ᠤᠷᠳᠤᠰ ᠬᠢᠶ᠎ᠠ ᠵᠠᠰᠠᠭ ᠠᠯᠪᠠᠨ ᠲᠠᠷᠬᠠᠭᠠᠭᠰᠠᠨ 〔2023〕 4 ᠳ᠋ᠦ᠋ᠭᠡᠷ ᠲᠣᠭᠠᠲᠤ | | | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠦᠨᠳᠦᠰᠦᠨ ᠬᠠᠤᠯᠢ︾ ᠪᠠ ︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾ ᠶᠢᠨ | ᠲᠣᠭᠲᠠᠭᠠᠯ ᠢ ᠦᠨᠳᠦᠰᠦᠯᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠭᠤᠷᠢᠭ ᠤᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ | ᠲᠣᠭᠤᠷᠢᠭ ᠤᠨ ᠳᠡᠳ᠋ ᠳᠠᠷᠤᠭ᠎ᠠ ᠨᠢ ᠲᠣᠭᠤᠷᠢᠭ ᠤᠨ ᠳᠠᠷᠤᠭ᠎ᠠ ᠶᠢᠨ ᠠᠵᠢᠯ ᠢ ᠬᠠᠮᠵᠢᠨ᠎ᠠ᠃ ᠠᠵᠢᠯ ᠤᠨ ᠬᠡᠷᠡᠭᠴᠡᠭᠡ ᠠᠴᠠ ᠪᠣᠯᠵᠤ᠂ ᠰᠤᠳᠤᠯᠬᠤ ᠪᠠᠷ ᠲᠠᠮᠵᠢᠨ᠂ | ᠤᠳᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠮᠡᠳᠡᠭᠳᠡᠶ᠎ᠡ᠄ | ᠸᠠᠩ ᠰᠢᠤᠸᠠᠢ ᠹᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠢᠨᠠᠨ ᠪᠣᠳᠣᠬᠤ ᠠᠵᠢᠯ ᠢ ᠬᠠᠷᠢᠭᠤᠴᠠᠨ᠎ᠠ᠃ | ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠺᠠᠩ ᠫᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ | ᠳᠠᠷᠤᠭ᠎ᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠳᠠᠷᠤᠭ᠎ᠠ ᠶᠢ ᠬᠠᠮᠵᠢᠨ ᠰᠤᠷᠭᠠᠨ | ᠬᠥᠮᠦᠵᠢᠯ ᠪᠡᠶ᠎ᠡ ᠶᠢᠨ ᠲᠠᠮᠢᠷ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠣᠭᠤᠮᠲᠠ ᠪᠠ ᠭᠠᠳᠠᠭᠠᠳᠤ ᠶᠠᠪᠤᠳᠠᠯ ᠵᠡᠷᠭᠡ ᠲᠠᠯ᠎ᠠ ᠶᠢᠨ | ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠭᠤᠷᠢᠭ ᠤᠨ ᠪᠠᠶᠢᠭᠤᠯᠭ᠎ᠠ ᠶᠢᠨ | ᠶᠠᠪᠤᠳᠠᠯ ᠤᠨ ᠦᠢᠯᠡᠴᠢᠯᠡᠭᠡᠨ ᠤ ᠲᠥᠪ᠂ ᠣᠷᠳᠣᠰ ᠬᠤᠲᠠ ᠶᠢᠨ ᠺᠠᠩ ᠢᠦᠢ ᠰᠤᠷᠭᠠᠨ ᠬᠦᠮᠦᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠲᠤᠭᠤᠷᠢᠭ ᠤᠨ | ᠳᠠᠷᠤᠭ᠎ᠠ ᠶᠢ ᠬᠠᠮᠵᠢᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠬᠠᠷᠢᠯᠴᠠᠬᠤ᠄ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ | ᠬᠢᠶ᠎ᠠ ᠪᠠᠭᠰᠢ ᠲᠤᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠨᠠᠮ ᠤᠨ ᠬᠤᠷᠢᠶᠠᠨ ᠤ ᠲᠤᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠲᠣᠭᠤᠷᠢᠭ ᠤᠨ ᠠᠷᠠᠳ ᠤᠨ ᠵᠡᠪᠰᠡᠭᠳᠦ ᠬᠥᠴᠥᠨ ᠤ ᠬᠡᠯᠳᠡᠰ᠂ ᠡᠯ᠎ᠡ ᠠᠷᠠᠳᠴᠢᠯᠠᠭᠰᠠᠨ | ᠨᠠᠮ ᠪᠦᠯᠦᠭ᠂ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ᠂ ᠲᠣᠭᠤᠷᠢᠭ ᠤᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ | ᠨᠢᠭᠤᠴᠠ ᠮᠠᠲ᠋ᠧᠷᠢᠶᠠᠯ ᠤᠨ ᠲᠤᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠥᠩᠬᠡᠢ ᠲᠤᠪᠴᠢᠶᠠᠨ ᠤ ᠣᠷᠳᠣᠰ ᠬᠤᠳᠠ ᠶᠢᠨ ᠭᠢᠶ᠎ᠠ ᠪᠠᠭᠰᠢ ᠲᠣᠭᠤᠷᠢᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ᠂ ᠲᠣᠭᠤᠷᠢᠭ ᠲᠤ ᠰᠠᠭᠤᠭ᠎ᠠ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠠ ᠡᠯ᠎ᠡ ᠳᠠᠭᠠᠳᠬᠠᠯ ᠤᠨ ᠺᠣᠮᠫᠠᠨᠢ᠂ ᠶᠠᠨ ᠺᠤᠸᠠᠩ ᠡᠨᠧᠷᠭᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠶᠢᠨ ᠡᠳ᠋ ᠪᠣᠳᠠᠰ ᠬᠠᠩᠭᠠᠬᠤ ᠬᠤᠪᠢᠶᠠᠷᠢ ᠺᠣᠮᠫᠠᠨᠢ᠂ ᠱᠠᠨᠳᠦ᠋ᠩ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠡᠵᠡᠩᠨᠡᠨ ᠪᠣᠷᠣᠯᠠᠭᠤᠯᠬᠤ ︵ᠣᠷᠳᠣᠰ︶ | ᠬᠢᠵᠠᠭᠠᠷᠲᠤ ᠺᠣᠮᠫᠠᠨᠢ᠃ | ᠸᠠᠩ ᠵᠢᠶᠣᠣ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ | ᠳᠠᠷᠤᠭ᠎ᠠ | ᠪᠡᠭᠡᠵᠢᠩ ᠳᠤ ᠲᠦᠷ ᠲᠤᠰᠢᠶᠠᠯ ᠡᠭᠦᠷᠭᠡᠯᠡᠵᠦ ᠪᠤᠢ᠃ | ᠰᠦ ᠢ ᠵᠢᠶᠧ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ | ᠳᠠᠷᠤᠭ᠎ᠠ | ᠲᠣᠭᠤᠷᠢᠭ ᠤᠨ ᠳᠠᠷᠤᠭ᠎ᠠ ᠶᠢ ᠬᠠᠮᠵᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠣᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠠᠵᠤ | ᠦᠢᠯᠡᠳᠪᠦᠷᠢ ᠶᠢᠨ ᠠᠵᠤ ᠠᠬᠤᠢ ᠪᠠ ᠮᠡᠳᠡᠭᠡ ᠵᠠᠩᠬᠢᠴᠢᠯᠠᠯᠳᠠ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ᠂ ᠣᠶ ᠰᠢᠭᠤᠢ ᠡᠪᠡᠰᠦ ᠪᠡᠯᠴᠢᠭᠡᠷ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠲᠤᠭᠤᠷᠢᠭ ᠤᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠣᠪᠴᠢᠶ᠎ᠠ︶᠂ ᠲᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠣᠯᠠᠭ᠎ᠠ ᠶᠢᠨ ᠲᠣᠪᠴᠢᠶ᠎ᠠ᠃ | ᠬᠠᠷᠢᠯᠴᠠᠬᠤ᠄ ᠲᠣᠭᠤᠷᠢᠭ ᠤᠨ ᠰᠢᠨᠵᠢᠯᠡᠭᠡ ᠮᠡᠷᠭᠡᠵᠢᠯ ᠤᠨ ᠨᠡᠶᠢᠬᠡᠮᠯᠢᠭ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠳᠣᠪᠴᠢᠶᠠᠨ ᠤ ᠬᠢᠶ᠎ᠠ | ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠪᠥᠯᠥᠭᠯᠡᠯᠳᠦ ᠺᠣᠮᠫᠠᠨᠢ ᠶᠢᠨ ᠬᠢᠶ᠎ᠠ ᠪᠠᠭᠰᠢ ᠬᠤᠪᠢᠶᠠᠷᠢ | ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠲᠣᠣᠷ ᠰᠦᠯᠵᠢᠶᠡᠨ ᠤ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠣᠷᠳᠣᠰ ᠬᠤᠳᠠ ᠶᠢᠨ ᠬᠤᠪᠢᠶᠠᠷᠢ ᠺᠣᠮᠫᠠᠨᠢ ᠶᠢᠨ | ᠬᠢᠶ᠎ᠠ ᠪᠠᠭᠰᠢ ᠡᠵᠡᠩᠨᠡᠨ ᠪᠣᠷᠣᠯᠠᠭᠤᠯᠬᠤ ᠲᠥᠪ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ | ᠣᠷᠳᠣᠰ ᠬᠤᠳᠠ ᠶᠢᠨ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠢᠶᠧ ᠲᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠷᠳᠣᠰ | ᠬᠤᠳᠠ ᠶᠢᠨ ᠬᠤᠪᠢᠶᠠᠷᠢ ᠺᠣᠮᠫᠠᠨᠢ ᠶᠢᠨ ᠬᠢᠶ᠎ᠠ ᠪᠠᠭᠰᠢ ᠬᠡᠷᠡᠭ ᠡᠷᠬᠢᠯᠡᠬᠦ ᠭᠠᠵᠠᠷ᠃ | ᠸᠠᠩ ᠷᠦᠢ ᠰᠢᠶᠠᠩ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ | ᠲᠣᠭᠤᠷᠢᠭ ᠤᠨ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠣᠷᠣᠨ | ᠰᠠᠭᠤᠴᠠ ᠶᠢᠨ ᠪᠠᠲᠤᠯᠠᠭ᠎ᠠ᠂ ᠴᠡᠴᠡᠷᠯᠢᠭᠵᠢᠭᠦᠯᠦᠨ ᠨᠣᠭᠤᠭᠠᠷᠠᠭᠤᠯᠬᠤ᠂ ᠨᠡᠶᠢᠲᠡ ᠶᠢᠨ ᠬᠡᠷᠡᠭᠯᠡᠭᠡᠨ ᠤ ᠦᠢᠯᠡᠰ᠂ ᠬᠤᠳᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠳᠥᠭᠡᠨ ᠪᠠᠶᠢᠭᠤᠯᠤᠯᠳᠠ ᠶᠢᠨ ᠲᠣᠪᠴᠢᠶ᠎ᠠ ︵ᠲᠣᠭᠤᠷᠢᠭ ᠤᠨ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠲᠣᠭᠤᠷᠢᠭ ᠤᠨ ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ | ᠲᠥᠪ᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ᠂ ᠣᠷᠳᠣᠰ ᠬᠤᠲᠠ ᠶᠢᠨ ᠲᠦᠩ ᠬᠤᠶ ᠢᠯᠴᠢ ᠬᠠᠩᠭᠠᠬᠤ ᠰᠢᠲᠠᠮᠠᠬᠠᠢ | ᠬᠡᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠵᠤ ᠡᠵᠡᠩᠨᠡᠬᠦ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠢᠶ᠎ᠠ ᠪᠠᠭᠰᠢ ᠴᠡᠴᠡᠷᠯᠢᠭᠵᠢᠭᠦᠯᠦᠨ ᠨᠣᠭᠤᠭᠠᠷᠠᠭᠤᠯᠬᠤ ᠦᠵᠡᠮᠵᠢ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠬᠢᠶ᠎ᠠ ᠪᠠᠭᠰᠢ ᠬᠤᠲᠠ ᠶᠢᠨ ᠶᠠᠪᠤᠳᠠᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠢᠵᠠᠭᠠᠷᠲᠤ ᠺᠣᠮᠫᠠᠨᠢ᠃ | ᠬᠠᠷᠢᠯᠴᠠᠬᠤ᠄ ᠪᠢᠨ ᠾᠧ ᠵᠡᠭᠡᠯᠢ ᠭᠤᠳᠤᠮᠵᠢ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶᠠᠨ ᠤ ᠬᠢᠶ᠎ᠠ ᠪᠠᠭᠰᠢ ᠲᠣᠭᠤᠷᠢᠭ ᠤᠨ | ᠬᠤᠪᠢᠶᠠᠷᠢ ᠲᠣᠪᠴᠢᠶ᠎ᠠ᠂ ᠬᠤᠲᠠ ᠶᠢᠨ ᠬᠤᠲᠠ ᠶᠢᠨ ᠤᠰᠤᠨ ᠤ ᠶᠠᠪᠤᠳᠠᠯ ᠤᠨ ᠺᠣᠮᠫᠠᠨᠢ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠷᠳᠣᠰ ᠬᠤᠲᠠ ᠶᠢᠨ ᠬᠢᠶ᠎ᠠ ᠪᠠᠭᠰᠢ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠣᠷᠳᠣᠰ ᠬᠤᠲᠠ ᠶᠢᠨ | ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃ | ᠯᠢ ᠬᠠᠢ ᠮᠢᠨ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ | ᠲᠤᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠦᠨᠳᠦᠰᠦᠲᠡᠨ ᠤ ᠬᠡᠷᠡᠭ ᠶᠠᠪᠤᠳᠠᠯ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ᠂ ᠲᠤᠭ᠎ᠠ ᠪᠦᠷᠢᠳᠬᠡᠯ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠂ ᠵᠠᠮ ᠬᠠᠷᠢᠯᠴᠠᠭ᠎ᠠ ᠲᠡᠭᠡᠭᠡᠪᠦᠷᠢ ᠪᠠ ᠠᠮᠢ ᠠᠬᠤᠢ ᠶᠢᠨ | ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠲᠤᠭᠤᠷᠢᠭ ᠤᠨ ᠠᠮᠤ ᠪᠤᠳᠠᠭ᠎ᠠ ᠪᠠ ᠡᠳ᠋ ᠪᠣᠳᠠᠰ | ᠨᠥᠭᠡᠴᠡᠯᠡᠬᠦ ᠲᠣᠪᠴᠢᠶ᠎ᠠ︶᠂ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠲᠤᠭᠤᠷᠢᠭ ᠤᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ | ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ | ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠣᠷᠳᠣᠰ ᠬᠤᠲᠠ ᠶᠢᠨ ᠺᠠᠩ ᠨᠧᠩ ᠡᠨᠧᠷᠭᠢ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠲᠢᠶᠠᠨ ᠶᠣᠣ ᠡᠨᠧᠷᠭᠢ ᠶᠢᠨ ᠬᠢᠵᠠᠭᠠᠷᠲᠤ ᠺᠣᠮᠫᠠᠨᠢ᠃ | ᠬᠠᠷᠢᠯᠴᠠᠬᠤ᠄ ᠺᠠᠩ ᠰᠢᠨ ᠵᠡᠭᠡᠯᠢ ᠭᠤᠳᠤᠮᠵᠢ᠂ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠬᠤᠲᠠ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠳᠣᠪᠴᠢᠶᠠᠨ ᠤ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠢᠶ᠎ᠠ ᠪᠠᠭᠰᠢ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠢᠯᠡᠴᠢᠯᠡᠭᠡᠨ ᠤ ᠲᠥᠪ ᠤᠨ ᠬᠢᠶ᠎ᠠ ᠪᠠᠭᠰᠢ ᠬᠤᠪᠢᠶᠠᠷᠢ ᠲᠥᠪ᠂ ᠵᠦᠩ ᠮᠧᠢ ᠥᠪᠥᠷ ᠮᠣᠩᠭᠤᠯ ᠱᠠᠨᠰᠢ ᠶᠢᠨ ᠡᠨᠧᠷᠭᠢ ᠶᠢᠨ ᠪᠣᠷᠤᠯᠠᠭᠤᠯᠭ᠎ᠠ ᠶᠢᠨ ᠬᠢᠵᠠᠭᠠᠷᠲᠤ | ᠺᠣᠮᠫᠠᠨᠢ᠂ ᠵᠥᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠢᠩ ᠨᠧᠩ ᠬᠢᠶ᠎ᠠ ᠪᠠᠭᠰᠢ ᠢᠯᠴᠢ ᠶᠢᠨ | ᠴᠠᠬᠢᠯᠭᠠᠨ ᠤ ᠬᠢᠵᠠᠭᠠᠷᠲᠤ ᠺᠣᠮᠫᠠᠨᠢ᠃ | ᠳ᠋ᠦ᠋ ᠵᠢᠶᠠ ᠪᠢᠨ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ | ᠲᠣᠭᠤᠷᠢᠭ ᠤᠨ ᠳᠠᠷᠤᠭ᠎ᠠ ᠶᠢ ᠬᠠᠮᠵᠢᠨ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠣᠶᠣᠯ ᠵᠢᠭᠤᠯᠴᠢᠯᠠᠯ᠂ | ᠲᠠᠷᠢᠶᠠᠯᠠᠩ ᠮᠠᠯ ᠠᠵᠤ ᠠᠬᠤᠢ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ᠂ ᠤᠰᠤᠨ ᠠᠰᠢᠭᠯᠠᠯᠲᠠ ᠤᠰᠤᠨ ᠤ ᠬᠠᠮᠠᠭᠠᠯᠠᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠲᠣᠭᠤᠷᠢᠭ ᠤᠨ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ︵ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ | ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ᠂ ᠥᠪᠥᠷ ᠮᠣᠩᠭᠤᠯ ᠤᠨ ᠬᠢᠶ᠎ᠠ ᠪᠠᠭᠰᠢ ᠶᠢᠨ ᠰᠣᠶᠣᠯ ᠤᠨ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ | ᠣᠷᠳᠣᠰ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠡᠯᠡ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠺᠠᠩ ᠨᠥᠩ ᠪᠡᠯᠡ | ᠣᠷᠤᠭᠤᠯᠤᠯᠲᠠ ᠬᠥᠭᠵᠢᠯᠲᠡ ᠶᠢᠨ ᠬᠢᠵᠠᠭᠠᠷᠲᠤ ᠺᠣᠮᠫᠠᠨᠢ᠃ | ᠬᠠᠷᠢᠯᠴᠠᠬᠤ᠄ ᠬᠢᠶ᠎ᠠ ᠪᠠᠭᠰᠢ ᠵᠡᠭᠡᠯᠢ ᠭᠤᠳᠤᠮᠵᠢ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠲᠣᠭᠤᠷᠢᠭ ᠤᠨ ᠤᠳᠬ᠎ᠠ | ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠬᠤᠲᠠ ᠶᠢᠨ ᠴᠠᠭ ᠠᠭᠤᠷ ᠤᠨ ᠳᠣᠪᠴᠢᠶᠠᠨ ᠤ ᠬᠢᠶ᠎ᠠ ᠪᠠᠭᠰᠢ ᠬᠤᠪᠢᠶᠠᠷᠢ ᠲᠣᠪᠴᠢᠶ᠎ᠠ᠂ ᠳᠤᠮᠳᠠᠳᠤ | ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠣᠷᠳᠣᠰ ᠬᠤᠲᠠ ᠶᠢᠨ ᠬᠢᠶ᠎ᠠ ᠪᠠᠭᠰᠢ ᠲᠤᠭᠤᠷᠢᠭ ᠤᠨ ᠬᠤᠪᠢᠶᠠᠷᠢ ᠺᠣᠮᠫᠠᠨᠢ᠂ ᠬᠢᠶ᠎ᠠ ᠪᠠᠭᠰᠢ | ᠲᠣᠭᠤᠷᠢᠭ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ᠃ | ᠰᠦᠨ ᠷᠦᠩ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ | ᠲᠣᠭᠤᠷᠢᠭ ᠤᠨ ᠳᠠᠷᠤᠭ᠎ᠠ ᠶᠢ ᠬᠠᠮᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ | ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠲᠣᠭᠤᠷᠢᠭ ᠤᠨ ᠮᠣᠩᠭᠤᠯ ᠬᠢᠲᠠᠳ ᠡᠮ ᠡᠮᠨᠡᠯᠭᠡ ᠶᠢᠨ | ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶᠂ ᠲᠣᠭᠤᠷᠢᠭ ᠤᠨ ᠠᠷᠠᠳ ᠤᠨ | ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠃ | ᠬᠠᠷᠢᠯᠴᠠᠬᠤ᠄ ᠴᠢᠩ ᠴᠦᠨ ᠱᠠᠨ ᠵᠡᠭᠡᠯᠢ ᠭᠤᠳᠤᠮᠵᠢ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠳᠣᠮᠳᠠᠳᠣ ᠤᠯᠤᠰ ᠤᠨ ᠡᠪ ᠬᠠᠮᠲᠤ ᠶᠤᠰᠤᠨ | ᠤ ᠵᠠᠯᠠᠭᠤᠴᠤᠳ ᠤᠨ ᠡᠪᠯᠡᠯ ᠤᠨ ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃ | ᠬᠤᠤ ᠵᠢᠢ ᠵᠦᠩ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶᠠᠨ ᠤ ᠳᠠᠷᠤᠭ᠎ᠠ | ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠬᠢᠶ᠎ᠠ ᠪᠠᠭᠰᠢ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠃ | ᠬᠠᠷᠢᠯᠴᠠᠬᠤ᠄ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠳᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠶ᠎ᠠ ᠪᠠᠭᠰᠢ ᠲᠣᠭᠤᠷᠢᠭ ᠤᠨ ᠶᠡᠭᠡ ᠠᠩᠭᠢ᠃ ᠺᠠᠩ ᠫᠢᠩ ᠨᠥᠬᠦᠷ ᠢ | ᠬᠠᠮᠵᠢᠨ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ | ᠮᠣᠩᠭᠤᠯ ᠤᠨ ᠣᠷᠳᠣᠰ ᠬᠤᠲᠠ ᠶᠢᠨ ᠪᠣᠷᠤᠯᠠᠭᠤᠯᠭ᠎ᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠪᠣᠷᠤᠯᠠᠭᠤᠯᠭ᠎ᠠ ᠶᠢᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠣᠷᠳᠣᠰ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ᠃ | ᠯᠢᠦ ᠱᠦ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ | ᠺᠠᠩ ᠫᠢᠩ ᠨᠥᠬᠦᠷ ᠤᠨ ᠠᠵᠢᠯ ᠢ ᠬᠠᠮᠵᠢᠨ᠎ᠡ᠃ | ᠵᠢᠢ ᠰᠢᠶᠣᠣ ᠬᠤᠩ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ | ᠯᠢ ᠬᠠᠢ ᠮᠢᠨ ᠨᠥᠬᠦᠷ ᠤᠨ ᠠᠵᠢᠯ ᠢ ᠬᠠᠮᠵᠢᠨ᠎ᠡ᠃ | ᠯᠢ ᠰᠢᠤᠸᠠᠢ ᠹᠧᠩ ᠲᠣᠭᠤᠷᠢᠭ ᠤᠨ ᠵᠠᠰᠠᠭ ᠤᠨ ᠣᠷᠳᠣᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠸᠠᠩ ᠷᠦᠢ ᠰᠢᠶᠠᠩ ᠨᠥᠬᠦᠷ ᠤᠨ ᠠᠵᠢᠯ ᠢ ᠬᠠᠮᠵᠢᠨ᠎ᠡ᠃ | ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠠᠵᠢᠯ ᠤᠨ ᠪᠠᠶᠢᠷᠢ ᠪᠠᠨ | ᠬᠤᠭᠤᠰᠤᠨ ᠪᠠᠶᠢᠯᠭᠠᠬᠤ ᠦᠭᠡᠢ᠂ ᠦᠢᠯᠡᠴᠢᠯᠡᠭᠡ ᠪᠠᠨ ᠲᠠᠰᠤᠯᠳᠠᠭᠤᠯᠬᠤ ᠦᠭᠡᠢ ᠪᠠᠶᠢᠬᠤ ᠶᠢ ᠪᠠᠲᠤᠯᠠᠬᠤ ᠶᠢᠨ ᠲᠤᠰᠠᠳᠠ᠂ ︽AB ᠲᠦᠷᠢ︾ ᠤᠨ ᠠᠵᠢᠯ ᠤᠨ | ᠳᠦᠷᠢᠮ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠯᠴᠠᠨ ︽ABᠲᠦᠷᠢ︾ ᠪᠤᠯᠬᠤ ᠤᠳᠤᠷᠢᠳᠤᠯᠭ᠎ᠠ᠂ ᠡᠭᠦᠨ ᠳᠤ ᠨᠢᠭᠡ ᠨᠢ ᠬᠤᠷᠠᠯ ᠬᠢᠬᠦ᠂ ᠠᠯᠪᠠᠨ | ᠠᠵᠢᠯ ᠢᠶᠠᠷ ᠭᠠᠳᠠᠭᠰᠢ ᠭᠠᠷᠬᠤ᠂ ᠰᠤᠷᠤᠯᠴᠠᠬᠤ᠂ ᠠᠮᠠᠷᠠᠯᠲᠠ ᠠᠪᠬᠤ ᠪᠤᠶᠤ ᠪᠤᠰᠤᠳ ᠪᠠᠴᠢᠮ ᠪᠠᠶᠢᠳᠠᠯ ᠠᠴᠠ ᠪᠣᠯᠵᠤ ᠠᠵᠢᠯ ᠤᠨ ᠪᠠᠶᠢᠷᠢ ᠳᠠᠭᠠᠨ ᠪᠠᠶᠢᠬᠤ ᠦᠭᠡᠢ | ᠪᠣᠯ᠂ ᠪᠠᠶᠢᠷᠢ ᠨᠥᠬᠦᠪᠦᠷᠢᠯᠡᠬᠦ ᠤᠳᠤᠷᠢᠳᠤᠯᠭ᠎ᠠ ᠡᠭᠦᠷᠭᠡ ᠬᠠᠷᠢᠭᠤᠴᠠᠯᠭ᠎ᠠ ᠶᠢ ᠨᠢ ᠣᠷᠣᠯᠠᠨ ᠭᠦᠢᠴᠡᠳᠬᠡᠨ᠎ᠡ᠃ | ᠵᠠᠰᠠᠭ ᠤᠨ ᠣᠷᠳᠣᠨ ᠤ ᠡᠯ᠎ᠡ ᠤᠳᠤᠷᠢᠳᠤᠯᠭ᠎ᠠ ᠶᠢᠨ AB ᠲᠦᠷᠢ ᠶᠢ᠄ ᠺᠠᠩ ᠫᠢᠩ ᠨᠥᠬᠦᠷ ᠪᠣᠯᠣᠨ ᠰᠦ ᠢ ᠵᠢᠶᠧ ᠨᠥᠬᠦᠷ ᠬᠠᠷᠢᠯᠴᠠᠨ AB ᠲᠦᠷᠢ︔ | ᠸᠠᠩ ᠷᠦᠢ ᠰᠢᠶᠠᠩ ᠨᠥᠬᠦᠷ ᠪᠣᠯᠣᠨ ᠳ᠋ᠦ᠋ ᠵᠢᠶᠠ ᠪᠢᠨ ᠨᠥᠬᠦᠷ ᠬᠠᠷᠢᠯᠴᠠᠨ AB ᠲᠦᠷᠢ︔ ᠯᠢ ᠬᠠᠢ ᠮᠢᠨ ᠨᠥᠬᠦᠷ ᠪᠣᠯᠣᠨ ᠵᠢᠢ ᠰᠢᠶᠣᠣ ᠬᠤᠩ ᠨᠥᠬᠦᠷ | ᠬᠠᠷᠢᠯᠴᠠᠨ AB ᠲᠦᠷᠢ︔ ᠰᠦᠨ ᠷᠦᠩ ᠨᠥᠬᠦᠷ ᠪᠣᠯᠣᠨ ᠬᠤᠤ ᠵᠢᠢ ᠵᠦᠩ ᠨᠥᠬᠦᠷ ᠬᠠᠷᠢᠯᠴᠠᠨ AB ᠲᠦᠷᠢ︔ ᠯᠢᠦ ᠱᠦ ᠴᠢᠤᠸᠠᠨ ᠨᠥᠬᠦᠷ ᠬᠢᠭᠡᠳ ᠯᠢ | ᠰᠢᠤᠸᠠᠢ ᠹᠧᠩ ᠨᠥᠬᠦᠷ ᠬᠠᠷᠢᠯᠴᠠᠨ AB ᠲᠦᠷᠢ ᠪᠠᠷ ᠲᠤᠬᠢᠷᠠᠭᠤᠯᠪᠠ᠃ | | | | | ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 2 ᠰᠠᠷ᠎ᠠ ᠶᠢᠨ 2 ᠤᠨ ᠡᠳᠦᠷ | | | |