ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠡᠨᠡᠵᠢᠯ ᠤᠨ 5 ᠰᠠᠷ᠎ᠠ ᠠᠴᠠ 12 ᠰᠠᠷ᠎ᠠ ᠪᠣᠯᠲᠠᠯ᠎ᠠ᠂ ᠰᠤᠷᠭᠠᠨ ᠬᠥᠮᠦᠵᠢᠯ ᠤᠨ ᠶᠠᠮᠤᠨ | ᠨᠠᠢᠮᠠᠳᠤᠭᠠᠷ ᠬᠤᠭᠤᠴᠠᠭᠠᠨ ᠤ ᠪᠥᠬᠦᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠰᠢᠷᠢᠰ | ᠠᠵᠢᠯᠯᠠᠭ᠎ᠠ ᠶᠢ ᠡᠷᠭᠢᠯᠡᠬᠦ ᠪᠠᠷ ᠪᠤᠢ᠂ ᠰᠤᠷᠭᠠᠨ ᠬᠥᠮᠦᠵᠢᠯ ᠤᠨ ᠶᠠᠮᠤᠨ᠄ ᠡᠯ᠎ᠡ ᠭᠠᠵᠠᠷ ᠡᠯ᠎ᠡ ᠰᠤᠷᠭᠠᠭᠤᠯᠢ ᠳᠤ ᠦᠨᠳᠦᠰᠦᠨᠬᠠᠤᠯᠢ ᠶᠢᠨ ᠤᠬᠠᠭᠤᠯᠭ᠎ᠠ ᠬᠥᠮᠦᠵᠢᠯ ᠤᠨ | ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠬᠠᠤᠯᠢ ᠪᠠᠷ ᠵᠠᠰᠠᠬᠤ ᠦᠢᠯᠡᠳᠦᠯᠭᠡ | ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠵᠢᠯ ᠪᠦᠷᠢ ᠰᠤᠷᠤᠭᠴᠢᠳ ᠲᠤ 2 | ᠬᠢᠴᠢᠶᠡᠯ ᠤᠨ ᠴᠠᠭ ᠠᠴᠠ ᠲᠡᠭᠡᠭᠰᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠬᠦᠷᠳᠡᠭᠡᠬᠦ ᠶᠢ ᠠᠬᠢᠭᠤᠯᠬᠤ ᠬᠡᠷᠡᠭᠲᠡᠶᠭᠡᠵᠦ ᠱᠠᠭᠠᠷᠳᠠᠪᠠ᠃ | ᠰᠤᠷᠭᠠᠨ ᠬᠥᠮᠦᠵᠢᠯ ᠤᠨ ᠶᠠᠮᠤᠨ᠄ ᠡᠯ᠎ᠡ ᠭᠠᠵᠠᠷ ᠡᠯ᠎ᠡ ᠰᠤᠷᠭᠠᠭᠤᠯᠢ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠳᠦᠷ ᠲᠤᠲᠤᠮ ᠤᠨ ᠰᠤᠷᠭᠠᠨ | ᠬᠥᠮᠦᠵᠢᠯ ᠪᠣᠯᠤᠨ ᠲᠥᠪᠯᠡᠷᠡᠩᠭᠦ ᠢ ᠰᠤᠷᠭᠠᠨ ᠬᠥᠮᠦᠵᠢᠯ ᠢ ᠤᠶᠠᠯᠳᠤᠭᠤᠯᠬᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠪᠣᠯᠤᠨ ᠰᠦᠯᠵᠢᠶᠡᠨ ᠭᠠᠳᠠᠨᠠᠬᠢ ᠰᠤᠷᠭᠠᠨ | ᠬᠥᠮᠦᠵᠢᠯ ᠢ ᠤᠶᠠᠯᠳᠤᠭᠤᠯᠬᠤ᠂ ᠰᠤᠷᠭᠠᠭᠤᠯᠢ ᠵᠢᠨᠲ᠋ᠣᠲᠣᠷᠠᠬᠢ ᠰᠤᠷᠭᠠᠨ ᠬᠥᠮᠦᠵᠢᠯ ᠪᠣᠯᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠢ | ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ | ᠦᠨᠳᠦᠰᠦᠨ ᠬᠠᠤᠯᠢ ᠶᠢᠨ ᠬᠥᠮᠦᠵᠢᠯ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠡᠳᠦᠷ ᠲᠤᠳᠤᠮ ᠤᠨ ᠵᠢᠭᠠᠨ | ᠰᠤᠷᠭᠠᠯᠲᠠ᠂ ᠬᠢᠴᠢᠶᠡᠯ ᠤᠨ ᠭᠠᠳᠠᠨᠠᠬᠢ ᠠᠵᠢᠯᠯᠠᠭ᠎ᠠ᠂ ᠬᠢᠴᠢᠶᠡᠯ ᠤᠨ ᠳᠠᠷᠠᠭᠠᠬᠢ ᠦᠢᠯᠡᠴᠢᠯᠡᠭᠡ᠂ ᠵᠤᠨ ᠤ ᠠᠮᠠᠷᠠᠯᠲᠠ ᠶᠢᠨ ᠳᠠᠰᠬᠠᠯ᠂ ᠰᠠᠶᠢᠨ ᠳᠤᠷ᠎ᠠ ᠶᠢᠨ ᠦᠢᠯᠡᠴᠢᠯᠡᠭᠡ᠂ | ᠨᠡᠶᠢᠭᠡᠮ ᠤᠨ ᠦᠢᠯᠡᠳᠦᠯᠭᠡ ᠵᠡᠷᠭᠡ ᠲᠠᠢᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ ᠭᠡᠵᠦ ᠱᠠᠭᠠᠷᠳᠠᠵᠠᠢ᠃ | | |