ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/5/24
         ᠤᠷᠳᠤᠰ ᠬᠢᠶ᠎ᠠ ᠵᠠᠰᠠᠭ ᠠᠯᠪᠠᠨ ᠲᠠᠷᠬᠠᠭᠠᠭᠰᠠᠨ 〔2023〕 4 ᠳ᠋ᠦ᠋ᠭᠡᠷ ᠲᠣᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄        ︽ᠦᠨᠳᠦᠰᠦᠨ ᠬᠠᠤᠯᠢ︾ ᠪᠠ ︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾ ᠶᠢᠨ ᠲᠣᠭᠲᠠᠭᠠᠯ ᠢ  ᠦᠨᠳᠦᠰᠦᠯᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠭᠤᠷᠢᠭ ᠤᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠲᠣᠭᠤᠷᠢᠭ ᠤᠨ ᠳᠡᠳ᠋ ᠳᠠᠷᠤᠭ᠎ᠠ ᠨᠢ ᠲᠣᠭᠤᠷᠢᠭ ᠤᠨ ᠳᠠᠷᠤᠭ᠎ᠠ ᠶᠢᠨ ᠠᠵᠢᠯ ᠢ ᠬᠠᠮᠵᠢᠨ᠎ᠠ᠃ ᠠᠵᠢᠯ ᠤᠨ ᠬᠡᠷᠡᠭᠴᠡᠭᠡ ᠠᠴᠠ ᠪᠣᠯᠵᠤ᠂ ᠰᠤᠳᠤᠯᠬᠤ ᠪᠠᠷ ᠲᠠᠮᠵᠢᠨ᠂ ᠤᠳᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠮᠡᠳᠡᠭᠳᠡᠶ᠎ᠡ᠄        ᠸᠠᠩ ᠰᠢᠤᠸᠠᠢ ᠹᠧᠩ   ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ        ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠢᠨᠠᠨ ᠪᠣᠳᠣᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃        ᠺᠠᠩ ᠫᠢᠩ   ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ        ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠣᠭᠤᠮᠲᠠ ᠪᠠ ᠭᠠᠳᠠᠭᠠᠳᠤ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠬᠤᠪᠢᠳᠠᠨ ᠬᠠᠮᠢᠶᠠᠷᠬᠤ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠣᠷᠳᠣᠰ ᠬᠤᠲᠠ ᠶᠢᠨ ᠺᠠᠩ ᠢᠦᠢ ᠰᠤᠷᠭᠠᠨ ᠬᠦᠮᠦᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠲᠤᠭᠤᠷᠢᠭ ᠤᠨ ᠳᠠᠷᠤᠭ᠎ᠠ ᠶᠢ ᠬᠠᠮᠵᠢᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃        ᠬᠠᠷᠢᠯᠴᠠᠬᠤ᠄ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠬᠢᠶ᠎ᠠ ᠪᠠᠭᠰᠢ ᠲᠤᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠲᠣᠭᠤᠷᠢᠭ ᠤᠨ ᠠᠷᠠᠳ ᠤᠨ ᠵᠡᠪᠰᠡᠭᠳᠦ ᠬᠥᠴᠥᠨ ᠤ ᠬᠡᠯᠳᠡᠰ᠂ ᠡᠯ᠎ᠡ ᠠᠷᠠᠳᠴᠢᠯᠠᠭᠰᠠᠨ ᠨᠠᠮ ᠪᠦᠯᠦᠭ᠂ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ᠂ ᠲᠣᠭᠤᠷᠢᠭ ᠤᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠤᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠥᠩᠬᠡᠢ ᠲᠤᠪᠴᠢᠶᠠᠨ ᠤ ᠣᠷᠳᠣᠰ ᠬᠤᠳᠠ ᠶᠢᠨ ᠭᠢᠶ᠎ᠠ ᠪᠠᠭᠰᠢ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ᠂ ᠲᠣᠭᠤᠷᠢᠭ ᠲᠤ ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠡᠯ᠎ᠡ ᠳᠠᠭᠠᠳᠬᠠᠯ ᠤᠨ ᠺᠣᠮᠫᠠᠨᠢ᠂ ᠶᠠᠨ   ᠺᠤᠸᠠᠩ ᠡᠨᠧᠷᠭᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠳ᠋ ᠪᠣᠳᠠᠰ ᠬᠠᠩᠭᠠᠬᠤ ᠬᠤᠪᠢᠶᠠᠷᠢ ᠺᠣᠮᠫᠠᠨᠢ᠂ ᠱᠠᠨᠳᠦ᠋ᠩ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠡᠵᠡᠩᠨᠡᠨ ᠪᠣᠷᠣᠯᠠᠭᠤᠯᠬᠤ ︵ᠣᠷᠳᠣᠰ︶  ᠬᠢᠵᠠᠭᠠᠷᠲᠤ ᠺᠣᠮᠫᠠᠨᠢ᠃        ᠸᠠᠩ ᠵᠢᠶᠣᠣ   ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ        ᠪᠡᠭᠡᠵᠢᠩ ᠳᠤ ᠲᠦᠷ ᠲᠤᠰᠢᠶᠠᠯ ᠡᠭᠦᠷᠭᠡᠯᠡᠵᠦ ᠪᠤᠢ᠃        ᠰᠦ ᠢ ᠵᠢᠶᠧ   ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ        ᠲᠣᠭᠤᠷᠢᠭ ᠤᠨ ᠳᠠᠷᠤᠭ᠎ᠠ ᠶᠢ ᠬᠠᠮᠵᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠣᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ  ᠶᠢᠨ ᠠᠵᠤ ᠠᠬᠤᠢ ᠪᠠ ᠮᠡᠳᠡᠭᠡ ᠵᠠᠩᠬᠢᠴᠢᠯᠠᠯᠳᠠ᠂ ᠰᠢᠨ᠎ᠡ ᠶᠢ ᠡᠭᠦᠳᠦᠨ  ᠦᠢᠯᠡᠰ ᠴᠣᠭᠴᠠᠯᠠᠬᠤ᠂ ᠣᠶ ᠰᠢᠭᠤᠢ ᠡᠪᠡᠰᠦ ᠪᠡᠯᠴᠢᠭᠡᠷ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠬᠤᠪᠢᠳᠠᠨ ᠬᠠᠮᠢᠶᠠᠷᠬᠤ᠄ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠲᠤᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ︶᠂ ᠲᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠣᠯᠠᠭ᠎ᠠ ᠶᠢᠨ ᠲᠣᠪᠴᠢᠶ᠎ᠠ᠃        ᠬᠠᠷᠢᠯᠴᠠᠬᠤ᠄ ᠲᠣᠭᠤᠷᠢᠭ ᠤᠨ ᠰᠢᠨᠵᠢᠯᠡᠭᠡ ᠮᠡᠷᠭᠡᠵᠢᠯ ᠤᠨ ᠨᠡᠶᠢᠬᠡᠮᠯᠢᠭ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠳᠣᠪᠴᠢᠶᠠᠨ ᠤ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ  ᠪᠥᠯᠥᠭᠯᠡᠯᠳᠦ ᠺᠣᠮᠫᠠᠨᠢ ᠶᠢᠨ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ  ᠨᠢᠭᠡᠳᠦᠮᠡᠯ ᠲᠣᠣᠷ ᠰᠦᠯᠵᠢᠶᠡᠨ ᠤ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠣᠷᠳᠣᠰ ᠬᠤᠳᠠ ᠶᠢᠨ ᠬᠤᠪᠢᠶᠠᠷᠢ ᠺᠣᠮᠫᠠᠨᠢ ᠶᠢᠨ ᠬᠢᠶ᠎ᠠ ᠪᠠᠭᠰᠢ ᠡᠵᠡᠩᠨᠡᠨ ᠪᠣᠷᠣᠯᠠᠭᠤᠯᠬᠤ ᠲᠥᠪ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠣᠷᠳᠣᠰ ᠬᠤᠳᠠ ᠶᠢᠨ ᠬᠢᠶ᠎ᠠ ᠪᠠᠭᠰᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠢᠶᠧ ᠲᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠷᠳᠣᠰ ᠬᠤᠳᠠ ᠶᠢᠨ ᠬᠤᠪᠢᠶᠠᠷᠢ ᠺᠣᠮᠫᠠᠨᠢ ᠶᠢᠨ ᠬᠢᠶ᠎ᠠ ᠪᠠᠭᠰᠢ ᠬᠡᠷᠡᠭ ᠡᠷᠬᠢᠯᠡᠬᠦ ᠭᠠᠵᠠᠷ᠃        ᠸᠠᠩ ᠷᠦᠢ ᠰᠢᠶᠠᠩ   ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ        ᠲᠣᠭᠤᠷᠢᠭ ᠤᠨ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠴᠡᠴᠡᠷᠯᠢᠭᠵᠢᠭᠦᠯᠦᠨ ᠨᠣᠭᠤᠭᠠᠷᠠᠭᠤᠯᠬᠤ᠂ ᠨᠡᠶᠢᠲᠡ ᠶᠢᠨ ᠬᠡᠷᠡᠭᠯᠡᠭᠡᠨ ᠤ ᠦᠢᠯᠡᠰ᠂ ᠬᠤᠳᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠬᠤᠪᠢᠳᠠᠨ ᠬᠠᠮᠢᠶᠠᠷᠬᠤ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠳᠥᠭᠡᠨ ᠪᠠᠶᠢᠭᠤᠯᠤᠯᠳᠠ ᠶᠢᠨ ᠲᠣᠪᠴᠢᠶ᠎ᠠ ︵ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠲᠣᠭᠤᠷᠢᠭ ᠤᠨ ᠴᠡᠴᠡᠷᠯᠢᠭᠵᠢᠭᠦᠯᠦᠨ ᠨᠣᠭᠤᠭᠠᠷᠠᠭᠤᠯᠬᠤ ᠠᠵᠢᠯ ᠦᠢᠯᠡᠰ ᠤᠨ ᠦᠢᠯᠡᠴᠢᠯᠡᠭᠡᠨ ᠤ ᠲᠥᠪ᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ᠂ ᠣᠷᠳᠣᠰ ᠬᠤᠲᠠ ᠶᠢᠨ ᠲᠦᠩ ᠬᠤᠶ ᠢᠯᠴᠢ ᠬᠠᠩᠭᠠᠬᠤ ᠰᠢᠲᠠᠮᠠᠬᠠᠢ ᠬᠡᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠵᠤ ᠡᠵᠡᠩᠨᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠢᠶ᠎ᠠ ᠪᠠᠭᠰᠢ ᠴᠡᠴᠡᠷᠯᠢᠭᠵᠢᠭᠦᠯᠦᠨ ᠨᠣᠭᠤᠭᠠᠷᠠᠭᠤᠯᠬᠤ ᠦᠵᠡᠮᠵᠢ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠢᠶ᠎ᠠ ᠪᠠᠭᠰᠢ ᠬᠤᠲᠠ ᠶᠢᠨ ᠶᠠᠪᠤᠳᠠᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠢᠵᠠᠭᠠᠷᠲᠤ ᠺᠣᠮᠫᠠᠨᠢ᠃        ᠬᠠᠷᠢᠯᠴᠠᠬᠤ᠄ ᠪᠢᠨ ᠾᠧ ᠵᠡᠭᠡᠯᠢ ᠭᠤᠳᠤᠮᠵᠢ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶᠠᠨ ᠤ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ᠂ ᠬᠤᠲᠠ ᠶᠢᠨ ᠬᠤᠲᠠ ᠶᠢᠨ ᠤᠰᠤᠨ ᠤ ᠶᠠᠪᠤᠳᠠᠯ ᠤᠨ ᠺᠣᠮᠫᠠᠨᠢ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠷᠳᠣᠰ ᠬᠤᠲᠠ ᠶᠢᠨ ᠬᠢᠶ᠎ᠠ ᠪᠠᠭᠰᠢ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠣᠷᠳᠣᠰ ᠬᠤᠲᠠ ᠶᠢᠨ ᠪᠠᠷᠢᠯᠭ᠎ᠠ ᠶᠢᠨ ᠶᠠᠰᠤ ᠴᠢᠨᠠᠷ ᠢ  ᠰᠢᠯᠭᠠᠨ ᠪᠠᠶᠢᠴᠠᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃        ᠯᠢ ᠬᠠᠢ ᠮᠢᠨ   ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ        ᠲᠤᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠦᠨᠳᠦᠰᠦᠲᠡᠨ ᠤ ᠬᠡᠷᠡᠭ ᠶᠠᠪᠤᠳᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠲᠤᠭ᠎ᠠ ᠪᠦᠷᠢᠳᠬᠡᠯ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠂ ᠵᠠᠮ ᠬᠠᠷᠢᠯᠴᠠᠭ᠎ᠠ ᠲᠡᠭᠡᠭᠡᠪᠦᠷᠢ ᠪᠠ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠬᠤᠪᠢᠳᠠᠨ ᠬᠠᠮᠢᠶᠠᠷᠬᠤ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠲᠤᠭᠤᠷᠢᠭ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠲᠤᠭᠤᠷᠢᠭ ᠤᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂  ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠣᠷᠳᠣᠰ ᠬᠤᠲᠠ ᠶᠢᠨ ᠺᠠᠩ ᠨᠧᠩ ᠡᠨᠧᠷᠭᠢ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠢᠶᠠᠨ ᠶᠣᠣ ᠡᠨᠧᠷᠭᠢ ᠶᠢᠨ ᠬᠢᠵᠠᠭᠠᠷᠲᠤ ᠺᠣᠮᠫᠠᠨᠢ᠃        ᠬᠠᠷᠢᠯᠴᠠᠬᠤ᠄ ᠺᠠᠩ ᠰᠢᠨ ᠵᠡᠭᠡᠯᠢ ᠭᠤᠳᠤᠮᠵᠢ᠂ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠳᠣᠪᠴᠢᠶᠠᠨ ᠤ ᠬᠢᠶ᠎ᠠ ᠪᠠᠭᠰᠢ ᠲᠣᠭᠤᠷᠢᠭ ᠤᠨ ᠬᠤᠪᠢᠶᠠᠷᠢ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠢᠶ᠎ᠠ ᠪᠠᠭᠰᠢ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠬᠢᠶ᠎ᠠ ᠪᠠᠭᠰᠢ ᠬᠤᠪᠢᠶᠠᠷᠢ ᠲᠥᠪ᠂ ᠵᠦᠩ ᠮᠧᠢ ᠥᠪᠥᠷ ᠮᠣᠩᠭᠤᠯ ᠱᠠᠨᠰᠢ ᠶᠢᠨ ᠡᠨᠧᠷᠭᠢ ᠶᠢᠨ ᠪᠣᠷᠤᠯᠠᠭᠤᠯᠭ᠎ᠠ ᠶᠢᠨ ᠬᠢᠵᠠᠭᠠᠷᠲᠤ ᠺᠣᠮᠫᠠᠨᠢ᠂ ᠵᠥᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠢᠩ ᠨᠧᠩ ᠬᠢᠶ᠎ᠠ ᠪᠠᠭᠰᠢ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ᠃        ᠳ᠋ᠦ᠋ ᠵᠢᠶᠠ ᠪᠢᠨ   ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ        ᠲᠣᠭᠤᠷᠢᠭ ᠤᠨ ᠳᠠᠷᠤᠭ᠎ᠠ ᠶᠢ ᠬᠠᠮᠵᠢᠨ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠣᠶᠣᠯ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ᠂ ᠤᠰᠤᠨ ᠠᠰᠢᠭᠯᠠᠯᠲᠠ ᠤᠰᠤᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠬᠤᠪᠢᠳᠠᠨ ᠬᠠᠮᠢᠶᠠᠷᠬᠤ᠄ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠥᠪᠥᠷ ᠮᠣᠩᠭᠤᠯ ᠤᠨ ᠬᠢᠶ᠎ᠠ ᠪᠠᠭᠰᠢ   ᠶᠢᠨ ᠰᠣᠶᠣᠯ ᠤᠨ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠡᠯᠡ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠺᠠᠩ ᠨᠥᠩ ᠪᠡᠯᠡ ᠣᠷᠤᠭᠤᠯᠤᠯᠲᠠ ᠬᠥᠭᠵᠢᠯᠲᠡ ᠶᠢᠨ ᠬᠢᠵᠠᠭᠠᠷᠲᠤ ᠺᠣᠮᠫᠠᠨᠢ᠃        ᠬᠠᠷᠢᠯᠴᠠᠬᠤ᠄ ᠬᠢᠶ᠎ᠠ ᠪᠠᠭᠰᠢ ᠵᠡᠭᠡᠯᠢ ᠭᠤᠳᠤᠮᠵᠢ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠲᠣᠭᠤᠷᠢᠭ ᠤᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠬᠤᠲᠠ ᠶᠢᠨ ᠴᠠᠭ ᠠᠭᠤᠷ ᠤᠨ  ᠳᠣᠪᠴᠢᠶᠠᠨ ᠤ ᠬᠢᠶ᠎ᠠ ᠪᠠᠭᠰᠢ ᠬᠤᠪᠢᠶᠠᠷᠢ ᠲᠣᠪᠴᠢᠶ᠎ᠠ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠣᠷᠳᠣᠰ ᠬᠤᠲᠠ ᠶᠢᠨ ᠬᠢᠶ᠎ᠠ ᠪᠠᠭᠰᠢ  ᠲᠤᠭᠤᠷᠢᠭ ᠤᠨ ᠬᠤᠪᠢᠶᠠᠷᠢ ᠺᠣᠮᠫᠠᠨᠢ᠂ ᠬᠢᠶ᠎ᠠ ᠪᠠᠭᠰᠢ ᠲᠣᠭᠤᠷᠢᠭ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ᠃        