ᠦᠨᠡᠬᠡᠷ ᠭᠤᠶᠣ︕ ᠬᠢᠶ᠎ᠡ ᠪᠠᠭᠰᠢ ᠶᠢᠨ ᠵᠡᠭᠡᠯᠢ ᠶᠢᠨ ᠴᠡᠴᠡᠷᠯᠢᠭ ᠤᠨ ᠦᠵᠡᠮᠵᠢ ᠰᠢᠨᠡᠴᠢᠯᠡᠭᠳᠡᠯ᠎ᠡ︕
ᠨᠡᠶᠢᠲᠡᠯᠡᠭᠰᠡᠨ ᠴᠠᠭ᠄
2023/5/29
        ᠣᠶᠢᠷ᠎ᠠ ᠳᠤ᠂ ᠬᠢᠶ᠎ᠡ ᠪᠠᠭᠰᠢ ᠲᠣᠭᠤᠷᠢᠭ ᠤᠨ ᠭᠤᠣᠯ ᠵᠠᠮ ᠤᠨ ᠠᠭᠤᠯᠵᠠᠷ᠂ ᠬᠤᠲᠠ ᠶᠢᠨ ᠲᠣᠭᠤᠷᠢᠭ ᠤᠨ ᠴᠢᠬᠤᠯᠠ ᠵᠠᠩᠭᠢᠯᠠᠭ᠎ᠠ ᠶᠢᠨ ᠴᠡᠭ ᠲᠤ᠂ ᠳᠦᠷᠢ ᠲᠥᠷᠬᠦ ᠨᠢ ᠣᠨᠴᠠᠭᠠᠢ ᠴᠡᠴᠡᠷᠯᠢᠭ ᠤᠨ ᠪᠦᠲᠦᠭᠡᠭᠳᠡᠬᠦᠨ ᠬᠢᠯᠠᠯᠵᠠᠨ ᠳᠣᠳᠣᠷᠠᠵᠤ᠂ ᠬᠤᠲᠠ ᠶᠢᠨ ᠲᠣᠭᠤᠷᠢᠭ ᠲᠤ ᠵᠤᠨ ᠤ ᠰᠢᠨ᠎ᠡ ᠦᠵᠡᠮᠵᠢ ᠨᠡᠮᠡᠵᠡᠢ᠃ ᠣᠯᠠᠨ ᠢᠶᠠᠷ ᠢᠶᠠᠨ ᠵᠡᠭᠡᠯᠢ ᠳᠡᠭᠡᠷ᠎ᠡ ᠶᠠᠭ ᠯᠠ ︽ᠴᠡᠴᠡᠷᠯᠢᠭ ᠤᠨ ᠣᠷᠳᠣᠨ︾ ᠢᠶᠠᠷ ᠵᠤᠭᠠᠴᠠᠵᠤ ᠪᠠᠶᠢᠬᠤ ᠮᠡᠳᠦ᠂ ᠰᠡᠳᠬᠢᠯ ᠪᠠᠶᠠᠰᠤᠨ ᠠᠭᠤᠵᠢᠷᠠᠨ᠎ᠠ᠃        ᠣᠶᠢᠯᠠᠭᠠᠭᠰᠠᠨ ᠢᠶᠠᠷ᠂ ᠬᠤᠸᠠᠷ ᠴᠡᠴᠡᠭ ᠢ ᠪᠠᠶᠢᠷᠢᠯᠠᠭᠤᠯᠤᠭᠰᠠᠨ ᠣᠯᠠᠨ ᠶᠠᠩᠵᠤᠲᠤ ᠴᠢᠨᠠᠷ ᠪᠠ ᠤᠷᠠᠯᠢᠭ ᠤᠨ ᠴᠢᠨᠠᠷ ᠢ ᠳᠡᠭᠡᠭᠰᠢᠯᠡᠭᠦᠯᠦᠨ᠂ ᠪᠠᠶᠢᠷᠢᠯᠠᠭᠤᠯᠤᠯᠲᠠ ᠶᠢᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢᠨ ᠲᠥᠯᠥᠭᠡ᠂ ᠡᠨᠡ ᠵᠢᠯ ᠬᠢᠶ᠎ᠠ ᠪᠠᠭᠰᠢ ᠲᠣᠭᠤᠷᠢᠭ ᠣᠷᠳᠣᠰ ᠬᠤᠷᠢᠮ ᠤᠨ ᠰᠣᠶᠣᠯ ᠤᠨ ᠬᠦᠷᠢᠶᠡᠯᠡᠩ ᠂ ᠣᠷᠳᠣᠰ ᠶᠡᠭᠡ ᠵᠡᠭᠡᠯᠢ ︵ᠲᠢᠶᠠᠨ ᠵᠢᠶᠤᠤ ᠵᠠᠮ ᠠᠴᠠ ᠪᠠᠷᠠᠭᠤᠨᠰᠢ︶᠂ ᠭᠤᠣᠯ ᠲᠡᠩᠭᠡᠯᠢᠭ ᠤᠨ ᠱᠤᠭᠤᠮ᠂ ᠣᠷᠳᠣᠰ ᠤᠨ ᠤᠯᠠᠨ ᠤᠯᠤᠰ ᠤᠨ ᠦᠵᠡᠭᠦᠯᠭᠡ ᠶᠢᠨ ᠲᠦᠪ ᠵᠡᠷᠭᠡ ᠬᠠᠷᠢᠶ᠎ᠠ ᠴᠢᠬᠤᠯᠠ ᠵᠠᠩᠭᠢᠯᠠᠭ᠎ᠠ ᠶᠢᠨ ᠴᠡᠭ ᠲᠤ ᠲᠥᠪᠯᠡᠷᠡᠭᠦᠯᠦᠨ ︽ᠪᠢᠴᠢᠯ ᠰᠢᠨᠡᠴᠢᠯᠡᠯᠲᠡ︾ ᠬᠢᠵᠦ᠂ ᠪᠠᠭᠠᠨ᠎ᠠ ᠶᠢᠨ ᠦᠵᠡᠮᠵᠢ᠂ ᠤᠯᠠᠨ ᠥᠩᠭᠡᠳᠦ ᠤᠷᠭᠤᠮᠠᠯ ᠵᠢᠴᠢ ᠡᠯ᠎ᠡ ᠲᠥᠷᠥᠯ ᠤᠨ ᠬᠤᠸᠠᠷ ᠴᠡᠴᠡᠭ ᠢ ᠭᠦᠢᠴᠡᠳ ᠠᠰᠢᠭᠯᠠᠨ᠂ ᠨᠠᠷᠢᠨ ᠨᠢᠮᠪᠠᠶ ᠲᠥᠯᠥᠪᠯᠡᠵᠦ᠂ ᠵᠦᠢ ᠵᠣᠬᠢᠰᠲᠠᠶ ᠪᠠᠶᠢᠷᠢᠯᠠᠭᠤᠯᠤᠨ᠂ ᠨᠡᠶᠢᠳᠡ 1100 ᠲᠦᠮᠡᠨ ᠰᠠᠭᠤᠷᠢ ᠤᠷᠭᠤᠮᠠᠯ᠂ 40 ᠲᠦᠮᠡᠨ ᠫᠧᠩᠰᠡ ᠲᠠᠢ ᠴᠡᠴᠡᠭ ᠲᠠᠷᠢᠬᠤ ᠪᠠᠷ ᠲᠥᠯᠥᠪᠯᠡᠵᠦ ᠪᠠᠶᠢᠨ᠎ᠠ᠃
6.jpg
 
ᠢᠷᠡᠯᠲᠡ᠄ ᠳᠣᠰ ᠰᠦᠯᠵᠢᠶ᠎ᠡ