ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/24
        5 ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠧᠨ ᠬᠤᠸᠠ ᠬᠤᠷᠠᠯ ᠢ ᠡᠷᠭᠢᠯᠡᠪᠡ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠪᠸᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠭᠰᠠᠨ ᠪᠥᠭᠡᠳ ᠰᠢᠶᠦ᠋ᠩ ᠠᠨ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠡᡁᠧᠪᠸᠢ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠱᠠᠨᠰᠢ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ 4 ᠰᠠᠷ᠎ᠠ ᠶᠢᠨ 28 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃        ᠬᠤᠷᠠᠯ ᠠᠴᠠ ᠬᠤᠨᠠᠨ ᠤ ᠴᠠᠩᠱᠠ ᠶᠢᠨ ︽4 · 29︾ ᠤ ᠣᠨᠴᠠ ᠬᠦᠨᠳᠦ ᠶᠡᠭᠡ ᠰᠠᠭᠤᠭᠠᠯᠢ ᠠᠷᠠᠳ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠨᠤᠷᠠᠭᠰᠠᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠤᠯᠠᠮᠵᠢᠯᠠᠪᠠ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ︽ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠲᠦᠪ ᠬᠤᠳᠠ ᠶᠢᠨ ᠲᠣᠭᠤᠷᠢᠭ︾ ᠤᠨ ᠬᠠᠷᠠᠯᠲᠠ ᠳᠤ ᠠᠩᠬᠠᠷᠤᠯ ᠢᠶᠠᠨ ᠲᠦᠪᠯᠡᠷᠡᠭᠦᠯᠦᠨ᠂ ᠬᠤᠳᠠ ᠶᠢᠨ ᠪᠦᠳᠦᠭᠡᠨ ᠪᠠᠶᠢᠭᠤᠯᠤᠯᠲᠠ ᠪᠣᠯᠤᠨ ᠵᠠᠰᠠᠯᠲᠠ ᠶᠢᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠴᠢᠨᠠᠷ ᠰᠠᠶᠢᠲᠠᠢ ᠲᠡᠩᠴᠡᠭᠦᠷᠢᠲᠡᠢ ᠨᠡᠶᠢᠳᠡᠮ ᠠᠰᠢᠭ ᠬᠦᠷᠲᠡᠭᠡᠬᠦ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠪᠦᠬᠦ ᠠᠷᠠᠳ ᠢᠶᠠᠷ ᠢᠶᠠᠨ ᠬᠠᠮᠲᠤ ᠪᠠᠷ ᠴᠢᠨᠡᠭᠡᠯᠢᠭᠵᠢᠬᠦ ᠶᠢ ᠲᠦᠷᠭᠡᠳᠬᠡᠨ ᠠᠬᠢᠭᠤᠯᠵᠤ᠂ ᠬᠢᠶ᠎ᠠ ᠪᠠᠭᠰᠢ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ᠂ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠤᠢ ᠪᠤᠯᠭᠠᠨ᠂ ︽4 · 29︾ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠦᠨᠡᠨᠬᠦ ᠪᠡᠶᠡᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠠᠮᠤᠷ ᠲᠦᠪᠰᠢᠨ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠳᠣᠰ ᠰᠦᠯᠵᠢᠶ᠎ᠡ