ᠰᠦᠨ ᠷᠦᠩ   ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ        ᠲᠣᠭᠤᠷᠢᠭ ᠤᠨ ᠳᠠᠷᠤᠭ᠎ᠠ ᠶᠢ ᠬᠠᠮᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠬᠤᠪᠢᠳᠠᠨ ᠬᠠᠮᠢᠶᠠᠷᠬᠤ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠲᠣᠭᠤᠷᠢᠭ ᠤᠨ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠃        ᠬᠠᠷᠢᠯᠴᠠᠬᠤ᠄ ᠴᠢᠩ ᠴᠦᠨ ᠱᠠᠨ ᠵᠡᠭᠡᠯᠢ ᠭᠤᠳᠤᠮᠵᠢ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠳᠣᠮᠳᠠᠳᠣ ᠤᠯᠤᠰ ᠤᠨ ᠡᠪ ᠬᠠᠮᠲᠤ ᠶᠤᠰᠤᠨ  ᠤ ᠵᠠᠯᠠᠭᠤᠴᠤᠳ ᠤᠨ ᠡᠪᠯᠡᠯ ᠤᠨ ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃        ᠬᠤᠤ ᠵᠢᠢ ᠵᠦᠩ   ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ        ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠬᠤᠪᠢᠳᠠᠨ ᠬᠠᠮᠢᠶᠠᠷᠬᠤ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ  ᠳᠤᠪᠴᠢᠶᠠᠨ ᠤ ᠬᠢᠶ᠎ᠠ ᠪᠠᠭᠰᠢ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠃         ᠬᠠᠷᠢᠯᠴᠠᠬᠤ᠄ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠶ᠎ᠠ ᠪᠠᠭᠰᠢ ᠲᠣᠭᠤᠷᠢᠭ ᠤᠨ ᠶᠡᠭᠡ ᠠᠩᠭᠢ᠃ ᠺᠠᠩ ᠫᠢᠩ ᠨᠥᠬᠦᠷ ᠢ ᠬᠠᠮᠵᠢᠨ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠣᠷᠳᠣᠰ ᠬᠤᠲᠠ ᠶᠢᠨ ᠪᠣᠷᠤᠯᠠᠭᠤᠯᠭ᠎ᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠪᠣᠷᠤᠯᠠᠭᠤᠯᠭ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠣᠷᠳᠣᠰ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ᠃        ᠯᠢᠦ ᠱᠦ ᠴᠢᠤᠸᠠᠨ   ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ        ᠺᠠᠩ ᠫᠢᠩ ᠨᠥᠬᠦᠷ ᠤᠨ ᠠᠵᠢᠯ ᠢ ᠬᠠᠮᠵᠢᠨ᠎ᠡ᠃        ᠵᠢᠢ ᠰᠢᠶᠣᠣ ᠬᠤᠩ   ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ        