ᠲᠣᠮᠣ ᠠᠵᠢᠯ ᠶᠠᠪᠣᠳᠠᠯ ᠤᠨ ᠲᠡᠮᠳᠡᠭᠯᠡᠯ ︵2023 ᠣᠨ ᠤ 1-3 ᠰᠠᠷ᠎ᠠ︶
ᠨᠡᠶᠢᠲᠡᠯᠡᠭᠰᠡᠨ ᠴᠠᠭ᠄
2023/5/25
      1 ᠰᠠᠷ᠎ᠠ ᠶᠢᠨ 3 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠤ ᠣᠷᠣᠯᠴᠠᠭᠰᠠᠨ ᠬᠢᠶ᠎ᠠ ᠪᠠᠭᠰᠢ ᠲᠣᠭᠤᠷᠢᠭ ᠤᠨ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃      1 ᠰᠠᠷ᠎ᠠ ᠶᠢᠨ 12 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠴᠢᠩ ᠴᠦᠨ ᠱᠠᠨ ᠵᠡᠭᠡᠯᠢ ᠭᠤᠳᠤᠮᠵᠢ᠂ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠣᠯᠤᠨ ᠬᠡᠰᠡᠭ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠨ᠂ ᠡᠮᠦᠨ᠎ᠡ ᠹᠷᠣᠨᠲ ᠤᠨ ᠺᠠᠳ᠋ᠷ ᠠᠵᠢᠯᠲᠠᠨ ᠠᠵᠢᠯᠴᠢᠨ ᠪᠣᠯᠤᠨ ᠬᠦᠴᠢᠷᠳᠡᠯᠲᠡᠢ ᠰᠠᠭᠤᠭᠠᠯᠢ ᠠᠷᠠᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃      1 ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠬᠢᠶ᠎ᠠ ᠪᠠᠭᠰᠢ ᠲᠣᠭᠤᠷᠢᠭ ᠤᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠺᠠᠩ ᠫᠢᠩ᠂ ᠸᠠᠩ ᠵᠢᠶᠣᠤ᠂ ᠶᠠᠩ ᠴᠠᠩ ᠴᠢᠩ᠂ ᠸᠠᠩ ᠷᠦᠢ ᠰᠢᠶᠠᠩ ᠬᠤᠷᠠᠯ ᠳᠤ ᠣᠷᠣᠯᠴᠠᠪᠠ᠃      1 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ᠂ ᠡᠮ ᠡᠮᠨᠡᠯᠭᠡ ᠶᠢᠨ ᠠᠪᠤᠷᠠᠨ ᠵᠠᠰᠠᠯᠲᠠ᠂ ᠡᠮ ᠤᠨ ᠵᠦᠢᠯ ᠤᠨ ᠬᠠᠩᠭᠠᠯᠭ᠎ᠠ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠢᠴᠢ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠺᠠᠩ ᠫᠢᠩ᠂ ᠸᠠᠩ ᠷᠦᠢ ᠰᠢᠶᠠᠩ᠂ ᠳ᠋ᠦ᠋ ᠵᠢᠶᠠ ᠪᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      1ᠰᠠᠷ᠎ᠠ ᠶᠢᠨ 19 ᠤ ᠡᠳᠦᠷ᠂ ᠬᠢᠶ᠎ᠠ ᠪᠠᠭᠰᠢ ᠲᠣᠭᠤᠷᠢᠭ ᠠᠶᠣᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠣᠭᠤᠯᠣᠨ᠂ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠠᠶᠣᠯᠭᠦᠢ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠢᠶ᠎ᠠ ᠪᠠᠭᠰᠢ ᠲᠣᠭᠤᠷᠢᠭ ᠤᠨ ᠠᠶᠣᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃     1 ᠰᠠᠷ᠎ᠠ ᠶᠢᠨ 31 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ 2023 ᠣᠨ ᠤ ᠬᠢᠶ᠎ᠠ ᠪᠠᠭᠰᠢ ᠲᠣᠭᠤᠷᠢᠭ ᠤᠨ ᠥᠯᠵᠡᠶᠢᠲᠦ ᠡᠳᠦᠷ ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠺᠠᠩ ᠫᠢᠩ᠂ ᠶᠠᠩ ᠱᠦ ᠸᠧᠢ᠂ ᠬᠤᠤ ᠵᠢᠢ ᠵᠦᠩ  ᠾᠧ ᠹᠧᠢ ᠬᠤᠷᠠᠯ ᠳᠤ ᠣᠷᠣᠯᠴᠠᠪᠠ᠃      2 ᠰᠠᠷ᠎ᠠ ᠶᠢᠨ 10 ᠤ ᠡᠳᠦᠷ᠂ ᠬᠢᠶ᠎ᠠ ᠪᠠᠭᠰᠢ ᠲᠣᠭᠤᠷᠢᠭ ᠤᠨ ᠪᠡᠭᠡᠵᠢᠩ ᠲᠢᠶᠠᠨᠵᠢᠨ ᠾᠧᠪᠧᠢ ᠶᠢᠨ ︽ᠬᠤᠶᠠᠷ ᠢ ᠡᠯᠰᠡᠵᠦ ᠬᠤᠶᠠᠷ ᠢ ᠲᠠᠲᠠᠬᠤ︾ ᠠᠵᠢᠯ ᠤᠨ ᠥᠷᠲᠡᠭᠡ ᠵᠢᠩᠬᠢᠨᠢ ᠪᠠᠷ ᠫᠠᠶᠢᠰᠠ ᠰᠡᠬᠦᠪᠡ᠃ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠲᠢᠶᠠᠨ ᠱᠧᠩ ᠬᠤᠸᠠ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ᠂ ᠣᠷᠳᠣᠰ ᠤᠨ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠼᠦᠢ ᠸᠧᠢ ᠵᠢᠴᠢ ᠬᠢᠶ᠎ᠠ ᠪᠠᠭᠰᠢ ᠲᠣᠭᠤᠷᠢᠭ ᠤᠨ ᠤᠳᠤᠷᠢᠳᠤᠯᠭ᠎ᠠ ᠰᠣ᠋ ᠢ ᠵᠢᠶᠧ᠂ ᠯᠢ ᠬᠠᠢ ᠮᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃     2 ᠰᠠᠷ᠎ᠠ ᠶᠢᠨ 21 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠪᠦᠬᠦ ᠲᠣᠭᠤᠷᠢᠭ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠸᠠᠩ ᠷᠦᠢ ᠰᠢᠶᠠᠩ᠂ ᠳ᠋ᠦ᠋ ᠵᠢᠶᠠ ᠪᠢᠨ᠂ ᠰᠦᠨ ᠷᠦᠩ ᠬᠤᠷᠠᠯ ᠳᠤ ᠣᠷᠣᠯᠴᠠᠪᠠ᠃     2 ᠰᠠᠷ᠎ᠠ ᠶᠢᠨ 22 ᠤᠨ ᠡᠳᠦᠷ᠂ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠵᠢᠷᠤᠭ ᠲᠥᠯᠥᠪᠯᠡᠭᠡ ᠶᠢᠨ ᠲᠥᠰᠦᠯ ᠤᠨ ᠣᠯᠠᠨ ᠤᠯᠤᠰ ᠤᠨ ᠴᠤᠭᠯᠠᠭᠤᠯᠬᠤ ᠶᠠᠷᠢᠯᠴᠠᠬᠤ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ ᠰᠢ ᠹᠦ᠋ ᠵᠥᠩ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠮᠠ ᠭᠠᠩ ᠢ ᠵᠢᠴᠢ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠵᠠᠢ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠬᠤᠸᠠ ᠫᠢᠩ ᠬᠤᠷᠠᠯ ᠳᠤ ᠣᠷᠣᠯᠴᠠᠪᠠ᠃ ᠲᠣᠭᠤᠷᠢᠭ ᠤᠨ ᠳᠡᠳ᠋ ᠳᠠᠷᠤᠭ᠎ᠠ ᠸᠠᠩ ᠷᠦᠢ ᠰᠢᠶᠠᠩ ᠬᠤᠷᠠᠯ ᠢ ᠡᠷᠬᠢᠯᠡᠪᠡ᠃     2 ᠰᠠᠷ᠎ᠠ ᠶᠢᠨ 23 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ᠃ ᠲᠣᠭᠤᠷᠢᠭ ᠤᠨ ᠳᠡᠳ᠋ ᠳᠠᠷᠤᠭ᠎ᠠ ᠰᠦᠨ ᠷᠦᠩ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃     3 ᠰᠠᠷ᠎ᠠ ᠶᠢᠨ 6 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠦᠢᠯᠭᠠᠨ᠂ ᠬᠤᠯᠪᠣᠭᠳᠠᠯ ᠪᠦᠬᠦᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠤᠳᠤᠯᠤᠨ ᠮᠠᠭᠠᠳᠯᠠᠵᠤ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠲᠣᠭᠤᠷᠢᠭ ᠤᠨ ᠤᠳᠤᠷᠢᠳᠤᠯᠭ᠎ᠠ ᠾᠧᠦ ᠮᠧᠩ᠂ ᠰᠦᠨ ᠾᠧ ᠭᠦᠸᠧ᠂ ᠬᠤᠤ ᠵᠢᠢ ᠵᠦᠩ ᠣᠷᠣᠯᠴᠠᠪᠠ᠃     3 ᠰᠠᠷ᠎ᠠ ᠶᠢᠨ 6 ᠤ ᠡᠳᠦᠷ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠢᠯᠢ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ ᠰᠢᠦᠢ ᠺᠧ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠴᠢᠭᠯᠡᠯ ᠵᠡᠷᠭᠡ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃ ᠲᠣᠭᠤᠷᠢᠭ ᠤᠨ ᠳᠡᠳ᠋ ᠳᠠᠷᠤᠭ᠎ᠠ ᠳ᠋ᠦ᠋ ᠵᠢᠶᠠ ᠪᠢᠨ ᠣᠷᠣᠯᠴᠠᠵᠠᠢ᠃     3 ᠰᠠᠷ᠎ᠠ ᠶᠢᠨ 8 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ 2023 ᠣᠨ ᠤ ᠠᠩᠬᠠᠳᠤᠭᠠᠷ ᠤᠳᠠᠭᠠᠨ ᠤ ᠪᠦᠭᠦᠳᠡ ᠬᠤᠷᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠺᠠᠩ ᠫᠢᠩ ᠬᠤᠷᠠᠯ ᠢ ᠡᠷᠬᠢᠯᠡᠪᠡ᠃ ᠲᠣᠭᠤᠷᠢᠭ ᠤᠨ ᠤᠳᠤᠷᠢᠳᠤᠯᠭ᠎ᠠ ᠠᠶᠣᠰᠢ᠂ ᠰᠦ᠋ ᠢ ᠵᠢᠶᠧ᠂ ᠸᠠᠩ ᠷᠦᠢ ᠰᠢᠶᠠᠩ᠂ ᠯᠢ ᠬᠠᠢ ᠮᠢᠨ᠂ ᠳ᠋ᠦ᠋ ᠵᠢᠶᠠ ᠪᠢᠨ᠂ ᠯᠢᠦ ᠱᠦ ᠴᠢᠦᠸᠡᠨ᠂ ᠯᠢ ᠰᠢᠦᠸᠡᠢ ᠹᠧᠩ ᠬᠤᠷᠠᠯ ᠳᠤ ᠣᠷᠣᠯᠴᠠᠪᠠ᠃     3 ᠰᠠᠷ᠎ᠠ ᠶᠢᠨ 22 ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠦᠸᠡᠢ ᠹᠧᠩ ᠪᠦᠬᠦ ᠤᠯᠤᠰ ᠤᠨ ᠪᠣᠯᠪᠠᠰᠤᠨ ᠤ ᠬᠡᠪ ᠳᠠᠭᠤᠷᠢᠶᠠᠯ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠲᠤᠬᠠᠢ ᠶᠢᠨ ᠲᠠᠯᠠᠪᠠᠢ ᠳᠤ ᠠᠵᠢᠯᠯᠠᠪᠠ᠃ ᠲᠣᠭᠤᠷᠢᠭ ᠤᠨ ᠤᠳᠤᠷᠢᠳᠤᠯᠭ᠎ᠠ ᠶᠠᠩ ᠱᠦ ᠸᠧᠢ᠂ ᠸᠠᠩ ᠷᠦᠢ ᠰᠢᠶᠠᠩ ᠣᠷᠣᠯᠴᠠᠵᠠᠢ᠃ 
ᠢᠷᠡᠯᠲᠡ᠄ ᠲᠣᠰ ᠰᠥᠯᠵᠢᠶ᠎ᠡ