰᠤᠷᠭᠠᠨ ᠬᠥᠮᠦᠵᠢᠯ ᠢ ᠤᠶᠠᠯᠳᠤᠭᠤᠯᠬᠤ ᠂  ᠰᠤᠷᠭᠠᠭᠤᠯᠢ ᠶᠢᠨ ᠳᠣᠲᠣᠷᠠᠬᠢ ᠰᠤᠷᠭᠠᠨ ᠬᠥᠮᠦᠵᠢᠯ ᠪᠣᠯᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ ᠦᠨᠳᠦᠰᠦᠨ ᠬᠠᠤᠯᠢ ᠶᠢᠨ ᠬᠥᠮᠦᠵᠢᠯ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠢ ᠠᠭᠤᠰᠤᠯᠴᠠᠯ ᠢ  ᠠᠬᠢᠭᠤᠯᠵᠤ ᠂ ᠡᠳᠦᠷ ᠲᠤᠳᠤᠮ ᠤᠨ ᠵᠢᠭᠠᠨ ᠰᠤᠷᠭᠠᠯᠲᠠ᠂ ᠬᠢᠴᠢᠶᠡᠯ ᠤᠨ ᠭᠠᠳᠠᠨᠠᠬᠢ ᠠᠵᠢᠯᠯᠠᠭ᠎ᠠ᠂ ᠬᠢᠴᠢᠶᠡᠯ ᠤᠨ ᠳᠠᠷᠠᠭᠠᠬᠢ ᠦᠢᠯᠡᠴᠢᠯᠡᠭᠡ᠂ ᠵᠤᠨ ᠤ  ᠠᠮᠠᠷᠠᠯᠲᠠ ᠶᠢᠨ  ᠳᠠᠰᠬᠠᠯ ᠂  ᠰᠠᠶᠢᠨ  ᠳᠤᠷ᠎ᠠ ᠶᠢᠨ  ᠦᠢᠯᠡᠴᠢᠯᠡᠭᠡ ᠂  ᠨᠡᠶᠢᠭᠡᠮ ᠤᠨ  ᠦᠢᠯᠡᠳᠦᠯᠭᠡ  ᠵᠡᠷᠭᠡ ᠲᠠᠢ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ ᠭᠡᠵᠦ ᠱᠠᠭᠠᠷᠳᠠᠵᠠᠢ᠃
ᠢᠷᠡᠯᠲᠡ᠄ ᠠᠷᠠᠳ ᠤᠨ ᠰᠦᠯᠵᠢᠶ᠎ᠡ