ᠯᠢ ᠬᠠᠢ ᠮᠢᠨ ᠨᠥᠬᠦᠷ ᠤᠨ ᠠᠵᠢᠯ ᠢ ᠬᠠᠮᠵᠢᠨ᠎ᠡ᠃        ᠯᠢ ᠰᠢᠤᠸᠠᠢ ᠹᠧᠩ   ᠲᠣᠭᠤᠷᠢᠭ ᠤᠨ ᠵᠠᠰᠠᠭ ᠤᠨ ᠣᠷᠳᠣᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ        ᠸᠠᠩ ᠷᠦᠢ ᠰᠢᠶᠠᠩ ᠨᠥᠬᠦᠷ ᠤᠨ ᠠᠵᠢᠯ ᠢ ᠬᠠᠮᠵᠢᠨ᠎ᠡ᠃        ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠠᠵᠢᠯ ᠤᠨ ᠪᠠᠶᠢᠷᠢ ᠪᠠᠨ   ᠬᠤᠭᠤᠰᠤᠨ ᠪᠠᠶᠢᠯᠭᠠᠬᠤ ᠦᠭᠡᠢ᠂ ᠦᠢᠯᠡᠴᠢᠯᠡᠭᠡ ᠪᠠᠨ ᠲᠠᠰᠤᠯᠳᠠᠭᠤᠯᠬᠤ ᠦᠭᠡᠢ ᠪᠠᠶᠢᠬᠤ ᠶᠢ ᠪᠠᠲᠤᠯᠠᠬᠤ ᠶᠢᠨ ᠲᠤᠰᠠᠳᠠ᠂ ︽AB ᠲᠦᠷᠢ︾ ᠤᠨ ᠠᠵᠢᠯ ᠤᠨ ᠳᠦᠷᠢᠮ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠯᠴᠠᠨ ︽ABᠲᠦᠷᠢ︾ ᠪᠤᠯᠬᠤ ᠤᠳᠤᠷᠢᠳᠤᠯᠭ᠎ᠠ᠂ ᠡᠭᠦᠨ ᠳᠤ ᠨᠢᠭᠡ ᠨᠢ ᠬᠤᠷᠠᠯ ᠬᠢᠬᠦ᠂ ᠠᠯᠪᠠᠨ ᠠᠵᠢᠯ ᠢᠶᠠᠷ ᠭᠠᠳᠠᠭᠰᠢ ᠭᠠᠷᠬᠤ᠂ ᠰᠤᠷᠤᠯᠴᠠᠬᠤ᠂ ᠠᠮᠠᠷᠠᠯᠲᠠ ᠠᠪᠬᠤ ᠪᠤᠶᠤ ᠪᠤᠰᠤᠳ ᠪᠠᠴᠢᠮ ᠪᠠᠶᠢᠳᠠᠯ  ᠠᠴᠠ ᠪᠣᠯᠵᠤ ᠠᠵᠢᠯ ᠤᠨ ᠪᠠᠶᠢᠷᠢ ᠳᠠᠭᠠᠨ ᠪᠠᠶᠢᠬᠤ ᠦᠭᠡᠢ ᠪᠣᠯ᠂ ᠪᠠᠶᠢᠷᠢ ᠨᠥᠬᠦᠪᠦᠷᠢᠯᠡᠬᠦ ᠤᠳᠤᠷᠢᠳᠤᠯᠭ᠎ᠠ ᠡᠭᠦᠷᠭᠡ ᠬᠠᠷᠢᠭᠤᠴᠠᠯᠭ᠎ᠠ ᠶᠢ ᠨᠢ ᠣᠷᠣᠯᠠᠨ ᠭᠦᠢᠴᠡᠳᠬᠡᠨ᠎ᠡ᠃        ᠵᠠᠰᠠᠭ ᠤᠨ ᠣᠷᠳᠣᠨ ᠤ ᠡᠯ᠎ᠡ ᠤᠳᠤᠷᠢᠳᠤᠯᠭ᠎ᠠ ᠶᠢᠨ AB  ᠲᠦᠷᠢ ᠶᠢ᠄ ᠺᠠᠩ ᠫᠢᠩ ᠨᠥᠬᠦᠷ ᠪᠣᠯᠣᠨ ᠰᠦ ᠢ ᠵᠢᠶᠧ ᠨᠥᠬᠦᠷ ᠬᠠᠷᠢᠯᠴᠠᠨ AB ᠲᠦᠷᠢ︔ ᠸᠠᠩ ᠷᠦᠢ ᠰᠢᠶᠠᠩ ᠨᠥᠬᠦᠷ ᠪᠣᠯᠣᠨ ᠳ᠋ᠦ᠋ ᠵᠢᠶᠠ ᠪᠢᠨ ᠨᠥᠬᠦᠷ ᠬᠠᠷᠢᠯᠴᠠᠨ AB ᠲᠦᠷᠢ︔ ᠯᠢ ᠬᠠᠢ ᠮᠢᠨ ᠨᠥᠬᠦᠷ ᠪᠣᠯᠣᠨ ᠵᠢᠢ ᠰᠢᠶᠣᠣ ᠬᠤᠩ ᠨᠥᠬᠦᠷ ᠬᠠᠷᠢᠯᠴᠠᠨ AB ᠲᠦᠷᠢ︔ ᠰᠦᠨ ᠷᠦᠩ ᠨᠥᠬᠦᠷ ᠪᠣᠯᠣᠨ ᠬᠤᠤ ᠵᠢᠢ ᠵᠦᠩ ᠨᠥᠬᠦᠷ ᠬᠠᠷᠢᠯᠴᠠᠨ AB ᠲᠦᠷᠢ︔ ᠯᠢᠦ ᠱᠦ ᠴᠢᠤᠸᠠᠨ ᠨᠥᠬᠦᠷ ᠬᠢᠭᠡᠳ ᠯᠢ ᠰᠢᠤᠸᠠᠢ ᠹᠧᠩ ᠨᠥᠬᠦᠷ ᠬᠠᠷᠢᠯᠴᠠᠨ AB ᠲᠦᠷᠢ ᠪᠠᠷ ᠲᠤᠬᠢᠷᠠᠭᠤᠯᠪᠠ᠃                                                         ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ                                                        ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                           2023 ᠣᠨ ᠤ 2 ᠰᠠᠷ᠎ᠠ ᠶᠢᠨ 2 ᠤᠨ ᠡᠳᠦᠷ   
ᠢᠷᠡᠯᠲᠡ᠄ ᠳᠣᠰ ᠰᠦᠯᠵᠢᠶ᠎ᠡ